ᠴᠤᠭ ᠪᠠᠳᠠᠷᠠᠩᠭᠤᠶ ᠡᠷᠡᠯᠬᠡᠭᠯᠡᠨ ᠤᠷᠤᠭᠰᠢᠯᠠᠵᠠᠭᠠᠶ᠎ᠠ︕ ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ︽ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/5/24
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠦᠪᠦᠷ ᠮᠤᠩᠭᠤᠯ ᠤᠨ ᠬᠤᠩ  ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ       — ︽ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ︾      ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ᠄ ᠥᠪᠡᠷᠮᠢᠴᠡ ᠣᠨᠴᠠᠯᠢᠭᠲᠤ᠂ ᠴᠢᠨᠠᠷᠯᠢᠭ ᠬᠡᠷᠡᠭᠯᠡᠭᠡᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢ ᠪᠥᠲᠥᠭᠡᠨ ᠪᠠᠶᠢᠭᠤᠯᠪᠠ      ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ᠂ ᠤᠤᠯ ᠤᠨ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠤᠩ ᠳ᠋ᠧ ᠳᠡᠭᠡᠳᠦ ᠰᠤᠷᠭᠠᠭᠤᠯᠢ᠂ ᠰᠤᠷᠭᠠᠨ ᠬᠦᠮᠤᠵᠢᠯ ᠤᠨ ᠶᠠᠮᠤᠨ ᠤ ᠵᠥᠪᠰᠢᠶᠡᠷᠡᠯ ᠢᠶᠠᠷ ᠪᠠᠶᠢᠭᠤᠯᠤᠭᠰᠠᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠪᠣᠯᠤᠨ᠎ᠠ᠃ ᠰᠤᠷᠭᠠᠭᠤᠯᠢ ᠨᠢ 2008 ᠣᠨ ᠠᠴᠠ ᠡᠬᠢᠯᠡᠨ ᠵᠢᠩᠬᠢᠨᠢ ᠠᠩᠭᠢ ᠶᠢᠨ ᠰᠤᠷᠤᠭᠴᠢ ᠡᠯᠰᠡᠪᠡ︔ 2010 ᠣᠨ ᠳᠤ ᠭᠠᠳᠠᠭᠠᠳᠤ ᠶᠢᠨ ᠰᠤᠷᠤᠭᠴᠢ ᠶᠢᠨ ᠬᠥᠮᠦᠵᠢᠯ ᠢ ᠥᠷᠨᠢᠭᠦᠯᠬᠦ ᠵᠦᠪᠰᠢᠶᠡᠷᠡᠯ ᠢ ᠣᠯᠪᠠ︔ 2016 ᠣᠨ ᠳᠤ ᠬᠤᠤᠰ ᠡᠷᠳᠡᠮ ᠤᠨ ᠴᠣᠯᠠ ᠶᠢᠨ ᠰᠤᠷᠭᠠᠨ ᠬᠥᠮᠦᠵᠢᠯ ᠢ ᠡᠬᠢᠯᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠤᠷᠰᠢᠯᠲᠠ ᠶᠢᠨ ᠰᠤᠷᠭᠠᠭᠤᠯᠢ ᠪᠠᠷ ᠲᠣᠭᠳᠠᠭᠠᠭᠳᠠᠪᠠ︔ 2017 ᠣᠨ ᠳᠤ ︽ᠲᠤᠰᠬᠠᠶ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠦ︾ ᠰᠣᠷᠣᠭᠴᠢ ᠡᠯᠰᠡᠬᠦ ᠬᠢᠷᠢ ᠬᠡᠮ ᠢ ᠤᠯᠪᠠ︔ 2020 ᠣᠨ ᠤ 3 ᠰᠠᠷ᠎ᠠ ᠶᠢᠨ 18 ᠤ ᠡᠳᠦᠷ᠂ ᠰᠤᠷᠭᠠᠨ ᠬᠦᠮᠤᠵᠢᠯ ᠤᠨ ᠶᠠᠮᠤᠨ ᠤ ᠵᠥᠪᠰᠢᠶᠡᠷᠡᠯ ᠢᠶᠠᠷ ᠠᠮᠵᠢᠯᠲᠠᠲᠠᠢ ᠪᠠᠷ ᠰᠢᠯᠵᠢᠭᠦᠯᠦᠨ ᠪᠠᠶᠢᠭᠤᠯᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠩᠬᠠᠳᠠᠭᠴᠢ ᠲᠤᠰᠠᠭᠠᠷ ᠪᠠᠶᠢᠭᠤᠯᠤᠭᠰᠠᠨ ᠠᠷᠠᠳ ᠠᠴᠠ ᠡᠷᠭᠢᠯᠡᠭᠰᠡᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠪᠣᠯᠪᠠ᠃ ᠳᠡᠭᠡᠳᠦ ᠰᠤᠷᠭᠠᠭᠤᠯᠢ ᠳᠤ ᠣᠲᠣ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 26᠂ ᠲᠤᠰᠬᠠᠶ ᠮᠡᠷᠭᠡᠵᠢᠯ ᠤᠨ ᠠᠩᠭᠢ ᠶᠢᠨ ᠮᠡᠷᠭᠡᠵᠢᠯ 5᠂ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠣᠷᠣᠭᠴᠢ 1.3 ᠲᠦᠮᠡ ᠭᠠᠷᠤᠶ ᠪᠣᠶ᠃

     ᠨᠢᠭᠡ᠂ ᠬᠠᠲᠠᠭᠤ ᠲᠣᠨᠤᠭ ᠤᠨ ᠲᠥᠬᠦᠭᠡᠷᠦᠮᠵᠢ ᠪᠦᠷᠢᠨ ᠲᠡᠭᠦᠯᠳᠡᠷ᠂ ᠰᠤᠷᠭᠠᠭᠤᠯᠢ ᠶᠢᠨ ᠬᠦᠷᠢᠶᠡᠨ ᠤ ᠣᠷᠴᠢᠨ

ᠲᠣᠭᠤᠷᠢᠨ ᠭᠤᠶᠤ ᠰᠠᠶᠢᠬᠠᠨ

     2008 ᠣᠨ ᠳᠤ᠂ ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ

ᠳᠡᠭᠡᠳᠦ ᠰᠤᠷᠭᠠᠭᠤᠯᠢ ᠨᠢ ︽ᠲᠤᠰᠠᠭᠠᠷ ᠳᠡᠭᠡᠳᠦ ᠰᠤᠷᠭᠠᠭᠤᠯᠢ ᠶᠢ ᠪᠠᠶᠢᠭᠤᠯᠬᠤ ᠪᠠ ᠬᠠᠮᠢᠶᠠᠷᠬᠤ ᠠᠷᠭ᠎ᠠ︾ ᠶᠢ

ᠦᠨᠳᠦᠰᠦᠯᠡᠨ ᠪᠡᠯᠡᠳᠬᠡᠨ ᠪᠠᠶᠢᠭᠤᠯᠬᠤ ᠠᠵᠢᠯ ᠢᠶᠠᠨ ᠳᠠᠭᠤᠰᠬᠠᠵᠤ᠂ ᠰᠤᠷᠭᠠᠨ ᠬᠦᠮᠤᠵᠢᠯ ᠤᠨ ᠶᠠᠮᠤᠨ ᠠᠴᠠ

ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠤᠰᠠᠭᠠᠷ ᠳᠡᠭᠡᠳᠦ ᠰᠤᠷᠭᠠᠭᠤᠯᠢ ᠪᠠᠷ ᠵᠦᠪᠰᠢᠶᠡᠷᠡᠵᠦ᠂

ᠬᠥᠭᠵᠢᠯᠲᠡ ᠶᠢᠨ ᠬᠤᠷᠳᠦᠠ ᠤ ᠵᠡᠮ ᠳᠤ ᠪᠠᠨ ᠣᠷᠣᠭᠰᠠᠨ ᠪᠠᠶᠢᠨ᠎ᠠ᠃ ᠡᠭᠦᠨ ᠠᠴᠠ ᠡᠬᠢᠯᠡᠨ᠂ ᠳᠡᠭᠡᠳᠦ ᠰᠤᠷᠭᠠᠭᠤᠯᠢ

 ᠨᠢ ᠰᠤᠷᠭᠠᠨ ᠬᠦᠮᠤᠵᠢᠯ ᠤᠨ ᠶᠠᠮᠤᠨ ᠠᠴᠠ ᠲᠣᠭᠲᠠᠭᠠᠭᠰᠠᠨ ︽ᠡᠩ ᠤᠨ ᠵᠢᠩᠬᠢᠨᠢ ᠠᠩᠭᠢᠲᠤ ᠰᠤᠷᠭᠠᠭᠤᠯᠢ ᠶᠢᠨ

ᠪᠠᠶᠢᠷᠢᠯᠠᠭᠤᠯᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠢ ᠴᠢᠩᠭ᠎ᠠ ᠵᠢᠷᠤᠮᠯᠠᠨ᠂ ᠰᠤᠷᠭᠠᠭᠤᠯᠢ ᠳᠤ ᠪᠠᠶᠢᠭ᠎ᠠ

ᠰᠣᠷᠣᠭᠴᠢ ᠶᠢᠨ ᠬᠡᠪᠴᠢᠶ᠎ᠡ ᠪᠠᠨ ᠦᠨᠳᠦᠰᠦᠯᠡᠨ ᠰᠤᠷᠭᠠᠭᠤᠯᠢ ᠡᠷᠭᠢᠯᠡᠬᠦ ᠨᠥᠬᠦᠴᠡᠯ ᠢᠶᠠᠨ ᠵᠢᠯ ᠳᠠᠷᠠᠭᠠᠯᠠᠨ

ᠲᠡᠭᠦᠯᠳᠡᠷᠵᠢᠭᠦᠯᠵᠦ᠂ ᠰᠤᠷᠭᠠᠭᠤᠯᠢ ᠶᠢᠨ ᠡᠵᠡᠯᠡᠬᠦ ᠭᠠᠵᠠᠷ᠂ ᠰᠤᠷᠭᠠᠭᠤᠯᠢ ᠶᠢᠨ ᠭᠡᠷ ᠪᠠᠷᠢᠯᠭ᠎ᠠ ᠶᠢᠨ ᠲᠠᠯᠠᠪᠠᠶ᠂

ᠪᠠᠭᠰᠢ ᠶᠢᠨ ᠡᠩᠨᠡᠭᠡ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠬᠢᠭᠡᠳ ᠨᠣᠮ ᠪᠢᠴᠢᠭ ᠵᠡᠷᠭᠡ ᠰᠤᠷᠭᠠᠭᠤᠯᠢ ᠡᠷᠭᠢᠯᠡᠬᠦ

ᠭᠦᠢᠴᠡᠳᠭᠡᠯ ᠲᠤᠭ᠎ᠠ ᠶᠢ ᠴᠥᠮ ᠡᠩ ᠤᠨ ᠵᠢᠩᠬᠢᠨᠢ ᠠᠩᠭᠢᠲᠤ ᠰᠤᠷᠭᠠᠭᠤᠯᠢ ᠶᠢᠨ ᠪᠠᠶᠢᠷᠢᠯᠠᠭᠤᠯᠤᠯᠲᠠ ᠶᠢᠨ

ᠪᠠᠷᠢᠮᠵᠢᠶᠠᠨ ᠳᠤ ᠬᠦᠷᠭᠡᠭᠰᠡᠨ ᠪᠠᠶᠢᠨ᠎ᠠ᠃ ᠰᠤᠷᠭᠠᠭᠤᠯᠢ ᠳᠤ ᠤᠳᠤ 40 ᠲᠦᠮᠡᠨ ᠲᠡᠭᠰᠢ ᠳᠥᠷᠪᠡᠯᠵᠢᠨ ᠮᠧᠲᠷ

ᠰᠤᠷᠭᠠᠭᠤᠯᠢ ᠶᠢᠨ ᠭᠡᠷ ᠪᠠᠷᠢᠯᠭ᠎ᠠ ᠲᠠᠢ᠂ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ 6600 ᠭᠠᠷᠤᠢ

ᠲᠦᠮᠡᠨ ᠲᠥᠭᠦᠷᠢᠭ᠂ ᠨᠣᠮ ᠪᠢᠴᠢᠭ 130 ᠲᠦᠮᠡᠨ ᠳᠡᠪᠲᠡᠷ ᠪᠠᠶᠢᠵᠤ᠂ ᠵᠢᠭᠠᠨ ᠰᠤᠷᠭᠠᠯᠲᠠ ᠶᠢᠨ ᠲᠥᠬᠦᠭᠡᠷᠦᠮᠵᠢ

ᠪᠦᠷᠢᠨ ᠲᠡᠭᠦᠯᠳᠡᠷ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠭᠤᠶᠤ ᠰᠠᠶᠢᠬᠠᠨ ᠶᠤᠮ᠃ 2016

ᠣᠨ ᠳᠤ ᠬᠦᠬᠡᠬᠤᠳᠠ ᠶᠢᠨ ᠴᠡᠴᠡᠷᠯᠢᠭᠵᠢᠭᠦᠯᠦᠯᠲᠡ ᠶᠢᠨ ᠳᠣᠪᠴᠢᠶᠠᠨ ᠠᠴᠠ ︽ᠬᠥᠬᠡᠬᠤᠲᠠ ᠶᠢᠨ ᠴᠡᠴᠡᠷᠯᠢᠭ

ᠮᠠᠶ᠋ᠢᠭᠲᠤ ᠨᠢᠭᠡᠴᠢ︾ ᠪᠠᠷ ᠦᠨᠡᠯᠡᠵᠦ᠂ 2020 ᠣᠨ ᠳᠤ ᠬᠥᠬᠡᠬᠤᠲᠠ ᠶᠢᠨ ᠨᠣᠭᠤᠭᠠᠷᠠᠭᠤᠯᠤᠯᠲᠠ ᠶᠢᠨ ᠵᠥᠪᠯᠡᠯ ᠠᠴᠠ

︽ᠣᠷᠣᠨ ᠤ ᠲᠥᠪ ᠤᠨ ᠴᠡᠴᠡᠭᠲᠦ ᠰᠤᠷᠭᠠᠭᠤᠯᠢ ᠶᠢᠨ ᠬᠦᠷᠢᠶ᠎ᠡ︾ ᠪᠠᠷ ᠦᠨᠡᠯᠡᠪᠡ᠃

     ᠬᠤᠶᠠᠷ᠂ ᠬᠥᠭᠵᠢᠯᠲᠡ ᠲᠠᠢ ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ

ᠪᠠᠶᠢᠭᠤᠯᠤᠯᠲᠠ ᠶᠢ ᠰᠠᠶᠢᠲᠤᠷ ᠠᠳᠬᠤᠵᠤ ᠬᠥᠭᠵᠢᠯᠲᠡ ᠶᠢ ᠠᠬᠢᠭᠤᠯᠪᠠ

     ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ

 ᠨᠢ ᠰᠤᠷᠭᠠᠭᠤᠯᠢ ᠡᠷᠬᠢᠯᠡᠬᠦ ᠦᠶ᠎ᠡ ︽ᠭᠤᠷᠪᠠᠨ ᠰᠠᠨᠠᠭ᠎ᠠ ᠠᠮᠤᠷ︾ ᠪᠠ ︽ᠭᠤᠷᠪᠠᠨ ᠡᠮᠦᠨ᠎ᠡ ᠡᠩᠨᠡᠭᠡ︾ ᠭᠡᠬᠦ ᠨᠠᠮ ᠤᠨ

ᠪᠠᠶᠢᠭᠤᠯᠤᠯᠲᠠ ᠶᠢᠨ ᠠᠵᠢᠯ ᠤᠨ ᠬᠠᠷᠠᠯᠲᠠ ᠶᠢ ᠳᠤᠷᠠᠳᠤᠨ ᠭᠠᠷᠭᠠᠭᠰᠠᠨ ᠶᠤᠮ᠃ ︽ᠭᠤᠷᠪᠠᠨ ᠰᠠᠨᠠᠭ᠎ᠠ ᠠᠮᠤᠷ︾᠄ ᠨᠠᠮ

ᠪᠣᠯᠤᠨ ᠵᠠᠰᠠᠭ ᠤᠨ ᠣᠷᠳᠣᠨ ᠢ ᠰᠠᠨᠠᠭ᠎ᠠ ᠠᠮᠤᠷ ᠪᠠᠶᠢᠯᠭᠠᠵᠤ᠂ ᠭᠡᠷ ᠤᠨ ᠠᠬᠠᠮᠠᠳ ᠪᠣᠯᠤᠨ ᠰᠤᠷᠤᠭᠴᠢᠳ ᠢ ᠰᠠᠨᠠᠭ᠎ᠠ

ᠠᠮᠤᠷ ᠪᠠᠶᠢᠯᠭᠠᠵᠤ᠂ ᠪᠠᠭᠰᠢ ᠠᠵᠢᠯᠳᠡᠠ ᠠᠵᠢᠯᠴᠢᠠ ᠢ ᠰᠠᠨᠠᠭ᠎ᠠ ᠠᠮᠤᠷ ᠪᠠᠶᠢᠯᠭᠠᠨ᠎ᠠ︔ ︽ᠭᠤᠷᠪᠠᠨ ᠡᠮᠦᠨ᠎ᠡ ᠡᠩᠨᠡᠭᠡ︾᠄

ᠳᠡᠭᠡᠳᠦ ᠰᠤᠷᠭᠠᠭᠤᠯᠢ ᠶᠢᠨ ᠡᠯ᠎ᠡ ᠲᠦᠷᠦᠯ ᠤᠨ ᠠᠵᠢᠯ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ

︵ᠰᠢᠯᠵᠢᠬᠦ ᠠᠴᠠ ᠡᠮᠦᠨᠡᠬᠢ ᠤᠤᠯ ᠤᠨ ᠲᠤᠰᠠᠭᠠᠷ ᠳᠡᠭᠡᠳᠦ ᠰᠤᠷᠭᠠᠭᠤᠯᠢ ᠶᠢᠨ ᠶᠡᠷᠦᠩᠬᠡᠢ ᠳᠡᠭᠡᠳᠦ ᠰᠤᠷᠭᠠᠭᠤᠯᠢ︶ ᠶᠢᠨ

ᠡᠯ᠎ᠡ ᠦᠨᠳᠦᠰᠦᠨ ᠱᠠᠲᠤᠨ ᠤ ᠨᠠᠮ ᠤᠨ ᠬᠤᠷᠢᠶ᠎ᠠ᠂ ᠪᠦᠬᠦ ᠣᠷᠣᠨ ᠤ ᠠᠷᠠᠳ ᠠᠴᠠ ᠡᠷᠬᠢᠯᠡᠭᠰᠡᠨ ᠳᠡᠭᠡᠳᠦ

ᠰᠤᠷᠭᠠᠭᠤᠯᠢ ᠶᠢᠨ ᠳᠣᠲᠤᠷ᠎ᠠ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ

 ᠶᠢᠨ ᠨᠠᠮ ᠤᠨ ᠪᠠᠶᠢᠭᠤᠯᠤᠯᠲᠠ ᠶᠢᠨ ᠠᠵᠢᠯ ᠡᠮᠦᠨ᠎ᠡ ᠡᠩᠨᠡᠭᠡᠨ ᠳᠤ ᠣᠷᠣᠨ᠎ᠠ᠃ ᠬᠥᠭᠵᠢᠯᠲᠡ ᠶᠢᠨ ᠲᠣᠭᠤᠷᠢᠨ ᠳᠤ

ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠬᠥᠭᠵᠢᠯᠲᠡ ᠶᠢ

ᠠᠬᠢᠭᠤᠯᠤᠨ᠂ ᠰᠤᠷᠭᠠᠭᠤᠯᠢ ᠶᠢᠨ ᠡᠷᠡᠭᠦᠯ ᠪᠥᠭᠡᠳ ᠲᠦᠷᠭᠡᠨ ᠬᠥᠭᠵᠢᠯᠲᠡ ᠶᠢ ᠬᠦᠴᠦᠲᠡᠢ ᠠᠬᠢᠭᠤᠯᠵᠠᠢ᠃

ᠰᠤᠷᠭᠠᠭᠤᠯᠢ ᠶᠢᠨ ᠨᠠᠮ ᠤᠨ ᠬᠤᠷᠢᠶ᠎ᠠ ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠦᠷᠦ ᠶᠢᠨ ᠠᠵᠢᠯ ᠤᠨ ᠬᠤᠷᠠᠯ ᠪᠠ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷ᠎ᠡ ᠨᠡᠶᠢᠲᠡᠯᠢᠭ  

ᠵᠢᠱᠢᠶ᠎ᠡ ᠪᠠᠷ ᠤᠯᠠᠨ ᠤᠳᠠᠭ᠎ᠠ ᠶᠠᠷᠢᠶ᠎ᠠ ᠲᠠᠯᠪᠢᠵᠠᠢ᠃

     ᠭᠤᠷᠪᠠ᠂ ᠳᠦᠷᠢᠮᠵᠢᠭᠰᠡᠨ ᠪᠥᠭᠡᠳ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ ᠶᠢᠨ ᠳᠣᠭᠲᠠᠯᠴᠠᠭ᠎ᠠ ᠶᠢ

ᠪᠠᠶᠢᠭᠤᠯᠪᠠ

     ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ

 ᠨᠢ ᠬᠡᠷᠡᠭ ᠮᠡᠳᠡᠭᠴᠢᠳ ᠤᠨ ᠵᠦᠪᠯᠡᠯ ᠤᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ

ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠢ ᠬᠡᠷᠡᠭ ᠮᠡᠳᠡᠭᠴᠢᠳ ᠤᠨ

ᠵᠦᠪᠯᠡᠯ ᠠᠴᠠ ᠲᠣᠭᠲᠠᠭᠠᠵᠤ᠂ ᠡᠳᠦᠷ ᠲᠤᠳᠤᠮ ᠤᠨ ᠠᠵᠢᠯ ᠢ ᠰᠤᠷᠭᠠᠭᠤᠯᠢ ᠶᠢᠨ ᠵᠠᠬᠢᠷᠤᠯ ᠲᠦᠯᠬᠢᠨ ᠠᠬᠢᠭᠤᠯᠤᠨ᠎ᠠ᠃

ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠨᠢ ᠭᠤᠣᠯᠳᠠᠭᠤ ᠤᠯᠤᠰ ᠲᠥᠷᠥ ᠶᠢᠨ ᠭᠤᠣᠯᠯᠠᠭᠴᠢ ᠪᠠ ᠪᠠᠲᠤᠯᠠᠵᠤ

ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠤᠨ᠎ᠠ᠃ ᠨᠠᠮ ᠤᠨ ᠬᠤᠷᠢᠶᠠᠨ ᠤ ᠱᠦᠵᠢ ᠶᠢ ᠳᠡᠭᠡᠳᠦ ᠱᠠᠲᠤᠨ ᠤ

ᠨᠠᠮ ᠤᠨ ᠵᠣᠬᠢᠶᠠᠨ ᠪᠠᠢᠭᠤᠯᠤᠯᠲᠠ ᠠᠴᠠ ᠲᠣᠮᠢᠯᠠᠵᠤ᠂ ᠲᠡᠷᠡ ᠨᠢ ᠬᠡᠷᠡᠭ ᠮᠡᠳᠡᠭᠴᠢᠳ ᠤᠨ ᠵᠦᠪᠯᠡᠯ ᠤᠨ ᠬᠡᠰᠢᠭᠦᠨ

ᠪᠣᠯᠬᠤ ᠮᠥᠷᠲᠡᠭᠡᠨ ᠪᠠᠰᠠ ᠳᠡᠳ᠋ ᠵᠠᠬᠢᠷᠤᠯ ᠤᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︔ ᠰᠤᠷᠭᠠᠭᠤᠯᠢ ᠶᠢᠨ

ᠵᠠᠬᠢᠷᠤᠯ ᠨᠢ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︔ ᠰᠤᠷᠭᠠᠭᠤᠯᠢ

 ᠶᠢᠨ ᠨᠠᠮ ᠤᠨ ᠬᠤᠷᠢᠶ᠎ᠠ ᠨᠢ ᠳᠡᠭᠡᠳᠦ ᠰᠤᠷᠭᠠᠭᠤᠯᠢ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ ᠴᠢᠬᠤᠯᠠ

ᠬᠤᠷᠠᠯ ᠤᠨ ᠪᠦᠬᠦ ᠶᠠᠪᠤᠴᠠ ᠳᠤ ᠣᠷᠣᠯᠴᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠳᠡᠭᠡᠳᠦ

ᠰᠤᠷᠭᠠᠭᠤᠯᠢ ᠶᠢᠨ ᠭᠤᠣᠯ ᠠᠵᠢᠯ ᠢ ᠬᠠᠮᠲᠤ ᠪᠠᠷ ᠲᠥᠯᠥᠪᠵᠢᠭᠦᠯᠵᠦ᠂ ᠬᠠᠮᠲᠤ ᠪᠠᠷ ᠪᠠᠶᠢᠷᠢᠯᠠᠭᠤᠯᠵᠤ᠂ ᠬᠠᠮᠲᠤ ᠪᠠᠷ

ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠬᠦᠴᠦᠷᠬᠡᠭ ᠶᠡᠭᠡ ᠠᠵᠢᠯ ᠤᠨ ᠬᠠᠮ ᠬᠦᠴᠦᠨ ᠢ ᠪᠦᠷᠢᠯᠳᠦᠭᠦᠯᠵᠡᠢ᠃

ᠰᠤᠷᠭᠠᠭᠤᠯᠢ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠰᠤᠷᠭᠠᠭᠤᠯᠢ ᠶᠢᠨ ᠳᠠᠷᠤᠭ᠎ᠠ ᠵᠧᠦ ᠢᠦᠢ ᠱᠦ

︽ᠲᠦᠷᠢᠮ ᠢᠶᠠᠷ ᠳᠡᠭᠡᠳᠦ ᠰᠤᠷᠭᠠᠭᠤᠯᠢ ᠪᠠᠨ ᠬᠠᠮᠢᠶᠠᠷᠤᠨ᠎ᠠ︾ ᠭᠡᠵᠦ ᠳᠤᠷᠠᠳᠤᠭᠰᠠᠨ ᠪᠥᠭᠡᠳ ᠡᠭᠦᠨ ᠢ

︽ᠰᠤᠷᠤᠭᠴᠢ ᠶᠢᠨ ᠭᠠᠷ ᠠᠪᠤᠯᠭ᠎ᠠ︾ ᠪᠠ ︽ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ

ᠰᠤᠷᠭᠠᠭᠤᠯᠢ ᠶᠢᠨ ᠲᠦᠷᠢᠮ ᠤᠨ ᠡᠮᠬᠢᠳᠬᠡᠯ︾ ᠳᠤ ᠪᠠᠨ ᠪᠢᠴᠢᠵᠦ ᠣᠷᠣᠭᠤᠯᠪᠠ᠃ ᠣᠯᠠᠨ ᠵᠢᠯ ᠤᠨ ᠰᠥᠪᠡᠭᠴᠢᠯᠡᠯᠲᠡ

ᠪᠠ ᠦᠢᠯᠡᠳᠦᠯᠭᠡ ᠪᠠᠷ ᠳᠡᠮᠵᠢᠨ᠂ ᠰᠤᠷᠭᠠᠭᠤᠯᠢ ᠶᠢᠨ ᠨᠢᠭᠡᠨ ᠢᠵᠢ ᠦᠨᠡᠨ ᠬᠦ ᠬᠡᠷᠡᠭᠵᠢᠭᠦᠯᠵᠦ ᠪᠣᠯᠬᠤᠶᠢᠴᠠ

ᠲᠦᠷᠢᠮ ᠤᠨ ᠰᠢᠰᠲ᠋ᠧᠮ ᠪᠠ ᠨᠢᠭᠡᠨ ᠰᠠᠯᠠᠭ᠎ᠠ ᠳᠥᠭᠦᠮ ᠳᠥᠲᠡ ᠥᠨᠳᠥᠷ ᠪᠦᠲᠦᠮᠵᠢᠲᠡᠶ ᠬᠠᠮᠢᠶᠠᠷᠤᠯᠲᠠ ᠶᠢᠨ

ᠪᠦᠯᠬᠦᠮ ᠨᠡᠶᠢᠲᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ

ᠢᠳᠡᠪᠬᠢᠯᠡᠨ ᠳᠠᠪᠰᠢᠵᠦ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠰᠤᠷᠭᠠᠭᠤᠯᠢ ᠶᠢᠨ ᠬᠦᠷᠢᠶ᠎ᠡ

ᠲᠣᠭᠲᠠᠭᠤᠨ ᠪᠥᠭᠡᠳ ᠡᠶ᠎ᠡ ᠵᠣᠬᠢᠴᠠᠯᠲᠠᠢ᠂ ᠥᠷᠨᠢᠭᠦᠨ ᠪᠠᠳᠠᠷᠠᠩᠭᠤᠶ ᠪᠠᠶᠢᠨ᠎ᠠ᠃

 

     ᠲᠦᠷᠪᠡ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠠᠮᠢᠨ

ᠰᠤᠳᠠᠰᠤ ᠪᠣᠯᠭᠠᠪᠠ

     ᠤᠢᠢᠷ᠎ᠠ ᠶᠢᠨ ᠵᠢᠯ᠂ ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ

ᠳᠡᠭᠡᠳᠦ ᠰᠤᠷᠭᠠᠭᠤᠯᠢ ᠨᠢ ᠰᠤᠷᠤᠭᠴᠢᠳ ᠪᠣᠯᠤᠨ ᠭᠡᠷ ᠤᠨ ᠠᠬᠠᠮᠠᠳ ᠲᠤ ︽ᠥᠪᠥᠷ ᠮᠣᠩᠭᠤᠯ ᠤᠨ

ᠬᠠᠮᠢᠶᠠᠷᠤᠯᠲᠠ ᠪᠠᠷ ᠬᠠᠮᠤᠭ ᠤᠨ ᠴᠢᠩᠭ᠎ᠠ ᠶᠡᠭᠡ ᠰᠤᠷᠭᠠᠭᠤᠯᠢ︾ ᠬᠡᠮᠡᠭᠳᠡᠪᠡ᠃ ᠰᠤᠷᠭᠠᠨ ᠬᠥᠮᠦᠵᠢᠯ ᠵᠢᠭᠠᠨ

ᠰᠤᠷᠭᠠᠯᠲᠠ ᠶᠢᠨ ᠲᠠᠯ᠎ᠠ ᠪᠠᠷ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠠᠮᠢᠨ

ᠰᠤᠳᠠᠰᠤ ᠪᠠᠷ ᠦᠵᠡᠵᠦ᠂ ᠡᠳᠦᠷ ᠪᠦᠷᠢ ᠬᠢᠴᠢᠶᠡᠯ ᠣᠷᠣᠵᠤ ᠪᠠᠶᠢᠭ᠎ᠠ ᠪᠠᠶᠢᠳᠠᠯ ᠢ ᠪᠠᠶᠢᠴᠠᠭᠠᠬᠤ᠂ ᠭᠠᠷᠠᠭ ᠪᠦᠷᠢ

ᠵᠢᠭᠠᠨ ᠰᠤᠷᠭᠠᠯᠲᠠ ᠶᠢᠨ ᠠᠵᠢᠯ ᠤᠨ ᠬᠤᠷᠠᠯ ᠬᠢᠬᠦ᠂ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠵᠢᠭᠠᠨ

ᠰᠤᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠭᠠᠨ

ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠪᠠ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠬᠦ ᠶᠢᠨ ᠬᠠᠮᠲᠤ ᠡᠪᠯᠡᠯ ᠤᠨ ᠪᠠᠶᠢᠭᠤᠯᠤᠯᠲᠠ ᠶᠢᠨ ︽ᠲᠠᠪᠤᠨ ᠶᠡᠭᠡ ᠢᠨᠵᠧᠨᠧᠷᠢᠩ︾ ︵ᠬᠥᠮᠦᠨ

ᠰᠣᠶᠤᠯ ᠤᠨ ᠬᠡᠪ ᠪᠣᠯᠪᠠᠰᠤᠷᠠᠯ ᠤᠨ ᠥᠷᠭᠡᠳᠭᠡᠯ᠂ ᠭᠠᠷᠮᠠᠭᠠᠶ ᠬᠠᠮᠢᠶᠠᠷᠤᠯᠲᠠ ᠶᠢᠨ ᠪᠣᠯᠪᠠᠰᠤᠷᠠᠭᠤᠯᠤᠯ᠂

ᠰᠤᠷᠭᠠᠭᠤᠯᠢ ᠶᠢᠨ ᠬᠦᠷᠢᠶᠡᠨ ᠤ ᠪᠣᠯᠪᠠᠰᠤᠨ ᠤ ᠪᠠᠶᠢᠭᠤᠯᠤᠯᠲᠠ᠂ ᠨᠡᠶᠢᠭᠡᠮ ᠤᠨ ᠠᠯᠪᠠᠨ ᠵᠢᠷᠤᠮ ᠤᠨ ᠠᠵᠢᠯ ᠪᠠ

ᠨᠡᠶᠢᠭᠡᠮ ᠤᠨ ᠦᠢᠯᠡᠳᠦᠯᠭᠡ︶ ᠪᠠᠷ ᠳᠠᠮᠵᠢᠭᠤᠯᠤᠨ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ

ᠳᠡᠭᠡᠭᠰᠢᠯᠡᠭᠦᠯᠪᠡ᠃ ᠰᠤᠷᠤᠭᠴᠢᠳ ᠤᠨ ᠬᠠᠮᠢᠶᠠᠷᠤᠯᠲᠠ ᠶᠢᠨ ᠲᠠᠯ᠎ᠠ ᠪᠠᠷ᠂ ᠰᠤᠷᠭᠠᠭᠤᠯᠢ ᠨᠢ ︽ᠳᠥᠷᠪᠡ ᠶᠢ

ᠪᠠᠶᠢᠴᠠᠭᠠᠬᠤ ᠲᠦᠷᠢᠮ︾ ︵ᠥᠷᠯᠥᠭᠡ ᠶᠢᠨ ᠲᠠᠮᠢᠷ᠂ ᠣᠷᠣᠶ ᠶᠢᠨ ᠳᠠᠪᠲᠠᠯᠭ᠎ᠠ᠂ ᠰᠥᠨᠢ ᠳᠤ ᠪᠠᠨ ᠬᠠᠷᠢᠬᠤ ᠥᠬᠡᠶ᠂

ᠬᠥᠳᠡᠯᠮᠦᠷᠢ ᠶᠢᠨ ᠬᠥᠮᠦᠵᠢᠯ ᠢ ᠪᠠᠶᠢᠴᠠᠭᠠᠬᠤ︶ ᠢᠶᠠᠷ ᠳᠠᠮᠵᠢᠭᠤᠯᠤᠨ ᠰᠤᠷᠤᠭᠴᠢᠳ ᠤᠨ ᠡᠳᠦᠷ ᠲᠤᠲᠤᠮ ᠤᠨ

ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ︽ᠤᠯᠤᠰ ᠲᠥᠷᠥ ᠦᠵᠡᠯ ᠰᠠᠨᠠᠭᠠᠨ ᠤ ᠲᠠᠯ᠎ᠠ ᠪᠠᠷ ᠬᠡᠯᠪᠠᠶᠢᠬᠦ ᠥᠬᠡᠶ᠂

ᠤᠰᠤ ᠴᠠᠬᠢᠯᠭᠠᠨ ᠳᠤᠯᠠᠭᠠᠯᠠᠭ᠎ᠠ ᠬᠤᠭᠤᠯᠠᠨ ᠭᠡᠷ ᠤᠨ ᠰᠠᠭᠤᠷᠢ ᠶᠢ ᠲᠠᠯᠪᠢᠬᠤ᠂ ᠰᠤᠷᠤᠭᠴᠢᠳ ᠤᠨ ᠪᠡᠶ᠎ᠡ ᠰᠡᠳᠬᠢᠯ

ᠪᠣᠯ ᠵᠠᠩᠭᠢᠯᠠᠭ᠎ᠠ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠮᠠᠭᠠᠯᠠᠯᠲᠠ ᠶᠢᠨ ᠬᠥᠪᠴᠢ ᠶᠢ ᠴᠢᠩᠭᠠᠯᠠᠬᠤ︾ ᠵᠡᠷᠭᠡ

ᠠᠮᠤᠷ ᠲᠦᠪᠰᠢᠨ ᠤ ᠠᠵᠢᠯ ᠢ ᠵᠢᠯᠣᠭᠤᠳᠬᠤ ᠦᠵᠡᠯ ᠰᠠᠨᠠᠭ᠎ᠠ ᠶᠢ ᠳᠤᠷᠠᠳᠤᠨ ᠭᠠᠷᠭᠠᠵᠤ᠂ ᠠᠷᠤ ᠲᠠᠯ᠎ᠠ ᠶᠢᠨ

ᠦᠢᠯᠡᠴᠢᠯᠡᠭᠡᠨ ᠤ ᠠᠵᠢᠯ ᠪᠠ ᠠᠮᠤᠷ ᠲᠦᠪᠰᠢᠨ ᠤ  ᠪᠠᠲᠤᠯᠠᠭᠠᠨ ᠤ ᠠᠵᠢᠯ ᠢ ᠴᠢᠩᠭᠠᠳᠬᠠᠪᠠ᠃

     ᠲᠠᠪᠤ᠂ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠢ ᠤᠯᠪᠠ

     ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ

 ᠨᠢ ᠬᠡᠷᠡᠭᠯᠡᠭᠡᠨ ᠤ  ᠴᠢᠳᠠᠪᠤᠷᠢᠲᠠᠨ ᠢ ᠬᠥᠮᠦᠵᠢᠭᠦᠯᠬᠦ ᠪᠠᠷ ᠬᠠᠷᠠᠯᠲᠠ ᠪᠣᠯᠭᠠᠨ᠂ ᠨᠡᠶᠢᠭᠡᠮ ᠤᠨ ᠴᠢᠳᠠᠪᠤᠷᠢᠲᠠᠨ ᠤ

ᠬᠡᠷᠡᠭᠴᠡᠭᠡ ᠶᠢ ᠦᠨᠳᠦᠰᠦᠯᠡᠨ᠂ ᠴᠢᠳᠠᠪᠤᠷᠢᠲᠠᠨ ᠢ ᠬᠥᠮᠦᠵᠢᠭᠦᠯᠬᠦ ᠲᠥᠰᠦᠯ ᠳᠤ ᠤᠷᠢᠳ ᠬᠤᠵᠢᠳ ᠭᠤᠷᠪᠠ ᠤᠳᠠᠭ᠎ᠠ

ᠲᠤᠬᠢᠷᠠᠭᠤᠯᠤᠯᠳᠠ ᠬᠢᠵᠦ᠂ ᠬᠢᠴᠢᠶᠡᠯ ᠤᠨ ᠳᠣᠭᠲᠠᠯᠴᠠᠭᠠᠨ ᠤ ᠥᠭᠡᠷᠡᠴᠢᠯᠡᠯᠲᠡ ᠶᠢ ᠲᠠᠰᠤᠷᠠᠯᠳᠠ ᠦᠭᠡᠢ

ᠭᠦᠨᠵᠡᠭᠡᠶᠢᠷᠡᠭᠦᠯᠵᠦ᠂ ᠰᠤᠷᠤᠭᠴᠢᠳ ᠤᠨ ᠠᠵᠢᠯ ᠮᠡᠷᠭᠡᠵᠢᠯ ᠤᠨ ᠴᠢᠳᠠᠪᠤᠷᠢ ᠶᠢ ᠬᠥᠮᠦᠵᠢᠭᠦᠯᠬᠦ ᠶᠢ ᠴᠢᠩᠭᠠᠳᠬᠠᠵᠤ᠂

ᠲᠡᠭᠦᠰᠬᠦ ᠰᠤᠷᠤᠭᠴᠢ ᠶᠢᠨ ᠠᠵᠢᠯ ᠤᠨ ᠪᠠᠶᠢᠷᠢ ᠳᠤ ᠪᠠᠨ ᠡᠭᠦᠷᠭᠡᠯᠡᠵᠦ ᠳᠡᠶᠢᠯᠬᠦᠶᠢᠴᠡ ᠴᠢᠳᠠᠪᠤᠷᠢ ᠪᠠ ᠠᠵᠢᠯ ᠤᠯᠬᠤ

ᠴᠢᠳᠠᠪᠤᠷᠢ ᠶᠢ ᠳᠡᠭᠡᠭᠰᠢᠯᠡᠭᠦᠯᠪᠡ᠃ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ

ᠪᠠᠶᠢᠭ᠎ᠠ ᠰᠣᠷᠣᠭᠴᠢ ᠶᠢᠨ ᠲᠤᠭ᠎ᠠ 13 ᠵᠢᠯ ᠳᠤ 13 ᠳᠠᠬᠢᠨ ᠨᠡᠮᠡᠭᠳᠡᠵᠦ᠂ ᠣᠳᠣᠬᠠᠨ ᠳᠤ ᠨᠡᠶᠢᠲᠡ 1.6 ᠲᠦᠮᠡᠨ

ᠵᠢᠩᠬᠢᠨᠢ ᠠᠩᠭᠢ ᠶᠢᠨ ᠲᠡᠭᠦᠰᠬᠦ ᠰᠤᠷᠤᠭᠴᠢ ᠶᠢ ᠬᠥᠮᠦᠵᠢᠭᠦᠯᠦᠨ ᠲᠡᠭᠦᠰᠭᠡᠵᠦ᠂ ᠬᠤᠭᠤᠴᠠᠭ᠎ᠠ ᠪᠦᠷᠢ ᠶᠢᠨ

ᠲᠡᠭᠦᠰᠦᠭᠰᠡᠨ ᠰᠤᠷᠤᠭᠴᠢ ᠶᠢᠨ ᠠᠵᠢᠯ ᠣᠯᠭᠤᠯᠲᠠ ᠶᠢᠨ ᠨᠤᠷᠮ᠎ᠠ ᠴᠥᠮ ᠨᠡᠯᠢᠶᠡᠳ ᠥᠨᠳᠥᠷ ᠬᠢᠷᠢ ᠲᠦᠪᠰᠢᠨ ᠢ

ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠡᠮᠦᠨ᠎ᠡ ᠡᠩᠨᠡᠭᠡᠨ ᠳᠤ

ᠣᠷᠣᠵᠤ᠂ ᠨᠡᠶᠢᠭᠡᠮ ᠤᠨ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃

     ᠣᠶᠢᠷ᠎ᠠ ᠶᠢᠨ ᠵᠢᠯ᠂ ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ

ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠰᠤᠷᠭᠠᠭᠤᠯᠢ

ᠡᠷᠭᠢᠯᠡᠬᠦ ᠬᠢᠷᠢ ᠪᠦᠲᠦᠮᠵᠢ ᠨᠢ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠨᠡᠷ᠎ᠡ ᠠᠯᠳᠠᠷᠰᠢᠵᠤ᠂ ᠤᠷᠢᠳ ᠬᠤᠵᠢᠳ

︽ᠪᠥᠬᠦ ᠤᠯᠤᠰ ᠤᠨ ᠲᠡᠷᠢᠭᠦᠨ ᠤ ᠲᠤᠰᠠᠭᠠᠷ ᠳᠡᠭᠡᠳᠦ ᠰᠤᠷᠭᠠᠭᠤᠯᠢ︾᠂ ︽ᠳᠤᠮᠳᠠᠳᠤ ᠤᠯᠤᠰ ᠤᠨ ᠠᠷᠠᠳ ᠠᠴᠠ

ᠡᠷᠭᠢᠯᠡᠭᠰᠡᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠯᠢᠳᠡᠭ ᠳᠡᠭᠡᠳᠦ ᠰᠤᠷᠭᠠᠭᠤᠯᠢ︾᠂ ︽ᠥᠪᠡᠷᠲᠡᠭᠡᠨ

ᠵᠠᠰᠠᠬᠤ ᠣᠷᠣᠨ ᠤ ᠠᠮᠤᠷ ᠳᠣᠭᠲᠠᠭᠤᠨ ᠰᠤᠷᠭᠠᠭᠤᠯᠢ ᠶᠢᠨ ᠬᠦᠷᠢᠶ᠎ᠡ︾᠂ ︽ᠪᠥᠬᠦ ᠣᠷᠣᠨ ᠤ ᠰᠤᠷᠭᠠᠨ ᠬᠥᠮᠦᠵᠢᠯ ᠤᠨ

ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ︾᠂ ︽ᠬᠥᠬᠡᠬᠤᠲᠠ ᠶᠢᠨ ᠴᠡᠴᠡᠷᠯᠢᠭ ᠮᠠᠶ᠋ᠢᠭᠲᠤ  ᠨᠢᠭᠡᠴᠢ︾ ︽ᠣᠷᠣᠨ ᠤ

ᠲᠥᠪ ᠤᠨ ᠴᠡᠴᠡᠭᠲᠦ ᠰᠤᠷᠭᠠᠭᠤᠯᠢ ᠶᠢᠨ ᠬᠦᠷᠢᠶ᠎ᠡ︾ ᠵᠡᠷᠭᠡ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃ ᠳᠡᠭᠡᠳᠦ

ᠰᠤᠷᠭᠠᠭᠤᠯᠢ ᠶᠢᠨ ᠨᠠᠮ ᠤᠨ ᠬᠤᠷᠢᠶᠠᠨ ᠠᠴᠠ ᠤᠷᠢᠳ ᠬᠤᠵᠢᠳ ︽ᠥᠪᠥᠷ ᠮᠣᠩᠭᠤᠯ ᠤᠨ ᠪᠠᠭᠰᠢ ᠶᠢᠨ ᠶᠡᠭᠡ

ᠰᠤᠷᠭᠠᠭᠤᠯᠢ ᠶᠢᠨ ᠲᠡᠷᠢᠭᠦᠨ ᠤ ᠨᠠᠮ ᠤᠨ ᠬᠤᠷᠢᠶ᠎ᠠ︾᠂ ︽ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ

ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ︾᠂ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︿ᠵᠢᠷᠭᠤᠭᠠᠨ ᠰᠠᠶᠢᠨ﹀

 ᠤ ᠳᠠᠭᠤᠷᠢᠶᠠᠯ ᠦᠵᠡᠭᠦᠯᠬᠦ ᠴᠡᠭ︾ ᠵᠡᠷᠭᠡ ᠪᠠᠷ ᠦᠨᠡᠯᠡᠪᠡ᠃

     ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂

ᠦᠪᠦᠷ ᠮᠤᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠨᠢ

ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ︽ᠠᠮᠤᠷ ᠳᠣᠭᠲᠠᠭᠤᠨ

ᠰᠤᠷᠭᠠᠭᠤᠯᠢ ᠶᠢᠨ ᠬᠦᠷᠢᠶ᠎ᠡ᠂ ᠳᠦᠷᠢᠮᠵᠢᠭᠰᠡᠨ ᠬᠠᠮᠢᠶᠠᠷᠤᠯᠲᠠ᠂ ᠲᠣᠭᠲᠠᠭᠤᠨ ᠬᠥᠭᠵᠢᠯᠲᠡ᠂ ᠳᠡᠰ ᠳᠠᠪᠬᠤᠷᠭ᠎ᠠ ᠶᠢ

ᠳᠡᠭᠡᠭᠰᠢᠯᠡᠭᠦᠯᠬᠦ︾ ᠠᠵᠢᠯ ᠤᠨ ᠵᠢᠯᠣᠭᠤᠳᠬᠤ ᠦᠵᠡᠯ ᠰᠠᠨᠠᠭ᠎ᠠ ᠶᠢ ᠲᠣᠭᠲᠠᠭᠠᠭᠰᠠᠨ ᠪᠠᠶᠢᠨ᠎ᠠ᠃ ᠶᠣᠰᠣ ᠰᠤᠷᠲᠠᠬᠤᠨ ᠢ

ᠪᠤᠢ ᠪᠣᠯᠭᠠᠵᠤ ᠬᠥᠮᠦᠨ ᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠠᠨ ᠪᠣᠯᠭᠠᠬᠤ ᠶᠢ ᠪᠠᠷᠢᠮᠲᠠᠯᠠᠵᠤ᠂ ᠲᠦᠷᠢᠮ ᠤᠨ

ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠡᠪᠴᠢᠶ᠎ᠡ᠂ ᠴᠢᠨᠠᠷ ᠴᠢᠨᠰᠠᠭ᠎ᠠ᠂ ᠪᠦᠲᠦᠴᠡ᠂ ᠦᠷ᠎ᠡ ᠠᠰᠢᠭ ᠤᠨ

ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠵᠦ᠂ ᠰᠤᠷᠭᠠᠭᠤᠯᠢ ᠢᠶᠠᠨ ᠥᠪᠡᠷᠮᠢᠴᠡ ᠣᠨᠴᠠᠯᠢᠭᠲᠠᠢ᠂ ᠴᠢᠨᠠᠷᠯᠢᠭ

ᠬᠡᠷᠡᠭᠯᠡᠭᠡᠨ ᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠪᠣᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠵᠤ᠂

ᠨᠡᠶᠢᠭᠡᠮ ᠳᠤ ᠨᠡᠩ ᠤᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ ᠥᠭᠭᠦᠨ᠎ᠡ᠃

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map