ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠠᠴᠠ ︽ᠳᠤᠮᠳᠠᠳᠤ ᠤᠯᠤᠰ︾ ᠭᠡᠬᠦ ᠳᠠᠭᠤᠤ ᠶᠢ ᠬᠠᠩᠭᠢᠨᠠᠨᠠᠮ
ᠨᠡᠶᠢᠲᠡᠯᠡᠭᠰᠡᠨ ᠴᠠᠭ᠄
2021/5/24
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ· ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ           — ︽ᠳᠤᠮᠳᠠᠳᠤ ᠤᠯᠤᠰ︾

        ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ

     ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ 1958 ᠣᠨ ᠳᠤ ᠪᠠᠶᠢᠭᠤᠯᠤᠭᠳᠠᠵᠤ᠂ ᠰᠢᠨ᠎ᠡ

ᠳᠤᠮᠳᠠᠳᠤ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ ᠣᠷᠣᠨ ᠳᠤ ᠨᠡᠯᠢᠶᠡᠳ ᠡᠷᠲᠡ ᠪᠠᠶᠢᠭᠤᠯᠤᠭᠰᠠᠨ

ᠡᠩ ᠤᠨ ᠳᠡᠭᠡᠳᠦ ᠵᠡᠷᠭᠡ ᠶᠢᠨ ᠵᠢᠩᠬᠢᠨᠢ ᠠᠩᠭᠢᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠪᠣᠯᠤᠨ᠎ᠠ᠂

ᠰᠤᠷᠭᠠᠭᠤᠯᠢ ᠪᠠᠶᠢᠭᠤᠯᠤᠭᠰᠠᠨ ᠵᠢᠯ ᠳᠤ ᠪᠠᠨ ᠲᠠᠪᠤᠨ ᠵᠢᠯ ᠤᠨ ᠳᠦᠷᠢᠮᠲᠦ ᠡᠮᠴᠢᠯᠡᠭᠡᠨ ᠤ ᠠᠨᠠᠭᠠᠬᠤ ᠤᠬᠠᠭᠠᠨ ᠤ

ᠲᠤᠰᠬᠠᠶ ᠮᠡᠷᠭᠡᠵᠢᠯ ᠤᠨ ᠵᠢᠩᠬᠢᠨᠢ ᠠᠩᠭᠢ ᠶᠢᠨ ᠰᠤᠷᠤᠭᠴᠢ ᠶᠢ ᠡᠯᠰᠡᠵᠡᠶ᠃ 2003 ᠣᠨ ᠳᠤ᠂ ᠪᠤᠭᠤᠲᠤ ᠠᠨᠠᠭᠠᠬᠤ

ᠤᠬᠠᠭᠠᠨ ᠤ ᠳᠡᠭᠡᠳᠦ ᠰᠤᠷᠭᠠᠭᠤᠯᠢ ᠶᠢ ᠪᠤᠭᠤᠲᠤ ᠶᠢᠨ ᠪᠣᠯᠣᠳ ᠲᠡᠮᠦᠷ ᠤᠨ ᠳᠡᠭᠡᠳᠦ ᠰᠤᠷᠭᠠᠭᠤᠯᠢ᠂ ᠪᠤᠭᠤᠲᠤ ᠶᠢᠨ

ᠪᠠᠭᠰᠢ ᠶᠢᠨ ᠳᠡᠭᠡᠳᠦ ᠰᠤᠷᠭᠠᠭᠤᠯᠢ ᠲᠠᠢ ᠨᠡᠶᠢᠯᠡᠭᠦᠯᠵᠦ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠶᠡᠭᠡ ᠰᠤᠷᠭᠠᠭᠤᠯᠢ ᠪᠣᠯᠭᠠᠨ ᠪᠠᠶᠢᠭᠤᠯᠵᠤ᠂ 2005 ᠣᠨ ᠳᠤ ᠦᠪᠦᠷ ᠮᠤᠩᠭᠤᠯ ᠤᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠨᠢ ᠪᠡᠶ᠎ᠡ ᠪᠠᠨ ᠳᠠᠭᠠᠭᠠᠭᠰᠠᠨ ᠬᠠᠣᠯᠢ ᠶᠢᠨ ᠡᠷᠬᠡᠲᠡᠨ ᠤ ᠬᠢᠷᠢ

ᠬᠡᠮᠲᠦ ᠭᠤᠷᠪᠠᠨ ᠰᠤᠷᠭᠠᠭᠤᠯᠢ ᠡᠷᠭᠢᠯᠡᠬᠦ ᠪᠣᠳᠠᠲᠤ ᠴᠣᠭᠴᠠ ᠪᠣᠯᠤᠨ ᠬᠤᠪᠢᠶᠠᠭᠳᠠᠵᠤ᠂ ᠦᠪᠦᠷ ᠮᠤᠩᠭᠤᠯ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠳᠠᠬᠢ ᠠᠨᠠᠭᠠᠬᠤ ᠤᠬᠠᠭᠠᠨ ᠤ

ᠳᠡᠭᠡᠳᠦ ᠰᠤᠷᠭᠠᠭᠤᠯᠢ ᠭᠡᠵᠦ ᠨᠡᠷᠡᠶᠢᠳᠪᠡ᠃

     ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠲᠠᠯᠠᠪᠠᠶ ᠨᠢ 70 ᠭᠠᠷᠤᠶ ᠲᠦᠮᠡᠨ ᠲᠡᠭᠰᠢ

ᠳᠥᠷᠪᠡᠯᠵᠢᠨ ᠮᠧᠲᠷ᠂ ᠭᠡᠷ ᠪᠠᠷᠢᠯᠭ᠎ᠠ ᠶᠢᠨ ᠲᠠᠯᠠᠪᠠᠶ ᠨᠢ 29.76 ᠲᠦᠮᠡᠨ ᠲᠡᠭᠰᠢ ᠳᠥᠷᠪᠡᠯᠵᠢᠨ ᠮᠧᠲᠷ᠃ ᠪᠦᠬᠦᠯᠢ

ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠭᠠᠨ ᠬᠥᠮᠦᠵᠢᠯ᠂ ᠰᠣᠳᠤᠯᠬᠤ ᠰᠤᠷᠤᠭᠴᠢ ᠶᠢᠨ ᠰᠤᠷᠭᠠᠨ

ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠥᠵᠢᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠯᠠᠨ ᠳᠡᠰ

ᠳᠠᠪᠬᠤᠷᠭᠠᠲᠤ ᠰᠤᠷᠭᠠᠭᠤᠯᠢ ᠡᠷᠭᠢᠯᠡᠬᠦ ᠪᠠᠶᠢᠷᠢᠰᠢᠯ ᠪᠠ ᠠᠨᠠᠭᠠᠬᠤ ᠤᠬᠠᠭᠠᠨ ᠢᠶᠠᠷ  ᠭᠤᠣᠯᠯᠠᠭᠤᠯᠤᠭᠰᠠᠨ᠂

ᠬᠠᠤᠯᠢ ᠶᠢᠨ ᠤᠬᠠᠭᠠᠨ᠂ ᠰᠤᠷᠭᠠᠨ ᠬᠥᠮᠦᠵᠢᠯ ᠤᠨ ᠤᠬᠠᠭᠠᠨ᠂ ᠤᠳᠬ᠎ᠠ ᠵᠣᠬᠢᠶᠠᠯ᠂ ᠪᠠᠶᠢᠭᠠᠯᠢ ᠶᠢᠨ ᠰᠢᠨᠵᠢᠯᠡᠬᠦ

ᠤᠬᠠᠭᠠᠨ᠂ ᠬᠠᠮᠢᠶᠠᠷᠤᠯᠲᠠ ᠶᠢᠨ ᠤᠬᠠᠭᠠᠨ ᠢ ᠵᠣᠬᠢᠴᠠᠩᠭᠤᠶ ᠪᠠᠷ ᠬᠥᠭᠵᠢᠭᠦᠯᠦᠭᠰᠡᠨ ᠰᠢᠨᠵᠢᠯᠡᠭᠡᠨ ᠤ ᠰᠠᠯᠠᠭᠠᠨ ᠤ

ᠳᠣᠭᠲᠠᠯᠴᠠᠭ᠎ᠠ ᠶᠢ ᠪᠦᠷᠢᠳᠦᠭᠦᠯᠪᠡ᠃ 1997 ᠣᠨ ᠳᠤ ᠤᠤᠯ ᠤᠨ ᠤᠯᠤᠰ ᠤᠨ ᠰᠤᠷᠭᠠᠨ ᠬᠥᠮᠦᠵᠢᠯ ᠤᠨ

ᠵᠥᠪᠯᠡᠯ ᠤᠨ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠠᠵᠢᠯ ᠤᠨ ᠦᠨᠡᠯᠡᠨ ᠵᠢᠱᠢᠯᠲᠡ ᠳᠤ ᠬᠢᠷᠢ ᠲᠡᠩᠴᠡᠵᠦ᠂

2008 ᠣᠨ ᠳᠤ ᠰᠤᠷᠭᠠᠨ ᠬᠦᠮᠤᠵᠢᠯ ᠤᠨ ᠶᠠᠮᠤᠨ ᠤ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠠᠵᠢᠯ ᠤᠨ

ᠬᠢᠷᠢ ᠲᠦᠪᠰᠢᠨ ᠤ ᠦᠨᠡᠯᠡᠨ ᠵᠢᠱᠢᠯᠲᠡ ᠳᠤ ︽ᠰᠢᠯᠢᠳᠡᠭ︾ ᠢᠶᠠᠷ ᠦᠨᠡᠯᠡᠭᠳᠡᠵᠦ᠂ 2017 ᠣᠨ ᠳᠤ ᠰᠤᠷᠭᠠᠨ

ᠬᠦᠮᠤᠵᠢᠯ ᠤᠨ ᠶᠠᠮᠤᠨ ᠤ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠠᠵᠢᠯ ᠤᠨ ᠬᠢᠨᠠᠨ ᠪᠠᠶᠢᠴᠠᠭᠠᠯᠲᠠ ᠪᠠ

ᠦᠨᠡᠯᠡᠨ ᠵᠢᠱᠢᠯᠲᠡ ᠶᠢ ᠬᠦᠯᠢᠶᠡᠪᠡ᠃

     ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠨᠢ 16 ᠳᠡᠭᠡᠳᠦ ᠰᠤᠷᠭᠠᠭᠤᠯᠢ᠂ 10 ᠡᠮᠴᠢᠯᠡᠭᠡᠨ ᠤ

ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ 1 ᠣᠶᠤᠨ ᠮᠡᠳᠡᠷᠡᠯ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ

ᠪᠠ 34 ᠬᠠᠷᠢᠶᠠᠲᠤ ᠡᠮᠨᠡᠯᠭᠡ ᠶᠢᠨ ᠬᠤᠷᠢᠶ᠎ᠠ᠂ ᠵᠢᠭᠠᠨ ᠰᠤᠷᠭᠠᠯᠲᠠ ᠶᠢᠨ ᠡᠮᠨᠡᠯᠭᠡ ᠶᠢᠨ ᠬᠤᠷᠢᠶ᠎ᠠ ᠪᠠ ᠳᠠᠳᠤᠯᠭ᠎ᠠ ᠶᠢᠨ

ᠡᠮᠨᠡᠯᠭᠡ ᠶᠢᠨ ᠬᠤᠷᠢᠶ᠎ᠠ ᠲᠠᠢ᠂ ᠡᠭᠦᠨ ᠳᠤ ᠰᠢᠭᠤᠳ ᠬᠠᠷᠢᠶ᠎ᠠ  ᠬᠠᠷᠢᠶᠠᠲᠤ ᠡᠮᠨᠡᠯᠭᠡ ᠶᠢᠨ ᠬᠤᠷᠢᠶ᠎ᠠ 2 ᠪᠣᠶ᠃ ᠵᠢᠩᠬᠢᠨᠢ

ᠠᠩᠭᠢ ᠶᠢᠨ ᠲᠤᠰᠬᠠᠶ ᠮᠡᠷᠭᠡᠵᠢᠯ 22᠂ ᠤᠯᠤᠰ ᠤᠨ ᠳᠡᠰ ᠤᠨ ᠲᠡᠷᠢᠭᠦᠨ ᠤ ᠲᠤᠰᠬᠠᠶ ᠮᠡᠷᠭᠡᠵᠢᠯ ᠤᠨ

ᠪᠠᠶᠢᠭᠤᠯᠤᠯᠲᠠ ᠶᠢᠨ ᠴᠡᠭ 1᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠲᠤᠰᠬᠠᠶ ᠮᠡᠷᠭᠡᠵᠢᠯ ᠤᠨ

ᠪᠠᠶᠢᠭᠤᠯᠤᠯᠲᠠ ᠶᠢᠨ ᠴᠡᠭ 5 ᠶᠢ ᠨᠡᠭᠡᠭᠡᠵᠡᠶ᠃ ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠷᠠᠲᠤ ᠲᠡᠮᠳᠡᠭᠲᠦ ᠶᠢᠨ

ᠲᠤᠰᠬᠠᠶ ᠮᠡᠷᠭᠡᠵᠢᠯ 5 ᠪᠠᠶᠢᠵᠤ᠂ 2 ᠲᠤᠰᠬᠠᠶ ᠮᠡᠷᠭᠡᠵᠢᠯ ᠢ ᠭᠤᠣᠯᠳᠠᠯᠭᠠᠲᠠᠢ ᠪᠥᠲᠥᠭᠡᠨ ᠪᠠᠶᠢᠭᠤᠯᠪᠠ᠃ ᠰᠡᠷᠭᠡᠶᠢᠯᠡᠬᠦ

ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠪᠣᠯ ᠤᠯᠤᠰ ᠤᠨ ᠳᠡᠰ ᠤᠨ ᠤᠨᠴᠠᠯᠢᠬᠳᠤ ᠲᠤᠰᠬᠠᠶ ᠮᠡᠷᠭᠡᠵᠢᠯ ᠤᠨ

ᠪᠠᠶᠢᠭᠤᠯᠤᠯᠲᠠ ᠶᠢᠨ ᠴᠡᠭ ᠪᠣᠯᠬᠤ ᠪᠥᠭᠡᠳ ᠰᠤᠷᠭᠠᠨ ᠬᠦᠮᠤᠵᠢᠯ ᠤᠨ ᠶᠠᠮᠤᠨ ᠤ ᠠᠩᠬᠠᠳᠠᠭᠴᠢ ᠪᠦᠯᠦᠭ ᠤᠨ ᠣᠷᠣᠨ

ᠨᠤᠲᠤᠭ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ

ᠲᠤᠷᠰᠢᠯᠲᠠ ᠶᠢᠨ ᠴᠡᠭ ᠪᠣᠯᠤᠨ᠎ᠠ᠃ 19 ᠮᠤᠵᠢ᠂ ᠥᠪᠡᠷᠲᠡᠭᠡᠨ ᠵᠠᠰᠠᠬᠤ ᠣᠷᠣᠨ ᠠᠴᠠ ᠰᠣᠷᠣᠭᠴᠢ ᠡᠯᠰᠡᠵᠦ᠂ ᠣᠲᠣ

ᠡᠯ᠎ᠡ ᠱᠠᠲᠤᠨ ᠤ ᠡᠯ᠎ᠡ ᠲᠥᠷᠥᠯ ᠤᠨ ᠰᠣᠷᠣᠭᠴᠢ 13000 ᠭᠠᠷᠤᠶ ᠪᠣᠶ᠃

     ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠨᠢ 1980 ᠣᠨ ᠠᠴᠠ ᠡᠬᠢᠯᠡᠨ ᠰᠣᠳᠤᠯᠬᠤ

ᠰᠤᠷᠤᠭᠴᠢ ᠡᠯᠰᠡᠵᠦ᠂ 1986 ᠣᠨ ᠳᠤ ᠮᠠᠰᠲ᠋ᠧᠷ ᠴᠣᠯᠠᠯᠠᠬᠤ ᠡᠷᠬᠡ ᠣᠯᠭᠤᠭᠰᠠᠨ ᠨᠢᠭᠡᠴᠢ ᠪᠠᠷ ᠵᠥᠪᠰᠢᠶᠡᠷᠡᠭᠳᠡᠪᠡ᠃

ᠣᠲᠣ ᠠᠮᠢᠳᠤ ᠪᠣᠳᠠᠰ ᠤᠨ ᠤᠬᠠᠭᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠰᠡᠷᠭᠡᠶᠢᠯᠡᠬᠦ ᠠᠨᠠᠭᠠᠬᠤ

ᠤᠬᠠᠭᠠᠨ᠂ ᠡᠮᠴᠢᠯᠡᠭᠡᠨ ᠤ ᠠᠨᠠᠭᠠᠬᠤ ᠤᠬᠠᠭᠠᠨ᠂ ᠮᠠᠷᠺᠰ ᠤᠨ ᠦᠵᠡᠯ ᠤᠨ ᠣᠨᠣᠯ ᠵᠡᠷᠭᠡ 4 ᠨᠢᠭᠡᠳᠦᠭᠡᠷ ᠳᠡᠰ ᠤᠨ

ᠰᠢᠨᠵᠢᠯᠡᠭᠡᠨ ᠤ ᠰᠠᠯᠠᠭᠠᠨ ᠤ ᠮᠠᠰᠲ᠋ᠧᠷ ᠴᠣᠯᠠᠯᠠᠬᠤ ᠡᠷᠬᠡᠲᠦ ᠴᠡᠭ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂

ᠡᠮᠴᠢᠯᠡᠭᠡᠨ ᠤ ᠠᠨᠠᠭᠠᠬᠤ ᠤᠬᠠᠭᠠᠨ᠂ ᠡᠮ ᠤᠨ ᠤᠬᠠᠭᠠᠨ ᠵᠡᠷᠭᠡ 3 ᠮᠠᠰᠲ᠋ᠧᠷ ᠴᠣᠯᠠᠯᠠᠬᠤ ᠡᠷᠬᠡᠲᠦ ᠴᠡᠭ ᠲᠠᠢ᠃

     ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠳᠤ ᠤᠯᠤᠰ ᠤᠨ ᠡᠮᠴᠢᠯᠡᠭᠡᠨ ᠤ ᠠᠨᠠᠭᠠᠬᠤ

ᠤᠬᠠᠭᠠᠨ ᠤ ᠭᠤᠣᠯᠳᠠᠯᠭᠠᠲᠠᠢ ᠲᠤᠰᠬᠠᠶ ᠮᠡᠷᠭᠡᠵᠢᠯ 1᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠡᠷᠡᠭᠦᠯ

ᠬᠠᠮᠠᠭᠠᠯᠠᠯ ᠤᠨ ᠲᠡᠷᠢᠭᠦᠨ ᠤ ᠰᠢᠨᠵᠢᠯᠡᠭᠡᠨ ᠤ ᠰᠠᠯᠠᠭ᠎ᠠ 5᠂ ᠭᠤᠣᠯᠳᠠᠯᠭᠠᠲᠠᠢ ᠰᠢᠨᠵᠢᠯᠡᠭᠡᠨ ᠤ ᠰᠠᠯᠠᠭ᠎ᠠ 4᠂

ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ

ᠭᠤᠣᠯᠳᠠᠯᠭᠠᠲᠠᠢ ᠰᠢᠨᠵᠢᠯᠡᠭᠡᠨ ᠤ ᠰᠠᠯᠠᠭ᠎ᠠ 4 ᠪᠣᠶ᠃ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭᠠᠲᠠᠢ

ᠲᠤᠷᠰᠢᠯᠲᠠ ᠶᠢᠨ ᠲᠠᠰᠤᠭ 4᠂ ᠡᠮᠴᠢᠯᠡᠭᠡ ᠡᠷᠡᠭᠦᠯ ᠬᠠᠮᠠᠭᠠᠯᠠᠯ ᠤᠨ ᠭᠤᠣᠯᠳᠠᠯᠭᠠᠲᠠᠢ ᠲᠤᠷᠰᠢᠯᠲᠠ ᠶᠢᠨ ᠲᠠᠰᠤᠭ 2᠂

ᠳᠡᠭᠡᠳᠦ ᠰᠤᠷᠭᠠᠭᠤᠯᠢ ᠶᠢᠨ ᠭᠤᠣᠯᠳᠠᠯᠭᠠᠲᠠᠢ ᠲᠤᠷᠰᠢᠯᠲᠠ ᠶᠢᠨ ᠲᠠᠰᠤᠭ 1᠂ ᠲᠤᠷᠰᠢᠯᠲᠠ ᠶᠢᠨ ᠵᠢᠭᠠᠨ

ᠰᠤᠷᠭᠠᠯᠲᠠ ᠶᠢᠨ ᠳᠠᠭᠤᠷᠢᠶᠠᠯ ᠦᠵᠡᠭᠦᠯᠬᠦ ᠲᠥᠪ 5 ᠪᠣᠢ ᠪᠠ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ

ᠰᠤᠳᠤᠯᠭᠠᠨ ᠤ ᠲᠥᠪ 2᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ 5 ᠶᠢ ᠪᠠᠶᠢᠭᠤᠯᠪᠠ᠃

ᠥᠪᠡᠷᠲᠡᠭᠡᠨ ᠵᠠᠰᠠᠬᠤ ᠣᠷᠣᠨ ᠤ ᠭᠧᠨ ᠢᠶᠠᠷ ᠣᠨᠣᠰᠢᠯᠠᠬᠤ ᠰᠤᠳᠤᠯᠭᠠᠨ ᠤ ᠭᠠᠵᠠᠷ᠂ ᠬᠡᠷᠡᠭᠯᠡᠭᠡᠨ ᠤ ᠲᠤᠶᠠᠴᠢᠬᠤ

ᠰᠤᠳᠤᠯᠭᠠᠨ ᠤ ᠭᠠᠵᠠᠷ᠂ ᠰᠢᠩᠭᠡᠭᠡᠯᠲᠡ ᠶᠢᠨ ᠡᠪᠡᠳᠴᠢᠨ ᠢ ᠰᠤᠳᠤᠯᠬᠤ ᠭᠠᠵᠠᠷ᠂ ᠴᠢᠰᠤᠨ ᠳᠠᠷᠤᠯᠲᠠ ᠥᠨᠳᠥᠷ

ᠡᠪᠡᠳᠴᠢᠨ ᠢ ᠰᠤᠳᠤᠯᠬᠤ ᠭᠠᠵᠠᠷ᠂ ᠶᠡᠷᠦᠩᠬᠡᠶ ᠰᠠᠯᠠᠭᠠᠨ ᠤ ᠠᠨᠠᠭᠠᠬᠤ ᠤᠬᠠᠭᠠᠨ ᠤ ᠪᠣᠯᠪᠠᠰᠤᠷᠠᠭᠤᠯᠤᠯ ᠤᠨ ᠲᠥᠪ

ᠵᠡᠷᠭᠡ ᠪᠠᠶᠢᠭᠤᠯᠤᠮᠵᠢ ᠲᠠᠢ᠃

     ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠰᠤᠷᠭᠠᠭᠤᠯᠢ ᠶᠢᠨ 1463 ᠵᠦᠢᠯ ᠤᠨ

ᠡᠷᠳᠡᠮ ᠰᠢᠨᠵᠢᠯᠡᠭᠡᠨ ᠤ ᠲᠥᠰᠦᠯ ᠢ ᠵᠥᠪᠰᠢᠶᠡᠷᠡᠵᠦ᠂ ᠬᠤᠸᠠᠰᠢᠶᠠ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ 1᠂ ᠥᠪᠡᠷᠲᠡᠭᠡᠨ ᠵᠠᠰᠠᠬᠤ ᠣᠷᠣᠨ ᠤ

ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡᠳᠦᠭᠡᠷ ᠳᠡᠰ ᠤᠨ ᠱᠠᠩᠨᠠᠯ 1᠂ ᠥᠪᠡᠷᠲᠡᠭᠡᠨ ᠵᠠᠰᠠᠬᠤ ᠣᠷᠣᠨ ᠤ

ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠬᠤᠶᠠᠳᠤᠭᠠᠷ᠂

ᠭᠤᠷᠪᠠᠳᠤᠭᠠᠷ ᠳᠡᠰ ᠤᠨ ᠱᠠᠩᠨᠠᠯ 18 ᠵᠢᠴᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ

ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠱᠠᠩᠨᠠᠯ 6᠂ ᠢᠳᠡᠷ ᠵᠠᠯᠠᠭᠤ ᠨᠠᠰᠤᠨ ᠤ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠱᠠᠩᠨᠠᠯ 1᠂ ᠡᠭᠦᠳᠦᠯᠲᠡ ᠶᠢᠨ ᠲᠤᠰᠬᠠᠶ ᠠᠰᠢᠭ 12᠂

ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ 54 ᠶᠢ ᠭᠥᠷᠳᠡᠪᠡ᠃

     ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠳᠤ ᠪᠠᠭᠰᠢ ᠠᠵᠢᠯᠳᠡᠠ ᠠᠵᠢᠯᠴᠢᠠ 894᠂

ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ 15᠂ ᠮᠠᠰᠲ᠋ᠧᠷ ᠤᠨ ᠵᠢᠯᠣᠭᠤᠳᠣᠭᠴᠢ ᠪᠠᠭᠰᠢ 407 ᠪᠣᠶ᠃

ᠲᠦᠷᠤ ᠶᠢᠨ ᠶᠠᠪᠤᠳᠠᠯ ᠤᠨ ᠬᠤᠷᠢᠶᠠᠨ ᠤ ᠣᠨᠴᠠ ᠨᠥᠬᠦᠪᠥᠷᠢ ᠬᠦᠷᠳᠡᠵᠦ ᠪᠠᠶᠢᠭ᠎ᠠ ᠲᠤᠰᠬᠠᠢ ᠮᠡᠷᠭᠡᠵᠢᠯᠲᠡᠨ 20᠂

ᠤᠯᠤᠰ ᠤᠨ ᠵᠠᠭᠤ ᠮᠢᠩᠭ᠎ᠠ ᠲᠦᠮᠡᠨ ᠬᠥᠮᠦᠨ ᠤ ᠴᠢᠳᠠᠪᠤᠷᠢᠲᠠᠨ ᠤ ᠢᠨᠵᠧᠨᠧᠷᠢᠩ ᠲᠤ 1 ᠬᠥᠮᠦᠨ᠂ ᠤᠯᠤᠰ ᠤᠨ

ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠠᠯᠠᠭᠤ ᠲᠤᠰᠬᠠᠢ ᠮᠡᠷᠭᠡᠵᠢᠯᠲᠡᠨ 1᠂ ᠤᠯᠤᠰ ᠤᠨ ᠳᠡᠰ ᠤᠨ

ᠪᠣᠳᠠᠰ ᠤᠨ ᠪᠤᠰᠤ ᠰᠣᠶᠣᠯ ᠤᠨ ᠥᠪ ᠤᠨ ᠲᠥᠯᠦᠭᠡᠯᠡᠬᠦ ᠴᠢᠨᠠᠷᠲᠠᠢ ᠤᠯᠠᠮᠵᠢᠯᠠᠭᠴᠢ 1 ᠬᠥᠮᠦᠨ ᠪᠤᠢ᠃

ᠰᠤᠷᠭᠠᠭᠤᠯᠢ ᠨᠢ ᠤᠷᠢᠳ ᠬᠤᠵᠢᠳ ᠮᠣᠩᠭᠤᠯ ᠤᠯᠤᠰ ᠤᠨ ᠤᠯᠤᠰ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂

ᠣᠷᠣᠰ ᠤᠨ ᠫᠷᠢᠸᠤᠯᠼᠺᠢ ᠰᠤᠳᠤᠯᠭᠠᠨ ᠤ ᠬᠡᠯᠪᠡᠷᠢᠲᠦ ᠠᠨᠠᠭᠠᠬᠤ ᠤᠬᠠᠭᠠᠨ ᠤ ᠶᠡᠭᠡ ᠰᠤᠷᠭᠠᠭᠤᠯᠢ ᠵᠡᠷᠭᠡ

ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ

ᠪᠠᠶᠢᠭᠤᠯᠤᠮᠵᠢ ᠲᠠᠢ ᠰᠣᠯᠢᠯᠴᠠᠭ᠎ᠠ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠪᠠ᠃

     ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠭᠠᠰᠢ᠂ ᠦᠶ᠎ᠡ ᠦᠶ᠎ᠡ ᠶᠢᠨ ᠡᠮᠴᠢ ᠨᠡᠷ ᠤᠯᠤᠰ ᠪᠠ ᠥᠪᠡᠷᠲᠡᠭᠡᠨ

ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃

ᠠᠯᠳᠠᠷᠲᠤ ᠴᠢᠰᠤᠨ ᠤ ᠤᠯᠠᠭᠠᠨ ᠤᠭᠤᠷᠠᠭ ᠤᠨ ᠰᠤᠳᠤᠯᠭᠠᠨ ᠤ ᠲᠤᠰᠬᠠᠶ ᠮᠡᠷᠭᠡᠵᠢᠯᠲᠡᠨ ᠫᠷᠣᠹᠧᠰᠰᠤᠷ ᠴᠢᠨ ᠸᠧᠨ

ᠪᠢᠨ ᠤᠯᠤᠰ ᠤᠨ ᠳᠣᠲᠣᠭᠠᠳᠤ ᠳᠤ ᠠᠩᠬ᠎ᠠ ᠤᠳᠠᠭ᠎ᠠ ᠴᠢᠰᠤᠨ ᠤ ᠤᠯᠠᠭᠠᠨ ᠤᠭᠤᠷᠠᠭ A2 ᠤᠨ ᠦᠵᠡᠭᠳᠡᠯ ᠢ

ᠢᠯᠡᠷᠡᠭᠦᠯᠵᠦ᠂ 1978 ᠣᠨ ᠳᠤ ᠪᠥᠬᠦ ᠤᠯᠤᠰ ᠤᠨ ᠰᠢᠨᠵᠢᠯᠡᠬᠦ ᠤᠬᠠᠭᠠᠨ ᠤ ᠶᠡᠭᠡ ᠬᠤᠷᠠᠯ ᠳᠡᠭᠡᠷ᠎ᠡ ᠲᠡᠷᠢᠭᠦᠨ ᠤ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠱᠠᠩᠨᠠᠯ ᠢ ᠭᠥᠷᠳᠡᠪᠡ᠃ ᠲᠤᠮᠳᠠᠳᠤ ᠤᠯᠤᠰ ᠤᠨ

ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠳ᠋ᠦᠩ ᠡᠯ ᠳ᠋ᠠᠨ᠂ ᠭᠤᠤ ᠴᠠᠩ ᠴᠢᠩ ᠢᠶᠠᠷ ᠲᠥᠯᠦᠭᠡᠯᠡᠭᠦᠯᠦᠭᠰᠡᠨ

7 ᠲᠦᠮᠡ ᠭᠠᠷᠤᠶ ᠰᠢᠯᠢᠳᠡᠭ ᠲᠡᠭᠦᠰᠬᠦ ᠰᠤᠷᠤᠭᠴᠢ ᠢ ᠬᠥᠮᠦᠵᠢᠭᠦᠯᠪᠡ᠃ ᠰᠤᠷᠭᠠᠭᠤᠯᠢ ᠶᠢᠨ ᠨᠠᠶᠢᠵᠠ ᠸᠠᠩ ᠸᠧᠨ

ᠿᠦᠢ᠂ ᠮᠠ ᠵᠢᠶᠠᠨ ᠰᠢᠨ᠂ ᠱᠢ ᠵᠠᠨ ᠬᠤᠸᠠ ︽ᠪᠥᠬᠦ ᠤᠯᠤᠰ ᠤᠨ ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ

ᠬᠢᠵᠢᠭ ᠢ ᠡᠰᠡᠷᠭᠦᠴᠡᠭᠰᠡᠨ ᠲᠡᠷᠢᠭᠦᠨ ᠤ ᠬᠤᠪᠢ ᠬᠥᠮᠦᠨ︾ ᠭᠡᠬᠦ ᠴᠣᠯᠠ ᠭᠥᠷᠳᠡᠪᠡ᠃

     ᠣᠳᠣᠬᠠᠨ ᠳᠤ᠂ ᠪᠥᠬᠦ ᠰᠤᠷᠭᠠᠭᠤᠯᠢ ᠶᠢᠨ ᠪᠠᠭᠰᠢ ᠰᠣᠷᠣᠭᠴᠢ ᠠᠵᠢᠯᠲᠠᠨ ᠠᠵᠢᠯᠴᠢᠨ᠂ ᠰᠢ ᠶᠢᠨ ᠫᠢᠩ ᠶᠢᠨ

ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠪᠥᠬᠦᠢ ᠨᠡᠶᠢᠭᠡᠮ ᠵᠢᠷᠦᠮ ᠤᠨ ᠦᠵᠡᠯ ᠰᠠᠨᠠᠭᠠᠨ ᠤ

ᠵᠢᠯᠣᠭᠤᠳᠣᠯᠭ᠎ᠠ ᠳᠣᠤᠷ᠎ᠠ᠂ ︽ᠪᠦᠯᠬᠦᠮᠳᠡᠬᠦ᠂ ᠠᠵᠢᠯ  ᠦᠢᠯᠡᠰ ᠢᠶᠠᠨ ᠳᠡᠭᠡᠳᠦᠯᠡᠬᠦ᠂ ᠦᠨᠡᠨ ᠢ ᠪᠠᠷᠢᠮᠲᠠᠯᠠᠬᠤ᠂ ᠰᠢᠨ᠎ᠡ ᠶᠢ

ᠡᠭᠦᠳᠬᠦ︾ ᠰᠤᠷᠭᠠᠭᠤᠯᠢ ᠶᠢᠨ ᠰᠤᠷᠭᠠᠯ ᠢᠶᠠᠨ ᠵᠠᠯᠭᠠᠮᠵᠢᠯᠠᠵᠤ᠂ ᠤᠯᠤᠰ ᠤᠨ ᠳᠣᠲᠣᠭᠠᠳᠤ ᠶᠢᠨ ᠵᠣᠬᠢᠬᠤ

ᠨᠥᠯᠥᠭᠡ ᠲᠠᠢ᠂ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠤᠨ ᠤ ᠲᠡᠷᠢᠭᠦᠨ ᠤ ᠬᠢᠷᠢ ᠲᠦᠪᠰᠢᠨ ᠳᠤ

ᠪᠠᠶᠢᠬᠤ᠂ ᠰᠤᠷᠭᠠᠭᠤᠯᠢ ᠡᠷᠭᠢᠯᠡᠬᠦ ᠣᠨᠴᠠᠯᠢᠭ ᠢᠶᠠᠷ ᠢᠯᠡ ᠲᠣᠳᠣ ᠳᠡᠭᠡᠳᠦ ᠵᠡᠷᠭᠡ ᠶᠢᠨ ᠡᠮᠨᠡᠯᠭᠡ ᠶᠢᠨ ᠳᠡᠭᠡᠳᠦ

ᠰᠤᠷᠭᠠᠭᠤᠯᠢ ᠶᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠵᠦ ᠪᠣᠢ︕

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map