ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/5/27
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ       — ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾                ᠡᠷᠡᠯᠬᠡᠭᠯᠡᠨ ᠤᠷᠤᠭᠰᠢᠯᠠᠵᠤ ᠪᠠᠶᠢᠭ᠎ᠠ ᠦᠪᠦᠷ ᠮᠤᠩᠭᠤᠯ ᠤᠨ                ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

     ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ‍ᠤᠨ‌‍ᠲ᠋ᠡᠭᠡᠳᠦ ᠰᠤᠷᠭᠠᠭᠤᠯᠢ ᠪᠣᠯ ᠥᠪᠡᠷᠲᠡᠭᠡᠨ ᠵᠠᠰᠠᠬᠤ

ᠣᠷᠣᠨ ᠤ ᠲᠥᠪ ᠬᠥᠬᠡᠬᠤᠲᠠ ᠶᠢᠨ ᠶᠡᠭᠡ ᠰᠤᠷᠭᠠᠭᠤᠯᠢ ᠶᠢᠨ ᠲᠣᠭᠤᠷᠢᠭ ᠲᠤ ᠪᠠᠶᠢᠷᠢᠯᠠᠵᠤ᠂ 1984 ᠣᠨ ᠳᠤ

ᠡᠬᠢᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ

ᠵᠥᠪᠰᠢᠶᠡᠷᠡᠭᠦᠯᠦᠭᠰᠡᠨ᠂ ᠤᠯᠤᠰ ᠤᠨ ᠰᠤᠷᠭᠠᠨ ᠬᠥᠮᠦᠵᠢᠯ ᠤᠨ ᠶᠠᠮᠤᠨ ᠳᠤ ᠳᠠᠩᠰᠠᠯᠠᠭᠤᠯᠤᠭᠰᠠᠨ᠂ ᠤᠯᠤᠰ ᠤᠨ

ᠲᠥᠯᠦᠪᠯᠡᠭᠡ ᠪᠠᠷ ᠨᠢᠭᠡᠳᠦᠯᠲᠡᠢ ᠰᠤᠷᠤᠭᠴᠢ ᠡᠯᠰᠡᠭᠰᠡᠨ ᠪᠦᠬᠦᠯᠢ ᠡᠳᠦᠷ ᠤᠨ ᠳᠦᠷᠢᠮᠲᠦ ᠶᠡᠷᠦᠩᠬᠡᠶᠢᠯᠡᠭᠰᠡᠨ ᠡᠩ ᠤᠨ

ᠳᠡᠭᠡᠳᠦ ᠰᠤᠷᠭᠠᠭᠤᠯᠢ ᠪᠣᠯᠤᠨ᠎ᠠ᠃ ᠰᠤᠷᠭᠠᠭᠤᠯᠢ ᠨᠢ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂

ᠶᠣᠰᠣ ᠰᠤᠷᠲᠠᠬᠤᠨ ᠢ ᠪᠤᠢ ᠪᠣᠯᠭᠠᠨ ᠬᠥᠮᠦᠨ ᠢ ᠬᠥᠮᠦᠵᠢᠭᠦᠯᠬᠦ᠂ ᠪᠦᠬᠦ ᠲᠠᠯ᠎ᠠ ᠪᠠᠷ ᠬᠥᠭᠵᠢᠭᠦᠯᠬᠦ᠂ ᠬᠥᠮᠦᠨ ᠢ

ᠬᠥᠮᠦᠵᠢᠭᠦᠯᠵᠦ ᠤᠯᠤᠰ ᠲᠤ ᠪᠠᠨ ᠵᠢᠳᠬᠦᠭᠦᠯᠬᠦ︾ ᠰᠤᠷᠭᠠᠭᠤᠯᠢ ᠡᠷᠬᠢᠯᠡᠬᠦ ᠣᠨᠣᠯᠵᠢᠬᠤᠨ ᠢ ᠢᠮᠠᠭᠲᠠ ᠪᠠᠷᠢᠮᠲᠠᠯᠠᠵᠤ᠂

ᠤᠷᠢᠳ ᠬᠤᠵᠢᠳ ᠰᠤᠷᠭᠠᠨ ᠬᠥᠮᠦᠵᠢᠯ ᠤᠨ ᠲᠢᠩᠬᠢᠮ ᠳᠤ ︽ᠰᠤᠷᠭᠠᠨ ᠬᠥᠮᠦᠵᠢᠯ ᠤᠨ ᠳᠠᠭᠤᠷᠢᠶᠠᠯ ᠦᠵᠡᠭᠦᠯᠬᠦ

ᠰᠤᠷᠭᠠᠭᠤᠯᠢ︾᠂ ︽ᠰᠤᠷᠭᠠᠭᠤᠯᠢ ᠡᠷᠬᠢᠯᠡᠭᠰᠡᠨ ᠰᠢᠯᠢᠳᠡᠭ ᠨᠢᠭᠡᠴᠢ︾᠂ ︽ᠬᠠᠤᠯᠢ ᠪᠠᠷ ᠰᠤᠷᠭᠠᠭᠤᠯᠢ ᠪᠠᠨ ᠵᠠᠰᠠᠬᠤ

ᠳᠠᠭᠤᠷᠢᠶᠠᠯ ᠦᠵᠡᠭᠦᠯᠬᠦ ᠰᠤᠷᠭᠠᠭᠤᠯᠢ︾᠂ ︽ᠠᠵᠢᠯ ᠣᠯᠭᠤᠯᠲᠠ ᠶᠢᠨ ᠳᠠᠭᠤᠷᠢᠶᠠᠯ ᠦᠵᠡᠭᠦᠯᠬᠦ 100 ᠬᠦᠴᠦᠷᠬᠡᠭ ᠤᠨ

ᠨᠢᠭᠡᠨ︾᠂ ︽ᠵᠠᠭᠤᠨ ᠰᠢᠯᠢᠳᠡᠭ ᠰᠤᠷᠤᠭᠴᠢ ᠶᠢᠨ ᠡᠭᠡ ᠰᠤᠷᠭᠠᠭᠤᠯᠢ︾ ᠵᠡᠷᠭᠡ ᠢᠷᠠᠭᠤ ᠠᠯᠳᠠᠷ ᠤᠨ ᠴᠣᠯᠠ ᠶᠢ

ᠭᠦᠷᠲᠡᠪᠡ᠃ ᠰᠤᠷᠭᠠᠭᠤᠯᠢ ᠶᠢᠨ ᠨᠠᠮ ᠤᠨ ᠵᠣᠬᠢᠶᠠᠨ ᠪᠠᠢᠭᠤᠯᠤᠯᠲᠠ ᠶᠢ 2011 ᠣᠨ ᠤ 7 ᠰᠠᠷ᠎ᠠ ᠪᠠ 2016

ᠣᠨ ᠤ 7 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠳᠡᠭᠡᠳᠦ ᠰᠤᠷᠭᠠᠭᠤᠯᠢ ᠶᠢᠨ

ᠠᠵᠢᠯ ᠤᠨ ᠬᠤᠷᠢᠶᠠᠨ ᠠᠴᠠ ᠲᠣᠰ ᠲᠣᠰ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ︾

ᠭᠡᠰᠡᠨ ᠬᠦᠨᠳᠦᠲᠦ ᠴᠣᠯᠠ ᠪᠠᠷ ᠴᠤᠯᠠᠯᠠᠪᠠ᠃

     ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠪᠠᠷᠤᠭ 521 ᠮᠥ

ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 12 ᠲᠦᠮᠡᠨ ᠲᠡᠭᠰᠢ ᠳᠥᠷᠪᠡᠯᠵᠢᠨ ᠮᠧᠲᠷ᠂ ᠵᠢᠭᠠᠨ

ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ ᠨᠢ 1600 ᠭᠠᠷᠤᠶ ᠲᠦᠮᠡᠨ ᠲᠥᠭᠦᠷᠢᠭ᠂

ᠡᠯ᠎ᠡ ᠲᠥᠷᠥᠯ ᠤᠨ ᠨᠣᠮ ᠪᠢᠴᠢᠭ ᠮᠠᠲ᠋ᠧᠷᠢᠶᠠᠯ 23 ᠲᠦᠮᠡ ᠭᠠᠷᠤᠶ ᠳᠡᠪᠲᠡᠷ ᠪᠣᠢ︔ ᠰᠤᠷᠭᠠᠭᠤᠯᠢ ᠳᠤ  

ᠪᠠᠷᠢᠮᠵᠢᠶᠠᠵᠢᠭᠤᠯᠤᠭᠰᠠᠨ ᠰᠤᠪᠢᠯᠠᠯᠲᠠ᠂ ᠨᠢᠭᠲᠠᠯᠠᠨ ᠪᠤᠳᠤᠭᠴᠢ ᠶᠢᠨ ᠳᠠᠳᠤᠯᠭ᠎ᠠ ᠪᠣᠯᠪᠠᠰᠤᠷᠠᠯ ᠤᠨ ᠲᠥᠪ᠂ ᠬᠢᠲᠠᠳ

ᠡᠮ ᠨᠠᠶᠢᠷᠠᠭᠤᠯᠬᠤ ᠳᠠᠳᠤᠯᠭ᠎ᠠ ᠪᠣᠯᠪᠠᠰᠤᠷᠠᠯ ᠤᠨ ᠲᠠᠰᠤᠭ᠂ ᠺᠣᠮᠫᠢᠦ᠋ᠲ᠋ᠧᠷ ᠤᠨ ᠲᠠᠰᠤᠭ ᠵᠡᠷᠭᠡ ᠶᠢ ᠪᠠᠶᠢᠭᠤᠯᠪᠠ︔

ᠰᠤᠷᠭᠠᠭᠤᠯᠢ ᠳᠤ ᠦᠪᠦᠷ ᠮᠤᠩᠭᠤᠯ ᠤᠨ ᠤᠮᠠᠷᠠᠲᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ

ᠬᠠᠷᠢᠶᠠᠲᠤ ᠡᠮᠨᠡᠯᠭᠡ ᠶᠢᠨ ᠬᠤᠷᠢᠶ᠎ᠠ᠂ ᠬᠥᠳᠡᠭᠡ ᠲᠣᠰᠬᠤᠨ ᠤ ᠡᠮ ᠡᠮᠨᠡᠯᠭᠡ ᠶᠢᠨ ᠰᠣᠨᠢᠨ ᠤ ᠬᠤᠷᠢᠶ᠎ᠠ᠂ ᠱᠧᠩ ᠪᠠᠩ

ᠵᠢᠯᠣᠭᠤᠴᠢ ᠶᠢᠨ ᠰᠤᠷᠭᠠᠭᠤᠯᠢ ᠲᠠᠢ᠃ ᠰᠤᠷᠭᠠᠭᠤᠯᠢ ᠨᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ

ᠠᠷᠠᠳ ᠤᠨ ᠡᠮᠨᠡᠯᠭᠡ ᠶᠢᠨ ᠬᠤᠷᠢᠶ᠎ᠠ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ

ᠬᠠᠷᠢᠶᠠᠲᠤ ᠡᠮᠨᠡᠯᠭᠡ ᠶᠢᠨ ᠬᠤᠷᠢᠶ᠎ᠠ᠂ ᠦᠪᠦᠷ ᠮᠤᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ

ᠵᠡᠷᠭᠡ 10 ᠭᠠᠷᠤᠶ ᠭᠤᠷᠪᠠᠳᠤᠭᠠᠷ ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠲᠠᠢ ᠵᠢᠭᠠᠨ ᠰᠤᠷᠭᠠᠯᠲᠠ ᠶᠢᠨ

ᠬᠠᠷᠢᠴᠠᠭ᠎ᠠ ᠪᠠᠶᠢᠭᠤᠯᠤᠭᠰᠠᠨ ᠤ ᠬᠠᠮᠲᠤ 60 ᠭᠠᠷᠤᠶ ᠰᠤᠷᠭᠠᠭᠤᠯᠢ ᠶᠢᠨ ᠭᠠᠳᠠᠨᠠᠬᠢ ᠳᠠᠳᠤᠯᠭ᠎ᠠ ᠪᠣᠯᠪᠠᠰᠤᠷᠠᠯ ᠤᠨ

ᠰᠠᠭᠤᠷᠢᠨ ᠭᠠᠵᠠᠷ ᠪᠠᠶᠢᠭᠤᠯᠤᠭᠰᠠᠨ ᠪᠥᠭᠡᠳ ᠣᠷᠣᠨ ᠤ ᠳᠣᠲᠣᠷᠠᠬᠢ ᠬᠤᠯᠪᠤᠭᠳᠠᠬᠤ ᠵᠢᠩᠬᠢᠨᠢ ᠠᠩᠭᠢ ᠶᠢᠨ ᠳᠡᠭᠡᠳᠦ

ᠰᠤᠷᠭᠠᠭᠤᠯᠢ ᠲᠠᠢ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠬᠠᠮᠲᠤᠷᠠᠯᠴᠠᠭᠠᠨ ᠤ

ᠬᠠᠷᠢᠴᠠᠭ᠎ᠠ ᠪᠠᠶᠢᠭᠤᠯᠤᠭᠰᠠᠨ ᠪᠠᠶᠢᠨ᠎ᠠ᠃

     ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠤᠪᠢᠯᠠᠯᠲᠠ ᠶᠢᠨ

ᠳᠡᠭᠡᠳᠦ ᠰᠤᠷᠭᠠᠭᠤᠯᠢ᠂ ᠠᠨᠠᠭᠠᠬᠤ ᠤᠬᠠᠭᠠᠨ ᠤ ᠰᠠᠯᠪᠤᠷᠢ᠂ ᠪᠠᠶᠢᠭᠠᠯᠢ ᠲᠧᠭᠨᠢᠭ ᠤᠨ ᠤᠬᠠᠭᠠᠨ ᠤ ᠰᠠᠯᠪᠤᠷᠢ᠂ ᠠᠵᠤ

ᠠᠬᠤᠶ ᠶᠢᠨ ᠬᠠᠮᠢᠶᠠᠷᠤᠯᠲᠠ ᠶᠢᠨ ᠰᠠᠯᠪᠤᠷᠢ᠂  ᠦᠷᠭᠦᠯᠵᠢᠯᠡᠯ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠪᠠ

ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠲᠥᠪ᠂ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠲᠥᠪ ᠲᠠᠢ

ᠪᠠᠶᠢᠵᠤ᠂ ᠬᠢᠲᠠᠳ ᠠᠨᠠᠭᠠᠬᠤ ᠤᠬᠠᠭᠠᠨ᠂ ᠵᠡᠭᠦᠤ ᠲᠥᠭᠡᠨᠡᠯᠭᠡ ᠢᠯᠢᠯᠲᠡ᠂ ᠰᠣᠪᠢᠯᠠᠯᠲᠠ᠂ ᠠᠮᠠᠨ ᠬᠥᠨᠳᠡᠶ ᠶᠢᠨ

ᠠᠨᠠᠭᠠᠬᠤ ᠤᠬᠠᠭᠠᠨ ᠤ ᠮᠡᠷᠭᠡᠵᠢᠯ᠂ ᠡᠷᠡᠭᠦᠯᠵᠢᠭᠦᠯᠬᠦ ᠡᠮᠴᠢᠯᠡᠭᠡᠨ ᠤ ᠮᠡᠷᠭᠡᠵᠢᠯ᠂ ᠨᠢᠭᠲᠠᠯᠠᠨ ᠪᠣᠳᠤᠭᠴᠢ᠂ ᠡᠮ ᠤᠨ

ᠵᠦᠢᠯ ᠤᠨ ᠡᠵᠡᠩᠨᠡᠯᠲᠡ ᠪᠠ ᠬᠠᠮᠢᠶᠠᠷᠤᠯᠲᠠ᠂ ᠳᠡᠭᠡᠳᠦ ᠬᠤᠷᠳᠤᠴᠠᠲᠤ ᠲᠡᠮᠦᠷ ᠵᠠᠮ ᠤᠨ ᠠᠶᠠᠨᠴᠢᠳ ᠤᠨ

ᠲᠡᠭᠡᠭᠡᠪᠦᠷᠢ ᠶᠢᠨ ᠶᠠᠪᠤᠳᠠᠯ ᠵᠡᠷᠭᠡ 28 ᠲᠤᠰᠬᠠᠶ ᠮᠡᠷᠭᠡᠵᠢᠯ ᠲᠠᠢ᠃ ᠡᠮᠨᠡᠯᠭᠡ᠂ ᠰᠤᠪᠢᠯᠠᠯᠲᠠ ᠶᠢᠨ ᠲᠤᠰᠬᠠᠶ

ᠮᠡᠷᠭᠡᠵᠢᠯ ᠢᠶᠠᠷ ᠣᠨᠴᠠᠯᠢᠭ ᠪᠣᠯᠭᠠᠭᠰᠠᠨ᠂ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠪᠠ ᠠᠵᠤ ᠠᠬᠤᠶ ᠶᠢᠨ

ᠬᠠᠮᠢᠶᠠᠷᠤᠯᠲᠠ ᠶᠢᠨ ᠲᠥᠷᠥᠯ ᠤᠨ ᠲᠤᠰᠬᠠᠶ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠭᠰᠠᠨ ᠲᠤᠰᠬᠠᠶ ᠮᠡᠷᠭᠡᠵᠢᠯ ᠤᠨ

ᠴᠤᠭᠯᠠᠷᠠᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠪᠠᠷ ᠭᠤᠤᠯᠳᠠᠯᠭ᠎ᠠ

ᠪᠣᠯᠭᠠᠭᠰᠠᠨ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠵᠢᠴᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠶᠢ

ᠦᠨᠳᠦᠰᠦᠨ ᠠᠩᠭᠢ ᠶᠢᠨ ᠰᠤᠷᠭᠠᠨ ᠬᠥᠮᠦᠵᠢᠯ ᠲᠡᠶᠢᠰᠢ ᠦᠷᠭᠦᠯᠵᠢᠯᠡᠭᠦᠯᠬᠦ᠂ ᠦᠷᠭᠦᠯᠵᠢᠯᠡᠯ ᠰᠤᠷᠭᠠᠨ

ᠬᠥᠮᠥᠵᠢᠯ ᠢᠶᠠᠷ ᠨᠥᠬᠦᠪᠥᠷᠢ ᠪᠣᠯᠭᠠᠭᠰᠠᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃ ᠰᠣᠪᠢᠯᠠᠯᠲᠠ ᠶᠢᠨ

ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠨᠠᠷᠠᠲᠤ ᠲᠡᠮᠳᠡᠭᠲᠦ ᠶᠢᠨ ᠲᠤᠰᠬᠠᠶ ᠮᠡᠷᠭᠡᠵᠢᠯ ᠢᠶᠠᠷ ᠦᠨᠡᠯᠡᠭᠳᠡᠵᠦ᠂

ᠰᠣᠪᠢᠯᠠᠯᠲᠠ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠨᠢ

ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠣᠯᠵᠤ᠂ ︽ᠰᠠᠭᠤᠷᠢ ᠰᠤᠪᠢᠯᠠᠯᠲᠠ︾᠂ ︽ᠳᠣᠲᠣᠷ ᠰᠠᠯᠠᠭᠠᠨ ᠤ

ᠰᠤᠪᠢᠯᠠᠯᠲᠠ ᠶᠢᠨ ᠰᠤᠳᠤᠯᠤᠯ︾᠂ ︽ᠰᠠᠭᠤᠷᠢ ᠨᠢᠭᠲᠠᠯᠠᠨ ᠪᠣᠳᠤᠬᠤ︾ ᠨᠢ ᠥᠪᠡᠷᠲᠡᠭᠡᠨ ᠵᠠᠰᠠᠬᠤ ᠣᠷᠣᠨ ᠤ ᠰᠣᠳᠣᠨ

ᠬᠢᠴᠢᠶᠡᠯ ᠢᠶᠠᠷ ᠦᠨᠡᠯᠡᠭᠳᠡᠪᠡ᠃

     ᠦᠪᠦᠷ ᠮᠤᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠰᠤᠷᠭᠠᠭᠤᠯᠢ

ᠡᠷᠬᠢᠯᠡᠭᠰᠡᠡ 37 ᠵᠢᠯ ᠤᠨ ᠲᠤᠷᠰᠢ᠂ ︽ᠦᠢᠯᠡᠳᠪᠦᠷᠢᠯᠡᠯ ᠪᠣᠯᠤᠨ ᠰᠤᠷᠭᠠᠨ ᠬᠥᠮᠦᠵᠢᠯ ᠢ ᠠᠭᠤᠰᠬᠠᠬᠤ᠂ ᠰᠤᠷᠭᠠᠭᠤᠯᠢ

ᠪᠣᠯᠤᠨ ᠠᠵᠤ ᠠᠬᠤᠶᠢᠯᠠᠯ ᠬᠠᠮᠲᠤᠷᠠᠬᠤ᠂ ᠠᠵᠤ ᠦᠢᠯᠡᠳᠪᠦᠷᠢ ᠪᠣᠯᠤᠨ ᠰᠤᠷᠭᠠᠨ ᠬᠥᠮᠦᠵᠢᠯ ᠢ ᠤᠶᠠᠯᠳᠤᠭᠤᠯᠬᠤ᠂

ᠮᠡᠳᠡᠯᠭᠡ ᠪᠣᠯᠤᠨ ᠦᠢᠯᠡ ᠠᠵᠢᠯᠯᠠᠭ᠎ᠠ ᠶᠢ ᠨᠢᠭᠡᠳᠬᠡᠬᠦ︾ ᠰᠤᠷᠭᠠᠭᠤᠯᠢ ᠡᠷᠬᠢᠯᠡᠬᠦ ᠬᠡᠪ ᠵᠠᠭᠪᠤᠷ ᠢ ᠪᠠᠷᠢᠮᠲᠠᠯᠠᠵᠤ᠂

︽ᠦᠢᠯᠡᠳᠪᠦᠷᠢᠯᠡᠬᠦ᠂ ᠰᠤᠷᠤᠯᠴᠠᠬᠤ᠂ ᠰᠤᠳᠤᠯᠬᠤ︾ ᠶᠢ ᠤᠶᠠᠯᠳᠤᠭᠤᠯᠬᠤ᠂ ᠣᠯᠠᠨ ᠡᠰᠢᠵᠢᠯᠲᠡ ᠢ ᠬᠥᠭᠵᠢᠭᠦᠯᠬᠦ

ᠰᠤᠷᠭᠠᠭᠤᠯᠢ ᠡᠷᠬᠢᠯᠡᠬᠦ ᠵᠠᠮ ᠢ ᠬᠠᠶᠢᠨ ᠰᠦᠪᠡᠭᠴᠢᠯᠡᠵᠦ ᠭᠠᠷᠭᠠᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map