ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠯᠠᠭᠤᠴᠤᠳ ᠤᠨ ᠤᠯᠤᠰ ᠲᠦᠷᠦ ᠶᠢᠨ ᠳᠡᠭᠡᠳᠦ ᠰᠤᠷᠭᠠᠭᠤᠯᠢ ᠠᠴᠠ ︽ᠠᠯᠲᠠᠨ ᠨᠡᠷᠡᠨ ᠤ ᠳᠣᠣᠷ᠎ᠠ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/5/31
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠪᠯᠡᠯ ᠤᠨ ᠰᠤᠷᠭᠠᠭᠤᠯᠢ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠯᠠᠭᠤᠴᠤᠳ ᠤᠨ ᠤᠯᠤᠰ ᠲᠦᠷᠦ ᠶᠢᠨ ᠳᠡᠭᠡᠳᠦ ᠰᠤᠷᠭᠠᠭᠤᠯᠢ      —︽ᠠᠯᠲᠠᠨ ᠨᠡᠷᠡᠨ ᠤ ᠳᠣᠣᠷ᠎ᠠ︾             ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠪᠯᠡᠯ ᠤᠨ ᠰᠤᠷᠭᠠᠭᠤᠯᠢ             ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠯᠠᠭᠤᠴᠤᠳ ᠤᠨ             ᠤᠯᠤᠰ ᠲᠥᠷᠦ ᠶᠢᠨ ᠳᠡᠭᠡᠳᠦ ᠰᠤᠷᠭᠠᠭᠤᠯᠢ

     ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠪᠯᠡᠯ ᠤᠨ ᠰᠤᠷᠭᠠᠭᠤᠯᠢ 1950 ᠣᠨ ᠤ 4

ᠰᠠᠷ᠎ᠠ ᠳᠤ ᠪᠠᠶᠢᠭᠤᠯᠤᠭᠳᠠᠵᠤ᠂ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠳᠤ

ᠪᠠᠶᠢᠭᠤᠯᠤᠭᠳᠠᠭᠰᠠᠨ ᠠᠩᠬᠠᠨ ᠤ ᠡᠪᠯᠡᠯ ᠤᠨ ᠬᠠᠷᠢᠶᠠᠲᠤ ᠰᠤᠷᠭᠠᠭᠤᠯᠢ ᠪᠣᠯᠤᠨ᠎ᠠ᠃ ᠲᠠᠯ᠎ᠠ ᠨᠤᠲᠤᠭ ᠲᠤ ᠠᠩᠬᠠᠳᠤᠭᠠᠷ

ᠬᠤᠭᠤᠴᠠᠭᠠᠨ ᠤ ᠡᠪᠯᠡᠯ ᠤᠨ ᠺᠠᠳ᠋ᠷᠴᠤᠳ ᠤᠨ ᠪᠣᠯᠪᠠᠰᠤᠷᠠᠭᠤᠯᠤᠯ ᠤᠨ ᠠᠩᠬᠢ ᠶᠢ ᠡᠷᠬᠢᠯᠡᠭᠰᠡᠨ ᠠᠴᠠ ᠤᠳᠤ ᠪᠣᠯᠲᠠᠯ᠎ᠠ᠂

ᠰᠤᠷᠭᠠᠭᠤᠯᠢ ᠨᠢ ᠬᠤᠪᠢᠰᠬᠠᠯ ᠤᠨ ᠣᠨᠤᠯ ᠢ ᠤᠯᠠᠮᠵᠢᠯᠠᠵᠤ᠂ ᠴᠢᠳᠠᠪᠤᠷᠢᠲᠠᠨ ᠢ ᠬᠥᠮᠦᠵᠢᠭᠦᠯᠵᠦ᠂ ᠲᠡᠷᠢᠭᠦᠨ ᠤ

ᠰᠣᠶᠣᠯ ᠢ ᠪᠠᠳᠠᠷᠠᠭᠤᠯᠵᠤ᠂ ᠰᠢᠯᠢᠳᠡᠭ ᠰᠠᠶᠢᠨ ᠰᠤᠷᠤᠯᠴᠠᠬᠤ ᠰᠤᠷᠲᠠᠯ ᠢ ᠪᠤᠢ ᠪᠣᠯᠭᠠᠵᠤ᠂ 70 ᠭᠠᠷᠤᠢ ᠵᠢᠯ ᠤᠨ ᠭᠡᠷᠡᠯ

ᠰᠠᠴᠤᠷᠠᠩᠭᠤᠢ ᠲᠡᠦᠬᠡ ᠲᠠᠢ ᠪᠣᠯᠵᠠᠢ᠃

     ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠪᠯᠡᠯ ᠤᠨ ᠰᠤᠷᠭᠠᠭᠤᠯᠢ ᠪᠣᠯ ᠥᠪᠡᠷᠲᠡᠭᠡᠨ ᠵᠠᠰᠠᠬᠤ

ᠣᠷᠣᠨ ᠤ ᠡᠪᠯᠡᠯ ᠤᠨ ᠬᠤᠷᠢᠶ᠎ᠠ ᠳᠤ ᠬᠠᠷᠢᠶᠠᠯᠠᠭᠳᠠᠬᠤ ᠳᠡᠰᠯᠡᠬᠦ ᠲᠢᠩᠬᠢᠮ ᠤᠨ ᠲᠠᠰ ᠤᠨ ᠠᠵᠢᠯ ᠦᠢᠯᠡᠰ ᠤᠨ ᠨᠢᠭᠡᠴᠢ

ᠪᠣᠯᠤᠨ᠎ᠠ᠂ ᠣᠲᠣ ᠳᠣᠲᠣᠭᠠᠳᠤ ᠳᠤ ᠪᠠᠨ ᠪᠠᠶᠢᠭᠤᠯᠤᠭᠰᠠᠨ ᠪᠠᠶᠢᠭᠤᠯᠤᠮᠵᠢ 24᠂ ᠪᠠᠭᠰᠢ ᠠᠵᠢᠯᠳᠡᠠ ᠠᠵᠢᠯᠴᠢᠠ

300 ᠭᠠᠷᠤᠶ᠂ ᠰᠤᠷᠭᠠᠭᠤᠯᠢ ᠳᠤ ᠪᠠᠶᠢᠭ᠎ᠠ ᠰᠣᠷᠣᠭᠴᠢ 5000 ᠭᠠᠷᠤᠶ ᠪᠣᠶ᠃ ᠳᠠᠯᠠᠨ ᠬᠠᠷ᠎ᠠ ᠠᠭᠤᠯᠠᠨ ᠤ ᠡᠮᠦᠨ᠎ᠡ

ᠬᠤᠷᠮᠣᠶ ᠳᠤ ᠪᠠᠶᠢᠷᠢᠯᠠᠵᠤ᠂ ᠰᠤᠷᠭᠠᠭᠤᠯᠢ ᠶᠢᠨ ᠬᠦᠷᠢᠶᠡᠨ ᠤ ᠲᠠᠯᠠᠪᠠᠶ ᠨᠢ 300 ᠭᠠᠷᠤᠶ ᠮᠥ ᠪᠠᠶᠢᠵᠤ᠂

ᠰᠤᠷᠭᠠᠭᠤᠯᠢ ᠶᠢᠨ ᠭᠡᠷ ᠪᠠᠷᠢᠯᠭ᠎ᠠ ᠶᠢᠨ ᠲᠠᠯᠠᠪᠠᠶ ᠨᠢ 6 ᠲᠦᠮᠡ ᠭᠠᠷᠤᠶ ᠲᠡᠭᠰᠢ ᠳᠥᠷᠪᠡᠯᠵᠢᠨ ᠮᠧᠲᠷ ᠪᠠᠶᠢᠳᠠᠭ᠃

ᠵᠠᠭᠤᠨ ᠡᠪᠡᠰᠦᠲᠦ ᠴᠡᠴᠡᠷᠯᠢᠭ ᠤᠨ ᠨᠣᠮᠢᠨ ᠨᠣᠭᠤᠭᠠᠨ ᠨᠠᠷᠠᠰᠤ ᠮᠠᠶᠢᠯᠠᠰᠤ ᠬᠢᠭᠡᠳ ᠰᠤᠷᠭᠠᠭᠤᠯᠢ ᠶᠢᠨ ᠭᠡᠷ ᠪᠠᠷᠢᠯᠭ᠎ᠠ

ᠥᠩᠭᠡ ᠢᠯᠭᠠᠷᠠᠨ᠂ ᠴᠡᠴᠡᠷᠯᠢᠭᠲᠦ ᠰᠤᠷᠭᠠᠭᠤᠯᠢ ᠰᠢᠭ᠋ ᠬᠠᠷᠠᠭᠳᠠᠨ᠎ᠠ᠃

     ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠪᠯᠡᠯ ᠤᠨ ᠰᠤᠷᠭᠠᠭᠤᠯᠢ ᠶᠢᠨ ᠬᠢᠨ ᠡᠪᠯᠡᠯ ᠤᠨ

ᠰᠤᠷᠭᠠᠭᠤᠯᠢ ᠶᠢᠨ ᠡᠭᠦᠷᠭᠡᠯᠡᠪᠡᠰᠦ ᠵᠣᠬᠢᠬᠤ ᠢᠷᠠᠭᠤ ᠠᠯᠳᠠᠷᠲᠤ ᠡᠭᠦᠷᠭᠡ ᠪᠠ ᠠᠷᠢᠭᠤᠨ ᠲᠠᠷᠬᠠᠨ ᠡᠭᠦᠷᠭᠡ

ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠡᠪᠯᠡᠯ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠭᠤᠣᠯ

ᠬᠠᠷᠢᠭᠤᠴᠠᠯᠭ᠎ᠠ ᠪᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠭᠰᠡᠭᠡᠷ ᠢᠷᠡᠵᠠᠢ᠃ 2005 ᠣᠨ ᠳᠤ᠂

ᠰᠤᠷᠭᠠᠭᠤᠯᠢ ᠶᠢ ᠲᠥᠪ ᠤᠨ ᠡᠪᠯᠡᠯ ᠤᠨ ᠰᠤᠷᠭᠠᠭᠤᠯᠢ ᠠᠴᠠ ︽ᠲᠥᠪ ᠤᠨ ᠡᠪᠯᠡᠯ ᠤᠨ ᠰᠤᠷᠭᠠᠭᠤᠯᠢ ᠶᠢᠨ ᠦᠪᠦᠷ

ᠮᠤᠩᠭᠤᠯ ᠳᠠᠬᠢ ᠪᠣᠯᠪᠠᠰᠤᠷᠠᠭᠤᠯᠤᠯ ᠤᠨ ᠰᠠᠭᠤᠷᠢᠨ︾ ᠭᠡᠵᠦ ᠨᠡᠷᠡᠶᠢᠳᠪᠡ︔ 2006 ᠣᠨ ᠳᠤ ︽ᠪᠦᠬᠦ ᠤᠯᠤᠰ ᠤᠨ

ᠡᠪᠯᠡᠯ ᠤᠨ ᠺᠠᠳ᠋ᠷᠴᠤᠳ ᠤᠨ ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ︾ ᠪᠣᠯᠭᠠᠪᠠ᠃ ︽ᠬᠤᠤᠰ ᠰᠠᠭᠤᠷᠢᠨ︾ ᠨᠢ

ᠮᠠᠨ ᠤ ᠤᠯᠤᠰ ᠤᠨ ᠪᠠᠷᠠᠭᠤᠨ ᠬᠤᠶᠢᠲᠤ ᠶᠢᠨ 6 ᠮᠤᠵᠢ ᠣᠷᠣᠨ ︵ᠱᠠᠨᠰᠢ᠂ ᠱᠠᠨ ᠰᠢ᠂ ᠬᠥᠬᠡᠨᠠᠭᠤᠷ᠂ ᠭᠠᠨᠰᠦ᠂

ᠨᠢᠩᠰᠢᠶᠠ᠂ ᠰᠢᠨᠵᠢᠶᠠᠩ︶ ᠵᠢᠴᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ 103 ᠬᠤᠰᠢᠭᠤ ᠰᠢᠶᠠᠨ

︵ᠲᠣᠭᠤᠷᠢᠭ︶ ᠤ ᠡᠪᠯᠡᠯ ᠤᠨ ᠺᠠᠳ᠋ᠷᠴᠤᠳ ᠤᠨ ᠪᠣᠯᠪᠠᠰᠤᠷᠠᠭᠤᠯᠤᠯ ᠤᠨ ᠡᠭᠦᠷᠭᠡ ᠶᠢ ᠡᠭᠦᠷᠭᠡᠯᠡᠵᠦ᠂ ᠵᠢᠯ ᠤᠨ

ᠪᠣᠯᠪᠠᠰᠤᠷᠠᠭᠤᠯᠤᠯ ᠤᠨ ᠬᠡᠪᠴᠢᠶ᠎ᠡ ᠨᠢ ᠪᠠᠷᠤᠭ 2000 ᠬᠥᠮᠦᠨ ᠤᠳᠠᠭ᠎ᠠ ᠪᠣᠯᠪᠠ᠃

     2000 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ

ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠪᠣᠯᠤᠨ ᠦᠪᠦᠷ ᠮᠤᠩᠭᠤᠯ ᠤᠨ

ᠪᠠᠭᠰᠢ ᠶᠢᠨ ᠶᠡᠭᠡ ᠰᠤᠷᠭᠠᠭᠤᠯᠢ ᠠᠴᠠ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠪᠯᠡᠯ ᠤᠨ

ᠰᠤᠷᠭᠠᠭᠤᠯᠢ ᠶᠢᠨ ᠰᠠᠭᠤᠷᠢᠨ ᠳᠡᠭᠡᠷ᠎ᠡ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ

ᠵᠠᠯᠠᠭᠤᠴᠤᠳ ᠤᠨ ᠤᠯᠤᠰ ᠲᠥᠷᠥ ᠶᠢᠨ ᠳᠡᠭᠡᠳᠦ ᠰᠤᠷᠭᠠᠭᠤᠯᠢ ᠶᠢ ᠪᠠᠶᠢᠭᠤᠯᠬᠤ ᠪᠠᠷ ᠪᠡᠯᠡᠳᠬᠡᠪᠡ᠃ ᠰᠤᠷᠭᠠᠭᠤᠯᠢ ᠨᠢ

2001 ᠣᠨ ᠠᠴᠠ ᠡᠬᠢᠯᠡᠨ ᠪᠦᠬᠦᠯᠢ ᠡᠳᠦᠷ ᠤᠨ ᠳᠦᠷᠢᠮᠲᠦ ᠲᠤᠰᠬᠠᠶ ᠮᠡᠷᠭᠡᠵᠢᠯ ᠤᠨ ᠰᠣᠷᠣᠭᠴᠢ ᠡᠯᠰᠡᠵᠦ᠂

2009 ᠣᠨ ᠠᠴᠠ ᠡᠬᠢᠯᠡᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ ᠡᠯᠰᠡᠵᠦ᠂

2015 ᠣᠨ ᠠᠴᠠ ᠡᠬᠢᠯᠡᠨ ᠮᠠᠰᠲ᠋ᠧᠷ ᠤᠨ ᠰᠣᠳᠤᠯᠬᠤ ᠰᠣᠷᠣᠭᠴᠢ ᠶᠢ ᠬᠠᠮᠲᠤᠷᠠᠨ ᠬᠥᠮᠦᠵᠢᠭᠦᠯᠪᠡ᠃ ᠣᠲᠣ

ᠮᠠᠰᠲ᠋ᠧᠷ ᠤᠨ ᠰᠣᠳᠤᠯᠬᠤ ᠰᠣᠷᠣᠭᠴᠢ ᠶᠢᠨ ᠲᠤᠰᠬᠠᠶ ᠮᠡᠷᠭᠡᠵᠢᠯ 2 ︵ᠬᠤᠷᠰᠢᠭᠰᠠᠨ︶᠂ ᠵᠢᠩᠬᠢᠨᠢ ᠠᠩᠭᠢ ᠶᠢᠨ

ᠲᠤᠰᠬᠠᠶ ᠮᠡᠷᠭᠡᠵᠢᠯ 12᠂ ᠲᠤᠰᠬᠠᠶ ᠮᠡᠷᠭᠡᠵᠢᠯ ᠤᠨ ᠠᠩᠭᠢ ᠶᠢᠨ ᠮᠡᠷᠭᠡᠵᠢᠯ 32 ᠪᠠᠶᠢᠵᠤ᠂ ᠥᠪᠡᠷᠲᠡᠭᠡᠨ ᠵᠠᠰᠠᠬᠤ

ᠣᠷᠣᠨ ᠤ ᠠᠵᠢᠯ ᠦᠢᠯᠡᠰ ᠤᠨ ᠬᠥᠭᠵᠢᠯᠲᠡ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ

ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠰᠢᠨᠵᠢᠯᠡᠭᠡᠨ ᠤ  ᠰᠠᠯᠠᠭᠠᠨ ᠤ ᠲᠤᠰᠬᠠᠶ ᠮᠡᠷᠭᠡᠵᠢᠯ ᠤᠨ ᠴᠤᠭᠯᠠᠷᠠᠯ ᠢ

ᠪᠣᠶ ᠪᠣᠯᠭᠠᠪᠠ᠃ ᠰᠤᠷᠭᠠᠭᠤᠯᠢ ᠨᠢ ᠨᠢᠭᠡᠨᠲᠡ ᠵᠠᠯᠠᠭᠤᠴᠤᠳ ᠪᠠᠭᠠᠴᠤᠳ ᠤᠨ ᠤᠨᠤᠯ ᠤᠨ ᠰᠤᠳᠤᠯᠭᠠᠨ ᠪᠣᠯᠤᠨ

ᠪᠠᠭᠰᠢ ᠶᠢᠨ ᠲᠦᠷᠦᠯ ᠤᠨ ᠲᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠤᠭᠰᠠᠨ᠂

ᠵᠠᠯᠠᠭᠤᠴᠤᠳ ᠤᠨ ᠠᠵᠢᠯ ᠤᠨ ᠲᠤᠰᠬᠠᠢ ᠴᠢᠳᠠᠪᠤᠷᠢᠲᠠᠨ ᠪᠣᠯᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ ᠢ

ᠬᠥᠮᠦᠵᠢᠭᠦᠯᠦᠨ ᠪᠣᠯᠪᠠᠰᠤᠷᠠᠭᠤᠯᠬᠤ ᠳᠡᠭᠡᠳᠦ ᠵᠡᠷᠭᠡ ᠶᠢᠨ ᠰᠤᠷᠭᠠᠭᠤᠯᠢ ᠪᠣᠯᠤᠨ ᠬᠥᠭᠵᠢᠵᠡᠢ᠃

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map