ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠠᠴᠠ ︽ᠬᠦᠰᠡᠯᠡᠩᠲᠦ ᠰᠠᠶᠢᠬᠠᠨ ᠬᠥᠳᠡᠭᠡ ᠲᠠᠯ᠎ᠠ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/5/31
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ      —︽ᠬᠦᠰᠡᠯᠡᠩᠲᠦ ᠰᠠᠶᠢᠬᠠᠨ ᠬᠥᠳᠡᠭᠡ ᠲᠠᠯ᠎ᠠ︾       ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ      ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ᠂ ︽ᠳᠡᠯᠡᠬᠡᠶ ᠶᠢᠨ ᠬᠤᠪᠣᠷ ᠰᠢᠷᠣᠶ ᠶᠢᠨ ᠬᠤᠲᠠ︾ ᠭᠡᠬᠦ ᠨᠡᠷᠡᠲᠦ ︽ᠲᠠᠯ᠎ᠠ ᠨᠤᠲᠤᠭ ᠤᠨ ᠪᠣᠯᠣᠳ ᠲᠡᠮᠦᠷ ᠤᠨ ᠬᠤᠲᠠ︾ — ᠪᠤᠭᠤᠲᠤ ᠬᠤᠲᠠ ᠳᠤ ᠪᠠᠶᠢᠷᠢᠯᠠᠵᠤ᠂ 60 ᠭᠠᠷᠤᠶ ᠵᠢᠯ ᠤᠨ ᠰᠤᠷᠭᠠᠭᠤᠯᠢ ᠡᠷᠬᠢᠯᠡᠭᠰᠡᠨ ᠦᠢᠯᠡᠳᠦᠯᠭᠡ ᠪᠠᠷ ᠳᠡᠮᠵᠢᠨ᠂ ᠨᠢᠭᠡᠨᠲᠡ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢᠶᠠᠷ ᠭᠤᠤᠯ ᠪᠣᠯᠭᠠᠭᠰᠠᠨ᠂ ᠰᠣᠳᠤᠯᠬᠤ ᠰᠣᠷᠤᠭᠴᠢ ᠶᠢᠨ ᠰᠤᠷᠭᠠᠨ ᠬᠥᠮᠦᠵᠢᠯ ᠪᠠ ᠦᠷᠭᠦᠯᠵᠢᠯᠡᠭᠰᠡᠨ ᠰᠤᠷᠭᠠᠨ ᠬᠥᠮᠥᠵᠢᠯ ᠢ ᠵᠣᠬᠢᠴᠠᠩᠭᠤᠶ ᠬᠥᠭᠵᠢᠭᠦᠯᠦᠭᠰᠡᠨ᠂ ᠠᠵᠢᠯ ᠳᠤ ᠭᠠᠷᠬᠤ ᠠᠴᠠ ᠡᠮᠦᠨᠡᠬᠢ ᠬᠥᠮᠦᠵᠢᠯ ᠪᠠ ᠠᠵᠢᠯ ᠳᠤ ᠣᠷᠣᠭᠰᠠᠨ ᠤ ᠳᠠᠷᠠᠭᠠᠬᠢ ᠪᠣᠯᠪᠠᠰᠤᠷᠠᠭᠤᠯᠤᠯ ᠢ ᠨᠢᠭᠡᠳᠬᠡᠭᠰᠡᠨ ᠡᠩ ᠤᠨ ᠳᠡᠭᠡᠳᠦ ᠵᠡᠷᠭᠡ ᠶᠢᠨ ᠪᠠᠭᠰᠢ ᠶᠢᠨ ᠰᠤᠷᠭᠠᠭᠤᠯᠢ ᠪᠣᠯᠵᠣ ᠬᠥᠭᠵᠢᠭᠰᠡᠨ ᠪᠠᠶᠢᠨ᠎ᠠ᠃

     ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠳᠤ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ

ᠮᠠᠰᠲ᠋ᠧᠷ ᠴᠣᠯᠠᠯᠠᠬᠤ ᠡᠷᠬᠡᠲᠦ ᠴᠡᠭ 4᠂ ᠬᠤᠶᠠᠳᠤᠭᠠᠷ ᠳᠡᠰ ᠤᠨ ᠰᠢᠨᠵᠢᠯᠡᠭᠡᠨ ᠤ ᠰᠠᠯᠠᠭᠠᠨ ᠤ ᠮᠠᠰᠲ᠋ᠧᠷ ᠴᠣᠯᠠᠯᠠᠬᠤ

ᠡᠷᠬᠡᠲᠦ ᠴᠡᠭ 2᠂ ᠳᠤᠰᠬᠠᠢ ᠮᠡᠷᠭᠡᠵᠢᠯ ᠤᠨ ᠮᠠᠰᠲ᠋ᠧᠷ ᠴᠣᠯᠠᠯᠠᠬᠤ ᠡᠷᠬᠡᠲᠦ ᠴᠡᠭ 2᠂ ᠵᠢᠩᠬᠢᠨᠢ ᠠᠩᠭᠢ ᠶᠢᠨ

ᠲᠤᠰᠬᠠᠶ ᠮᠡᠷᠭᠡᠵᠢᠯ 44 ᠪᠠ ᠲᠤᠰᠬᠠᠶ ᠮᠡᠷᠭᠡᠵᠢᠯ ᠤᠨ ᠠᠩᠭᠢ ᠶᠢᠨ ᠮᠡᠷᠭᠡᠵᠢᠯ 1 ᠪᠠᠶᠢᠵᠤ᠂ ᠰᠤᠷᠭᠠᠭᠤᠯᠢ ᠳᠤ

ᠪᠠᠶᠢᠭ᠎ᠠ ᠰᠣᠷᠣᠭᠴᠢ 13769 ᠪᠣᠶ᠃ ᠰᠤᠷᠭᠠᠭᠤᠯᠢ ᠶᠢᠨ ᠬᠡᠷ ᠪᠠᠷᠢᠯᠭ᠎ᠠ ᠶᠢᠨ ᠲᠠᠯᠠᠪᠠᠶ ᠨᠢ 23.1 ᠲᠦᠮᠡᠨ ᠲᠡᠭᠰᠢ

ᠳᠥᠷᠪᠡᠯᠵᠢᠨ ᠮᠧᠲᠷ᠂ ᠵᠥᠭᠡᠯᠡᠨ ᠬᠠᠲᠠᠭᠤ ᠲᠣᠨᠤᠭ ᠲᠥᠬᠦᠭᠡᠷᠦᠮᠵᠢ ᠪᠦᠷᠢᠨ ᠭᠦᠢᠴᠡᠳ᠂ ᠤᠲᠠᠰᠤᠲᠤ ᠪᠠ ᠤᠲᠠᠰᠤ

ᠥᠬᠡᠶ ᠰᠦᠯᠵᠢᠶ᠎ᠡ ᠶᠢ ᠨᠢᠭᠡ ᠴᠤᠭᠴᠠᠵᠢᠭᠤᠯᠤᠭᠰᠠᠨ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠰᠢᠰᠲ᠋ᠧᠮ ᠪᠥᠬᠦ

ᠰᠤᠷᠭᠠᠭᠤᠯᠢ ᠶᠢ ᠪᠥᠷᠬᠦᠵᠦ᠂ ᠲᠤᠷᠰᠢᠯᠲᠠ ᠶᠢᠨ ᠲᠥᠪ14᠂ ᠰᠤᠷᠭᠠᠭᠤᠯᠢ ᠶᠢᠨ ᠭᠠᠳᠠᠨᠠᠬᠢ ᠳᠠᠳᠤᠯᠭ᠎ᠠ ᠶᠢᠨ

ᠰᠠᠭᠤᠷᠢᠨ ᠭᠠᠵᠠᠷ 144 ᠪᠣᠢ᠃ ᠰᠤᠷᠭᠠᠭᠤᠯᠢ ᠶᠢᠨ ᠪᠠᠭᠰᠢ ᠠᠵᠢᠯᠳᠡᠠ ᠠᠵᠢᠯᠴᠢᠠ 965 ᠪᠠᠶᠢᠵᠤ᠂ ᠡᠭᠦᠨ ᠳᠤ

ᠲᠤᠰᠬᠠᠶ ᠪᠠᠭᠰᠢ 660᠂ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠲᠣᠪᠤᠶᠢᠮ᠎ᠠ ᠬᠤᠪᠢ ᠨᠡᠮᠡᠷᠢ

ᠦᠵᠡᠭᠦᠯᠦᠭᠰᠡᠨ ᠲᠤᠰᠬᠠᠶ ᠮᠡᠷᠭᠡᠵᠢᠯᠲᠡᠨ︾᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠭᠠᠷᠮᠠᠭᠠᠶ

ᠴᠢᠳᠠᠪᠤᠷᠢᠲᠠᠨ︾᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ︽ᠰᠢᠨ᠎ᠡ ᠵᠠᠭᠤᠨ ᠤ ᠴᠢᠳᠠᠪᠤᠷᠢᠲᠠᠨ ᠤ

ᠢᠨᠵᠧᠨᠧᠷᠢᠩ︾ ᠤᠨ ᠲᠠᠭᠠᠭᠤᠯᠤᠬᠴᠢ ᠴᠢᠳᠠᠪᠤᠷᠢᠲᠠᠨ 61 ᠪᠣᠢ᠃

     ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠳᠤ ᠤᠯᠤᠰ ᠤᠨ ᠳᠡᠰ ᠤᠨ ᠤᠨᠴᠠᠯᠢᠭᠳᠤ ᠲᠤᠰᠬᠠᠶ

ᠮᠡᠷᠭᠡᠵᠢᠯ 2᠂ ︽ᠰᠢᠯᠭᠠᠷᠠᠭᠰᠠᠨ ᠪᠠᠭᠰᠢ ᠶᠢ ᠬᠥᠮᠦᠵᠢᠭᠦᠯᠬᠦ ᠲᠥᠯᠦᠪᠯᠡᠭᠡᠨ ᠤ ᠥᠭᠡᠷᠡᠴᠢᠯᠡᠯᠲᠡ ᠶᠢᠨ ᠲᠥᠰᠦᠯ︾ 1᠂

ᠰᠤᠷᠭᠠᠨ ᠬᠦᠮᠤᠵᠢᠯ ᠤᠨ ᠶᠠᠮᠤᠨ ᠤ ᠦᠢᠯᠡᠳᠪᠦᠷᠢᠯᠡᠯ ᠪᠠ ᠰᠤᠷᠭᠠᠭᠤᠯᠢ ᠬᠠᠮᠲᠤᠷᠠᠨ ᠬᠥᠮᠦᠨ ᠢ ᠬᠥᠮᠦᠵᠢᠭᠦᠯᠬᠦ

ᠲᠥᠰᠦᠯ 2 ᠪᠣᠶ︔ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ

ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ 1᠂ ᠵᠢᠭᠠᠨ ᠰᠤᠷᠭᠠᠯᠲᠠ ᠶᠢᠨ ᠪᠦᠯᠬᠦᠮ 9᠂

ᠨᠠᠷᠠᠲᠤ ᠲᠡᠮᠳᠡᠭᠲᠦ ᠶᠢᠨ ᠲᠤᠰᠬᠠᠶ ᠮᠡᠷᠭᠡᠵᠢᠯ 7᠂ ᠲᠡᠷᠢᠭᠦᠨ ᠤ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 7᠂

ᠰᠣᠳᠣᠨ ᠬᠢᠴᠢᠶᠡᠯ 25᠂ ᠰᠦᠯᠵᠢᠶᠡᠨ ᠤ  ᠨᠡᠭᠡᠭᠡᠯᠲᠡᠲᠦ ᠪᠥᠲᠥᠭᠡᠨ ᠪᠠᠶᠢᠭᠤᠯᠤᠯᠲᠠ ᠶᠢᠨ ᠬᠢᠴᠢᠶᠡᠯ 10 ᠪᠠᠶᠢᠵᠤ᠂

ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠢ 19 ᠭᠥᠷᠳᠡᠪᠡ᠃

     ᠣᠶᠢᠷ᠎ᠠ ᠶᠢᠨ ᠲᠠᠪᠤᠨ ᠵᠢᠯ ᠳᠤ᠂ ᠡᠯ᠎ᠡ ᠱᠠᠲᠤᠨ ᠤ ᠡᠯ᠎ᠡ ᠲᠥᠷᠥᠯ ᠤᠨ  ᠡᠷᠳᠡᠮ ᠰᠢᠨᠵᠢᠯᠡᠭᠡᠨ ᠤ ᠲᠥᠰᠦᠯ ᠢ

215 ᠳᠠᠭᠠᠭᠠᠨ ᠠᠪᠴᠤ᠂ 1800 ᠭᠠᠷᠤᠶ ᠥᠭᠦᠯᠡᠯ ᠨᠡᠶᠢᠳᠡᠯᠡᠭᠦᠯᠵᠦ᠂ SCI᠂ EI᠂ CPCI ᠵᠡᠷᠭᠡ ᠭᠤᠷᠪᠠᠨ

ᠶᠡᠭᠡ ᠬᠠᠶᠢᠯᠲᠠ ᠳᠤ 108 ᠥᠭᠦᠯᠡᠯ ᠣᠷᠣᠭᠤᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠭᠦᠨ

ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠱᠠᠩᠨᠠᠯ ᠢ

21 ᠭᠥᠷᠳᠡᠵᠦ᠂ ᠪᠤᠭᠤᠲᠤ ᠬᠤᠲᠠ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠰᠠᠭ ᠤᠨ

ᠣᠷᠳᠣᠨ ᠤ ᠱᠠᠩᠨᠠᠯ ᠢ 80 ᠭᠥᠷᠳᠡᠪᠡ᠃ ᠰᠤᠷᠭᠠᠭᠤᠯᠢ ᠶᠢᠨ ᠰᠡᠳᠬᠦᠯ ︽ᠮᠤᠨᠢ ᠠᠭᠤᠯᠠ ᠡᠷᠳᠡᠮ ᠰᠢᠨᠵᠢᠯᠡᠭᠡᠨ ᠤ

ᠰᠡᠳᠬᠦᠯ︾ ᠨᠢ ᠵᠠᠯᠭᠠᠭ᠎ᠠ ᠪᠠᠷ ︽ᠪᠥᠬᠦ ᠤᠯᠤᠰ ᠤᠨ ᠰᠢᠯᠢᠳᠡᠭ ᠨᠡᠶᠢᠭᠡᠮ ᠤᠨ ᠰᠢᠨᠵᠢᠯᠡᠬᠦ ᠤᠬᠠᠭᠠᠨ ᠤ

ᠰᠤᠷᠭᠠᠭᠤᠯᠢ ᠶᠢᠨ ᠰᠡᠡᠳᠭᠦᠯ︾ ᠢᠶᠠᠷ ᠦᠨᠡᠯᠡᠭᠳᠡᠵᠦ᠂ ︽ᠬᠢᠯᠢ ᠬᠢᠵᠠᠭᠠᠷ ᠤᠨ ᠡᠷᠳᠡᠮ ᠰᠢᠨᠵᠢᠯᠡᠭᠡᠨ ᠤ ᠴᠡᠴᠡᠭ︾ ᠭᠡᠰᠡᠨ

ᠰᠠᠶᠢᠬᠠᠨ ᠠᠯᠳᠠᠷᠲᠠᠶ ᠶᠤᠮ᠃

     ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ ᠨᠢ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ

ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠲᠤᠭᠤᠰᠢᠯᠠᠭᠤᠯᠵᠤ᠂ ᠰᠢᠨ᠎ᠡ ᠶᠢ ᠡᠭᠦᠳᠴᠦ

ᠦᠢᠯᠡᠰ ᠪᠤᠰᠬᠠᠬᠤ ᠰᠤᠷᠭᠠᠨ ᠬᠥᠮᠦᠵᠢᠯ ᠢ ᠴᠢᠳᠠᠪᠤᠷᠢᠲᠠᠨ ᠢ ᠬᠥᠮᠦᠵᠢᠭᠦᠯᠬᠦ ᠪᠦᠬᠦ ᠶᠠᠪᠤᠴᠠ ᠳᠤ ᠠᠭᠤᠰᠬᠠᠵᠤ᠂

ᠰᠤᠷᠭᠠᠭᠤᠯᠢ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠲᠠᠰᠤᠷᠠᠯᠳᠡ ᠦᠭᠡᠢ ᠠᠬᠢᠭᠤᠯᠵᠤ᠂ ᠤᠷᠢᠳ

ᠬᠤᠵᠢᠳ ︽ᠪᠦᠬᠦ ᠤᠯᠤᠰ ᠤᠨ ᠳᠡᠭᠡᠳᠦ ᠰᠤᠷᠭᠠᠭᠤᠯᠢ ᠶᠢᠨ ᠦᠢᠯᠡᠰ ᠪᠤᠰᠬᠠᠬᠤ ᠰᠤᠷᠭᠠᠨ ᠬᠥᠮᠦᠵᠢᠯ ᠤᠨ

ᠰᠤᠳᠤᠯᠭᠠᠨ ᠪᠠ ᠦᠢᠯᠡᠳᠦᠯᠭᠡ ᠶᠢᠨ ᠲᠡᠷᠢᠭᠦᠨ ᠤ ᠨᠢᠭᠡᠴᠢ︾᠂ ︽ᠤᠯᠤᠰ ᠤᠨ ᠳᠡᠰ ᠤᠨ ᠤᠯᠠᠨ ᠢᠶᠠᠷ ᠢᠶᠠᠨ ᠰᠢᠨ᠎ᠡ ᠶᠢ

ᠡᠭᠦᠳᠬᠦ ᠣᠷᠣᠨ︾ ᠢᠶᠠᠷ ᠦᠨᠡᠯᠡᠭᠳᠡᠪᠡ᠃

     ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ ᠶᠢᠨ ᠬᠢᠨ ᠤᠶᠤᠲᠠᠳ ᠤᠨ ᠦᠵᠡᠯ ᠰᠠᠨᠠᠭ᠎ᠠ ᠤᠯᠤᠰ

ᠲᠥᠷᠥ ᠶᠢᠨ ᠬᠥᠲᠥᠯᠥᠨ ᠳᠠᠭᠠᠭᠤᠯᠬᠤ ᠠᠵᠢᠯ ᠢ ᠭᠦᠨᠵᠡᠭᠡᠶᠢᠷᠡᠭᠦᠯᠵᠦ᠂ ᠬᠥᠮᠦᠨ ᠨᠡᠶᠢᠭᠡᠮ ᠤᠨ ᠬᠡᠪ ᠪᠣᠯᠪᠠᠰᠤᠷᠠᠯ ᠤᠨ

ᠬᠥᠮᠦᠵᠢᠯ ᠪᠣᠯᠤᠨ ᠰᠢᠨᠵᠢᠯᠡᠬᠦ ᠤᠬᠠᠭᠠᠨᠴᠢ ᠵᠣᠷᠢᠭ ᠰᠠᠨᠠᠭᠠᠨ ᠤ ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ

ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠡᠷᠡᠭᠦᠯ ᠥᠭᠡᠳᠡᠷᠬᠡᠭ᠂  ᠡᠷᠬᠢᠮ ᠳᠡᠭᠡᠳᠦ

ᠬᠡᠪ ᠰᠤᠷᠲᠠᠯ ᠲᠠᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠪᠠ ᠬᠥᠮᠦᠨ ᠢ ᠬᠥᠮᠦᠵᠢᠭᠦᠯᠬᠦ

ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ︽ᠡᠷᠳᠡᠮ ᠮᠡᠳᠡᠯᠭᠡᠲᠡᠢ᠂ ᠦᠨᠡᠨᠴᠢ ᠰᠢᠳᠤᠷᠭᠤ᠂ ᠵᠣᠷᠢᠭ

ᠨᠢᠭᠡᠲᠡᠢ᠂ ᠶᠣᠰᠣ ᠮᠣᠷᠠᠯ ᠲᠠᠢ ᠪᠠᠶᠢᠬᠤ︾ ᠰᠢᠯᠢᠳᠡᠭ ᠰᠠᠶᠢᠨ ᠰᠤᠷᠭᠠᠭᠤᠯᠢ ᠶᠢᠨ ᠰᠤᠷᠲᠠᠯ ᠢ ᠡᠭᠦᠳᠴᠦ᠂

ᠰᠤᠷᠤᠭᠴᠢᠳ ᠰᠢᠷᠭᠠᠭᠤ ᠬᠠᠲᠠᠭᠤᠵᠢᠯᠲᠠᠶ ᠰᠤᠷᠤᠯᠴᠠᠵᠤ᠂ ᠴᠢᠳᠠᠪᠤᠷᠢᠲᠠᠨ ᠪᠣᠯᠬᠤ ᠪᠠᠷ ᠬᠦᠴᠦᠯᠡᠨ ᠴᠢᠷᠮᠠᠶᠢᠵᠤ᠂

ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ᠂

ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠤᠷᠤᠯᠳᠤᠭᠠᠨ ᠳᠤ

ᠣᠯᠠᠨ ᠤᠳᠠᠭ᠎ᠠ ᠰᠢᠯᠢᠳᠡᠭ ᠬᠢᠷᠢ ᠪᠦᠲᠦᠮᠵᠢ ᠤᠯᠪᠠ᠃

     ᠰᠢᠨ᠎ᠡ ᠴᠠᠭ ᠦᠶ᠎ᠡ ᠳᠤ᠂ ᠰᠤᠷᠭᠠᠭᠤᠯᠢ ᠨᠢ ᠨᠠᠮ ᠤᠨ ᠤᠨᠤᠯ᠂ ᠱᠤᠭᠤᠮ ᠪᠣᠯᠤᠨ ᠴᠢᠭᠯᠡᠯᠲᠡ ᠶᠢ ᠢᠳᠡᠪᠬᠢᠲᠡᠶ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠭᠤᠷᠢ ᠰᠤᠷᠭᠠᠨ ᠬᠥᠮᠦᠵᠢᠯ ᠳᠤ ᠬᠠᠨᠳᠤᠭᠤᠯᠵᠤ᠂ ᠰᠠᠭᠤᠷᠢ ᠰᠤᠷᠭᠠᠨ

ᠬᠥᠮᠦᠵᠢᠯ ᠢ ᠰᠣᠳᠤᠯᠵᠤ᠂ ᠰᠠᠭᠤᠷᠢ ᠰᠤᠷᠭᠠᠨ ᠬᠥᠮᠦᠵᠢᠯ ᠳᠤ ᠦᠢᠯᠡᠴᠢᠯᠡᠬᠦ ᠶᠢ ᠭᠤᠶᠢᠪᠢᠰᠢ ᠥᠭᠡᠢ ᠪᠠᠷᠢᠮᠲᠠᠯᠠᠵᠤ᠂

ᠭᠠᠵᠠᠷ ᠣᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠠᠨᠳᠤᠭᠤᠯᠬᠤ ᠶᠢ ᠭᠤᠶᠢᠪᠢᠰᠢ ᠥᠭᠡᠢ ᠪᠠᠷᠢᠮᠲᠠᠯᠠᠵᠤ᠂

ᠰᠤᠷᠭᠠᠭᠤᠯᠢ ᠪᠠᠨ ᠪᠠᠭᠰᠢ ᠶᠢᠨ ᠰᠤᠷᠭᠠᠨ ᠬᠥᠮᠦᠵᠢᠯ ᠤᠨ ᠣᠨᠴᠠᠯᠢᠭ ᠢᠶᠠᠷ ᠢᠯᠡ ᠲᠣᠳᠣ᠂ ᠤᠯᠠᠨ ᠰᠢᠨᠵᠢᠯᠡᠭᠡᠨ ᠤ

ᠰᠠᠯᠠᠭ᠎ᠠ ᠵᠣᠬᠢᠴᠠᠩᠭᠤᠶ ᠬᠥᠭᠵᠢᠭᠰᠡᠨ᠂ ᠣᠷᠣᠨ ᠨᠤᠲᠤᠭ ᠲᠤ ᠦᠢᠯᠡᠴᠢᠯᠡᠬᠦ ᠴᠢᠳᠠᠪᠤᠷᠢ ᠪᠠᠷ ᠨᠡᠯᠢᠶᠡᠳ ᠴᠢᠩᠭ᠎ᠠ

ᠥᠨᠳᠥᠷ ᠬᠢᠷᠢ ᠲᠦᠪᠰᠢᠨ ᠪᠥᠬᠦᠢ ᠪᠠᠭᠰᠢ ᠶᠢᠨ ᠳᠡᠭᠡᠳᠦ ᠰᠤᠷᠭᠠᠭᠤᠯᠢ ᠪᠣᠯᠭᠠᠨ ᠪᠥᠳᠥᠭᠡᠨ ᠪᠠᠶᠢᠭᠤᠯᠬᠤ ᠪᠠᠷ

ᠴᠢᠷᠮᠠᠶᠢᠵᠤ ᠪᠠᠶᠢᠨ᠎ᠠ᠃

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map