ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠨᠤᠲᠤᠭ ᠤᠨ ᠳᠠᠭᠤᠤ ᠪᠠᠨ ᠨᠠᠮ ᠳᠤ ᠪᠠᠨ ᠡᠷᠭᠦᠶ᠎ᠡ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/6/10
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ            — ︽ᠨᠤᠲᠤᠭ ᠤᠨ ᠳᠠᠭᠤᠤ ᠪᠠᠨ ᠨᠠᠮ ᠳᠤ ᠪᠠᠨ ᠡᠷᠭᠦᠶ᠎ᠡ︾        ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ    

     ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

2003 ᠣᠨ ᠤ 5 ᠰᠠᠷ᠎ᠠ ᠳᠤ ᠪᠠᠶᠢᠭᠤᠯᠤᠭᠳᠠᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ

ᠠᠷᠠᠳ ᠤᠨ ᠵᠠᠰᠠᠭ ᠤᠨ ᠣᠷᠳᠣᠨ ᠠᠴᠠ ᠡᠷᠬᠢᠯᠡᠭᠰᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠳᠤ ᠰᠢᠭᠤᠳ ᠬᠠᠷᠢᠶᠠᠯᠠᠭᠳᠠᠬᠤ ᠪᠦᠬᠦᠯᠢ ᠡᠳᠦᠷ ᠤᠨ ᠳᠦᠷᠢᠮᠲᠦ ᠠᠯᠪᠠᠨ ᠠᠴᠠ ᠡᠷᠬᠢᠯᠡᠭᠰᠡᠨ ᠡᠩ ᠤᠨ

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ᠎ᠠ᠂ 2018 ᠣᠨ ᠳᠤ ᠥᠪᠡᠷᠲᠡᠭᠡᠨ

ᠵᠠᠰᠠᠬᠤ ᠣᠷᠣᠨ ᠤ ᠠᠩᠬᠠᠳᠠᠭᠴᠢ ᠪᠦᠯᠦᠭ ᠤᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠪᠠᠷ ᠵᠥᠪᠰᠢᠶᠡᠷᠡᠭᠳᠡᠵᠦ᠂ 2019 ᠣᠨ ᠳᠤ ᠤᠯᠤᠰ ᠤᠨ ᠰᠢᠯᠢᠳᠡᠭ ᠲᠤᠰᠬᠠᠢ ᠮᠡᠷᠭᠡᠵᠢᠯ ᠤᠨ

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠤᠷᠭᠠᠨ ᠬᠦᠮᠤᠵᠢᠯ ᠤᠨ ᠶᠠᠮᠤᠨ ᠤ

ᠠᠩᠬᠠᠳᠠᠭᠴᠢ ᠪᠥᠯᠦᠭ ᠤᠨ ᠤᠳᠤ ᠦᠶ᠎ᠡ ᠶᠢᠨ ᠱᠠᠪᠢᠯᠠᠬᠤ ᠳᠦᠷᠢᠮᠲᠦ ᠲᠤᠷᠰᠢᠯᠲᠠ ᠶᠢᠨ ᠴᠡᠭ ᠤᠨ ᠳᠡᠭᠡᠳᠦ

ᠰᠤᠷᠭᠠᠭᠤᠯᠢ ᠪᠠᠷ ᠵᠥᠪᠰᠢᠶᠡᠷᠡᠭᠳᠡᠵᠡᠢ᠃ ᠰᠤᠷᠭᠠᠭᠤᠯᠢ ᠨᠢ ᠤᠤᠯ ᠤᠨ ᠦᠪᠦᠷ ᠮᠤᠩᠭᠤᠯ ᠤᠨ ᠬᠤᠳᠠᠯᠳᠤᠭᠠᠨ ᠤ

ᠰᠤᠷᠭᠠᠭᠤᠯᠢ ︵1952 ᠣᠨ ᠳᠤ ᠪᠠᠶᠢᠭᠤᠯᠤᠭᠳᠠᠪᠠ︶᠂ ᠤᠤᠯ ᠤᠨ ᠦᠪᠦᠷ ᠮᠤᠩᠭᠤᠯ ᠤᠨ ᠠᠮᠤ ᠪᠤᠳᠠᠭᠠᠨ ᠤ

ᠰᠤᠷᠭᠠᠭᠤᠯᠢ ︵1956 ᠣᠨ ᠳᠤ ᠪᠠᠶᠢᠭᠤᠯᠤᠭᠳᠠᠪᠠ︶ ᠪᠣᠯᠤᠨ ᠤᠤᠯ ᠤᠨ ᠦᠪᠦᠷ ᠮᠤᠩᠭᠤᠯ ᠤᠨ ᠠᠵᠤ

ᠦᠢᠯᠡᠳᠪᠦᠷᠢ ᠶᠢᠨ ᠤᠷᠠᠯᠠᠯ ᠤᠨ ᠵᠢᠷᠤᠭ ᠲᠥᠯᠥᠪᠯᠡᠭᠡᠨ ᠤ ᠰᠤᠷᠭᠠᠭᠤᠯᠢ ︵1955 ᠣᠨ ᠳᠤ ᠪᠠᠶᠢᠭᠤᠯᠤᠭᠳᠠᠪᠠ︶ ᠶᠢ

ᠤᠷᠢᠳ ᠬᠤᠵᠢᠳ ᠨᠡᠶᠢᠯᠡᠭᠦᠯᠦᠨ ᠪᠠᠶᠢᠭᠤᠯᠵᠤ᠂ ᠤᠢᠢᠷ᠎ᠠ ᠶᠢᠨ 70 ᠵᠢᠯ ᠤᠨ ᠲᠤᠷᠰᠢ᠂ ᠨᠡᠶᠢᠲᠡ 7 ᠲᠦᠮᠡ ᠭᠠᠷᠤᠢ

ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠴᠢᠳᠠᠪᠤᠷᠢᠲᠠᠢ ᠴᠢᠳᠠᠪᠤᠷᠢᠲᠠᠨ ᠢ ᠬᠥᠮᠦᠵᠢᠭᠦᠯᠵᠦ᠂ ᠥᠪᠡᠷᠲᠡᠭᠡᠨ ᠵᠠᠰᠠᠬᠤ

ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠬᠦᠴᠦᠲᠡᠢ

ᠲᠤᠯᠭᠠᠭᠤᠷᠢᠯᠠᠯ ᠶᠢ ᠬᠠᠩᠭᠠᠵᠠᠢ᠃

     ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ

ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠶᠢᠨ ᠲᠣᠭᠤᠷᠢᠭ ᠲᠤ ᠪᠠᠶᠢᠷᠢᠯᠠᠵᠤ᠂ 916 ᠮᠥ ᠭᠠᠵᠠᠷ ᠡᠵᠡᠯᠡᠵᠦ᠂ ᠭᠡᠷ ᠪᠠᠷᠢᠯᠭ᠎ᠠ ᠶᠢᠨ ᠲᠠᠯᠠᠪᠠᠶ ᠨᠢ 19

ᠲᠦᠮᠡᠨ ᠲᠡᠭᠰᠢ ᠳᠥᠷᠪᠡᠯᠵᠢᠨ ᠮᠧᠲᠷ ᠪᠣᠢ᠃ ᠰᠤᠷᠭᠠᠭᠤᠯᠢ ᠶᠢᠨ ᠤᠯᠠᠨ ᠵᠠᠭᠤᠴᠢᠯᠠᠭᠤᠷ ᠤᠨ ᠬᠢᠴᠢᠶᠡᠯ ᠤᠨ ᠭᠡᠷ ᠤᠨ

ᠲᠠᠯᠠᠪᠠᠢ 3.45 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠯ ᠤᠨ ᠭᠡᠷ ᠤᠨ

ᠲᠠᠯᠠᠪᠠᠢ 3.54 ᠲᠦᠮᠡᠨ ᠲᠡᠭᠰᠢ ᠳᠥᠷᠪᠡᠯᠵᠢᠨ ᠮᠧᠲᠷ᠂ ᠰᠤᠷᠤᠭᠴᠢ ᠨᠢᠭᠡ ᠪᠦᠷᠢ ᠳᠤ ᠳᠤᠮᠳᠠᠴᠢ ᠪᠠᠷ ᠨᠣᠭᠳᠠᠬᠤ

ᠵᠢᠭᠠᠨ ᠰᠤᠷᠭᠠᠯᠲᠠ ᠳᠤ ᠬᠡᠷᠡᠭᠯᠡᠬᠦ ᠬᠢᠴᠢᠶᠡᠯ ᠤᠨ ᠭᠡᠷ ᠤᠨ ᠲᠠᠯᠠᠪᠠᠢ᠂ ᠰᠤᠷᠤᠭᠴᠢ ᠨᠢᠭᠡ ᠪᠦᠷᠢ ᠳᠤ ᠳᠤᠮᠳᠠᠴᠢ ᠪᠠᠷ

ᠨᠣᠭᠳᠠᠬᠤ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠶᠢᠨ ᠲᠤᠭ᠎ᠠ᠂ ᠰᠤᠷᠭᠠᠭᠤᠯᠢ ᠶᠢᠨ

ᠬᠦᠷᠢᠶᠡᠨ ᠤ ᠰᠦᠯᠵᠢᠶᠡᠨ ᠤ ᠭᠤᠣᠯ ᠪᠣᠯᠬᠤ ᠬᠠᠮᠤᠭ ᠤᠨ ᠶᠡᠭᠡ ᠥᠷᠭᠡᠨ ᠪᠦᠰᠡ ᠵᠡᠷᠭᠡ ᠨᠢ ᠴᠥᠮ ᠤᠯᠤᠰ ᠤᠨ

ᠪᠠᠷᠢᠮᠵᠢᠶ᠎ᠠ ᠳᠤ ᠬᠥᠷᠥᠭᠰᠡᠨ ᠪᠤᠶᠤ ᠲᠡᠭᠦᠨ ᠠᠴᠠ ᠳᠠᠪᠠᠭᠰᠠᠨ ᠪᠠᠶᠢᠨ᠎ᠠ᠃ ᠰᠤᠷᠭᠠᠭᠤᠯᠢ ᠳᠤ ᠣᠳᠣ ᠪᠠᠭᠰᠢ ᠠᠵᠢᠯᠳᠡᠠ

ᠠᠵᠢᠯᠴᠢᠠ 605 ᠪᠠᠶᠢᠵᠤ᠂ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠤᠷᠤᠭᠴᠢ 9200

ᠭᠠᠷᠤᠶ ᠪᠠᠶᠢᠨ᠎ᠠ᠃

     ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠪᠠᠶᠢᠭᠤᠯᠤᠭᠳᠠᠭᠰᠠᠨ ᠠᠴᠠ ᠨᠠᠭᠠᠰᠢ᠂ ︽ᠰᠢᠷᠭᠠᠭᠤ ᠰᠤᠷᠤᠯᠴᠠᠬᠤ᠂ ᠨᠠᠷᠢᠨ ᠨᠢᠮᠪᠠᠶ᠂ ᠦᠨᠡᠨᠴᠢ ᠢᠲᠡᠭᠡᠮᠵᠢᠲᠡᠶ᠂

ᠰᠢᠨ᠎ᠡ ᠶᠢ ᠡᠭᠦᠳᠬᠦ︾ ᠰᠤᠷᠭᠠᠭᠤᠯᠢ ᠶᠢᠨ ᠰᠤᠷᠭᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠵᠠᠬ᠎ᠠ

ᠳᠡᠯᠭᠡᠭᠦᠷ ᠲᠤ ᠬᠠᠨᠳᠤᠭᠤᠯᠤᠭᠰᠠᠨ᠂ ᠬᠥᠭᠵᠢᠯᠲᠡ ᠳᠤ ᠦᠢᠯᠡᠴᠢᠯᠡᠭᠰᠡᠨ᠂ ᠠᠵᠢᠯ ᠣᠯᠭᠤᠯᠲᠠ ᠶᠢ ᠠᠬᠢᠭᠤᠯᠬᠤ

ᠰᠤᠷᠭᠠᠭᠤᠯᠢ ᠡᠷᠬᠢᠯᠡᠬᠦ ᠴᠢᠭᠯᠡᠯ ᠪᠣᠯᠤᠨ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠬᠠᠭᠰᠠᠨ᠂ ᠰᠤᠷᠭᠠᠭᠤᠯᠢ

ᠠᠵᠤ ᠠᠬᠤᠶᠢᠯᠠᠯ ᠬᠠᠮᠲᠤᠷᠠᠭᠰᠠᠨ ᠰᠤᠷᠭᠠᠭᠤᠯᠢ ᠡᠷᠬᠢᠯᠡᠬᠦ ᠬᠡᠪ ᠵᠠᠭᠪᠤᠷ ᠢ ᠪᠠᠷᠢᠮᠲᠠᠯᠠᠵᠤ᠂ ᠮᠡᠳᠡᠬᠦᠶ ᠬᠢᠬᠦᠶ ᠶᠢ

ᠨᠢᠭᠡᠳᠬᠡᠬᠦ᠂ ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ ᠶᠢ ᠶᠡᠭᠡ ᠪᠠᠷ ᠠᠬᠢᠭᠤᠯᠵᠤ᠂ 2010 ᠣᠨ ᠳᠤ

ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ —

ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠢ

ᠵᠣᠬᠢᠶᠠᠨ ᠪᠠᠶᠢᠭᠤᠯᠵᠤ᠂ ᠣᠲᠣ 122 ᠬᠡᠷᠡᠭ ᠡᠷᠭᠢᠯᠡᠬᠦ ᠨᠢᠭᠡᠴᠢ ᠲᠠᠢ ᠪᠣᠯᠵᠤ᠂ ᠵᠠᠰᠠᠭ ᠤᠨ ᠣᠷᠳᠣᠨ᠂ ᠠᠵᠢᠯ

ᠲᠥᠷᠥᠯ᠂ ᠠᠵᠤ ᠠᠬᠤᠶᠢᠯᠠᠯ᠂ ᠰᠤᠷᠭᠠᠭᠤᠯᠢ ᠰᠠᠶᠢᠲᠤᠷ ᠬᠠᠮᠲᠤᠷᠠᠨ ᠬᠥᠮᠦᠨ ᠢ ᠬᠥᠮᠦᠵᠢᠭᠦᠯᠬᠦ ᠰᠠᠶᠢᠨ ᠰᠠᠶᠢᠬᠠᠨ

ᠪᠠᠶᠢᠳᠠᠯ ᠢ ᠦᠨᠳᠦᠰᠦᠨ ᠳᠤ ᠪᠠᠨ ᠪᠣᠶ ᠪᠣᠯᠭᠠᠪᠠ᠃

     ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂

ᠵᠢᠩᠬᠢᠨᠢ ᠠᠩᠭᠢ ᠳᠤ ᠨᠡᠪᠲᠡᠷᠡᠭᠰᠡᠨ ᠴᠢᠳᠠᠪᠤᠷᠢᠲᠠᠨ ᠬᠥᠮᠦᠵᠢᠭᠦᠯᠬᠦ ᠵᠦᠷᠢᠯᠢᠭ ᠬᠥᠭᠦᠷᠭᠡ ᠶᠢ ᠢᠳᠡᠪᠬᠢᠲᠡᠶ ᠪᠠᠶᠢᠭᠤᠯᠪᠠ᠃

ᠲᠣᠭᠲᠠᠪᠤᠷᠢᠲᠠᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠣᠷᠣᠭᠴᠢ ᠶᠢᠨ

ᠢᠷᠡᠯᠲᠡ ᠲᠠᠢ ᠪᠥᠭᠡᠳ ᠵᠣᠬᠢᠬᠤ ᠬᠡᠮᠵᠢᠶᠡᠨ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠰᠤᠷᠭᠠᠭᠤᠯᠢ ᠳᠤ ᠪᠠᠶᠢᠭ᠎ᠠ ᠰᠣᠷᠣᠭᠴᠢ ᠶᠢ ᠡᠯᠰᠡᠨ᠎ᠡ᠃ 2014 ᠣᠨ ᠠᠴᠠ ᠨᠠᠭᠠᠰᠢ᠂ ᠦᠪᠦᠷ ᠮᠤᠩᠭᠤᠯ ᠤᠨ ᠡᠳ᠋ ᠤᠨ

ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠲᠠᠢ ᠬᠤᠯᠪᠤᠭᠠᠯᠠᠨ ᠡᠷᠭᠢᠯᠡᠭᠰᠡᠨ ᠠᠵᠢᠯ ᠮᠡᠷᠭᠡᠵᠢᠯ ᠤᠨ ᠵᠢᠩᠬᠢᠨᠢ

ᠠᠩᠭᠢ ᠶᠢᠨ ᠰᠤᠷᠭᠠᠨ ᠬᠥᠮᠦᠵᠢᠯ ᠨᠢ 677 ᠰᠤᠷᠤᠭᠴᠢ ᠬᠥᠮᠦᠵᠢᠭᠦᠯᠵᠡᠶ᠃ ᠦᠪᠦᠷ ᠮᠤᠩᠭᠤᠯ ᠤᠨ ᠡᠳ᠋ ᠤᠨ ᠵᠠᠰᠠᠭ

ᠠᠵᠤ ᠠᠬᠤᠶ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠦᠪᠦᠷ

ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ᠂

ᠪᠣᠷᠣᠲᠣᠬᠤᠶ ᠳᠡᠭᠡᠳᠦ ᠰᠤᠷᠭᠠᠭᠤᠯᠢ᠂ ᠵᠢᠨᠢᠩ ᠪᠠᠭᠰᠢ ᠶᠢᠨ ᠳᠡᠭᠡᠳᠦ ᠰᠤᠷᠭᠠᠭᠤᠯᠢ᠂ ᠦᠪᠦᠷ ᠮᠤᠩᠭᠤᠯ ᠤᠨ ᠬᠤᠩ ᠳ᠋ᠧ

ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠵᠡᠷᠭᠡ ᠵᠢᠩᠬᠢᠨᠢ ᠠᠩᠭᠢᠲᠤ ᠳᠡᠭᠡᠳᠦ

ᠰᠤᠷᠭᠠᠭᠤᠯᠢ ᠯᠤᠭ᠎ᠠ ᠲᠤᠰᠬᠠᠶ ᠮᠡᠷᠭᠡᠵᠢᠯ ᠠᠴᠠ ᠵᠢᠩᠬᠢᠨᠢ ᠠᠩᠬᠢ ᠳᠤ ᠳᠡᠪᠰᠢᠬᠦ ᠰᠤᠷᠭᠠᠨ ᠬᠥᠮᠦᠵᠢᠯ ᠤᠨ

ᠬᠤᠷᠰᠢᠯᠴᠠᠭ᠎ᠠ ᠶᠢ ᠨᠢᠭᠲᠠ ᠥᠷᠨᠢᠭᠦᠯᠪᠡ᠃

     ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠬᠤᠳᠠᠯᠳᠤᠭ᠎ᠠ ᠠᠷᠠᠯᠵᠢᠶᠠᠨ ᠤ ᠭᠦᠢᠯᠭᠡᠭᠡ᠂ ᠡᠳ᠋ ᠤᠨ ᠶᠠᠪᠤᠳᠠᠯ ᠮᠥᠩᠭᠦᠨ ᠭᠦᠢᠯᠭᠡᠭᠡ᠂ ᠵᠤᠭᠠᠴᠠᠯ ᠤᠨ ᠬᠠᠮᠢᠶᠠᠷᠤᠯᠲᠠ᠂

ᠮᠡᠳᠡᠭᠡ ᠵᠠᠩᠭᠢ ᠶᠢᠨ ᠮᠡᠷᠭᠡᠵᠢᠯ᠂ ᠢᠳᠡᠭᠡᠨ ᠤᠮᠳᠠᠭᠠᠨ᠂ ᠤᠷᠠᠯᠠᠯ ᠤᠨ ᠵᠢᠷᠤᠭ ᠲᠥᠯᠥᠪᠯᠡᠭᠡ ᠵᠡᠷᠭᠡ 6 ᠶᠡᠭᠡ

ᠲᠤᠰᠬᠠᠢ ᠮᠡᠷᠭᠡᠵᠢᠯ ᠤᠨ ᠪᠦᠯᠦᠭᠯᠡᠯ ᠢ ᠪᠠᠶᠢᠭᠤᠯᠵᠤ᠂ ᠬᠤᠳᠠᠯᠳᠤᠭᠠᠨ ᠤ ᠰᠢᠨᠵᠢᠯᠡᠭᠡᠨ ᠤ ᠰᠠᠯᠠᠭᠠᠨ ᠤ ᠲᠤᠰᠬᠠᠶ

ᠮᠡᠷᠭᠡᠵᠢᠯ ᠢᠶᠠᠷ ᠭᠤᠤᠯ ᠴᠣᠭᠴᠠ ᠪᠣᠯᠭᠠᠭᠰᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ

ᠪᠣᠯᠪᠠᠰᠤᠷᠠᠭᠤᠯᠬᠤ ᠲᠥᠷᠥᠯ ᠤᠨ ᠲᠤᠰᠬᠠᠶ ᠮᠡᠷᠭᠡᠵᠢᠯ ᠪᠠ ᠤᠷᠠᠯᠠᠯ ᠤᠨ ᠵᠢᠷᠤᠭ ᠲᠥᠯᠦᠪᠯᠡᠭᠡᠨ ᠤ ᠲᠥᠷᠥᠯ ᠤᠨ

ᠲᠤᠰᠬᠠᠶ ᠮᠡᠷᠭᠡᠵᠢᠯ ᠢᠶᠠᠷ ᠬᠤᠣᠰ ᠵᠢᠭᠦᠷ ᠪᠣᠯᠭᠠᠭᠰᠠᠨ ᠲᠤᠰᠬᠠᠶ ᠮᠡᠷᠭᠡᠵᠢᠯ ᠤᠨ ᠪᠦᠲᠦᠴᠡ ᠶᠢ ᠪᠦᠷᠢᠯᠳᠦᠭᠦᠯᠵᠦ᠂

ᠣᠲᠣ 43 ᠲᠤᠰᠬᠠᠶ ᠮᠡᠷᠭᠡᠵᠢᠯ ᠢ ᠪᠠᠶᠢᠭᠤᠯᠵᠤ᠂ ᠡᠭᠦᠨ ᠳᠤ ᠤᠯᠤᠰ ᠤᠨ ᠳᠡᠰ ᠤᠨ ᠭᠤᠤᠯᠯᠠᠭᠴᠢ ᠲᠤᠰᠬᠠᠶ ᠮᠡᠷᠭᠡᠵᠢᠯ

4᠂ ᠤᠯᠤᠰ ᠤᠨ 1+X ᠦᠨᠡᠮᠯᠡᠯ ᠤᠨ ᠲᠤᠷᠰᠢᠯᠲᠠ ᠶᠢᠨ ᠲᠤᠰᠬᠠᠶ ᠮᠡᠷᠭᠡᠵᠢᠯ 11᠂ ᠰᠤᠷᠭᠠᠨ ᠬᠦᠮᠤᠵᠢᠯ ᠤᠨ

ᠶᠠᠮᠤᠨ ᠤ ᠣᠲᠣ ᠦᠶ᠎ᠡ ᠶᠢᠨ ᠱᠠᠪᠢᠯᠠᠬᠤ ᠳᠦᠷᠢᠮᠲᠦ ᠲᠤᠷᠰᠢᠯᠲᠠ ᠶᠢᠨ ᠲᠤᠰᠬᠠᠶ ᠮᠡᠷᠭᠡᠵᠢᠯ 4᠂ ᠣᠯᠠᠨ ᠤᠯᠤᠰ ᠤᠨ

ᠬᠠᠮᠲᠤᠷᠠᠨ ᠰᠤᠷᠭᠠᠭᠤᠯᠢ ᠡᠷᠬᠢᠯᠡᠬᠦ ᠲᠤᠰᠬᠠᠶ ᠮᠡᠷᠭᠡᠵᠢᠯ 1 ᠪᠣᠶ᠃ ᠣᠶᠢᠷ᠎ᠠ ᠶᠢᠨ 3 ᠵᠢᠯ ᠳᠤ ᠰᠢᠨ᠎ᠡ

ᠰᠤᠷᠤᠭᠴᠢᠳ ᠤᠨ ᠨᠡᠷ᠎ᠡ ᠮᠡᠳᠡᠭᠦᠯᠦᠭᠰᠡᠨ ᠨᠣᠷᠮ᠎ᠠ᠂ ᠲᠡᠭᠦᠰᠦᠭᠰᠡᠨ ᠰᠤᠷᠤᠭᠴᠢᠳ ᠤᠨ ᠬᠠᠨᠤᠮᠵᠢ ᠶᠢᠨ ᠬᠡᠮᠵᠢᠶ᠎ᠡ᠂

ᠬᠥᠮᠦᠨ ᠬᠡᠷᠡᠭᠯᠡᠬᠦ ᠨᠢᠭᠡᠴᠢ ᠶᠢᠨ ᠬᠠᠨᠤᠮᠵᠢ ᠶᠢᠨ ᠬᠡᠮᠵᠢᠶ᠎ᠡ ᠴᠥᠮ 90% ᠶᠢ ᠳᠠᠪᠠᠭᠰᠠᠨ ᠪᠠᠶᠢᠨ᠎ᠠ᠃

     ᠦᠪᠦᠷ ᠮᠤᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

2007 ᠣᠨ ᠠᠴᠠ ᠡᠬᠢᠯᠡᠨ᠂ ᠤᠷᠢᠳ ᠬᠤᠵᠢᠳ ᠠᠩᠭ᠍ᠯᠢ ᠶᠢᠨ ᠰᠠᠨᠳ᠋ᠯᠠᠨᠲ ᠬᠤᠲᠠ ᠶᠢᠨ ᠳᠡᠭᠡᠳᠦ ᠰᠤᠷᠭᠠᠭᠤᠯᠢ

ᠪᠣᠯᠤᠨ ᠠᠩᠭ᠍ᠯᠢ ᠶᠢᠨ ᠡᠮᠦᠨᠡᠲᠦ ᠤᠰᠤᠺᠰ ᠳᠡᠭᠡᠳᠦ ᠰᠤᠷᠭᠠᠭᠤᠯᠢ ᠲᠠᠢ ᠳᠤᠮᠳᠠᠳᠤ ᠭᠠᠳᠠᠭᠠᠳᠤ ᠬᠤᠷᠰᠢᠨ ᠰᠤᠷᠭᠠᠭᠤᠯᠢ

ᠡᠷᠬᠢᠯᠡᠬᠦ ᠲᠥᠰᠦᠯ ᠢ ᠬᠡᠷᠡᠭᠵᠢᠭᠦᠯᠵᠦ᠂ ᠦᠪᠦᠷ ᠮᠤᠩᠭᠤᠯ ᠤᠨ ᠬᠤᠳᠠᠯᠳᠤᠭ᠎ᠠ  ᠠᠷᠠᠯᠵᠢᠶᠠᠨ ᠤ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠲᠡᠭᠦᠰᠦᠭᠰᠡᠨ ᠦᠨᠡᠮᠯᠡᠯ ᠲᠠᠢ ᠪᠥᠭᠡᠳ ᠠᠩᠭ᠍ᠯᠢ ᠶᠢᠨ ᠬᠤᠷᠰᠢᠭᠰᠠᠨ ᠳᠡᠭᠡᠳᠦ ᠰᠤᠷᠭᠠᠭᠤᠯᠢ

ᠲᠡᠭᠦᠰᠦᠭᠰᠡᠨ ᠦᠨᠡᠮᠯᠡᠯ ᠲᠠᠢ ᠲᠡᠭᠦᠰᠦᠭᠰᠡᠨ ᠰᠤᠷᠤᠭᠴᠢ 1353 ᠶᠢ ᠬᠥᠮᠦᠵᠢᠭᠦᠯᠵᠡᠶ᠃

     2019 ᠣᠨ ᠳᠤ᠂ ᠰᠤᠷᠭᠠᠭᠤᠯᠢ ᠨᠢ ᠭᠤᠷᠪᠠᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ

ᠬᠤᠷᠠᠯ ᠢ ᠬᠢᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠶᠡᠷᠦᠩᠬᠡᠶ ᠰᠡᠳᠬᠢᠮᠵᠢ ᠪᠣᠯᠤᠨ

ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ

ᠤᠯᠦᠰ ᠤᠨ ᠤᠡᠴᠡᠯᠢᠬ ᠪᠥᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠠᠮ ᠤᠨ ᠰᠤᠷᠭᠠᠨ

ᠬᠥᠮᠦᠵᠢᠯ ᠤᠨ ᠴᠢᠭᠯᠡᠯᠲᠡ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠨ ᠬᠥᠮᠦᠨ ᠢ

ᠬᠥᠮᠦᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠢᠶᠠᠨ ᠬᠠᠨᠳᠤᠭᠤᠯᠤᠨ᠂ ᠤᠯᠤᠰ ᠪᠣᠯᠤᠨ ᠥᠪᠡᠷᠲᠡᠭᠡᠨ ᠵᠠᠰᠠᠬᠤ

ᠣᠷᠣᠨ ᠤ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ

ᠭᠦᠨᠵᠡᠭᠡᠶ ᠨᠠᠶᠢᠳᠠᠪᠤᠷᠢᠵᠢᠭᠤᠯᠵᠤ᠂ ᠬᠡᠪᠴᠢᠶ᠎ᠡ ᠲᠣᠬᠢᠷᠠᠮᠵᠢᠲᠠᠶ᠂ ᠪᠦᠲᠦᠴᠡ ᠶᠢ ᠰᠢᠯᠢᠳᠡᠭᠵᠢᠭᠦᠯᠬᠦ᠂ ᠴᠢᠨᠠᠷ

ᠴᠢᠨᠰᠠᠭ᠎ᠠ ᠶᠢ ᠳᠡᠭᠡᠭᠰᠢᠯᠡᠭᠦᠯᠬᠦ᠂ ᠣᠨᠴᠠᠯᠢᠭ ᠢ ᠲᠤᠪᠤᠶᠢᠯᠭᠠᠬᠤ ᠶᠡᠷᠦᠩᠬᠡᠶ ᠰᠡᠳᠬᠢᠮᠵᠢ ᠪᠠᠷ ᠰᠤᠷᠤᠯᠭ᠎ᠠ ᠶᠢᠨ ᠨᠠᠮᠲᠠᠷ ᠤᠨ

ᠰᠤᠷᠭᠠᠨ ᠬᠥᠮᠦᠵᠢᠯ ᠬᠢᠭᠡᠳ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠷᠭᠡ ᠳᠤ ᠨᠢ ᠴᠢᠬᠤᠯᠠᠴᠢᠯᠠᠬᠤ ᠶᠢ

ᠪᠠᠷᠢᠮᠲᠠᠯᠠᠨ᠂ ᠥᠨᠳᠥᠷ ᠬᠡᠪ  ᠪᠣᠯᠪᠠᠰᠤᠷᠠᠯ ᠪᠥᠬᠦᠢ ᠮᠡᠷᠭᠡᠵᠢᠯ ᠴᠢᠳᠠᠪᠤᠷᠢᠲᠠᠢ ᠨᠡᠩ ᠤᠯᠠᠨ ᠴᠢᠳᠠᠪᠤᠷᠢᠲᠠᠨ ᠢ

ᠬᠦᠴᠦᠯᠡᠨ ᠬᠥᠮᠦᠵᠢᠭᠦᠯᠵᠦ᠂ ᠰᠤᠷᠭᠠᠭᠤᠯᠢ ᠪᠠᠨ ᠤᠯᠤᠰ ᠤᠨ ᠳᠣᠲᠣᠭᠠᠳᠤ ᠶᠢᠨ ᠲᠡᠷᠢᠭᠦᠨ ᠤ ᠬᠤᠳᠠᠯᠳᠤᠭᠠᠨ ᠤ

ᠰᠢᠨᠵᠢᠯᠡᠭᠡᠨ ᠤ ᠰᠠᠯᠠᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠭᠠᠨ ᠪᠠᠶᠢᠭᠤᠯᠬᠤ ᠪᠠᠷ  

ᠴᠢᠷᠮᠠᠶᠢᠵᠤ ᠪᠠᠶᠢᠨ᠎ᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map