ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ ᠠᠴᠠ ︽ᠮᠠᠭᠲᠠᠭᠠᠯ ᠳᠠᠭᠤᠤ︾ ᠬᠠᠩᠭᠢᠨᠠᠨᠠᠮ
ᠨᠡᠶᠢᠲᠡᠯᠡᠭᠰᠡᠨ ᠴᠠᠭ᠄
2021/6/2
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ      —︽ᠮᠠᠭᠲᠠᠭᠠᠯ ᠳᠠᠭᠤᠤ︾      ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ      ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ ᠪᠣᠯ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠠᠴᠠ ᠭᠤᠣᠯᠳᠠᠯᠭᠠᠲᠠᠢ  ᠪᠠᠶᠢᠭᠤᠯᠤᠭᠰᠠᠨ ᠳᠡᠭᠡᠳᠦ ᠰᠤᠷᠭᠠᠭᠤᠯᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠤᠯᠤᠰ ᠤᠨ ᠦᠨᠳᠤᠰᠤᠲᠡᠨ ᠤ ᠬᠡᠷᠡᠭ ᠡᠷᠬᠢᠯᠡᠬᠦ ᠵᠦᠪᠯᠡᠯ ᠠᠴᠠ ᠬᠠᠮᠲᠤᠷᠠᠨ ᠪᠠᠶᠢᠭᠤᠯᠤᠭᠰᠠᠨ ᠳᠡᠭᠡᠳᠦ ᠰᠤᠷᠭᠠᠭᠤᠯᠢ ᠪᠣᠯᠤᠨ᠎ᠠ᠃ 1953 ᠣᠨ ᠳᠤ ᠪᠠᠶᠢᠭᠤᠯᠤᠭᠳᠠᠭᠰᠠᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠮᠤᠭ ᠤᠨ ᠡᠷᠲᠡᠨ ᠤ ᠦᠨᠳᠦᠰᠦᠲᠡᠨ ᠤ ᠰᠤᠷᠭᠠᠭᠤᠯᠢ ᠪᠣᠯᠤᠨ᠎ᠠ᠃ 2000 ᠣᠨ ᠳᠤ᠂ ᠦᠪᠦᠷ ᠮᠤᠩᠭᠤᠯ ᠤᠨ ᠮᠣᠩᠭᠤᠯ ᠬᠡᠯᠡᠨ ᠤ ᠲᠤᠰᠬᠠᠢ ᠮᠡᠷᠭᠡᠵᠢᠯ ᠤᠨ ᠰᠤᠷᠭᠠᠭᠤᠯᠢ ᠪᠣᠯᠤᠨ ᠦᠪᠦᠷ ᠮᠤᠩᠭᠤᠯ ᠤᠨ ᠦᠨᠳᠦᠰᠦᠲᠡᠨ ᠤ ᠪᠠᠭᠰᠢ ᠶᠢᠨ ᠰᠤᠷᠭᠠᠭᠤᠯᠢ ᠶᠢ ᠨᠡᠶᠢᠯᠡᠭᠦᠯᠦᠭᠡᠳ ᠦᠪᠦᠷ ᠮᠤᠩᠭᠤᠯ ᠤᠨ ᠦᠨᠳᠦᠰᠦᠲᠡᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠭᠡᠪᠡ᠃ 2009 ᠣᠨ ᠳᠤ᠂ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠵᠥᠪᠰᠢᠶᠡᠷᠡᠯ ᠢᠶᠠᠷ ᠰᠤᠷᠭᠠᠭᠤᠯᠢ ᠨᠢ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠪᠣᠯᠤᠨ ᠳᠡᠪᠰᠢᠵᠦ᠂ ᠨᠡᠷ᠎ᠡ ᠪᠠᠨ ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ ᠭᠡᠵᠦ ᠬᠠᠯᠠᠪᠠ᠃ 60 ᠭᠠᠷᠤᠶ ᠵᠢᠯ ᠤᠨ ᠰᠤᠷᠭᠠᠭᠤᠯᠢ ᠡᠷᠭᠢᠯᠡᠬᠦ ᠶᠠᠪᠤᠴᠠ ᠳᠤ ᠡᠯ᠎ᠡ ᠲᠥᠷᠥᠯ ᠤᠨ ᠴᠢᠳᠠᠪᠤᠷᠢᠲᠠᠨ ᠢ ᠨᠡᠶᠢᠲᠡ 4 ᠲᠦᠮᠡ ᠰᠢᠬᠠᠮ ᠬᠥᠮᠦᠵᠢᠭᠦᠯᠵᠡᠶ᠃ ᠰᠤᠷᠭᠠᠭᠤᠯᠢ ᠨᠢ ᠣᠲᠣ ᠨᠢᠭᠡᠨᠲᠡ ᠪᠠᠭᠰᠢ ᠶᠢᠨ ᠬᠦᠴᠦᠨ ᠨᠡᠯᠢᠶᠡᠳ ᠴᠢᠩᠭ᠎ᠠ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠬᠠᠷᠢᠴᠠᠩᠭᠤᠶ ᠪᠦᠷᠢᠨ ᠲᠡᠭᠦᠯᠳᠡᠷ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠰᠢᠯᠢᠳᠡᠭ᠂ ᠰᠤᠷᠭᠠᠭᠤᠯᠢ ᠡᠷᠭᠢᠯᠡᠬᠦ ᠣᠨᠴᠠᠯᠢᠭ ᠢᠶᠠᠷ ᠢᠯᠡ ᠲᠣᠳᠣ ᠶᠡᠷᠦᠩᠬᠡᠶᠢᠯᠡᠭᠰᠡᠨ ᠴᠢᠨᠠᠷᠲᠠᠶ ᠦᠨᠳᠦᠰᠦᠲᠡᠨ ᠤ ᠳᠡᠭᠡᠳᠦ ᠰᠤᠷᠭᠠᠭᠤᠯᠢ ᠪᠣᠯᠵᠣ ᠬᠥᠭᠵᠢᠭᠰᠡᠨ ᠪᠠᠶᠢᠨ᠎ᠠ᠃

     ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ ᠨᠢ ᠦᠪᠤᠷ ᠮᠤᠩᠭᠤᠯ ᠤᠨ ᠦᠪᠡᠷᠳᠡᠬᠡᠨ ᠵᠠᠰᠠᠬᠤ

ᠤᠷᠤᠨ ᠤ ᠲᠥᠪ ᠬᠥᠬᠡᠬᠤᠲᠠ ᠳᠤ ᠪᠠᠶᠢᠷᠢᠯᠠᠵᠤ᠂ ᠪᠥᠬᠦ ᠤᠯᠤᠰ ᠲᠤ ᠬᠠᠨᠳᠤᠭᠤᠯᠤᠨ ᠰᠣᠷᠣᠭᠴᠢ ᠡᠯᠰᠡᠵᠦ᠂

ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠣᠷᠣᠭᠴᠢ 9148 ᠪᠣᠶ᠃ ᠰᠤᠷᠭᠠᠭᠤᠯᠢ ᠨᠢ ᠵᠢᠭᠠᠨ

ᠰᠤᠷᠭᠠᠯᠲᠠ ᠶᠢᠨ ᠨᠢᠭᠡᠴᠢ 17᠂ ᠵᠢᠭᠠᠨ ᠰᠤᠷᠭᠠᠯᠲᠠ ᠶᠢ ᠬᠠᠪᠰᠤᠷᠤᠨ ᠵᠢᠯᠣᠭᠤᠳᠬᠤ ᠨᠢᠭᠡᠴᠢ 8᠂ ᠵᠢᠩᠬᠢᠨᠢ

ᠠᠩᠭᠢ ᠶᠢᠨ ᠲᠤᠰᠬᠠᠶ ᠮᠡᠷᠭᠡᠵᠢᠯ 41᠂ ᠲᠤᠰᠬᠠᠶ ᠮᠡᠷᠭᠡᠵᠢᠯ ᠤᠨ ᠠᠩᠭᠢ ᠶᠢᠨ ᠮᠡᠷᠭᠡᠵᠢᠯ 6 ᠪᠠᠶᠢᠵᠤ᠂ ᠠᠵᠤ

ᠠᠬᠤᠶ ᠶᠢᠨ ᠤᠬᠠᠭᠠᠨ᠂ ᠬᠠᠤᠯᠢ ᠶᠢᠨ ᠤᠬᠠᠭᠠᠨ᠂ ᠰᠤᠷᠭᠠᠨ ᠬᠥᠮᠥᠵᠢᠭᠦᠯᠬᠦ ᠤᠬᠠᠭᠠᠨ᠂ ᠤᠳᠬ᠎ᠠ ᠵᠣᠬᠢᠶᠠᠯ᠂

ᠪᠠᠶᠢᠭᠠᠯᠢ ᠶᠢᠨ ᠰᠢᠨᠵᠢᠯᠡᠬᠦ ᠤᠬᠠᠭᠠᠨ᠂ ᠲᠧᠭᠨᠢᠭ ᠤᠨ ᠤᠬᠠᠭᠠᠨ᠂ ᠬᠠᠮᠢᠶᠠᠷᠤᠯᠲᠠ ᠶᠢᠨ ᠤᠬᠠᠭᠠᠨ᠂ ᠤᠷᠠᠯᠢᠭ ᠤᠨ

ᠤᠬᠠᠭᠠᠨ ᠵᠡᠷᠭᠡ 8 ᠰᠢᠨᠵᠢᠯᠡᠭᠡᠨ ᠤ ᠰᠠᠯᠠᠭ᠎ᠠ ᠶᠢ ᠬᠠᠮᠤᠷᠴᠠᠶ᠃ ᠡᠭᠦᠨ ᠳᠤ ᠲᠤᠭ᠎ᠠ ᠪᠠᠷᠢᠮᠲᠠ ᠶᠢᠨ ᠰᠢᠨᠵᠢᠯᠡᠬᠦ

ᠤᠬᠠᠭᠠᠨ ᠬᠢᠭᠡᠳ ᠲᠣᠮᠣ ᠲᠤᠭ᠎ᠠ ᠪᠠᠷᠢᠮᠲᠠ ᠶᠢᠨ ᠮᠡᠷᠭᠡᠵᠢᠯ᠂ ᠣᠶᠤᠨᠴᠢ ᠰᠢᠨᠵᠢᠯᠡᠬᠦ ᠤᠬᠠᠭᠠᠨ ᠬᠢᠭᠡᠳ ᠮᠡᠷᠭᠡᠵᠢᠯ᠂

ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ ︵ᠡᠭᠦᠯᠡᠨᠴᠢᠷ ᠪᠤᠳᠤᠯᠲᠠ︶᠂ ᠬᠠᠷᠠᠭᠠᠨ ᠰᠡᠷᠡᠯ ᠤᠨ

ᠳᠠᠮᠵᠢᠭᠤᠯᠭ᠎ᠠ ᠶᠢᠨ ᠵᠢᠷᠤᠭ ᠲᠥᠯᠥᠪᠯᠡᠭᠡ᠂ ᠣᠷᠴᠢᠨ ᠲᠣᠭᠤᠷᠢᠨ ᠤ ᠵᠢᠷᠤᠭ ᠲᠥᠯᠥᠪᠯᠡᠭᠡ ︵ᠣᠷᠴᠢᠨ ᠲᠣᠭᠤᠷᠢᠨ ᠤ

ᠤᠷᠠᠯᠢᠭ ᠤᠨ ᠵᠢᠷᠤᠭ ᠲᠥᠯᠦᠪᠯᠡᠭᠡᠨ ᠤ ᠴᠢᠭᠯᠡᠯ︶ ᠪᠠ ᠶᠠᠫᠣᠨ ᠬᠡᠯᠡ ︵ᠦᠢᠯᠡᠴᠢᠯᠡᠭᠡ ᠶᠢ ᠭᠠᠳᠠᠭᠰᠢ

ᠳᠠᠭᠠᠭᠠᠴᠢᠯᠠᠭᠤᠯᠬᠤ ᠴᠢᠭᠯᠡᠯ︶ ᠵᠡᠷᠭᠡ 6 ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠨᠢ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭᠠᠨ ᠤ ᠲᠤᠰᠬᠠᠶ ᠮᠡᠷᠭᠡᠵᠢᠯ ᠳᠤ ᠬᠠᠷᠢᠶᠠᠯᠠᠭᠳᠠᠨ᠎ᠠ᠃ ᠰᠤᠷᠭᠠᠭᠤᠯᠢ ᠳᠤ ᠤᠯᠤᠰ ᠤᠨ

ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠴᠡᠭ 1᠂ ᠮᠤᠵᠢ ᠶᠢᠨ

ᠲᠠᠰ ᠤᠨ ᠲᠡᠷᠢᠭᠦᠨ ᠤ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠴᠡᠭ 6 ᠪᠣᠶ᠃

     ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ ᠶᠢᠨ ᠪᠠᠭᠰᠢ ᠠᠵᠢᠯᠳᠡᠠ ᠠᠵᠢᠯᠴᠢᠠ 627 ᠪᠠᠶᠢᠵᠤ᠂

ᠡᠭᠦᠨ ᠳᠤ ᠲᠤᠰᠬᠠᠶ  ᠪᠠᠭᠰᠢ 443 ᠪᠣᠶ᠃ ᠲᠤᠰᠬᠠᠶ ᠪᠠᠭᠰᠢ ᠶᠢᠨ ᠳᠣᠲᠣᠷ᠎ᠠ ᠮᠠᠰᠲ᠋ᠧᠷ ᠤᠨ ᠡᠷᠳᠡᠮ ᠤᠨ

ᠴᠣᠯᠠ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠭᠰᠢ 74.3% ᠶᠢ ᠡᠵᠡᠯᠡᠵᠦ᠂ ᠡᠭᠦᠨ ᠳᠤ ᠳ᠋ᠣᠺᠲ᠋ᠣᠷ

100 ᠪᠣᠶ᠃ ᠳᠡᠳ᠋ ᠳᠡᠭᠡᠳᠦ ᠳᠡᠰ ᠠᠴᠠ ᠳᠡᠭᠡᠭᠰᠢᠬᠢ ᠮᠡᠷᠭᠡᠵᠢᠯ ᠤᠨ ᠴᠤᠯᠠᠲᠠᠢ ᠪᠠᠭᠰᠢ 46.1% ᠶᠢ ᠡᠵᠡᠯᠡᠵᠦ᠂

ᠡᠭᠦᠨ ᠳᠤ ᠬᠤᠶᠠᠳᠤᠭᠠᠷ ᠳᠡᠰ ᠤᠨ ᠫᠷᠣᠹᠧᠰᠰᠤᠷ 5 ᠪᠣᠶ᠃ ᠪᠠᠭᠰᠢ ᠶᠢᠨ ᠡᠩᠨᠡᠭᠡᠨ ᠳᠤ᠂ ᠪᠥᠬᠦ ᠤᠯᠤᠰ ᠤᠨ ᠳᠡᠭᠡᠳᠦ

ᠰᠤᠷᠭᠠᠭᠤᠯᠢ ᠶᠢᠨ ᠬᠤᠸᠠᠩ ᠳ᠋ᠠ ᠨᠢᠶᠠᠨ ᠮᠠᠶ᠋ᠢᠭ ᠤᠨ ᠪᠠᠭᠰᠢ ᠶᠢᠨ ᠪᠦᠯᠬᠦᠮ1᠂ ᠥᠪᠡᠷᠲᠡᠭᠡᠨ ᠵᠠᠰᠠᠬᠤ ᠣᠷᠣᠨ ᠤ

︽ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ︾ ᠤ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ 3 ᠪᠣᠶ︔

ᠲᠦᠷᠤ ᠶᠢᠨ ᠶᠠᠪᠤᠳᠠᠯ ᠤᠨ ᠬᠤᠷᠢᠶ᠎ᠠ ᠵᠠᠰᠠᠭ ᠤᠨ ᠣᠷᠳᠣᠨ ᠤ ᠣᠨᠴᠠ ᠨᠡᠮᠡᠭᠦᠷᠢ ᠶᠢ ᠭᠦᠷᠲᠡᠵᠦ ᠪᠠᠶᠢᠭ᠎ᠠ ᠪᠠᠭᠰᠢ 2᠂

ᠥᠪᠡᠷᠲᠡᠭᠡᠨ ᠵᠠᠰᠠᠬᠤ ᠣᠷᠣᠨ ᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ

ᠮᠡᠷᠭᠡᠵᠢᠯᠲᠡᠨ 5᠂ ᠥᠪᠡᠷᠲᠡᠭᠡᠨ ᠵᠠᠰᠠᠬᠤ ᠣᠷᠣᠨ ᠤ ︽111 ᠴᠢᠳᠠᠪᠤᠷᠢᠲᠠᠨ ᠤ ᠢᠨᠵᠧᠨᠧᠷᠢᠩ︾᠂ ︽ᠲᠠᠯ᠎ᠠ ᠨᠤᠲᠤᠭ

 ᠤᠨ ᠴᠢᠳᠠᠪᠤᠷᠢᠲᠠᠨ ᠤ ᠢᠨᠵᠧᠨᠧᠷᠢᠩ︾᠂ ᠰᠢᠨ᠎ᠡ ᠵᠠᠭᠤᠨ ᠤ ︽321 ᠴᠢᠳᠠᠪᠤᠷᠢᠲᠠᠨ ᠤ ᠢᠨᠵᠧᠨᠧᠷᠢᠩ︾ ᠤᠨ

ᠵᠢᠱᠢᠭᠳᠡᠭᠴᠢ 8 ᠬᠥᠮᠦᠨ ᠤᠳᠠᠭ᠎ᠠ ᠳᠤ ᠬᠦᠷᠴᠡᠶ︔ ᠪᠥᠬᠦ ᠤᠯᠤᠰ ᠤᠨ ᠰᠢᠯᠢᠳᠡᠭ ᠪᠠᠭᠰᠢ1 ᠪᠣᠶ︔ ︽ᠳᠥᠷᠪᠡᠨ ᠨᠢᠭᠡ

ᠪᠦᠯᠦᠭ︾ ᠤᠨ ᠴᠢᠳᠠᠪᠤᠷᠢᠲᠠᠨ1︔ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠨ᠎ᠡ ᠶᠢ ᠡᠭᠦᠳᠬᠦ

ᠵᠠᠯᠠᠭᠤ ᠴᠢᠳᠠᠪᠤᠷᠢᠲᠠᠨ — ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠢᠨᠵᠧᠨᠧᠷᠢᠩ ᠤᠨ ᠪᠡᠯᠡᠳᠬᠡᠯ

ᠴᠢᠳᠠᠪᠤᠷᠢᠲᠠᠨ1︔ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠨ᠎ᠡ ᠶᠢ ᠡᠭᠦᠳᠬᠦ ᠵᠠᠯᠠᠭᠤ

ᠴᠢᠳᠠᠪᠤᠷᠢᠲᠠᠨ1︔ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ ᠰᠢᠨ᠎ᠡ ᠶᠢ ᠡᠭᠦᠳᠬᠦ ᠵᠠᠯᠠᠭᠤ

ᠴᠢᠳᠠᠪᠤᠷᠢᠲᠠᠨ2︔ ᠳᠡᠭᠡᠳᠦ ᠰᠤᠷᠭᠠᠭᠤᠯᠢ ᠶᠢᠨ ᠲᠣᠭᠠᠨ ᠤ ᠤᠬᠠᠭᠠᠨ ᠤ ᠬᠢᠴᠢᠶᠡᠯ ᠤᠨ ᠵᠢᠭᠠᠨ ᠰᠤᠷᠭᠠᠯᠲᠠ ᠶᠢ

ᠵᠢᠯᠣᠭᠤᠳᠬᠤ ᠺᠣᠮᠢᠰ ᠤᠨ ᠠᠵᠢᠯ ᠤᠨ ᠭᠡᠰᠢᠭᠦᠨ1 ᠪᠣᠢ᠃

     ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ ᠳᠤ ᠲᠣᠭᠠᠨ ᠤ ᠤᠬᠠᠭᠠᠨ᠂ ᠰᠤᠷᠭᠠᠨ ᠬᠥᠮᠥᠵᠢᠭᠦᠯᠬᠦ

ᠤᠬᠠᠭᠠᠨ ᠭᠡᠬᠦ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠭᠤᠤᠯᠳᠠᠯᠭ᠎ᠠ ᠪᠣᠯᠬᠤ ᠰᠢᠨᠵᠢᠯᠡᠭᠡᠨ ᠤ

ᠰᠠᠯᠠᠭ᠎ᠠ 2᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠡᠤᠬᠡ ︵ᠮᠣᠩᠭᠤᠯ ᠶᠤᠸᠠᠨ ᠤ ᠰᠣᠶᠣᠯ︶᠂

ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠡᠯᠡ ᠤᠳᠬ᠎ᠠ ᠵᠣᠬᠢᠶᠠᠯ ︵ᠬᠢᠲᠠᠳ ᠮᠣᠩᠭᠤᠯ

ᠣᠷᠴᠢᠭᠤᠯᠭ᠎ᠠ︶᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠪᠥᠲᠥᠭᠡᠨ ᠪᠠᠶᠢᠭᠤᠯᠤᠯᠲᠠ ᠶᠢᠨ

ᠰᠢᠨᠵᠢᠯᠡᠭᠡᠨ ᠤ ᠰᠠᠯᠠᠭ᠎ᠠ 2 ᠪᠣᠶ᠃ ᠰᠤᠷᠭᠠᠭᠤᠯᠢ ᠳᠤ ᠣᠲᠣ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ

︽ᠮᠣᠩᠭᠤᠯ ᠤᠯᠤᠰ ᠤᠨ ᠰᠤᠳᠤᠯᠭᠠᠨ ᠤ ᠲᠥᠪ︾᠂ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠭᠦ ᠤᠬᠠᠭᠠᠨ ᠤ

ᠬᠦᠷᠢᠶᠡᠯᠡᠩ ᠤᠨ ᠦᠨᠳᠦᠰᠦᠲᠡᠨ ᠤ ᠤᠳᠬ᠎ᠠ ᠵᠣᠬᠢᠶᠠᠯ ᠤᠨ ᠰᠤᠳᠤᠯᠭᠠᠨ ᠤ ᠭᠠᠵᠠᠷ ᠲᠠᠢ ᠬᠠᠮᠲᠤᠷᠠᠨ ᠪᠠᠶᠢᠭᠤᠯᠤᠭᠰᠠᠨ

︽ᠰᠢᠨ᠎ᠡ ᠴᠠᠭ ᠦᠶ᠎ᠡ ᠶᠢᠨ ᠦᠪᠦᠷ ᠮᠤᠩᠭᠤᠯ ᠤᠨ ᠭᠤᠷᠪᠠᠨ ᠴᠥᠭᠡᠨ ᠲᠣᠭᠠᠲᠤ ᠦᠨᠳᠦᠰᠦᠲᠡᠨ ᠤ ᠬᠡᠯᠡ

ᠰᠣᠶᠣᠯ ᠤᠨ ᠰᠤᠳᠤᠯᠭᠠᠨ ᠤ ᠲᠥᠪ︾᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ︽ᠨᠢᠭᠡ

ᠪᠦᠰᠡ ᠨᠢᠭᠡ ᠵᠠᠮ ᠤᠨ ᠬᠢᠲᠠᠳ ᠣᠷᠴᠢᠭᠤᠯᠭ᠎ᠠ ᠶᠢᠨ ᠰᠣᠳᠤᠯᠭᠠᠨ ᠤ ᠲᠥᠪ︾᠂ ᠥᠪᠡᠷᠲᠡᠭᠡᠨ ᠵᠠᠰᠠᠬᠤ ᠣᠷᠣᠨ ᠤ

ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ︽ᠨᠠᠢᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠢ

ᠳᠦᠷᠢᠮᠵᠢᠭᠦᠯᠬᠦ ᠰᠣᠳᠤᠯᠭᠠᠨ ᠤ ᠲᠥᠪ︾᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ

ᠵᠦᠪᠯᠡᠯ ᠤᠨ ︽ᠦᠪᠦᠷ ᠮᠤᠩᠭᠤᠯ ᠤᠨ ᠬᠡᠯᠡ ᠬᠢᠭᠡᠳ ᠣᠷᠴᠢᠭᠤᠯᠭ᠎ᠠ ᠶᠢᠨ ᠲᠥᠪ︾᠂ ᠥᠪᠡᠷᠲᠡᠭᠡᠨ ᠵᠠᠰᠠᠬᠤ

ᠣᠷᠣᠨ ᠤ ︽ᠤᠰᠤᠨ ᠤ ᠴᠢᠨᠠᠷ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠤᠨ ᠲᠤᠰᠬᠠᠶ ᠲᠤᠷᠰᠢᠯᠲᠠ ᠶᠢᠨ ᠵᠢᠭᠠᠨ

ᠰᠤᠷᠭᠠᠯᠲᠠ ᠶᠢᠨ ᠲᠥᠪ︾ ᠪᠠ ︽ᠬᠡᠷᠡᠭᠯᠡᠭᠡᠨ ᠤ ᠲᠣᠭᠠᠨ ᠤ ᠤᠬᠠᠭᠠᠨ ᠬᠢᠭᠡᠳ ᠲᠣᠮᠣ ᠳ᠋ᠠᠶᠢᠲ᠋ᠠ ᠶᠢᠨ

ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠥᠪ︾ ᠵᠡᠷᠭᠡ 7 ᠰᠤᠳᠤᠯᠭᠠᠨ ᠤ ᠲᠥᠪ᠂ ᠤᠯᠤᠰ ᠤᠨ ᠰᠤᠷᠭᠠᠨ

ᠬᠥᠮᠦᠵᠢᠯ ᠤᠨ ᠶᠠᠮᠤᠨ ᠤ ︽ᠦᠨᠳᠦᠰᠦᠲᠡᠨ ᠤ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢᠲᠦ ᠰᠢᠨᠵᠢᠯᠡᠭᠡᠨ ᠤ ᠰᠠᠯᠠᠭᠠᠨ

 ᠤ ᠲᠤᠰᠬᠠᠶ ᠮᠡᠷᠭᠡᠵᠢᠯ ᠤᠨ ᠭᠤᠣᠯᠳᠠᠯᠭᠠᠲᠠᠢ ᠰᠣᠳᠤᠯᠭᠠᠨ ᠤ ᠰᠠᠭᠤᠷᠢᠨ︾᠂ ᠤᠯᠤᠰ ᠤᠨ ᠦᠨᠳᠦᠰᠦᠲᠡᠨ ᠤ ᠬᠡᠷᠡᠭ

ᠡᠷᠬᠢᠯᠡᠬᠦ ᠵᠦᠪᠯᠡᠯ ᠤᠨ ᠭᠤᠣᠯᠳᠠᠯᠭᠠᠲᠠᠢ ᠰᠤᠳᠤᠯᠭᠠᠨ ᠤ ᠰᠠᠭᠤᠷᠢᠨ ᠭᠠᠵᠠᠷ ︽ᠮᠣᠩᠭᠤᠯ ᠦᠨᠳᠦᠰᠦᠲᠡᠨ ᠤ

ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠭᠠᠨ ᠤ ᠰᠠᠭᠤᠷᠢᠨ︾᠂ ᠤᠯᠤᠰ ᠤᠨ ᠦᠨᠳᠦᠰᠦᠲᠡᠨ ᠤ ᠬᠡᠷᠡᠭ

ᠡᠷᠬᠢᠯᠡᠬᠦ ᠵᠦᠪᠯᠡᠯ ᠤᠨ ︽ᠤᠯᠤᠰ ᠤᠨ ᠬᠡᠯᠡᠨ ᠤ ᠡᠬᠢ ᠪᠠᠶᠠᠯᠢᠭ ᠢ ᠬᠢᠨᠠᠨ ᠰᠢᠯᠭᠠᠬᠤ ᠪᠠ ᠰᠤᠳᠤᠯᠬᠤ ᠲᠥᠪ ᠤᠨ

ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠬᠤᠪᠢᠶᠠᠷᠢ ᠮᠣᠩᠭᠤᠯ ᠬᠡᠯᠡ ᠪᠢᠴᠢᠭ ᠤᠨ ᠰᠤᠳᠤᠯᠭᠠᠨ ᠤ ᠰᠠᠭᠤᠷᠢᠨ︾᠂

ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ︽ᠮᠣᠩᠭᠤᠯ ᠬᠡᠯᠡᠨ ᠤ ᠣᠷᠴᠢᠭᠤᠯᠭ᠎ᠠ ᠶᠢᠨ

ᠭᠤᠣᠯᠳᠠᠯᠭᠠᠲᠠᠢ ᠰᠤᠳᠤᠯᠭᠠᠨ ᠤ ᠰᠠᠭᠤᠷᠢᠨ︾᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶᠠᠨ

 ᠤ ︽ᠦᠨᠳᠦᠰᠦᠲᠡᠨ ᠤ ᠰᠤᠷᠭᠠᠭᠤᠯᠢ ᠶᠢᠨ ᠠᠩᠭ᠍ᠯᠢ ᠬᠡᠯᠡᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ

ᠰᠤᠳᠤᠯᠭᠠᠨ ᠤ ᠰᠠᠭᠤᠷᠢᠨ︾᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ

ᠤᠬᠠᠭᠤᠯᠬᠤ ᠬᠡᠯᠲᠡᠰ ᠤᠨ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ

ᠰᠠᠭᠤᠷᠢᠨ︾᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ︽ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠰᠤᠳᠤᠯᠭᠠᠨ ᠤ    

ᠰᠠᠭᠤᠷᠢᠨ︾᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠮᠣᠩᠭᠤᠯ ᠬᠡᠯᠡᠨ ᠤ

ᠣᠷᠴᠢᠭᠤᠯᠭ᠎ᠠ ᠶᠢᠨ ᠭᠤᠣᠯᠳᠠᠯᠭᠠᠲᠠᠢ ᠰᠤᠳᠤᠯᠭᠠᠨ ᠤ ᠰᠠᠭᠤᠷᠢᠨ︾᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠤᠨ ︽ᠰᠢᠨ᠎ᠡ ᠴᠠᠭ ᠦᠶ᠎ᠡ ᠶᠢᠨ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ

ᠭᠤᠣᠯᠳᠠᠯᠭᠠᠲᠠᠢ ᠰᠤᠳᠤᠯᠭᠠᠨ ᠤ ᠰᠠᠭᠤᠷᠢᠨ︾᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠤᠨ ︽ᠭᠠᠳᠠᠭᠠᠳᠤ ᠬᠡᠯᠡᠨ ᠤ ᠬᠡᠷᠡᠭᠯᠡᠭᠡᠨ ᠤ ᠬᠡᠯᠪᠡᠷᠢᠲᠦ ᠴᠢᠳᠠᠪᠤᠷᠢᠲᠠᠨ ᠢ ᠬᠥᠮᠦᠵᠢᠭᠦᠯᠬᠦ ᠬᠡᠪ ᠵᠠᠭᠪᠤᠷ ᠤᠨ

ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠰᠤᠳᠤᠯᠭᠠᠨ ᠤ ᠰᠠᠭᠤᠷᠢᠨ︾᠂ ᠤᠯᠤᠰ ᠤᠨ ᠦᠨᠳᠦᠰᠦᠲᠡᠨ ᠤ ᠬᠡᠷᠡᠭ

ᠡᠷᠭᠢᠯᠡᠬᠦ ᠵᠦᠪᠯᠡᠯ ᠤᠨ ︽ᠮᠣᠩᠭᠤᠯ ᠬᠡᠯᠡᠨ ᠤ ᠮᠡᠳᠡᠭᠡ ᠵᠠᠩᠭᠢ ᠶᠢ ᠰᠢᠢᠳᠪᠦᠷᠢᠯᠡᠬᠦ ᠮᠡᠷᠭᠡᠵᠢᠯ ᠤᠨ ᠭᠤᠣᠯᠳᠠᠯᠭᠠᠲᠠᠢ

ᠲᠤᠷᠰᠢᠯᠲᠠ ᠶᠢᠨ    ᠲᠠᠰᠤᠭ︾᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ

︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠣᠩᠭᠤᠯ ᠬᠡᠯᠡ ᠥᠰᠥᠭ ᠪᠢᠴᠢᠭ ᠤᠨ ᠮᠡᠳᠡᠭᠡ

ᠵᠠᠩᠭᠢ ᠶᠢᠨ ᠮᠡᠷᠭᠡᠵᠢᠯ ᠤᠨ ᠭᠤᠣᠯᠳᠠᠯᠭᠠᠲᠠᠢ ᠲᠤᠷᠰᠢᠯᠲᠠ ᠶᠢᠨ ᠲᠠᠰᠤᠭ︾ ᠵᠡᠷᠭᠡ 2 ᠭᠤᠣᠯᠳᠠᠯᠭᠠᠲᠠᠢ

ᠲᠤᠷᠰᠢᠯᠲᠠ ᠶᠢᠨ ᠲᠠᠰᠤᠭ ᠪᠣᠢ᠃

     ᠰᠤᠷᠭᠠᠭᠤᠯᠢ ᠶᠢᠨ ᠰᠡᠳᠬᠦᠯ ︽ᠮᠣᠩᠭᠤᠯ ᠤᠨ ᠰᠤᠳᠤᠯᠤᠯ︾ ᠢ ᠤᠯᠤᠰ ᠤᠨ ᠰᠣᠨᠢᠨ ᠮᠡᠳᠡᠭᠡ ᠬᠡᠪᠯᠡᠯ ᠷᠠᠳᠢᠣ᠋

ᠲᠧᠯᠸᠢᠰ ᠤᠨ ᠶᠡᠷᠦᠩᠬᠡᠶ  ᠳᠣᠪᠴᠢᠶᠠᠨ ᠠᠴᠠ A ᠲᠠᠰ ᠤᠨ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ᠢᠶᠠᠷ

ᠲᠣᠭᠲᠠᠭᠠᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠩᠬᠠᠳᠠᠭᠴᠢ ᠪᠦᠯᠦᠭ ᠤᠨ ᠡᠷᠳᠡᠮ

ᠰᠢᠨᠵᠢᠯᠡᠭᠡᠨ ᠤ ᠬᠤᠭᠤᠴᠠᠭᠠᠲᠤ ᠰᠡᠳᠬᠦᠯ ᠤᠨ ᠨᠡᠷᠡᠰ ᠲᠤ ᠣᠷᠣᠭᠤᠯᠪᠠ᠃ ︽ᠮᠣᠩᠭᠤᠯ ᠤᠨ ᠰᠤᠳᠤᠯᠤᠯ· ᠲᠡᠤᠬᠡ

ᠰᠣᠶᠣᠯ ᠤᠨ ᠰᠤᠳᠤᠯᠤᠯ︾ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ︽ᠨᠠᠷᠠᠲᠤ ᠪᠤᠯᠤᠩ ᠤᠨ

ᠪᠠᠶᠢᠭᠤᠯᠤᠯᠲᠠ︾ ᠶᠢᠨ ᠲᠥᠰᠦᠯ ᠢᠶᠠᠷ ᠲᠣᠭᠳᠠᠭᠠᠭᠳᠠᠵᠤ᠂ ︽ᠵᠠᠩ ᠦᠢᠯᠡ ᠰᠤᠳᠤᠯᠤᠯ︾᠂ ︽ᠮᠣᠩᠭᠤᠯ ᠤᠨ ᠦᠵᠡᠯ

ᠰᠠᠨᠠᠭᠠᠨ ᠤ ᠲᠡᠤᠬᠡ ᠶᠢᠨ ᠰᠤᠳᠤᠯᠤᠯ︾ ᠭᠡᠬᠦ 2 ᠪᠤᠯᠤᠩ ᠨᠢ ᠲᠣᠰ ᠲᠣᠰ ︽ᠳᠥᠷᠪᠡᠳᠦᠭᠡᠷ ᠬᠤᠭᠤᠴᠠᠭᠠᠨ ᠤ ᠪᠥᠬᠦ

ᠤᠯᠤᠰ ᠤᠨ ᠳᠡᠭᠡᠳᠦ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠭᠤᠴᠠᠭᠠᠲᠤ ᠰᠡᠳᠬᠦᠯ ᠤᠨ

ᠤᠨᠴᠠᠯᠢᠭᠳᠤ ᠪᠤᠯᠤᠩ ᠤᠨ ᠱᠠᠩᠨᠠᠯ︾ ᠪᠠ ︽ᠠᠩᠬᠠᠳᠤᠭᠠᠷ ᠬᠤᠭᠤᠴᠠᠭᠠᠨ ᠤ ᠪᠥᠬᠦ ᠤᠯᠤᠰ ᠤᠨ ᠦᠨᠳᠤᠰᠤᠲᠠᠨ ᠤ

ᠤᠷᠤᠨ ᠤ ᠡᠷᠳᠡᠮ ᠰᠢᠨᠵᠢᠯᠡᠭᠡᠨ ᠤ ᠰᠡᠳᠭᠦᠯ ᠤᠨ ᠨᠠᠷᠠᠲᠤ ᠪᠤᠯᠤᠩ︾ ᠤᠨ ᠱᠠᠩᠨᠠᠯ ᠢ ᠭᠥᠷᠳᠡᠪᠡ᠃

     ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ ᠨᠢ ᠮᠣᠩᠭᠤᠯ ᠤᠯᠤᠰ᠂ ᠤᠷᠤᠰ᠂ ᠶᠠᠫᠣᠨ᠂ ᠠᠮᠧᠷᠢᠺᠠ᠂

ᠮᠠᠯᠠᠶᠢᠰᠢᠶ᠎ᠠ᠂ ᠬᠠᠩᠭᠠᠷᠢ᠂ ᠲᠠᠢ ᠤᠯᠤᠰ᠂ ᠠᠩᠭ᠍ᠯᠢ᠂ ᠹᠢᠯᠢᠫᠢᠨ ᠵᠡᠷᠭᠡ ᠤᠯᠤᠰ ᠤᠨ ᠳᠡᠭᠡᠳᠦ ᠰᠤᠷᠭᠠᠭᠤᠯᠢ ᠪᠠ ᠰᠤᠷᠭᠠᠨ

ᠬᠥᠮᠦᠵᠢᠯ ᠤᠨ ᠵᠣᠬᠢᠶᠠᠨ ᠪᠠᠶᠢᠭᠤᠯᠤᠯᠲᠠ ᠵᠢᠴᠢ ᠲᠠᠶᠢᠸᠠᠨ᠂ ᠰᠢᠶᠠᠩᠭᠠᠩ ᠤᠨ ᠳᠡᠭᠡᠳᠦ ᠰᠤᠷᠭᠠᠭᠤᠯᠢ ᠪᠠ ᠰᠤᠷᠭᠠᠨ

ᠬᠥᠮᠦᠵᠢᠯ ᠤᠨ ᠪᠦᠯᠦᠭᠯᠡᠯ ᠲᠠᠢ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠪᠠ︔ ᠲᠥᠪ ᠤᠨ ᠦᠨᠳᠦᠰᠦᠲᠡᠨ ᠤ

ᠶᠡᠭᠡ ᠰᠤᠷᠭᠠᠭᠤᠯᠢ ᠪᠣᠯᠤᠨ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠯᠤᠭ᠎ᠠ ᠠᠵᠢᠯ ᠲᠥᠷᠦᠯ ᠢᠶᠠᠷ

 ᠢᠶᠠᠨ ᠬᠠᠮᠵᠢᠯᠴᠠᠬᠤ ᠬᠠᠷᠢᠴᠠᠭ᠎ᠠ ᠶᠢ ᠪᠠᠶᠢᠭᠤᠯᠵᠤ᠂ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ

ᠪᠣᠯᠤᠨ ᠣᠷᠣᠨ ᠤ ᠳᠣᠲᠣᠷᠠᠬᠢ ᠬᠤᠯᠪᠤᠭᠳᠠᠬᠤ ᠳᠡᠭᠡᠳᠦ ᠰᠤᠷᠭᠠᠭᠤᠯᠢ ᠯᠤᠭ᠎ᠠ ᠬᠠᠮᠲᠤᠷᠠᠨ ᠬᠥᠮᠦᠵᠢᠭᠦᠯᠬᠦ ᠪᠠ

ᠰᠣᠯᠢᠯᠴᠠᠬᠤ ᠶᠢ ᠥᠷᠨᠢᠭᠦᠯᠪᠡ︔ ᠳᠤᠮᠳᠠᠳᠤ ᠤᠯᠤᠰ ᠤᠨ ᠵᠥᠭᠡᠯᠡᠨ ᠲᠣᠨᠤᠭ ᠤᠨ ᠣᠯᠠᠨ ᠤᠯᠤᠰ ᠤᠨ ᠬᠢᠵᠠᠭᠠᠷᠲᠤ

ᠺᠣᠮᠫᠠᠨᠢ᠂ ᠳ᠋ᠠ ᠨᠧᠢ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ

ᠺᠣᠮᠫᠠᠨᠢ᠂ ᠪᠡᠭᠡᠵᠢᠩ ᠤᠨ ᠳ᠋ᠦᠩ ᠹᠠᠩ ᠣᠶᠤᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ

ᠴᠢᠩᠳᠣᠤ ᠶᠢᠨ ᠬᠥᠩᠭᠡᠨ ᠵᠥᠭᠡᠯᠡᠨ ᠲᠣᠨᠤᠭ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠲᠠᠢ ᠬᠠᠮᠵᠢᠯᠴᠠᠨ

ᠬᠥᠮᠦᠨ ᠢ ᠬᠥᠮᠦᠵᠢᠭᠦᠯᠬᠦ  ᠲᠥᠰᠦᠯ ᠢ ᠥᠷᠨᠢᠭᠦᠯᠵᠦ᠂ ᠬᠡᠷᠡᠭᠯᠡᠭᠡᠨ ᠤ ᠬᠡᠯᠪᠡᠷᠢᠲᠦ ᠴᠢᠳᠠᠪᠤᠷᠢᠲᠠᠨ ᠢ ᠬᠠᠮᠲᠤᠷᠠᠨ

ᠬᠥᠮᠥᠵᠢᠭᠦᠯᠪᠡ︔ ᠣᠷᠣᠨ ᠤ ᠳᠣᠲᠣᠷ᠎ᠠ ᠭᠠᠳᠠᠨᠠᠬᠢ  ᠬᠤᠯᠪᠤᠭᠳᠠᠬᠤ ᠣᠷᠤᠨ ᠨᠤᠲᠤᠭ ᠤᠨ ᠵᠠᠰᠠᠭ ᠤᠨ

ᠣᠷᠳᠤᠨ ᠯᠤᠭ᠎ᠠ ᠪᠠᠶᠢᠯᠳᠤᠬᠤ ᠪᠤᠳᠤᠯᠭ᠎ᠠ ᠶᠢᠨ ᠬᠤᠷᠰᠢᠯᠴᠠᠭᠠᠨ ᠤ ᠬᠡᠯᠡᠯᠴᠡᠭᠡᠷ ᠤᠨ ᠲᠥᠰᠦᠪ ᠪᠣᠯᠤᠨ ᠤᠶᠤᠲᠠᠳ

 ᠤᠨ ᠳᠠᠳᠤᠯᠭ᠎ᠠ ᠬᠢᠬᠦ ᠬᠡᠯᠡᠯᠴᠡᠭᠡᠷ ᠢ ᠲᠣᠭᠲᠠᠵᠤ᠂ ᠰᠤᠷᠤᠭᠴᠢᠳ ᠢ ᠰᠣᠩᠭᠤᠨ ᠲᠣᠮᠢᠯᠠᠵᠤ ᠠᠵᠢᠯ ᠤᠨ ᠪᠠᠶᠢᠷᠢ

ᠣᠷᠣᠯᠠᠨ ᠳᠠᠳᠤᠯᠭ᠎ᠠ ᠬᠢᠯᠭᠡᠵᠦ᠂ ᠦᠢᠯᠡᠳᠦᠯᠭᠡ ᠶᠢᠨ ᠪᠣᠯᠪᠠᠰᠤᠷᠠᠯ ᠢ ᠥᠷᠨᠢᠭᠦᠯᠪᠡ᠃

     ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ ᠨᠢ ︽ᠲᠥᠪ ᠶᠣᠰᠣ ᠶᠢ ᠡᠷᠬᠢᠮᠯᠡᠬᠦ᠂ ᠣᠶᠤᠨ

ᠤᠬᠠᠭᠠᠨ ᠢ ᠡᠷᠬᠢᠮᠯᠡᠬᠦ᠂ ᠦᠨᠳᠦᠰᠦ ᠠᠴᠠ ᠨᠢ ᠴᠢᠷᠮᠠᠶᠢᠬᠤ᠂ ᠤᠯᠠᠮᠵᠢᠯᠠᠨ ᠵᠠᠯᠭᠠᠮᠵᠢᠯᠠᠬᠤ︾ ᠰᠤᠷᠭᠠᠭᠤᠯᠢ ᠶᠢᠨ

ᠰᠤᠷᠭᠠᠯ ᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠪᠠᠷ ᠦᠵᠡᠯ ᠰᠠᠨᠠᠭ᠎ᠠ

ᠤᠯᠤᠰ ᠲᠥᠷᠥ ᠶᠢᠨ ᠬᠥᠮᠦᠵᠢᠯ ᠢ ᠬᠥᠲᠥᠯᠦᠨ ᠳᠠᠭᠠᠭᠤᠯᠵᠤ᠂ ᠰᠢᠯᠢᠳᠡᠭ ᠰᠠᠶᠢᠨ ᠰᠤᠷᠭᠠᠭᠤᠯᠢ ᠶᠢᠨ ᠰᠤᠷᠲᠠᠯ᠂

ᠰᠤᠷᠭᠠᠨ ᠬᠥᠮᠦᠵᠢᠯ ᠤᠨ ᠰᠤᠷᠲᠠᠯ᠂ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ

ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ

︽ᠦᠨᠳᠦᠰᠦᠲᠡᠨ ᠤ ᠰᠤᠷᠭᠠᠨ ᠬᠥᠮᠦᠵᠢᠯ ᠤᠨ ᠲᠡᠷᠢᠭᠦᠨ ᠤ ᠬᠠᠮᠲᠤ︾ ᠪᠠ ︽ᠦᠨᠳᠤᠰᠤᠲᠠᠨ ᠤ ᠪᠦᠯᠭᠦᠮᠳᠡᠯ

ᠳᠠᠪᠰᠢᠯᠲᠠ ᠶᠢᠨ ᠲᠡᠷᠢᠭᠦᠨ ᠤ ᠬᠠᠮᠲᠤ︾ ᠪᠠᠷ ᠣᠯᠠᠨ ᠤᠳᠠᠭ᠎ᠠ ᠦᠨᠡᠯᠡᠭᠳᠡᠪᠡ᠃ ᠰᠤᠷᠭᠠᠭᠤᠯᠢ ᠨᠢ ᠳᠥᠷᠪᠡᠨ ᠵᠢᠯ

ᠳᠠᠷᠠᠭᠠᠯᠠᠨ ︽ᠪᠥᠬᠦ ᠣᠷᠣᠨ ᠤ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠡᠷᠢᠭᠦᠨ ᠤ

ᠬᠠᠮᠲᠤ︾᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠤᠨ ︽ᠠᠮᠤᠷ ᠲᠠᠶᠢᠪᠤᠩ ᠰᠤᠷᠭᠠᠭᠤᠯᠢ ᠶᠢᠨ

ᠬᠦᠷᠢᠶ᠎ᠡ︾ ᠪᠠᠷ ᠦᠨᠡᠯᠡᠭᠳᠡᠪᠡ᠃ ᠰᠤᠷᠭᠠᠭᠤᠯᠢ ᠶᠢᠨ ᠨᠡᠭᠠᠳᠦᠮ ᠰᠣᠶᠣᠯ ᠤᠨ ᠨᠠᠶᠢᠷ ᠪᠣᠯᠤᠨ ᠰᠤᠷᠭᠠᠭᠤᠯᠢ ᠶᠢᠨ ᠬᠦᠯ

ᠪᠥᠮᠪᠦᠭᠡ ᠪᠣᠯ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠨ

ᠰᠣᠳᠣᠨ ᠲᠥᠰᠦᠯ᠂ ᠰᠤᠷᠭᠠᠭᠤᠯᠢ ᠶᠢᠨ ᠤᠯᠠᠭᠠᠨᠮᠥ᠋ᠴᠢᠷ ᠨᠢ 21 ᠬᠤᠰᠢᠭᠤ ᠰᠢᠶᠠᠨ ᠤ ᠤᠯᠠᠭᠠᠨᠮᠥ᠋ᠴᠢᠷ ᠲᠠᠢ

ᠬᠠᠮᠲᠤᠷᠠᠨ ᠠᠵᠢᠯᠯᠠᠬᠤ ᠬᠠᠷᠢᠴᠠᠭ᠎ᠠ ᠶᠢ ᠪᠠᠶᠢᠭᠤᠯᠪᠠ᠃

     ᠬᠦᠬᠡᠬᠤᠳᠠ ᠦᠨᠳᠤᠰᠤᠲᠠᠨ ᠤ ᠳᠡᠭᠡᠳᠦ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠲᠤᠮᠳᠡᠳᠦ ᠤᠯᠦᠰ ᠤᠨ ᠤᠡᠴᠡᠯᠢᠬ ᠪᠥᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂

ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠰᠤᠷᠭᠠᠨ

ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠬᠦ

ᠴᠢᠭᠯᠡᠯ ᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠶ ᠪᠣᠯᠭᠠᠨ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ

ᠪᠠᠷᠢᠮᠲᠠᠯᠠᠨ᠂ ᠨᠠᠮ ᠤᠨ ᠦᠨᠳᠤᠰᠤᠲᠠᠨ ᠤ ᠲᠦᠷᠦ ᠶᠢᠨ ᠪᠤᠳᠤᠯᠭ᠎ᠠ ᠢ ᠲᠤᠭᠤᠰᠢᠯᠠᠭᠤᠯᠵᠤ᠂ ᠦᠨᠳᠦᠰᠦᠲᠡᠨ ᠤ ᠳᠡᠭᠡᠳᠦ

ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯ ᠤᠨ ᠵᠢᠮ᠎ᠡ ᠶᠣᠰᠤ ᠶᠢ ᠵᠢᠷᠤᠮᠯᠠᠵᠤ᠂ ᠰᠢᠨ᠎ᠡ ᠶᠢ ᠡᠭᠦᠳᠦᠭᠰᠡᠨ᠂

ᠪᠠᠭᠲᠠᠭᠠᠮᠵᠢᠲᠤ᠂ ᠬᠡᠯᠪᠡᠷᠢ ᠪᠠᠨ ᠬᠤᠪᠢᠷᠠᠭᠤᠯᠤᠭᠰᠠᠨ᠂ ᠨᠡᠭᠡᠭᠡᠯᠲᠡᠲᠦ᠂ ᠡᠶ᠎ᠡ ᠵᠣᠬᠢᠴᠠᠩᠭᠤᠶ ᠬᠥᠭᠵᠢᠯᠲᠡ ᠶᠢᠨ

ᠣᠨᠣᠯᠵᠢᠬᠤᠨ ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ

ᠪᠦᠬᠦ ᠲᠠᠯ᠎ᠠ ᠳᠤ ᠦᠢᠯᠡᠴᠢᠯᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ

ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠪᠠᠷ ᠴᠢᠬᠤᠯᠠ ᠡᠭᠦᠷᠭᠡ ᠪᠠᠨ ᠪᠣᠯᠭᠠᠵᠤ᠂ ᠦᠵᠡᠯ ᠰᠠᠨᠠᠭ᠎ᠠ ᠪᠠᠨ

ᠴᠢᠯᠥᠭᠡᠯᠡᠬᠦ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ

ᠪᠣᠯᠭᠠᠵᠤ᠂ ᠤᠨᠴᠠᠯᠢᠬᠳᠤ ᠰᠤᠷᠭᠠᠭᠤᠯᠢ ᠪᠠᠶᠢᠭᠤᠯᠬᠤ᠂ ᠴᠢᠨᠠᠷ ᠴᠢᠨᠰᠠᠭ᠎ᠠ ᠪᠠᠷ ᠰᠤᠷᠭᠠᠭᠤᠯᠢ ᠪᠠᠨ ᠮᠠᠨᠳᠤᠭᠤᠯᠬᠤ᠂

ᠴᠢᠳᠠᠪᠤᠷᠢᠲᠠᠨ ᠢᠶᠠᠷ ᠰᠤᠷᠭᠠᠭᠤᠯᠢ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ

ᠨᠠᠶᠢᠳᠠᠪᠤᠷᠢᠵᠢᠭᠤᠯᠵᠤ᠂ ᠰᠣᠶᠣᠯ ᠢᠶᠠᠷ ᠬᠥᠲᠥᠯᠦᠨ ᠳᠠᠭᠠᠭᠤᠯᠬᠤ ᠪᠠᠶᠢᠯᠳᠤᠬᠤ ᠪᠣᠳᠣᠯᠭ᠎ᠠ᠂ ᠨᠡᠭᠡᠭᠡᠵᠦ ᠬᠥᠭᠵᠢᠭᠦᠯᠬᠦ

ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠶᠡᠷᠦᠩᠬᠡᠶᠢᠯᠡᠭᠰᠡᠨ

ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠠᠭᠤᠯᠤᠭᠳᠠᠬᠤᠨ ᠤ ᠬᠥᠭᠵᠢᠯᠲᠡ ᠶᠢ ᠥᠳᠲᠡᠷ

ᠲᠦᠷᠭᠡᠨ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠣᠭᠲᠠᠭᠤᠨ ᠢᠶᠠᠷ ᠬᠡᠷᠡᠭᠵᠢᠭᠦᠯᠵᠦ᠂

ᠰᠤᠷᠭᠠᠭᠤᠯᠢ ᠶᠢᠨ ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ

ᠡᠭᠦᠳᠪᠡ᠃

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map