ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠮᠠᠭᠲᠠᠭᠠᠯ ᠳᠠᠭᠤᠤ ᠶᠢᠨ ᠢᠷᠠᠭᠤ ᠡᠬᠡᠰᠢᠭ ᠬᠠᠩᠭᠢᠨᠠᠨᠠᠮ
ᠨᠡᠶᠢᠲᠡᠯᠡᠭᠰᠡᠨ ᠴᠠᠭ᠄
2021/6/22
      ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      — ︽ᠳᠤᠮᠳᠠᠳᠤ ᠤᠯᠤᠰ ᠳᠤᠮᠳᠠᠳᠤ ᠤᠯᠤᠰ᠂ ᠤᠯᠠᠭᠠᠨ ᠨᠠᠷᠠᠨ ᠥᠨᠢᠳᠡ ᠮᠠᠨᠳᠤᠨ᠎ᠠ︾      ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ            ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠬᠠᠳᠤᠨ ᠭᠤᠣᠯ ᠤᠨ ᠠᠵᠤ ᠠᠬᠤᠢ ᠶᠢᠨ ᠪᠦᠰᠡ᠂ ᠲᠠᠯ᠎ᠠ ᠨᠤᠲᠤᠭ ᠤᠨ ᠪᠤᠯᠤᠳ ᠬᠤᠳᠠ ᠪᠤᠭᠤᠲᠤ ᠳᠤ ᠪᠠᠶᠢᠷᠢᠯᠠᠵᠤ᠂ 65 ᠵᠢᠯ ᠤᠨ ᠲᠡᠦᠬᠡ ᠲᠠᠢ ᠠᠯᠪᠠᠨ ᠠᠴᠠ ᠡᠷᠬᠢᠯᠡᠭᠰᠡᠨ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠤᠯᠤᠰ ᠤᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠤᠯᠤᠰ ᠤᠨ ᠰᠢᠯᠢᠳᠡᠭ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ᠎ᠠ᠃ ᠰᠤᠷᠭᠠᠭᠤᠯᠢ ᠨᠢ 1956 ᠣᠨ ᠳᠤ ᠪᠠᠶᠢᠭᠤᠯᠤᠭᠳᠠᠵᠤ᠂ ᠤᠤᠯ ᠨᠢ ᠪᠦᠬᠦ ᠤᠯᠤᠰ ᠤᠨ ᠭᠤᠣᠯᠳᠠᠯᠭᠠᠲᠠᠢ ᠳᠤᠮᠲᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠪᠤᠭᠤᠲᠤ ᠳᠠᠬᠢ ᠮᠧᠬᠠᠨᠢᠭ ᠤᠨ ᠠᠵᠤ ᠦᠢᠯᠡᠳᠪᠦᠷᠢ ᠶᠢᠨ ᠰᠤᠷᠭᠠᠭᠤᠯᠢ ᠪᠠᠶᠢᠵᠠᠢ᠃ 1998 ᠣᠨ ᠳᠤ ᠰᠤᠷᠭᠠᠭᠤᠯᠢ ᠶᠢ ᠵᠡᠷᠭᠡ ᠳᠡᠪᠰᠢᠭᠦᠯᠦᠨ ᠳᠡᠭᠡᠳᠦ ᠰᠤᠷᠭᠠᠭᠤᠯᠢ ᠪᠣᠯᠭᠠᠵᠤ᠂ ᠪᠦᠬᠦ ᠤᠯᠤᠰ ᠤᠨ ᠬᠠᠮᠤᠭ ᠤᠨ ᠡᠷᠲᠡ ᠲᠤᠰᠠᠭᠠᠷ ᠪᠠᠶᠢᠭᠤᠯᠤᠭᠰᠠᠨ 14 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠨᠢᠭᠡ ᠪᠣᠯᠪᠠ᠃ 2019 ᠣᠨ ᠳᠤ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠤᠭᠤᠲᠤ ᠶᠢᠨ ᠤᠷᠠᠨ ᠳᠠᠷᠬᠠᠨ ᠤ ᠳᠡᠭᠡᠳᠦ ᠰᠤᠷᠭᠠᠭᠤᠯᠢ ᠶᠢ ᠪᠠᠶᠢᠭᠤᠯᠬᠤ ᠶᠢ ᠵᠥᠪᠰᠢᠶᠡᠷᠡᠪᠡ᠃

 

     ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠵᠡᠯᠡᠵᠦ ᠪᠠᠶᠢᠭ᠎ᠠ ᠲᠠᠯᠠᠪᠠᠢ 73 . 36

ᠲᠦᠮᠡᠨ ᠲᠡᠭᠰᠢ ᠳᠥᠷᠪᠡᠯᠵᠢᠨ ᠮᠧᠲᠷ᠂ ᠲᠣᠭᠲᠠᠮᠠᠯ ᠬᠥᠷᠥᠩᠭᠡ ᠶᠢᠨ ᠶᠡᠷᠦᠩᠬᠡᠶ ᠥᠷᠲᠡᠭ 7 . 38 ᠳ᠋ᠦᠩᠰᠢᠭᠤᠷ

ᠲᠥᠭᠦᠷᠢᠭ᠂ ᠰᠤᠷᠭᠠᠭᠤᠯᠢ ᠳᠤ ᠪᠣᠳᠠᠲᠤ ᠪᠣᠯᠪᠠᠰᠤᠷᠠᠯ ᠤᠨ ᠰᠠᠭᠤᠷᠢᠨ ᠭᠠᠵᠠᠷ 187 ᠪᠣᠶ᠃ ᠵᠢᠭᠠᠨ ᠰᠤᠷᠭᠠᠯᠲᠠ ᠶᠢᠨ

ᠰᠠᠯᠪᠤᠷᠢ ᠬᠡᠯᠲᠡᠰ 11᠂ ᠰᠣᠷᠣᠭᠴᠢ ᠡᠯᠰᠡᠬᠦ ᠲᠤᠰᠬᠠᠶ ᠮᠡᠷᠭᠡᠵᠢᠯ 48᠂ ᠲᠤᠰᠬᠠᠶ ᠮᠡᠷᠭᠡᠵᠢᠯ ᠤᠨ ᠴᠤᠭᠯᠠᠷᠠᠯ 10

ᠪᠠᠶᠢᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠤᠯᠭᠠᠭᠤᠷᠢ ᠠᠵᠤ ᠦᠢᠯᠡᠰ ᠪᠠ ᠪᠠᠶᠢᠯᠳᠤᠬᠤ

ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠲᠠᠢ ᠨᠢᠭᠲᠠ ᠵᠣᠯᠭᠠᠯᠳᠤᠵᠤ ᠪᠠᠶᠢᠨ᠎ᠠ᠃ ᠳᠤᠰᠬᠠᠢ ᠮᠡᠷᠭᠡᠵᠢᠯ

 ᠨᠢ ᠲᠧᠭᠨᠢᠭ ᠤᠨ ᠤᠬᠠᠭᠠᠨ᠂ ᠰᠣᠶᠣᠯ᠂ ᠬᠠᠮᠢᠶᠠᠷᠤᠯᠲᠠ᠂ ᠠᠵᠤ ᠠᠬᠤᠶ᠂ ᠰᠤᠷᠭᠠᠨ ᠬᠥᠮᠦᠵᠢᠯ᠂ ᠤᠷᠠᠯᠢᠭ᠂ ᠠᠨᠠᠭᠠᠬᠤ

ᠤᠬᠠᠭᠠᠨ ᠵᠡᠷᠭᠡ 7 ᠰᠢᠨᠵᠢᠯᠡᠭᠡᠨ ᠤ ᠰᠠᠯᠠᠭ᠎ᠠ ᠳᠤ ᠬᠤᠯᠪᠣᠭᠳᠠᠵᠤ᠂ ᠲᠧᠭᠨᠢᠭ ᠤᠨ ᠤᠬᠠᠭᠠᠨ ᠢᠶᠠᠷ ᠤᠯᠠᠮᠵᠢᠯᠠᠯᠲᠤ

ᠳᠠᠪᠠᠭᠤᠯᠢᠭ ᠢᠶᠠᠨ ᠪᠣᠯᠭᠠᠵᠤ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠤᠨ ᠲᠤᠰᠬᠠᠶ

ᠮᠡᠷᠭᠡᠵᠢᠯ ᠬᠢᠭᠡᠳ ᠣᠲᠣ ᠦᠶ᠎ᠡ ᠶᠢᠨ ᠦᠢᠯᠡᠴᠢᠯᠡᠭᠡᠨ ᠤ ᠲᠥᠷᠥᠯ ᠤᠨ ᠲᠤᠰᠬᠠᠶ ᠮᠡᠷᠭᠡᠵᠢᠯ ᠢᠶᠠᠷ ᠬᠥᠳᠡᠯᠭᠡᠭᠦᠷ

ᠪᠣᠯᠭᠠᠭᠰᠠᠨ᠂ ᠬᠠᠮᠵᠢᠯᠴᠠᠨ ᠬᠥᠭᠵᠢᠬᠦ ᠲᠤᠰᠬᠠᠶ ᠮᠡᠷᠭᠡᠵᠢᠯ ᠤᠨ ᠪᠠᠶᠢᠷᠢᠰᠢᠯᠠᠭᠤᠯᠤᠯᠲᠠ ᠶᠢ ᠪᠦᠷᠢᠳᠦᠭᠦᠯᠵᠡᠢ᠃

ᠤᠯᠤᠰ ᠤᠨ ᠲᠠᠰ ᠤᠨ ᠭᠤᠤᠯᠯᠠᠭᠴᠢ ︵ᠭᠤᠣᠯᠳᠠᠯᠭᠠᠲᠠᠢ︶ ᠲᠤᠰᠬᠠᠶ ᠮᠡᠷᠭᠡᠵᠢᠯ 6᠂ ᠥᠪᠡᠷᠲᠡᠭᠡᠨ ᠵᠠᠰᠠᠬᠤ ᠣᠷᠣᠨ ᠤ

ᠲᠠᠰ ᠤᠨ ᠭᠤᠣᠯᠳᠠᠯᠭᠠᠲᠠᠢ ᠲᠤᠰᠬᠠᠶ ᠮᠡᠷᠭᠡᠵᠢᠯ 4᠂ ᠥᠪᠡᠷᠲᠡᠭᠡᠨ ᠵᠠᠰᠠᠬᠤ ᠣᠷᠣᠨ ᠤ ᠨᠠᠷᠠᠲᠤ ᠲᠤᠰᠬᠠᠶ ᠮᠡᠷᠭᠡᠵᠢᠯ

17᠂ ᠪᠥᠬᠦ ᠤᠯᠤᠰ ᠤᠨ ᠮᠧᠬᠠᠨᠢᠭ ᠤᠨ ᠠᠵᠢᠯ ᠲᠥᠷᠥᠯ ᠤᠨ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ

ᠤᠨᠴᠠᠯᠢᠭᠳᠤ ᠲᠤᠰᠬᠠᠶ ᠮᠡᠷᠭᠡᠵᠢᠯ 2᠂ ᠪᠥᠬᠦ ᠤᠯᠤᠰ ᠤᠨ ᠮᠧᠬᠠᠨᠢᠭ ᠤᠨ ᠠᠵᠢᠯ ᠲᠥᠷᠥᠯ ᠤᠨ ᠥᠨᠳᠥᠷ ᠬᠡᠪ

ᠪᠣᠯᠪᠠᠰᠤᠷᠠᠯ ᠪᠥᠬᠦᠶ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ ᠰᠢᠨ᠎ᠡ ᠶᠢ ᠡᠭᠦᠳᠬᠦ ᠪᠥᠲᠥᠭᠡᠨ

ᠪᠠᠶᠢᠭᠤᠯᠤᠯᠲᠠ ᠶᠢᠨ ᠲᠤᠷᠰᠢᠯᠲᠠ ᠶᠢᠨ ᠲᠤᠰᠬᠠᠶ ᠮᠡᠷᠭᠡᠵᠢᠯ 3 ᠪᠠᠶᠢᠵᠤ᠂ ᠲᠤᠰᠬᠠᠶ ᠮᠡᠷᠭᠡᠵᠢᠯ ᠤᠨ ᠵᠢᠩᠬᠢᠨᠢ ᠠᠩᠭᠢ

6 ᠶᠢ ᠲᠤᠷᠰᠢᠨ ᠡᠷᠭᠢᠯᠡᠭᠰᠡᠨ ᠪᠠᠶᠢᠨ᠎ᠠ᠃

     ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠦᠬᠦᠯᠢ ᠡᠳᠦᠷ ᠤᠨ ᠳᠦᠷᠢᠮᠲᠦ

ᠰᠤᠷᠭᠠᠭᠤᠯᠢ ᠳᠤ ᠪᠠᠶᠢᠭ᠎ᠠ ᠰᠣᠷᠣᠭᠴᠢ ᠲᠦᠮᠡ ᠰᠢᠬᠠᠮ ᠪᠠᠶᠢᠵᠤ᠂ ᠣᠶᠢᠷ᠎ᠠ ᠶᠢᠨ ᠲᠠᠪᠤᠨ ᠵᠢᠯ ᠳᠤ ᠠᠵᠢᠯ ᠣᠯᠬᠤ

ᠨᠣᠷᠮ᠎ᠠ ᠨᠢ ᠴᠥᠮ 95 % ᠠᠴᠠ ᠳᠡᠭᠡᠭᠰᠢ ᠪᠣᠯᠵᠠᠶ᠃ ᠲᠤᠰᠬᠠᠶ ᠪᠠᠭᠰᠢ 516 ᠪᠠᠶᠢᠵᠤ᠂ ᠳᠡᠳ᠋

ᠫᠷᠣᠹᠧᠰᠰᠤᠷ ᠠᠴᠠ ᠳᠡᠭᠡᠭᠰᠢᠬᠢ ᠥᠨᠳᠥᠷ ᠳᠡᠰ ᠤᠨ ᠮᠡᠷᠭᠡᠵᠢᠯ ᠤᠨ ᠴᠤᠯᠠᠲᠠᠢ ᠪᠠᠭᠰᠢ ᠶᠢᠨ ᠬᠠᠷᠢᠴᠠᠯ 42 . 2 %᠂

ᠮᠠᠰᠲ᠋ᠧᠷ ᠠᠴᠠ ᠳᠡᠭᠡᠭᠰᠢᠬᠢ ᠡᠷᠳᠡᠮ ᠤᠨ ᠴᠤᠯᠠᠲᠠᠢ ᠪᠠᠭᠰᠢ ᠶᠢᠨ ᠬᠠᠷᠢᠴᠠᠯ 62 %᠂ ︽ᠬᠤᠤᠰ ᠪᠠᠭᠰᠢ ᠶᠢᠨ ᠬᠡᠪ

ᠪᠣᠯᠪᠠᠰᠤᠷᠠᠯ︾ ᠲᠠᠢ ᠪᠠᠭᠰᠢ ᠶᠢᠨ ᠬᠠᠷᠢᠴᠠᠯ 70 . 35 % ᠪᠣᠢ᠃ ᠥᠪᠡᠷᠲᠡᠭᠡᠨ ᠵᠠᠰᠠᠬᠤ ᠣᠷᠣᠨ ᠤ ᠲᠠᠰ ᠤᠨ

ᠵᠢᠭᠠᠨ ᠰᠤᠷᠭᠠᠯᠲᠠ ᠶᠢᠨ ᠨᠠᠷᠠᠲᠤ ᠪᠠᠭᠰᠢ᠂ ᠰᠢᠨ᠎ᠡ ᠰᠣᠳᠣᠨ 26᠂ ᠥᠪᠡᠷᠲᠡᠭᠡᠨ ᠵᠠᠰᠠᠬᠤ ᠣᠷᠣᠨ ᠤ ᠲᠠᠯ᠎ᠠ

ᠨᠤᠲᠤᠭ ᠤᠨ ᠴᠢᠳᠠᠪᠤᠷᠢᠲᠠᠨ 3 ᠪᠣᠶ︔ ᠬᠤᠲᠠ ᠶᠢᠨ ᠲᠠᠰ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ᠂ ︽5.1︾

 ᠤ ᠬᠥᠳᠡᠯᠮᠦᠷᠢ ᠶᠢᠨ ᠵᠢᠱᠢᠶᠡᠴᠢ ᠶᠢᠨ ᠱᠠᠩᠨᠠᠯ ᠭᠥᠷᠳᠡᠭᠰᠡᠳ 26᠂ ᠬᠤᠲᠠ ᠶᠢᠨ ᠲᠠᠰ ᠠᠴᠠ ᠳᠡᠭᠡᠭᠰᠢᠬᠢ

ᠮᠡᠷᠭᠡᠵᠢᠯ ᠤᠨ ᠴᠢᠳᠠᠪᠤᠷᠢᠲᠠᠨ 22᠂ ᠮᠡᠷᠭᠡᠵᠢᠯ ᠤᠨ ᠶᠡᠭᠡ ᠪᠠᠭᠰᠢ 9 ︵ᠤᠯᠤᠰ ᠤᠨ ᠲᠠᠰ ᠤᠨ ᠮᠡᠷᠭᠡᠵᠢᠯ ᠤᠨ ᠶᠡᠭᠡ

ᠪᠠᠭᠰᠢ 1︶᠂ ᠪᠤᠭᠤᠲᠤ ᠬᠤᠲᠠ ᠶᠢᠨ ᠴᠢᠳᠠᠪᠤᠷᠢᠲᠠᠨ 11᠂ ᠪᠤᠭᠤᠲᠤ ᠶᠢᠨ ᠤᠷᠠᠨ ᠳᠠᠷᠬᠠᠨ 1 ᠪᠣᠶ᠃ ᠥᠪᠡᠷᠲᠡᠭᠡᠨ

ᠵᠠᠰᠠᠬᠤ ᠣᠷᠣᠨ ᠤ ᠲᠠᠰ ᠤᠨ ᠰᠢᠯᠢᠳᠡᠭ ᠵᠢᠭᠠᠨ ᠰᠤᠷᠭᠠᠯᠲᠠ ᠶᠢᠨ ᠪᠦᠯᠬᠦᠮ 15᠂ ᠥᠪᠡᠷᠲᠡᠭᠡᠨ ᠵᠠᠰᠠᠬᠤ ᠣᠷᠣᠨ ᠤ

ᠲᠠᠯ᠎ᠠ ᠨᠤᠲᠤᠭ ᠤᠨ ᠴᠢᠳᠠᠪᠤᠷᠢᠲᠠᠨ ᠤ ᠢᠨᠵᠧᠨᠧᠷᠢᠩ ᠤᠨ ᠪᠦᠯᠬᠦᠮ 1 ᠪᠠᠶᠢᠵᠤ᠂ ᠬᠤᠲᠠ ᠶᠢᠨ ᠲᠠᠰ ᠠᠴᠠ ᠳᠡᠭᠡᠭᠰᠢᠬᠢ

ᠮᠡᠷᠭᠡᠵᠢᠯ ᠤᠨ ᠶᠡᠭᠡ ᠪᠠᠭᠰᠢ ᠶᠢᠨ ᠠᠵᠢᠯᠯᠠᠬᠤ ᠭᠠᠵᠠᠷ 8 ᠪᠠᠶᠢᠵᠤ᠂ ᠡᠳᠡᠭᠡᠷ ᠪᠣᠯ ᠰᠤᠷᠭᠠᠨ ᠬᠥᠮᠦᠵᠢᠯ ᠤᠨ ᠶᠠᠮᠤᠨ

 ᠠᠴᠠ ᠮᠠᠭᠠᠳᠯᠠᠨ ᠲᠣᠭᠲᠠᠭᠠᠭᠰᠠᠨ ᠤᠯᠤᠰ ᠤᠨ ᠲᠠᠰ ᠤᠨ ︽ᠬᠤᠤᠰ ᠬᠡᠯᠪᠡᠷᠢᠲᠦ ᠪᠠᠭᠰᠢ︾ ᠶᠢᠨ ᠬᠥᠮᠦᠵᠢᠭᠦᠯᠦᠯ

ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠣᠯᠤᠨ᠎ᠠ᠃ 2019 ᠣᠨ ᠤ ᠪᠥᠬᠦ ᠤᠯᠤᠰ ᠤᠨ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠶᠢᠨ ᠵᠢᠭᠠᠬᠤ ᠰᠤᠷᠭᠠᠬᠤ ᠴᠢᠳᠠᠪᠤᠷᠢ ᠶᠢᠨ ᠤᠷᠤᠯᠳᠤᠭᠠᠨ ᠳᠤ ᠱᠠᠩᠨᠠᠯ ᠭᠥᠷᠳᠡᠭᠰᠡᠨ ᠪᠥᠬᠦ

ᠲᠤᠭ᠎ᠠ ᠨᠢ ᠪᠥᠬᠦ ᠤᠯᠤᠰ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠤᠮᠲᠠ

ᠲᠡᠷᠢᠭᠦᠯᠡᠪᠡ᠃

     ᠰᠢᠨ᠎ᠡ ᠲᠡᠦᠬᠡ ᠶᠢᠨ ᠭᠠᠷᠤᠭ᠎ᠠ ᠳᠤ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ

ᠰᠢᠨ᠎ᠡ ᠨᠡᠶᠢᠭᠡᠮ ᠤᠨ ᠬᠠᠷᠢᠭᠤᠴᠠᠯᠭ᠎ᠠ ᠪᠣᠯᠤᠨ ᠲᠡᠦᠬᠡᠲᠦ ᠡᠭᠦᠷᠭᠡ ᠶᠢ ᠡᠭᠦᠷᠭᠡᠯᠡᠵᠦ᠂ ︽ᠪᠦᠯᠬᠦᠮᠳᠡᠬᠦ᠂ ᠰᠢᠷᠭᠠᠭᠤ

ᠴᠢᠷᠮᠠᠶᠢᠬᠤ᠂ ᠦᠨᠡᠨ ᠢ ᠪᠠᠷᠢᠮᠲᠠᠯᠠᠬᠤ᠂ ᠠᠯᠢᠪᠠ ᠪᠠᠨ ᠵᠣᠷᠢᠭᠤᠯᠬᠤ︾ ᠰᠤᠷᠭᠠᠭᠤᠯᠢ ᠶᠢᠨ ᠰᠤᠷᠭᠠᠯ ᠤᠨ ᠵᠣᠷᠢᠭ

ᠰᠠᠨᠠᠭ᠎ᠠ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠬᠤ᠂

ᠠᠭᠤᠯᠤᠭᠳᠠᠬᠤᠨ ᠤ ᠪᠠᠶᠢᠭᠤᠯᠤᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠰᠢᠨ᠎ᠡ

ᠣᠨᠣᠯᠵᠢᠬᠤᠨ ᠰᠢᠨ᠎ᠡ ᠪᠠᠶᠢᠷᠢᠰᠢᠯ ᠳᠤ ᠰᠢᠨ᠎ᠡ ᠠᠵᠠ ᠲᠣᠬᠢᠶᠠᠯ ᠢ ᠠᠯᠳᠠᠯ ᠦᠭᠡᠢ᠂ ᠰᠢᠨ᠎ᠡ ᠵᠢᠳᠬᠦᠯ ᠴᠢᠷᠮᠠᠶᠢᠯᠭ᠎ᠠ

ᠭᠠᠷᠭᠠᠵᠤ᠂ ︽ᠬᠤᠣᠰ ᠥᠨᠳᠥᠷ︾ ᠤᠨ ᠪᠦᠳᠦᠭᠡᠨ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠭᠠᠷᠭᠠᠬᠤ ᠪᠠᠷ

ᠴᠢᠷᠮᠠᠶᠢᠵᠤ᠂ ᠵᠢᠩᠬᠢᠨᠢ ᠠᠩᠬᠢ ᠶᠢᠨ ᠲᠡᠰ ᠤᠨ ᠠᠵᠢᠯ ᠮᠡᠷᠭᠡᠵᠢᠯ ᠤᠨ ᠶᠡᠭᠡ ᠰᠤᠷᠭᠠᠭᠤᠯᠢ ᠲᠡᠶᠢᠰᠢ ᠴᠢᠷᠮᠠᠶᠢᠨ

ᠤᠷᠤᠭᠰᠢᠯᠠᠨ᠎ᠠ︕

     

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map