ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ︽ᠬᠦᠰᠡᠯ ᠡᠷᠡᠮᠡᠯᠵᠡᠯ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/6/22
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      — ︽ᠬᠦᠰᠡᠯ ᠡᠷᠡᠮᠡᠯᠵᠡᠯ︾                  ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

     ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ 2011 ᠣᠨ ᠤ 1 ᠰᠠᠷ᠎ᠠ ᠳᠤ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ ᠪᠠᠶᠢᠭᠤᠯᠤᠭᠰᠠᠨ ᠪᠦᠬᠦᠯᠢ ᠡᠳᠦᠷ ᠤᠨ

ᠳᠦᠷᠢᠮᠲᠦ ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ᠎ᠠ᠃ ᠰᠤᠷᠭᠠᠭᠤᠯᠢ ᠨᠢ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠳᠤ

ᠪᠠᠶᠢᠷᠢᠯᠠᠵᠤ᠂ ︽ᠣᠷᠣᠨ ᠨᠤᠲᠤᠭ ᠲᠤ ᠰᠠᠭᠤᠷᠢᠯᠠᠬᠤ᠂ ᠬᠥᠮᠦᠨ ᠢᠶᠠᠷ ᠦᠨᠳᠦᠰᠦ ᠪᠣᠯᠭᠠᠬᠤ᠂ ᠴᠢᠨᠠᠷ ᠳᠡᠰ ᠢ ᠡᠷᠬᠢᠮᠯᠡᠬᠦ᠂

ᠣᠨᠴᠠᠯᠢᠭ ᠢ ᠢᠯᠡᠷᠡᠭᠦᠯᠬᠦ︾ ᠰᠤᠷᠭᠠᠭᠤᠯᠢ ᠡᠷᠬᠢᠯᠡᠬᠦ ᠣᠨᠣᠯᠵᠢᠬᠤᠨ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ

ᠬᠥᠮᠦᠵᠢᠭᠦᠯᠬᠦ ᠦᠨᠳᠦᠰᠦᠨ ᠡᠭᠦᠷᠭᠡ ᠲᠠᠢ ᠨᠢᠭᠲᠠ ᠤᠶᠠᠯᠳᠤᠭᠤᠯᠤᠨ᠂ ᠠᠵᠢᠯ ᠣᠯᠭᠤᠯᠲᠠ ᠪᠠᠷ ᠤᠳᠤᠷᠢᠳᠤᠮᠵᠢ

ᠪᠣᠯᠭᠠᠬᠤ ᠶᠢ ᠪᠠᠷᠢᠮᠲᠠᠯᠠᠵᠤ᠂ ᠴᠢᠨᠠᠷ ᠴᠢᠨᠰᠠᠭ᠎ᠠ ᠪᠠᠷ ᠣᠷᠣᠨ ᠵᠠᠶ ᠪᠠᠨ ᠥᠷᠭᠡᠳᠬᠡᠵᠦ᠂ ᠣᠨᠴᠠᠯᠢᠭ ᠢᠶᠠᠷ

ᠬᠥᠭᠵᠢᠯᠲᠡ ᠪᠠᠨ ᠡᠷᠢᠯᠬᠢᠯᠡᠵᠦ᠂ ᠬᠢᠴᠢᠶᠡᠯ ᠤᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠦᠷᠭᠦᠯᠵᠢᠯᠡᠨ

ᠭᠦᠨᠵᠡᠭᠡᠶᠢᠷᠡᠭᠦᠯᠵᠦ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ

ᠪᠠ ᠨᠡᠶᠢᠭᠡᠮ ᠤᠨ ᠪᠣᠯᠪᠠᠰᠤᠷᠠᠭᠤᠯᠤᠯ ᠢ ᠵᠡᠷᠭᠡ ᠪᠠᠷ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠠᠵᠠᠷ ᠣᠷᠣᠨ ᠤ

ᠬᠥᠭᠵᠢᠯᠲᠡ ᠳᠤ ᠪᠠᠴᠢᠮ ᠱᠠᠭᠠᠷᠳᠠᠠᠭᠳᠠᠬᠤ ᠬᠡᠷᠡᠭᠴᠡᠭᠡᠲᠦ᠂ ᠤᠨᠴᠠᠯᠢᠭᠳᠤ᠂ ᠮᠡᠷᠭᠡᠰᠢᠯᠳᠦ ᠴᠢᠳᠠᠪᠤᠷᠢᠲᠠᠨ ᠢ

ᠬᠦᠴᠦᠯᠡᠨ ᠬᠥᠮᠥᠵᠢᠭᠦᠯᠬᠦ ᠳᠤ ᠦᠢᠯᠡᠴᠢᠯᠡᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ

ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠥᠬᠡᠶ  ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠪᠠᠨ ᠢᠯᠡ ᠲᠣᠳᠣ

ᠭᠠᠵᠠᠷ ᠣᠷᠣᠨ ᠤ ᠣᠨᠴᠠᠯᠢᠭ ᠪᠠ ᠦᠨᠳᠦᠰᠦᠲᠡᠨ ᠤ ᠣᠨᠴᠠᠯᠢᠭ ᠲᠠᠢ᠂ ᠣᠷᠣᠨ ᠨᠤᠲᠤᠭ ᠪᠠ ᠣᠷᠣᠨ ᠪᠦᠰᠡ ᠶᠢᠨ

ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠴᠢᠳᠠᠪᠤᠷᠢᠲᠠᠨ ᠢ ᠬᠥᠮᠦᠵᠢᠭᠦᠯᠬᠦ

ᠰᠠᠭᠤᠷᠢᠨ ᠭᠠᠵᠠᠷ ᠪᠣᠯᠭᠠᠨ ᠪᠥᠲᠦᠭᠡᠨ ᠪᠠᠶᠢᠭᠤᠯᠬᠤ ᠪᠠᠷ  ᠴᠢᠷᠮᠠᠶᠢᠭᠰᠠᠭᠠᠷ ᠢᠷᠡᠪᠡ᠃

     ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠪᠠᠶᠠᠨᠬᠤᠲᠠ᠂ ᠤᠰᠤᠲᠠᠶ ᠬᠤᠶᠠᠷ

ᠰᠤᠷᠭᠠᠭᠤᠯᠢ ᠶᠢᠨ ᠲᠣᠭᠤᠷᠢᠭ ᠲᠠᠢ᠂ ᠡᠮᠴᠢᠯᠡᠭᠡ ᠰᠤᠪᠢᠯᠠᠯᠲᠠ᠂ ᠠᠵᠤ ᠠᠬᠤᠶ ᠶᠢᠨ ᠬᠠᠮᠢᠶᠠᠷᠤᠯᠲᠠ᠂ ᠬᠢᠮᠢ ᠶᠢᠨ ᠠᠵᠤ

ᠦᠢᠯᠡᠳᠪᠦᠷᠢ ᠶᠢᠨ ᠢᠨᠵᠧᠨᠧᠷᠢᠩ᠂ ᠮᠧᠬᠠᠨᠢᠭ ᠤᠨ ᠢᠨᠵᠧᠨᠧᠷᠢᠩ᠂ ᠤᠷᠠᠯᠢᠭ᠂ ᠨᠡᠶᠢᠳᠡᠮ ᠬᠡᠷᠡᠭᠯᠡᠭᠡᠨ ᠤ ᠠᠭᠠᠷ ᠤᠨ

ᠠᠶᠠᠯᠠᠯ ᠵᠡᠷᠭᠡ ᠰᠠᠯᠪᠤᠷᠢ 6᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ 22᠂ ᠳᠤᠮᠳᠠ

ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ 28 ᠪᠠᠶᠢᠵᠤ᠂ ᠠᠯᠠᠱᠠ ᠶᠢᠨ ᠳᠠᠪᠠᠭᠤᠯᠢᠭ ᠪᠠ ᠣᠨᠴᠠᠯᠢᠭᠲᠤ

ᠠᠵᠤ ᠦᠢᠯᠡᠰ ᠢ ᠦᠨᠳᠦᠰᠦᠨ ᠳᠤ ᠪᠠᠨ ᠬᠠᠮᠤᠷᠴᠠᠶ︔ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠠᠴᠠ

︵ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠡᠯᠲᠡᠰ︶ ᠲᠤᠰᠬᠠᠶ ᠮᠡᠷᠭᠡᠵᠢᠯ ᠤᠨ ᠠᠩᠭᠢ ᠶᠢᠨ ᠳᠤᠰᠬᠠᠢ ᠮᠡᠷᠭᠡᠵᠢᠯ ᠪᠠ

ᠵᠢᠩᠬᠢᠨᠢ ᠠᠩᠭᠢ ᠶᠢᠨ ᠲᠤᠰᠬᠠᠶ ᠮᠡᠷᠭᠡᠵᠢᠯ 22 ᠶᠢ ᠨᠡᠭᠡᠭᠡᠪᠡ᠃ ᠰᠤᠷᠭᠠᠭᠤᠯᠢ ᠳᠤ ᠪᠠᠭᠰᠢ ᠠᠵᠢᠯᠳᠠᠨ ᠠᠵᠢᠯᠴᠢᠨ

393᠂ ᠰᠤᠷᠤᠭᠴᠢ 7594᠂ ᠡᠭᠦᠨ ᠳᠤ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠤᠷᠤᠭᠴᠢ

3972᠂ ᠨᠡᠭᠡᠭᠡᠯᠲᠡᠲᠦ ᠶᠡᠭᠡ ᠰᠤᠷᠭᠠᠭᠤᠯᠢ ᠳᠤ ᠪᠠᠶᠢᠭ᠎ᠠ ᠰᠤᠷᠤᠭᠴᠢ 3622 ᠪᠤᠢ᠃ ᠲᠤᠷᠰᠢᠯᠲᠠ ᠶᠢᠨ ᠲᠠᠰᠤᠭ

57᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ 30 ᠭᠠᠷᠤᠶ ᠶᠢ ᠪᠠᠶᠢᠭᠤᠯᠵᠠᠶ᠃

     ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠠᠭᠤᠯᠤᠭᠳᠠᠬᠤᠨ ᠤ ᠪᠠᠶᠢᠭᠤᠯᠤᠯᠲᠠ ᠶᠢ

ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠪᠡ᠃ ᠰᠤᠷᠭᠠᠭᠤᠯᠢ ᠨᠢ ᠪᠠᠭᠰᠢ ᠶᠢᠨ  ᠡᠩᠨᠡᠭᠡᠨ ᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂

2020 ᠣᠨ ᠳᠤ 2 ᠪᠠᠭᠰᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠵᠢᠭᠠᠨ ᠰᠤᠷᠭᠠᠯᠲᠠ ᠶᠢᠨ ᠴᠢᠳᠠᠪᠤᠷᠢᠲᠠᠨ︾

 ᠤ ᠢᠷᠠᠭᠤ ᠠᠯᠳᠠᠷ ᠤᠨ ᠴᠣᠯᠠ ᠶᠢ ᠭᠥᠷᠳᠡᠪᠡ︔ ︽ᠬᠤᠣᠰ ᠪᠠᠭᠰᠢ︾ ᠶᠢᠨ ᠪᠠᠭᠰᠢ ᠶᠢᠨ ᠡᠩᠨᠡᠭᠡᠨ ᠤ

ᠪᠠᠢᠭᠤᠯᠤᠯᠲᠠ ᠶᠢ ᠠᠬᠢᠭᠤᠯᠵᠤ᠂ ︽ᠬᠤᠣᠰ ᠪᠠᠭᠰᠢ︾ 110 ᠪᠠᠶᠢᠵᠤ᠂ ᠲᠤᠰᠬᠠᠢ ᠪᠠᠭᠰᠢ ᠶᠢᠨ 37 . 1 % ᠶᠢ

ᠡᠵᠡᠯᠡᠪᠡ︔ ᠡᠯ᠎ᠡ ᠲᠥᠷᠥᠯ ᠤᠨ ᠵᠢᠭᠠᠬᠤ ᠴᠢᠳᠠᠪᠤᠷᠢ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠣᠷᠣᠯᠴᠠᠵᠤ᠂

2020 ᠣᠨ ᠳᠤ ᠤᠯᠤᠰ ᠤᠨ ᠲᠠᠰ ᠤᠨ ᠬᠤᠶᠠᠳᠤᠭᠠᠷ ᠳᠡᠰ ᠤᠨ ᠱᠠᠩᠨᠠᠯ 3᠂ ᠭᠤᠷᠪᠠᠳᠤᠭᠠᠷ ᠳᠡᠰ ᠤᠨ ᠱᠠᠩᠨᠠᠯ

1᠂ ᠰᠢᠯᠢᠳᠡᠭ ᠱᠠᠩᠨᠠᠯ 3 ᠭᠥᠷᠳᠡᠪᠡ︔ 1 + X ᠦᠨᠡᠮᠯᠡᠯ ᠤᠨ  ᠳᠦᠷᠢᠮᠲᠦ ᠲᠤᠷᠰᠢᠯᠲᠠ ᠶᠢᠨ ᠴᠡᠭ ᠤᠨ ᠠᠵᠢᠯ ᠢ

ᠢᠳᠡᠪᠬᠢᠲᠡᠶ ᠠᠬᠢᠭᠤᠯᠵᠤ᠂ 2020 ᠣᠨ ᠳᠤ ᠳᠡᠭᠦᠰᠦᠭᠰᠡᠨ ᠤᠶᠤᠲᠠᠳ ᠤᠨ ᠬᠤᠤᠰ ᠦᠨᠡᠮᠯᠡᠯ ᠣᠯᠤᠭᠰᠠᠨ

ᠨᠣᠷᠮ᠎ᠠ 82 . 9 % ᠳᠤ ᠬᠥᠷᠪᠡ᠃

     ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠰᠤᠷᠤᠭᠴᠢ ᠡᠯᠰᠡᠨ ᠠᠵᠢᠯ ᠣᠯᠭᠤᠬᠤ ᠠᠷᠭ᠎ᠠ

ᠵᠠᠮ ᠢ ᠴᠢᠷᠮᠠᠶᠢᠨ ᠥᠷᠭᠡᠳᠬᠡᠵᠦ᠂ ᠰᠤᠷᠭᠠᠭᠤᠯᠢ ᠲᠡᠭᠦᠰᠦᠭᠰᠡᠳ ᠴᠢᠨᠠᠷᠯᠢᠭ ᠴᠢᠳᠠᠪᠤᠷᠢᠲᠠᠨ ᠪᠣᠯᠬᠤ᠂

ᠲᠣᠭᠲᠠᠭᠤᠨ ᠢᠶᠠᠷ ᠠᠵᠢᠯ ᠣᠯᠬᠤ᠂ ᠤᠷᠤᠭᠰᠢᠲᠠᠶ ᠰᠤᠷᠭᠠᠭᠤᠯᠢ ᠳᠡᠪᠰᠢᠬᠦ ᠶᠢ ᠪᠠᠲᠤᠯᠠᠪᠠ᠃ ᠰᠣᠷᠣᠭᠴᠢ ᠡᠯᠰᠡᠬᠦ

ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠣᠷᠣᠭᠴᠢ ᠡᠯᠰᠡᠬᠦ ᠠᠵᠢᠯ ᠤᠨ ᠬᠢᠷᠢ ᠲᠦᠪᠰᠢᠨ ᠢ

ᠵᠢᠯ ᠳᠠᠷᠠᠭᠠᠯᠠᠨ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠵᠤ᠂ 2020 ᠣᠨ ᠳᠤ 2034 ᠰᠣᠷᠣᠭᠴᠢ ᠡᠯᠰᠡᠵᠦ᠂

ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ

ᠰᠣᠷᠣᠭᠴᠢ ᠠᠩᠬ᠎ᠠ ᠤᠳᠠᠭ᠎ᠠ 3000 ᠶᠢ ᠳᠠᠪᠠᠵᠤ᠂ ᠰᠤᠷᠭᠠᠭᠤᠯᠢ ᠪᠠᠶᠢᠭᠤᠯᠬᠤ ᠦᠶ᠎ᠡ ᠶᠢᠨ ᠲᠥᠯᠥᠪᠯᠡᠭᠰᠡᠨ

ᠰᠣᠷᠣᠭᠴᠢ ᠡᠯᠰᠡᠬᠦ ᠲᠤᠭ᠎ᠠ ᠶᠢ ᠪᠡᠶᠡᠯᠡᠭᠦᠯᠪᠡ᠃ ᠲᠡᠭᠦᠰᠬᠦ ᠰᠤᠷᠤᠭᠴᠢᠳ ᠤᠨ ᠠᠵᠢᠯ ᠣᠯᠬᠤ ᠠᠵᠢᠯ ᠢ ᠳᠡᠭᠡᠳᠦ

ᠬᠡᠮᠵᠢᠶ᠎ᠡ ᠪᠠᠷ ᠴᠢᠬᠤᠯᠠᠴᠢᠯᠠᠵᠤ᠂ ︽ᠠᠵᠤ ᠦᠢᠯᠡᠳᠪᠦᠷᠢ ᠪᠠ ᠰᠤᠷᠭᠠᠭᠤᠯᠢ ᠶᠢ ᠤᠶᠠᠯᠳᠤᠭᠤᠯᠬᠤ︾᠂ ︽ᠵᠠᠬᠢᠶᠠᠯᠠᠭ᠎ᠠ ᠶᠢᠨ

ᠮᠠᠶ᠋ᠢᠭᠲᠤ︾ ᠬᠥᠮᠦᠵᠢᠭᠦᠯᠬᠦ ᠬᠡᠪ ᠵᠠᠭᠪᠤᠷ ᠢ ᠬᠡᠷᠡᠭᠵᠢᠭᠦᠯᠵᠦ᠂ 2020 ᠣᠨ ᠳᠤ 336 ᠰᠤᠷᠤᠭᠴᠢ ᠳᠤ ᠠᠵᠢᠯ

ᠣᠯᠭᠤᠪᠠ᠃ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠰᠢᠯᠭᠠᠯᠲᠠ ᠶᠢ ᠢᠳᠡᠪᠬᠢᠲᠡᠶ

ᠵᠣᠬᠢᠶᠠᠨ ᠪᠠᠶᠢᠭᠤᠯᠵᠤ᠂ 2020 ᠣᠨ ᠳᠤ 40 ᠰᠣᠷᠣᠭᠴᠢ ᠪᠣᠷᠣᠲᠣᠬᠤᠶ ᠳᠡᠭᠡᠳᠦ ᠰᠤᠷᠭᠠᠭᠤᠯᠢ ᠳᠤ ᠡᠯᠰᠡᠭᠳᠡᠵᠦ᠂

ᠲᠡᠦᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃

     ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ

ᠪᠠᠷᠢᠮᠲᠠᠯᠠᠵᠤ᠂ ᠨᠡᠶᠢᠭᠡᠮ ᠳᠤ ᠬᠠᠨᠳᠤᠭᠤᠯᠤᠨ ᠰᠤᠷᠭᠠᠭᠤᠯᠢ ᠡᠷᠬᠢᠯᠡᠪᠡ᠃ ᠠᠵᠢᠯ ᠲᠥᠷᠥᠯ᠂ ᠠᠵᠤ ᠠᠬᠤᠶᠢᠯᠠᠯ ᠵᠢᠴᠢ

ᠨᠡᠶᠢᠭᠡᠮ ᠨᠡᠶᠢᠲᠡ ᠳᠤ ᠴᠢᠭᠯᠡᠭᠦᠯᠦᠨ᠂ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ

ᠪᠠᠶᠢᠭᠤᠯᠤᠨ ᠥᠷᠨᠢᠭᠦᠯᠵᠦ᠂ ᠵᠢᠯ ᠪᠦᠷᠢ ᠳᠤᠮᠳᠠᠴᠢ ᠪᠠᠷ 1 . 5 ᠲᠦᠮᠡ ᠠᠴᠠ ᠳᠡᠭᠡᠭᠰᠢ ᠬᠥᠮᠦᠨ ᠢ

ᠪᠣᠯᠪᠠᠰᠤᠷᠠᠭᠤᠯᠪᠠ᠃ ᠣᠨᠴᠠᠯᠢᠭᠲᠤ ᠰᠤᠷᠭᠠᠭᠤᠯᠢ ᠡᠷᠬᠢᠯᠡᠬᠦ᠂ ᠬᠠᠮᠲᠤᠷᠠᠨ ᠰᠤᠷᠭᠠᠭᠤᠯᠢ ᠡᠷᠬᠢᠯᠡᠬᠦ ᠶᠢ ᠪᠠᠷᠢᠮᠲᠠᠯᠠᠨ᠂

︽ᠠᠵᠢᠯᠯᠠᠬᠤ ᠰᠤᠷᠤᠯᠴᠠᠬᠤ ᠶᠢ ᠤᠶᠠᠯᠳᠤᠭᠤᠯᠬᠤ᠂ ᠬᠡᠷᠡᠭᠴᠡᠭᠡ ᠳᠤ ᠨᠢ ᠲᠣᠬᠢᠷᠠᠭᠤᠯᠤᠨ ᠵᠢᠭᠠᠬᠤ᠂ ᠱᠠᠲᠤ ᠬᠤᠪᠢᠶᠠᠨ

ᠲᠥᠪᠯᠡᠷᠡᠭᠦᠯᠬᠦ᠂ ᠨᠢᠭᠡᠳᠦᠯᠲᠡᠶ ᠬᠥᠮᠦᠵᠢᠭᠦᠯᠬᠦ︾ ᠬᠡᠪ ᠵᠠᠭᠪᠤᠷ ᠢᠶᠠᠷ ᠨᠠᠰᠤᠨ ᠳᠤ ᠬᠦᠷᠦᠭᠰᠡᠳ ᠤᠨ ᠵᠢᠭᠠᠨ

ᠰᠤᠷᠭᠠᠯᠲᠠ ᠶᠢ ᠥᠷᠨᠢᠭᠦᠯᠵᠦ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠳᠤ ᠶᠡᠭᠡ ᠰᠤᠷᠭᠠᠭᠤᠯᠢ ᠶᠢᠨ

ᠴᠢᠳᠠᠮᠵᠢ ᠶᠢ ᠪᠠᠳᠠᠷᠠᠭᠤᠯᠤᠨ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ

ᠬᠥᠮᠦᠵᠢᠯ ᠢ ᠥᠳᠲᠡᠷ ᠲᠦᠷᠭᠡᠨ ᠬᠥᠭᠵᠢᠭᠦᠯᠵᠦ᠂ ᠰᠤᠷᠤᠯᠴᠠᠬᠤ ᠮᠠᠶ᠋ᠢᠭ ᠤᠨ ᠬᠤᠲᠠ ᠪᠣᠯᠤᠨ ᠡᠯ᠎ᠡ ᠲᠥᠷᠥᠯ ᠤᠨ

ᠰᠤᠷᠤᠯᠴᠠᠬᠤ ᠮᠠᠶ᠋ᠢᠭ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠶᠢ ᠠᠬᠢᠭᠤᠯᠪᠠ᠃ ᠪᠦᠬᠦ ᠠᠶᠢᠮᠠᠭ ᠤᠨ ᠠᠵᠤ

ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠵᠢᠴᠢ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ

ᠪᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠱᠠᠭᠠᠷᠳᠠᠯᠭ᠎ᠠ ᠶᠢ ᠪᠠᠷᠢᠮᠲᠠᠯᠠᠵᠤ᠂ ᠲᠤᠰᠬᠠᠢ ᠮᠡᠷᠭᠡᠵᠢᠯ ᠤᠨ

ᠪᠠᠶᠢᠷᠢᠯᠠᠭᠤᠯᠤᠯᠲᠠ ᠶᠢ ᠴᠠᠭ ᠲᠤᠬᠠᠢ ᠳᠤ ᠨᠢ ᠲᠣᠬᠢᠷᠠᠭᠤᠯᠵᠤ᠂ ᠬᠤᠶᠠᠳᠤᠭᠠᠷ ᠠᠵᠤ ᠦᠢᠯᠡᠰ ᠤᠨ ᠲᠥᠷᠥᠯ ᠤᠨ

ᠲᠤᠰᠬᠠᠢ ᠮᠡᠷᠭᠡᠵᠢᠯ ᠢ ᠤᠰᠤᠲᠠᠢ ᠰᠤᠷᠭᠠᠭᠤᠯᠢ ᠶᠢᠨ ᠲᠣᠭᠤᠷᠢᠭ ᠲᠤ ᠲᠥᠪᠯᠡᠷᠡᠭᠦᠯᠦᠨ ᠡᠷᠬᠢᠯᠡᠵᠦ᠂ ᠭᠤᠷᠪᠠᠳᠤᠭᠠᠷ

ᠠᠵᠤ ᠦᠢᠯᠡᠰ ᠤᠨ ᠲᠤᠰᠬᠠᠢ ᠮᠡᠷᠭᠡᠵᠢᠯ ᠪᠠ ᠨᠠᠰᠤᠨ ᠳᠤ ᠬᠦᠷᠦᠭᠰᠡᠳ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ

ᠬᠥᠮᠦᠵᠢᠯ ᠢ ᠪᠠᠶᠠᠨᠬᠤᠲᠠ ᠶᠢᠨ ᠰᠤᠷᠭᠠᠭᠤᠯᠢ ᠶᠢᠨ ᠲᠣᠭᠤᠷᠢᠭ ᠲᠤ ᠲᠥᠪᠯᠡᠷᠡᠭᠦᠯᠦᠭᠰᠡᠨ ᠰᠤᠷᠭᠠᠭᠤᠯᠢ ᠡᠷᠬᠢᠯᠡᠬᠦ

ᠪᠠᠶᠢᠷᠢᠰᠢᠯᠠᠭᠤᠯᠤᠯᠲᠠ ᠶᠢ ᠦᠨᠳᠦᠰᠦᠨ ᠳᠤ ᠪᠠᠨ ᠪᠦᠷᠢᠳᠦᠭᠦᠯᠪᠡ᠃

     ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠰᠤᠷᠭᠠᠭᠤᠯᠢ ᠪᠠ ᠠᠵᠤ ᠠᠬᠤᠶᠢᠯᠠᠯ ᠤᠨ

ᠬᠠᠮᠲᠤᠷᠠᠯᠴᠠᠭ᠎ᠠ᠂ ᠰᠤᠷᠭᠠᠭᠤᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ᠂ ᠦᠢᠯᠡᠳᠪᠦᠷᠢᠯᠡᠯ ᠪᠠ ᠵᠢᠭᠠᠨ

ᠰᠤᠷᠭᠠᠯᠲᠠ ᠶᠢᠨ ᠠᠭᠤᠰᠤᠯᠴᠠᠭ᠎ᠠ ᠶᠢ ᠶᠡᠭᠡ ᠪᠠᠷ ᠠᠬᠢᠭᠤᠯᠪᠠ᠃ ᠬᠥᠬᠡᠬᠤᠲᠠ᠂ ᠪᠤᠭᠤᠲᠤ᠂ ᠶᠢᠨᠴᠤᠸᠠᠨ᠂ ᠢᠦᠶᠢᠯᠢᠨ

 ᠤ ᠠᠵᠤ ᠠᠬᠤᠢ ᠶᠢᠨ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠯᠪᠣᠭ᠎ᠠ ᠳᠤ ᠢᠳᠡᠪᠬᠢᠲᠡᠢ

ᠠᠭᠤᠰᠴᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠵᠤ᠂ ᠡᠯᠡᠰᠦᠨ ᠤ ᠠᠵᠤ

ᠦᠢᠯᠡᠰ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠳᠡᠭᠡᠳᠦ ᠰᠤᠷᠭᠠᠭᠤᠯᠢ ᠶᠢ ᠫᠠᠶᠢᠰᠠ ᠡᠯᠭᠦᠨ ᠪᠠᠶᠢᠭᠤᠯᠪᠠ᠃

ᠭᠠᠵᠠᠷ ᠣᠷᠣᠨ ᠠᠯᠤᠰᠯᠠᠨ ᠬᠠᠮᠲᠤᠷᠠᠨ ᠰᠤᠷᠭᠠᠭᠤᠯᠢ ᠡᠷᠭᠢᠯᠡᠬᠦ ᠠᠵᠢᠯ ᠲᠠᠰᠤᠷᠠᠯᠲᠠ ᠥᠬᠡᠶ ᠰᠢᠪᠲᠤᠯᠤᠯᠲᠠ ᠲᠠᠢ

ᠪᠣᠯᠵᠣ᠂ ᠬᠥᠬᠡᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠣᠷᠳᠣᠰ ᠬᠤᠲᠠ ᠵᠡᠷᠭᠡ ᠭᠠᠵᠠᠷ ᠤᠨ

ᠰᠤᠷᠭᠠᠭᠤᠯᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ᠂ ᠨᠢᠩᠰᠢᠶᠠ ᠵᠡᠷᠭᠡ ᠭᠠᠵᠠᠷ ᠤᠨ

ᠰᠤᠷᠭᠠᠭᠤᠯᠢ ᠯᠤᠭ᠎ᠠ ᠬᠠᠮᠲᠤᠷᠠᠨ ᠰᠤᠷᠭᠠᠭᠤᠯᠢ ᠡᠷᠭᠢᠯᠡᠬᠦ ᠶᠢ ᠥᠷᠨᠢᠭᠦᠯᠵᠦ᠂ ᠲᠣᠭᠲᠠᠪᠤᠷᠢᠲᠠᠶ ᠰᠣᠷᠣᠭᠴᠢ ᠶᠢᠨ

ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠪᠠ᠃ ᠠᠯᠠᠱᠠ ᠵᠡᠭᠦᠨ ᠬᠤᠰᠢᠭᠤ ᠲᠠᠢ ᠬᠠᠮᠲᠤᠷᠠᠨ ᠠᠯᠠᠱᠠ ᠬᠤᠱᠤᠳ

ᠬᠤᠰᠢᠭᠤᠨ ᠤ ᠲᠡᠦᠬᠡ ᠶᠢᠨ ᠳᠠᠩᠰᠠ ᠡᠪᠬᠡᠮᠡᠯ ᠤᠨ ᠣᠷᠳᠣᠨ ᠢ ᠪᠠᠶᠢᠭᠤᠯᠵᠤ᠂ ᠡᠷᠳᠡᠮ ᠰᠢᠨᠵᠢᠯᠡᠭᠡᠨ ᠤ ᠰᠤᠳᠤᠯᠭᠠᠨ ᠤ

ᠲᠠᠪᠴᠠᠩ ᠢ ᠪᠠᠶᠢᠭᠤᠯᠵᠤ᠂ ᠰᠣᠶᠣᠯ ᠤᠨ ᠠᠭᠤᠯᠭ᠎ᠠ ᠶᠢ  ᠪᠠᠶᠠᠯᠢᠭᠵᠢᠭᠤᠯᠪᠠ᠃

     ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠰᠤᠷᠭᠠᠭᠤᠯᠢ ᠡᠷᠬᠢᠯᠡᠬᠦ ᠣᠨᠴᠠᠯᠢᠭ ᠢᠶᠠᠨ

ᠳᠣᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ

ᠪᠣᠯᠭᠠᠬᠤ ᠬᠥᠮᠦᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠪᠠ᠃

ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠷᠠᠯᠢᠭ ᠤᠨ ᠵᠢᠷᠤᠭ ᠲᠥᠯᠥᠪᠯᠡᠭᠡ᠂ ᠵᠤᠭᠠᠴᠠᠯ ᠤᠨ

ᠬᠠᠮᠢᠶᠠᠷᠤᠯᠲᠠ᠂ ᠱᠤᠭᠤᠮᠠᠯ ᠤᠷᠠᠯᠢᠭ ᠵᠡᠷᠭᠡ ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠳᠤ ᠠᠭᠤᠰᠠᠬᠬᠤ ᠶᠢ

ᠴᠢᠬᠤᠯᠠᠴᠢᠯᠠᠵᠤ᠂ ᠮᠣᠩᠭᠤᠯ ᠡᠮ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠪᠠ ᠴᠢᠳᠠᠪᠤᠷᠢᠲᠠᠨ ᠢ

ᠬᠥᠮᠦᠵᠢᠭᠦᠯᠬᠦ ᠶᠢ ᠴᠢᠩᠭᠠᠳᠬᠠᠨ᠂ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠣᠯᠪᠠᠰᠤᠷᠠᠭᠤᠯᠤᠯ ᠤᠨ

ᠰᠣᠷᠢᠯᠲᠠ ᠶᠢᠨ ᠥᠷᠲᠡᠭᠡ ᠶᠢ ᠪᠠᠶᠢᠭᠤᠯᠵᠤ᠂ ᠵᠢᠯ ᠪᠦᠷᠢ ᠨᠡᠶᠢᠲᠡᠯᠢᠭ ᠬᠡᠯᠡᠨ ᠤ ᠪᠣᠯᠪᠠᠰᠤᠷᠠᠭᠤᠯᠤᠯ᠂ ᠮᠣᠩᠭᠤᠯ

ᠬᠡᠯᠡᠨ ᠤ ᠪᠣᠯᠪᠠᠰᠤᠷᠠᠭᠤᠯᠤᠯ ᠪᠠ ᠰᠢᠯᠭᠠᠯᠲᠠ ᠶᠢ 2000 ᠭᠠᠷᠤᠶ ᠬᠥᠮᠦᠨ ᠤᠳᠠᠭ᠎ᠠ ᠡᠷᠭᠢᠯᠡᠪᠡ᠃ ᠦᠨᠳᠦᠰᠦᠲᠡᠨ ᠤ

ᠲᠣᠭᠯᠠᠯᠲᠠ ᠶᠢᠨ ᠤᠷᠠᠯᠢᠭ ᠤᠨ ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠭᠳᠡᠭᠦᠯᠵᠦ᠂ ᠠᠯᠠᠱᠠ ᠠᠶᠢᠮᠠᠭ ᠤᠨ

ᠤᠯᠠᠭᠠᠨᠮᠥ᠋ᠴᠢᠷ ᠤᠨ ᠤᠷᠠᠯᠢᠭ ᠤᠨ ᠴᠢᠳᠠᠪᠤᠷᠢᠲᠠᠨ ᠤ ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠬᠦ ᠵᠡᠷᠭᠡ ᠠᠰᠠᠭᠤᠳᠠᠯ ᠢ

ᠰᠢᠢᠢᠳᠪᠦᠷᠢᠯᠡᠬᠦ ᠳᠤ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠪᠠ᠃ ᠪᠠᠰᠠ ᠠᠯᠠᠱᠠ ᠶᠢᠨ ᠬᠡᠪᠢᠰ ᠤᠨ ᠭᠠᠷ

ᠤᠷᠠᠯᠠᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠵᠡᠷᠭᠡ ᠶᠢ ᠪᠠᠶᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ

ᠢᠳᠡᠪᠬᠢᠲᠡᠶ ᠤᠯᠠᠮᠵᠢᠯᠠᠨ ᠵᠠᠯᠭᠠᠮᠵᠢᠯᠠᠪᠠ᠃

     ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠰᠢᠨ᠎ᠡ ᠲᠡᠦᠬᠡ ᠶᠢᠨ

ᠭᠠᠷᠤᠭ᠎ᠠ ᠳᠤ ᠨᠡᠩ ᠡᠷᠡᠰ ᠪᠠᠲᠤ ᠢᠲᠡᠭᠡᠯ ᠪᠢᠰᠢᠷᠡᠯ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ

ᠢᠳᠡᠷᠡᠭᠦᠨ ᠠᠯᠬᠤᠭ᠎ᠠ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠰᠢᠨ᠎ᠡ ᠶᠢ

ᠡᠭᠦᠳᠴᠦ᠂ ᠬᠦᠰᠡᠯ ᠢᠶᠠᠨ ᠪᠡᠶᠡᠯᠡᠭᠦᠯᠬᠦ ᠰᠢᠨ᠎ᠡ ᠠᠶᠠᠯᠠᠯ ᠳᠤ ᠪᠠᠨ ᠮᠣᠷᠳᠠᠯ᠎ᠠ᠃

     

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map