ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠢᠨ ︽ᠣᠭ ᠰᠠᠨᠠᠭ᠎ᠠ ᠪᠠᠨ ᠮᠠᠷᠲᠠᠬᠤ ᠦᠭᠡᠢ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/6/23
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ      —︽ᠣᠭ ᠰᠠᠨᠠᠭ᠎ᠠ ᠪᠠᠨ ᠮᠠᠷᠲᠠᠬᠤ ᠦᠭᠡᠢ︾                  ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ

     ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠪᠣᠯ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠲᠥᠪ ᠬᠥᠬᠡᠬᠤᠲᠠ ᠳᠤ ᠪᠠᠶᠢᠷᠢᠯᠠᠵᠤ᠂ ᠠᠨᠠᠭᠠᠬᠤ ᠤᠬᠠᠭᠠᠨ ᠢᠶᠠᠷ ᠭᠤᠤᠯ ᠪᠣᠯᠭᠠᠵᠤ᠂

ᠪᠠᠶᠢᠭᠠᠯᠢ ᠶᠢᠨ ᠰᠢᠨᠵᠢᠯᠡᠬᠦ ᠤᠬᠠᠭᠠᠨ᠂ ᠬᠠᠮᠢᠶᠠᠷᠤᠯᠲᠠ ᠶᠢᠨ ᠤᠬᠠᠭᠠᠨ᠂ ᠲᠧᠭᠨᠢᠭ ᠤᠨ ᠤᠬᠠᠭᠠᠨ᠂ ᠤᠳᠬ᠎ᠠ ᠵᠣᠬᠢᠶᠠᠯ᠂

ᠬᠠᠤᠯᠢ ᠶᠢᠨ ᠤᠬᠠᠭᠠᠨ ᠢ ᠨᠢᠭᠡ ᠴᠣᠭᠴᠠᠵᠢᠭᠤᠯᠤᠭᠰᠠᠨ ᠣᠯᠠᠨ ᠬᠢᠴᠢᠶᠡᠯ ᠲᠥᠷᠥᠯ ᠲᠠᠢ ᠳᠡᠭᠡᠳᠦ ᠵᠡᠷᠭᠡ ᠶᠢᠨ ᠡᠮ

ᠡᠮᠨᠡᠯᠭᠡ ᠶᠢᠨ ᠰᠤᠷᠭᠠᠭᠤᠯᠢ ᠪᠣᠯᠤᠨ᠎ᠠ᠃ 1956 ᠣᠨ ᠳᠤ ᠪᠠᠶᠢᠭᠤᠯᠤᠭᠳᠠᠵᠤ᠂ ᠰᠢᠨ᠎ᠡ ᠳᠤᠮᠳᠠᠳᠤ ᠤᠯᠤᠰ ᠤᠨ

ᠴᠥᠭᠡᠨ ᠲᠣᠭᠠᠲᠤ ᠦᠨᠳᠦᠰᠦᠲᠡᠨ ᠤ ᠣᠷᠣᠨ ᠳᠤ ᠬᠠᠮᠤᠭ ᠤᠨ ᠡᠷᠲᠡ ᠪᠠᠶᠢᠭᠤᠯᠤᠭᠰᠠᠨ ᠳᠡᠭᠡᠳᠦ ᠵᠡᠷᠭᠡ ᠶᠢᠨ

ᠡᠮᠨᠡᠯᠭᠡ ᠶᠢᠨ ᠰᠤᠷᠭᠠᠭᠤᠯᠢ ᠶᠢᠨ ᠨᠢᠭᠡ ᠪᠠᠶᠢᠵᠤ᠂ ᠲᠤᠬᠠᠢ ᠶᠢᠨ ᠦᠶ᠎ᠡ ᠳᠤ ᠤᠯᠤᠰ ᠤᠨ ᠡᠷᠡᠭᠦᠯ ᠬᠠᠮᠠᠭᠠᠯᠠᠯ ᠤᠨ

ᠶᠠᠮᠤᠨ ᠳᠤ ᠬᠠᠷᠢᠶᠠᠯᠠᠭᠳᠠᠵᠤ᠂ 1958 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ

ᠬᠠᠮᠢᠶᠠᠷᠤᠭᠳᠠᠪᠠ᠃ ᠤᠤᠯ ᠤᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ ᠬᠤᠵᠢᠮ ᠨᠢ

ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠭᠡᠵᠦ ᠨᠡᠷ᠎ᠡ ᠪᠠᠨ ᠬᠠᠯᠠᠵᠤ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ

ᠦᠷᠡᠵᠢᠯ ᠤᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠠᠴᠠ ᠬᠠᠮᠲᠤᠷᠠᠨ ᠪᠠᠶᠢᠭᠤᠯᠤᠭᠰᠠᠨ ᠶᠡᠭᠡ ᠳᠡᠭᠡᠳᠦ

ᠰᠤᠷᠭᠠᠭᠤᠯᠢ ᠪᠣᠯᠵᠠᠢ᠃

     60 ᠭᠠᠷᠤᠶ ᠵᠢᠯ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠪᠠᠷ ᠳᠡᠮᠵᠢᠨ᠂ ᠥᠪᠥᠷ ᠮᠣᠩᠭᠤᠯ ᠤᠨ

ᠠᠨᠠᠭᠠᠬᠤ ᠤᠬᠠᠭᠠᠨ ᠤ ᠶᠡᠭᠡ ᠰᠤᠷᠭᠠᠭᠤᠯᠢ ᠨᠢ ᠤᠯᠤᠰ ᠲᠤ ᠡᠯ᠎ᠡ ᠱᠠᠲᠤᠨ ᠤ ᠡᠯ᠎ᠡ ᠲᠥᠷᠥᠯ ᠤᠨ ᠴᠢᠳᠠᠪᠤᠷᠢᠲᠠᠨ ᠢ

10 ᠲᠦᠮᠡ ᠭᠠᠷᠤᠶ ᠬᠥᠮᠦᠵᠢᠭᠦᠯᠦᠨ ᠥᠭᠴᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ᠂

ᠨᠡᠶᠢᠭᠡᠮ ᠤᠨ ᠳᠠᠪᠰᠢᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠰᠣᠶᠣᠯ ᠤᠨ

ᠤᠯᠠᠮᠵᠢᠯᠠᠯ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠲᠣᠭᠲᠠᠭᠤᠨ ᠳᠤ ᠴᠢᠬᠤᠯᠠ ᠬᠤᠪᠢ ᠨᠡᠮᠡᠷᠢ

ᠦᠵᠡᠭᠦᠯᠵᠦ᠂ ᠨᠢᠭᠡᠨᠲᠡ ᠢᠯᠡ ᠲᠣᠳᠣ ᠰᠤᠷᠭᠠᠭᠤᠯᠢ ᠡᠷᠭᠢᠯᠡᠬᠦ ᠣᠨᠴᠠᠯᠢᠭ ᠪᠥᠬᠦᠶ ᠣᠷᠣᠨ ᠨᠤᠲᠤᠭ ᠤᠨ ᠳᠡᠭᠡᠳᠦ

ᠵᠡᠷᠭᠡ ᠶᠢᠨ ᠡᠮ ᠡᠮᠨᠡᠯᠭᠡ ᠶᠢᠨ ᠰᠤᠷᠭᠠᠭᠤᠯᠢ ᠪᠣᠯᠵᠠᠶ᠃

     ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠨᠢ 1956 ᠣᠨ ᠠᠴᠠ ᠡᠬᠢᠯᠡᠨ ᠵᠢᠩᠬᠢᠨᠢ

ᠠᠩᠭᠢ ᠶᠢᠨ ᠰᠤᠷᠤᠭᠴᠢ ᠡᠯᠰᠡᠵᠦ᠂ 1978 ᠣᠨ ᠠᠴᠠ ᠡᠬᠢᠯᠡᠨ ᠰᠣᠳᠤᠯᠬᠤ ᠰᠤᠷᠤᠭᠴᠢ ᠡᠯᠰᠡᠵᠦ᠂ 1981

ᠣᠨ ᠳᠤ ᠮᠠᠰᠲ᠋ᠧᠷ ᠴᠣᠯᠠ ᠣᠯᠭᠤᠬᠤ ᠬᠢᠷᠢ ᠬᠡᠮ ᠢ ᠣᠯᠵᠤ᠂ 1999 ᠣᠨ ᠳᠤ ᠠᠳᠠᠯᠢ ᠳᠡᠰ ᠤᠨ ᠰᠤᠷᠤᠯᠭ᠎ᠠ ᠶᠢᠨ

ᠨᠠᠮᠲᠠᠷ ᠲᠠᠢ ᠬᠥᠮᠦᠰ ᠲᠤ ᠮᠠᠰᠲ᠋ᠧᠷ ᠴᠣᠯᠠ ᠣᠯᠭᠤᠬᠤ ᠬᠢᠷᠢ ᠬᠡᠮ ᠢ ᠣᠯᠵᠠᠢ᠃ 2018 ᠣᠨ ᠳᠤ᠂ ᠲᠥᠷᠥ ᠶᠢᠨ

ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ ᠵᠥᠪᠰᠢᠶᠡᠷᠡᠯ ᠢᠶᠠᠷ ᠳ᠋ᠣᠺᠲ᠋ᠣᠷ ᠴᠣᠯᠠ ᠣᠯᠭᠤᠬᠤ

ᠨᠢᠭᠡᠴᠢ ᠪᠣᠯᠤᠭᠰᠠᠨ ᠪᠥᠭᠡᠳ ᠬᠢᠲᠠᠳ ᠡᠮᠨᠡᠯᠭᠡ ︵ᠮᠣᠩᠭᠤᠯ ᠠᠨᠠᠭᠠᠬᠤ ᠤᠬᠠᠭᠠᠨ︶ ᠶᠢᠨ ᠳ᠋ᠣᠺᠲ᠋ᠣᠷ ᠴᠣᠯᠠ ᠣᠯᠭᠤᠬᠤ

ᠴᠡᠭ ᠢ ᠤᠯᠪᠠ᠃ ᠵᠢᠩᠬᠢᠨᠢ ᠠᠩᠭᠢ ᠶᠢᠨ ᠰᠣᠷᠣᠭᠴᠢ᠂ ᠠᠰᠫᠢᠷᠠᠨᠲ᠂ ᠳ᠋ᠣᠺᠲ᠋ᠣᠷᠠᠨᠲ ᠪᠦᠷᠢᠳᠦᠭᠰᠡᠨ ᠠᠨᠠᠭᠠᠬᠤ

ᠤᠬᠠᠭᠠᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠵᠤ᠂ ᠣᠲᠣ ᠦᠶ᠎ᠡ ᠶᠢᠨ ᠡᠮ

ᠡᠮᠨᠡᠯᠭᠡ ᠶᠢᠨ ᠤᠬᠠᠭᠠᠨ᠂ ᠬᠢᠲᠠᠳ ᠡᠮ ᠡᠮᠨᠡᠯᠭᠡ ᠶᠢᠨ ᠤᠬᠠᠭᠠᠨ᠂ ᠮᠣᠩᠭᠤᠯ ᠡᠮ ᠡᠮᠨᠡᠯᠭᠡ ᠶᠢᠨ ᠤᠬᠠᠭᠠᠨ ᠤ ᠳᠡᠭᠡᠳᠦ

ᠵᠡᠷᠭᠡ ᠶᠢᠨ ᠰᠤᠷᠭᠠᠨ ᠬᠥᠮᠦᠵᠢᠯ ᠤᠨ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠰᠤᠷᠭᠠᠭᠤᠯᠢ ᠡᠷᠭᠢᠯᠡᠬᠦ

ᠣᠨᠴᠠᠯᠢᠭ ᠢ  ᠪᠦᠷᠢᠳᠦᠭᠦᠯᠵᠡᠢ᠃

     ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠵᠢᠭᠠᠨ ᠰᠤᠷᠭᠠᠯᠲᠠ ᠶᠢᠨ ᠨᠢᠭᠡᠴᠢ

17᠂ ᠬᠠᠷᠢᠶᠠᠲᠤ ᠡᠮᠨᠡᠯᠭᠡ ᠶᠢᠨ ᠬᠤᠷᠢᠶ᠎ᠠ 8᠂ ᠡᠮᠴᠢᠯᠡᠭᠡᠨ ᠤ  ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ 11

ᠪᠣᠢ᠃ ᠣᠷᠣᠨ ᠤ ᠳᠣᠲᠣᠷ᠎ᠠ ᠭᠠᠳᠠᠨᠠᠬᠢ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ 114 ᠪᠤᠶ᠃

ᠡᠭᠦᠨ ᠳᠤ᠂ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ  ᠦᠢᠯᠡᠳᠦᠯᠭᠡ ᠶᠢᠨ ᠵᠢᠭᠠᠨ

ᠰᠤᠷᠭᠠᠯᠲᠠ ᠶᠢᠨ ᠰᠠᠭᠤᠷᠢᠨ ᠭᠠᠵᠠᠷ 76᠂ ᠠᠨᠠᠭᠠᠬᠤ ᠤᠬᠠᠭᠠᠨ ᠤ ᠪᠤᠰᠤ ᠲᠤᠰᠬᠠᠶ ᠮᠡᠷᠭᠡᠵᠢᠯ ᠤᠨ ᠦᠢᠯᠡᠳᠦᠯᠭᠡ

 ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ 38 ᠪᠣᠶ᠃ ᠣᠳᠣ ᠤᠯᠤᠰ ᠤᠨ ᠡᠮᠴᠢᠯᠡᠭᠡᠨ ᠤ ᠭᠤᠣᠯᠳᠠᠯᠭᠠᠲᠠᠢ

ᠪᠦᠲᠦᠭᠡᠨ ᠪᠠᠶᠢᠭᠤᠯᠤᠭᠰᠠᠨ ᠲᠤᠰᠬᠠᠶ ᠮᠡᠷᠭᠡᠵᠢᠯ 3᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ

ᠳᠣᠪᠴᠢᠶᠠᠨ ᠤ ᠭᠤᠣᠯᠳᠠᠯᠭᠠᠲᠠᠢ ᠪᠦᠲᠦᠭᠡᠨ ᠪᠠᠶᠢᠭᠤᠯᠤᠭᠰᠠᠨ ᠲᠤᠰᠬᠠᠶ ᠮᠡᠷᠭᠡᠵᠢᠯ 1᠂ ᠤᠯᠤᠰ ᠤᠨ ᠬᠢᠲᠠᠳ ᠡᠮ

ᠡᠮᠨᠡᠯᠭᠡ ᠶᠢᠨ ᠬᠠᠮᠢᠶᠠᠷᠤᠯᠲᠠ ᠶᠢᠨ ᠳᠣᠪᠴᠢᠶᠠᠨ ᠤ ᠭᠤᠣᠯᠳᠠᠯᠭᠠᠲᠠᠢ ᠪᠦᠲᠦᠭᠡᠨ ᠪᠠᠶᠢᠭᠤᠯᠤᠭᠰᠠᠨ ᠰᠢᠨᠵᠢᠯᠡᠭᠡᠨ ᠤ

ᠰᠠᠯᠠᠭ᠎ᠠ 3 ᠪᠤᠶ︔ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠰᠠᠯᠠᠭ᠎ᠠ 1᠂

ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠰᠢᠨᠵᠢᠯᠡᠭᠡᠨ ᠤ ᠰᠠᠯᠠᠭ᠎ᠠ 5᠂ ᠥᠪᠡᠷᠲᠡᠭᠡᠨ ᠵᠠᠰᠠᠬᠤ ᠣᠷᠣᠨ ᠤ  

ᠭᠤᠣᠯᠳᠠᠯᠭᠠᠲᠠᠢ ᠬᠥᠮᠥᠵᠢᠭᠦᠯᠬᠦ ᠰᠢᠨᠵᠢᠯᠡᠭᠡᠨ ᠤ ᠰᠠᠯᠠᠭ᠎ᠠ 2 ᠪᠣᠢ︔ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ

ᠠᠨᠠᠭᠠᠬᠤ ᠤᠬᠠᠭᠠᠨ ᠤ ᠲᠡᠷᠢᠭᠦᠨ ᠤ ᠰᠢᠨᠵᠢᠯᠡᠭᠡᠨ ᠤ ᠰᠠᠯᠠᠭ᠎ᠠ 11᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ

ᠠᠨᠠᠭᠠᠬᠤ ᠤᠬᠠᠭᠠᠨ ᠤ ᠭᠤᠣᠯᠳᠠᠯᠭᠠᠲᠠᠢ ᠰᠢᠨᠵᠢᠯᠡᠭᠡᠨ ᠤ ᠰᠠᠯᠠᠭ᠎ᠠ 23᠂ ᠥᠪᠡᠷᠲᠡᠭᠡᠨ ᠵᠠᠰᠠᠬᠤ ᠣᠷᠣᠨ ᠤ ᠲᠠᠰ ᠤᠨ

ᠬᠠᠮᠵᠢᠯᠴᠠᠨ ᠰᠢᠨ᠎ᠡ ᠶᠢ ᠡᠭᠦᠳᠬᠦ ᠲᠥᠪ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠮᠵᠢᠯᠴᠠᠨ ᠰᠢᠨ᠎ᠡ ᠶᠢ

ᠡᠭᠦᠳᠬᠦ ᠬᠥᠮᠦᠵᠢᠯ ᠤᠨ ᠲᠥᠪ 1 ᠪᠣᠶ᠃

     ᠣᠷᠣᠨ ᠨᠤᠲᠤᠭ ᠤᠨ ᠳᠡᠭᠡᠳᠦ ᠵᠡᠷᠭᠡ ᠶᠢᠨ ᠡᠮ ᠡᠮᠨᠡᠯᠭᠡ ᠶᠢᠨ ᠰᠤᠷᠭᠠᠭᠤᠯᠢ ᠪᠣᠯᠤᠭᠰᠠᠨ ᠤ ᠬᠤᠪᠢ ᠳᠤ᠂

ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠨᠢ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ

ᠴᠢᠭᠯᠡᠯ ᠢ ᠢᠮᠠᠭᠲᠠ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ

ᠲᠤᠭᠤᠰᠢᠯᠠᠭᠤᠯᠵᠤ᠂ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠢᠮ᠎ᠡ

ᠶᠣᠰᠣ ᠶᠢ ᠵᠢᠷᠤᠮᠯᠠᠵᠤ᠂ ᠣᠷᠣᠨ ᠨᠤᠲᠤᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠲᠤ ᠦᠢᠯᠡᠴᠢᠯᠡᠵᠦ᠂

ᠠᠷᠠᠳ ᠲᠦᠮᠡᠨ ᠳᠤ ᠲᠠᠭᠠᠰᠢᠶᠠᠭᠳᠠᠭᠰᠠᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ

ᠡᠷᠬᠢᠯᠡᠬᠦ ᠶᠠᠪᠤᠳᠠᠯ ᠢᠶᠠᠷ ᠥᠪᠡᠷ ᠤᠨ ᠡᠭᠦᠷᠭᠡ ᠪᠠᠨ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂

ᠥᠨᠳᠥᠷ ᠬᠡᠪ ᠪᠣᠯᠪᠠᠰᠤᠷᠠᠯ ᠲᠠᠢ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠪᠠᠷ

ᠦᠨᠳᠦᠰᠦᠨ ᠡᠭᠦᠷᠭᠡ ᠪᠣᠯᠭᠠᠵᠤ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠠᠷ ᠭᠠᠷᠳᠠᠴᠠ

ᠪᠣᠯᠭᠠᠵᠤ᠂ ︽ᠡᠷᠳᠡᠮ ᠮᠡᠳᠡᠯᠭᠡᠲᠡᠢ᠂ ᠡᠷᠬᠢᠮ ᠰᠤᠷᠲᠠᠯᠳᠠᠢ᠂ ᠴᠢᠩ ᠦᠨᠡᠨᠴᠢ᠂ ᠡᠷᠬᠢᠮ ᠳᠡᠭᠡᠳᠦ︾ ᠰᠤᠷᠭᠠᠭᠤᠯᠢ ᠶᠢᠨ

ᠰᠤᠷᠭᠠᠯ ᠪᠠᠷ ︽ᠰᠢᠷᠭᠠᠭᠤ ᠬᠠᠲᠠᠭᠤᠵᠢᠯᠲᠠᠶ ᠪᠠᠷ ᠦᠢᠯᠡᠰ ᠪᠣᠰᠬᠠᠵᠤ᠂ ᠰᠡᠳᠬᠢᠯ ᠨᠢᠭᠡᠳᠦᠨ ᠬᠦᠴᠦ ᠪᠠᠨ

ᠬᠠᠮᠲᠤᠳᠬᠠᠵᠤ᠂ ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ᠂ ᠠᠷᠢᠭᠤᠨ ᠴᠢᠬᠡᠴᠢ ᠪᠠᠷ ᠬᠤᠪᠢ ᠨᠡᠮᠡᠷᠢ

ᠦᠵᠡᠭᠦᠯᠬᠦ︾ ︽ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠠᠤᠭ᠎ᠠ ᠵᠣᠷᠢᠭ ᠰᠠᠨᠠᠭ᠎ᠠ︾

 ᠶᠢ ᠪᠣᠯᠪᠠᠰᠤᠷᠠᠭᠤᠯᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠰ ᠤᠨ ᠰᠢᠨᠵᠢᠯᠡᠬᠦ ᠤᠬᠠᠭᠠᠨᠴᠢ

ᠬᠥᠭᠵᠢᠯᠲᠡ ᠶᠢ ᠲᠠᠰᠤᠷᠠᠯᠲᠠ ᠦᠭᠡᠢ   ᠪᠡᠶᠡᠯᠡᠭᠦᠯᠪᠡ᠃

     

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map