ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠲᠠᠯ᠎ᠠ ᠨᠤᠲᠤᠭ ᠠᠴᠠ ᠪᠡᠭᠡᠵᠢᠩ ᠢᠶᠠᠨ ᠪᠠᠷᠠᠯᠠᠨ᠎ᠠ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/6/25
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      — ︽ᠲᠠᠯ᠎ᠠ ᠨᠤᠲᠤᠭ ᠠᠴᠠ ᠪᠡᠭᠡᠵᠢᠩ ᠢᠶᠠᠨ ᠪᠠᠷᠠᠯᠠᠨ᠎ᠠ︾        ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ 1974 ᠣᠨ ᠳᠤ  ᠪᠠᠶᠢᠭᠤᠯᠤᠭᠳᠠᠵᠤ᠂ ︽ᠶᠣᠰᠣ ᠰᠤᠷᠲᠠᠬᠤᠨ ᠤ ᠬᠥᠮᠦᠵᠢᠯ ᠢ ᠲᠡᠷᠢᠭᠦᠨ ᠳᠤ ᠲᠠᠯᠪᠢᠬᠤ᠂ ᠮᠡᠷᠭᠡᠵᠢᠯ ᠴᠢᠳᠠᠪᠤᠷᠢ ᠪᠠᠷ ᠭᠤᠣᠯᠯᠠᠬᠤ᠂ ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠬᠤ︾ ᠰᠤᠷᠭᠠᠭᠤᠯᠢ ᠡᠷᠬᠢᠯᠡᠬᠦ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠥᠨᠳᠥᠷ ᠬᠡᠪ ᠪᠣᠯᠪᠠᠰᠤᠷᠠᠯ ᠲᠠᠢ ᠣᠳᠣ ᠦᠶ᠎ᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠬᠤᠯᠠᠴᠢᠯᠠᠵᠤ᠂ ︽ᠡᠬᠡ ᠤᠯᠤᠰ ᠤᠨ ᠤᠮᠠᠷᠠᠲᠤ ᠬᠢᠯᠢ ᠶᠢᠨ ᠵᠠᠮ ᠬᠠᠷᠢᠯᠴᠠᠭᠠᠨ ᠤ ᠴᠢᠳᠠᠪᠤᠷᠢᠲᠠᠨ ᠤ ᠥᠯᠥᠭᠡᠶ︾ ᠭᠡᠰᠡᠨ ᠰᠠᠶᠢᠬᠠᠨ ᠠᠯᠳᠠᠷᠲᠠᠶ ᠶᠤᠮ᠃ ᠪᠦᠬᠦ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠡᠷᠢᠭᠦᠨ ᠤ ᠨᠢᠭᠡᠴᠢ᠂ ᠤᠯᠤᠰ ᠤᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ᠂ ᠪᠦᠬᠦ ᠤᠯᠤᠰ ᠤᠨ ᠵᠠᠮ ᠬᠠᠷᠢᠯᠴᠠᠭᠠᠨ ᠤ ᠲᠥᠷᠥᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠠᠭᠤᠷᠢᠶᠠᠯ ᠦᠵᠡᠭᠦᠯᠬᠦ ᠳᠡᠭᠡᠳᠦ ᠰᠤᠷᠭᠠᠭᠤᠯᠢ᠂ ᠪᠥᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠷᠥᠯ ᠤᠨ ᠳᠠᠭᠤᠷᠢᠶᠠᠯ ᠦᠵᠡᠭᠦᠯᠬᠦ ᠲᠤᠰᠬᠠᠶ ᠮᠡᠷᠭᠡᠵᠢᠯ ᠤᠨ ᠴᠡᠭ᠂ ᠠᠩᠬᠠᠳᠠᠭᠴᠢ ᠪᠦᠯᠦᠭ ᠤᠨ ᠳᠤᠮᠳᠠᠳᠤ ᠭᠧᠷᠮᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ  ᠲᠥᠰᠦᠯ ᠤᠨ ᠳᠡᠭᠡᠳᠦ ᠰᠤᠷᠭᠠᠭᠤᠯᠢ᠂ ᠪᠥᠸᠧ ᠱᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠥᠰᠦᠯ ᠤᠨ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠤᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ᠎ᠠ᠃

     ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠶᠡᠷᠦᠩᠬᠡᠢ

ᠵᠠᠬᠢᠷᠭᠠᠨ ᠤ ᠡᠵᠡᠯᠡᠵᠦ ᠪᠠᠶᠢᠭ᠎ᠠ ᠶᠡᠷᠦᠩᠬᠡᠢ ᠲᠠᠯᠠᠪᠠᠢ 400 ᠭᠠᠷᠤᠢ ᠮᠦ᠂ ᠶᠡᠷᠦᠩᠬᠡᠢ ᠳᠠᠳᠤᠯᠭ᠎ᠠ ᠪᠣᠯᠪᠠᠰᠤᠷᠠᠯ ᠤᠨ

ᠰᠠᠭᠤᠷᠢᠨ 3400 ᠭᠠᠷᠤᠢ ᠮᠦ ᠡᠵᠡᠯᠡᠵᠦ ᠪᠣᠢ᠃ ᠣᠲᠣ ᠠᠵᠢᠯ ᠮᠡᠷᠭᠡᠵᠢᠯ ᠤᠨ ᠵᠢᠩᠬᠢᠨᠢ ᠠᠩᠭᠢ᠂ ᠳᠡᠭᠡᠳᠦ

ᠵᠡᠷᠭᠡ ᠶᠢᠨ ᠠᠵᠢᠯ ᠮᠡᠷᠭᠡᠵᠢᠯ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠡᠬᠢᠯᠡᠬᠦ ᠲᠠᠪᠤᠨ ᠵᠢᠯ ᠤᠨ ᠳᠡᠭᠡᠳᠦ

ᠵᠡᠷᠭᠡ ᠶᠢᠨ ᠠᠵᠢᠯ ᠮᠡᠷᠭᠡᠵᠢᠯ᠂ ᠮᠡᠷᠭᠡᠵᠢᠯ ᠤᠨ ᠠᠵᠢᠯᠴᠢᠨ ᠵᠡᠷᠭᠡ ᠡᠯ᠎ᠡ ᠲᠥᠷᠥᠯ ᠤᠨ ᠬᠥᠮᠦᠵᠢᠭᠦᠯᠬᠦ ᠱᠠᠲᠤᠨ ᠤ

ᠰᠤᠷᠭᠠᠭᠤᠯᠢ ᠳᠤ ᠪᠠᠶᠢᠭ᠎ᠠ ᠰᠣᠷᠣᠭᠴᠢ 11000 ᠭᠠᠷᠤᠶ ᠪᠠᠶᠢᠵᠤ᠂ ᠪᠥᠬᠦ ᠤᠯᠤᠰ ᠤᠨ ᠤᠶᠤᠲᠠᠳ ᠤᠨ ᠮᠠᠰᠢᠨ

ᠬᠥᠮᠦᠨ ᠤ ᠶᠡᠭᠡ ᠤᠷᠤᠯᠳᠤᠭᠠᠨ᠂ ᠪᠥᠬᠦ ᠤᠯᠤᠰ ᠤᠨ ᠬᠤᠲᠠ ᠶᠢᠨ ᠲᠡᠮᠦᠷ ᠵᠠᠮ ᠵᠠᠮ ᠬᠠᠷᠢᠯᠴᠠᠭᠠᠨ ᠤ ᠠᠵᠢᠯ

ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠤᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ

ᠰᠤᠷᠭᠠᠭᠤᠯᠢ ᠶᠢᠨ ︽ᠬᠤᠪᠢᠰᠬᠠᠯᠲᠤ ᠰᠣᠩᠭᠤᠳᠠᠭ ᠵᠣᠬᠢᠶᠠᠯ ᠢᠶᠠᠨ ᠤᠶᠠᠩᠭᠠᠯᠠᠨᠠᠮ︾ ᠭᠡᠬᠦ ᠤᠩᠰᠢᠯᠭ᠎ᠠ ᠶᠢᠨ

ᠤᠷᠤᠯᠳᠤᠭᠠᠨ ᠵᠡᠷᠭᠡ ᠡᠯ᠎ᠡ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠵᠢᠴᠢ ᠰᠣᠶᠣᠯ ᠪᠡᠶ᠎ᠡ ᠶᠢᠨ

ᠲᠠᠮᠢᠷ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠤᠯᠪᠠ᠃ ᠣᠲᠣ ᠲᠤᠰᠬᠠᠶ ᠪᠠ ᠲᠤᠰᠢᠶᠠᠯ

ᠬᠠᠪᠰᠤᠷᠭᠠᠭᠰᠠᠨ ᠪᠠᠭᠰᠢ 627 ᠪᠠᠶᠢᠵᠤ᠂ ︽ᠬᠤᠤᠰ ᠬᠡᠯᠪᠡᠷᠢᠲᠦ ᠪᠠᠭᠰᠢ︾ 54 % ᠶᠢ ᠡᠵᠡᠯᠡᠨ᠂ ᠪᠥᠬᠦ

ᠤᠯᠤᠰ ᠤᠨ ᠮᠡᠷᠭᠡᠵᠢᠯ ᠤᠨ ᠴᠢᠳᠠᠪᠤᠷᠢᠲᠠᠨ 1᠂ ᠪᠥᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ

ᠮᠡᠷᠭᠡᠵᠢᠯ ᠤᠨ ᠨᠠᠷᠠᠲᠤ ᠪᠠᠭᠰᠢ 1᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ 2᠂

ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠢᠳᠠᠪᠤᠷᠢᠲᠠᠨ 3᠂ ᠥᠪᠡᠷᠲᠡᠭᠡᠨ ᠵᠠᠰᠠᠬᠤ ᠣᠷᠣᠨ ᠤ ᠵᠢᠭᠠᠨ

ᠰᠤᠷᠭᠠᠯᠲᠠ ᠶᠢᠨ ᠨᠠᠷᠠᠲᠤ ᠪᠠᠭᠰᠢ 7᠂ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠪᠦᠯᠬᠦᠮ 7 ᠶᠢ

ᠬᠥᠮᠦᠵᠢᠭᠦᠯᠵᠦ᠂ ᠮᠡᠷᠭᠡᠵᠢᠯ ᠤᠨ ᠶᠡᠭᠡ ᠪᠠᠭᠰᠢ ᠶᠢᠨ ᠠᠵᠢᠯᠯᠠᠬᠤ ᠲᠠᠰᠤᠭ 3 ᠶᠢ ᠪᠠᠶᠢᠭᠤᠯᠪᠠ᠃ ᠵᠠᠮ ᠬᠠᠷᠢᠯᠴᠠᠭ᠎ᠠ

ᠲᠡᠭᠡᠭᠡᠪᠦᠷᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ 40 ᠭᠠᠷᠤᠶ ᠵᠢᠯ ᠭᠦᠨᠵᠡᠭᠡᠶ ᠥᠷᠨᠢᠭᠦᠯᠵᠦ᠂ ᠵᠠᠮ

ᠬᠠᠷᠢᠯᠴᠠᠭ᠎ᠠ ᠲᠡᠭᠡᠭᠡᠪᠦᠷᠢ ᠶᠢᠨ ᠦᠢᠯᠡᠳᠪᠦᠷᠢᠯᠡᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠶᠡᠭᠡ

ᠬᠡᠮᠵᠢᠶᠡᠨ ᠤ ᠲᠤᠰᠬᠠᠶ ᠮᠡᠷᠭᠡᠵᠢᠯᠲᠡᠨ ᠢ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ

ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ ᠳᠡᠮᠵᠢᠯᠭᠡ ᠪᠠ ᠣᠶᠤᠨ ᠤ ᠪᠠᠲᠤᠯᠠᠭ᠎ᠠ ᠶᠢ ᠬᠠᠩᠭᠠᠪᠠ᠃

     ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ

ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠪᠠ᠃ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠢ

ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ +

ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ + ᠪᠥᠬᠦ ᠠᠵᠢᠯᠲᠠᠨ ᠬᠥᠮᠦᠨ ᠢ ᠬᠥᠮᠥᠵᠢᠭᠦᠯᠬᠦ᠂ ᠪᠥᠬᠦ ᠶᠠᠪᠤᠴᠠ ᠳᠤ

ᠬᠥᠮᠦᠨ ᠢ ᠬᠥᠮᠥᠵᠢᠭᠦᠯᠬᠦ᠂ ᠪᠥᠬᠦ ᠲᠠᠯ᠎ᠠ ᠪᠠᠷ ᠬᠥᠮᠦᠨ ᠢ ᠬᠥᠮᠦᠵᠢᠭᠦᠯᠬᠦ︾ ᠳᠣᠭᠲᠠᠯᠴᠠᠭ᠎ᠠ ᠶᠢ ᠪᠠᠶᠢᠭᠤᠯᠵᠤ᠂

ᠥᠪᠡᠷᠲᠡᠭᠡᠨ ᠵᠠᠰᠠᠬᠤ ᠣᠷᠣᠨ ᠤ ᠦᠵᠡᠯ ᠰᠠᠨᠠᠭ᠎ᠠ ᠤᠯᠤᠰ ᠲᠥᠷᠥ ᠶᠢᠨ ᠨᠠᠷᠠᠲᠤ ᠪᠠᠭᠰᠢ ᠶᠢᠨ ᠠᠵᠢᠯᠯᠠᠬᠤ ᠭᠠᠵᠠᠷ᠂

ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ

ᠳᠠᠭᠤᠷᠢᠶᠠᠯ ᠦᠵᠡᠭᠦᠯᠬᠦ ᠲᠥᠪ ᠢ ᠪᠠᠶᠢᠭᠤᠯᠵᠤ᠂ ᠰᠣᠶᠣᠯ ᠢᠶᠠᠷ ᠬᠥᠮᠦᠨ ᠢ ᠬᠥᠮᠦᠵᠢᠭᠦᠯᠬᠦ ᠰᠢᠨ᠎ᠡ ᠥᠨᠳᠦᠷᠯᠢᠭ

ᠭᠠᠵᠠᠷ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠪᠠᠭᠰᠢ ᠰᠤᠷᠤᠭᠴᠢ ᠶᠢ ᠬᠥᠲᠥᠯᠥᠨ ᠵᠢᠯᠣᠭᠤᠳᠴᠤ

ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠵᠤᠵᠠᠭᠠᠳᠬᠠᠵᠤ᠂ ︽ᠳᠤᠮᠳᠠᠳᠤ ᠤᠯᠤᠰ ᠤᠨ ᠳᠡᠪᠢᠰᠭᠡᠷ ᠥᠩᠭᠡ︾ ᠶᠢ

ᠰᠠᠶᠢᠲᠤᠷ ᠱᠤᠭᠤᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠰᠤᠷᠭᠠᠭᠤᠯᠢ ᠶᠢᠨ

ᠬᠦᠷᠢᠶᠡᠨ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠪᠠ᠃

     ᠠᠵᠤ ᠦᠢᠯᠡᠰ ᠲᠤ ᠠᠩᠬᠠᠷᠤᠯ ᠢᠶᠠᠨ ᠬᠠᠨᠳᠤᠭᠤᠯᠵᠤ᠂ ᠣᠨᠴᠠᠯᠢᠭᠲᠤ ᠲᠤᠰᠬᠠᠶ ᠮᠡᠷᠭᠡᠵᠢᠯ ᠤᠨ ᠲᠡᠮᠳᠡᠭᠲᠦ ᠶᠢᠨ

ᠳᠠᠪᠠᠭᠤᠯᠢᠭ ᠢ  ᠢᠯᠡᠷᠡᠭᠦᠯᠪᠡ᠃ ᠰᠤᠷᠭᠠᠭᠤᠯᠢ ᠨᠢ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠠᠶᠢᠯᠳᠤᠬᠤ

ᠪᠣᠳᠣᠯᠭ᠎ᠠ ᠲᠠᠢ ᠵᠣᠯᠭᠠᠭᠤᠯᠵᠤ᠂ ︽ᠲᠣᠮᠣ ᠵᠠᠮ ᠬᠠᠷᠢᠯᠴᠠᠭ᠎ᠠ᠂ ᠰᠢᠨ᠎ᠡ ᠵᠠᠮ ᠬᠠᠷᠢᠯᠴᠠᠭ᠎ᠠ︾ ᠶᠢᠨ ᠣᠨᠣᠯᠵᠢᠬᠤᠨ ᠤ

ᠲᠣᠭᠤᠷᠢᠨ ᠳᠤ ᠮᠠᠰᠢᠨ ᠲᠡᠷᠭᠡ᠂ ᠵᠠᠮ ᠤᠨ ᠬᠥᠭᠦᠷᠭᠡ᠂ ᠪᠠᠷᠢᠯᠭ᠎ᠠ᠂ ᠴᠠᠬᠢᠯᠭᠠᠨ᠂ ᠪᠠᠷᠠᠭᠠᠨ ᠤ ᠭᠦᠢᠯᠭᠡᠭᠡ᠂ ᠲᠡᠮᠦᠷ

ᠵᠠᠮ ᠤᠨ ᠵᠠᠮ ᠬᠠᠷᠢᠯᠴᠠᠭ᠎ᠠ᠂ ᠠᠭᠠᠷ ᠤᠨ ᠲᠡᠭᠡᠭᠡᠪᠦᠷᠢ ᠵᠡᠷᠭᠡ 7 ᠲᠣᠮᠣ ᠣᠨᠴᠠᠯᠢᠭᠲᠤ ᠲᠤᠰᠬᠠᠶ ᠮᠡᠷᠭᠡᠵᠢᠯ ᠤᠨ

ᠴᠤᠭᠯᠠᠷᠠᠯ 40 ᠲᠤᠰᠬᠠᠶ ᠮᠡᠷᠭᠡᠵᠢᠯ ᠢ ᠪᠠᠶᠢᠭᠤᠯᠵᠤ᠂ ᠡᠭᠦᠨ ᠳᠤ ᠪᠥᠬᠦ ᠤᠯᠤᠰ ᠤᠨ ᠵᠠᠮ ᠬᠠᠷᠢᠯᠴᠠᠭ᠎ᠠ

ᠲᠡᠭᠡᠭᠡᠪᠦᠷᠢ ᠶᠢᠨ ᠳᠠᠭᠤᠷᠢᠶᠠᠯ ᠦᠵᠡᠭᠦᠯᠬᠦ ᠲᠤᠰᠬᠠᠶ ᠮᠡᠷᠭᠡᠵᠢᠯ 1᠂ ᠥᠪᠡᠷᠲᠡᠭᠡᠨ ᠵᠠᠰᠠᠬᠤ ᠣᠷᠣᠨ ᠤ

ᠭᠤᠣᠯᠳᠠᠯᠭᠠᠲᠠᠢ ᠪᠥᠲᠥᠭᠡᠨ ᠪᠠᠶᠢᠭᠤᠯᠬᠤ ᠲᠤᠰᠬᠠᠶ ᠮᠡᠷᠭᠡᠵᠢᠯ 2᠂ ᠥᠪᠡᠷᠲᠡᠭᠡᠨ ᠵᠠᠰᠠᠬᠤ ᠣᠷᠣᠨ ᠤ ᠨᠠᠷᠠᠲᠤ

ᠲᠡᠮᠳᠡᠭᠲᠦ ᠶᠢᠨ ᠲᠤᠰᠬᠠᠶ ᠮᠡᠷᠭᠡᠵᠢᠯ 4᠂ ᠥᠪᠡᠷᠲᠡᠭᠡᠨ ᠵᠠᠰᠠᠬᠤ ᠣᠷᠣᠨ ᠤ ᠰᠣᠳᠣᠨ ᠬᠢᠴᠢᠶᠡᠯ 6 ᠪᠠᠶᠢᠵᠤ᠂

ᠵᠣᠬᠢᠴᠠᠩᠭᠤᠶ ᠪᠠᠷ ᠬᠥᠭᠵᠢᠭᠰᠡᠨ ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠰᠬᠠᠶ

ᠮᠡᠷᠭᠡᠵᠢᠯ ᠤᠨ  ᠳᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠳᠦᠭᠦᠯᠪᠡ᠃

     ᠬᠠᠮᠵᠢᠯᠴᠠᠨ ᠬᠥᠮᠦᠨ ᠢ ᠬᠥᠮᠦᠵᠢᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠬᠠᠵᠤ

ᠰᠢᠨ᠎ᠡ ᠶᠢ ᠡᠭᠦᠳᠦᠨ ᠬᠥᠭᠵᠢᠬᠦ ᠶᠢ ᠬᠥᠲᠥᠯᠥᠨ ᠳᠠᠭᠠᠭᠤᠯᠪᠠ᠃ ᠰᠤᠷᠭᠠᠭᠤᠯᠢ ᠨᠢ ᠠᠵᠢᠯ ᠣᠯᠭᠤᠯᠲᠠ ᠶᠢᠨ

ᠬᠡᠷᠡᠭᠴᠡᠭᠡ ᠪᠠᠷ ᠤᠳᠤᠷᠢᠳᠤᠮᠵᠢ ᠪᠣᠯᠭᠠᠭᠰᠠᠨ᠂ ᠠᠵᠢᠯ ᠲᠥᠷᠥᠯ ᠳᠤ ᠭᠦᠨᠵᠡᠭᠡᠶ ᠵᠢᠯᠣᠭᠤᠳᠤᠭᠰᠠᠨ᠂ ᠦᠢᠯᠡᠳᠪᠦᠷᠢᠯᠡᠯ

ᠵᠢᠭᠠᠨ ᠰᠤᠷᠭᠠᠯᠲᠠ ᠭᠦᠨᠵᠡᠭᠡᠶ ᠠᠭᠤᠰᠤᠭᠰᠠᠨ ᠰᠤᠷᠭᠠᠭᠤᠯᠢ ᠪᠠ ᠠᠵᠤ ᠠᠬᠤᠶᠢᠯᠠᠯ ᠨᠢᠭᠲᠠᠷᠬᠠᠰᠠᠨ ᠬᠡᠯᠪᠡᠷᠢᠲᠦ

ᠬᠠᠮᠲᠤᠷᠠᠨ ᠰᠤᠷᠭᠠᠭᠤᠯᠢ ᠡᠷᠭᠢᠯᠡᠬᠦ ᠲᠣᠭᠲᠠᠴᠠ ᠶᠢ ᠢᠳᠡᠪᠬᠢᠲᠡᠶ ᠪᠠᠶᠢᠭᠤᠯᠪᠠ᠃ ᠳᠤᠮᠳᠠᠳᠤ ᠭᠧᠷᠮᠠᠨ ᠤ ᠮᠠᠰᠢᠨ

ᠲᠡᠷᠭᠡᠨ ᠤ ᠮᠠᠰᠢᠨ ᠴᠠᠬᠢᠯᠭᠠᠨ ᠤ ᠲᠥᠰᠦᠯ ᠤᠨ ᠠᠩᠭᠢ᠂ ᠪᠥᠸᠧ ᠱᠢ ᠢᠨᠵᠧᠨᠧᠷ ᠤᠨ ᠠᠩᠭᠢ᠂ ᠨᠢᠭᠡᠳᠦᠭᠡᠷ ᠮᠠᠰᠢᠨ

ᠲᠡᠷᠭᠡᠨ ᠤ ᠪᠥᠯᠦᠭᠯᠡᠯ ᠤᠨ ᠳ᠋ᠠ ᠵᠦᠩ ᠢᠨᠵᠧᠨᠧᠷ ᠤᠨ ᠠᠩᠭᠢ᠂ ᠵᠢᠩ ᠳ᠋ᠦᠩ ᠪᠠᠷᠠᠭᠠᠨ ᠤ ᠭᠦᠢᠯᠭᠡᠭᠡᠨ ᠤ ᠠᠩᠭᠢ᠂

ᠰᠢᠶᠠᠨ ᠾᠧᠩ ᠣᠯᠠᠨ ᠤᠯᠤᠰ ᠤᠨ ᠠᠩᠭᠢ ᠵᠡᠷᠭᠡ ᠵᠠᠬᠢᠶᠠᠯᠠᠭ᠎ᠠ ᠶᠢᠨ ᠬᠡᠯᠪᠡᠷᠢᠲᠦ ᠲᠥᠰᠦᠯ ᠤᠨ ᠠᠩᠭᠢ ᠶᠢ

ᠵᠠᠯᠭᠠᠭ᠎ᠠ ᠪᠠᠷ ᠵᠣᠬᠢᠶᠠᠨ ᠪᠠᠶᠢᠭᠤᠯᠪᠠ︔ ᠠᠵᠤ ᠠᠬᠤᠶᠢᠯᠠᠯ ᠲᠠᠢ ᠬᠠᠮᠲᠤᠷᠠᠨ ᠲᠡᠮᠦᠷ ᠵᠠᠮ ᠤᠨ ᠵᠠᠮ ᠬᠠᠷᠢᠯᠴᠠᠭᠠᠨ ᠤ

ᠠᠵᠤ ᠦᠢᠯᠡᠰ ᠤᠨ ᠳᠡᠭᠡᠳᠦ ᠰᠤᠷᠭᠠᠭᠤᠯᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠣᠨᠴᠠ ᠲᠥᠷᠥᠯ ᠤᠨ ᠲᠡᠷᠭᠡ

ᠪᠣᠯᠪᠠᠰᠤᠷᠠᠭᠤᠯᠬᠤ ᠳᠡᠭᠡᠳᠦ ᠰᠤᠷᠭᠠᠭᠤᠯᠢ᠂ ᠵᠢᠯᠣᠭᠤᠴᠢ ᠥᠬᠡᠶ ᠨᠢᠰᠬᠡᠯ ᠤᠨ ᠳᠡᠭᠡᠳᠦ ᠰᠤᠷᠭᠠᠭᠤᠯᠢ᠂ ᠣᠩᠭᠤᠴᠠᠴᠢᠨ

ᠪᠣᠯᠪᠠᠰᠤᠷᠠᠭᠤᠯᠬᠤ ᠰᠠᠭᠤᠷᠢᠨ ᠭᠠᠵᠠᠷ᠂ ᠠᠭᠠᠷ ᠤᠨ ᠠᠶᠠᠯᠠᠯ ᠤᠨ ᠲᠥᠰᠦᠯ ᠤᠨ ᠬᠡᠯᠲᠡᠰ ᠵᠡᠷᠭᠡ ᠰᠤᠷᠭᠠᠭᠤᠯᠢ ᠪᠠ

ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠲᠤᠰᠬᠠᠶ

ᠮᠡᠷᠭᠡᠵᠢᠯ ᠵᠢᠴᠢ ᠬᠢᠴᠢᠶᠡᠯ ᠤᠨ ᠡᠬᠢ ᠪᠠᠶᠠᠯᠢᠭ ᠢ ᠬᠠᠮᠲᠤ ᠪᠠᠷ ᠨᠡᠭᠡᠭᠡᠨ ᠬᠥᠭᠵᠢᠭᠦᠯᠵᠦ᠂ ᠳᠠᠳᠤᠯᠭ᠎ᠠ ᠪᠣᠯᠪᠠᠰᠤᠷᠠᠯ ᠤᠨ

ᠰᠠᠭᠤᠷᠢᠨ ᠭᠠᠵᠠᠷ ᠢ ᠪᠠᠶᠢᠭᠤᠯᠤᠨ᠂ ︽ᠬᠤᠤᠰ ᠪᠠᠭᠰᠢ︾ ᠶᠢᠨ ᠬᠡᠯᠪᠡᠷᠢᠲᠦ ᠪᠠᠭᠰᠢ ᠶᠢᠨ ᠡᠩᠨᠡᠭᠡ ᠶᠢ  ᠬᠥᠮᠥᠵᠢᠭᠦᠯᠵᠦ᠂

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠨᠢᠭᠡ ᠴᠣᠭᠴᠠᠵᠢᠭᠤᠯᠤᠨ

ᠬᠥᠮᠦᠨ ᠢ ᠬᠥᠮᠦᠵᠢᠭᠦᠯᠬᠦ ᠣᠳᠣ ᠦᠶ᠎ᠡ ᠶᠢᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠲᠠᠪᠴᠠᠩ ᠢ ᠪᠠᠶᠢᠭᠤᠯᠵᠤ᠂ ᠲᠡᠭᠦᠰᠬᠦ ᠰᠤᠷᠤᠭᠴᠢᠳ ᠤᠨ ᠨᠠᠩ ᠴᠢᠨᠠᠷᠯᠢᠭ ᠨᠠᠩ ᠭᠦᠢᠴᠡᠳ ᠠᠵᠢᠯ ᠣᠯᠭᠤᠯᠲᠠ ᠶᠢ

ᠪᠦᠲᠦᠮᠵᠢᠲᠡᠶ ᠠᠬᠢᠭᠤᠯᠵᠤ᠂ ᠣᠶᠢᠷ᠎ᠠ ᠶᠢᠨ ᠵᠢᠯ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ

ᠨᠣᠷᠮ᠎ᠠ ᠢᠮᠠᠭᠲᠠ 95 % ᠠᠴᠠ ᠳᠡᠭᠡᠭᠰᠢ ᠪᠠᠶᠢᠬᠤ ᠶᠢ ᠪᠠᠲᠤᠯᠠᠵᠤ᠂ ᠲᠡᠭᠦᠰᠬᠦ ᠰᠤᠷᠤᠭᠴᠢᠳ ᠤᠨ ᠬᠠᠨᠤᠮᠵᠢ ᠶᠢᠨ

ᠬᠡᠮᠵᠢᠶ᠎ᠡ ᠪᠠ ᠬᠥᠮᠦᠨ ᠬᠡᠷᠡᠭᠯᠡᠬᠦ ᠨᠢᠭᠡᠴᠢ ᠶᠢᠨ ᠬᠠᠨᠤᠮᠵᠢ ᠶᠢᠨ ᠬᠡᠮᠵᠢᠶ᠎ᠡ ᠢᠮᠠᠭᠲᠠ 97 % ᠠᠴᠠ ᠳᠡᠭᠡᠭᠰᠢ

ᠪᠠᠶᠢᠬᠤ ᠶᠢ ᠪᠠᠲᠤᠯᠠᠵᠤ᠂ ᠳᠡᠰ ᠳᠠᠪᠬᠤᠷᠭ᠎ᠠ ᠥᠨᠳᠥᠷ᠂ ᠠᠩᠬᠠᠨ ᠤ ᠴᠠᠯᠢᠩ ᠥᠨᠳᠥᠷ᠂ ᠠᠵᠢᠯ ᠲᠥᠷᠥᠯ ᠢᠶᠠᠷ

ᠨᠢᠭᠡᠳᠬᠦ ᠨᠣᠷᠮ᠎ᠠ ᠥᠨᠳᠥᠷ᠂ ᠲᠣᠭᠲᠠᠭᠤᠨ ᠤ ᠨᠣᠷᠮ᠎ᠠ ᠥᠨᠳᠥᠷ ᠰᠠᠶᠢᠨ ᠪᠠᠶᠢᠳᠠᠯ ᠢᠯᠡᠷᠡᠵᠦ᠂ ᠠᠩᠬᠠᠳᠠᠭᠴᠢ

ᠪᠦᠯᠦᠭ ᠤᠨ ᠲᠤᠷᠰᠢᠯᠲᠠ ᠶᠢᠨ ᠴᠡᠭ ᠤᠨ ᠳᠡᠭᠡᠳᠦ ᠰᠤᠷᠭᠠᠭᠤᠯᠢ ᠪᠠ ᠥᠪᠡᠷᠲᠡᠭᠡᠨ ᠵᠠᠰᠠᠬᠤ ᠣᠷᠣᠨ ᠤ

ᠲᠤᠷᠰᠢᠯᠲᠠ ᠶᠢᠨ ᠴᠡᠭ ᠤᠨ ᠳᠠᠭᠠᠭᠤᠯᠤᠭᠴᠢ ᠨᠢᠭᠡᠴᠢ ᠪᠣᠯᠤᠭᠰᠠᠨ ᠤ ᠬᠤᠪᠢ ᠳᠤ᠂ ᠳᠡᠭᠡᠳᠦ ᠰᠤᠷᠭᠠᠭᠤᠯᠢ ᠨᠢ 1 +

X ᠦᠨᠡᠮᠯᠡᠯ ᠤᠨ ᠲᠤᠷᠰᠢᠯᠲᠠ ᠶᠢᠨ ᠴᠡᠭ ᠤᠨ ᠠᠵᠢᠯ ᠢ ᠶᠡᠭᠡ ᠪᠠᠷ ᠠᠬᠢᠭᠤᠯᠵᠤ᠂ ᠨᠢᠭᠡᠨᠲᠡ 13 ᠲᠤᠰᠬᠠᠶ

ᠮᠡᠷᠭᠡᠵᠢᠯ ᠳᠤ ᠬᠠᠨᠳᠤᠭᠤᠯᠤᠨ 3 ᠪᠦᠯᠦᠭ 11 X ᠦᠨᠡᠮᠯᠡᠯ ᠤᠨ ᠰᠢᠯᠭᠠᠨ ᠦᠨᠡᠯᠡᠯᠲᠡ ᠶᠢ ᠥᠷᠨᠢᠭᠦᠯᠵᠦ᠂

︽ᠬᠢᠴᠢᠶᠡᠯ ᠪᠠ ᠠᠵᠢᠯ ᠤᠨ ᠪᠠᠶᠢᠷᠢ ᠶᠢᠨ ᠦᠨᠡᠮᠯᠡᠯ ᠤᠨ ᠠᠭᠤᠰᠤᠯᠴᠠᠭ᠎ᠠ︾ ᠶᠢ ᠭᠦᠨᠵᠡᠭᠡᠶᠢᠷᠡᠭᠦᠯᠵᠦ᠂ ᠠᠵᠢᠯ

ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ ᠤᠨ ᠪᠠᠷᠢᠮᠵᠢᠶ᠎ᠠ ᠪᠠ ᠠᠭᠤᠯᠭ᠎ᠠ ᠶᠢ ᠴᠢᠳᠠᠪᠤᠷᠢᠲᠠᠨ ᠢ

ᠬᠥᠮᠦᠵᠢᠭᠦᠯᠬᠦ ᠲᠥᠰᠦᠯ ᠳᠤ ᠠᠭᠤᠰᠬᠠᠵᠤ᠂ ᠬᠠᠮ ᠬᠡᠯᠪᠡᠷᠢᠲᠦ ᠴᠢᠳᠠᠪᠤᠷᠢᠲᠠᠨ ᠢ ᠬᠥᠮᠦᠵᠢᠭᠦᠯᠬᠦ ᠪᠠ ᠦᠨᠡᠯᠡᠬᠦ ᠬᠡᠪ

ᠵᠠᠭᠪᠤᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃

     ᠭᠤᠯᠳᠤ ᠪᠠᠷ ᠨᠡᠪᠲᠡᠷᠡᠭᠦᠯᠵᠦ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠦᠰᠦᠨ ᠪᠤᠶᠢᠵᠢᠬᠤ ᠵᠠᠮ ᠢ  

ᠨᠡᠪᠲᠡᠷᠡᠭᠦᠯᠪᠡ᠃ ᠰᠤᠷᠭᠠᠭᠤᠯᠢ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠬᠤᠯᠪᠣᠭ᠎ᠠ ᠶᠢ ᠲᠦᠷᠦᠭᠦᠯᠡᠨ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ

ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠣᠳᠣ ᠦᠶ᠎ᠡ ᠶᠢᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠱᠠᠭᠠᠷᠳᠠᠯᠭ᠎ᠠ ᠶᠣᠰᠤ ᠪᠠᠷ ᠳᠤᠮᠳᠠ ᠵᠡᠷᠭᠡ ᠶᠢᠨ ᠠᠵᠢᠯ

ᠮᠡᠷᠭᠡᠵᠢᠯ ᠬᠢᠭᠡᠳ ᠳᠡᠭᠡᠳᠦ ᠵᠡᠷᠭᠡ ᠶᠢᠨ ᠠᠵᠢᠯ ᠮᠡᠷᠭᠡᠵᠢᠯ ᠢ ᠨᠡᠪᠲᠡᠷᠡᠭᠦᠯᠦᠭᠰᠡᠨ᠂ ᠳᠡᠭᠡᠳᠦ ᠵᠡᠷᠭᠡ ᠶᠢᠨ ᠠᠵᠢᠯ

ᠮᠡᠷᠭᠡᠵᠢᠯ ᠬᠢᠭᠡᠳ ᠵᠢᠩᠬᠢᠨᠢ ᠠᠩᠭᠢ ᠶᠢ ᠵᠣᠯᠭᠠᠭᠤᠯᠤᠭᠰᠠᠨ ᠴᠢᠳᠠᠪᠤᠷᠢᠲᠠᠨ ᠢ ᠬᠥᠮᠦᠵᠢᠭᠦᠯᠬᠦ ︽ᠵᠦᠷᠢᠯᠢᠭ ᠬᠥᠭᠦᠷᠭᠡ︾

 ᠶᠢ ᠢᠳᠡᠪᠬᠢᠲᠡᠶ ᠪᠠᠷ ᠪᠠᠶᠢᠭᠤᠯᠪᠠ᠃ ᠤᠯᠠᠭᠠᠨᠬᠠᠳᠠ ᠬᠤᠲᠠ ᠶᠢᠨ 11 ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠲᠠᠢ ᠬᠠᠮᠲᠤᠷᠠᠨ 14 ᠲᠤᠰᠬᠠᠶ ᠮᠡᠷᠭᠡᠵᠢᠯ ᠨᠢ ᠳᠤᠮᠳᠠ ᠵᠡᠷᠭᠡ ᠶᠢᠨ ᠠᠵᠢᠯ  ᠮᠡᠷᠭᠡᠵᠢᠯ ᠪᠠ ᠳᠡᠭᠡᠳᠦ

ᠵᠡᠷᠭᠡ ᠶᠢᠨ ᠠᠵᠢᠯ ᠮᠡᠷᠭᠡᠵᠢᠯ ᠤᠨ ᠬᠠᠮᠲᠤᠷᠠᠨ ᠰᠤᠷᠭᠠᠭᠤᠯᠢ ᠡᠷᠭᠢᠯᠡᠬᠦ ᠶᠢ ᠥᠷᠨᠢᠭᠦᠯᠪᠡ︔ ᠥᠪᠥᠷ ᠮᠣᠩᠭᠤᠯ ᠤᠨ

ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ ᠵᠢᠩᠬᠢᠨᠢ ᠠᠩᠭᠢᠲᠤ

ᠳᠡᠭᠡᠳᠦ ᠰᠤᠷᠭᠠᠭᠤᠯᠢ ᠲᠠᠢ ᠬᠠᠮᠲᠤᠷᠠᠨ ᠵᠢᠩᠬᠢᠨᠢ ᠠᠩᠭᠢ ᠶᠢᠨ ᠲᠠᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ

ᠥᠷᠨᠢᠭᠦᠯᠪᠡ︔ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠵᠢᠨᠢᠩ ᠤᠨ ᠪᠠᠭᠰᠢ ᠶᠢᠨ ᠳᠡᠭᠡᠳᠦ

ᠰᠤᠷᠭᠠᠭᠤᠯᠢ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠤᠨ ᠰᠢᠨᠵᠢᠯᠡᠬᠦ ᠤᠬᠠᠭᠠᠨ ᠪᠠᠶᠢᠭᠠᠯᠢ ᠶᠢᠨ ᠰᠢᠨᠵᠢᠯᠡᠬᠦ

ᠤᠬᠠᠭᠠᠨ ᠤ ᠳᠡᠭᠡᠳᠦ ᠰᠤᠷᠭᠠᠭᠤᠯᠢ ᠲᠠᠢ ᠬᠠᠮᠲᠤᠷᠠᠨ ᠪᠦᠬᠦᠯᠢ ᠡᠳᠦᠷ ᠤᠨ ᠳᠦᠷᠢᠮᠲᠦ ᠲᠤᠰᠬᠠᠶ ᠮᠡᠷᠭᠡᠵᠢᠯ ᠠᠴᠠ

ᠵᠢᠩᠬᠢᠨᠢ ᠠᠩᠭᠢ ᠳᠤ ᠳᠡᠪᠰᠢᠬᠦ ᠰᠤᠷᠭᠠᠨ ᠬᠥᠮᠦᠵᠢᠯ ᠢ ᠥᠷᠨᠢᠭᠦᠯᠪᠡ︔ ᠪᠡᠭᠡᠵᠢᠩ ᠤᠨ ᠵᠠᠮ ᠬᠠᠷᠢᠯᠴᠠᠭᠠᠨ ᠤ ᠶᠡᠭᠡ

ᠰᠤᠷᠭᠠᠭᠤᠯᠢ ᠲᠠᠢ ᠬᠠᠮᠲᠤᠷᠠᠨ ᠪᠦᠬᠦᠯᠢ ᠡᠳᠦᠷ ᠤᠨ ᠪᠤᠰᠤ ᠳᠦᠷᠢᠮᠲᠦ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ

ᠥᠷᠨᠢᠭᠦᠯᠵᠦ᠂ ᠨᠠᠩ ᠣᠯᠠᠨ ᠰᠤᠷᠤᠭᠴᠢ ᠳᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ

ᠡᠳ᠋ᠯᠡᠬᠦ ᠲᠣᠬᠢᠶᠠᠯ ᠢ ᠣᠯᠭᠤᠪᠠ᠃

     ᠬᠥᠨᠳᠡᠯᠡᠨ ᠢᠶᠠᠷ ᠠᠭᠤᠰᠤᠨ ᠨᠡᠪᠲᠡᠷᠡᠵᠦ᠂ ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢ

ᠠᠬᠢᠭᠤᠯᠬᠤ ᠳᠤ ᠬᠦᠴᠦᠨ  ᠨᠡᠮᠡᠷᠢᠯᠡᠪᠡ᠃ ᠳᠡᠭᠡᠳᠦ ᠰᠤᠷᠭᠠᠭᠤᠯᠢ ᠨᠢ ᠨᠡᠶᠢᠭᠡᠮ ᠤᠨ ᠦᠢᠯᠡᠴᠢᠯᠡᠭᠡᠨ ᠤ ᠴᠢᠳᠠᠮᠵᠢ ᠪᠠᠨ

ᠲᠠᠰᠤᠷᠠᠯᠳᠠ ᠥᠭᠡᠢ ᠳᠡᠭᠡᠭᠰᠢᠯᠡᠭᠦᠯᠵᠦ᠂ ᠠᠵᠢᠯ ᠲᠥᠷᠥᠯ ᠬᠢᠭᠡᠳ ᠣᠷᠣᠨ ᠪᠥᠰᠡ ᠶᠢᠨ ᠳᠣᠲᠣᠷᠠᠬᠢ ᠲᠠᠭᠠᠭᠤᠯᠤᠭᠴᠢ

ᠠᠵᠤ ᠠᠬᠤᠶᠢᠯᠠᠯ ᠯᠤᠭ᠎ᠠ ᠨᠧᠢ ᠾᠧ ᠣᠩᠭᠤᠴᠠᠴᠢᠨ ᠤ ᠪᠣᠯᠪᠠᠰᠤᠷᠠᠭᠤᠯᠤᠯ ᠤᠨ ᠲᠥᠪ᠂ ᠭᠠᠯ ᠢ ᠰᠡᠷᠭᠡᠶᠢᠯᠡᠵᠦ

ᠠᠶᠤᠯ ᠠᠴᠠ ᠬᠠᠮᠠᠭᠠᠯᠠᠬᠤ ᠪᠣᠯᠪᠠᠰᠤᠷᠠᠭᠤᠯᠤᠯ ᠤᠨ ᠰᠠᠭᠤᠷᠢᠨ᠂ ᠪᠠᠷᠢᠯᠭ᠎ᠠ ᠶᠢᠨ ᠠᠵᠢᠯᠴᠢᠨ ᠤ ᠠᠵᠢᠯ ᠤᠨ ᠪᠠᠶᠢᠷᠢ ᠶᠢᠨ

ᠪᠣᠯᠪᠠᠰᠤᠷᠠᠭᠤᠯᠤᠯ ᠤᠨ ᠰᠠᠭᠤᠷᠢᠨ᠂ ᠲᠦᠷᠭᠡᠨ ᠬᠦᠷᠭᠡᠬᠦ ᠦᠢᠯᠡᠰ ᠤᠨ ᠪᠣᠯᠪᠠᠰᠤᠷᠠᠭᠤᠯᠤᠯ ᠤᠨ ᠲᠥᠪ ᠵᠡᠷᠭᠡ 7

ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠠᠮᠲᠤᠷᠠᠨ ᠪᠠᠶᠢᠭᠤᠯᠵᠤ᠂ ᠨᠡᠶᠢᠭᠡᠮ ᠳᠤ

ᠬᠠᠨᠳᠤᠭᠤᠯᠤᠨ 16 ᠲᠥᠷᠥᠯ ᠤᠨ ᠠᠵᠢᠯ ᠮᠡᠷᠭᠡᠵᠢᠯ ᠳᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠢᠨᠠᠨ

ᠲᠣᠭᠲᠠᠭᠠᠯᠲᠠ ᠬᠢᠪᠡ᠃ ᠪᠥᠲᠦᠭᠡᠨ ᠪᠠᠶᠢᠭᠤᠯᠤᠯᠲᠠ ᠶᠢᠨ ᠡᠵᠡᠯᠡᠵᠦ ᠪᠠᠶᠢᠭ᠎ᠠ ᠭᠠᠵᠠᠷ 3400 ᠭᠠᠷᠤᠶ ᠮᠦ ᠪᠠᠶᠢᠵᠤ᠂

ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠠᠮᠤᠭ ᠤᠨ ᠶᠡᠭᠡ ᠵᠠᠮ ᠬᠠᠷᠢᠯᠴᠠᠭᠠᠨ ᠤ

ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠣᠯᠪᠠ᠃ ᠳᠡᠭᠡᠳᠦ ᠰᠤᠷᠭᠠᠭᠤᠯᠢ ᠨᠢ ᠵᠢᠯ

ᠪᠦᠷᠢ ᠳᠤᠮᠳᠠᠴᠢ ᠪᠠᠷ ᠡᠯ᠎ᠡ ᠲᠥᠷᠥᠯ ᠤᠨ ᠪᠣᠯᠪᠠᠰᠤᠷᠠᠭᠤᠯᠤᠯ ᠢ 12000 ᠭᠠᠷᠤᠶ ᠬᠥᠮᠦᠨ ᠤᠳᠠᠭ᠎ᠠ ᠥᠷᠨᠢᠭᠦᠯᠵᠦ᠂

ᠪᠦᠬᠦ ᠲᠠᠯ᠎ᠠ ᠪᠠᠷ ᠦᠢᠯᠡᠴᠢᠯᠡᠬᠦ᠂ ᠣᠯᠠᠨ ᠡᠰᠢᠵᠢᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ

ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠴᠢᠬᠤᠯᠠ ᠰᠠᠭᠤᠷᠢᠨ ᠭᠠᠵᠠᠷ ᠪᠣᠯᠤᠭᠰᠠᠨ ᠪᠠᠶᠢᠨ᠎ᠠ᠃  

   

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map