2021ᠣᠨ ᠤ ᠥᠪᠥᠷ ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠵᠢᠩᠬᠢᠨᠢ ᠠᠩᠭᠢ ᠶᠢᠨ ᠲᠠᠰ ᠠᠴᠠ ᠳᠠᠪᠠᠭᠰᠠᠨ ᠳᠤᠭᠤᠶᠢᠯᠠᠩ ᠤᠨ ᠡᠷᠡᠭᠲᠡᠶ ᠶᠢᠨ ᠳᠤᠭᠤᠶᠢᠯᠠᠩ ᠤᠨ ᠤᠷᠤᠯᠳᠤᠭᠠᠨ ᠠᠮᠵᠢᠯᠲᠠᠲᠠᠢ ᠥᠨᠳᠥᠷᠯᠡᠪᠡ
ᠨᠡᠶᠢᠲᠡᠯᠡᠭᠰᠡᠨ ᠴᠠᠭ᠄
2021/6/25

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠷᠦᠩᠬᠡᠶ

ᠰᠤᠷᠭᠠᠭᠤᠯᠢ ᠪᠠᠶᠢᠴᠠᠭᠠᠭᠴᠢ ᠵᠠᠩ ᠰᠢ ᠷᠦᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠶᠡᠭᠡ ᠰᠤᠷᠭᠠᠭᠤᠯᠢ ᠳᠤ ᠱᠠᠩᠨᠠᠯ ᠭᠠᠷᠳᠠᠭᠤᠯᠪᠠ

     ︽ᠴᠢᠷᠮᠠᠢ︕ ᠴᠢᠷᠮᠠᠢ︕﹀ ᠭᠡᠬᠦ ᠳᠠᠭᠤᠨ᠂ ᠬᠡᠩᠭᠡᠷᠭᠡ ᠶᠢᠨ ᠳᠠᠭᠤᠨ᠂ ᠤᠷᠠᠢ ᠳᠠᠭᠤᠨ ᠬᠡᠰᠡᠭ

ᠦᠷᠭᠦᠯᠵᠢᠯᠡᠵᠦ ᠬᠡᠰᠡᠭ ᠥᠨᠳᠦᠷᠵᠢᠵᠦ ᠪᠠᠶᠢᠯ᠎ᠠ᠃

     6 ᠰᠠᠷ᠎ᠠ ᠶᠢᠨ 21 ᠤ ᠣᠷᠣᠶ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ

ᠰᠤᠷᠭᠠᠭᠤᠯᠢ ᠳᠤ ᠳ᠋ᠧᠩ ᠤᠨ ᠬᠡᠷᠡᠯ ᠳᠤᠸᠠᠯᠠᠵᠤ᠂ ᠪᠡᠶ᠎ᠡ ᠶᠢᠨ ᠲᠠᠮᠢᠷ ᠤᠨ ᠲᠠᠯᠠᠪᠠᠶ ᠬᠥᠭᠵᠢᠶᠡᠨ ᠨᠠᠷᠬᠢᠶᠠᠨ ᠢᠶᠠᠷ

ᠳᠦᠭᠦᠷᠪᠡ᠃ 5 ᠡᠳᠦᠷ ᠤᠨ ᠬᠤᠷᠴᠠ ᠰᠢᠷᠦᠭᠦᠨ  ᠮᠥᠷᠦᠶᠢᠴᠡᠯᠳᠦᠭᠡᠨ ᠢᠶᠠᠷ ᠳᠡᠮᠵᠢᠨ᠂ 2021 ᠣᠨ ᠤ ᠥᠪᠥᠷ

ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠤ

ᠵᠢᠩᠬᠢᠨᠢ ᠠᠩᠭᠢ ᠶᠢᠨ ᠲᠠᠰ ᠠᠴᠠ ᠳᠠᠪᠠᠭᠰᠠᠨ ᠳᠤᠭᠤᠶᠢᠯᠠᠩ ᠤᠨ ᠡᠷᠡᠭᠲᠡᠶ ᠶᠢᠨ ᠳᠤᠭᠤᠶᠢᠯᠠᠩ ᠤᠨ ᠤᠷᠤᠯᠳᠤᠭᠠᠨ

ᠪᠤᠭᠤᠲᠤ ᠬᠤᠲᠠ ᠳᠤ ᠥᠨᠳᠥᠷᠯᠡᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ

ᠰᠤᠷᠭᠠᠭᠤᠯᠢ ᠶᠢᠨ ᠡᠷᠡᠭᠲᠡᠶ ᠶᠢᠨ ᠳᠤᠭᠤᠶᠢᠯᠠᠩ ᠮᠠᠩᠯᠠᠶᠢᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠷᠦᠩᠬᠡᠶ  ᠰᠤᠷᠭᠠᠭᠤᠯᠢ ᠪᠠᠶᠢᠴᠠᠭᠠᠭᠴᠢ ᠵᠠᠩ ᠰᠢ ᠷᠦᠩ

ᠤᠷᠤᠯᠳᠤᠭᠠᠨ ᠥᠨᠳᠦᠷᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠱᠠᠩᠨᠠᠯ ᠭᠠᠷᠳᠠᠭᠤᠯᠪᠠ᠃

     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ︵ᠤᠯᠠᠭᠠᠨ

ᠬᠤᠪᠴᠠᠰᠤᠲᠠᠢ︶ ᠪᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠷᠤᠯᠳᠤᠭᠠᠨ ᠤ ᠠᠬᠤᠢ

ᠲᠠᠯᠠᠪᠠᠶ

     ᠲᠡᠭᠦᠰᠬᠦ ᠶᠣᠰᠣᠯᠠᠯ ᠠᠴᠠ ᠡᠮᠦᠨᠡᠬᠢ ᠬᠠᠮᠤᠭ ᠤᠨ ᠰᠡᠬᠦᠯ ᠤᠨ ᠮᠥᠷᠥᠶᠢᠴᠡᠯᠳᠦᠭᠡᠨ ᠳᠤ᠂ ᠥᠪᠥᠷ ᠮᠣᠩᠭᠤᠯ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠣᠯᠤᠨ ᠥᠪᠥᠷ ᠮᠣᠩᠭᠤᠯ ᠤᠨ ᠲᠠᠷᠢᠶᠠᠯᠠᠩ ᠤᠨ

ᠶᠡᠭᠡ ᠰᠤᠷᠭᠠᠭᠤᠯᠢ ᠶᠢᠨ ᠬᠤᠶᠠᠷ ᠬᠦᠴᠦᠷᠬᠡᠭ ᠠᠩᠭᠢ ᠲᠠᠭᠠᠷᠠᠪᠠ᠃ ᠡᠬᠢᠯᠡᠬᠦ ᠲᠠᠢ ᠵᠡᠷᠭᠡ ᠬᠤᠶᠠᠷ ᠲᠠᠯ᠎ᠠ ᠪᠠᠷ ᠢᠶᠠᠨ ︽

ᠪᠦᠬᠦ ᠬᠦᠴᠦ ᠪᠠᠷ ᠢᠶᠠᠨ ᠳᠠᠭᠠᠷᠢᠵᠤ︾᠂ ᠰᠢᠷᠦᠭᠦᠨ ᠮᠥᠷᠥᠶᠢᠴᠡᠯᠳᠦᠵᠦ᠂ ᠬᠤᠶᠠᠷ ᠲᠠᠯ᠎ᠠ ᠶᠢᠨ ᠲᠠᠮᠢᠷᠴᠢᠳ

ᠲᠠᠰᠤᠷᠠᠯᠲᠠ ᠦᠭᠡᠢ ᠪᠥᠮᠪᠦᠭᠡ ᠳᠠᠮᠵᠢᠭᠤᠯᠵᠤ᠂ ᠰᠢᠪᠲᠤᠯᠵᠤ᠂ ᠨᠥᠭᠦᠭᠡ ᠲᠠᠯ᠎ᠠ ᠶᠢᠨ ᠢᠶᠠᠨ ᠪᠥᠮᠪᠦᠭᠡ ᠣᠷᠣᠭᠤᠯᠬᠤ

ᠡᠭᠦᠳᠡ ᠶᠢ ᠵᠠᠯᠭᠠᠭ᠎ᠠ ᠪᠠᠷ ᠳᠠᠭᠠᠷᠢᠵᠤ᠂ ᠳᠠᠭᠠᠷᠢᠬᠤ ᠰᠠᠬᠢᠬᠤ ᠰᠢᠷᠦᠭᠦᠨ ᠮᠥᠷᠥᠶᠢᠴᠡᠯᠳᠦᠭᠡᠨ ᠨᠢ ᠦᠵᠡᠭᠴᠢᠳ ᠲᠤ

ᠤᠷᠤᠯᠳᠤᠭᠠᠨ ᠤ  ᠭᠠᠶᠢᠬᠠᠮᠰᠢᠭ ᠢ ᠦᠵᠡᠭᠦᠯᠦᠭᠰᠡᠨ ᠪᠠᠶᠢᠨ᠎ᠠ᠃ ᠡᠴᠦᠰ ᠲᠤ᠂ ᠥᠪᠥᠷ ᠮᠣᠩᠭᠤᠯ ᠤᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ 2᠄ 0 ᠢᠶᠠᠷ ᠥᠪᠥᠷ ᠮᠣᠩᠭᠤᠯ ᠤᠨ ᠲᠠᠷᠢᠶᠠᠯᠠᠩ ᠤᠨ ᠶᠡᠭᠡ

ᠰᠤᠷᠭᠠᠭᠤᠯᠢ ᠶᠢ ᠢᠯᠠᠵᠤ᠂ ᠥᠪᠥᠷ ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ

ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ ᠳᠤᠭᠤᠶᠢᠯᠠᠩ ᠤᠨ

ᠡᠷᠡᠭᠲᠡᠶ ᠶᠢᠨ ᠳᠤᠭᠤᠶᠢᠯᠠᠩ ᠳᠤ ᠮᠠᠩᠯᠠᠶᠢᠯᠠᠪᠠ᠃

     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠲᠠᠮᠢᠷᠴᠢᠳ

ᠬᠤᠨᠳᠠᠭ᠎ᠠ ᠲᠣᠰᠤᠭᠰᠠᠨ ᠭᠱᠠᠨ᠎ᠠ

     ᠲᠠᠯᠠᠪᠠᠢ ᠳᠤ ᠪᠠᠶᠢᠭ᠎ᠠ ᠪᠥᠮᠪᠥᠭᠡᠨ ᠬᠤᠷᠤᠬᠠᠢᠢᠲᠠᠨ ᠤ ᠪᠠᠶᠠᠷᠯᠠᠨ ᠳᠣᠭᠳᠣᠯᠤᠭᠰᠠᠨ ᠤᠷᠠᠢ ᠲᠠᠭᠤᠨ ᠤ ᠳᠤᠮᠳᠠ᠂

ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠲᠠᠮᠢᠷᠴᠢᠳ

ᠬᠠᠮᠤᠭ ᠤᠨ ᠳᠡᠭᠡᠳᠦ ᠢᠷᠠᠭᠤ ᠠᠯᠳᠠᠷ ᠢ ᠪᠡᠯᠭᠡᠳᠡᠭᠰᠡᠨ ᠱᠠᠩᠨᠠᠯ ᠤᠨ ᠬᠤᠨᠳᠠᠭ᠎ᠠ ᠶᠢ ᠡᠷᠭᠦᠵᠡᠭᠡᠪᠡ᠃ ᠣᠭᠲᠠᠷᠭᠤᠶ

ᠳᠦᠬᠦᠷᠡᠩ ᠠᠯᠲᠠᠨ ᠴᠠᠭᠠᠰᠤᠨ ᠤ ᠯᠠᠪᠰᠠ ᠬᠢᠯᠠᠯᠵᠠᠵᠤ᠂ ᠲᠠᠮᠢᠷᠴᠢᠳ ᠬᠤᠶᠠᠷ ᠭᠠᠷ ᠢᠶᠠᠨ ᠥᠨᠳᠥᠷ ᠡᠷᠭᠦᠵᠦ᠂

ᠪᠡᠶ᠎ᠡ ᠶᠢᠨ ᠲᠠᠮᠢᠷ ᠤᠨ ᠲᠠᠯᠠᠪᠠᠶ ᠬᠥᠷ ᠬᠥᠭᠵᠢᠶᠡᠨ ᠢᠶᠠᠷ ᠪᠢᠯᠬᠠᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠲᠠᠮᠢᠷᠴᠢᠳ ᠤᠨ ᠬᠦᠰᠡᠯ ᠵᠡᠭᠦᠳᠦ ᠡᠴᠦᠰ ᠲᠤ ᠪᠠᠨ ᠪᠡᠶᠡᠯᠡᠭᠳᠡᠯ᠎ᠡ︕

     ᠥᠪᠥᠷ ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ

ᠤᠷᠤᠯᠳᠤᠭᠠᠨ ᠤ ᠵᠢᠩᠬᠢᠨᠢ ᠠᠩᠭᠢ ᠶᠢᠨ ᠲᠠᠰ ᠠᠴᠠ ᠳᠠᠪᠠᠭᠰᠠᠨ ᠳᠤᠭᠤᠶᠢᠯᠠᠩ ᠤᠨ ᠡᠷᠡᠭᠲᠡᠶ ᠶᠢᠨ ᠳᠤᠭᠤᠶᠢᠯᠠᠩ ᠤᠨ

ᠤᠷᠤᠯᠳᠤᠭᠠᠨ ᠤ ᠠᠬᠤᠢ ᠲᠠᠯᠠᠪᠠᠶ

     5 ᠡᠳᠦᠷ ᠤᠨ ᠬᠤᠭᠤᠴᠠᠭᠠᠨ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ

ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ

ᠶᠡᠭᠡ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ᠂

ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠲᠠᠰ ᠠᠴᠠ ᠳᠠᠪᠠᠭᠰᠠᠨ ᠳᠤᠭᠤᠶᠢᠯᠠᠩ ᠤᠨ 8 ᠠᠩᠭᠢ ᠨᠢ 20

ᠲᠠᠯᠠᠪᠤᠷ ᠤᠷᠤᠯᠳᠤᠭᠠᠨ ᠳᠤ ᠣᠷᠣᠯᠴᠠᠪᠠ᠃ 188 ᠳᠠᠮᠢᠷᠴᠢᠨ ᠬᠥᠯᠥᠰᠦ ᠤᠷᠤᠰᠬᠠᠨ ᠬᠦᠴᠦᠯᠡᠨ ᠴᠢᠷᠮᠠᠶᠢᠵᠤ

ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡᠨ ᠤ ᠤᠷᠤᠯᠳᠤᠭᠠᠨ ᠢᠶᠠᠷ ︽ᠳᠤᠮᠳᠠᠳᠤ

ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ︾ ᠳᠤ ᠪᠡᠯᠡᠭ  ᠬᠦᠷᠭᠡᠵᠦ᠂ ᠵᠠᠯᠠᠭᠤ

ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠪᠡ᠃ ᠥᠪᠥᠷ ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ

ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠨᠢ ᠪᠥᠬᠦ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂

ᠤᠷᠤᠯᠳᠤᠭᠠᠨ ᠳᠤ ᠣᠷᠣᠯᠴᠠᠭᠰᠠᠨ ᠬᠥᠮᠦᠨ ᠤ ᠲᠤᠭ᠎ᠠ ᠬᠠᠮᠤᠭ ᠤᠨ ᠣᠯᠠᠨ᠂ ᠬᠠᠮᠤᠷᠬᠤ ᠬᠡᠪᠴᠢᠶ᠎ᠡ ᠬᠠᠮᠤᠭ ᠤᠨ

ᠥᠷᠭᠡᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠦᠪᠡᠳᠡᠭᠰᠢ ᠴᠤᠭᠯᠠᠭᠠᠨ ᠪᠣᠯᠤᠭᠰᠠᠨ ᠤ ᠬᠤᠪᠢ ᠳᠤ᠂

ᠲᠤᠰᠬᠠᠶ ᠮᠡᠷᠭᠡᠵᠢᠯ ᠤᠨ ᠳᠤᠭᠤᠶᠢᠯᠠᠩ᠂ ᠰᠤᠷᠭᠠᠭᠤᠯᠢ ᠶᠢᠨ ᠳᠤᠭᠤᠶᠢᠯᠠᠩ᠂ ᠲᠠᠰ ᠠᠴᠠ ᠳᠠᠪᠠᠭᠰᠠᠨ ᠳᠤᠭᠤᠶᠢᠯᠠᠩ

ᠭᠡᠬᠦ ᠭᠤᠷᠪᠠᠨ ᠳᠤᠭᠤᠶᠢᠯᠠᠩ ᠳᠤ ᠬᠤᠪᠢᠶᠠᠭᠳᠠᠵᠤ᠂ ᠳᠤᠭᠤᠶᠢᠯᠠᠩ ᠪᠦᠷᠢ ᠶᠢ ᠪᠠᠰᠠ ᠡᠷᠡᠭᠲᠡᠶ ᠶᠢᠨ ᠳᠤᠭᠤᠶᠢᠯᠠᠩ᠂

ᠡᠮᠡᠭᠲᠡᠶ ᠶᠢᠨ ᠳᠤᠭᠤᠶᠢᠯᠠᠩ ᠤᠨ ᠤᠷᠤᠯᠳᠤᠭᠠᠨ ᠭᠡᠵᠦ ᠬᠤᠪᠢᠶᠠᠪᠠ᠃ ᠡᠭᠦᠨ ᠠᠴᠠ ᠡᠮᠦᠨ᠎ᠡ᠂ 5 ᠰᠠᠷ᠎ᠠ ᠶᠢᠨ 10—

16 ᠤ ᠡᠳᠦᠷ ᠪᠠ 5 ᠰᠠᠷ᠎ᠠ ᠶᠢᠨ 21— 28 ᠤ ᠡᠳᠦᠷ᠂ ᠥᠪᠥᠷ ᠮᠣᠩᠭᠤᠯ ᠤᠨ ᠤᠶᠤᠲᠠᠳ ᠤᠨ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠲᠤᠰᠬᠠᠶ ᠮᠡᠷᠭᠡᠵᠢᠯ ᠤᠨ

ᠠᠩᠭᠢ ᠶᠢᠨ ᠳᠤᠭᠤᠶᠢᠯᠠᠩ᠂ ᠵᠢᠩᠬᠢᠨᠢ ᠠᠩᠭᠢ ᠶᠢᠨ ᠳᠤᠭᠤᠶᠢᠯᠠᠩ ᠤᠨ ᠤᠷᠤᠯᠳᠤᠭᠠᠨ ᠵᠠᠯᠭᠠᠭ᠎ᠠ ᠪᠠᠷ ᠶᠠᠪᠤᠭᠳᠠᠵᠤ᠂

ᠵᠢᠩᠬᠢᠨᠢ ᠠᠩᠭᠢ ᠶᠢᠨ ᠲᠠᠰ ᠠᠴᠠ ᠳᠠᠪᠠᠭᠰᠠᠨ ᠡᠮᠡᠭᠲᠡᠶ ᠶᠢᠨ ᠳᠤᠭᠤᠶᠢᠯᠠᠩ ᠤᠨ ᠤᠷᠤᠯᠳᠤᠭᠠᠨ ᠲᠤᠰ ᠰᠠᠷ᠎ᠠ ᠶᠢᠨ

26 ᠤ ᠡᠳᠦᠷ ᠠᠴᠠ ᠡᠬᠢᠯᠡᠨ᠎ᠡ᠃ ᠲᠤᠰᠬᠠᠶ ᠮᠡᠷᠭᠡᠵᠢᠯ ᠤᠨ ᠳᠤᠭᠤᠶᠢᠯᠠᠩ ᠠᠴᠠ ᠲᠡᠰ ᠠᠴᠠ ᠳᠠᠪᠠᠭᠰᠠᠨ

ᠳᠤᠭᠤᠶᠢᠯᠠᠩ ᠬᠦᠷᠲᠡᠯᠡᠬᠢ ᠭᠤᠷᠪᠠᠨ ᠵᠦᠢᠯ ᠤᠨ ᠤᠷᠤᠯᠳᠤᠭᠠᠨ ᠳᠤ 76 ᠠᠩᠭᠢ ᠶᠢᠨ 1600 ᠭᠠᠷᠤᠶ ᠬᠥᠮᠦᠨ

ᠣᠷᠣᠯᠴᠠᠪᠠ᠃

     ᠥᠪᠥᠷ ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ

ᠤᠷᠤᠯᠳᠤᠭᠠᠨ ᠤ ᠵᠢᠩᠬᠢᠨᠢ ᠠᠩᠭᠢ ᠶᠢᠨ ᠲᠠᠰ ᠠᠴᠠ ᠳᠠᠪᠠᠭᠰᠠᠨ ᠳᠤᠭᠤᠶᠢᠯᠠᠩ ᠤᠨ ᠡᠷᠡᠭᠲᠡᠶ ᠶᠢᠨ ᠳᠤᠭᠤᠶᠢᠯᠠᠩ ᠤᠨ

ᠤᠷᠤᠯᠳᠤᠭᠠᠨ ᠤ ᠠᠬᠤᠢ ᠲᠠᠯᠠᠪᠠᠶ

     ᠥᠪᠥᠷ ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ

ᠤᠷᠤᠯᠳᠤᠭᠠᠨ ᠢ ᠡᠷᠭᠢᠯᠡᠭᠰᠡᠨ ᠵᠢᠷᠭᠤᠭᠠᠨ ᠵᠢᠯ ᠤᠨ ᠬᠤᠭᠤᠴᠠᠭᠠᠨ ᠳᠤ᠂ ᠤᠷᠤᠯᠳᠤᠭᠠᠨ ᠤ ᠲᠦᠷᠢᠮ ᠤᠨ

ᠳᠣᠭᠲᠠᠯᠴᠠᠭ᠎ᠠ ᠶᠠᠪᠤᠬᠤ ᠲᠤᠲᠤᠮ ᠲᠡᠭᠦᠯᠳᠡᠷᠵᠢᠵᠦ᠂ ᠤᠷᠤᠯᠳᠤᠭᠠᠨ ᠤ ᠲᠣᠭᠲᠠᠴᠠ ᠶᠠᠪᠤᠬᠤ ᠲᠤᠲᠤᠮ ᠪᠣᠯᠪᠠᠰᠤᠷᠠᠵᠤ᠂

ᠵᠢᠯ ᠪᠣᠯᠭᠠᠨ ᠤ ᠤᠷᠤᠯᠳᠤᠭᠠᠨ ᠤ ᠳᠠᠪᠲᠠᠯᠲᠠ ᠪᠠᠷ ᠳᠡᠮᠵᠢᠨ ᠡᠯ᠎ᠡ ᠳᠤᠭᠤᠶᠢᠯᠠᠩ ᠤᠨ ᠤᠷᠤᠯᠳᠤᠭᠠᠨ ᠤ ᠪᠣᠳᠠᠲᠤ

ᠬᠦᠴᠦᠨ ᠨᠢ ᠴᠢᠨᠠᠷ ᠤᠨ ᠦᠰᠦᠷᠦᠯᠲᠡ ᠲᠠᠢ ᠪᠣᠯᠵᠠᠶ᠃ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ  

ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ ᠳᠤᠭᠤᠶᠢᠯᠠᠩ ᠨᠢ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠬᠠᠮᠤᠭ ᠤᠨ ᠥᠨᠳᠥᠷ

ᠱᠠᠲᠤᠨ ᠤ ᠬᠠᠮᠤᠭ ᠤᠨ ᠥᠨᠳᠥᠷ ᠲᠠᠰ ᠤᠨ ᠤᠷᠤᠯᠳᠤᠭᠠᠨ ᠪᠣᠯᠤᠭᠰᠠᠨ ᠤ ᠬᠤᠪᠢ ᠳᠤ ᠪᠠᠭ᠎ᠠ ᠰᠤᠷᠭᠠᠭᠤᠯᠢ᠂ ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ᠂  ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠡᠯ᠎ᠡ ᠱᠠᠲᠤᠨ ᠤ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠬᠥᠭᠵᠢᠯᠲᠡ ᠳᠤ ᠳᠠᠭᠤᠷᠢᠶᠠᠯ

ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠪᠡ᠃

     ᠥᠪᠥᠷ ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ

ᠤᠷᠤᠯᠳᠤᠭᠠᠨ ᠤ ᠵᠢᠩᠬᠢᠨᠢ ᠠᠩᠭᠢ ᠶᠢᠨ ᠲᠠᠰ ᠠᠴᠠ ᠳᠠᠪᠠᠭᠰᠠᠨ ᠳᠤᠭᠤᠶᠢᠯᠠᠩ ᠤᠨ ᠡᠷᠡᠭᠲᠡᠶ ᠶᠢᠨ ᠳᠤᠭᠤᠶᠢᠯᠠᠩ ᠤᠨ

ᠤᠷᠤᠯᠳᠤᠭᠠᠨ ᠤ ᠠᠬᠤᠢ ᠲᠠᠯᠠᠪᠠᠶ

     ᠥᠪᠥᠷ ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ

ᠤᠷᠤᠯᠳᠤᠭᠠᠨ ᠤ ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ ᠳᠤᠭᠤᠶᠢᠯᠠᠩ ᠤᠨ ᠡᠷᠡᠭᠲᠡᠶ ᠶᠢᠨ ᠳᠤᠭᠤᠶᠢᠯᠠᠩ ᠤᠨ

ᠤᠷᠤᠯᠳᠤᠭᠠᠨ ᠤ ᠠᠬᠤᠢ ᠲᠠᠯᠠᠪᠠᠶ᠂ ᠦᠵᠡᠭᠴᠢᠳ ᠤᠨ ᠰᠠᠭᠤᠳᠠᠯ  ᠤᠷᠤᠯᠳᠤᠭᠠᠨ ᠦᠵᠡᠬᠦ ᠪᠠᠷ ᠢᠷᠡᠭᠰᠡᠨ

ᠰᠤᠷᠤᠭᠴᠢᠳ ᠢᠶᠠᠷ ᠳᠦᠭᠦᠷᠪᠡ

     ᠥᠪᠥᠷ ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ

ᠤᠷᠤᠯᠳᠤᠭᠠᠨ ᠤ ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ ᠳᠤᠭᠤᠶᠢᠯᠠᠩ ᠤᠨ ᠡᠷᠡᠭᠲᠡᠶ ᠶᠢᠨ ᠳᠤᠭᠤᠶᠢᠯᠠᠩ ᠤᠨ

ᠤᠷᠤᠯᠳᠤᠭᠠᠨ ᠤ ᠠᠬᠤᠢ ᠲᠠᠯᠠᠪᠠᠶ᠂ ᠦᠵᠡᠭᠴᠢᠳ ᠤᠨ ᠰᠠᠭᠤᠳᠠᠯ ᠤᠷᠤᠯᠳᠤᠭᠠᠨ ᠦᠵᠡᠬᠦ ᠪᠠᠷ ᠢᠷᠡᠭᠰᠡᠨ

ᠰᠤᠷᠤᠭᠴᠢᠳ ᠢᠶᠠᠷ ᠳᠦᠭᠦᠷᠪᠡ

     ᠣᠷᠴᠢᠮ ᠤᠨ ᠵᠢᠯ᠂ ᠥᠪᠥᠷ ᠮᠣᠩᠭᠤᠯ ᠨᠢ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ

ᠠᠭᠤᠰᠤᠯᠴᠠᠭ᠎ᠠ ᠶᠢ ᠲᠠᠰᠤᠷᠠᠯᠲᠠ ᠥᠬᠡᠶ  ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠠᠴᠠ

ᠲᠦᠷᠦᠭᠦᠯᠡᠬᠦ ᠶᠢ ᠡᠬᠢᠯᠡᠭᠦᠯᠵᠦ᠂ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠬᠥᠯ ᠪᠥᠮᠪᠦᠭᠡᠨ ᠤ

ᠨᠥᠬᠦᠴᠡᠯ ᠳᠤ ᠰᠠᠭᠤᠷᠢᠯᠠᠭᠰᠠᠨ ᠰᠢᠨ᠎ᠡ ᠬᠡᠯᠪᠡᠷᠢ ᠶᠢᠨ ︽ᠭᠤᠷᠪᠠᠨ ᠱᠠᠲᠤᠨ ᠤ ᠵᠠᠯᠠᠭᠤᠴᠤᠳ ᠤᠨ ᠪᠣᠯᠪᠠᠰᠤᠷᠠᠯ︾ ᠤᠨ

ᠳᠣᠭᠲᠠᠯᠴᠠᠭᠠᠨ ᠤ ᠪᠠᠶᠢᠭᠤᠯᠤᠯᠲᠠ᠂ ᠪᠦᠬᠦ ᠤᠯᠤᠰ ᠤᠨ ︽ᠣᠭᠲᠠᠷᠭᠤᠢ ᠳᠦᠭᠦᠷᠡᠩ ᠣᠳᠣᠨ ᠮᠡᠴᠢᠳ︾

ᠪᠣᠯᠪᠠᠰᠤᠷᠠᠯ ᠤᠨ ᠪᠠᠭᠤᠴᠠ ᠲᠠᠢ ᠬᠤᠯᠪᠣᠭᠠᠯᠠᠨ᠂ ᠥᠨᠳᠥᠷ ᠬᠢᠷᠢ ᠲᠦᠪᠰᠢᠨ ᠪᠦᠬᠦᠢ ᠰᠤᠷᠭᠠᠭᠴᠢ ᠶᠢ ᠲᠣᠬᠢᠷᠠᠭᠤᠯᠬᠤ᠂

ᠥᠨᠳᠥᠷ ᠬᠢᠷᠢ ᠲᠦᠪᠰᠢᠨ ᠪᠦᠬᠦᠢ ᠵᠢᠭᠠᠨ ᠰᠤᠷᠭᠠᠯᠲᠠ ᠶᠢ ᠬᠡᠷᠡᠭᠵᠢᠭᠦᠯᠬᠦ᠂ ᠥᠨᠳᠥᠷ ᠬᠢᠷᠢ ᠲᠦᠪᠰᠢᠨ ᠪᠦᠬᠦᠢ

ᠪᠣᠯᠪᠠᠰᠤᠷᠠᠯ ᠢ ᠥᠷᠨᠢᠭᠦᠯᠬᠦ᠂ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ ᠢ ᠵᠣᠬᠢᠶᠠᠨ ᠪᠠᠶᠢᠭᠤᠯᠬᠤ᠂ ᠥᠨᠳᠥᠷ

ᠬᠢᠷᠢ ᠲᠦᠪᠰᠢᠨ ᠪᠥᠬᠦᠶ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠥᠨᠳᠥᠷ ᠬᠢᠷᠢ ᠲᠦᠪᠰᠢᠨ ᠪᠦᠬᠦᠢ ᠬᠠᠮᠢᠶᠠᠷᠤᠯᠲᠠ ᠶᠢ

 ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠬᠤᠯᠪᠣᠭᠠᠯᠠᠨ

ᠬᠥᠳᠡᠯᠦᠯᠴᠡᠵᠦ᠂ ᠬᠠᠷᠢᠯᠴᠠᠨ ᠵᠣᠯᠭᠠᠭᠰᠠᠨ  ᠭᠤᠷᠪᠠᠨ ᠱᠠᠲᠤᠨ ᠤ ᠬᠥᠯ ᠪᠥᠮᠪᠦᠭᠡᠨ ᠤ ᠵᠠᠯᠠᠭᠤᠴᠤᠳ ᠤᠨ

ᠪᠣᠯᠪᠠᠰᠤᠷᠠᠯ ᠤᠨ ᠳᠣᠭᠲᠠᠯᠴᠠᠭ᠎ᠠ ᠶᠢ ᠪᠠᠶᠢᠭᠤᠯᠵᠤ᠂ ᠪᠥᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠬᠥᠯ

ᠪᠥᠮᠪᠦᠭᠡᠨ ᠤ ᠵᠠᠯᠠᠭᠤᠴᠤᠳ ᠤᠨ ᠪᠣᠯᠪᠠᠰᠤᠷᠠᠯ ᠤᠨ ᠴᠢᠳᠠᠪᠤᠷᠢᠲᠠᠨ ᠰᠣᠩᠭᠤᠬᠤ᠂ ᠴᠢᠳᠠᠪᠤᠷᠢᠲᠠᠨ ᠬᠥᠮᠦᠵᠢᠭᠦᠯᠬᠦ᠂

ᠴᠢᠳᠠᠪᠤᠷᠢᠲᠠᠨ ᠪᠣᠯᠭᠠᠬᠤ ᠠᠷᠭ᠎ᠠ ᠵᠠᠮ ᠳᠤ ᠰᠦᠪᠡᠭᠴᠢᠯᠡᠯ ᠪᠠ ᠦᠢᠯᠡᠳᠦᠯᠭᠡ ᠬᠠᠩᠭᠠᠪᠠ᠃ ︽ᠭᠤᠷᠪᠠᠨ ᠱᠠᠲᠤᠨ ᠤ

ᠵᠠᠯᠠᠭᠤᠴᠤᠳ ᠤᠨ ᠪᠣᠯᠪᠠᠰᠤᠷᠠᠯ︾ ᠤᠨ ᠳᠣᠭᠲᠠᠯᠴᠠᠭᠠᠨ ᠤ ᠪᠠᠶᠢᠭᠤᠯᠤᠯᠲᠠ ᠶᠢ ᠳᠠᠭᠠᠯᠳᠤᠨ᠂ ᠰᠤᠷᠭᠠᠭᠤᠯᠢ ᠶᠢᠨ

ᠬᠦᠷᠢᠶᠡᠨ ᠤ ᠬᠥᠯ ᠪᠥᠮᠪᠦᠭᠡᠨ ᠤ ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠪᠠ ᠰᠣᠩᠭᠤᠬᠤ ᠨᠢ ᠥᠪᠥᠷ

ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠳᠤ

︽ᠬᠦᠴᠦᠨ︾ ᠬᠤᠷᠠᠮᠳᠤᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠴᠢᠳᠠᠪᠤᠷᠢᠲᠠᠨ ᠤ ᠬᠥᠮᠥᠷᠭᠡ

ᠲᠠᠰᠤᠷᠠᠯᠲᠠ ᠥᠬᠡᠶ ᠥᠷᠭᠡᠵᠢᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ︽ᠫᠢᠷᠠᠮᠢᠳ᠋ ᠰᠤᠪᠤᠷᠭ᠎ᠠ ᠶᠢᠨ

ᠣᠷᠣᠢ︾ ᠳᠤ ᠪᠠᠶᠢᠭ᠎ᠠ ᠥᠪᠥᠷ ᠮᠣᠩᠭᠤᠯ ᠤᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ

ᠬᠤᠯᠪᠣᠭᠠᠲᠤ ᠤᠷᠤᠯᠳᠤᠭᠠᠨ ᠳᠤ ᠢᠳᠡᠪᠬᠢᠲᠡᠶ ᠬᠤᠪᠢᠷᠠᠯᠲᠠ ᠭᠠᠷᠴᠤ ᠪᠠᠶᠢᠨ᠎ᠠ᠃

     ︽ᠵᠢᠭᠠᠵᠤ ᠰᠤᠷᠭᠠᠬᠤ᠂ ᠰᠢᠷᠭᠠᠭᠤ ᠪᠣᠯᠪᠠᠰᠤᠷᠠᠬᠤ᠂ ᠪᠠᠶᠢᠩᠭᠤ ᠤᠷᠤᠯᠳᠤᠬᠤ︾ ᠳᠤ ᠠᠩᠬᠠᠷᠤᠯ ᠢᠶᠠᠨ

ᠬᠠᠨᠳᠤᠭᠤᠯᠵᠤ᠂ ᠭᠤᠯᠳᠤ ᠪᠠᠷ ᠨᠡᠪᠲᠡᠷᠡᠭᠰᠡᠨ᠂ ᠬᠥᠨᠳᠡᠯᠡᠨ ᠢᠶᠠᠷ ᠵᠣᠯᠭᠠᠭᠰᠠᠨ᠂ ᠳᠦᠷᠢᠮᠵᠢᠯ ᠲᠠᠢ ᠡᠮᠬᠢ ᠵᠢᠷᠤᠮᠲᠠᠢ

ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂

ᠪᠠᠭ᠎ᠠ ᠰᠤᠷᠭᠠᠭᠤᠯᠢ ᠵᠡᠷᠭᠡ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠲᠣᠭᠲᠠᠴᠠ ᠲᠠᠰᠤᠷᠠᠯᠲᠠ ᠥᠬᠡᠶ ᠪᠣᠯᠪᠠᠰᠤᠷᠠᠵᠤ ᠬᠥᠭᠵᠢᠪᠡ᠃

ᠤᠶᠤᠲᠠᠳ ᠤᠨ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠵᠢᠩᠬᠢᠨᠢ ᠠᠩᠭᠢ ᠶᠢᠨ ᠲᠠᠰ ᠠᠴᠠ ᠳᠠᠪᠠᠭᠰᠠᠨ

ᠳᠤᠭᠤᠶᠢᠯᠠᠩ ᠤᠨ ᠡᠷᠡᠭᠲᠡᠶ ᠶᠢᠨ ᠳᠤᠭᠤᠶᠢᠯᠠᠩ ᠤᠨ ᠤᠷᠤᠯᠳᠤᠭᠠᠨ ᠥᠨᠳᠦᠷᠯᠡᠬᠦ ᠶᠢ ᠳᠠᠭᠠᠯᠳᠤᠨ᠂ ᠲᠠᠰ ᠠᠴᠠ

ᠳᠠᠪᠠᠭᠰᠠᠨ ᠳᠤᠭᠤᠶᠢᠯᠠᠩ ᠤᠨ ᠡᠮᠡᠭᠲᠡᠶ ᠶᠢᠨ ᠳᠤᠭᠤᠶᠢᠯᠠᠩ ᠤᠨ ᠤᠷᠤᠯᠳᠤᠭᠠᠨ ᠶᠠᠪᠤᠭᠳᠠᠬᠤ ᠪᠠᠷ ᠪᠡᠯᠡᠬᠡᠨ ᠪᠣᠯᠵᠣ᠂

ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ  ᠤᠷᠤᠯᠳᠤᠭᠠᠨ ᠳᠡᠰ ᠳᠡᠰ ᠢᠶᠠᠷ

ᠶᠠᠪᠤᠭᠳᠠᠵᠤ᠂ ᠠᠯᠬᠤᠮ ᠠᠯᠬᠤᠮ ᠢᠶᠠᠷ ᠵᠣᠯᠭᠠᠵᠤ ᠲᠣᠰ ᠲᠣᠰ ᠤᠨ ᠥᠩᠭᠡ ᠬᠡᠷᠡᠯ ᠢᠶᠠᠨ  ᠰᠠᠴᠤᠷᠠᠭᠤᠯᠤᠨᠠᠮ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map