ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠠᠴᠠ ︽ᠲᠠᠯ᠎ᠠ ᠨᠤᠲᠤᠭ ᠤᠨ ᠥᠷᠯᠥᠭᠡ ᠶᠢᠨ ᠤᠶᠠᠩᠭ᠎ᠠ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/6/30
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠥᠪᠥᠷ ᠮᠣᠩᠭᠤᠯ ᠤᠨ ᠰᠢᠨᠵᠢᠯᠡᠬᠦ ᠤᠬᠠᠭᠠᠨ‌‍ᠲ᠋ᠧᠭᠨᠢᠭ ᠮᠡᠷᠭᠡᠵᠢᠯ ᠤᠨ ᠶᠡᠭᠡ ᠰᠤᠷᠭᠠᠭᠤᠯᠢ      — ︽ᠲᠠᠯ᠎ᠠ ᠨᠤᠲᠤᠭ ᠤᠨ ᠥᠷᠯᠥᠭᠡ ᠶᠢᠨ ᠤᠶᠠᠩᠭ᠎ᠠ︾      ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ      ᠰᠤᠷᠭᠠᠭᠤᠯᠢ ᠶᠢᠨ ᠲᠣᠪᠴᠢ ᠲᠠᠨᠢᠯᠴᠠᠭᠤᠯᠭ᠎ᠠ      ᠳᠡᠭᠡᠷ᠎ᠡ ᠵᠠᠭᠤᠨ ᠤ ᠲᠠᠪᠢᠭᠠᠳ ᠣᠨ ᠤ ᠳᠤᠮᠳᠠᠴᠢ ᠪᠠᠷ᠂ ᠭᠤᠪᠢ ᠴᠦᠯ ᠳᠤ ᠲᠤᠮᠤ ᠬᠡᠯᠪᠡᠷᠢ ᠶᠢᠨ ᠪᠤᠯᠤᠳ ᠲᠡᠮᠦᠷ ᠤᠨ ᠠᠵᠤ ᠠᠬᠤᠶᠢᠯᠠᠯ ᠪᠠᠶᠢᠭᠤᠯᠬᠤ ᠨᠢ ᠮᠡᠷᠭᠡᠵᠢᠯ ᠤᠨ ᠲᠤᠷᠰᠢᠯᠭ᠎ᠠ ᠲᠦᠢᠯ ᠤᠨ ᠳᠤᠲᠠᠮᠠᠭ ᠪᠠᠶᠢᠭᠰᠠᠨ ᠠᠩᠬᠠᠳᠠᠭᠴᠢ ᠪᠦᠯᠦᠭ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠪᠦᠲᠦᠭᠡᠡ ᠪᠠᠶᠢᠭᠤᠯᠤᠭᠴᠢᠳ ᠲᠤ ᠠᠪᠴᠤ ᠬᠡᠯᠡᠪᠡᠯ ᠬᠢᠵᠠᠭᠠᠯᠠᠰᠢ ᠦᠭᠡᠢ ᠬᠦᠴᠢᠷ ᠪᠡᠷᠬᠡᠰᠢᠶᠡᠯ ᠲᠠᠢ ᠪᠠᠶᠢᠵᠤ᠂ ᠤᠯᠤᠰ ᠤᠨ ᠬᠦᠴᠦᠨ ᠶᠠᠳᠠᠭᠤ ᠪᠠᠭᠤᠷᠠᠢ᠂ ᠪᠦᠲᠦᠭᠡᠡ ᠪᠠᠶᠢᠭᠤᠯᠤᠯᠲᠠ ᠶᠢᠨ ᠡᠳ᠋ ᠪᠣᠳᠠᠰ ᠳᠤᠲᠠᠮᠠᠭ ᠪᠠᠶᠢᠭᠰᠠᠨ ᠰᠢᠨ᠎ᠡ ᠳᠤᠮᠳᠠᠳᠤ ᠤᠯᠤᠰ ᠲᠤ ᠠᠪᠴᠤ ᠬᠡᠯᠡᠪᠡᠯ᠂ ᠤᠷᠢᠳ ᠡᠮᠦᠨ᠎ᠡ ᠭᠠᠷᠤᠭ᠎ᠠ ᠦᠭᠡᠢ ᠬᠦᠴᠢᠷᠳᠡᠵᠦ ᠪᠠᠶᠢᠭᠰᠠᠨ ᠶᠤᠮ᠃ ᠶᠡᠭᠡ ᠬᠡᠮᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯᠲᠠᠨ ᠡᠬᠡ ᠤᠯᠤᠰ ᠤᠨ ᠳᠥᠷᠪᠡᠨ ᠵᠦᠭ ᠨᠠᠢᠮᠠᠨ ᠵᠣᠪᠬᠢᠰ ᠠᠴᠠ ᠪᠤᠭᠤᠲᠤ ᠳᠤ ᠢᠷᠡᠬᠦ ᠶᠢ ᠳᠠᠭᠠᠯᠳᠤᠨ᠂ ᠪᠦᠲᠦᠭᠡᠨ ᠪᠠᠶᠢᠭᠤᠯᠤᠯᠲᠠ ᠪᠠ  ᠦᠢᠯᠡᠳᠪᠦᠷᠢᠯᠡᠯ ᠤᠨ ᠴᠢᠳᠠᠪᠤᠷᠢᠲᠠᠨ ᠤ ᠳᠣᠲᠠᠭᠳᠠᠯ ᠨᠢ ᠲᠣᠪᠤᠶᠢᠮ᠎ᠠ ᠠᠰᠠᠭᠤᠳᠠᠯ ᠪᠣᠯᠵᠠᠶ᠃ ᠤᠯᠤᠰ ᠤᠨ ᠨᠡᠶᠢᠭᠡᠮ ᠵᠢᠷᠤᠮᠲᠤ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠵᠣᠬᠢᠴᠠᠭᠤᠯᠵᠤ᠂ ᠪᠤᠭᠤᠲᠤ ᠶᠢᠨ ᠪᠤᠯᠤᠳ ᠲᠡᠮᠦᠷ ᠤᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ 1956 ᠣᠨ ᠳᠤ ᠤᠤᠯ ᠤᠨ ᠲᠡᠮᠦᠷᠯᠢᠭ ᠤᠨ ᠠᠵᠤ ᠦᠢᠯᠡᠳᠪᠦᠷᠢ ᠶᠢᠨ ᠶᠠᠮᠤᠨ ᠠᠴᠠ ᠪᠤᠭᠤᠲᠤ ᠳᠤ ︽ᠪᠤᠭᠤᠲᠤ ᠶᠢᠨ ᠪᠤᠯᠤᠳ ᠲᠡᠮᠦᠷ ᠤᠨ ᠠᠵᠤ ᠦᠢᠯᠡᠳᠪᠦᠷᠢ ᠶᠢᠨ ᠰᠤᠷᠭᠠᠭᠤᠯᠢ︾ ᠪᠣᠯᠤᠨ ︽ᠪᠤᠭᠤᠲᠤ ᠶᠢᠨ ᠪᠠᠷᠢᠯᠭ᠎ᠠ ᠶᠢᠨ ᠢᠨᠵᠧᠨᠧᠷᠢᠩ ᠤᠨ ᠰᠤᠷᠭᠠᠭᠤᠯᠢ︾ ᠶᠢ ᠪᠠᠶᠢᠭᠤᠯᠪᠠ᠃ 1958 ᠣᠨ ᠳᠤ᠂ ᠬᠤᠶᠠᠷ ᠰᠤᠷᠭᠠᠭᠤᠯᠢ ᠶᠢ ᠨᠡᠶᠢᠯᠡᠭᠦᠯᠦᠨ ᠪᠤᠭᠤᠲᠤ ᠶᠢᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢ ᠪᠠᠶᠢᠭᠤᠯᠵᠤ᠂ 1960 ᠣᠨ ᠳᠤ ᠨᠡᠷ᠎ᠡ ᠪᠠᠨ ᠪᠤᠭᠤᠲᠤ ᠶᠢᠨ ᠪᠤᠯᠤᠳ ᠲᠡᠮᠦᠷ ᠤᠨ ᠳᠡᠭᠡᠳᠦ ᠰᠤᠷᠭᠠᠭᠤᠯᠢ ᠭᠡᠵᠦ ᠬᠠᠯᠠᠪᠠ᠃ 1998 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠤᠪᠢᠶᠠᠷᠢᠯᠠᠨ ᠥᠭᠴᠦ ᠬᠠᠮᠢᠶᠠᠷᠤᠭᠤᠯᠵᠤ᠂ ᠲᠥᠪ ᠪᠠ ᠣᠷᠣᠨ ᠨᠤᠲᠤᠭ ᠬᠠᠮᠲᠤ ᠪᠠᠷ ᠪᠠᠶᠢᠭᠤᠯᠬᠤ ᠶᠢ ᠬᠡᠷᠡᠭᠵᠢᠭᠦᠯᠪᠡ᠃ 2000 ᠣᠨ ᠳᠤ ᠥᠪᠥᠷ ᠮᠣᠩᠭᠤᠯ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠰᠤᠷᠭᠠᠭᠤᠯᠢ ᠶᠢ ᠨᠡᠶᠢᠯᠡᠭᠦᠯᠪᠡ᠃ 2003 ᠣᠨ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃

     65 ᠵᠢᠯ ᠤᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠪᠠᠷ ᠳᠠᠮᠵᠢᠨ᠂ ᠥᠪᠥᠷ ᠮᠣᠩᠭᠤᠯ ᠤᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠨᠢ ᠤᠳᠤ ᠨᠢᠭᠡᠨᠲᠡ ᠲᠡᠮᠦᠷᠯᠢᠭ ᠪᠣᠯᠪᠠᠰᠤᠷᠠᠭᠤᠯᠬᠤ᠂

ᠠᠭᠤᠷᠬᠠᠢ ᠶᠢᠨ ᠦᠢᠯᠡᠰ᠂ ᠨᠡᠭᠦᠷᠡᠰᠦ᠂ ᠬᠤᠪᠣᠷ ᠰᠢᠷᠣᠢ ᠪᠠᠷ ᠣᠨᠴᠠᠯᠢᠭ ᠪᠣᠯᠭᠠᠵᠤ᠂ ᠠᠵᠤ ᠦᠢᠯᠡᠳᠪᠦᠷᠢ ᠪᠠᠷ

ᠭᠤᠣᠯ ᠪᠣᠯᠭᠠᠵᠤ᠂ ᠲᠧᠭᠨᠢᠭ ᠮᠡᠷᠭᠡᠵᠢᠯ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ᠂

ᠬᠠᠮᠢᠶᠠᠷᠤᠯᠲᠠ᠂ ᠠᠵᠤ ᠠᠬᠤᠢ᠂ ᠬᠠᠤᠯᠢ ᠴᠠᠭᠠᠵᠠ᠂ ᠤᠷᠠᠯᠢᠭ᠂ ᠰᠤᠷᠭᠠᠨ ᠬᠥᠮᠦᠵᠢᠯ ᠵᠡᠷᠭᠡ ᠰᠢᠨᠵᠢᠯᠡᠭᠡᠨ ᠤ

ᠰᠠᠯᠠᠭ᠎ᠠ ᠶᠢ ᠵᠣᠬᠢᠴᠠᠩᠭᠤᠢ ᠬᠥᠭᠵᠢᠭᠦᠯᠵᠦ᠂ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ᠂ ᠵᠢᠩᠬᠢᠨᠢ

ᠠᠩᠬᠢ ᠶᠢᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂

ᠦᠷᠭᠦᠯᠵᠢᠯᠡᠭᠰᠡᠨ ᠰᠤᠷᠭᠠᠨ ᠬᠥᠮᠦᠵᠢᠯ᠂ ᠭᠠᠳᠠᠭᠠᠳᠤ ᠳᠤ ᠰᠤᠷᠤᠯᠴᠠᠬᠤ ᠰᠤᠷᠤᠭᠴᠢ ᠶᠢᠨ ᠰᠤᠷᠭᠠᠨ ᠬᠥᠮᠦᠵᠢᠯ ᠢ

ᠨᠢᠭᠡ ᠴᠤᠭᠴᠠᠵᠢᠭᠤᠯᠤᠭᠰᠠᠨ ᠤᠯᠠᠨ ᠰᠢᠨᠵᠢᠯᠡᠭᠡᠨ ᠤ ᠰᠠᠯᠠᠭ᠎ᠠ ᠲᠠᠢ ᠶᠡᠭᠡ ᠰᠤᠷᠭᠠᠭᠤᠯᠢ ᠪᠣᠯᠵᠠᠢ᠃ 1986 ᠣᠨ ᠳᠤ

ᠠᠰᠫᠢᠷᠠᠨᠲ ᠤᠨ ᠰᠤᠳᠤᠯᠬᠤ ᠰᠣᠷᠣᠭᠴᠢ ᠶᠢ ᠬᠠᠮᠲᠤᠷᠠᠨ ᠬᠥᠮᠦᠵᠢᠭᠦᠯᠵᠦ᠂ 1991 ᠣᠨ ᠳᠤ ᠠᠰᠫᠢᠷᠠᠨᠲ ᠤᠨ

ᠡᠷᠳᠡᠮ ᠤᠨ ᠴᠣᠯᠠ ᠶᠢᠨ ᠡᠷᠬᠡ ᠣᠯᠭᠤᠬᠤ ᠨᠢᠭᠡᠴᠢ ᠪᠣᠯᠵᠣ᠂ 2013 ᠣᠨ ᠳᠤ ᠳ᠋ᠣᠺᠲ᠋ᠣᠷᠠᠨᠲ ᠤᠨ ᠡᠷᠳᠡᠮ ᠤᠨ

ᠴᠣᠯᠠ ᠶᠢᠨ ᠡᠷᠬᠡ ᠣᠯᠭᠤᠬᠤ ᠨᠢᠭᠡᠴᠢ ᠪᠣᠯᠵᠣ᠂ 2016 ᠣᠨ ᠳᠤ ᠰᠤᠷᠭᠠᠨ ᠬᠥᠮᠦᠵᠢᠯ ᠤᠨ ᠶᠠᠮᠤᠨ ᠤ ᠵᠢᠩᠬᠢᠨᠢ

ᠠᠩᠭᠢ ᠶᠢᠨ ᠵᠢᠭᠠᠨ ᠰᠤᠷᠭᠠᠯᠲᠠ ᠶᠢᠨ ᠠᠵᠢᠯ ᠤᠨ ᠬᠢᠨᠠᠨ ᠪᠠᠶᠢᠴᠠᠭᠠᠯᠲᠠ ᠦᠨᠡᠯᠡᠨ ᠵᠢᠱᠢᠯᠲᠡ ᠳᠤ ᠠᠮᠵᠢᠯᠲᠠᠲᠠᠢ

ᠪᠠᠲᠤᠯᠠᠭᠳᠠᠵᠤ᠂ 2017 ᠣᠨ ᠳᠤ ᠰᠤᠷᠭᠠᠨ ᠬᠥᠮᠦᠵᠢᠯ ᠤᠨ ᠶᠠᠮᠤᠨ ᠤ ᠵᠦᠪᠰᠢᠶᠡᠷᠡᠯ ᠢᠶᠠᠷ ᠠᠰᠫᠢᠷᠠᠨᠲ ᠤᠨ

ᠰᠤᠳᠤᠯᠬᠤ ᠰᠣᠷᠣᠭᠴᠢ ᠲᠠᠨᠢᠯᠴᠠᠭᠤᠯᠬᠤ ᠬᠢᠷᠢ ᠬᠡᠮ ᠢ ᠰᠢᠨ᠎ᠡ ᠪᠠᠷ ᠨᠡᠮᠡᠭᠰᠡᠨ ᠰᠤᠷᠭᠠᠭᠤᠯᠢ ᠪᠣᠯᠪᠠ᠃

     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ ᠣᠲᠣ

ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ ᠳ᠋ᠣᠺᠲ᠋ᠣᠷ ᠴᠣᠯᠠᠯᠠᠬᠤ ᠡᠷᠬᠡᠲᠦ ᠴᠡᠭ 4᠂ ᠨᠢᠭᠡᠳᠦᠭᠡᠷ ᠳᠡᠰ ᠤᠨ

ᠰᠢᠨᠵᠢᠯᠡᠭᠡᠨ ᠤ ᠰᠠᠯᠠᠭᠠᠨ ᠤ ᠮᠠᠰᠲ᠋ᠧᠷ ᠴᠣᠯᠠᠯᠠᠬᠤ ᠡᠷᠬᠡᠲᠦ ᠴᠡᠭ 18᠂ ᠬᠤᠶᠠᠳᠤᠭᠠᠷ ᠳᠡᠰ ᠤᠨ ᠰᠢᠨᠵᠢᠯᠡᠭᠡᠨ ᠤ

ᠰᠠᠯᠠᠭᠠᠨ ᠤ ᠮᠠᠰᠲ᠋ᠧᠷ ᠴᠣᠯᠠᠯᠠᠬᠤ ᠡᠷᠬᠡᠲᠦ ᠴᠡᠭ 1᠂ ᠲᠤᠰᠬᠠᠶ ᠮᠡᠷᠭᠡᠵᠢᠯ ᠤᠨ ᠮᠠᠰᠲ᠋ᠧᠷ ᠤᠨ ᠲᠥᠷᠥᠯ 10 ᠪᠣᠶ᠃

ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠤᠨᠴᠠᠯᠢᠭᠳᠤ ᠰᠢᠨᠵᠢᠯᠡᠭᠡᠨ ᠤ ᠰᠠᠯᠠᠭ᠎ᠠ 2᠂ ᠥᠪᠡᠷᠲᠡᠭᠡᠨ ᠵᠠᠰᠠᠬᠤ

ᠣᠷᠣᠨ ᠤ ︽ᠬᠤᠤᠰ ᠲᠡᠷᠢᠭᠦᠨ︾ ᠤ ᠰᠢᠨᠵᠢᠯᠡᠭᠡᠨ ᠤ ᠰᠠᠯᠠᠭ᠎ᠠ 2᠂ ᠥᠪᠡᠷᠲᠡᠭᠡᠨ ᠵᠠᠰᠠᠬᠤ ᠣᠷᠣᠨ ᠤ

ᠭᠤᠣᠯᠳᠠᠯᠭᠠᠲᠠᠢ ᠰᠢᠨᠵᠢᠯᠡᠭᠡᠨ ᠤ ᠰᠠᠯᠠᠭ᠎ᠠ 7᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠬᠥᠮᠦᠵᠢᠭᠦᠯᠬᠦ

ᠰᠢᠨᠵᠢᠯᠡᠭᠡᠨ ᠤ ᠰᠠᠯᠠᠭ᠎ᠠ 2 ᠪᠣᠶ᠃ ᠣᠲᠣ ᠪᠠᠶᠢᠭ᠎ᠠ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 72᠂ 6 ᠲᠤᠰᠬᠠᠶ

ᠮᠡᠷᠭᠡᠵᠢᠯ ᠨᠢ ᠤᠯᠤᠰ ᠤᠨ ᠲᠠᠰ ᠤᠨ ᠲᠡᠷᠢᠭᠦᠨ ᠲᠠᠰ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠴᠡᠭ ᠢᠶᠠᠷ

ᠵᠥᠪᠰᠢᠶᠡᠷᠡᠭᠳᠡᠵᠦ᠂ 9 ᠲᠤᠰᠬᠠᠶ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠲᠠᠰ ᠤᠨ

ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠴᠡᠭ ᠢᠶᠠᠷ ᠵᠥᠪᠰᠢᠶᠡᠷᠡᠭᠳᠡᠵᠦ᠂ 9 ᠲᠤᠰᠬᠠᠶ ᠮᠡᠷᠭᠡᠵᠢᠯ ᠨᠢ

ᠢᠨᠵᠧᠨᠧᠷᠢᠩ ᠤᠨ ᠰᠤᠷᠭᠠᠨ ᠬᠥᠮᠦᠵᠢᠯ ᠤᠨ ᠭᠡᠷᠡᠴᠢᠯᠡᠯ ︵ᠦᠨᠡᠯᠡᠨ ᠵᠢᠱᠢᠯᠲᠡ︶ ᠢ ᠥᠩᠭᠡᠷᠡᠭᠡᠵᠡᠶ᠃ ᠣᠲᠣ ᠤᠯᠤᠰ ᠤᠨ

ᠣᠨᠴᠠᠯᠢᠭᠲᠤ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠴᠡᠭ 4᠂ ᠰᠤᠷᠭᠠᠨ ᠬᠥᠮᠦᠵᠢᠯ ᠤᠨ ᠶᠠᠮᠤᠨ ᠤ ᠲᠤᠰᠬᠠᠶ

ᠮᠡᠷᠭᠡᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠰᠬᠠᠶ ᠮᠡᠷᠭᠡᠵᠢᠯ 1᠂ ᠰᠤᠷᠭᠠᠨ

ᠬᠥᠮᠦᠵᠢᠯ ᠤᠨ ᠶᠠᠮᠤᠨ ᠤ ᠭᠠᠷᠮᠠᠭᠠᠶ ᠢᠨᠵᠧᠨᠧᠷ ᠤᠨ ᠰᠤᠷᠭᠠᠨ ᠬᠥᠮᠦᠵᠢᠯ ᠤᠨ ᠬᠥᠮᠦᠵᠢᠭᠦᠯᠬᠦ ᠲᠥᠯᠥᠪᠯᠡᠭᠡ ᠶᠢᠨ

ᠲᠤᠰᠬᠠᠶ ᠮᠡᠷᠭᠡᠵᠢᠯ 3᠂ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠶᠡᠷᠦᠩᠬᠡᠶᠢᠯᠡᠭᠰᠡᠨ

ᠥᠭᠡᠷᠡᠴᠢᠯᠡᠯᠲᠡ ᠶᠢᠨ ᠲᠤᠷᠰᠢᠯᠲᠠ ᠶᠢᠨ ᠲᠤᠰᠬᠠᠶ ᠮᠡᠷᠭᠡᠵᠢᠯ 1᠂ ᠥᠪᠡᠷᠲᠡᠭᠡᠨ ᠵᠠᠰᠠᠬᠤ ᠣᠷᠣᠨ ᠤ ᠨᠠᠷᠠᠲᠤ ᠲᠤᠰᠬᠠᠶ

ᠮᠡᠷᠭᠡᠵᠢᠯ 22᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠪᠥᠲᠥᠭᠡᠨ ᠪᠠᠶᠢᠭᠤᠯᠤᠯᠲᠠ ᠶᠢᠨ ᠲᠤᠰᠬᠠᠶ

ᠮᠡᠷᠭᠡᠵᠢᠯ 4᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠤᠷᠰᠢᠯᠲᠠ ᠶᠢᠨ ᠲᠤᠰᠬᠠᠶ ᠮᠡᠷᠭᠡᠵᠢᠯ 5 ᠪᠣᠶ᠃

     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ ᠲᠤᠰᠬᠠᠶ

ᠪᠠᠭᠰᠢ 1423᠂ ᠰᠤᠷᠭᠠᠭᠤᠯᠢ ᠶᠢᠨ ᠭᠠᠳᠠᠨᠠᠬᠢ ᠲᠤᠰᠢᠶᠠᠯ ᠬᠠᠪᠰᠤᠷᠭᠠᠭᠰᠠᠨ ᠪᠠᠭᠰᠢ 220 ᠪᠣᠶ᠃ ᠮᠠᠰᠲ᠋ᠧᠷ ᠤᠨ

ᠰᠤᠷᠤᠯᠭ᠎ᠠ ᠶᠢᠨ ᠨᠠᠮᠲᠠᠷ ᠲᠠᠢ ᠪᠠᠭᠰᠢ 1281 ᠪᠠᠶᠢᠵᠤ᠂ ᠲᠤᠰᠬᠠᠶ ᠪᠠᠭᠰᠢ ᠶᠢᠨ 90 % ᠶᠢ ᠡᠵᠡᠯᠡᠵᠦ ᠪᠣᠶ᠃

ᠰᠤᠷᠭᠠᠭᠤᠯᠢ ᠳᠤ ᠪᠥᠬᠦ ᠤᠯᠤᠰ ᠤᠨ ᠰᠢᠯᠢᠳᠡᠭ ᠪᠠᠭᠰᠢ 1᠂ ᠪᠥᠬᠦ ᠤᠯᠤᠰ ᠤᠨ ᠪᠠᠭᠰᠢ ᠶᠢᠨ ᠮᠣᠷᠠᠯ ᠤᠨ ᠵᠢᠱᠢᠶᠡᠴᠢ

1᠂ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢ ᠵᠢᠯᠣᠭᠤᠳᠬᠤ

ᠵᠥᠪᠯᠡᠯ ᠤᠨ ᠭᠡᠰᠢᠭᠦᠨ 2᠂ ᠪᠥᠬᠦ ᠤᠯᠤᠰ ᠤᠨ ᠲᠡᠮᠦᠷᠯᠢᠭ ᠪᠣᠯᠪᠠᠰᠤᠷᠠᠭᠤᠯᠬᠤ ᠰᠤᠷᠭᠠᠨ ᠬᠥᠮᠦᠵᠢᠯ ᠤᠨ

ᠰᠢᠰᠲ᠋ᠧᠮ ᠤᠨ ᠣᠨ ᠤ ᠰᠢᠯᠭᠠᠷᠠᠭᠴᠢ ᠶᠢᠨ ᠱᠠᠩᠨᠠᠯ 5᠂ ᠪᠤᠭᠤᠲᠤ ᠶᠢᠨ ᠪᠣᠯᠤᠳ ᠲᠡᠮᠦᠷ ᠰᠤᠷᠭᠠᠨ ᠬᠥᠮᠦᠵᠢᠯ ᠤᠨ

ᠰᠠᠭᠤᠷᠢ ᠮᠥᠩᠭᠦᠨ ᠤ ᠰᠢᠯᠢᠳᠡᠭ ᠪᠠᠭᠰᠢ ᠶᠢᠨ ᠱᠠᠩᠨᠠᠯ 9᠂ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠰᠠᠨ

ᠴᠢᠳᠠᠪᠤᠷᠢᠲᠠᠨ ᠤ ᠱᠠᠩᠨᠠᠯ 5 ᠪᠣᠶ︔ ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠠᠭᠰᠢ 5᠂ ᠰᠢᠯᠢᠳᠡᠭ ᠰᠤᠷᠭᠠᠨ

ᠬᠥᠮᠦᠵᠢᠯ ᠤᠨ ᠠᠵᠢᠯᠲᠠᠨ 1᠂ ᠰᠢᠯᠢᠳᠡᠭ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ 3 ᠪᠣᠢ︔ ᠥᠪᠡᠷᠲᠡᠭᠡᠨ

ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠨᠠᠷᠠᠲᠤ ᠪᠠᠭᠰᠢ 13᠂ ᠰᠢᠨ᠎ᠡ ᠰᠣᠳᠣᠨ 9᠂ ᠥᠪᠡᠷᠲᠡᠭᠡᠨ ᠵᠠᠰᠠᠬᠤ

ᠣᠷᠣᠨ ᠤ ᠵᠢᠭᠠᠨ ᠰᠤᠷᠭᠠᠯᠲᠠ ᠶᠢᠨ ᠪᠦᠯᠬᠦᠮ 16 ᠪᠣᠶ︔ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ

ᠴᠢᠳᠠᠪᠤᠷᠢᠲᠠᠨ︾ ᠤ ᠢᠨᠵᠧᠨᠧᠷᠢᠩ ᠤᠨ ᠵᠢᠱᠢᠭᠳᠡᠭᠴᠢ 42 ᠪᠣᠢ︔ ᠥᠪᠡᠷᠲᠡᠭᠡᠨ ᠵᠠᠰᠠᠬᠤ ᠣᠷᠣᠨ ᠤ ᠵᠠᠯᠠᠭᠤ

ᠪᠠᠭᠰᠢ ᠶᠢᠨ ᠵᠢᠭᠠᠬᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠦᠷᠲᠡᠭᠴᠢ 3᠂

ᠬᠤᠶᠠᠳᠤᠭᠠᠷ ᠳᠡᠰ ᠤᠨ ᠱᠠᠩᠨᠠᠯ ᠭᠦᠷᠲᠡᠭᠴᠢ 4᠂ ᠭᠤᠷᠪᠠᠳᠤᠭᠠᠷ ᠳᠡᠰ ᠤᠨ ᠱᠠᠩᠨᠠᠯ ᠭᠦᠷᠲᠡᠭᠴᠢ 3 ᠪᠣᠢ᠃

ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠨᠡᠷ᠎ᠡ

1︔ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠪᠠ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠮᠡᠷᠭᠡᠵᠢᠯ

ᠴᠢᠳᠠᠪᠤᠷᠢ ᠶᠢᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠭᠦᠷᠲᠡᠭᠴᠢ 1 ᠪᠣᠢ᠃

     2013-2020 ᠣᠨ ᠳᠤ᠂ ᠰᠤᠷᠭᠠᠭᠤᠯᠢ ᠨᠢ ᠰᠤᠷᠭᠠᠨ ᠬᠥᠮᠦᠵᠢᠯ ᠤᠨ ᠶᠠᠮᠤᠨ ᠪᠠ ᠮᠤᠵᠢ ᠶᠠᠮᠤᠨ

ᠬᠠᠮᠲᠤᠷᠠᠨ ᠪᠠᠶᠢᠭᠤᠯᠤᠭᠰᠠᠨ  ᠬᠠᠮᠵᠢᠯᠴᠠᠨ ᠰᠢᠨ᠎ᠡ ᠶᠢ ᠡᠭᠦᠳᠬᠦ ᠲᠥᠪ 1᠂ ᠤᠯᠤᠰ ᠤᠨ ᠬᠥᠭᠵᠢᠭᠦᠯᠦᠯᠲᠡ

ᠥᠭᠡᠷᠡᠴᠢᠯᠡᠯᠲᠡ ᠶᠢᠨ ᠵᠥᠪᠯᠡᠯ ᠤᠨ ᠢᠨᠵᠧᠨᠧᠷᠢᠩ ᠤᠨ ᠰᠤᠳᠤᠯᠭᠠᠨ ᠤ ᠲᠥᠪ 1᠂ ᠰᠤᠷᠭᠠᠨ ᠬᠥᠮᠦᠵᠢᠯ ᠤᠨ ᠶᠠᠮᠤᠨ ᠤ

ᠭᠤᠣᠯᠳᠠᠯᠭᠠᠲᠠᠢ ᠲᠤᠷᠰᠢᠯᠲᠠ ᠶᠢᠨ ᠲᠠᠰᠤᠭ 1᠂ ᠥᠪᠡᠷᠲᠡᠭᠡᠨ ᠵᠠᠰᠠᠬᠤ ᠣᠷᠣᠨ ᠤ ᠬᠠᠮᠵᠢᠯᠴᠠᠨ ᠰᠢᠨ᠎ᠡ ᠶᠢ ᠡᠭᠦᠳᠬᠦ

ᠲᠥᠪ 1᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠲᠤᠷᠰᠢᠯᠲᠠ ᠶᠢᠨ ᠲᠠᠰᠤᠭ 10᠂ ᠳᠡᠭᠡᠳᠦ

ᠰᠤᠷᠭᠠᠭᠤᠯᠢ ᠶᠢᠨ ᠭᠤᠣᠯᠳᠠᠯᠭᠠᠲᠠᠢ ᠲᠤᠷᠰᠢᠯᠲᠠ ᠶᠢᠨ ᠲᠠᠰᠤᠭ 1᠂ ᠥᠪᠡᠷᠲᠡᠭᠡᠨ ᠵᠠᠰᠠᠬᠤ ᠣᠷᠣᠨ ᠤ

ᠢᠨᠵᠧᠨᠧᠷᠢᠩ ᠤᠨ ᠰᠤᠳᠤᠯᠭᠠᠨ ᠤ ᠲᠥᠪ 3᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠮᠡᠷᠭᠡᠵᠢᠯ ᠤᠨ

ᠰᠤᠳᠤᠯᠭᠠᠨ ᠤ ᠲᠥᠪ 5᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠲᠤᠷᠰᠢᠯᠲᠠ ᠶᠢᠨ ᠲᠠᠰᠤᠭ 2᠂

ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ ᠶᠢᠨ ᠠᠵᠢᠯᠯᠠᠬᠤ ᠥᠷᠲᠡᠭᠡ 3᠂ ᠥᠪᠡᠷᠲᠡᠭᠡᠨ ᠵᠠᠰᠠᠬᠤ ᠣᠷᠣᠨ ᠤ

ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ 1᠂ ᠥᠪᠡᠷᠲᠡᠭᠡᠨ ᠵᠠᠰᠠᠬᠤ ᠣᠷᠣᠨ ᠤ

ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ 1᠂ ᠥᠪᠡᠷᠲᠡᠭᠡᠨ ᠵᠠᠰᠠᠬᠤ

ᠣᠷᠣᠨ ᠤ ᠳᠡᠭᠡᠳᠦ ᠰᠤᠷᠭᠠᠭᠤᠯᠢ ᠶᠢᠨ ᠬᠥᠮᠦᠨ ᠰᠣᠶᠤᠯ ᠨᠡᠶᠢᠭᠡᠮ ᠤᠨ ᠰᠢᠨᠵᠢᠯᠡᠬᠦ ᠤᠬᠠᠭᠠᠨ ᠤ  ᠭᠤᠣᠯᠳᠠᠯᠭᠠᠲᠠᠢ

ᠰᠤᠳᠤᠯᠭᠠᠨ ᠤ ᠰᠠᠭᠤᠷᠢᠨ 1᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ

ᠤᠯᠤᠰ ᠲᠥᠷᠥ ᠶᠢᠨ ᠠᠵᠢᠯ ᠤᠨ ᠨᠠᠷᠠᠲᠤ ᠪᠠᠭᠰᠢ ᠶᠢᠨ ᠠᠵᠢᠯᠯᠠᠬᠤ ᠭᠠᠵᠠᠷ 3᠂ ᠥᠪᠡᠷᠲᠡᠭᠡᠨ ᠵᠠᠰᠠᠬᠤ ᠣᠷᠣᠨ ᠤ

ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ 1 ︵ᠪᠥᠬᠦ ᠣᠷᠣᠨ ᠤ ᠳᠡᠭᠡᠳᠦ ᠰᠤᠷᠭᠠᠭᠤᠯᠢ ᠵᠥᠪᠬᠡᠨ

2 ᠪᠣᠶ︶᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ

ᠪᠣᠯᠪᠠᠰᠤᠷᠠᠭᠤᠯᠤᠯ ᠤᠨ ᠰᠠᠭᠤᠷᠢᠨ 1 ︵ᠪᠥᠬᠦ ᠣᠷᠣᠨ ᠤ ᠳᠡᠭᠡᠳᠦ ᠰᠤᠷᠭᠠᠭᠤᠯᠢ ᠵᠥᠪᠬᠡᠨ 3 ᠪᠣᠶ︶᠂ ᠮᠤᠵᠢ ᠪᠠ

ᠶᠠᠮᠤᠨ ᠤ ᠲᠠᠰ ᠵᠢᠴᠢ ᠲᠡᠭᠦᠨ ᠠᠴᠠ ᠳᠡᠭᠡᠭᠰᠢᠬᠢ ᠡᠷᠳᠡᠮ ᠰᠢᠨᠵᠢᠯᠡᠭᠡᠨ ᠤ ᠲᠠᠪᠴᠠᠩ 56 ᠶᠢ ᠰᠢᠨ᠎ᠡ ᠪᠠᠷ ᠨᠡᠮᠡᠵᠦ

ᠪᠠᠶᠢᠭᠤᠯᠪᠠ᠃

     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠨᠢ 7 ᠵᠢᠯ ᠤᠨ

ᠲᠤᠷᠰᠢ᠂ ᠡᠷᠳᠡᠮ ᠰᠢᠨᠵᠢᠯᠡᠭᠡᠨ ᠤ ᠲᠥᠰᠦᠯ ᠤᠨ ᠰᠡᠳᠦᠪ ᠳᠣᠭᠲᠠᠭᠠᠭᠰᠠᠨ ᠶᠡᠷᠦᠩᠬᠡᠶ ᠲᠤᠭ᠎ᠠ 3290᠂ ᠡᠭᠦᠨ ᠳᠤ

ᠤᠯᠤᠰ ᠤᠨ ᠲᠠᠰ ᠤᠨ ᠲᠥᠰᠦᠯ 281᠂ ᠮᠤᠵᠢ ᠪᠠ ᠶᠠᠮᠤᠨ ᠤ ᠲᠠᠰ ᠤᠨ ᠲᠥᠰᠦᠯ 1272᠂ ᠠᠵᠤ ᠠᠬᠤᠶᠢᠯᠠᠯ

ᠠᠵᠢᠯ ᠦᠢᠯᠡᠰ ᠤᠨ ᠨᠢᠭᠡᠴᠢ ᠶᠢᠨ ᠨᠠᠶᠢᠳᠠᠭᠰᠠᠨ ᠲᠥᠰᠦᠯ 957 ᠪᠠᠶᠢᠵᠤ᠂ ᠡᠷᠳᠡᠮ ᠰᠢᠨᠵᠢᠯᠡᠭᠡᠨ ᠤ ᠶᠡᠷᠦᠩᠬᠡᠶ

ᠵᠠᠷᠤᠳᠠᠯ 3 . 6 ᠳ᠋ᠦᠩᠰᠢᠭᠤᠷ ᠭᠠᠷᠤᠶ ᠲᠥᠭᠦᠷᠢᠭ ᠲᠤ ᠬᠦᠷᠪᠡ᠃ ᠨᠢᠭᠡᠳᠦᠭᠡᠷ ᠪᠠᠶᠢᠭᠤᠯᠭ᠎ᠠ ᠶᠢᠨ ᠬᠤᠪᠢ ᠪᠠᠷ

ᠥᠨᠳᠥᠷ ᠬᠢᠷᠢ ᠲᠦᠪᠰᠢᠨ ᠪᠥᠬᠦᠶ ᠥᠭᠦᠯᠡᠯ 4485 ᠨᠡᠶᠢᠲᠡᠯᠡᠵᠦ᠂ ᠡᠷᠳᠡᠮ ᠰᠢᠨᠵᠢᠯᠡᠭᠡᠨ ᠤ ᠲᠤᠰᠬᠠᠶ ᠪᠦᠲᠦᠭᠡᠯ

177 ᠬᠡᠪᠯᠡᠭᠦᠯᠵᠦ᠂ ᠲᠤᠰᠬᠠᠶ ᠠᠰᠢᠭ ᠤᠨ ᠡᠷᠬᠡ ᠣᠯᠤᠭᠰᠠᠨ ᠲᠤᠭ᠎ᠠ 1224 ᠪᠣᠢ᠃ ᠥᠪᠥᠷ ᠮᠣᠩᠭᠤᠯ ᠤᠨ

ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡᠳᠦᠭᠡᠷ ᠳᠡᠰ ᠤᠨ ᠱᠠᠩᠨᠠᠯ 3᠂ ᠬᠤᠶᠠᠳᠤᠭᠠᠷ ᠳᠡᠰ ᠤᠨ ᠱᠠᠩᠨᠠᠯ 4᠂

ᠭᠤᠷᠪᠠᠳᠤᠭᠠᠷ ᠳᠡᠰ ᠤᠨ ᠱᠠᠩᠨᠠᠯ 3 ᠪᠣᠢ︔ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ 8᠂ ᠬᠤᠶᠠᠳᠤᠭᠠᠷ ᠳᠡᠰ ᠤᠨ ᠱᠠᠩᠨᠠᠯ 8᠂ ᠭᠤᠷᠪᠠᠳᠤᠭᠠᠷ ᠳᠡᠰ ᠤᠨ

ᠱᠠᠩᠨᠠᠯ 11 ᠪᠣᠢ︔ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ

ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠱᠠᠩᠨᠠᠯ 29 ︵ᠡᠭᠦᠨ ᠳᠤ ᠨᠢᠭᠡᠳᠦᠭᠡᠷ ᠳᠡᠰ ᠤᠨ ᠱᠠᠩᠨᠠᠯ

1᠂ ᠬᠤᠶᠠᠳᠤᠭᠠᠷ ᠳᠡᠰ ᠤᠨ ᠱᠠᠩᠨᠠᠯ 11᠂ ᠭᠤᠷᠪᠠᠳᠤᠭᠠᠷ ᠳᠡᠰ ᠤᠨ ᠱᠠᠩᠨᠠᠯ 17︶ ᠪᠣᠶ᠃ ᠪᠤᠭᠤᠲᠤ ᠬᠤᠲᠠ ᠶᠢᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ 9 ︵ᠡᠭᠦᠨ ᠳᠤ ᠨᠢᠭᠡᠳᠦᠭᠡᠷ ᠳᠡᠰ ᠤᠨ

ᠱᠠᠩᠨᠠᠯ 2᠂ ᠬᠤᠶᠠᠳᠤᠭᠠᠷ ᠳᠡᠰ ᠤᠨ ᠱᠠᠩᠨᠠᠯ 3᠂ ᠭᠤᠷᠪᠠᠳᠤᠭᠠᠷ ᠳᠡᠰ ᠤᠨ ᠱᠠᠩᠨᠠᠯ 4︶ ᠭᠥᠷᠳᠡᠪᠡ︔ ᠭᠦᠨ

ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠱᠠᠩᠨᠠᠯ

82 ︵ᠡᠭᠦᠨ ᠳᠤ ᠨᠢᠭᠡᠳᠦᠭᠡᠷ ᠳᠡᠰ ᠤᠨ ᠱᠠᠩᠨᠠᠯ 7᠂ ᠬᠤᠶᠠᠳᠤᠭᠠᠷ ᠳᠡᠰ ᠤᠨ ᠱᠠᠩᠨᠠᠯ 31᠂ ᠭᠤᠷᠪᠠᠳᠤᠭᠠᠷ

ᠳᠡᠰ ᠤᠨ ᠱᠠᠩᠨᠠᠯ 44︶ ᠢ ᠭᠦᠷᠲᠡᠪᠡ᠃

     ᠣᠶᠢᠷ᠎ᠠ ᠶᠢᠨ ᠵᠢᠯ᠂ ᠰᠤᠷᠭᠠᠭᠤᠯᠢ ᠨᠢ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ

ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠰ ᠪᠡᠶ᠎ᠡ ᠶᠢᠨ ᠣᠨᠴᠠᠯᠢᠭ

ᠪᠥᠬᠦᠶ ᠤᠶᠤᠲᠠᠳ ᠤᠨ ᠰᠢᠨ᠎ᠡ ᠶᠢ ᠡᠭᠦᠳᠴᠦ ᠦᠢᠯᠡᠰ  ᠪᠣᠰᠬᠠᠬᠤ ᠬᠡᠪ ᠵᠠᠭᠪᠤᠷ ᠢ ᠢᠳᠡᠪᠬᠢᠲᠡᠶ ᠰᠦᠪᠡᠭᠴᠢᠯᠡᠪᠡ᠃

ᠰᠤᠷᠭᠠᠭᠤᠯᠢ ᠶᠢᠨ ᠤᠶᠤᠲᠠᠳ ᠣᠶᠢᠷ᠎ᠠ ᠶᠢᠨ ᠭᠤᠷᠪᠠᠨ ᠵᠢᠯ ︵2017-2019 ᠣᠨ︶ ᠳᠤ ᠮᠤᠵᠢ ᠶᠢᠨ ᠲᠠᠰ ᠠᠴᠠ

ᠳᠡᠭᠡᠭᠰᠢᠬᠢ ᠤᠶᠤᠲᠠᠳ ᠤᠨ ᠬᠢᠴᠢᠶᠡᠯ ᠤᠨ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠯᠳᠤᠭᠠᠨ ᠤ

ᠱᠠᠩᠨᠠᠯ ᠢ 1273 ᠭᠦᠷᠲᠡᠵᠦ᠂ ᠡᠭᠦᠨ ᠳᠤ ᠤᠯᠤᠰ ᠤᠨ ᠲᠠᠰ ᠤᠨ ᠱᠠᠩᠨᠠᠯ ᠢ 393 ᠭᠥᠷᠳᠡᠪᠡ᠃ ᠤᠶᠤᠲᠠᠳ ᠤᠨ

ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠭᠠᠵᠠᠷ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠠᠴᠠ

︽ᠤᠯᠤᠰ ᠤᠨ ᠲᠡᠰ ᠤᠨ ᠣᠯᠠᠨ ᠢᠶᠠᠷ ᠢᠶᠠᠨ ᠡᠭᠦᠳᠬᠦ ᠭᠠᠵᠠᠷ︾ ᠭᠡᠵᠦ᠂ ᠡᠪᠯᠡᠯ ᠤᠨ ᠲᠥᠪ ᠬᠤᠷᠢᠶ᠎ᠠ ᠠᠴᠠ ︽ᠪᠦᠬᠦ

ᠤᠯᠤᠰ ᠤᠨ ᠤᠶᠤᠲᠠᠳ ᠤᠨ ᠦᠢᠯᠡᠰ ᠪᠣᠰᠬᠠᠬᠤ ᠳᠠᠭᠤᠷᠢᠶᠠᠯ ᠦᠵᠡᠭᠦᠯᠬᠦ ᠬᠦᠷᠢᠶᠡᠯᠡᠩ︾ ᠭᠡᠵᠦ ᠴᠤᠯᠠᠯᠠᠪᠠ᠃

2021 ᠣᠨ ᠤ 3 ᠰᠠᠷ᠎ᠠ ᠳᠤ᠂ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ

ᠨᠡᠶᠢᠭᠡᠮᠯᠢᠭ ᠠᠴᠠ 2020 ᠣᠨ ᠤ ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠤᠶᠤᠲᠠᠳ ᠤᠨ

ᠤᠷᠤᠯᠳᠤᠭᠠᠨ ᠤ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠰᠤᠷᠭᠠᠭᠤᠯᠢ ᠨᠢ ︽2016-2020 ᠣᠨ ᠤ ᠪᠥᠬᠦ

ᠤᠯᠤᠰ ᠤᠨ ᠣᠷᠣᠨ ᠨᠤᠲᠤᠭ ᠤᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠤᠶᠤᠲᠠᠳ ᠤᠨ ᠤᠷᠤᠯᠳᠤᠭᠠᠨ ᠤ

ᠨᠡᠷᠡᠰ ᠤᠨ ᠵᠢᠭᠰᠠᠭᠠᠯᠲᠠ Top 100︾ ᠳᠤ 59 ᠳᠤ ᠣᠷᠣᠵᠤ᠂ ︽2016-2020 ᠣᠨ ᠤ ᠪᠥᠬᠦ ᠤᠯᠤᠰ ᠤᠨ

ᠡᠩ ᠤᠨ ᠳᠡᠭᠡᠳᠦ ᠰᠤᠷᠭᠠᠭᠤᠯᠢ ᠶᠢᠨ ᠤᠶᠤᠲᠠᠳ ᠤᠨ ᠤᠷᠤᠯᠳᠤᠭᠠᠨ ᠤ ᠨᠡᠷᠡᠰ ᠤᠨ ᠵᠢᠭᠰᠠᠭᠠᠯᠲᠠ Top 300︾

 ᠳᠤ 114 ᠳᠤ ᠣᠷᠣᠵᠤ᠂ ︽ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠤᠶᠤᠲᠠᠳ ᠤᠨ

ᠤᠷᠤᠯᠳᠤᠭᠠᠨ ᠤ ᠨᠡᠷᠡᠰ ᠤᠨ ᠵᠢᠭᠰᠠᠭᠠᠯᠲᠠ ᠶᠢᠨ ᠲᠠᠪᠤᠨ ᠡᠭᠡᠯᠵᠢ ᠶᠢᠨ ᠶᠡᠷᠦᠩᠬᠡᠶ ᠨᠡᠷᠡᠰ ᠤᠨ ᠵᠢᠭᠰᠠᠭᠠᠯᠲᠠ Top

300︾ ᠳᠤ 143 ᠳᠤ ᠣᠷᠣᠵᠤ᠂ ᠳᠡᠭᠡᠷᠡᠬᠢ ᠭᠤᠷᠪᠠᠨ ᠵᠦᠢᠯ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ

ᠰᠤᠷᠭᠠᠭᠤᠯᠢ ᠳᠤ ᠲᠡᠷᠢᠭᠦᠯᠡᠬᠦ ᠶᠢᠨ ᠬᠠᠮᠲᠤ ᠵᠠᠯᠭᠠᠭ᠎ᠠ ᠪᠠᠷ ᠬᠤᠶᠠᠷ ᠵᠢᠯ ᠪᠥᠬᠦ ᠤᠯᠤᠰ ᠤᠨ ᠭᠠᠵᠠᠷ ᠣᠷᠣᠨ ᠤ

ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠵᠠᠭᠤᠨ ᠬᠦᠴᠦᠷᠬᠡᠭ ᠳᠡᠭᠡᠳᠦ ᠰᠤᠷᠭᠠᠭᠤᠯᠢ ᠳᠤ  ᠵᠢᠭᠰᠠᠭᠠᠭᠳᠠᠪᠠ᠃

     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ

ᠤᠶᠤᠲᠠᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠨᠢ ᠪᠦᠬᠦ ᠤᠯᠤᠰ ᠤᠨ ᠳᠡᠭᠡᠳᠦ ᠰᠤᠷᠭᠠᠭᠤᠯᠢ ᠶᠢᠨ ᠡᠮᠦᠨ᠎ᠡ

ᠡᠩᠨᠡᠭᠡᠨ ᠳᠤ ᠣᠷᠣᠪᠠ᠃ 2020 ᠣᠨ ᠪᠣᠯᠲᠠᠯ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠶᠡᠭᠡ ᠰᠤᠷᠭᠠᠭᠤᠯᠢ ᠶᠢᠨ ᠥᠨᠳᠥᠷ ᠬᠢᠷᠢ ᠲᠦᠪᠰᠢᠨ ᠪᠥᠬᠦᠶ ᠪᠡᠶ᠎ᠡ ᠶᠢᠨ ᠲᠠᠮᠢᠷ ᠤᠨ ᠠᠩᠭᠢ

ᠤᠯᠤᠰ ᠤᠨ ᠳᠣᠲᠣᠭᠠᠳᠤ ᠭᠠᠳᠠᠭᠠᠳᠤ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠥᠪᠡᠷᠲᠡᠭᠡᠨ ᠵᠠᠰᠠᠬᠤ

ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠱᠠᠩᠨᠠᠯ 534 ᠣᠯᠵᠠᠶ᠂ ᠡᠭᠦᠨ ᠳᠤ ᠣᠯᠠᠨ ᠤᠯᠤᠰ ᠤᠨ

ᠪᠡᠶ᠎ᠡ ᠶᠢᠨ ᠲᠠᠮᠢᠷ ᠤᠨ ᠤᠷᠤᠯᠳᠤᠭᠠᠨ ᠤ ᠠᠯᠲᠠᠨ ᠮᠧᠳᠠᠯ 10᠂ ᠤᠯᠤᠰ ᠤᠨ ᠲᠠᠰ ᠤᠨ ᠪᠡᠶ᠎ᠡ ᠶᠢᠨ ᠲᠠᠮᠢᠷ ᠤᠨ

ᠤᠷᠤᠯᠳᠤᠭᠠᠨ ᠤ ᠠᠯᠲᠠᠨ ᠮᠧᠳᠠᠯ 35᠂ ᠮᠤᠵᠢ ᠶᠢᠨ ᠲᠠᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠯᠲᠠᠨ

ᠮᠧᠳᠠᠯ 224 ᠪᠣᠶ᠃ ᠰᠤᠷᠭᠠᠭᠤᠯᠢ ᠶᠢᠨ ᠰᠢᠷᠣᠶ ᠮᠣᠳᠣᠨ ᠤ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ

ᠰᠣᠷᠣᠭᠴᠢ ᠶᠠᠩ ᠵᠢᠶᠠ ᠢᠦᠶ 2017 ᠣᠨ ᠤ ᠯᠤᠨᠳᠤᠨ ᠤ ᠳᠡᠯᠡᠬᠡᠶ ᠶᠢᠨ ᠬᠦᠨᠳᠦ ᠬᠥᠩᠭᠡᠨ ᠲᠠᠮᠢᠷ ᠤᠨ ᠮᠠᠩᠯᠠᠶ

ᠰᠢᠯᠭᠠᠷᠠᠭᠤᠯᠬᠤ ᠤᠷᠤᠯᠳᠤᠭᠠᠨ ᠪᠠ 2018 ᠣᠨ ᠤ ᠵᠠᠺᠠᠷᠲ᠋ᠠ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ

ᠴᠤᠭᠯᠠᠭᠠᠨ ᠳᠡᠭᠡᠷ᠎ᠡ ᠴᠥᠮ ᠡᠮᠡᠭᠲᠡᠶ ᠶᠢᠨ 20 ᠺᠢᠯᠣᠮᠧᠲᠷ ᠤᠨ ᠠᠯᠬᠤᠭ᠎ᠠ ᠤᠷᠤᠯᠳᠤᠭᠠᠨ ᠳᠤ ᠮᠠᠩᠯᠠᠶᠢᠯᠠᠵᠤ᠂

ᠤᠯᠤᠰ ᠣᠷᠣᠨ ᠲᠤ ᠪᠠᠨ ᠢᠷᠠᠭᠤ ᠠᠯᠳᠠᠷ ᠢ ᠠᠪᠴᠢᠷᠠᠵᠤ ᠥᠭᠭᠦᠭᠰᠡᠨ ᠪᠠᠶᠢᠨ᠎ᠠ᠃

     ᠰᠢᠨ᠎ᠡ ᠲᠡᠦᠬᠡ ᠶᠢᠨ ᠭᠠᠷᠤᠭ᠎ᠠ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠶᠡᠭᠡ ᠰᠤᠷᠭᠠᠭᠤᠯᠢ ᠨᠢ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠬᠦ ᠴᠢᠭᠯᠡᠯ ᠢ ᠪᠠᠷᠢᠮᠲᠠᠯᠠᠨ᠂ ᠨᠠᠮ ᠤᠨ ᠰᠤᠷᠭᠠᠨ

ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ

ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠨ᠂ ᠵᠠᠯᠠᠭᠤ ᠨᠢᠭᠡ ᠦᠶ᠎ᠡ ᠶᠢᠨ ᠬᠢᠨ ᠢ ᠬᠥᠲᠥᠯᠥᠨ ᠵᠢᠯᠣᠭᠤᠳᠴᠤ

ᠬᠤᠪᠢᠰᠬᠠᠯᠲᠤ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠨ᠂ ᠣᠶᠤᠨ ᠰᠠᠨᠠᠭᠠᠨ ᠤ

ᠠᠮᠢᠨ ᠰᠤᠳᠠᠰᠤ ᠶᠢ ᠦᠷᠭᠦᠯᠵᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠶᠣᠰᠣ ᠰᠤᠷᠲᠠᠬᠤᠨ ᠢ

ᠪᠣᠢ ᠪᠣᠯᠭᠠᠵᠤ ᠬᠥᠮᠦᠨ ᠢ ᠬᠥᠮᠦᠵᠢᠭᠦᠯᠬᠦ ᠲᠠᠢ ᠤᠶᠠᠯᠳᠤᠭᠤᠯᠤᠨ᠂ ᠥᠭᠡᠷᠡᠴᠢᠯᠡᠯᠲᠡ ᠶᠢᠨ ᠪᠣᠭᠤᠮᠲᠠ

ᠰᠢᠪᠲᠤᠯᠤᠯᠲᠠ ᠶᠢ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ︽ᠠᠷᠠᠳ ᠲᠦᠮᠡᠨ ᠳᠤ

ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠬᠦ︾ ᠰᠢᠨ᠎ᠡ ᠠᠶᠠᠨ᠂ ᠰᠢᠯᠢᠳᠡᠭ

ᠠᠮᠵᠢᠯᠲᠠ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠤᠭᠲᠤᠵᠤ ᠪᠠᠶᠢᠨ᠎ᠠ︕      

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map