ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠶᠢᠨ ᠬᠢᠨ ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠮᠢᠨᠦ ᠥᠯᠦᠭᠡᠢ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/6/7
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠵᠢᠨᠢᠩ ᠪᠠᠭᠰᠢ ᠶᠢᠨ ᠳᠡᠭᠡᠳᠦ ᠰᠤᠷᠭᠠᠭᠤᠯᠢ      — ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠮᠢᠨᠤ ᠥᠯᠦᠭᠡᠢ︾       ᠵᠢᠨᠢᠩ ᠪᠠᠭᠰᠢ ᠶᠢᠨ ᠳᠡᠭᠡᠳᠦ ᠰᠤᠷᠭᠠᠭᠤᠯᠢ      ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠨᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠠᠭᠠᠨᠴᠠᠪ ᠬᠤᠳᠠ ᠳᠤ ᠪᠠᠶᠢᠷᠢᠯᠠᠨ᠎ᠠ᠃ ᠤᠯᠠᠭᠠᠨᠴᠠᠪ ᠬᠤᠲᠠ ᠪᠣᠯ ᠪᠡᠭᠡᠵᠢᠩ ᠲᠢᠶᠠᠨᠵᠢᠨ ᠾᠧᠪᠧᠢ᠂ ᠪᠦᠸᠧᠬᠠᠶ ᠲᠠᠩᠭᠢᠰ ᠢ ᠲᠣᠭᠤᠷᠢᠭᠰᠠᠨ᠂ ᠬᠥᠬᠡᠬᠤᠲᠠ ᠪᠤᠭᠤᠲᠤ ᠢᠨᠴᠤᠸᠠᠨ ᠢᠦᠶᠢᠯᠢᠨ ᠭᠤᠷᠪᠠᠨ ᠶᠡᠭᠡ ᠠᠵᠤ ᠠᠬᠤᠶ ᠶᠢᠨ ᠲᠣᠭᠤᠷᠢᠭ ᠤᠨ ᠠᠭᠤᠯᠵᠠᠷ ᠬᠡᠰᠡᠭ ᠲᠤ ᠪᠠᠶᠢᠷᠢᠯᠠᠵᠤ᠂ ᠠᠽᠢᠶ᠎ᠠ ᠧᠦ᠋ᠷᠣᠫᠠ ᠶᠢᠨ ᠠᠵᠤ ᠠᠬᠤᠶ ᠶᠢᠨ ᠪᠦᠰᠡ ᠶᠢᠨ ᠵᠠᠩᠭᠢᠯᠠᠭ᠎ᠠ ᠶᠢᠨ ᠬᠤᠲᠠ᠂ ︽ᠳᠤᠮᠳᠠᠳᠤ ᠤᠯᠤᠰ ᠤᠨ ᠲᠥᠮᠥᠰᠥᠨ ᠤ ᠲᠥᠪ᠂ ᠰᠠᠯᠬᠢᠨ ᠬᠦᠴᠦᠨ ᠤ ᠴᠠᠬᠢᠯᠭᠠᠨ ᠤ ᠲᠥᠪ᠂ ᠲᠠᠯ᠎ᠠ ᠨᠤᠲᠤᠭ ᠤᠨ ᠠᠷᠠᠰᠤᠨ ᠤ ᠲᠥᠪ᠂ ᠱᠧᠨ ᠵᠧᠦ ᠬᠦᠷᠢᠶᠡᠯᠡᠩ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠥᠪ︾ ᠵᠡᠷᠭᠡ ᠰᠠᠶᠢᠬᠠᠨ ᠠᠯᠳᠠᠷᠲᠠᠶ ᠶᠤᠮ᠃      ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠨᠢ ᠥᠨᠢ ᠤᠳᠠᠭᠠᠨ ᠲᠡᠦᠬᠡ ᠲᠠᠢ᠂ ᠭᠦᠨ ᠵᠤᠵᠠᠭᠠᠨ ᠰᠣᠶᠣᠯ ᠤᠨ ᠬᠤᠷᠠᠮᠳᠤᠯ ᠲᠠᠢ᠃ 1931 ᠣᠨ ᠳᠤ᠂ ᠤᠤᠯ ᠤᠨ ᠰᠦᠢᠶᠤᠸᠠᠨ ᠮᠤᠵᠢ ᠵᠢᠨᠢᠩ ᠳᠤ ᠰᠦᠢᠶᠤᠸᠠᠨ ᠤ ᠮᠤᠵᠢ ᠶᠢᠨ ᠬᠤᠶᠠᠳᠤᠭᠠᠷ ᠪᠠᠭᠰᠢ ᠶᠢᠨ ᠰᠤᠷᠭᠠᠭᠤᠯᠢ ᠶᠢ ᠡᠭᠦᠰᠭᠡᠨ ᠪᠠᠶᠢᠭᠤᠯᠵᠤ᠂ ᠤᠯᠠᠭᠠᠨᠴᠠᠪ ᠤᠨ ᠣᠷᠴᠢᠨ ᠤᠳᠤ ᠦᠶ᠎ᠡ ᠶᠢᠨ ᠪᠠᠭᠰᠢ ᠶᠢᠨ ᠰᠤᠷᠭᠠᠨ ᠬᠥᠮᠦᠵᠢᠯ ᠤᠨ ᠠᠩᠬᠠᠨ ᠤ ᠵᠠᠮ ᠢ ᠨᠡᠭᠡᠭᠡᠵᠡᠢ᠃ 1958 ᠣᠨ ᠳᠤ᠂ ᠲᠦᠷᠤ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ ᠤᠯᠠᠭᠠᠨᠴᠠᠪ ᠠᠶᠢᠮᠠᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢ ᠪᠠᠶᠢᠭᠤᠯᠪᠠ᠃ 1976 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠤᠯᠠᠭᠠᠨᠴᠠᠪ ᠠᠶᠢᠮᠠᠭ ᠤᠨ ᠪᠠᠭᠰᠢ ᠶᠢᠨ ᠰᠤᠷᠭᠠᠭᠤᠯᠢ ᠶᠢ ᠰᠡᠷᠭᠦᠭᠡᠬᠦ ᠶᠢ ᠵᠦᠪᠰᠢᠶᠡᠷᠡᠪᠡ᠃ 1977 ᠣᠨ ᠳᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢ ᠰᠡᠷᠭᠦᠭᠡᠭᠰᠡᠨ ᠤ ᠳᠠᠷᠠᠭ᠎ᠠ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢ ᠶᠢ ᠡᠬᠢᠯᠡᠨ ᠡᠯᠰᠡᠪᠡ᠃ 1978 ᠣᠨ ᠳᠤ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢᠲᠤ ᠲᠤᠰᠠᠭᠠᠷ ᠰᠤᠷᠭᠠᠭᠤᠯᠢ ᠡᠷᠭᠢᠯᠡᠪᠡ᠃ 1985 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠤᠯᠠᠭᠠᠨᠴᠠᠪ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢ ᠶᠢᠨ ᠰᠠᠭᠤᠷᠢᠨ ᠳᠡᠭᠡᠷ᠎ᠡ ᠤᠯᠠᠭᠠᠨᠴᠠᠪ ᠤᠨ ᠪᠠᠭᠰᠢ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠶᠢ ᠵᠥᠪᠰᠢᠶᠡᠷᠡᠪᠡ᠃ 1995 ᠣᠨ ᠳᠤ᠂ ᠵᠢᠨᠢᠩ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ 2000 ᠣᠨ ᠳᠤ᠂ ᠤᠯᠠᠭᠠᠨᠴᠠᠪ ᠠᠶᠢᠮᠠᠭ ᠤᠨ ᠪᠠᠭᠰᠢ ᠶᠢᠨ ᠰᠤᠷᠭᠠᠭᠤᠯᠢ ᠪᠣᠯᠤᠨ ᠤᠯᠠᠭᠠᠨᠴᠠᠪ ᠠᠶᠢᠮᠠᠭ ᠤᠨ ᠮᠣᠩᠭᠤᠯ ᠦᠨᠳᠦᠰᠦᠲᠡᠨ ᠤ ᠪᠠᠭᠰᠢ ᠶᠢᠨ ᠰᠤᠷᠭᠠᠭᠤᠯᠢ ᠶᠢ ᠵᠢᠨᠢᠩ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠠᠢ ᠨᠡᠶᠢᠯᠡᠭᠦᠯᠪᠡ᠃ 2009 ᠣᠨ ᠳᠤ᠂ ᠰᠤᠷᠭᠠᠨ ᠬᠦᠮᠤᠵᠢᠯ ᠤᠨ ᠶᠠᠮᠤᠨ  ᠠᠴᠠ ᠵᠢᠨᠢᠩ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠠᠭᠤᠷᠢᠨ ᠳᠡᠭᠡᠷ᠎ᠡ ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠪᠠᠶᠢᠭᠤᠯᠬᠤ ᠶᠢ ᠵᠥᠪᠰᠢᠶᠡᠷᠡᠪᠡ᠃ 2013 ᠣᠨ ᠳᠤ ᠰᠤᠷᠭᠠᠭᠤᠯᠢ ᠨᠢ ᠣᠶᠤᠲᠠᠨ ᠤ ᠡᠷᠳᠡᠮ ᠤᠨ ᠴᠣᠯᠠ ᠣᠯᠭᠤᠬᠤ ᠡᠷᠬᠡ ᠲᠠᠢ ᠪᠣᠯᠪᠠ᠃ 2017 ᠣᠨ ᠳᠤ᠂ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠢᠩᠬᠢᠨᠢ ᠪᠠᠷ ᠪᠥᠬᠦ ᠣᠷᠣᠨ ᠤ ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠤᠷᠰᠢᠯᠲᠠ ᠶᠢᠨ ᠰᠤᠷᠭᠠᠭᠤᠯᠢ ᠳᠤ ᠣᠷᠣᠪᠠ᠃

                         (ᠬᠤ᠋ ᠱᠠᠨ ᠰᠤᠷᠭᠠᠭᠤᠯᠢ ᠶᠢᠨ ᠲᠣᠭᠤᠷᠢᠭ︶

                           ︵ᠴᠢᠤᠸᠠᠨ ᠱᠠᠨ ᠰᠤᠤᠷᠭᠠᠭᠤᠯᠢ ᠶᠢᠨ ᠲᠣᠭᠤᠷᠢᠭ︶

                           ︵ᠪᠠᠢ ᠬᠠᠢ ᠰᠤᠷᠭᠠᠭᠤᠯᠢ ᠶᠢᠨ ᠲᠣᠭᠤᠷᠢᠭ︶

     ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠨᠢ ᠣᠲᠣ ᠭᠤᠷᠪᠠᠨ ᠰᠤᠷᠭᠠᠭᠤᠯᠢ ᠶᠢᠨ ᠲᠣᠭᠤᠷᠢᠭ ᠲᠠᠢ᠂

ᠶᠡᠷᠦᠩᠬᠡᠶ ᠲᠠᠯᠠᠪᠠᠶ ᠨᠢ 120.23 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠭᠡᠷ ᠪᠠᠷᠢᠯᠭ᠎ᠠ ᠶᠢᠨ

ᠲᠠᠯᠠᠪᠠᠶ ᠨᠢ 37.65 ᠲᠦᠮᠡᠨ ᠲᠡᠭᠰᠢ ᠳᠥᠷᠪᠡᠯᠵᠢᠨ ᠮᠧᠲᠷ ᠪᠣᠢ᠃ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ

ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠦᠷᠳᠡᠭ 1.78 ᠳ᠋ᠦᠩᠰᠢᠭᠤᠷ ᠲᠥᠭᠦᠷᠢᠭ ᠲᠤ ᠬᠦᠷᠴᠡᠶ᠃ ᠨᠣᠮ ᠤᠨ

ᠰᠠᠩ ᠤᠨ ᠨᠣᠮ ᠪᠢᠴᠢᠭ 139.37 ᠲᠦᠮᠡᠨ ᠳᠡᠪᠲᠡᠷ᠂ ᠡᠯᠧᠺᠲᠷᠣᠨ ᠨᠣᠮ 100.6 ᠲᠦᠮᠡᠨ ᠳᠡᠪᠲᠡᠷ ᠪᠣᠢ᠃

ᠬᠠᠷᠢᠶᠠᠲᠤ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠠᠢ᠃

ᠣᠳᠣ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠣᠷᠣᠭᠴᠢ 11200᠂ ᠡᠭᠦᠨ ᠳᠤ ᠵᠢᠩᠬᠢᠨᠢ

ᠠᠩᠭᠢ ᠶᠢᠨ ᠰᠣᠷᠣᠭᠴᠢ 9106᠂ ᠴᠥᠭᠡᠨ ᠲᠣᠭᠠᠲᠤ ᠦᠨᠳᠦᠰᠦᠲᠡᠨ ᠤ ᠰᠣᠷᠣᠭᠴᠢ 2120 ᠪᠣᠶ᠃ ᠠᠵᠢᠯ ᠤᠨ

ᠪᠠᠶᠢᠷᠢ ᠳᠤ ᠪᠠᠶᠢᠭ᠎ᠠ ᠪᠠᠭᠰᠢ ᠠᠵᠢᠯᠳᠡᠠ ᠠᠵᠢᠯᠴᠢᠠ 876᠂ ᠡᠭᠦᠨ ᠳᠤ ᠳᠡᠭᠡᠳᠦ ᠳᠡᠰ ᠤᠨ ᠮᠡᠷᠭᠡᠵᠢᠯ ᠤᠨ

ᠴᠤᠯᠠᠲᠠᠢ ᠪᠠᠭᠰᠢ 333᠂ ᠮᠠᠰᠲ᠋ᠧᠷ ᠪᠠ ᠳ᠋ᠣᠺᠲ᠋ᠣᠷ ᠤᠨ ᠡᠷᠳᠡᠮ ᠤᠨ ᠴᠤᠯᠠᠲᠠᠢ ᠪᠠᠭᠰᠢ 447 ᠪᠣᠢ᠃

ᠥᠪᠡᠷᠲᠡᠭᠡᠨ ᠵᠠᠰᠠᠬᠤ ᠣᠷᠣᠨ ᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ

ᠮᠡᠷᠭᠡᠵᠢᠯᠲᠡᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠠᠨ ᠰᠤᠷᠭᠠᠯᠲᠠ ᠶᠢᠨ ᠨᠠᠷᠠᠲᠤ ᠪᠠᠭᠰᠢ 7᠂ ᠲᠠᠯ᠎ᠠ

ᠨᠤᠲᠤᠭ ᠤᠨ ᠴᠢᠳᠠᠪᠤᠷᠢᠲᠠᠨ 2᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠭᠤᠨ ᠤ 321 ᠴᠢᠳᠠᠪᠤᠷᠢᠲᠠᠨ ᠤ

ᠢᠨᠵᠧᠨᠧᠷᠢᠩ︾ ᠤᠨ ᠵᠢᠱᠢᠭᠳᠡᠭᠴᠢ 2᠂ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ 1᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠷᠭᠠᠨ

ᠬᠥᠮᠦᠵᠢᠯ ᠤᠨ ᠲᠠᠪᠴᠠᠩ ᠤᠨ ᠰᠢᠨ᠎ᠡ ᠰᠣᠳᠣᠨ 5 ᠪᠣᠢ᠃

     ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠨᠢ ᠬᠤᠶᠠᠳᠤᠭᠠᠷ ᠳᠡᠰ ᠤᠨ ᠳᠡᠭᠡᠳᠦ ᠰᠤᠷᠭᠠᠭᠤᠯᠢ 17 ᠶᠢ

ᠪᠠᠶᠢᠭᠤᠯᠵᠤ᠂ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 37 ᠶᠢ ᠨᠡᠭᠡᠭᠡᠵᠦ᠂ ᠣᠲᠣ ᠥᠪᠡᠷᠲᠡᠭᠡᠨ ᠵᠠᠰᠠᠬᠤ

ᠣᠷᠣᠨ ᠤ ᠲᠠᠰ ᠤᠨ ᠨᠠᠷᠠᠲᠤ ᠲᠡᠮᠳᠡᠭᠲᠦ ᠶᠢᠨ ᠲᠤᠰᠬᠠᠶ ᠮᠡᠷᠭᠡᠵᠢᠯ 11᠂ ᠥᠪᠡᠷᠲᠡᠭᠡᠨ ᠵᠠᠰᠠᠬᠤ ᠣᠷᠣᠨ ᠤ ᠲᠠᠰ ᠤᠨ

ᠲᠡᠷᠢᠭᠦᠨ ᠲᠠᠰ ᠤᠨ ᠲᠤᠰᠬᠠᠶ ᠮᠡᠷᠭᠡᠵᠢᠯ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠳᠣᠨ ᠬᠢᠴᠢᠶᠡᠯ 15᠂

ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠠᠨ ᠰᠤᠷᠭᠠᠯᠲᠠ ᠶᠢᠨ ᠪᠦᠯᠬᠦᠮ 7᠂ ᠥᠪᠡᠷᠲᠡᠭᠡᠨ ᠵᠠᠰᠠᠬᠤ ᠣᠷᠣᠨ ᠤ

ᠲᠠᠰ ᠤᠨ ᠰᠦᠯᠵᠢᠶᠡᠨ ᠤ ᠨᠡᠭᠡᠭᠡᠯᠲᠡᠲᠦ ᠬᠢᠴᠢᠶᠡᠯ 10᠂ ᠤᠯᠤᠰ ᠤᠨ ᠳᠡᠰ ᠤᠨ ᠰᠦᠯᠵᠢᠶᠡᠨ ᠤ ᠪᠠ

ᠰᠦᠯᠵᠢᠶᠡᠨ ᠠᠴᠠ ᠭᠠᠳᠠᠭᠤᠷᠬᠢ ᠬᠤᠯᠢᠮᠠᠭ ᠮᠠᠶ᠋ᠢᠭ ᠤᠨ ᠲᠡᠷᠢᠭᠦᠨ ᠲᠠᠰ ᠤᠨ ᠬᠢᠴᠢᠶᠡᠯ 1 ᠪᠣᠶ᠃ ᠥᠪᠡᠷᠲᠡᠭᠡᠨ

ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠭᠤᠣᠯᠳᠠᠯᠭᠠᠲᠠᠢ ᠲᠤᠷᠰᠢᠯᠲᠠ ᠶᠢᠨ ᠲᠠᠰᠤᠭ ᠢ

ᠪᠤᠶᠢᠵᠢᠭᠤᠯᠬᠤ ᠲᠥᠰᠦᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭᠠᠲᠠᠢ ᠲᠤᠷᠰᠢᠯᠲᠠ ᠶᠢᠨ

ᠲᠠᠰᠤᠭ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ ᠤᠨ ᠭᠤᠤᠯ

ᠪᠦᠷᠢᠯᠳᠦᠬᠦᠨ ᠨᠢᠭᠡᠴᠢ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ

ᠳᠠᠭᠤᠷᠢᠶᠠᠯ ᠦᠵᠡᠭᠦᠯᠬᠦ ᠲᠥᠪ 2᠂  ᠭᠠᠵᠠᠷ ᠣᠷᠣᠨ ᠤ ᠠᠳᠠᠯᠢ ᠲᠠᠰ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ

1᠂ ᠰᠤᠷᠭᠠᠭᠤᠯᠢ ᠶᠢᠨ ᠲᠠᠰ ᠤᠨ ᠡᠷᠳᠡᠮ ᠰᠢᠨᠵᠢᠯᠡᠭᠡᠨ ᠤ ᠬᠦᠷᠢᠶᠡᠯᠡᠩ 23᠂ ᠰᠤᠷᠭᠠᠭᠤᠯᠢ ᠶᠢᠨ ᠲᠠᠰ ᠤᠨ

ᠭᠤᠣᠯᠳᠠᠯᠭᠠᠲᠠᠢ ᠲᠤᠷᠰᠢᠯᠲᠠ ᠶᠢᠨ ᠲᠠᠰᠤᠭ 2᠂ ᠰᠤᠷᠭᠠᠭᠤᠯᠢ ᠶᠢᠨ ᠲᠠᠰ ᠤᠨ ᠬᠥᠮᠦᠨ ᠨᠡᠶᠢᠭᠡᠮ ᠤᠨ ᠰᠢᠨᠵᠢᠯᠡᠬᠦ

ᠤᠬᠠᠭᠠᠨ ᠤ ᠰᠠᠭᠤᠷᠢᠨ 2᠂ ᠰᠤᠷᠭᠠᠭᠤᠯᠢ ᠶᠢᠨ ᠲᠠᠰ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ 2 ᠪᠠᠶᠢᠵᠤ᠂

ᠲᠣᠭᠤᠷᠢᠭ᠂ ᠭᠠᠵᠠᠷ ᠣᠷᠣᠨ᠂ ᠰᠤᠷᠭᠠᠭᠤᠯᠢ ᠶᠢᠨ ᠣᠯᠠᠨ ᠲᠡᠰᠲᠦ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ

ᠳᠣᠭᠲᠠᠯᠴᠠᠭ᠎ᠠ ᠶᠢ ᠠᠩᠬ᠎ᠠ ᠠᠯᠬᠤᠮ ᠪᠦᠷᠢᠳᠦᠭᠦᠯᠪᠡ᠃

     2009 ᠣᠨ ᠠᠴᠠ ᠨᠠᠭᠠᠰᠢ᠂ ᠰᠤᠷᠭᠠᠭᠤᠯᠢ ᠶᠢᠨ ᠪᠠᠭᠰᠢ ᠨᠠᠷ ᠤᠨ ᠡᠭᠦᠷᠭᠡᠯᠡᠭᠰᠡᠨ ᠡᠷᠳᠡᠮ ᠰᠢᠨᠵᠢᠯᠡᠭᠡᠨ ᠤ

ᠲᠥᠰᠦᠯ 1054᠂ ᠡᠭᠦᠨ ᠳᠤ ᠤᠯᠤᠰ ᠤᠨ ᠳᠡᠰ ᠤᠨ ᠳᠥᠰᠦᠯ 10᠂ ᠮᠤᠵᠢ ᠪᠠ ᠶᠠᠮᠤᠨ ᠤ ᠲᠡᠰ ᠤᠨ ᠳᠥᠰᠦᠯ

493 ᠪᠤᠢ︔ 3337 ᠬᠤᠪᠢ ᠡᠷᠳᠡᠮ ᠰᠢᠨᠵᠢᠯᠡᠭᠡᠨ ᠤ ᠥᠭᠦᠯᠡᠯ ᠨᠡᠶᠢᠲᠡᠯᠡᠭᠦᠯᠪᠡ︔ 453 ᠲᠤᠰᠬᠠᠶ ᠵᠣᠬᠢᠶᠠᠯ

ᠬᠡᠪᠯᠡᠭᠦᠯᠪᠡ︔ 102 ᠲᠤᠰᠬᠠᠶ ᠠᠰᠢᠭ ᠤᠨ ᠡᠷᠬᠡ ᠶᠢ ᠨᠢ ᠵᠥᠪᠰᠢᠶᠡᠷᠡᠪᠡ︔ ᠥᠪᠡᠷᠲᠡᠭᠡᠨ ᠵᠠᠰᠠᠬᠤ ᠣᠷᠣᠨ ᠤ ᠭᠦᠨ

ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠱᠠᠩᠨᠠᠯ 1᠂

ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 8 ᠶᠢ ᠬᠦᠷᠳᠡᠪᠡ︔ ᠥᠪᠡᠷᠲᠡᠭᠡᠨ ᠵᠠᠰᠠᠬᠤ

ᠣᠷᠣᠨ ᠤ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠤᠨ ᠨᠢᠭᠡᠳᠦᠭᠡᠷ ᠳᠡᠰ ᠤᠨ ᠱᠠᠩᠨᠠᠯ 2᠂

ᠬᠤᠶᠠᠳᠤᠭᠠᠷ ᠳᠡᠰ ᠤᠨ ᠱᠠᠩᠨᠠᠯ 3 ᠶᠢ ᠭᠥᠷᠳᠡᠪᠡ︔ ᠤᠯᠠᠭᠠᠨᠴᠠᠪ ᠬᠤᠲᠠ ᠶᠢᠨ ᠠᠩᠬᠠᠳᠤᠭᠠᠷ ᠬᠤᠭᠤᠴᠠᠭᠠᠨ ᠤ

ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ

ᠨᠢᠭᠡᠳᠦᠭᠡᠷ ᠳᠡᠰ ᠤᠨ ᠱᠠᠩᠨᠠᠯ 2᠂ ᠬᠤᠶᠠᠳᠤᠭᠠᠷ ᠳᠡᠰ ᠤᠨ ᠱᠠᠩᠨᠠᠯ 6᠂ ᠭᠤᠷᠪᠠᠳᠤᠭᠠᠷ ᠳᠡᠰ ᠤᠨ ᠱᠠᠩᠨᠠᠯ 13 ᠶᠢ

ᠭᠥᠷᠳᠡᠪᠡ᠃ ︽ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾ ᠢ 2015

ᠣᠨ ᠳᠤ ᠤᠯᠤᠰ ᠤᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠶᠡᠷᠦᠩᠬᠡᠢ ᠳᠣᠪᠴᠢᠶᠠᠨ ᠠᠴᠠ ᠠᠩᠬᠠᠳᠠᠭᠴᠢ

ᠪᠦᠯᠦᠭ ᠤᠨ A ᠲᠦᠷᠦᠯ ᠤᠨ ᠡᠷᠳᠡᠮ ᠰᠢᠨᠵᠢᠯᠡᠭᠡᠨ ᠤ ᠰᠡᠳᠬᠦᠯ ᠢᠶᠠᠷ ᠦᠨᠡᠯᠡᠵᠦ᠂ 2016 ᠣᠨ ᠳᠤ ᠠᠩᠬᠠᠳᠤᠭᠠᠷ

ᠬᠤᠭᠤᠴᠠᠭᠠᠨ ᠤ ᠦᠪᠦᠷ ᠮᠤᠩᠭᠤᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠰᠡᠳᠬᠦᠯ ᠤᠨ ᠬᠡᠪᠯᠡᠯ ᠤᠨ

ᠴᠢᠨᠠᠷ ᠴᠢᠨᠰᠠᠭᠠᠨ ᠤ ᠰᠢᠯᠢᠳᠡᠭ ᠱᠠᠩᠨᠠᠯ ᠢ ᠭᠦᠷᠲᠡᠪᠡ᠃

     ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠨᠢ ᠰᠤᠷᠭᠠᠭᠤᠯᠢ ᠪᠠᠶᠢᠭᠤᠯᠤᠭᠳᠠᠭᠰᠠᠨ 60 ᠭᠠᠷᠤᠶ ᠵᠢᠯ ᠤᠨ

ᠲᠤᠷᠰᠢ᠂ ᠬᠢᠯᠢ ᠬᠢᠵᠠᠭᠠᠷ ᠤᠨ ᠦᠨᠳᠤᠰᠤᠲᠠᠨ ᠤ ᠭᠠᠵᠠᠷ ᠤᠷᠤᠨ ᠳᠤ ᠰᠠᠭᠤᠷᠢᠯᠠᠵᠤ᠂ ︽ᠦᠨᠡᠨ ᠢ ᠪᠠᠷᠢᠮᠲᠠᠯᠠᠨ

ᠰᠢᠨ᠎ᠡ ᠶᠢ ᠡᠭᠦᠳᠴᠦ᠂ ᠪᠤᠰᠤᠳ ᠲᠤ ᠳᠠᠭᠤᠷᠢᠶᠠᠯ ᠦᠵᠡᠭᠦᠯᠬᠦ︾ ᠰᠤᠷᠭᠠᠭᠤᠯᠢ ᠶᠢᠨ ᠰᠤᠷᠭᠠᠯ ᠢ ᠦᠢᠯᠡᠳᠦᠯᠭᠡᠵᠢᠭᠦᠯᠵᠦ᠂

ᠬᠢᠯᠢ ᠬᠢᠵᠠᠭᠠᠷ ᠣᠷᠣᠨ ᠤ ᠦᠨᠳᠤᠰᠤᠲᠠᠨ ᠤ ᠭᠠᠵᠠᠷ ᠤᠷᠤᠨ ᠤ ᠰᠠᠭᠤᠷᠢ ᠰᠤᠷᠭᠠᠨ ᠬᠥᠮᠦᠵᠢᠯ᠂ ᠦᠨᠳᠦᠰᠦᠲᠡᠨ ᠤ

ᠰᠤᠷᠭᠠᠨ ᠬᠥᠮᠦᠵᠢᠯ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠨᠡᠶᠢᠭᠡᠮ ᠤᠨ ᠬᠥᠭᠵᠢᠯᠲᠡ ᠳᠤ

ᠢᠮᠠᠭᠲᠠ ᠭᠤᠶᠢᠪᠢᠰᠢ ᠦᠭᠡᠶ ᠦᠢᠯᠡᠴᠢᠯᠡᠵᠦ᠂ ︽ᠪᠠᠭᠤᠵᠤ ᠳᠡᠶᠢᠯᠬᠦ᠂ ᠦᠯᠡᠳᠡᠵᠦ ᠳᠡᠶᠢᠯᠬᠦ᠂ ᠬᠡᠷᠡᠭᠯᠡᠵᠦ ᠳᠡᠶᠢᠯᠬᠦ᠂

ᠰᠠᠶᠢᠨ ᠠᠵᠢᠯᠯᠠᠭᠰᠠᠨ︾ 70000 ᠭᠠᠷᠤᠶ ᠡᠯ᠎ᠡ ᠲᠥᠷᠥᠯ ᠤᠨ ᠴᠢᠳᠠᠪᠤᠷᠢᠲᠠᠨ ᠢ ᠬᠥᠮᠦᠵᠢᠭᠦᠯᠵᠦ᠂ ᠤᠯᠤᠰ᠂

ᠥᠪᠡᠷᠲᠡᠭᠡᠨ ᠵᠠᠰᠠᠬᠤ ᠣᠷᠣᠨ ᠣᠨᠴᠠᠭᠠᠶᠢᠯᠠᠨ ᠤᠯᠠᠭᠠᠨᠴᠠᠪ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ᠂

ᠦᠨᠳᠤᠰᠤᠲᠠᠨ ᠤ ᠪᠦᠯᠭᠦᠮᠳᠡᠯ ᠳᠠᠪᠰᠢᠯᠲᠠ ᠪᠠ ᠬᠢᠯᠢ ᠬᠢᠵᠠᠭᠠᠷ ᠤᠨ ᠡᠶ᠎ᠡ ᠵᠣᠬᠢᠴᠠᠯ ᠪᠠ ᠠᠮᠤᠷ ᠲᠣᠭᠲᠠᠭᠤᠨ ᠳᠤ

ᠴᠢᠬᠤᠯᠠ ᠬᠤᠪᠢ ᠨᠡᠮᠡᠷᠢ ᠦᠵᠡᠭᠦᠯᠵᠦ᠂ ᠤᠯᠠᠭᠠᠨᠴᠠᠪ ᠤᠨ ᠰᠠᠭᠤᠷᠢ ᠰᠤᠷᠭᠠᠨ ᠬᠥᠮᠦᠵᠢᠯ᠂ ᠦᠨᠳᠦᠰᠦᠲᠡᠨ ᠤ

ᠰᠤᠷᠭᠠᠨ ᠬᠥᠮᠦᠵᠢᠯ ᠤᠨ ᠥᠯᠥᠭᠡᠶ ᠪᠠ ᠬᠤᠲᠠ ᠶᠢᠨ ᠣᠶᠤᠨ ᠤ ᠲᠥᠪ ᠬᠡᠮᠡᠭᠳᠡᠪᠡ᠃

     ᠯᠢᠦ ᠶᠦᠨ ᠱᠠᠨ ᠨᠥᠬᠦᠷ ᠡᠬᠡ ᠰᠤᠷᠭᠠᠭᠤᠯᠢ ᠳᠤ ᠪᠠᠨ ︽ᠰᠢᠷᠭᠠᠭᠤ ᠪᠣᠶᠢᠵᠢᠭᠤᠯᠤᠭᠰᠠᠨ ᠰᠢᠯᠢᠳᠡᠭ

ᠰᠤᠷᠤᠭᠴᠢ ᠳᠡᠯᠡᠬᠡᠢ ᠳ᠋ᠠᠬᠢᠨ ᠳᠤ ᠲᠥᠭᠡᠵᠦ᠂ ᠰᠤᠷᠭᠠᠵᠤ ᠬᠥᠮᠥᠵᠢᠭᠦᠯᠦᠭᠰᠡᠨ ᠡᠷᠳᠡᠮᠲᠡᠨ ᠴᠢᠳᠠᠪᠤᠷᠢᠲᠠᠨ ᠲᠠᠯ᠎ᠠ

ᠨᠤᠲᠤᠭ ᠢ ᠳᠦᠭᠦᠷᠭᠡᠪᠡ︾ ᠭᠡᠰᠡᠨ ᠪᠢᠴᠢᠭᠡᠰᠦ ᠪᠢᠴᠢᠵᠦ ᠥᠭᠴᠡᠶ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map