ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ  ᠬᠢᠨ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/7/1
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ      — ︽ᠡᠬᠡ ᠤᠯᠤᠰ ᠢᠶᠠᠨ ᠮᠠᠭᠲᠠᠨ ᠳᠠᠭᠤᠯᠠᠶ᠎ᠠ︾      

     ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ

1959 ᠣᠨ ᠳᠤ ᠪᠠᠶᠢᠭᠤᠯᠤᠭᠳᠠᠵᠤ᠂ ᠤᠤᠯ ᠳᠤ ᠪᠠᠨ ᠤᠯᠠᠭᠠᠨᠴᠠᠪ ᠠᠶᠢᠮᠠᠭ ᠤᠨ ᠡᠷᠡᠭᠦᠯ ᠬᠠᠮᠠᠭᠠᠯᠠᠯ ᠤᠨ

ᠰᠤᠷᠭᠠᠭᠤᠯᠢ ᠭᠡᠵᠦ ᠨᠡᠷᠡᠶᠢᠳᠴᠦ᠂ 2009 ᠣᠨ ᠳᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ

ᠪᠣᠯᠵᠠᠢ᠃ ᠰᠤᠷᠭᠠᠭᠤᠯᠢ ᠨᠢ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠲᠤ

ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷᠢ ᠶᠢᠨ ᠭᠠᠭᠴᠠ ᠠᠯᠪᠠᠨ ᠠᠴᠠ

ᠡᠷᠭᠢᠯᠡᠭᠰᠡᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠣᠯᠤᠨ᠎ᠠ᠃

ᠰᠤᠷᠭᠠᠭᠤᠯᠢ ᠶᠢᠨ ᠶᠡᠷᠦᠩᠬᠡᠢ  ᠵᠠᠬᠢᠷᠭ᠎ᠠ᠂ ᠬᠠᠷᠢᠶᠠᠲᠤ ᠡᠮᠨᠡᠯᠭᠡ ᠶᠢᠨ ᠬᠤᠷᠢᠶ᠎ᠠ ᠭᠡᠬᠦ ᠬᠤᠶᠠᠷ ᠬᠡᠰᠡᠭ ᠢᠶᠠᠷ

ᠪᠦᠷᠢᠯᠳᠦᠵᠦ᠂ ᠡᠩ ᠤᠨ ᠲᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠢᠶᠠᠷ ᠭᠤᠣᠯᠯᠠᠭᠤᠯᠵᠤ᠂ ᠲᠠᠪᠤᠨ ᠵᠢᠯ ᠤᠨ

ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ

ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠥᠷᠭᠡᠳᠬᠡᠨ ᠡᠯᠰᠡᠭᠰᠡᠨ ᠰᠤᠷᠭᠠᠨ ᠬᠥᠮᠦᠵᠢᠯ ᠪᠠ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠷ ᠬᠠᠪᠰᠤᠷᠤᠮᠵᠢ ᠪᠣᠯᠭᠠᠵᠤ᠂ ᠠᠵᠢᠯ ᠮᠡᠷᠭᠡᠵᠢᠯ ᠤᠨ ᠪᠣᠯᠪᠠᠰᠤᠷᠠᠯ ᠢ

ᠬᠠᠮᠲᠤ ᠳᠤ ᠨᠢ ᠬᠠᠷᠠᠭᠠᠯᠵᠠᠵᠤ᠂ ᠤᠯᠠᠨ ᠲᠤᠰᠬᠠᠢ ᠮᠡᠷᠭᠡᠵᠢᠯ᠂ ᠤᠯᠠᠨ ᠲᠡᠰ ᠳᠠᠪᠬᠤᠷᠭ᠎ᠠ᠂ ᠤᠯᠠᠨ ᠡᠰᠢᠴᠢᠯᠡᠭᠰᠡᠨ

ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠪᠣᠯᠤᠨ᠎ᠠ᠃

     ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ

ᠪᠠᠶᠢᠭᠤᠯᠤᠭᠳᠠᠭᠰᠠᠨ 60 ᠭᠠᠷᠤᠶ ᠵᠢᠯ ᠳᠤ᠂ ᠰᠤᠷᠭᠠᠭᠤᠯᠢ ᠶᠢᠨ ᠶᠡᠷᠦᠩᠬᠡᠶ ᠲᠠᠯᠠᠪᠠᠶ 35 ᠲᠦᠮᠡᠨ ᠲᠡᠭᠰᠢ

ᠳᠥᠷᠪᠡᠯᠵᠢᠨ ᠮᠧᠲᠷ ᠲᠤ ᠬᠦᠷᠴᠦ᠂ ᠰᠤᠷᠭᠠᠭᠤᠯᠢ ᠳᠤ ᠣᠲᠣ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ

ᠪᠠᠶᠢᠭ᠎ᠠ ᠰᠣᠷᠣᠭᠴᠢ 6500᠂ ᠲᠤᠰᠬᠠᠶ ᠪᠠᠭᠰᠢ 280᠂ ᠳᠡᠭᠡᠳᠦ ᠳᠡᠰ ᠤᠨ ᠮᠡᠷᠭᠡᠵᠢᠯ ᠤᠨ ᠴᠤᠯᠠᠲᠠᠢ ᠪᠠᠭᠰᠢ

120᠂ ᠬᠤᠤᠰ ᠮᠡᠷᠭᠡᠵᠢᠯ ᠤᠨ ᠪᠠᠭᠰᠢ 75᠂ ᠮᠠᠰᠲ᠋ᠧᠷ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠭᠰᠢ 97

ᠪᠣᠶ᠃ ᠪᠠᠭᠰᠢ ᠶᠢᠨ ᠡᠩᠨᠡᠭᠡᠨ ᠳᠤ ᠪᠥᠬᠦ ᠤᠯᠤᠰ ᠤᠨ ᠰᠢᠯᠭᠠᠷᠠᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠪᠥᠬᠦ

ᠤᠯᠤᠰ ᠤᠨ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠡᠷᠡᠭᠦᠯ ᠮᠡᠨᠳᠦ ᠪᠠ ᠨᠡᠶᠢᠭᠡᠮ ᠤᠨ

ᠬᠠᠷᠠᠭᠠᠯᠵᠠᠨ ᠠᠰᠠᠷᠠᠬᠤ ᠲᠥᠰᠦᠯ︾ ᠤᠨ ᠬᠢᠨᠠᠭᠴᠢ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ  ᠵᠢᠭᠠᠨ

ᠰᠤᠷᠭᠠᠯᠲᠠ ᠶᠢᠨ ᠨᠠᠷᠠᠲᠤ ᠪᠠᠭᠰᠢ᠂ ᠵᠢᠭᠠᠨ ᠰᠤᠷᠭᠠᠯᠲᠠ ᠶᠢᠨ ᠪᠦᠯᠬᠦᠮ ᠨᠡᠶᠢᠲᠡ᠂ ᠲᠤᠰᠬᠠᠶ ᠮᠡᠷᠭᠡᠵᠢᠯ ᠤᠨ

ᠳᠠᠭᠠᠭᠤᠯᠤᠭᠴᠢ ᠵᠡᠷᠭᠡ ᠪᠣᠶ᠃

     ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠨᠢ

ᠠᠰᠠᠷᠠᠨ ᠰᠤᠪᠢᠯᠠᠬᠤ᠂ ᠡᠬᠡ ᠪᠠᠷᠢᠬᠤ᠂ ᠡᠮᠴᠢᠯᠡᠭᠡᠨ ᠤ ᠠᠨᠠᠭᠠᠬᠤ ᠤᠬᠠᠭᠠᠨ᠂ ᠠᠨᠠᠭᠠᠬᠤ ᠤᠬᠠᠭᠠᠨ ᠤ ᠰᠡᠭᠦᠳᠡᠷᠯᠡᠬᠦ

ᠮᠡᠷᠭᠡᠵᠢᠯ᠂ ᠬᠠᠷᠠᠭᠠᠨ ᠰᠡᠷᠡᠯ ᠤᠨ ᠬᠡᠷᠡᠯ ᠤᠨ ᠮᠡᠷᠭᠡᠵᠢᠯ᠂ ᠬᠢᠲᠠᠳ ᠠᠨᠠᠭᠠᠬᠤ ᠤᠬᠠᠭᠠᠨ᠂ ᠮᠣᠩᠭᠤᠯ ᠠᠨᠠᠭᠠᠬᠤ

ᠤᠬᠠᠭᠠᠨ᠂ ᠡᠷᠡᠭᠦᠯᠵᠢᠭᠦᠯᠬᠦ ᠡᠮᠴᠢᠯᠡᠭᠡᠨ ᠤ ᠮᠡᠷᠭᠡᠵᠢᠯ᠂ ᠡᠮ ᠤᠨ ᠤᠬᠠᠭᠠᠨ᠂ ᠠᠨᠠᠭᠠᠬᠤ ᠤᠬᠠᠭᠠᠨ ᠤ ᠰᠢᠯᠭᠠᠨ

ᠪᠠᠶᠢᠴᠠᠭᠠᠬᠤ ᠮᠡᠷᠭᠡᠵᠢᠯ᠂ ᠡᠮ ᠤᠨ ᠵᠦᠢᠯ ᠤᠨ ᠡᠵᠡᠩᠨᠡᠯᠲᠡ ᠪᠠ ᠬᠠᠮᠢᠶᠠᠷᠤᠯᠲᠠ ᠵᠡᠷᠭᠡ 11 ᠲᠤᠰᠬᠠᠶ ᠮᠡᠷᠭᠡᠵᠢᠯ ᠢ

ᠨᠡᠭᠡᠭᠡᠭᠰᠡᠨ ᠪᠠᠶᠢᠨ᠎ᠠ᠃ ᠰᠤᠪᠢᠯᠠᠬᠤ ᠲᠤᠰᠬᠠᠶ ᠮᠡᠷᠭᠡᠵᠢᠯ ᠪᠣᠯ ᠰᠤᠷᠭᠠᠭᠤᠯᠢ ᠶᠢᠨ ᠭᠤᠣᠯᠳᠠᠯᠭᠠᠲᠠᠢ ᠲᠤᠰᠬᠠᠶ ᠮᠡᠷᠭᠡᠵᠢᠯ᠂

ᠡᠷᠡᠭᠦᠯᠵᠢᠭᠦᠯᠬᠦ ᠡᠮᠴᠢᠯᠡᠭᠡᠨ ᠤ ᠮᠡᠷᠭᠡᠵᠢᠯ ᠤᠨ ᠲᠤᠰᠬᠠᠶ ᠮᠡᠷᠭᠡᠵᠢᠯ ᠪᠣᠯ ᠥᠪᠡᠷᠲᠡᠭᠡᠨ ᠵᠠᠰᠠᠬᠤ ᠣᠷᠣᠨ ᠤ

ᠭᠤᠤᠯᠯᠠᠭᠴᠢ ᠲᠤᠰᠬᠠᠶ ᠮᠡᠷᠭᠡᠵᠢᠯ᠂ ᠮᠣᠩᠭᠤᠯ ᠡᠮᠨᠡᠯᠭᠡ ᠶᠢᠨ ᠲᠤᠰᠬᠠᠶ ᠮᠡᠷᠭᠡᠵᠢᠯ ᠪᠣᠯ ᠣᠨᠴᠠᠯᠢᠭᠲᠤ ᠲᠤᠰᠬᠠᠶ

ᠮᠡᠷᠭᠡᠵᠢᠯ ᠪᠣᠯᠤᠨ᠎ᠠ᠃ ︽ᠡᠬᠡ ᠨᠢᠯᠬᠠᠰ ᠤᠨ ᠰᠤᠪᠢᠯᠠᠯᠲᠠ︾᠂ ︽ᠨᠠᠰᠤᠲᠠᠶᠢᠴᠤᠳ ᠢ ᠬᠠᠷᠠᠭᠠᠯᠵᠠᠨ ᠠᠰᠠᠷᠠᠬᠤ︾ ᠪᠠ

︽ᠬᠥᠳᠡᠯᠭᠡᠭᠡᠨ ᠪᠠ ᠰᠢᠮ᠎ᠡ ᠲᠡᠵᠢᠭᠡᠯ ᠤᠨ ᠵᠥᠪᠯᠡᠯᠭᠡ ᠪᠠ ᠵᠢᠯᠣᠭᠤᠳᠬᠤ ᠤᠷ᠎ᠠ ᠴᠢᠳᠠᠪᠤᠷᠢ︾ ᠨᠢ ᠰᠤᠷᠭᠠᠨ

ᠬᠥᠮᠦᠵᠢᠯ ᠤᠨ ᠶᠠᠮᠤᠨ ᠤ ︽1 + x︾ ᠠᠵᠢᠯ ᠮᠡᠷᠭᠡᠵᠢᠯ ᠤᠨ ᠴᠢᠳᠠᠪᠤᠷᠢ ᠶᠢᠨ ᠳᠡᠰ ᠤᠨ ᠰᠢᠯᠭᠠᠯᠲᠠ ᠶᠢᠨ ᠰᠠᠭᠤᠷᠢᠨ᠂

ᠰᠤᠷᠭᠠᠭᠤᠯᠢ ᠨᠢ ᠤᠯᠠᠭᠠᠨᠴᠠᠪ ᠬᠤᠲᠠ ᠶᠢᠨ ᠤᠯᠤᠰ ᠤᠨ ᠠᠵᠢᠯ ᠡᠷᠭᠢᠯᠡᠬᠦ ᠡᠮᠴᠢ ᠶᠢᠨ ᠦᠢᠯᠡᠳᠦᠯᠭᠡ ᠶᠢᠨ ᠴᠢᠳᠠᠪᠤᠷᠢ

 ᠶᠢ ᠬᠢᠨᠠᠨ ᠰᠢᠯᠭᠠᠬᠤ ᠰᠠᠭᠤᠷᠢᠨ᠂ ᠤᠯᠠᠭᠠᠨᠴᠠᠪ ᠬᠤᠲᠠ ᠶᠢᠨ ᠠᠵᠢᠯ ᠲᠥᠷᠥᠯ ᠤᠨ ᠠᠵᠢᠯ ᠮᠡᠷᠭᠡᠵᠢᠯ ᠤᠨ

ᠴᠢᠳᠠᠪᠤᠷᠢ ᠶᠢᠨ ᠤᠷᠤᠯᠳᠤᠭᠠᠨ ᠤ ᠰᠠᠭᠤᠷᠢᠨ ᠭᠠᠵᠠᠷ ᠪᠣᠯᠤᠨ᠎ᠠ᠃

     ᠬᠠᠷᠢᠶᠠᠲᠤ ᠡᠮᠨᠡᠯᠭᠡ ᠶᠢᠨ ᠬᠤᠷᠢᠶ᠎ᠠ ᠪᠣᠯ ᠡᠮᠴᠢᠯᠡᠭᠡ᠂ ᠵᠢᠭᠠᠨ ᠰᠤᠷᠭᠠᠯᠲᠠ ᠶᠢ ᠨᠢᠭᠡ ᠴᠣᠭᠴᠠᠵᠢᠭᠤᠯᠤᠭᠰᠠᠨ

ᠬᠤᠶᠠᠳᠤᠭᠠᠷ ᠳᠡᠰ ᠤᠨ ᠬᠥᠬᠡ  ᠲᠡᠰ ᠤᠨ ᠡᠮᠨᠡᠯᠭᠡ ᠶᠢᠨ ᠬᠤᠷᠢᠶ᠎ᠠ᠂ ᠡᠮᠨᠡᠯᠭᠡ ᠶᠢᠨ ᠬᠤᠷᠢᠶᠠᠨ ᠤ ᠡᠵᠡᠯᠡᠬᠦ ᠲᠠᠯᠠᠪᠠᠶ ᠨᠢ

2 . 7 ᠲᠦᠮᠡᠨ ᠲᠡᠭᠰᠢ ᠳᠥᠷᠪᠡᠯᠵᠢᠨ ᠮᠧᠲᠷ᠂ ᠭᠡᠷ ᠪᠠᠷᠢᠯᠭ᠎ᠠ ᠶᠢᠨ ᠲᠠᠯᠠᠪᠠᠶ ᠨᠢ 1 . 28 ᠲᠦᠮᠡᠨ ᠲᠡᠭᠰᠢ

ᠳᠥᠷᠪᠡᠯᠵᠢᠨ ᠮᠧᠲᠷ᠂ ᠡᠪᠡᠳᠴᠢᠲᠡᠨ ᠤ ᠣᠷᠣ 200 ᠪᠣᠢ᠃ ᠤᠳᠤ ᠠᠵᠢᠯᠳᠠᠨ ᠠᠵᠢᠯᠴᠢᠨ 237 ᠪᠠᠶᠢᠵᠤ᠂

ᠡᠭᠦᠨ ᠳᠤ ᠳᠡᠳ᠋ ᠳᠡᠭᠡᠳᠦ ᠳᠡᠰ ᠤᠨ ᠮᠡᠷᠭᠡᠵᠢᠯ ᠤᠨ ᠴᠣᠯᠠ ᠠᠴᠠ ᠳᠡᠭᠡᠭᠰᠢᠬᠢ ᠮᠡᠷᠭᠡᠵᠢᠯ ᠤᠨ ᠴᠤᠯᠠᠲᠠᠢ ᠪᠠᠭᠰᠢ 50

ᠪᠤᠢ᠃ ᠡᠮᠨᠡᠯᠭᠡ ᠶᠢᠨ ᠬᠤᠷᠢᠶᠠᠨ ᠳᠤ ᠶᠠᠰᠤᠨ ᠤ ᠰᠠᠯᠠᠭ᠎ᠠ᠂ ᠬᠠᠯᠠᠭᠠᠭᠰᠠᠨ ᠰᠢᠷᠬ᠎ᠠ᠂ ᠳᠣᠲᠣᠷ ᠰᠠᠯᠠᠭ᠎ᠠ᠂ ᠡᠬᠡ ᠪᠠᠷᠢᠬᠤ᠂

ᠡᠩ ᠤᠨ ᠭᠠᠳᠠᠷ ᠰᠠᠯᠠᠭ᠎ᠠ᠂ ᠲᠠᠪᠤᠨ ᠡᠷᠬᠡᠲᠡᠨ ᠤ ᠰᠠᠯᠠᠭ᠎ᠠ ᠵᠡᠷᠭᠡ 23 ᠡᠮᠴᠢᠯᠡᠭᠡ᠂ ᠡᠮᠴᠢᠯᠡᠭᠡᠨ ᠤ ᠮᠡᠷᠭᠡᠵᠢᠯ ᠤᠨ

ᠰᠠᠯᠠᠭ᠎ᠠ ᠲᠠᠰᠤᠭ ᠢ ᠲᠣᠬᠢᠷᠠᠭᠤᠯᠵᠤ᠂ ᠡᠭᠦᠨ ᠳᠤ ᠶᠠᠰᠤᠨ ᠤ ᠰᠠᠯᠠᠭ᠎ᠠ᠂ ᠬᠠᠯᠠᠭᠠᠭᠰᠠᠨ ᠰᠢᠷᠬ᠎ᠠ᠂ ᠡᠮᠡᠭᠲᠡᠶ ᠶᠢᠨ

ᠰᠠᠯᠠᠭ᠎ᠠ ᠨᠢ ᠪᠦᠬᠦ ᠬᠤᠲᠠ ᠳᠤ ᠨᠡᠷ᠎ᠡ ᠠᠯᠳᠠᠷᠰᠢᠭᠰᠠᠨ ᠪᠠᠶᠢᠨ᠎ᠠ᠃

     ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠨᠢ

ᠨᠡᠭᠡᠭᠡᠯᠲᠡᠲᠦ ᠰᠤᠷᠭᠠᠭᠤᠯᠢ ᠡᠷᠭᠢᠯᠡᠬᠦ᠂ ᠡᠮᠴᠢᠯᠡᠭᠡ ᠪᠠ ᠰᠤᠷᠭᠠᠨ ᠬᠥᠮᠦᠵᠢᠯ ᠢ ᠠᠭᠤᠰᠠᠬᠬᠤ᠂ ᠰᠤᠷᠭᠠᠭᠤᠯᠢ ᠪᠠ ᠠᠵᠤ

ᠠᠬᠤᠶᠢᠯᠠᠯ ᠬᠠᠮᠲᠤᠷᠠᠬᠤ᠂ ᠵᠣᠬᠢᠴᠠᠭᠤᠯᠤᠨ ᠬᠥᠮᠦᠨ ᠢ ᠬᠥᠮᠦᠵᠢᠭᠦᠯᠬᠦ ᠰᠤᠷᠭᠠᠭᠤᠯᠢ ᠡᠷᠭᠢᠯᠡᠬᠦ ᠣᠨᠣᠯᠵᠢᠬᠤᠨ ᠢ

ᠢᠮᠠᠭᠲᠠ ᠪᠠᠷᠢᠮᠲᠠᠯᠠᠵᠤ᠂ ᠤᠯᠠᠭᠠᠨ ᠭᠤᠸᠠᠵᠢᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠠᠴᠠ

ᠰᠤᠷᠭᠠᠭᠤᠯᠢ ᠳᠤ ᠪᠣᠯᠪᠠᠰᠤᠷᠠᠭᠤᠯᠤᠯ ᠬᠢᠬᠦ᠂ ᠠᠵᠢᠯ ᠣᠯᠭᠤᠯᠲᠠ ᠶᠢ ᠠᠬᠢᠭᠤᠯᠬᠤ᠂ ᠬᠡᠷ ᠤᠨ ᠶᠠᠪᠤᠳᠠᠯ ᠡᠷᠭᠢᠯᠡᠬᠦ ᠶᠢ

ᠨᠠᠶᠢᠳᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠳᠡᠰ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ

ᠭᠠᠵᠠᠷ ᠪᠣᠯᠤᠨ᠎ᠠ᠃ ᠪᠡᠭᠡᠵᠢᠩ᠂ ᠲᠢᠶᠠᠨᠵᠢᠨ᠂ ᠬᠥᠬᠡᠬᠤᠲᠠ ᠵᠡᠷᠭᠡ ᠣᠷᠣᠨ ᠤ ᠳᠣᠲᠣᠷ᠎ᠠ ᠭᠠᠳᠠᠨᠠᠬᠢ 30 ᠭᠠᠷᠤᠶ

ᠠᠵᠢᠯ ᠲᠥᠷᠥᠯ ᠤᠨ ᠡᠮᠨᠡᠯᠭᠡ ᠶᠢᠨ ᠬᠤᠷᠢᠶ᠎ᠠ ᠯᠤᠭ᠎ᠠ ᠤᠷᠲᠤ ᠬᠤᠭᠤᠴᠠᠭᠠᠨ ᠤ ᠲᠣᠭᠲᠠᠭᠤᠨ ᠬᠤᠷᠰᠢᠶᠠᠯᠠᠬᠤ

ᠬᠠᠷᠢᠴᠠᠭ᠎ᠠ ᠶᠢ ᠪᠠᠶᠢᠭᠤᠯᠪᠠ᠃ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ  ᠬᠤᠷᠢᠶᠠᠨ ᠤ ᠬᠠᠷᠢᠶᠠᠲᠤ ᠡᠷᠡᠭᠦᠯ

ᠬᠠᠮᠠᠭᠠᠯᠠᠯ ᠤᠨ ᠰᠤᠷᠭᠠᠭᠤᠯᠢ ᠯᠤᠭ᠎ᠠ ᠠᠨᠠᠭᠠᠬᠤ ᠤᠬᠠᠭᠠᠨ ᠤ ᠰᠡᠭᠦᠳᠡᠷᠯᠡᠬᠦ ᠮᠡᠷᠭᠡᠵᠢᠯ ᠤᠨ ᠬᠠᠮᠲᠤᠷᠠᠨ ᠰᠤᠷᠭᠠᠭᠤᠯᠢ

ᠡᠷᠭᠢᠯᠡᠬᠦ ᠶᠢ ᠥᠷᠨᠢᠭᠦᠯᠵᠦ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠥᠪᠥᠷ

ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂

ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠰᠤᠷᠭᠠᠭᠤᠯᠢ ᠯᠤᠭ᠎ᠠ ᠬᠠᠮᠲᠤᠷᠠᠨ

ᠠᠵᠢᠯᠯᠠᠵᠤ᠂ 11 ᠲᠤᠰᠬᠠᠶ ᠮᠡᠷᠭᠡᠵᠢᠯ ᠠᠴᠠ ᠲᠡᠭᠦᠰᠦᠭᠰᠡᠳ ᠨᠥᠬᠦᠴᠡᠯ ᠳᠤ ᠨᠡᠶᠢᠴᠡᠪᠡᠯ ᠴᠥᠮ ᠲᠤᠰᠬᠠᠶ

ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠦ ᠰᠢᠯᠭᠠᠯᠲᠠ ᠳᠤ ᠣᠷᠣᠯᠴᠠᠵᠤ᠂ ᠬᠢᠷᠢ ᠲᠡᠩᠴᠡᠪᠡᠯ ᠬᠤᠷᠰᠢᠶᠠᠯᠠᠭᠰᠠᠨ

ᠳᠡᠭᠡᠳᠦ ᠰᠤᠷᠭᠠᠭᠤᠯᠢ ᠳᠤ ᠳᠡᠪᠰᠢᠭᠦᠯᠦᠨ ᠵᠢᠩᠬᠢᠨᠢ ᠠᠩᠭᠢ ᠳᠤ ᠰᠤᠷᠤᠯᠴᠠᠭᠤᠯᠤᠨ᠎ᠠ᠃ ᠣᠶᠢᠷ᠎ᠠ ᠶᠢᠨ ᠭᠤᠷᠪᠠᠨ

ᠵᠢᠯ ᠳᠤ ᠲᠡᠭᠦᠰᠦᠭᠰᠡᠳ ᠤᠨ ᠨᠢᠭᠡ ᠯᠡ ᠤᠳᠠᠭᠠᠨ ᠤ ᠠᠵᠢᠯ ᠣᠯᠭᠤᠯᠲᠠ ᠶᠢᠨ ᠨᠣᠷᠮ᠎ᠠ 85 % ᠶᠢ ᠳᠠᠪᠠᠪᠠ᠃

     ᠢᠷᠡᠭᠡᠳᠦᠢ ᠳᠤ ᠬᠠᠨᠳᠤᠵᠤ᠂ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ

ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ

ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠪᠡ᠃ ︽ᠵᠣᠷᠢᠭ

ᠰᠢᠭᠤᠳᠬᠤ᠂ ᠨᠠᠷᠢᠯᠢᠭ ᠡᠮᠨᠡᠬᠦ᠂ ᠶᠣᠰᠣ ᠰᠤᠷᠲᠠᠬᠤᠨ ᠢ ᠬᠥᠮᠥᠵᠢᠭᠦᠯᠬᠦ᠂ ᠰᠢᠨ᠎ᠡ ᠶᠢ ᠡᠭᠦᠳᠬᠦ︾ ᠰᠤᠷᠭᠠᠭᠤᠯᠢ ᠶᠢᠨ

ᠰᠤᠷᠭᠠᠯ ᠢ ᠦᠷᠭᠦᠯᠵᠢᠯᠡᠨ ᠪᠠᠳᠠᠷᠠᠭᠤᠯᠵᠤ᠂ ︽ᠬᠠᠷᠠᠮᠰᠠᠯ ᠥᠬᠡᠶ ᠰᠣᠩᠭᠤᠯᠲᠠ᠂ ᠴᠥᠬᠦᠷᠡᠰᠢ ᠥᠬᠡᠶ ᠴᠢᠷᠮᠠᠶᠢᠯᠲᠠ︾ ᠭᠡᠬᠦ

ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠡᠭᠦᠳᠡ ᠪᠠᠨ ᠨᠡᠭᠡᠭᠡᠵᠦ

ᠰᠤᠷᠭᠠᠭᠤᠯᠢ ᠡᠷᠭᠢᠯᠡᠬᠦ᠂ ᠠᠭᠤᠯᠤᠭᠳᠠᠬᠤᠨ ᠤ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠴᠢᠳᠠᠪᠤᠷᠢᠲᠠᠨ ᠢᠶᠠᠷ

ᠰᠤᠷᠭᠠᠭᠤᠯᠢ ᠪᠠᠨ ᠬᠦᠴᠦᠷᠬᠡᠭᠵᠢᠭᠦᠯᠬᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠢᠶᠠᠷ

ᠰᠤᠷᠭᠠᠭᠤᠯᠢ ᠪᠠᠨ ᠮᠠᠨᠳᠤᠭᠤᠯᠬᠤ ᠢᠨᠵᠧᠨᠧᠷᠢᠩ ᠢ ᠭᠦᠨᠵᠡᠭᠡᠶ ᠠᠬᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂

ᠲᠤᠰᠬᠠᠶ ᠮᠡᠷᠭᠡᠵᠢᠯ ᠤᠨ ᠠᠭᠤᠯᠤᠭᠳᠠᠬᠤᠨ ᠤ ᠪᠠᠶᠢᠭᠤᠯᠤᠯᠲᠠ ᠪᠠ ᠳᠣᠲᠣᠭᠠᠳᠤ ᠶᠢᠨ ᠬᠠᠮᠢᠶᠠᠷᠤᠯᠲᠠ ᠶᠢ

ᠳᠡᠭᠡᠭᠰᠢᠯᠡᠭᠦᠯᠬᠦ ᠶᠢ ᠶᠡᠭᠡ ᠪᠠᠷ ᠴᠢᠩᠭᠠᠳᠬᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠡᠮ

ᠡᠮᠨᠡᠯᠭᠡ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶ ᠥᠷᠨᠢᠭᠦᠯᠵᠦ᠂ ᠣᠷᠣᠨ ᠨᠤᠲᠤᠭ ᠤᠨ ᠠᠵᠤ ᠠᠬᠤᠶ

ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠦᠢᠯᠡᠴᠢᠯᠡᠪᠡ᠃ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠮᠡᠬᠡᠶᠢᠯᠡᠨ

ᠤᠷᠤᠭᠰᠢᠯᠠᠵᠤ᠂ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂

ᠰᠤᠷᠭᠠᠭᠤᠯᠢ ᠶᠢᠨ ᠬᠥᠭᠵᠢᠯᠲᠡ ᠪᠠ ᠪᠥᠲᠥᠭᠡᠨ ᠪᠠᠶᠢᠭᠤᠯᠤᠯᠲᠠ ᠶᠢᠨ ᠰᠢᠨ᠎ᠡ ᠬᠡᠷᠡᠯ ᠰᠠᠴᠤᠷᠠᠩᠭᠤᠶ ᠠᠮᠵᠢᠯᠲᠠ ᠶᠢ

ᠴᠢᠷᠮᠠᠶᠢᠨ ᠡᠭᠦᠳᠴᠦ ᠪᠠᠶᠢᠨ᠎ᠠ᠃    

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map