ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠳᠠᠭᠤᠤ︾ ᠬᠠᠩᠭᠢᠨᠠᠨᠠᠮ
ᠨᠡᠶᠢᠲᠡᠯᠡᠭᠰᠡᠨ ᠴᠠᠭ᠄
2021/7/1
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      —︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠳᠠᠭᠤᠤ︾       ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠥᠪᠥᠷ ᠮᠣᠩᠭᠤᠯ ᠤᠨ ᠴᠠᠭᠳᠠᠭ᠎ᠠ ᠶᠢᠨ ᠪᠣᠯᠪᠠᠰᠤᠷᠠᠯ ᠤᠨ ᠶᠡᠷᠦᠩᠬᠡᠶ ᠠᠩᠭᠢ︶ ᠨᠢ ᠤᠮᠠᠷᠠᠲᠤ ᠬᠢᠯᠢ ᠶᠢᠨ ᠳᠣᠲᠣᠭᠠᠳᠤ ᠶᠢ ᠬᠠᠮᠠᠭᠠᠯᠠᠭᠴᠢᠳ ᠤᠨ ᠥᠯᠥᠭᠡᠶ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠴᠣᠷᠢ ᠶᠢᠨ ᠭᠠᠭᠴᠠ ᠳᠣᠲᠣᠭᠠᠳᠤ ᠶᠢ ᠬᠠᠮᠠᠭᠠᠯᠠᠬᠤ ᠤᠯᠤᠰ ᠲᠥᠷᠥ ᠬᠠᠤᠯᠢ ᠴᠠᠭᠠᠵᠠ ᠶᠢᠨ ᠲᠥᠷᠥᠯ ᠤᠨ ᠳᠡᠭᠡᠳᠦ ᠰᠤᠷᠭᠠᠭᠤᠯᠢ ᠪᠣᠯᠤᠨ᠎ᠠ᠂ ᠳᠣᠲᠣᠭᠠᠳᠤ ᠶᠢ ᠬᠠᠮᠠᠭᠠᠯᠠᠬᠤ ᠴᠤᠪᠤᠷᠠᠯ ᠳᠤ ᠵᠢᠭᠰᠠᠭᠠᠭᠳᠠᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠣᠳᠠᠲᠤ ᠬᠡᠷᠡᠭᠯᠡᠭᠡᠨ ᠤ ᠬᠡᠯᠪᠡᠷᠢᠲᠦ ᠴᠢᠳᠠᠪᠤᠷᠢᠲᠠᠨ ᠤ ᠬᠥᠮᠥᠵᠢᠭᠦᠯᠦᠯ᠂ ᠲᠤᠰᠢᠶᠠᠯ ᠳᠤ ᠪᠠᠶᠢᠭ᠎ᠠ ᠠᠷᠠᠳ ᠤᠨ ᠴᠠᠭᠳᠠᠭᠠᠨ ᠤ ᠪᠣᠯᠪᠠᠰᠤᠷᠠᠭᠤᠯᠤᠯ᠂ ᠳᠣᠲᠣᠭᠠᠳᠤ ᠶᠢ  ᠬᠠᠮᠠᠭᠠᠯᠠᠬᠤ ᠣᠨᠣᠯ ᠤᠨ ᠰᠤᠳᠤᠯᠭᠠᠨ ᠪᠠ ᠴᠢᠬᠤᠯᠠ ᠶᠡᠭᠡ ᠠᠮᠤᠷ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠡᠭᠦᠷᠭᠡ ᠴᠢᠳᠠᠮᠵᠢ ᠶᠢ ᠡᠭᠦᠷᠭᠡᠯᠡᠵᠦ ᠪᠠᠶᠢᠨ᠎ᠠ᠃ ᠰᠤᠷᠭᠠᠭᠤᠯᠢ ᠶᠢᠨ  ᠪᠠᠭᠰᠢ ᠠᠵᠢᠯᠲᠠᠨ ᠠᠵᠢᠯᠴᠢᠨ᠂ ᠡᠳ᠋ ᠤᠨ ᠵᠠᠰᠠᠭ᠂ ᠪᠣᠳᠠᠰ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠬᠠᠮᠢᠶᠠᠷᠴᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠲᠤᠬᠠᠶᠢᠯᠠᠭᠰᠠᠨ ᠠᠵᠢᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠠᠮᠢᠶᠠᠷᠤᠨ᠎ᠠ᠃

     ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ 1948 ᠣᠨ ᠳᠤ

ᠪᠠᠶᠢᠭᠤᠯᠤᠭᠳᠠᠪᠠ᠃ ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠭᠠᠰᠢᠬᠢ 73 ᠵᠢᠯ ᠤᠨ ᠲᠤᠷᠰᠢ᠂ ᠢᠮᠠᠭᠲᠠ

ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ︽ᠤᠯᠤᠰ ᠲᠥᠷᠥ ᠪᠠᠷ ᠴᠠᠭᠳᠠᠭ᠎ᠠ ᠬᠥᠮᠥᠵᠢᠭᠦᠯᠬᠦ᠂ ᠤᠯᠤᠰ ᠲᠥᠷᠥ ᠪᠠᠷ

ᠰᠤᠷᠭᠠᠭᠤᠯᠢ ᠪᠠᠶᠢᠭᠤᠯᠬᠤ︾ ᠴᠢᠭᠯᠡᠯᠲᠡ ᠶᠢ ᠪᠠᠷᠢᠮᠲᠠᠯᠠᠵᠤ᠂ ︽ᠦᠨᠡᠨᠴᠢ ᠰᠢᠳᠤᠷᠭᠤ᠂ ᠰᠢᠷᠭᠠᠭᠤ ᠬᠠᠲᠠᠭᠤᠵᠢᠯᠲᠠᠶ᠂

ᠪᠥᠯᠬᠦᠮᠳᠡᠯᠲᠡᠢ᠂ ᠬᠤᠪᠢ ᠨᠡᠮᠡᠷᠢ ᠦᠵᠡᠭᠦᠯᠬᠦ︾ ᠰᠤᠷᠭᠠᠭᠤᠯᠢ ᠶᠢᠨ ᠰᠤᠷᠭᠠᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂

ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠡᠷᠡᠰ

ᠨᠠᠶᠢᠳᠠᠪᠤᠷᠢᠵᠢᠭᠤᠯᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠴᠢᠳᠠᠮᠵᠢ ᠶᠢ ᠭᠦᠢᠴᠡᠳ

ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠰᠤᠷᠤᠯᠭ᠎ᠠ ᠶᠢᠨ ᠨᠠᠮᠲᠠᠷ ᠤᠨ ᠬᠥᠮᠦᠵᠢᠯ ᠪᠠ ᠠᠵᠢᠯ ᠤᠨ ᠪᠠᠶᠢᠷᠢ ᠳᠤ

ᠪᠠᠶᠢᠭ᠎ᠠ ᠠᠷᠠᠳ ᠤᠨ ᠴᠠᠭᠳᠠᠭᠠᠨ ᠤ ᠪᠣᠯᠪᠠᠰᠤᠷᠠᠭᠤᠯᠤᠯ ᠢᠶᠠᠷ ᠬᠥᠳᠡᠯᠭᠡᠭᠦᠷ ᠪᠣᠯᠭᠠᠬᠤ ᠶᠢ ᠬᠡᠷᠡᠭᠵᠢᠭᠦᠯᠵᠦ᠂ ︽ᠵᠢᠭᠠᠬᠤ᠂

ᠰᠤᠷᠬᠤ᠂ ᠪᠣᠯᠪᠠᠰᠤᠷᠠᠬᠤ᠂ ᠤᠷᠤᠭᠰᠢᠯᠠᠬᠤ︾ ᠶᠢ ᠨᠢᠭᠡ ᠴᠣᠭᠴᠠᠵᠢᠭᠤᠯᠤᠭᠰᠠᠨ ᠬᠥᠮᠦᠵᠢᠭᠦᠯᠬᠦ ᠬᠡᠪ ᠵᠠᠭᠪᠤᠷ ᠢ

ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ

ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠣᠷᠣᠰ᠂ ᠮᠣᠩᠭᠤᠯ ᠤᠯᠤᠰ ᠯᠤᠭ᠎ᠠ ᠣᠯᠠᠨ ᠤᠯᠤᠰ ᠤᠨ ᠴᠠᠭᠳᠠᠭᠠᠨ

 ᠤ ᠶᠠᠪᠤᠳᠠᠯ ᠤᠨ ᠵᠢᠭᠠᠨ ᠰᠤᠷᠭᠠᠯᠲᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠪᠡ᠃ ᠤᠯᠠᠨ ᠵᠢᠯ ᠤᠨ

ᠲᠤᠷᠰᠢ᠂ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠹᠷᠣᠨᠲ ᠲᠤ 8 ᠲᠦᠮᠡ

ᠭᠠᠷᠤᠢ ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ

ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠳᠤ ᠴᠢᠳᠠᠪᠤᠷᠢᠲᠠᠨ ᠤ ᠪᠠᠲᠤᠯᠠᠭ᠎ᠠ ᠪᠠ ᠤᠶᠤᠨ ᠤ ᠲᠤᠯᠭᠠᠭᠤᠷᠢᠯᠠᠯ ᠢ

ᠬᠠᠩᠭᠠᠪᠠ᠃

     ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠳᠡᠳ᠋ ᠲᠢᠩᠬᠢᠮ ᠤᠨ

ᠲᠠᠰ ᠤᠨ ᠪᠠᠶᠢᠭᠤᠯᠤᠮᠵᠢ ᠪᠣᠯᠤᠨ᠎ᠠ᠂ ᠳᠣᠲᠣᠭᠠᠳᠤ ᠳᠤ ᠪᠠᠨ ᠵᠢᠩᠬᠢᠨᠢ ᠭᠠᠵᠠᠷ ᠤᠨ ᠲᠠᠰ ᠤᠨ ᠪᠠᠶᠢᠭᠤᠯᠤᠮᠵᠢ 17

ᠪᠠᠶᠢᠵᠤ᠂ ᠡᠭᠦᠨ ᠳᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ 6 ︵ᠤᠯᠤᠰ ᠲᠥᠷᠥ ᠶᠢᠨ ᠬᠡᠯᠲᠡᠰ᠂

ᠠᠯᠪᠠᠨ ᠬᠡᠷ᠂ ᠬᠢᠴᠢᠶᠡᠯ ᠬᠥᠮᠦᠵᠢᠯ ᠤᠨ ᠭᠠᠵᠠᠷ᠂ ᠠᠷᠤ ᠲᠠᠯ᠎ᠠ ᠶᠢᠨ  ᠦᠢᠯᠡᠴᠢᠯᠡᠭᠡᠨ ᠤ ᠭᠠᠵᠠᠷ᠂ ᠨᠠᠰᠤᠨ ᠳᠤ

ᠬᠦᠷᠦᠭᠰᠡᠳ ᠤᠨ ᠰᠤᠷᠭᠠᠨ ᠬᠥᠮᠥᠵᠢᠯ ᠤᠨ ᠭᠠᠵᠠᠷ᠂ ᠰᠣᠷᠣᠭᠴᠢ ᠶᠢᠨ ᠠᠵᠢᠯ ᠤᠨ ᠭᠠᠵᠠᠷ︶ ᠪᠣᠢ᠂ ᠵᠢᠭᠠᠨ ᠰᠤᠷᠭᠠᠯᠲᠠ

ᠪᠠ ᠵᠢᠭᠠᠨ ᠰᠤᠷᠭᠠᠯᠲᠠ ᠶᠢ ᠲᠤᠰᠠᠯᠠᠬᠤ ᠪᠠᠶᠢᠭᠤᠯᠤᠮᠵᠢ 11 ︵ᠲᠠᠩᠨᠠᠬᠤ ᠰᠠᠯᠪᠤᠷᠢ᠂ ᠠᠮᠤᠷ ᠢ ᠬᠠᠮᠠᠭᠠᠯᠠᠬᠤ ᠰᠠᠯᠪᠤᠷᠢ᠂

ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ᠂ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ᠂

ᠬᠠᠤᠯᠢ ᠴᠠᠭᠠᠵᠠ ᠶᠢᠨ ᠰᠠᠯᠪᠤᠷᠢ᠂ ᠭᠢᠨᠳᠠᠨ ᠤ ᠬᠠᠮᠢᠶᠠᠷᠤᠯᠲᠠ ᠶᠢᠨ ᠰᠠᠯᠪᠤᠷᠢ᠂ ᠮᠣᠩᠭᠤᠯ ᠢᠶᠠᠷ ᠬᠢᠴᠢᠶᠡᠯᠯᠡᠬᠦ ᠵᠢᠭᠠᠨ

ᠰᠤᠷᠭᠠᠯᠲᠠ ᠶᠢᠨ ᠬᠡᠯᠲᠡᠰ᠂ ᠤᠯᠤᠰ ᠲᠥᠷᠥ ᠶᠢᠨ ᠣᠨᠣᠯ ᠤᠨ ᠵᠢᠭᠠᠨ ᠰᠤᠷᠭᠠᠯᠲᠠ ᠶᠢᠨ ᠬᠡᠯᠲᠡᠰ᠂ ᠴᠠᠭᠳᠠᠭᠠᠨ ᠤ

ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠬᠡᠯᠲᠡᠰ᠂ ᠴᠠᠭᠳᠠᠭᠠᠨ ᠤ ᠪᠣᠯᠪᠠᠰᠤᠷᠠᠯ ᠤᠨ ᠭᠠᠵᠠᠷ᠂ ᠨᠣᠮ ᠤᠨ ᠰᠠᠩ︶

ᠪᠠᠶᠢᠵᠤ᠂ 2400 ᠭᠠᠷᠤᠶ ᠰᠣᠷᠣᠭᠴᠢ ᠪᠣᠢ᠃ ᠰᠤᠷᠭᠠᠭᠤᠯᠢ ᠨᠢ ᠣᠲᠣ ᠡᠷᠡᠭᠦᠦ ᠶᠢᠨ ᠬᠡᠷᠡᠭ ᠤᠨ ᠲᠠᠩᠨᠠᠯᠲᠠ᠂

ᠠᠮᠤᠷ ᠢ ᠬᠠᠮᠠᠭᠠᠯᠠᠬᠤ ᠬᠠᠮᠢᠶᠠᠷᠤᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ᠂ ᠤᠯᠤᠰ ᠤᠨ ᠳᠣᠲᠣᠭᠠᠳᠤ ᠶᠢᠨ ᠠᠮᠤᠷ

ᠲᠦᠪᠰᠢᠨ ᠤ ᠬᠠᠮᠠᠭᠠᠯᠠᠯᠲᠠ᠂ ᠮᠡᠳᠡᠭᠡ ᠵᠠᠩᠭᠢ ᠰᠦᠯᠵᠢᠶᠡᠨ ᠤ ᠠᠮᠤᠷ ᠲᠦᠪᠰᠢᠨ ᠤ ᠬᠢᠨᠠᠨ ᠪᠠᠶᠢᠴᠠᠭᠠᠯᠲᠠ᠂ ᠣᠨᠴᠠ

ᠴᠠᠭᠳᠠᠭ᠎ᠠ᠂ ᠴᠠᠭᠳᠠᠭᠤᠯ ᠨᠣᠬᠠᠶ ᠶᠢᠨ ᠮᠡᠷᠭᠡᠵᠢᠯ ᠵᠡᠷᠭᠡ 7 ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ᠂ ᠬᠠᠤᠯᠢ

ᠴᠠᠭᠠᠵᠠ ᠶᠢᠨ ᠬᠡᠷᠡᠭ ᠶᠠᠪᠤᠳᠠᠯ᠂ ᠬᠠᠤᠯᠢ ᠴᠠᠭᠠᠵᠠ ᠶᠢᠨ ᠨᠠᠷᠢᠨ ᠪᠢᠴᠢᠭᠡᠴᠢ᠂ ᠨᠡᠶᠢᠭᠡᠮ ᠲᠣᠭᠤᠷᠢᠭ ᠤᠨ ᠬᠠᠮᠢᠶᠠᠷᠤᠯᠲᠠ

ᠵᠡᠷᠭᠡ 3 ᠳᠣᠲᠣᠭᠠᠳᠤ ᠶᠢ ᠬᠠᠮᠠᠭᠠᠯᠠᠬᠤ ᠪᠤᠰᠤ ᠲᠤᠰᠬᠠᠶ ᠮᠡᠷᠭᠡᠵᠢᠯ ᠪᠣᠢ᠃ ᠡᠷᠡᠭᠦᠦ ᠶᠢᠨ ᠬᠡᠷᠡᠭ ᠤᠨ ᠲᠠᠩᠨᠠᠯᠲᠠ᠂

ᠠᠮᠤᠷ ᠢ ᠬᠠᠮᠠᠭᠠᠯᠠᠬᠤ ᠬᠠᠮᠢᠶᠠᠷᠤᠯᠲᠠ ᠭᠡᠬᠦ ᠲᠤᠰᠬᠠᠶ ᠮᠡᠷᠭᠡᠵᠢᠯ ᠨᠢ ᠪᠠᠰᠠ ᠮᠣᠩᠭᠤᠯ ᠬᠢᠲᠠᠳ ᠬᠡᠯᠡ ᠪᠠᠷ ᠬᠢᠴᠢᠶᠡᠯᠯᠡᠬᠦ

ᠠᠩᠭᠢ ᠶᠢ ᠵᠡᠷᠭᠡ ᠪᠠᠷ ᠨᠡᠭᠡᠭᠡᠪᠡ᠃

     ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠥᠨᠳᠥᠷ ᠬᠡᠪ

ᠪᠣᠯᠪᠠᠰᠤᠷᠠᠯ ᠲᠠᠢ᠂ ᠥᠨᠳᠥᠷ ᠬᠢᠷᠢ ᠲᠦᠪᠰᠢᠨ ᠲᠠᠢ᠂ ᠵᠢᠭᠠᠨ ᠰᠤᠷᠭᠠᠯᠲᠠ ᠪᠠ ᠦᠢᠯᠡᠳᠦᠯᠭᠡ ᠶᠢᠨ ᠲᠤᠷᠰᠢᠯᠭ᠎ᠠ ᠪᠠᠷ

ᠪᠠᠶᠠᠯᠢᠭ ᠪᠠᠭᠰᠢ ᠶᠢᠨ ᠡᠩᠨᠡᠭᠡ ᠲᠠᠢ᠃ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠪᠦᠷᠢᠨ᠂

ᠰᠤᠷᠤᠯᠭ᠎ᠠ᠂ ᠠᠮᠢᠳᠤᠷᠠᠯ ᠤᠨ ᠪᠡᠯᠡᠳᠬᠡᠮᠵᠢ ᠪᠦᠷᠢᠨ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠭᠤᠶᠣ

ᠰᠠᠶᠢᠬᠠᠨ ᠪᠠᠶᠢᠵᠤ᠂ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠪᠡ᠃ ᠰᠤᠷᠭᠠᠭᠤᠯᠢ ᠨᠢ

ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠤᠰᠬᠠᠶ ᠴᠢᠳᠠᠪᠤᠷᠢᠲᠠᠨ ᠢ ᠬᠥᠮᠦᠵᠢᠭᠦᠯᠬᠦ ᠭᠤᠣᠯ ᠵᠢᠭᠰᠠᠭᠠᠯ ᠤᠨ

ᠭᠠᠵᠠᠷ ᠪᠠᠶᠢᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠪᠠ ᠦᠵᠡᠯ ᠤᠬᠠᠮᠰᠠᠷ ᠤᠨ ᠬᠡᠯᠪᠡᠷᠢ ᠶᠢᠨ

ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠪᠣᠳᠠᠲᠠᠢ ᠠᠵᠢᠯ ᠤᠨ

ᠴᠢᠳᠠᠪᠤᠷᠢᠲᠠᠨ ᠤ ᠬᠡᠷᠡᠭᠴᠡᠭᠡ ᠳᠤ ᠬᠠᠨᠳᠤᠭᠤᠯᠬᠤ ᠶᠢ ᠪᠠᠷᠢᠮᠲᠠᠯᠠᠵᠤ᠂ ᠴᠠᠭᠳᠠᠭᠠᠨ ᠤ ᠤᠯᠤᠰ ᠲᠥᠷᠥ ᠶᠢᠨ

ᠪᠣᠯᠪᠠᠰᠤᠷᠠᠯ ᠢᠶᠠᠷ ᠰᠤᠷᠤᠭᠴᠢᠳ ᠢ ᠬᠥᠮᠥᠵᠢᠭᠦᠯᠵᠦ᠂ ᠴᠠᠭᠳᠠᠭᠠᠨ ᠤ ᠠᠵᠢᠯ ᠤᠨ ᠳᠦᠷᠢᠮ ᠢᠶᠠᠷ ᠰᠤᠷᠤᠭᠴᠢ ᠶᠢ

ᠰᠤᠭᠤᠵᠤ᠂ ᠴᠠᠭᠳᠠᠭᠠᠨ ᠤ ᠪᠣᠳᠠᠲᠤ ᠠᠵᠢᠯ ᠤᠨ ᠮᠡᠷᠭᠡᠵᠢᠯ ᠢᠶᠠᠷ ᠰᠤᠷᠤᠭᠴᠢ ᠶᠢ ᠪᠣᠯᠪᠠᠰᠤᠷᠠᠭᠤᠯᠵᠤ᠂ ᠴᠠᠭᠳᠠᠭᠠᠨ ᠤ

ᠰᠣᠶᠣᠯ ᠤᠨ ᠠᠭᠤᠷ ᠠᠮᠢᠰᠬᠤᠯ ᠢᠶᠠᠷ ᠰᠤᠷᠤᠭᠴᠢᠳ ᠢ ᠨᠥᠯᠦᠭᠡᠯᠡᠵᠦ᠂ ᠴᠠᠭᠳᠠᠭᠠᠨ ᠤ ᠲᠤᠬᠠᠶᠢᠯᠠᠭᠰᠠᠨ ᠠᠵᠢᠯ ᠤᠨ

ᠣᠨᠴᠠᠯᠢᠭ ᠢᠶᠠᠷ ᠢᠯᠡ ᠲᠣᠳᠣ ᠴᠠᠭᠳᠠᠭᠠᠨ ᠤ ᠶᠠᠪᠤᠳᠠᠯ   ᠤᠨ ᠬᠥᠮᠦᠨ ᠢ ᠬᠥᠮᠦᠵᠢᠭᠦᠯᠬᠦ ᠬᠡᠪ ᠵᠠᠭᠪᠤᠷ ᠢ

ᠪᠦᠷᠢᠯᠳᠦᠭᠦᠯᠵᠦ᠂ ᠤᠯᠤᠰ ᠲᠥᠷᠥ ᠶᠢᠨ ᠵᠣᠭᠰᠣᠯᠲᠠ ᠪᠠᠲᠤ᠂ ᠦᠨᠡᠨᠴᠢ ᠨᠠᠶᠢᠳᠠᠪᠤᠷᠢᠲᠠᠶ᠂ ᠴᠢᠩᠭ᠎ᠠ ᠲᠣᠳᠣᠷᠬᠠᠶ

ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤᠴᠢ ᠴᠢᠨᠠᠷ ᠲᠠᠢ᠂ ᠰᠢᠯᠢᠳᠡᠭ ᠰᠠᠶᠢᠨ ᠠᠵᠢᠯ ᠤᠨ ᠮᠣᠷᠠᠯ ᠲᠠᠢ᠂ ᠮᠠᠨ ᠤ

ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠰᠠᠶᠢᠨ

ᠮᠡᠳᠡᠵᠦ᠂ ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ ᠤᠨ ᠦᠨᠳᠦᠰᠦᠨ ᠣᠨᠣᠯ ᠪᠠ ᠤᠷ᠎ᠠ ᠴᠢᠳᠠᠪᠤᠷᠢ ᠶᠢ

ᠡᠵᠡᠮᠰᠢᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠠᠤᠯᠢ ᠶᠢ ᠬᠡᠷᠡᠭᠵᠢᠭᠦᠯᠬᠦ ᠡᠭᠦᠷᠭᠡ ᠶᠢ ᠭᠦᠢᠴᠡᠳᠭᠡᠬᠦ

ᠠᠵᠢᠯ ᠤᠨ ᠪᠠᠶᠢᠷᠢ ᠳᠤ ᠬᠠᠨᠳᠤᠭᠤᠯᠤᠭᠰᠠᠨ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠴᠢᠳᠠᠪᠤᠷᠢ ᠶᠢᠨ  ᠬᠡᠯᠪᠡᠷᠢᠲᠦ

ᠳᠣᠲᠣᠭᠠᠳᠤ ᠶᠢ ᠬᠠᠮᠠᠭᠠᠯᠠᠬᠤ ᠴᠢᠳᠠᠪᠤᠷᠢᠲᠠᠨ ᠢ ᠬᠦᠴᠦᠯᠡᠨ ᠬᠥᠮᠥᠵᠢᠭᠦᠯᠪᠡ᠃

     ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠲᠥᠪ ᠤᠨ ᠣᠷᠣᠨ

ᠲᠣᠭᠠᠨ ᠤ ᠠᠯᠪᠠᠨ ᠭᠡᠷ ᠵᠡᠷᠭᠡ ᠶᠠᠮᠤᠨ ᠵᠥᠪᠯᠡᠯ ᠤᠨ ︽ᠳᠣᠲᠣᠭᠠᠳᠤ ᠶᠢ ᠬᠠᠮᠠᠭᠠᠯᠠᠬᠤ ᠳᠡᠭᠡᠳᠦ ᠰᠤᠷᠭᠠᠭᠤᠯᠢ ᠶᠢᠨ

ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠡᠯᠰᠡᠨ ᠬᠥᠮᠦᠵᠢᠭᠦᠯᠬᠦ ᠳᠦᠷᠢᠮ ᠤᠨ

ᠥᠭᠡᠷᠡᠴᠢᠯᠡᠯᠲᠡ ᠶᠢᠨ ᠲᠤᠬᠠᠶ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ

ᠬᠠᠮᠠᠭᠠᠯᠠᠬᠤ ᠪᠠᠶᠢᠭᠤᠯᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠤᠰᠠᠭᠠᠷ ᠡᠯᠰᠡᠨ ᠬᠡᠷᠡᠭᠯᠡᠬᠦ ᠠᠵᠢᠯ ᠤᠨ

ᠲᠦᠷ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ

ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ ᠶᠢ ᠬᠠᠮᠠᠭᠠᠯᠠᠬᠤ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠢ

ᠰᠢᠯᠭᠠᠵᠤ ᠡᠯᠰᠡᠨ ᠬᠡᠷᠡᠭᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠳᠡᠭᠡᠳᠦ

ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠢᠳᠡᠪᠬᠢᠲᠡᠶ  ᠠᠬᠢᠭᠤᠯᠪᠠ ︵ᠠᠵᠢᠯ ᠣᠯᠭᠤᠬᠤ

ᠠᠵᠢᠯ ᠤᠨ ᠪᠠᠶᠢᠷᠢ ᠨᠢ ᠴᠥᠮ ᠤᠯᠤᠰ ᠤᠨ ᠠᠯᠪᠠᠲᠠᠨ ᠤ ᠠᠵᠢᠯ ᠤᠨ ᠪᠠᠶᠢᠷᠢ᠂ ᠲᠤᠬᠠᠶᠢᠯᠠᠪᠠᠯ ᠳᠣᠲᠣᠭᠠᠳᠤ ᠶᠢ

ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠵᠢᠩᠬᠢᠨᠢ ᠴᠠᠭᠳᠠᠭᠠᠨ ᠤ ᠣᠷᠣᠨ ᠲᠤᠭ᠎ᠠ ᠪᠣᠯᠤᠨ᠎ᠠ︶᠃ 2018 ᠣᠨ ᠳᠤ

ᠲᠡᠭᠦᠰᠦᠭᠰᠡᠨ 432 ᠰᠤᠷᠤᠭᠴᠢ ᠶᠢᠨ 408 ᠰᠤᠷᠤᠭᠴᠢ ᠠᠵᠢᠯ ᠣᠯᠵᠤ᠂ ᠠᠵᠢᠯ ᠣᠯᠤᠭᠰᠠᠨ ᠨᠤᠷᠮ᠎ᠠ          

94 . 4 % ᠳᠤ ᠬᠦᠷᠪᠡ︔ 2019 ᠣᠨ ᠳᠤ ᠲᠡᠭᠦᠰᠦᠭᠰᠡᠨ 438 ᠰᠤᠷᠤᠭᠴᠢ ᠶᠢᠨ 424 ᠰᠤᠷᠤᠭᠴᠢ ᠠᠵᠢᠯ

ᠣᠯᠵᠤ᠂ ᠠᠵᠢᠯ ᠣᠯᠤᠭᠰᠠᠨ ᠨᠣᠷᠮ᠎ᠠ 96 . 8 % ᠳᠤ ᠬᠥᠷᠪᠡ︔ 2020 ᠣᠨ ᠳᠤ ᠲᠡᠭᠦᠰᠦᠭᠰᠡᠨ 458

ᠰᠤᠷᠤᠭᠴᠢ ᠶᠢᠨ 430 ᠰᠤᠷᠤᠭᠴᠢ ᠠᠵᠢᠯ ᠣᠯᠵᠤ᠂ ᠠᠵᠢᠯ ᠣᠯᠤᠭᠰᠠᠨ ᠨᠣᠷᠮ᠎ᠠ 93 . 88 % ᠳᠤ ᠬᠥᠷᠪᠡ᠃

ᠣᠶᠢᠷ᠎ᠠ ᠶᠢᠨ ᠭᠤᠷᠪᠠᠨ ᠵᠢᠯ ᠳᠤ ᠰᠤᠷᠭᠠᠭᠤᠯᠢ ᠲᠡᠭᠦᠰᠦᠭᠰᠡᠨ ᠰᠣᠷᠣᠭᠴᠢ 1328 ᠪᠠᠶᠢᠵᠤ᠂ 1262 ᠬᠥᠮᠦᠨ

ᠠᠵᠢᠯ ᠣᠯᠵᠤ᠂ ᠠᠵᠢᠯ ᠣᠯᠤᠭᠰᠠᠨ ᠨᠣᠷᠮ᠎ᠠ 95 . 03 % ᠳᠤ ᠬᠦᠷᠴᠡᠶ᠃

     ᠡᠨᠡ ᠵᠢᠯ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ 1000

ᠰᠤᠷᠤᠭᠴᠢ ᠡᠯᠰᠡᠬᠦ ᠪᠠᠷ ᠲᠥᠯᠥᠪᠯᠡᠵᠦ ᠪᠣᠶ᠂ ᠡᠭᠦᠨ ᠳᠤ ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ 850

ᠰᠤᠷᠤᠭᠴᠢ᠂ ᠳᠣᠲᠣᠭᠠᠳᠤ ᠶᠢ ᠬᠠᠮᠠᠭᠠᠯᠠᠬᠤ ᠪᠤᠰᠤ ᠲᠤᠰᠬᠠᠶ ᠮᠡᠷᠭᠡᠵᠢᠯ 150 ᠰᠤᠷᠤᠭᠴᠢ ᠡᠯᠰᠡᠨ᠎ᠡ᠃

ᠳᠣᠲᠣᠭᠠᠳᠤ ᠶᠢ ᠬᠠᠮᠠᠭᠠᠯᠠᠬᠤ ᠲᠤᠰᠬᠠᠶ ᠮᠡᠷᠭᠡᠵᠢᠯ ᠨᠢ ᠡᠷᠡᠭᠲᠡᠶ ᠰᠣᠷᠣᠭᠴᠢ 730᠂ ᠡᠮᠡᠭᠲᠡᠶ ᠰᠣᠷᠣᠭᠴᠢ 120 ᠶᠢ

ᠡᠯᠰᠡᠨ᠎ᠡ᠃ ᠰᠤᠷᠭᠠᠭᠤᠯᠢ ᠨᠢ 2021 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ

ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ᠂ ᠪᠡᠶ᠎ᠡ ᠶᠢᠨ ᠪᠠᠶᠢᠴᠠᠭᠠᠯᠲᠠ ᠪᠠ ᠠᠮᠠᠨ ᠰᠢᠯᠭᠠᠯᠲᠠ ᠪᠠᠷ

ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ

ᠡᠯᠰᠡᠨ᠎ᠡ᠃

     ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ

ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠪᠠᠨ ᠬᠦᠨᠳᠦ ᠶᠡᠭᠡ ᠭᠡᠨᠡᠳᠲᠡ ᠶᠢᠨ ᠬᠡᠷᠡᠭ ᠢ

ᠰᠢᠢᠳᠪᠦᠷᠢᠯᠡᠬᠦ᠂ ᠠᠶᠤᠯ ᠭᠠᠮᠰᠢᠭ ᠠᠴᠠ ᠠᠪᠤᠷᠠᠬᠤ ᠵᠢᠴᠢ ᠴᠢᠬᠤᠯᠠ ᠶᠡᠭᠡ ᠠᠵᠢᠯᠯᠠᠭᠠᠨ ᠤ ᠠᠮᠤᠷ ᠲᠦᠪᠰᠢᠨ ᠢ

ᠬᠠᠮᠠᠭᠠᠯᠠᠬᠤ ᠡᠭᠦᠷᠭᠡ ᠳᠤ ᠢᠳᠡᠪᠬᠢᠲᠡᠶ ᠣᠷᠣᠯᠴᠠᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ

ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠢᠭᠡᠨ ᠰᠠᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ

ᠬᠦᠴᠦᠨ ᠪᠣᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠮᠤᠷ ᠲᠣᠭᠲᠠᠭᠤᠨ ᠪᠠᠶᠢᠬᠤ᠂ ᠬᠠᠤᠯᠢ ᠠᠴᠠ

ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠦᠷᠳᠡᠭᠦᠯᠬᠦ ᠪᠠ ᠴᠣᠬᠢᠯᠲᠠ ᠥᠭᠬᠦ ᠳᠤ ᠢᠳᠡᠪᠬᠢᠲᠡᠶ ᠦᠢᠯᠡᠳᠦᠯ

ᠦᠵᠡᠭᠦᠯᠪᠡ᠃ ᠣᠶᠢᠷ᠎ᠠ ᠶᠢᠨ ᠵᠢᠯ᠂ ᠰᠤᠷᠭᠠᠭᠤᠯᠢ ᠶᠢᠨ ᠪᠠᠭᠰᠢ ᠰᠤᠷᠤᠭᠴᠢᠳ ᠪᠥᠬᠦ ᠤᠯᠤᠰ ᠤᠨ ᠴᠥᠭᠡᠨ ᠲᠣᠭᠠᠲᠤ

ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ᠂ ᠳᠤᠮᠳᠠᠳᠤ ᠮᠣᠩᠭᠤᠯ ᠤᠨ ᠣᠯᠠᠨ ᠤᠯᠤᠰ ᠤᠨ

ᠦᠵᠡᠰᠬᠦᠯᠡᠩ ᠤᠨ ᠴᠤᠭᠯᠠᠭᠠᠨ᠂ ᠳᠡᠯᠡᠬᠡᠶ ᠶᠢᠨ ᠡᠯᠡᠰᠦᠷᠬᠡᠭᠵᠢᠯ ᠢ ᠵᠠᠰᠠᠬᠤ ᠶᠡᠭᠡ ᠬᠤᠷᠠᠯ᠂ ᠥᠪᠡᠷᠲᠡᠭᠡᠨ ᠵᠠᠰᠠᠬᠤ

ᠣᠷᠣᠨ ᠪᠠᠶᠢᠭᠤᠯᠤᠭᠳᠠᠭᠰᠠᠨ ᠳᠠᠯᠠᠨ ᠵᠢᠯ ᠤᠨ ᠣᠶ ᠶᠢᠨ ᠶᠡᠭᠡ ᠪᠠᠶᠠᠷ ᠵᠡᠷᠭᠡ ᠴᠢᠬᠤᠯᠠ ᠶᠡᠭᠡ ᠠᠵᠢᠯᠯᠠᠭᠠᠨ ᠤ ᠠᠮᠤᠷ ᠢ

ᠬᠠᠮᠠᠭᠠᠯᠠᠬᠤ ᠡᠭᠦᠷᠭᠡ ᠶᠢ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ

ᠲᠢᠩᠬᠢᠮ ᠤᠨ ᠭᠦᠢᠴᠡᠳ ᠨᠤᠲᠠᠯᠠᠯᠲᠠ ᠪᠠ ᠰᠠᠶᠢᠨ ᠦᠨᠡᠯᠡᠯᠲᠡ ᠶᠢ ᠤᠯᠪᠠ᠃

      ᠬᠦᠴᠢᠷ ᠪᠡᠷᠬᠡ ᠶᠢ ᠳᠡᠪᠴᠢᠨ ᠰᠢᠷᠠᠭᠠᠭᠤ ᠬᠠᠲᠠᠭᠤᠵᠢᠯᠲᠠᠢ ᠴᠢᠷᠮᠠᠶᠢᠪᠠᠯ ᠢᠯᠠᠯᠲᠠ ᠣᠯᠵᠤ ᠴᠢᠳᠠᠨ᠎ᠠ᠃

2021 ᠣᠨ ᠳᠤ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ

ᠵᠢᠩᠬᠢᠨᠢ ᠠᠩᠭᠢ ᠳᠤ ᠳᠡᠪᠰᠢᠬᠦ ᠶᠠᠪᠤᠳᠠᠯ ᠢ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾

 ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠰᠤᠷᠭᠠᠭᠤᠯᠢ ᠨᠢ ᠭᠤᠷᠪᠠ ᠠᠴᠠ ᠲᠠᠪᠤᠨ ᠵᠢᠯ ᠤᠨ

ᠬᠤᠭᠤᠴᠠᠭᠠᠨ ᠳᠤ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠪᠠᠷᠢᠮᠵᠢᠶ᠎ᠠ ᠳᠤ

ᠬᠦᠷᠭᠡᠬᠦ ᠪᠠᠷ ᠴᠢᠷᠮᠠᠶᠢᠵᠤ ᠪᠠᠶᠢᠨ᠎ᠠ᠃ 2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂

ᠨᠠᠮ ᠤᠨ ᠬᠡᠷᠡᠯ ᠰᠠᠴᠤᠷᠠᠩᠭᠤᠶ ᠲᠡᠦᠬᠡ ᠶᠢ ᠰᠤᠷᠤᠯᠴᠠᠬᠤ ᠳᠤ ᠬᠤᠪᠢᠰᠬᠠᠯᠲᠤ ᠤᠳᠤᠮᠰᠢᠯ ᠨᠢ ᠣᠶᠤᠨ ᠤᠬᠠᠭᠠᠨ ᠢ

ᠰᠡᠩᠬᠡᠷᠡᠭᠦᠯᠵᠦ᠂ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠤ ᠢᠲᠡᠭᠡᠯ ᠪᠢᠰᠢᠷᠡᠯ ᠢᠲᠡᠭᠡᠯ ᠵᠣᠷᠢᠭ ᠢ ᠨᠠᠩ ᠪᠠᠲᠤᠳᠬᠠᠵᠤ᠂

ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠢ ᠨᠠᠩ ᠭᠥᠭᠵᠢᠭᠡᠪᠡ᠃ ᠲᠡᠦᠬᠡ ᠶᠢᠨ ᠰᠢᠨ᠎ᠡ ᠭᠠᠷᠤᠭ᠎ᠠ ᠳᠤ

ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠶᠡᠷᠦᠩᠬᠡᠶ ᠱᠦᠵᠢ ᠰᠢ ᠶᠢᠨ

ᠫᠢᠩ ᠤᠨ ︽ᠨᠠᠮ ᠳᠤ ᠪᠠᠨ ᠦᠨᠡᠨᠴᠢ ᠰᠢᠳᠤᠷᠭᠤ ᠪᠠᠶᠢᠵᠤ᠂ ᠠᠷᠠᠳ ᠲᠦᠮᠡᠨ ᠳᠤ ᠦᠢᠯᠡᠴᠢᠯᠡᠵᠦ᠂ ᠲᠥᠪ ᠭᠤᠣᠯᠴᠢ

 ᠪᠠᠷ ᠬᠠᠤᠯᠢ ᠶᠢ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠴᠢᠩᠳᠠᠯᠠᠬᠤ︾ ᠶᠡᠷᠦᠩᠬᠡᠶ ᠱᠠᠭᠠᠷᠳᠠᠯᠭ᠎ᠠ ᠪᠠᠷ ᠯᠠᠪᠳᠠᠭᠤᠨ

ᠪᠠᠲᠤᠲᠠᠢ ᠠᠵᠢᠯᠯᠠᠵᠤ᠂ ᠦᠷ᠎ᠡ ᠪᠥᠲᠦᠮᠵᠢ ᠭᠠᠷᠭᠠᠬᠤ ᠰᠤᠷᠲᠠᠯ ᠢᠶᠠᠷ ᠡᠷᠡᠰ ᠪᠠᠲᠤ ᠪᠠᠷ ᠤᠷᠤᠭᠰᠢᠯᠠᠵᠤ᠂ ᠵᠣᠷᠢᠭᠲᠠᠶ

ᠬᠠᠷᠢᠭᠤᠴᠠᠯᠭ᠎ᠠ ᠡᠭᠦᠷᠭᠡᠯᠡᠬᠦ ᠪᠣᠳᠠᠲᠠᠶ ᠠᠵᠢᠯᠯᠠᠬᠤ ᠵᠣᠷᠢᠭ ᠰᠠᠨᠠᠭ᠎ᠠ᠂ ᠳᠡᠭᠡᠳᠦ ᠬᠡᠮᠵᠢᠶᠡᠨ ᠤ ᠤᠯᠤᠰ ᠲᠥᠷᠥ ᠶᠢᠨ

ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ︽ᠨᠠᠮ ᠤᠨ ᠲᠥᠯᠥᠭᠡ ᠬᠥᠮᠦᠨ ᠢ ᠬᠥᠮᠥᠵᠢᠭᠦᠯᠵᠦ᠂

ᠤᠯᠤᠰ ᠤᠨ ᠲᠥᠯᠦᠭᠡ ᠴᠢᠳᠠᠪᠤᠷᠢᠲᠠᠨ ᠢ ᠬᠥᠮᠥᠵᠢᠭᠦᠯᠵᠦ᠂ ᠴᠠᠭᠳᠠᠭᠠᠨ ᠤ ᠰᠦᠭ ᠢ ᠱᠤᠭᠤᠬᠤ︾ ᠤᠭ ᠰᠠᠨᠠᠭ᠎ᠠ

ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠰᠤᠷᠭᠠᠨ ᠬᠥᠮᠦᠵᠢᠯ ᠵᠢᠭᠠᠨ

ᠰᠤᠷᠭᠠᠯᠲᠠ ᠪᠠᠷ ᠲᠥᠪᠯᠡᠭᠦᠯᠦᠨ ᠠᠵᠢᠯᠯᠠᠵᠤ᠂ ︽ᠰᠤᠷᠭᠠᠭᠤᠯᠢ ᠶᠢ ᠬᠦᠴᠦᠷᠬᠡᠭᠵᠢᠭᠦᠯᠵᠦ ᠪᠠᠶᠢᠷᠢ ᠳᠡᠪᠰᠢᠭᠦᠯᠬᠦ︾

ᠢᠨᠵᠧᠨᠧᠷᠢᠩ ᠢᠶᠠᠷ ᠬᠥᠳᠡᠯᠭᠡᠭᠦᠷ ᠪᠣᠯᠭᠠᠵᠤ᠂ ᠡᠯ᠎ᠡ ᠲᠥᠷᠥᠯ ᠤᠨ ᠠᠵᠢᠯ ᠤᠨ ᠡᠷᠡᠭᠦᠯ ᠢᠶᠠᠷ ᠬᠥᠭᠵᠢᠬᠦ ᠶᠢ ᠪᠦᠬᠦ

ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ

ᠬᠠᠮᠠᠭᠠᠯᠠᠬᠤ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠡᠩ ᠰᠢᠨ᠎ᠡ

ᠳᠦᠷᠢ ᠳᠥᠷᠬᠦ ᠪᠣᠯᠤᠨ ᠨᠡᠩ ᠰᠢᠯᠢᠳᠡᠭ ᠠᠮᠵᠢᠯᠲᠠ ᠪᠠᠷ ᠳᠤᠮᠳᠠᠳᠤ ᠤᠯᠤᠰ ᠤᠨ ᠡᠪ ᠬᠠᠮᠲᠤ ᠨᠠᠮ

ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ ᠪᠠᠶᠢᠨ᠎ᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map