ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠬᠦᠰᠡᠯ ᠲᠡᠮᠡᠦᠯᠦᠯ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/7/13
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      —  ︽ᠬᠦᠰᠡᠯ  ᠲᠡᠮᠡᠦᠯᠦᠯ︾       ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠠᠩᠬᠠᠳᠠᠭᠴᠢ ᠪᠦᠯᠦᠭ ᠤᠨ ᠪᠥᠬᠦ ᠤᠯᠤᠰ ᠤᠨ ᠪᠣᠯᠪᠠᠰᠤᠨ ᠬᠤᠲᠠ ᠪᠤᠭᠤᠲᠤ ᠳᠤ ᠪᠠᠶᠢᠷᠢᠯᠠᠵᠤ᠂ 1956 ᠣᠨ ᠳᠤ ᠪᠠᠶᠢᠭᠤᠯᠤᠭᠰᠠᠨ 65 ᠵᠢᠯ ᠤᠨ ᠲᠡᠦᠬᠡ ᠲᠠᠢ ᠠᠯᠪᠠᠨ ᠠᠴᠠ ᠡᠷᠭᠢᠯᠡᠭᠰᠡᠨ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷᠢ ᠶᠢᠨ ᠭᠠᠭᠴᠠ ᠬᠥᠩᠭᠡᠨ ᠠᠵᠤ ᠦᠢᠯᠡᠳᠪᠦᠷᠢ ᠶᠢᠨ ᠲᠥᠷᠥᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ᠎ᠠ᠃

     ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠢᠨ‌ᠡᠵᠡᠯᠡᠵᠦ

ᠪᠠᠶᠢᠭ᠎ᠠ ᠲᠠᠯᠠᠪᠠᠶ ᠨᠢ 1000 ᠭᠠᠷᠤᠶ ᠮᠥ ᠪᠠᠶᠢᠵᠤ᠂ ᠨᠠᠮ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠮᠵᠢ 12᠂

ᠵᠢᠭᠠᠨ ᠰᠤᠷᠭᠠᠯᠲᠠ ᠶᠢᠨ ᠬᠠᠪᠰᠤᠷᠤᠮᠵᠢ ᠪᠠᠶᠢᠭᠤᠯᠤᠮᠵᠢ 4᠂ ᠣᠯᠠᠨ ᠲᠦᠮᠡᠨ ᠤ ᠪᠦᠯᠬᠦᠮ ᠤᠨ ᠪᠠᠶᠢᠭᠤᠯᠤᠮᠵᠢ 2᠂

ᠵᠢᠭᠠᠨ ᠰᠤᠷᠭᠠᠯᠲᠠ ᠶᠢᠨ ᠰᠠᠯᠪᠤᠷᠢ ᠬᠡᠯᠲᠡᠰ 15᠂ ᠲᠤᠰᠬᠠᠶ ᠮᠡᠷᠭᠡᠵᠢᠯ ᠤᠨ ᠶᠡᠭᠡ ᠲᠥᠷᠥᠯ 15᠂ ᠳᠡᠭᠡᠳᠦ

ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ 52 ᠪᠣᠢ᠃ ᠤᠯᠤᠰ ᠤᠨ ᠭᠤᠤᠯᠯᠠᠬᠤ ᠲᠤᠰᠬᠠᠶ ᠮᠡᠷᠭᠡᠵᠢᠯ 3᠂

ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠪᠥᠲᠥᠭᠡᠨ ᠪᠠᠶᠢᠭᠤᠯᠬᠤ ᠲᠤᠰᠬᠠᠶ ᠮᠡᠷᠭᠡᠵᠢᠯ 2᠂ ᠥᠪᠡᠷᠲᠡᠭᠡᠨ

ᠵᠠᠰᠠᠬᠤ ᠣᠷᠣᠨ ᠤ ᠨᠠᠷᠠᠲᠤ ᠲᠡᠮᠳᠡᠭᠲᠦ ᠶᠢᠨ ᠲᠤᠰᠬᠠᠶ ᠮᠡᠷᠭᠡᠵᠢᠯ 10 ᠶᠢ ᠪᠠᠶᠢᠭᠤᠯᠵᠤ᠂ ᠵᠢᠭᠠᠨ ᠰᠤᠷᠭᠠᠯᠲᠠ ᠶᠢᠨ

ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ 1 ᠳ᠋ᠦᠩᠰᠢᠭᠤᠷ ᠲᠥᠭᠦᠷᠢᠭ ᠢ ᠳᠠᠪᠠᠪᠠ᠃ ᠰᠤᠷᠭᠠᠭᠤᠯᠢ ᠨᠢ

ᠤᠷᠢᠳ ᠬᠤᠵᠢᠳ ᠪᠦᠬᠦ ᠤᠯᠤᠰ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ 50 ᠬᠦᠴᠦᠷᠬᠡᠭ ᠳᠡᠭᠡᠳᠦ

ᠰᠤᠷᠭᠠᠭᠤᠯᠢ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠠᠯ ᠦᠵᠡᠭᠦᠯᠬᠦ ᠳᠡᠭᠡᠳᠦ

ᠰᠤᠷᠭᠠᠭᠤᠯᠢ᠂ ᠪᠥᠬᠦ ᠤᠯᠤᠰ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠤᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠠᠭᠤᠷᠢᠶᠠᠯ ᠦᠵᠡᠭᠦᠯᠬᠦ ᠳᠡᠭᠡᠳᠦ ᠰᠤᠷᠭᠠᠭᠤᠯᠢ᠂ ᠤᠯᠤᠰ ᠤᠨ ᠲᠠᠰ ᠤᠨ

ᠣᠯᠠᠨ ᠢᠶᠠᠷ ᠢᠶᠠᠨ ᠡᠭᠦᠳᠬᠦ ᠣᠷᠣᠨ ᠵᠠᠶ᠂ ᠤᠯᠤᠰ ᠤᠨ ᠠᠵᠢᠯ ᠮᠡᠷᠭᠡᠵᠢᠯ ᠤᠨ ᠭᠤᠤᠯᠯᠠᠬᠤ ᠴᠢᠳᠠᠪᠤᠷᠢ ᠶᠢᠨ

ᠳᠠᠭᠤᠷᠢᠶᠠᠯ ᠦᠵᠡᠭᠦᠯᠬᠦ ᠰᠤᠷᠭᠠᠭᠤᠯᠢ᠂ ᠤᠯᠤᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ

ᠰᠠᠭᠤᠷᠢᠨ ᠭᠠᠵᠠᠷ᠂ ᠤᠯᠤᠰ ᠤᠨ ᠣᠲᠣ ᠦᠶ᠎ᠡ ᠶᠢᠨ ᠱᠠᠪᠢᠯᠠᠬᠤ ᠳᠦᠷᠢᠮᠲᠦ ᠲᠤᠷᠰᠢᠯᠲᠠ ᠶᠢᠨ ᠴᠡᠭ ᠤᠨ ᠳᠡᠭᠡᠳᠦ

ᠰᠤᠷᠭᠠᠭᠤᠯᠢ᠂ ᠪᠥᠬᠦ ᠤᠯᠤᠰ ᠤᠨ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠲᠡᠷᠢᠭᠦᠨ ᠤ ᠬᠠᠮᠲᠤ᠂ ᠪᠦᠬᠦ

ᠤᠯᠤᠰ ᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠭᠰᠠᠨ ᠲᠡᠷᠢᠭᠦᠨ ᠤ ᠰᠤᠷᠭᠠᠭᠤᠯᠢ᠂ ᠥᠪᠡᠷᠲᠡᠭᠡᠨ

ᠵᠠᠰᠠᠬᠤ ᠣᠷᠣᠨ ᠤ ᠠᠩᠬᠠᠳᠠᠭᠴᠢ ᠪᠦᠯᠦᠭ ᠤᠨ ᠳᠠᠭᠤᠷᠢᠶᠠᠯ ᠦᠵᠡᠭᠦᠯᠬᠦ ᠰᠤᠷᠭᠠᠭᠤᠯᠢ᠂ ᠥᠪᠡᠷᠲᠡᠭᠡᠨ ᠵᠠᠰᠠᠬᠤ

ᠣᠷᠣᠨ ᠤ ᠰᠢᠯᠢᠳᠡᠭ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠤᠷᠭᠠᠭᠤᠯᠢ ᠶᠢᠨ ᠬᠦᠷᠢᠶ᠎ᠡ᠂

ᠥᠪᠡᠷᠲᠡᠭᠡᠨ ᠵᠠᠰᠠᠬᠤ ᠣᠷᠣᠨ ᠤ ︽ᠪᠥᠬᠦ ᠠᠵᠢᠯᠲᠠᠨ ᠬᠥᠮᠦᠨ ᠢ ᠬᠥᠮᠥᠵᠢᠭᠦᠯᠬᠦ᠂ ᠪᠥᠬᠦ ᠲᠠᠯ᠎ᠠ ᠪᠠᠷ ᠬᠥᠮᠦᠨ ᠢ

ᠬᠥᠮᠥᠵᠢᠭᠦᠯᠬᠦ᠂ ᠪᠥᠬᠦ ᠶᠠᠪᠤᠴᠠ ᠳᠤ ᠬᠥᠮᠦᠨ ᠢ ᠬᠥᠮᠦᠵᠢᠭᠦᠯᠬᠦ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ

ᠲᠤᠷᠰᠢᠯᠲᠠ ᠶᠢᠨ ᠳᠡᠭᠡᠳᠦ ᠰᠤᠷᠭᠠᠭᠤᠯᠢ᠂ ᠰᠤᠷᠭᠠᠭᠤᠯᠢ ᠶᠢᠨ ᠬᠦᠷᠢᠶ᠎ᠡ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ

ᠰᠤᠷᠭᠠᠭᠤᠯᠢ ᠶᠢᠨ ᠴᠣᠷᠢ ᠶᠢᠨ ᠭᠠᠭᠴᠠ AAA ᠦᠵᠡᠮᠵᠢ ᠶᠢᠨ ᠣᠷᠣᠨ ᠪᠣᠯᠪᠠ᠃

     ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠣᠲᠣ

914 ᠪᠠᠭᠰᠢ ᠲᠠᠢ᠂ 14111 ᠰᠣᠷᠣᠭᠴᠢ ᠲᠠᠢ᠂ ᠲᠤᠰᠬᠠᠶ ᠪᠠᠭᠰᠢ 700 ᠰᠢᠬᠠᠮ᠂ ᠳᠡᠭᠡᠳᠦ ᠵᠡᠷᠭᠡ ᠶᠢᠨ

ᠮᠡᠷᠭᠡᠵᠢᠯ ᠤᠨ ᠴᠤᠯᠠᠲᠠᠢ ᠪᠠᠭᠰᠢ 230᠂ ︽ᠬᠤᠤᠰ ᠬᠢᠷᠢ ᠬᠡᠮᠲᠦ︾ ᠪᠠᠭᠰᠢ 370᠂ ᠳ᠋ᠣᠺᠲ᠋ᠣᠷᠠᠨᠲ ᠤᠨ

ᠰᠤᠷᠤᠯᠭ᠎ᠠ ᠶᠢᠨ ᠨᠠᠮᠲᠠᠷ ᠲᠠᠢ ᠪᠠᠭᠰᠢ 300 ᠭᠠᠷᠤᠶ ᠪᠣᠶ᠃ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ

ᠣᠷᠳᠣᠨ ᠤ ᠣᠨᠴᠠ ᠨᠡᠮᠡᠭᠦᠷᠢ ᠶᠢ ᠬᠦᠷᠲᠡᠭᠴᠢ ᠮᠡᠷᠭᠡᠵᠢᠯᠲᠡᠨ 1᠂ ᠤᠯᠤᠰ ᠤᠨ ᠲᠠᠰ ᠤᠨ ᠮᠡᠷᠭᠡᠵᠢᠯ ᠴᠢᠳᠠᠪᠤᠷᠢ ᠶᠢᠨ

ᠶᠡᠭᠡ ᠪᠠᠭᠰᠢ 1᠂ ᠤᠯᠤᠰ ᠤᠨ ᠬᠤᠸᠠᠩ ᠶᠠᠨ ᠫᠸᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠱᠠᠩᠨᠠᠯ

ᠬᠦᠷᠲᠡᠭᠴᠢ 4᠂ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠨᠠᠷᠠᠲᠤ ᠪᠠᠭᠰᠢ 9᠂ ᠥᠪᠡᠷᠲᠡᠭᠡᠨ

ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠠᠪᠴᠠᠩ ᠤᠨ ᠰᠢᠨ᠎ᠡ ᠰᠣᠳᠣᠨ 8᠂ ᠥᠪᠡᠷᠲᠡᠭᠡᠨ ᠵᠠᠰᠠᠬᠤ ᠣᠷᠣᠨ ᠤ

ᠵᠢᠭᠠᠨ ᠰᠤᠷᠭᠠᠯᠲᠠ ᠶᠢᠨ ᠪᠦᠯᠬᠦᠮ 11᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠡᠷᠢᠨ ᠵᠠᠭᠤᠨ ᠤ 321

ᠴᠢᠳᠠᠪᠤᠷᠢᠲᠠᠨ ᠤ ᠢᠨᠵᠧᠨᠧᠷᠢᠩ︾ ᠤᠨ ᠬᠤᠶᠠᠳᠤᠭᠠᠷ ᠳᠡᠰ ᠤᠨ ᠴᠢᠳᠠᠪᠤᠷᠢᠲᠠᠨ 1᠂ ᠥᠪᠡᠷᠲᠡᠭᠡᠨ ᠵᠠᠰᠠᠬᠤ ᠣᠷᠣᠨ ᠤ

︽ᠲᠠᠯ᠎ᠠ ᠨᠤᠲᠤᠭ ᠤᠨ ᠴᠢᠳᠠᠪᠤᠷᠢᠲᠠᠨ︾ ᠢᠨᠵᠧᠨᠧᠷᠢᠩ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠦᠯᠬᠦᠮ 1᠂

ᠥᠪᠡᠷᠲᠡᠭᠡᠨ ᠵᠠᠰᠠᠬᠤ ᠣᠷᠣᠨ ᠤ ︽5·1︾ ᠤ ᠬᠥᠳᠡᠯᠮᠦᠷᠢ ᠶᠢᠨ ᠵᠢᠱᠢᠶᠡᠴᠢ ᠶᠢᠨ ᠱᠠᠩᠨᠠᠯ ᠬᠦᠷᠲᠡᠭᠴᠢ 2 ᠪᠣᠶ︔

ᠪᠤᠭᠤᠲᠤ ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠬᠦᠷᠢᠶᠡᠨ ᠤ ᠲᠦᠷᠦᠭᠦᠦ

ᠲᠤᠰᠬᠠᠶ ᠮᠡᠷᠭᠡᠵᠢᠯᠲᠡᠨ 1᠂ ᠪᠤᠭᠤᠲᠤ ᠬᠤᠲᠠ ᠶᠢᠨ ︽5512 ᠳᠠᠭᠠᠭᠤᠯᠤᠭᠴᠢ ᠴᠢᠳᠠᠪᠤᠷᠢᠲᠠᠨ︾ 1᠂ ︽ᠪᠤᠭᠤᠲᠤ

ᠬᠤᠲᠠ ᠶᠢᠨ ᠴᠢᠳᠠᠪᠤᠷᠢᠲᠠᠨ︾ ᠤ ᠳᠡᠭᠡᠳᠦ ᠲᠠᠰ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ 6᠂ ᠪᠤᠭᠤᠲᠤ

ᠬᠤᠲᠠ ᠶᠢᠨ ᠰᠤᠷᠭᠠᠨ ᠬᠥᠮᠦᠵᠢᠯ ᠤᠨ ᠲᠠᠪᠴᠠᠩ ᠤᠨ ᠰᠢᠨ᠎ᠡ ᠰᠣᠳᠣᠨ 1᠂ ᠪᠤᠭᠤᠲᠤ ᠬᠤᠲᠠ ᠶᠢᠨ ︽5512

ᠰᠢᠨ᠎ᠡ ᠶᠢ ᠡᠭᠦᠳᠬᠦ ᠪᠦᠯᠬᠦᠮ ᠨᠡᠶᠢᠲᠡ︾ 1 ᠪᠣᠶ᠃ ᠤᠯᠤᠰ ᠤᠨ ᠳᠡᠭᠡᠳᠦ ᠳᠡᠰ ᠤᠨ ᠦᠢᠯᠡᠰ ᠪᠣᠰᠬᠠᠬᠤ ᠵᠥᠪᠯᠡᠯᠭᠡ

ᠥᠭᠭᠦᠭᠴᠢ 4᠂ ᠤᠯᠤᠰ ᠤᠨ ᠰᠢᠨ᠎ᠡ ᠶᠢ ᠡᠭᠦᠳᠬᠦ ᠢᠨᠵᠧᠨᠧᠷ 56᠂ SYB ᠤᠨ ᠪᠣᠯᠪᠠᠰᠤᠷᠠᠭᠤᠯᠤᠭᠴᠢ 59

ᠪᠠᠶᠢᠵᠤ᠂ ᠤᠷᠢᠳ ᠬᠤᠵᠢᠳ ᠪᠥᠬᠦ ᠤᠯᠤᠰ ᠤᠨ ᠲᠠᠪᠤᠳᠤᠭᠠᠷ ᠬᠤᠭᠤᠴᠠᠭᠠᠨ ᠤ ︽ᠢᠨᠲ᠋ᠧᠷ ᠰᠦᠯᠵᠢᠶ᠎ᠡ +︾

ᠤᠶᠤᠲᠠᠳ ᠤᠨ ᠰᠢᠨ᠎ᠡ ᠶᠢ ᠡᠭᠦᠳᠬᠦ ᠪᠠ ᠦᠢᠯᠡᠰ ᠪᠣᠰᠬᠠᠬᠤ ᠤᠷᠤᠯᠳᠤᠭᠠᠨ ᠤ ᠪᠥᠬᠦ ᠤᠯᠤᠰ ᠤᠨ ᠮᠥᠩᠭᠦᠨ ᠮᠧᠳᠠᠯ᠂

ᠪᠥᠬᠦ ᠤᠯᠤᠰ ᠤᠨ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ‍ᠤᠨ‌ᠦᠢᠯᠡᠰ ᠪᠣᠰᠬᠠᠬᠤ ᠪᠠ ᠰᠢᠨ᠎ᠡ ᠶᠢ

ᠡᠭᠦᠳᠬᠦ︾ ᠤᠷᠤᠯᠳᠤᠭᠠᠨ ᠤ ︽ᠦᠢᠯᠡᠰ ᠪᠣᠰᠬᠠᠬᠤ ᠪᠠ ᠰᠢᠨ᠎ᠡ ᠶᠢ ᠡᠭᠦᠳᠬᠦ ᠣᠳᠣᠨ︾ ᠱᠠᠩᠨᠠᠯ ᠵᠡᠷᠭᠡ ᠢᠷᠠᠭᠤ

ᠠᠯᠳᠠᠷ ᠢ ᠭᠥᠷᠳᠡᠪᠡ᠃

     ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ

ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠣᠭ᠎ᠠ ᠶᠢ

ᠪᠠᠶᠢᠭᠤᠯᠵᠤ᠂ ᠣᠷᠣᠨ ᠤ ᠳᠣᠲᠣᠨ᠎ᠠ ᠭᠠᠳᠠᠨᠠᠬᠢ 400 ᠭᠠᠷᠤᠶ ᠠᠵᠤ ᠠᠬᠤᠶᠢᠯᠠᠯ ᠲᠠᠢ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭᠠᠨ ᠤ  ᠬᠡᠯᠡᠯᠴᠡᠭᠡᠷ ᠲᠣᠭᠲᠠᠵᠤ᠂ ᠵᠢᠩ ᠳ᠋ᠦᠩ᠂ ᠶᠢᠦ ᠯᠢ ᠺᠠᠩ ᠳ᠋ᠠ᠂  ᠬᠤᠸᠠ

ᠵᠦᠩ ᠳᠤᠭ᠎ᠠ ᠡᠵᠡᠮᠰᠢᠯ᠂ ᠯᠦ ᠢ ᠵᠢᠩ ᠫᠦ᠋᠂ ᠳ᠋ᠠᠨ ᠨᠢ ᠶᠠ ᠵᠡᠷᠭᠡ ᠲᠠᠢ ᠬᠠᠮᠲᠤᠷᠠᠯᠴᠠᠵᠤ᠂ ᠰᠤᠷᠭᠠᠭᠤᠯᠢ ᠶᠢᠨ

ᠦᠢᠯᠡᠳᠪᠦᠷᠢ᠂  ᠦᠢᠯᠡᠳᠪᠦᠷᠢ ᠶᠢᠨ ᠰᠤᠷᠭᠠᠭᠤᠯᠢ 40 ᠭᠠᠷᠤᠶ ᠪᠠᠶᠢᠵᠤ᠂ ︽ᠰᠤᠷᠭᠠᠭᠤᠯᠢ ᠪᠠ ᠠᠵᠤ ᠠᠬᠤᠶᠢᠯᠠᠯ

ᠬᠠᠮᠲᠤᠷᠠᠯᠴᠠᠬᠤ᠂ ᠠᠵᠤ ᠦᠢᠯᠡᠰ ᠪᠠ ᠰᠤᠷᠭᠠᠨ ᠬᠥᠮᠦᠵᠢᠯ ᠠᠭᠤᠰᠤᠯᠴᠠᠬᠤ᠂ ᠬᠥᠮᠦᠵᠢᠭᠦᠯᠬᠦ ᠪᠠ

ᠪᠣᠯᠪᠠᠰᠤᠷᠠᠭᠤᠯᠬᠤ ᠶᠢ ᠤᠶᠠᠯᠳᠤᠭᠤᠯᠬᠤ᠂ ᠬᠠᠮᠵᠢᠯᠴᠠᠨ ᠬᠥᠮᠦᠨ ᠢ ᠬᠥᠮᠦᠵᠢᠭᠦᠯᠬᠦ︾ ᠣᠯᠠᠨ ᠡᠰᠢᠲᠦ ᠬᠡᠪ ᠵᠠᠭᠪᠤᠷ ᠢ

ᠪᠦᠷᠢᠯᠳᠦᠭᠦᠯᠵᠦ᠂ ᠪᠥᠬᠦ ᠣᠷᠣᠨ ᠤ 20 ᠭᠠᠷᠤᠶ ᠠᠵᠤ ᠠᠬᠤᠶᠢᠯᠠᠯ ᠳᠤ ᠬᠠᠨᠳᠤᠭᠤᠯᠤᠨ ︽ᠠᠵᠤ ᠠᠬᠤᠶᠢᠯᠠᠯ ᠤᠨ

ᠰᠢᠨ᠎ᠡ ᠬᠡᠯᠪᠡᠷᠢ ᠶᠢᠨ ᠱᠠᠪᠢᠯᠠᠬᠤ ᠲᠦᠷᠢᠮ︾᠂ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ︾

ᠪᠣᠯᠪᠠᠰᠤᠷᠠᠭᠤᠯᠤᠯ ᠢ ᠥᠷᠨᠢᠭᠦᠯᠵᠦ᠂ 3000 ᠰᠢᠬᠠᠮ ᠳᠡᠭᠡᠳᠦ ᠤᠷ᠎ᠠ ᠮᠡᠷᠭᠡᠰᠢᠯ ᠤᠨ ᠴᠢᠳᠠᠪᠤᠷᠢᠲᠠᠨ ᠢ

ᠬᠥᠮᠥᠵᠢᠭᠦᠯᠵᠦ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠳᠤᠰᠬᠠᠢ ᠮᠡᠷᠭᠡᠵᠢᠯ 6 ᠶᠢ ᠬᠤᠯᠪᠤᠭᠠᠯᠠᠨ    

ᠪᠠᠶᠢᠭᠤᠯᠪᠠ᠃

     ᠤᠭ ᠰᠠᠨᠠᠭ᠎ᠠ ᠪᠠᠨ ᠪᠠᠲᠤ ᠰᠠᠬᠢᠵᠤ ᠰᠢᠨ᠎ᠡ ᠠᠶᠠᠨ ᠢᠶᠠᠨ ᠡᠬᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ

ᠵᠣᠷᠢᠭᠲᠠᠢ ᠡᠭᠦᠷᠭᠡᠯᠡᠵᠦ ᠰᠢᠨ᠎ᠡ ᠬᠠᠭᠤᠳᠠᠰᠤ ᠶᠢ ᠪᠢᠴᠢᠭᠯᠡᠨ᠎ᠡ᠃ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ

ᠬᠤᠷᠠᠯ ᠠᠴᠠ ᠨᠠᠭᠠᠰᠢ ︽ᠥᠪᠡᠷᠲᠡᠭᠡᠨ ᠵᠠᠰᠠᠬᠤ ᠣᠷᠣᠨ ᠤ ᠬᠤᠤᠰ ᠥᠨᠳᠥᠷ ᠬᠢᠷᠢ ᠲᠦᠪᠰᠢᠨ ᠪᠥᠬᠦᠶ ᠳᠡᠭᠡᠳᠦ

ᠰᠤᠷᠭᠠᠭᠤᠯᠢ ᠶᠢ ᠪᠠᠶᠢᠭᠤᠯᠬᠤ ᠪᠠ ᠠᠵᠢᠯ ᠮᠡᠷᠭᠡᠵᠢᠯ ᠤᠨ ᠵᠢᠩᠬᠢᠨᠢ ᠠᠩᠭᠢᠲᠤ ︵ᠲᠤᠰᠬᠠᠶ ᠮᠡᠷᠭᠡᠵᠢᠯ︶ ᠳᠡᠭᠡᠳᠦ

ᠰᠤᠷᠭᠠᠭᠤᠯᠢ ᠶᠢ ᠡᠭᠦᠳᠦᠨ ᠪᠠᠶᠢᠭᠤᠯᠬᠤ︾ ᠶᠡᠷᠦᠩᠬᠡᠶ ᠬᠠᠷᠠᠯᠲᠠ ᠶᠢ ᠳᠤᠷᠠᠳᠴᠤ᠂ ᠥᠷᠢᠰᠦᠯᠳᠦᠬᠦ ᠬᠦᠴᠦᠨ ᠢᠶᠠᠷ

ᠴᠢᠩᠭ᠎ᠠ᠂ ᠨᠡᠶᠢᠭᠡᠮ ᠤᠨ ᠮᠡᠳᠡᠷᠡᠮᠵᠢ ᠪᠠᠷ ᠥᠨᠳᠥᠷ᠂ ᠨᠡᠶᠢᠭᠡᠮ ᠳᠤ ᠦᠢᠯᠡᠴᠢᠯᠡᠬᠦ ᠴᠢᠳᠠᠮᠵᠢ ᠪᠠᠷ ᠴᠢᠩᠭ᠎ᠠ᠂ ᠢᠯᠡ

ᠲᠣᠳᠣ ᠠᠵᠢᠯ ᠲᠥᠷᠥᠯ ᠤᠨ ᠣᠨᠴᠠᠯᠢᠭ ᠲᠠᠢ ᠪᠠ ᠣᠷᠣᠨ ᠪᠦᠰᠡ ᠶᠢᠨ ᠣᠨᠴᠠᠯᠢᠭ ᠲᠠᠢ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢ ᠪᠠᠶᠢᠭᠤᠯᠬᠤ ᠬᠥᠭᠵᠢᠯᠲᠡ ᠶᠢᠨ ᠲᠥᠯᠥᠪᠯᠡᠭᠡ ᠶᠢ ᠵᠢᠷᠤᠭᠯᠠᠪᠠ᠃ ᠪᠤᠭᠤᠲᠤ ᠶᠢᠨ

ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠢᠨ᠎ᠡ ᠴᠠᠭ ᠦᠶ᠎ᠡ ᠶᠢᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠲᠤᠭ ᠢ ᠥᠨᠳᠥᠷ ᠡᠷᠭᠦᠵᠦ᠂ ᠰᠤᠷᠭᠠᠭᠤᠯᠢ ᠶᠢᠨ ᠶᠣᠰᠣ ᠰᠤᠷᠲᠠᠬᠤᠨ ᠢ

ᠪᠣᠢ ᠪᠣᠯᠭᠠᠵᠤ ᠬᠥᠮᠦᠨ ᠢ ᠬᠥᠮᠦᠵᠢᠭᠦᠯᠬᠦ  ᠰᠡᠳᠬᠢᠯᠭᠡ ᠶᠢ ᠬᠥᠭᠵᠢᠭᠡᠵᠦ᠂ ᠤᠷᠢᠳᠤᠬᠢ ᠶᠢ ᠵᠠᠯᠭᠠᠮᠵᠢᠯᠠᠨ

ᠬᠤᠶᠢᠰᠢᠬᠢ ᠳᠤ ᠵᠠᠮ ᠨᠡᠭᠡᠭᠡᠬᠦ ᠬᠦᠨᠳᠦ ᠡᠭᠦᠷᠭᠡ ᠶᠢ ᠡᠭᠦᠷᠭᠡᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠬᠥᠭᠵᠢᠯᠲᠡ ᠯᠦᠭᠡ ᠵᠡᠷᠭᠡ ᠪᠠᠷ ᠤᠷᠤᠭᠰᠢᠯᠠᠵᠤ᠂ ᠡᠬᠡ ᠤᠯᠤᠰ ᠤᠨ ᠬᠥᠭᠵᠢᠯ ᠴᠡᠴᠡᠭᠯᠡᠯ ᠲᠠᠢ ᠵᠡᠷᠭᠡ ᠪᠠᠷ

ᠤᠷᠤᠭᠰᠢᠯᠠᠨ᠎ᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map