ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ︽ᠰᠢᠨ᠎ᠡ ᠶᠢᠷᠲᠢᠨᠴᠦ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/7/29
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      — ︽ᠰᠢᠨ᠎ᠡ ᠶᠢᠷᠲᠢᠨᠴᠦ︾        ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ        ᠮᠡᠷᠭᠡᠵᠢᠯ  ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 1991 ᠣᠨ ᠳᠤ ᠪᠠᠶᠢᠭᠤᠯᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠨ᠂ ᠤᠯᠤᠰ ᠤᠨ ᠰᠤᠷᠭᠠᠨ ᠬᠥᠮᠦᠵᠢᠯ ᠤᠨ ᠶᠠᠮᠤᠨ ᠳᠤ ᠳᠠᠩᠰᠠᠯᠠᠭᠤᠯᠵᠤ᠂ ᠤᠯᠤᠰ ᠤᠨ ᠨᠢᠭᠡᠳᠦᠯᠲᠡᠶ ᠰᠣᠷᠣᠭᠴᠢ ᠡᠯᠰᠡᠬᠦ ᠲᠥᠯᠥᠪᠯᠡᠭᠡ ᠳᠤ  ᠣᠷᠣᠭᠰᠠᠨ᠂ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠢ ᠲᠤᠰᠠᠭᠠᠷ ᠣᠯᠭᠤᠬᠤ ᠬᠢᠷᠢ ᠬᠡᠮ ᠲᠠᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠪᠣᠯᠤᠨ᠎ᠠ᠃ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ᠬᠠᠤᠯᠢ ᠪᠠᠷ ᠰᠤᠷᠭᠠᠭᠤᠯᠢ ᠪᠠᠨ ᠵᠠᠰᠠᠬᠤ᠂ ᠣᠨᠴᠠᠯᠢᠭ ᠢᠶᠠᠷ ᠰᠤᠷᠭᠠᠭᠤᠯᠢ ᠪᠠᠨ ᠮᠠᠨᠳᠤᠭᠤᠯᠬᠤ᠂ ᠴᠢᠨᠠᠷ ᠴᠢᠨᠰᠠᠭ᠎ᠠ ᠪᠠᠷ ᠰᠤᠷᠭᠠᠭᠤᠯᠢ ᠪᠠᠨ ᠪᠠᠶᠢᠭᠤᠯᠬᠤ᠂ ᠲᠡᠮᠳᠡᠭᠲᠦ ᠪᠠᠷ ᠰᠤᠷᠭᠠᠭᠤᠯᠢ ᠪᠠᠨ ᠬᠦᠴᠦᠷᠬᠡᠭᠵᠢᠭᠦᠯᠬᠦ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠴᠢᠷᠮᠠᠶᠢᠨ ᠡᠭᠦᠳᠦᠨ ᠪᠠᠶᠢᠭᠤᠯᠪᠠ᠃

     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠨᠢ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠤᠷᠭᠠᠭᠤᠯᠢ ᠡᠷᠭᠢᠯᠡᠭᠰᠡᠨ

ᠨᠢᠭᠡᠴᠢ︾᠂ ︽ᠠᠵᠢᠯ ᠣᠯᠭᠤᠯᠲᠠ ᠶᠢᠨ ᠲᠡᠷᠢᠭᠦᠨ ᠤ ᠨᠢᠭᠡᠴᠢ︾᠂ ︽ᠰᠤᠷᠤᠭᠴᠢᠳ ᠢ ᠳᠡᠳᠬᠦᠨ ᠲᠤᠰᠠᠯᠠᠬᠤ

ᠠᠵᠢᠯ ᠤᠨ ᠲᠡᠷᠢᠭᠦᠨ ᠤ ᠨᠢᠭᠡᠴᠢ︾᠂ ︽ᠤᠶᠤᠲᠠᠳ ᠴᠡᠷᠢᠭ ᠡᠯᠰᠡᠬᠦ ᠠᠵᠢᠯ ᠤᠨ ᠲᠡᠷᠢᠭᠦᠨ ᠤ ᠨᠢᠭᠡᠴᠢ︾ ᠵᠡᠷᠭᠡ

ᠢᠷᠠᠭᠤ ᠠᠯᠳᠠᠷ ᠢ ᠭᠥᠷᠳᠡᠪᠡ᠃ ᠰᠤᠷᠭᠠᠭᠤᠯᠢ ᠳᠤ ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ

ᠲᠣᠭᠲᠠᠭᠠᠬᠤ ᠥᠷᠲᠡᠭᠡ᠂ ᠨᠡᠶᠢᠲᠡᠯᠢᠭ ᠬᠡᠯᠡᠨ ᠤ ᠬᠢᠷᠢ ᠲᠦᠪᠰᠢᠨ ᠤ ᠪᠣᠯᠪᠠᠰᠤᠷᠠᠯ ᠰᠢᠯᠭᠠᠯᠲᠠ ᠶᠢᠨ ᠠᠵᠢᠯ ᠤᠨ

ᠥᠷᠲᠡᠭᠡ᠂ ᠤᠶᠤᠲᠠᠳ ᠤᠨ ᠦᠢᠯᠡᠰ  ᠪᠣᠰᠬᠠᠬᠤ ᠪᠣᠯᠪᠠᠰᠤᠷᠠᠯ ᠤᠨ ᠰᠠᠭᠤᠷᠢᠨ ᠲᠠᠢ᠃ ᠠᠨᠠᠭᠠᠬᠤ ᠤᠬᠠᠭᠠᠨ ᠤ

ᠮᠡᠷᠭᠡᠵᠢᠯ ᠤᠨ ᠰᠠᠯᠪᠤᠷᠢ᠂ ᠰᠤᠷᠭᠠᠨ ᠬᠥᠮᠦᠵᠢᠯ ᠤᠨ ᠰᠠᠯᠪᠤᠷᠢ᠂ ᠮᠠᠰᠢᠨ ᠲᠡᠷᠭᠡᠨ ᠤ ᠢᠨᠵᠧᠨᠧᠷᠢᠩ ᠤᠨ ᠰᠠᠯᠪᠤᠷᠢ᠂

ᠤᠷᠠᠯᠢᠭ ᠤᠨ ᠵᠠᠭᠤᠴᠢᠯᠠᠭᠤᠷ ᠤᠨ ᠰᠠᠯᠪᠤᠷᠢ᠂ ᠪᠣᠯᠪᠠᠰᠤᠷᠠᠯ ᠤᠨ ᠲᠥᠪ᠂ ᠬᠠᠷᠢᠶᠠᠲᠤ ᠳᠤᠮᠳᠠᠳᠤ ᠵᠡᠷᠭᠡ ᠶᠢᠨ ᠲᠤᠰᠬᠠᠶ

ᠮᠡᠷᠭᠡᠵᠢᠯ ᠤᠨ ᠰᠤᠷᠭᠠᠭᠤᠯᠢ ᠵᠡᠷᠭᠡ ᠵᠢᠭᠠᠨ ᠰᠤᠷᠭᠠᠯᠲᠠ ᠶᠢᠨ ᠪᠠᠶᠢᠭᠤᠯᠤᠮᠵᠢ ᠲᠠᠢ᠃ ᠰᠤᠪᠢᠯᠠᠯᠲᠠ᠂

ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠲᠣᠭᠠᠴᠢᠯᠠᠭᠰᠠᠨ ᠵᠠᠭᠤᠴᠢᠯᠠᠭᠤᠷ ᠤᠨ ᠮᠡᠷᠭᠡᠵᠢᠯ᠂

ᠬᠤᠷᠳᠤᠨ ᠤ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ᠂ ᠮᠠᠰᠢᠨ ᠲᠡᠷᠭᠡ ᠶᠢ ᠪᠠᠶᠢᠴᠠᠭᠠᠨ

ᠰᠢᠯᠭᠠᠬᠤ ᠪᠠ ᠰᠡᠯᠪᠢᠨ ᠵᠠᠰᠠᠬᠤ ᠮᠡᠷᠭᠡᠵᠢᠯ ᠵᠡᠷᠭᠡ 11 ᠲᠤᠰᠬᠠᠶ ᠮᠡᠷᠭᠡᠵᠢᠯ ᠢ ᠨᠡᠭᠡᠭᠡᠭᠰᠡᠨ ᠤ ᠬᠠᠮᠲᠤ ᠲᠤᠰᠬᠠᠶ

ᠮᠡᠷᠭᠡᠵᠢᠯ ᠤᠨ ᠪᠠᠶᠢᠷᠢᠯᠠᠭᠤᠯᠤᠯᠲᠠ ᠪᠠ ᠴᠢᠳᠠᠪᠤᠷᠢᠲᠠᠨ ᠢ ᠬᠥᠮᠦᠵᠢᠭᠦᠯᠬᠦ ᠯᠦᠭᠡ ᠬᠠᠷᠢᠯᠴᠠᠨ ᠳᠣᠭᠢᠷᠠᠯᠴᠠᠭᠰᠠᠨ

ᠠᠨᠠᠭᠠᠬᠤ ᠤᠬᠠᠭᠠᠨ ᠤ ᠳᠠᠳᠤᠯᠭ᠎ᠠ ᠪᠣᠯᠪᠠᠰᠤᠷᠠᠭᠤᠯᠤᠯ ᠤᠨ ᠲᠥᠪ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ

ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠭᠤᠯᠤᠯ ᠤᠨ ᠲᠥᠪ᠂ ᠮᠠᠰᠢᠨ ᠲᠡᠷᠭᠡ ᠮᠠᠰᠢᠨ ᠴᠠᠬᠢᠯᠭᠠᠨ ᠤ

ᠳᠠᠳᠤᠯᠭ᠎ᠠ ᠪᠣᠯᠪᠠᠰᠤᠷᠠᠭᠤᠯᠤᠯ ᠤᠨ ᠲᠥᠪ᠂ ᠲᠣᠭᠠᠴᠢᠯᠠᠭᠰᠠᠨ ᠵᠠᠭᠤᠴᠢᠯᠠᠭᠤᠷ ᠤᠨ ᠳᠠᠳᠤᠯᠭ᠎ᠠ ᠪᠣᠯᠪᠠᠰᠤᠷᠠᠭᠤᠯᠤᠯ ᠤᠨ

ᠲᠠᠰᠤᠭ ᠵᠡᠷᠭᠡ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠭᠤᠯᠤᠯ ᠤᠨ  ᠭᠠᠵᠠᠷ ᠲᠠᠢ᠃

     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠨᠢ ︽ᠦᠢᠯᠡᠴᠢᠯᠡᠭᠡ ᠪᠠᠷ ᠵᠣᠷᠢᠯᠲᠠ ᠪᠣᠯᠭᠠᠬᠤ᠂ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠬᠤ᠂

ᠴᠢᠨᠠᠷ ᠴᠢᠨᠰᠠᠭ᠎ᠠ ᠪᠠᠷ ᠣᠷᠣᠰᠢᠨ ᠲᠣᠭᠲᠠᠨᠢᠬᠤ᠂ ᠣᠨᠴᠠᠯᠢᠭ ᠢᠶᠠᠷ ᠬᠥᠭᠵᠢᠯᠲᠡ ᠶᠢ ᠡᠷᠢᠯᠬᠢᠯᠡᠬᠦ︾ ᠰᠤᠷᠭᠠᠭᠤᠯᠢ

ᠡᠷᠭᠢᠯᠡᠬᠦ ᠣᠨᠣᠯᠵᠢᠬᠤᠨ ᠢ ᠪᠠᠷᠢᠮᠲᠠᠯᠠᠵᠤ᠂ ᠬᠡᠷᠡᠭᠯᠡᠭᠡᠨ ᠢᠶᠠᠷ ᠤᠳᠤᠷᠢᠳᠤᠮᠵᠢ ᠪᠣᠯᠭᠠᠭᠰᠠᠨ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠬᠡᠪ ᠵᠠᠭᠪᠤᠷ ᠢ ᠢᠳᠡᠪᠬᠢᠲᠡᠶ ᠠᠬᠢᠭᠤᠯᠪᠠ᠃ ᠣᠨᠣᠯ ᠤᠨ ᠮᠡᠳᠡᠯᠭᠡ +

ᠶᠡᠷᠦᠩᠬᠡᠶᠢᠯᠡᠭᠰᠡᠨ ᠪᠣᠯᠪᠠᠰᠤᠷᠠᠯ ᠤᠨ ᠰᠤᠷᠭᠠᠨ ᠬᠥᠮᠦᠵᠢᠯ + ᠠᠵᠢᠯ ᠤᠨ ᠪᠠᠶᠢᠷᠢ ᠶᠢᠨ ᠴᠢᠳᠠᠪᠤᠷᠢ ᠪᠥᠬᠦᠶ

ᠶᠡᠷᠦᠩᠬᠡᠶᠢᠯᠡᠭᠰᠡᠨ ᠬᠡᠪ ᠪᠣᠯᠪᠠᠰᠤᠷᠠᠯ ᠤᠨ ᠬᠥᠮᠦᠵᠢᠯ ᠤᠨ ᠬᠡᠪ ᠵᠠᠭᠪᠤᠷ ᠢ ᠬᠡᠷᠡᠭᠯᠡᠵᠦ᠂ ᠰᠤᠷᠭᠠᠭᠤᠯᠢ ᠪᠣᠯᠤᠨ ᠠᠵᠤ

ᠠᠬᠤᠶᠢᠯᠠᠯ ᠬᠠᠮᠲᠤᠷᠠᠯᠴᠠᠬᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠬᠠᠬᠤ᠂ ᠵᠠᠬᠢᠶᠠᠯᠠᠭ᠎ᠠ ᠪᠠᠷ

ᠬᠥᠮᠦᠵᠢᠭᠦᠯᠬᠦ᠂ ᠡᠭᠦᠷᠭᠡ ᠪᠠᠷ ᠬᠥᠳᠡᠯᠭᠡᠭᠦᠷ ᠪᠣᠯᠭᠠᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠠᠵᠢᠯ ᠤᠨ

ᠪᠠᠶᠢᠷᠢ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠠᠵᠢᠯ ᠲᠥᠷᠥᠯ ᠤᠨ ᠪᠠᠷᠢᠮᠵᠢᠶ᠎ᠠ ᠪᠠᠷ ᠤᠳᠤᠷᠢᠳᠤᠮᠵᠢ

ᠪᠣᠯᠭᠠᠭᠰᠠᠨ ᠵᠢᠭᠠᠨ ᠰᠤᠷᠭᠠᠯᠲᠠ ᠶᠢ ᠨᠢᠭᠡ ᠴᠣᠭᠴᠠᠵᠢᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠴᠢᠳᠠᠪᠤᠷᠢᠲᠠᠨ ᠢ ᠬᠥᠮᠦᠵᠢᠭᠦᠯᠬᠦ ᠲᠥᠰᠦᠯ ᠢ ᠬᠡᠷᠡᠭᠵᠢᠭᠦᠯᠵᠦ᠂ ᠪᠠᠭᠰᠢ ᠵᠢᠭᠠᠨ ᠵᠢᠯᠣᠭᠤᠳᠴᠤ᠂ ᠰᠤᠷᠤᠭᠴᠢᠳ

ᠪᠠᠭ᠋ᠠᠲᠠᠶ ᠰᠤᠷᠤᠯᠴᠠᠬᠤ ᠴᠢᠳᠠᠪᠤᠷᠢᠲᠠᠨ ᠢ ᠬᠥᠮᠦᠵᠢᠭᠦᠯᠬᠦ ᠰᠢᠨ᠎ᠡ ᠪᠠᠶᠢᠳᠠᠯ ᠢ ᠪᠣᠶ ᠪᠣᠯᠭᠠᠪᠠ᠃

     ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠬᠤ

ᠪᠥᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠪᠠᠶᠢᠭᠤᠯᠤᠭᠳᠠᠭᠰᠠᠨ 30 ᠵᠢᠯ ᠤᠨ ᠤᠢ ᠪᠣᠯᠤᠨ᠎ᠠ᠃ ᠰᠤᠷᠭᠠᠭᠤᠯᠢ ᠶᠢᠨ ᠦᠰᠦᠨ ᠪᠤᠶᠢᠵᠢᠯᠲᠠ ᠪᠠ

ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠳᠠᠬᠢ ᠨᠠᠮ ᠤᠨ ᠳᠡᠮᠵᠢᠯᠭᠡ ᠵᠣᠷᠢᠭᠵᠢᠭᠤᠯᠤᠯ ᠨᠢᠭᠲᠠ ᠬᠤᠯᠪᠣᠯᠳᠤᠵᠤ᠂

2021 ᠣᠨ ᠤ ᠡᠨᠡ ᠬᠦ ᠣᠨᠴᠠᠭᠠᠢ ᠵᠢᠯ ᠭᠦᠨ ᠭᠦᠨᠵᠡᠭᠡᠢ ᠤᠳᠬ᠎ᠠ ᠠᠭᠤᠯᠭ᠎ᠠ ᠲᠠᠢ ᠶᠤᠮ᠃  ᠰᠤᠷᠭᠠᠭᠤᠯᠢ ᠨᠢ

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ

ᠬᠥᠭᠵᠢᠯᠲᠡ ᠶᠢᠨ ᠱᠠᠲᠤᠨ ᠳᠤ ᠵᠣᠬᠢᠴᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠪᠠᠶᠢᠭᠤᠯᠵᠤ᠂ ᠴᠠᠭ

ᠦᠶ᠎ᠡ ᠲᠠᠢ ᠵᠡᠷᠭᠡ ᠪᠠᠷ ᠤᠷᠤᠭᠰᠢᠯᠠᠵᠤ᠂ ᠤᠯᠤᠰ ᠤᠨ ᠪᠥᠲᠥᠭᠡᠨ ᠪᠠᠶᠢᠭᠤᠯᠤᠯᠲᠠ ᠲᠠᠢ ᠵᠡᠷᠭᠡ ᠪᠠᠷ ᠤᠷᠤᠭᠰᠢᠯᠠᠵᠤ᠂

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠲᠠᠢ ᠵᠡᠷᠭᠡ ᠪᠠᠷ ᠤᠷᠤᠭᠰᠢᠯᠠᠵᠤ ᠪᠠᠶᠢᠨ᠎ᠠ᠃ ᠣᠭ

ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠥᠯᠥ ᠬᠥᠰᠡᠷᠳᠡᠭᠦᠯᠦᠨ᠂ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ

ᠡᠷᠭᠦᠨ᠎ᠡ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map