ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠳᠠᠬᠢᠨᠲᠠ ᠮᠣᠷᠳᠠᠨᠠᠮ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/7/29
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ· ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃       ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      — ︽ᠳᠠᠬᠢᠨᠲᠠ ᠮᠣᠷᠳᠠᠨᠠᠮ︾ ᠭᠡᠬᠦ ᠳᠠᠭᠤᠤ ᠶᠢ ᠬᠠᠩᠭᠢᠨᠠᠭᠤᠯᠪᠠ᠃       ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠰᠤᠷᠭᠠᠨ ᠬᠥᠮᠦᠵᠢᠯ ᠤᠨ ᠶᠠᠮᠤᠨ ᠢᠶᠠᠷ ᠬᠢᠨᠠᠨ ᠵᠥᠪᠰᠢᠶᠡᠷᠡᠭᠦᠯᠵᠦ ᠳᠠᠩᠰᠠᠯᠠᠭᠤᠯᠤᠭᠰᠠᠨ᠂ ᠤᠤᠯ ᠤᠨ ᠵᠠᠯᠠᠨ ᠠᠶᠢᠯ ᠤᠨ ᠬᠡᠦᠬᠡᠳ ᠤᠨ ᠪᠠᠭᠰᠢ ᠶᠢᠨ ᠰᠤᠷᠭᠠᠭᠤᠯᠢ ︵1946 ᠣᠨ ᠳᠤ ᠪᠠᠶᠢᠭᠤᠯᠤᠭᠰᠠᠨ︶᠂ ᠵᠠᠯᠠᠨ ᠠᠶᠢᠯ ᠤᠨ ᠣᠶ ᠰᠢᠭᠤᠶ ᠶᠢᠨ ᠰᠤᠷᠭᠠᠭᠤᠯᠢ ︵1952 ᠣᠨ ᠳᠤ ᠪᠠᠶᠢᠭᠤᠯᠤᠭᠰᠠᠨ︶᠂ ᠵᠠᠯᠠᠨ ᠠᠶᠢᠯ ᠤᠨ ᠲᠠᠷᠢᠶᠠᠯᠠᠩ ᠮᠠᠯ ᠠᠵᠤ ᠠᠬᠤᠶ ᠶᠢᠨ ᠰᠤᠷᠭᠠᠭᠤᠯᠢ ︵1952 ᠣᠨ ᠳᠤ ᠪᠠᠶᠢᠭᠤᠯᠤᠭᠰᠠᠨ︶ ᠪᠣᠯᠤᠨ ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠤᠨ ᠰᠤᠷᠭᠠᠭᠤᠯᠢ ︵1959 ᠣᠨ ᠳᠤ ᠪᠠᠶᠢᠭᠤᠯᠤᠭᠰᠠᠨ︶ ᠶᠢ ᠨᠡᠶᠢᠯᠡᠭᠦᠯᠵᠦ ᠪᠠᠶᠢᠭᠤᠯᠤᠭᠰᠠᠨ ᠠᠯᠪᠠᠨ ᠠᠴᠠ ᠡᠷᠭᠢᠯᠡᠭᠰᠡᠨ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ᠎ᠠ᠃ ᠰᠤᠷᠭᠠᠭᠤᠯᠢ ᠨᠢ ᠬᠥᠯᠥᠨ ᠪᠤᠶᠢᠷ ᠤᠨ ᠲᠠᠯ᠎ᠠ ᠨᠤᠲᠤᠭ ᠪᠣᠯᠤᠨ ᠶᠡᠭᠡ ᠬᠢᠩᠭᠠᠨ ᠳᠠᠪᠠᠭᠠᠨ ᠤ ᠤᠢ ᠰᠢᠭᠤᠢ ᠶᠢᠨ ᠳᠤᠮᠳᠠᠬᠢ ︽ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ︾ ᠭᠡᠭᠳᠡᠭᠰᠡᠨ ᠵᠠᠯᠠᠨ ᠠᠶᠢᠯ ᠬᠤᠳᠠ ᠳᠤ ᠪᠠᠶᠢᠷᠢᠯᠠᠵᠤ᠂ ᠠᠳᠡᠬᠢ ᠦᠩᠭᠡ ᠦᠵᠡᠮᠵᠢ ᠨᠠᠮᠤᠭᠤᠨ ᠰᠠᠶᠢᠬᠠᠨ᠂ ᠲᠡᠦᠬᠡ ᠰᠣᠶᠤᠯ ᠤᠨ ᠰᠠᠭᠤᠷᠢ ᠵᠤᠵᠠᠭᠠᠨ᠂ ᠵᠠᠮ ᠬᠠᠷᠢᠯᠴᠠᠭ᠎ᠠ ᠳᠥᠭᠦᠮ ᠳᠥᠲᠡ᠂ ᠠᠵᠤ ᠦᠢᠯᠡᠰ ᠲᠥᠪᠯᠡᠷᠡᠭᠰᠡᠨ ᠳᠤᠮᠳᠠᠳᠤ ᠤᠯᠤᠰ ᠤᠨ ᠰᠢᠯᠢᠳᠡᠭ ᠵᠤᠭᠠᠴᠠᠯ ᠤᠨ ᠬᠤᠳᠠ ᠪᠠᠶᠢᠵᠤ᠂ ᠪᠦᠬᠦ ᠤᠯᠤᠰ ᠤᠨ 14 ᠳ᠋ᠦ᠋ᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠭᠰᠡᠨ ᠭᠠᠵᠠᠷ ᠤᠨ ᠨᠢᠭᠡ ᠪᠣᠯᠤᠨ᠎ᠠ᠃

     ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠪᠥᠬᠦ ᠤᠯᠤᠰ ᠤᠨ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠪᠣᠯᠪᠠᠰᠤᠷᠠᠭᠤᠯᠬᠤ ᠰᠢᠯᠢᠳᠡᠭ ᠰᠤᠷᠭᠠᠭᠤᠯᠢ᠂

ᠤᠯᠤᠰ ᠤᠨ ᠰᠤᠪᠢᠯᠠᠯᠲᠠ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ᠂ ᠤᠯᠤᠰ ᠤᠨ ᠲᠠᠰ ᠤᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠰ ᠪᠣᠰᠬᠠᠬᠤ ᠪᠣᠯᠪᠠᠰᠤᠷᠠᠭᠤᠯᠤᠯ ᠤᠨ

ᠰᠠᠭᠤᠷᠢᠨ᠂ ᠲᠠᠷᠢᠶᠠᠯᠠᠩ ᠠᠵᠤ ᠠᠬᠤᠶ ᠬᠥᠳᠡᠭᠡ ᠲᠣᠰᠬᠤᠨ ᠤ ᠶᠠᠮᠤᠨ ᠪᠠ ᠰᠤᠷᠭᠠᠨ ᠬᠥᠮᠦᠵᠢᠯ ᠤᠨ ᠶᠠᠮᠤᠨ ᠤ

ᠲᠠᠷᠢᠶᠠᠯᠠᠩ ᠤᠨ ᠠᠵᠢᠯ ᠮᠡᠷᠭᠡᠵᠢᠯ ᠤᠨ ᠬᠥᠮᠦᠵᠢᠯ ᠪᠣᠯᠪᠠᠰᠤᠷᠠᠭᠤᠯᠤᠯ ᠤᠨ ᠳᠠᠭᠤᠷᠢᠶᠠᠯ ᠦᠵᠡᠭᠦᠯᠬᠦ ᠰᠠᠭᠤᠷᠢᠨ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ

ᠪᠠᠲᠤᠯᠠᠭ᠎ᠠ ᠶᠢᠨ ᠲᠢᠩᠬᠢᠮ ᠤᠨ ᠳᠡᠭᠡᠳᠦ ᠳᠡᠰ ᠤᠨ ᠮᠡᠷᠭᠡᠵᠢᠯ ᠤᠨ ᠴᠢᠳᠠᠪᠤᠷᠢᠲᠠᠨ ᠢ  ᠪᠣᠯᠪᠠᠰᠤᠷᠠᠭᠤᠯᠬᠤ ᠰᠠᠭᠤᠷᠢᠨ᠂

︽ᠭᠤᠷᠪᠠᠨ ᠣᠷᠣᠨ︾ ᠤ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠪᠣᠯᠤᠨ᠎ᠠ᠃ ᠤᠯᠤᠰ ᠤᠨ ᠡᠷᠡᠭᠦᠯ ᠬᠠᠮᠠᠭᠠᠯᠠᠯ

ᠡᠷᠡᠭᠦᠯ ᠮᠡᠨᠳᠦ ᠶᠢᠨ ᠵᠥᠪᠯᠡᠯ ᠤᠨ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ

ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠤᠨ ᠥᠷᠲᠡᠭᠡ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠢᠭ

ᠬᠡᠯᠡᠨ ᠤ ᠬᠢᠷᠢ ᠲᠦᠪᠰᠢᠨ ᠤ ᠪᠣᠯᠪᠠᠰᠤᠷᠠᠭᠤᠯᠤᠯ ᠤᠨ ᠰᠣᠷᠢᠯᠲᠠ ᠶᠢᠨ ᠥᠷᠲᠡᠭᠡ ᠵᠡᠷᠭᠡ ᠣᠯᠠᠨ ᠪᠣᠯᠪᠠᠰᠤᠷᠠᠭᠤᠯᠤᠯ

ᠪᠠ ᠬᠢᠨᠠᠨ ᠲᠣᠭᠲᠠᠭᠠᠵᠤ ᠲᠤᠷᠰᠢᠬᠤ ᠪᠠᠶᠢᠭᠤᠯᠤᠮᠵᠢ ᠪᠣᠢ᠃

     ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ

ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠤᠨ ᠡᠵᠡᠯᠡᠬᠦ ᠲᠠᠯᠠᠪᠠᠢ 57 . 34 ᠾᠧᠺᠲ᠋ᠠᠷ ᠪᠠᠶᠢᠵᠤ᠂

ᠰᠢᠨ᠎ᠡ ᠪᠠᠷ ᠪᠠᠶᠢᠭᠤᠯᠤᠭᠰᠠᠨ 18 ᠰᠠᠭᠤᠷᠢ ᠲᠠᠩ ᠴᠣᠭᠴᠠᠲᠤ ᠪᠠᠷᠢᠯᠭ᠎ᠠ ᠶᠢ 9 ᠰᠠᠷ᠎ᠠ ᠳᠤ ᠲᠤᠰᠢᠶᠠᠨ ᠬᠡᠷᠡᠭᠯᠡᠭᠦᠯᠵᠦ᠂

ᠰᠤᠷᠭᠠᠭᠤᠯᠢ ᠡᠷᠭᠢᠯᠡᠬᠦ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠵᠤ ᠪᠠᠶᠢᠨ᠎ᠠ᠃

     ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠰᠤᠷᠭᠠᠨ ᠬᠥᠮᠦᠵᠢᠯ ᠤᠨ ᠰᠢᠨᠵᠢᠯᠡᠬᠦ

ᠤᠬᠠᠭᠠᠨ᠂ ᠠᠨᠠᠭᠠᠬᠤ ᠤᠬᠠᠭᠠᠨ ᠤ ᠰᠤᠪᠢᠯᠠᠯᠲᠠ ᠶᠢᠨ ᠲᠥᠷᠥᠯ ᠤᠨ ᠲᠤᠰᠬᠠᠶ ᠮᠡᠷᠭᠡᠵᠢᠯ ᠢᠶᠠᠷ ᠲᠤᠯᠭᠠᠭᠤᠷᠢᠯᠠᠯ

ᠪᠣᠯᠭᠠᠵᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠶᠢᠨ ᠲᠥᠷᠥᠯ ᠤᠨ ᠲᠤᠰᠬᠠᠶ ᠮᠡᠷᠭᠡᠵᠢᠯ ᠢᠶᠠᠷ ᠣᠨᠴᠠᠯᠢᠭ

ᠪᠣᠯᠭᠠᠨ᠂ ᠠᠵᠤ ᠠᠬᠤᠶ ᠶᠢᠨ ᠬᠠᠮᠢᠶᠠᠷᠤᠯᠲᠠ᠂ ᠮᠡᠳᠡᠭᠡ ᠵᠠᠩᠭᠢ ᠶᠢᠨ ᠢᠨᠵᠧᠨᠧᠷᠢᠩ᠂ ᠮᠠᠰᠢᠨ ᠲᠡᠷᠭᠡᠨ ᠤ

ᠢᠨᠵᠧᠨᠧᠷᠢᠩ ᠤᠨ ᠲᠥᠷᠥᠯ ᠤᠨ ᠲᠤᠰᠬᠠᠶ ᠮᠡᠷᠭᠡᠵᠢᠯ ᠢᠶᠠᠷ ᠪᠤᠶᠢᠵᠢᠭᠤᠯᠬᠤ ᠭᠤᠤᠯᠳᠠᠯᠭ᠎ᠠ ᠪᠣᠯᠭᠠᠵᠤ᠂ ᠰᠣᠯᠪᠢᠴᠠᠨ

ᠠᠭᠤᠰᠤᠭᠰᠠᠨ ᠲᠤᠰᠬᠠᠶ ᠮᠡᠷᠭᠡᠵᠢᠯ ᠤᠨ ᠳᠣᠭᠲᠠᠯᠴᠠᠭ᠎ᠠ ᠶᠢ ᠪᠠᠶᠢᠭᠤᠯᠪᠠ᠃ 2020 ᠣᠨ ᠳᠤ᠂ ᠰᠤᠷᠭᠠᠭᠤᠯᠢ ᠨᠢ

ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ 5 ᠵᠢᠯ ᠤᠨ ᠳᠦᠷᠢᠮᠲᠦ ᠠᠵᠢᠯ ᠮᠡᠷᠭᠡᠵᠢᠯ ᠤᠨ

ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ ᠰᠤᠷᠤᠭᠴᠢ ᠶᠢ ᠡᠬᠢᠯᠡᠨ ᠡᠯᠰᠡᠵᠦ᠂ ᠣᠲᠣ ᠲᠠᠷᠢᠶᠠᠯᠠᠩ ᠣᠶ ᠰᠢᠭᠤᠶ

ᠮᠠᠯ ᠠᠵᠤ ᠠᠬᠤᠶ ᠵᠢᠭᠠᠰᠤᠨ ᠠᠵᠤ ᠠᠬᠤᠶ᠂ ᠰᠤᠷᠭᠠᠨ ᠬᠥᠮᠦᠵᠢᠯ ᠬᠢᠭᠡᠳ ᠪᠡᠶ᠎ᠡ ᠶᠢᠨ ᠲᠠᠮᠢᠷ᠂ ᠡᠮ ᠡᠮᠨᠡᠯᠭᠡ ᠡᠷᠡᠭᠦᠯ

ᠬᠠᠮᠠᠭᠠᠯᠠᠯ᠂ ᠡᠳ᠋ ᠤᠨ ᠵᠠᠰᠠᠭ ᠠᠵᠤ ᠠᠬᠤᠶ ᠠᠷᠠᠯᠵᠢᠶ᠎ᠠ ᠬᠤᠳᠠᠯᠳᠤᠭ᠎ᠠ᠂ ᠡᠯᠧᠺᠲᠷᠣᠨ ᠮᠡᠳᠡᠭᠡ ᠵᠠᠩᠭᠢ᠂ ᠵᠤᠭᠠᠴᠠᠯ᠂

ᠮᠠᠰᠢᠨ ᠲᠡᠷᠭᠡ ᠦᠢᠯᠡᠳᠬᠦ ᠵᠡᠷᠭᠡ ᠲᠤᠰᠬᠠᠶ ᠮᠡᠷᠭᠡᠵᠢᠯ ᠤᠨ ᠶᠡᠭᠡ ᠲᠥᠷᠥᠯ 7᠂ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠲᠤᠰᠬᠠᠶ ᠮᠡᠷᠭᠡᠵᠢᠯ 20᠂ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ

ᠲᠤᠰᠬᠠᠶ ᠮᠡᠷᠭᠡᠵᠢᠯ 12᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ 19 ᠶᠢ ᠨᠡᠭᠡᠭᠡᠵᠦ᠂ ᠡᠯ᠎ᠡ

ᠱᠠᠲᠤᠨ ᠤ ᠡᠯ᠎ᠡ ᠲᠥᠷᠥᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ 6230 ᠪᠣᠶ᠃

     ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠣᠷᠣᠨ ᠲᠤᠭ᠎ᠠ ᠲᠠᠢ ᠪᠠᠭᠰᠢ ᠠᠵᠢᠯᠳᠠᠨ

438᠂ ᠲᠤᠰᠬᠠᠢ ᠪᠠᠭᠰᠢ 319᠂ ᠳᠡᠭᠡᠳᠦ ᠳᠡᠰ ᠤᠨ ᠮᠡᠷᠭᠡᠵᠢᠯ ᠤᠨ ᠴᠤᠯᠠᠲᠠᠢ ᠪᠠᠭᠰᠢ 172 ︵ᠡᠭᠦᠨ ᠳᠤ

ᠫᠷᠤᠹᠧᠰᠰᠤᠷ᠂ ᠰᠤᠳᠤᠯᠤᠭᠴᠢ 9︶᠂ ᠳ᠋ᠣᠺᠲ᠋ᠣᠷ᠂ ᠠᠰᠫᠢᠷᠠᠨᠲ 154᠂ ︽ᠬᠤᠣᠰ ᠬᠢᠷᠢ ᠬᠡᠮᠲᠦ︾ ᠪᠠᠭᠰᠢ 170᠂

ᠥᠪᠡᠷᠲᠡᠭᠡᠨ ᠵᠠᠰᠠᠬᠤ ᠣᠷᠣᠨ ᠤ ᠲᠡᠰ ᠠᠴᠠ ᠳᠡᠭᠡᠭᠰᠢᠬᠢ ᠲᠤᠰᠬᠠᠢ ᠮᠡᠷᠭᠡᠵᠢᠯᠲᠡᠨ᠂ ᠨᠡᠷᠡᠳᠤ ᠪᠠᠭᠰᠢ᠂ ᠲᠠᠯ᠎ᠠ

ᠨᠤᠲᠤᠭ ᠤᠨ ᠴᠢᠳᠠᠪᠤᠷᠢᠲᠠᠨ ᠵᠡᠷᠭᠡ 25 ᠬᠥᠮᠦᠨ ᠪᠤᠢ᠃ ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠭᠠᠰᠢ᠂ ᠪᠠᠭᠰᠢ

ᠨᠠᠷ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠯᠤᠰ ᠤᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ 1᠂

ᠣᠷᠣᠨ ᠤ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ 2᠂ ᠬᠤᠶᠠᠳᠤᠭᠠᠷ ᠳᠡᠰ ᠤᠨ ᠱᠠᠩᠨᠠᠯ 3᠂ ᠭᠤᠷᠪᠠᠳᠤᠭᠠᠷ

ᠳᠡᠰ ᠤᠨ ᠱᠠᠩᠨᠠᠯ 10 ᠶᠢ ᠬᠦᠷᠳᠡᠪᠡ᠃ ᠬᠠᠪᠰᠤᠷᠤᠨ ᠵᠢᠯᠣᠭᠤᠳᠣᠭᠴᠢ ᠤᠯᠤᠰ ᠤᠨ ᠤᠷᠤᠯᠳᠤᠭᠠᠨ ᠤ ᠭᠤᠷᠪᠠᠳᠤᠭᠠᠷ

ᠳᠡᠰ ᠤᠨ ᠱᠠᠩᠨᠠᠯ 1᠂ ᠣᠷᠣᠨ ᠤ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ

ᠱᠠᠩᠨᠠᠯ 1 ᠶᠢ ᠭᠦᠷᠲᠡᠪᠡ᠃ ᠰᠤᠷᠤᠭᠴᠢᠳ ᠤᠯᠤᠰ ᠤᠨ ᠲᠠᠰ ᠤᠨ ᠱᠠᠩᠨᠠᠯ 4᠂ ᠥᠪᠡᠷᠲᠡᠭᠡᠨ ᠵᠠᠰᠠᠬᠤ ᠣᠷᠣᠨ ᠤ

ᠱᠠᠩᠨᠠᠯ 89 ᠶᠢ ᠭᠥᠷᠳᠡᠪᠡ᠃

     ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠦᠢᠯᠡᠳᠪᠦᠷᠢᠯᠡᠯ ᠪᠣᠯᠤᠨ ᠵᠢᠭᠠᠨ

ᠰᠤᠷᠭᠠᠯᠲᠠ ᠶᠢ ᠠᠭᠤᠰᠬᠠᠬᠤ᠂ ᠰᠤᠷᠭᠠᠭᠤᠯᠢ ᠪᠣᠯᠤᠨ ᠠᠵᠤ ᠠᠬᠤᠶᠢᠯᠠᠯ ᠬᠠᠮᠲᠤᠷᠠᠯᠴᠠᠬᠤ ᠵᠠᠮ ᠢᠶᠠᠷ ᠵᠠᠮᠨᠠᠬᠤ ᠶᠢ

ᠪᠠᠷᠢᠮᠲᠠᠯᠠᠵᠤ᠂ ᠪᠡᠭᠡᠵᠢᠩ ᠤᠨ ᠮᠢᠩ ᠠᠨ ᠰᠢᠩ ᠠᠮᠢᠲᠠᠨ ᠤ ᠡᠮᠨᠡᠯᠭᠡ ᠶᠢᠨ ᠬᠤᠷᠢᠶ᠎ᠠ᠂ ᠲᠢᠶᠠᠨᠵᠢᠨ ᠤ ᠢᠯᠢ ᠪᠦᠯᠦᠭᠯᠡᠯ᠂

ᠵᠦᠩ ᠯᠢᠶᠠᠩ ᠹᠧᠩ ᠲᠦᠩ ︵ᠪᠡᠭᠡᠵᠢᠩ︶ ᠢᠳᠡᠭᠡᠨ ᠤ ᠬᠢᠵᠠᠭᠠᠷᠲᠤ ᠺᠣᠮᠫᠠᠨᠢ᠂ ᠪᠡᠭᠡᠵᠢᠩ ᠤᠨ ᠹᠦ᠋ ᠲᠢᠶᠠᠨ ᠳ᠋ᠠᠢ ᠮᠦ

ᠯᠧ ᠮᠠᠰᠢᠨ ᠲᠡᠷᠭᠡᠨ ᠤ ᠬᠢᠵᠠᠭᠠᠷᠲᠤ ᠺᠣᠮᠫᠠᠨᠢ᠂ ᠴᠠᠩ ᠴᠧᠩ ᠮᠠᠰᠢᠨ ᠲᠡᠷᠭᠡᠨ ᠤ ᠬᠤᠪᠢ ᠣᠷᠣᠭᠤᠯᠤᠭᠰᠠᠨ

ᠬᠢᠵᠠᠭᠠᠷᠲᠤ ᠺᠣᠮᠫᠠᠨᠢ᠂ ᠪᠡᠭᠡᠵᠢᠩ ᠤᠨ ᠬᠤᠸᠠ ᠰᠢᠶᠠᠩ ᠬᠤᠸᠠ ᠮᠦ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ

ᠤᠯᠤᠰ ᠤᠨ ᠳᠣᠲᠣᠭᠠᠳᠤ ᠶᠢᠨ ᠲᠤᠮᠤ ᠠᠵᠤ ᠠᠬᠤᠶᠢᠯᠠᠯ ᠲᠠᠢ ᠵᠠᠬᠢᠶᠠᠯᠠᠭ᠎ᠠ ᠪᠠᠷ ᠬᠥᠮᠦᠵᠢᠭᠦᠯᠬᠦ᠂ ᠳᠠᠳᠤᠯᠭ᠎ᠠ

ᠪᠣᠯᠪᠠᠰᠤᠷᠠᠯ ᠬᠢᠬᠦ ᠵᠡᠷᠭᠡ ᠬᠠᠮᠲᠤᠷᠠᠯᠴᠠᠭᠠᠨ ᠤ ᠵᠥᠪᠯᠡᠯᠴᠡᠭᠡᠷ ᠢ ᠲᠣᠭᠲᠠᠵᠤ᠂ ᠰᠤᠷᠤᠭᠴᠢᠳ ᠤᠨ ᠳᠠᠳᠤᠯᠭ᠎ᠠ

ᠪᠣᠯᠪᠠᠰᠤᠷᠠᠯ ᠬᠢᠬᠦ ᠪᠠ ᠠᠵᠢᠯ ᠤᠯᠬᠤ ᠳᠤ ᠲᠦᠬᠦᠮ ᠨᠥᠬᠦᠴᠡᠯ ᠪᠦᠷᠢᠯᠳᠦᠭᠦᠯᠵᠦ ᠥᠭᠪᠡ᠃

     ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠠᠵᠢᠯᠯᠠᠬᠤ ᠰᠤᠷᠤᠯᠴᠠᠬᠤ ᠶᠢ

ᠤᠶᠠᠯᠳᠤᠭᠤᠯᠬᠤ᠂ ᠮᠡᠳᠡᠬᠦᠶ ᠬᠢᠬᠦᠶ ᠶᠢ ᠨᠢᠭᠡᠳᠬᠡᠬᠦ ᠶᠢ ᠪᠠᠷᠢᠮᠲᠠᠯᠠᠵᠤ᠂ ᠰᠤᠷᠤᠭᠴᠢᠳ ᠤᠨ ᠲᠠᠨᠢᠨ ᠮᠡᠳᠡᠬᠦ ᠴᠢᠳᠠᠪᠤᠷᠢ᠂

ᠬᠠᠮᠲᠤᠷᠠᠨ ᠠᠵᠢᠯᠯᠠᠬᠤ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ ᠪᠠ ᠠᠵᠢᠯ ᠮᠡᠷᠭᠡᠵᠢᠯ ᠤᠨ ᠴᠢᠳᠠᠪᠤᠷᠢ ᠶᠢᠨ

ᠬᠥᠮᠦᠵᠢᠯ ᠢ ᠴᠢᠩᠭᠠᠳᠬᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠨᠠᠷᠢᠨ ᠬᠢᠨᠠᠮᠠᠭᠠᠶ ᠠᠩᠬᠠᠷᠤᠯ ᠢᠶᠠᠨ

ᠲᠥᠪᠯᠡᠷᠡᠭᠦᠯᠬᠦ᠂ ᠲᠤᠰᠬᠠᠶ ᠮᠡᠷᠭᠡᠵᠢᠯ ᠢᠶᠠᠨ ᠳᠡᠭᠡᠳᠦᠯᠡᠬᠦ᠂ ᠨᠢᠭᠲᠠ ᠠᠴᠠ ᠨᠢᠭᠲᠠ ᠪᠠᠶᠢᠬᠤ ᠪᠠ ᠲᠡᠷᠢᠭᠦᠨ ᠤ ᠬᠢ ᠶᠢ

ᠬᠥᠭᠡᠭᠡᠴᠡᠯᠳᠦᠬᠦ ᠵᠠᠩ ᠴᠢᠨᠠᠷ ᠲᠠᠢ ᠪᠣᠯᠭᠠᠵᠤ᠂ ᠰᠤᠷᠤᠭᠴᠢ ᠨᠢᠭᠡ ᠪᠦᠷᠢ ᠳᠤ ᠴᠥᠮ ᠬᠥᠮᠦᠨ ᠤ ᠠᠮᠢᠳᠤᠷᠠᠯ ᠤᠨ

ᠭᠡᠷᠡᠯ ᠭᠢᠯᠪᠠᠭ᠎ᠠ ᠪᠠᠨ ᠰᠠᠴᠤᠷᠠᠭᠤᠯᠬᠤ ᠲᠣᠬᠢᠶᠠᠯ ᠣᠯᠭᠤᠪᠠ᠃ ᠰᠤᠷᠤᠭᠴᠢᠳ ᠤᠨ ᠬᠠᠮᠢᠶᠠᠷᠤᠯᠲᠠ ᠶᠢ ᠶᠡᠭᠡ

ᠲᠠᠯ᠎ᠠ ᠠᠴᠠ ᠪᠣᠳᠣᠯᠬᠢᠯᠠᠵᠤ᠂ ᠨᠠᠷᠢᠨ ᠵᠦᠢᠯᠡᠰ ᠠᠴᠠ ᠭᠠᠷᠳᠠᠵᠤ᠂ ︽ᠡᠳᠦᠷ ᠤᠨ ᠵᠤᠷᠰᠢᠯ︾ ᠢ ᠴᠢᠩᠭᠠᠳᠬᠠᠵᠤ᠂

︽ᠲᠠᠪᠤᠨ ᠬᠥᠮᠦᠵᠢᠯ ᠢ ᠠᠳᠬᠤᠬᠤ︾ ᠶᠢ ᠪᠠᠷᠢᠮᠲᠠᠯᠠᠵᠤ᠂ ᠡᠳᠦᠷ ᠳᠤᠳᠤᠮ ᠤᠨ ᠬᠠᠮᠢᠶᠠᠷᠤᠯᠲᠠ᠂ ᠰᠤᠷᠤᠯᠴᠠᠬᠤ

ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠰᠤᠷᠤᠭᠴᠢ ᠶᠢᠨ ᠨᠡᠶᠢᠭᠡᠮᠯᠢᠭ ᠤᠨ ᠠᠵᠢᠯᠯᠠᠭ᠎ᠠ ᠪᠣᠯᠤᠨ

ᠰᠣᠶᠣᠯ ᠤᠷᠠᠯᠢᠭ ᠤᠨ ᠨᠠᠶᠢᠷ᠂ ᠰᠢᠨ᠎ᠡ ᠶᠢ ᠡᠭᠦᠳᠴᠦ ᠦᠢᠯᠡᠰ ᠪᠤᠰᠬᠠᠬᠤ ᠤᠷᠤᠯᠳᠤᠭᠠᠨ ᠢ ᠴᠢᠬᠤᠯᠠᠴᠢᠯᠠᠵᠤ᠂

︽ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ︾ ᠨᠡᠷᠡᠳᠦ ᠲᠡᠮᠳᠡᠭᠲᠦ ᠶᠢ ᠡᠭᠦᠳᠪᠡ᠃

     ᠣᠶᠢᠷ᠎ᠠ ᠶᠢᠨ ᠵᠢᠯ ᠳᠤ᠂ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠡᠷᠳᠡᠮ

ᠰᠢᠨᠵᠢᠯᠡᠭᠡᠨ ᠤ ᠰᠡᠳᠦᠪ ᠢ 47 ᠵᠦᠢᠯ ᠢ ᠳᠠᠭᠠᠭᠠᠨ ᠠᠪᠴᠤ᠂ ᠬᠥᠯᠥᠨ ᠪᠤᠶᠢᠷ ᠬᠤᠲᠠ ᠶᠢᠨ ᠣᠷᠣᠨ ᠨᠤᠲᠤᠭ ᠤᠨ

ᠪᠠᠷᠢᠮᠵᠢᠶ᠎ᠠ 60 ᠵᠦᠢᠯ ᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ 57 ᠵᠢᠭᠠᠬᠤ ᠮᠠᠲ᠋ᠧᠷᠢᠶᠠᠯ ᠢ ᠡᠷᠭᠢᠯᠡᠨ

ᠨᠠᠶᠢᠷᠠᠭᠤᠯᠪᠠ᠃ ᠱᠧᠨ ᠺᠤᠸᠠᠨ ᠠᠮᠢᠳᠤ ᠪᠣᠳᠠᠰ ᠤᠨ ᠮᠡᠷᠭᠡᠵᠢᠯ ᠤᠨ ᠰᠤᠳᠤᠯᠭᠠᠨ ᠤ ᠭᠠᠵᠠᠷ ᠨᠢ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠶᠠᠮᠤᠨ ᠤ ᠭᠤᠷᠪᠠᠳᠤᠭᠠᠷ ᠪᠦᠯᠦᠭ ᠤᠨ ︽ᠤᠯᠤᠰ ᠤᠨ ᠲᠡᠰ ᠤᠨ ᠤᠳᠤᠨ ᠡᠭᠦᠳᠦᠯᠲᠡ ᠶᠢᠨ

ᠰᠠᠭᠤᠷᠢᠨ︾ ᠳᠤ ᠪᠦᠷᠢᠳᠬᠡᠭᠦᠯᠬᠦ ᠪᠠᠷ ᠲᠠᠮᠵᠢᠨ᠂ ᠰᠤᠳᠤᠯᠤᠭᠴᠢ ᠴᠧᠨ ᠱᠧᠨ ᠺᠤᠸᠠᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠶᠠᠮᠤᠨ ᠤ ᠮᠠᠭᠲᠠᠭᠠᠯ ᠰᠠᠶᠢᠰᠢᠶᠠᠯ ᠢ ᠣᠯᠵᠤ᠂ ᠪᠦᠬᠦ ᠤᠯᠤᠰ ᠲᠤ ᠡᠨᠡ ᠬᠦ ᠢᠷᠠᠭᠤ ᠠᠯᠳᠠᠷ ᠢ

ᠬᠦᠷᠳᠡᠭᠰᠡᠨ 92 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠨᠢᠭᠡ ᠪᠤᠯᠵᠤ᠂

ᠲᠡᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠶᠠᠳᠠᠭᠤ ᠶᠢ ᠲᠡᠳᠬᠦᠭᠰᠡᠨ ᠦᠢᠯᠡ ᠶᠠᠪᠤᠳᠠᠯ ᠨᠢ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠡᠮᠬᠢᠳᠬᠡᠨ ᠨᠠᠶᠢᠷᠠᠭᠤᠯᠤᠭᠰᠠᠨ ︽ᠥᠭᠦᠯᠡᠯ ᠢᠶᠠᠨ ᠡᠬᠡ ᠭᠠᠵᠠᠷ ᠳᠡᠭᠡᠷ᠎ᠡ

ᠪᠢᠴᠢᠵᠦ ᠰᠢᠨᠵᠢᠯᠡᠬᠦ ᠤᠬᠠᠭᠠᠨ‌‍ᠲ᠋ᠧᠭᠨᠢᠭ ᠮᠡᠷᠭᠡᠵᠢᠯ ᠢᠶᠠᠷ ᠶᠠᠳᠠᠭᠤ ᠶᠢ ᠲᠡᠳᠬᠦᠭᠰᠡᠨ 100 ᠨᠡᠶᠢᠲᠡᠯᠢᠭ ᠦᠢᠯᠡ

ᠠᠵᠢᠯᠯᠠᠭ᠎ᠠ ᠳᠤ ᠣᠷᠣᠪᠠ︾᠃

     ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠣᠷᠣᠨ ᠨᠤᠲᠤᠭ ᠤᠨ ᠠᠵᠤ ᠠᠬᠤᠶ ᠶᠢᠨ

ᠬᠥᠭᠵᠢᠯᠲᠡ ᠳᠤ ᠦᠢᠯᠡᠴᠢᠯᠡᠬᠦ ᠡᠭᠦᠷᠭᠡ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠡᠯ᠎ᠡ

ᠲᠥᠷᠥᠯ ᠤᠨ ᠪᠣᠯᠪᠠᠰᠤᠷᠠᠭᠤᠯᠤᠯ ᠤᠨ ᠡᠭᠦᠷᠭᠡ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠲᠠᠪᠤᠨ

ᠵᠢᠯ ᠤᠨ ᠲᠤᠷᠰᠢ 23000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠠᠵᠢᠯ ᠮᠡᠷᠭᠡᠵᠢᠯ ᠤᠨ ᠤᠷ᠎ᠠ

ᠴᠢᠳᠠᠪᠤᠷᠢ ᠶᠢᠨ ᠬᠢᠨᠠᠨ ᠲᠣᠭᠲᠠᠭᠠᠯᠲᠠ ᠶᠢ 5330 ᠬᠥᠮᠦᠨ ᠤᠳᠠᠭ᠎ᠠ ᠪᠡᠶᠡᠯᠡᠭᠦᠯᠪᠡ᠃ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠳᠡᠭᠡᠳᠦ ᠰᠤᠷᠭᠠᠭᠤᠯᠢ ᠪᠠ ᠴᠢ ᠯᠦ ᠡᠮ ᠦᠢᠯᠡᠳᠬᠦ ᠠᠵᠤ ᠦᠢᠯᠡᠰ ᠤᠨ ᠳᠡᠭᠡᠳᠦ

ᠰᠤᠷᠭᠠᠭᠤᠯᠢ ᠶᠢ ᠪᠠᠶᠢᠭᠤᠯᠵᠤ᠂ ᠣᠯᠠᠨ ᠬᠤᠰᠢᠭᠤ ᠰᠢᠶᠠᠨ ᠬᠤᠲᠠ ᠲᠠᠢ ᠰᠤᠷᠭᠠᠭᠤᠯᠢ ᠪᠠ ᠣᠷᠣᠨ ᠨᠤᠲᠤᠭ ᠤᠨ

ᠬᠠᠮᠲᠤᠷᠠᠯᠴᠠᠭᠠᠨ ᠤ ᠵᠥᠪᠯᠡᠯᠴᠡᠭᠡᠷ ᠤᠨ ᠲᠥᠰᠦᠪ ᠢ ᠲᠣᠭᠲᠠᠵᠤ᠂ ︽ᠪᠡᠭᠡᠵᠢᠩ ᠪᠣᠯᠤᠨ ᠥᠪᠥᠷ ᠮᠣᠩᠭᠤᠯ ᠤᠨ

ᠶᠠᠳᠠᠭᠤ ᠶᠢ ᠲᠡᠳᠬᠦᠬᠦ ᠬᠠᠮᠵᠢᠯᠴᠠᠭ᠎ᠠ︾ ᠶᠢᠨ ᠲᠥᠰᠦᠯ᠂ ︽ᠰᠢᠩ ᠴᠤᠸᠠᠩ ᠲᠢᠶᠠᠨ ᠳ᠋ᠢ︾᠂ ᠳ᠋ᠣᠺᠲ᠋ᠣᠷ ᠤᠨ

ᠠᠵᠢᠯ ᠤᠨ ᠥᠷᠲᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠵᠢᠴᠢ ︽ᠭᠤᠷᠪᠠᠨ

ᠣᠷᠣᠨ︾ ᠤ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂

ᠪᠣᠰᠤᠭ᠎ᠠ ᠴᠣᠭᠴᠠᠲᠤ ᠨᠡᠶᠢᠭᠡᠮ ᠤᠨ  ᠦᠢᠯᠡᠴᠢᠯᠡᠭᠡᠨ ᠤ ᠲᠤᠤᠷ ᠢ ᠪᠦᠷᠢᠯᠳᠦᠭᠦᠯᠪᠡ᠃

     ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠬᠥᠯᠥᠨ ᠪᠤᠶᠢᠷ ᠤᠨ ᠳᠠᠪᠠᠭᠠᠨ ᠤ

ᠵᠡᠭᠦᠨᠳᠡᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠤᠨ ᠬᠡᠷᠡᠭ ᠡᠷᠬᠢᠯᠡᠭᠴᠢᠳ ᠤᠨ

ᠳᠠᠷᠤᠭ᠎ᠠ ᠨᠢᠭᠡᠴᠢ ᠪᠣᠯᠤᠨ᠎ᠠ᠃ ᠪᠦᠯᠦᠭᠯᠡᠯ ᠳᠤ 76 ᠭᠡᠰᠢᠭᠦᠨ  ᠨᠢᠭᠡᠴᠢ ᠲᠠᠢ᠃ ᠰᠤᠷᠭᠠᠭᠤᠯᠢ ᠨᠢ ᠣᠯᠠᠨ

ᠤᠯᠤᠰ ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠴᠢᠩᠭᠠᠳᠬᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

︽ᠨᠢᠭᠡ ᠪᠦᠰᠡ ᠨᠢᠭᠡ ᠵᠠᠮ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠴᠤᠤᠷᠢᠶᠠᠳᠤᠨ

ᠳᠠᠭᠠᠵᠤ᠂ ᠮᠣᠩᠭᠤᠯ ᠤᠯᠤᠰ ᠤᠨ ᠠᠵᠢᠯ ᠮᠡᠷᠭᠡᠵᠢᠯ ᠤᠨ 3 ᠳᠡᠭᠡᠳᠦ ᠰᠤᠷᠭᠠᠭᠤᠯᠢ᠂ ᠣᠷᠣᠰ ᠤᠨ ᠬᠤᠯᠪᠣᠭᠠᠨ ᠤ

ᠠᠵᠢᠯ ᠮᠡᠷᠭᠡᠵᠢᠯ ᠤᠨ 2 ᠳᠡᠭᠡᠳᠦ ᠰᠤᠷᠭᠠᠭᠤᠯᠢ ᠵᠢᠴᠢ ᠳᠤᠮᠳᠠᠳᠤ ᠭᠠᠳᠠᠭᠠᠳᠤ ᠶᠢᠨ 5 ᠬᠠᠮᠲᠤᠷᠠᠨ ᠠᠵᠢᠯᠯᠠᠬᠤ ᠠᠵᠤ

ᠠᠬᠤᠶᠢᠯᠠᠯ ᠯᠤᠭ᠎ᠠ ᠬᠠᠮᠲᠤᠷᠠᠨ ᠰᠤᠷᠭᠠᠭᠤᠯᠢ ᠡᠷᠭᠢᠯᠡᠬᠦ ᠵᠥᠪᠯᠡᠯᠴᠡᠭᠡᠷ ᠲᠤ ᠭᠠᠷ ᠤᠨ ᠥᠰᠥᠭ ᠵᠢᠷᠤᠵᠤ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠷᠮᠠᠶᠢᠨ ᠳᠡᠭᠡᠭᠰᠢᠯᠡᠭᠦᠯᠵᠦ᠂

ᠨᠡᠶᠢᠭᠡᠮ ᠤᠨ ᠬᠥᠭᠵᠢᠯᠲᠡ ᠳᠤ ᠥᠨᠳᠥᠷ ᠬᠡᠪ ᠪᠣᠯᠪᠠᠰᠤᠷᠠᠯ ᠲᠠᠢ᠂ ᠳᠡᠭᠡᠳᠦ ᠤᠷ᠎ᠠ ᠮᠡᠷᠭᠡᠵᠢᠯ ᠲᠠᠢ ᠴᠢᠳᠠᠪᠤᠷᠢᠲᠠᠨ ᠢ

ᠬᠥᠮᠦᠵᠢᠭᠦᠯᠵᠦ  ᠥᠭᠪᠡ᠃

     ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠢᠨ᠎ᠡ ᠬᠥᠭᠵᠢᠯᠲᠡ ᠶᠢᠨ ᠱᠠᠲᠤᠨ ᠳᠤ

ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ

ᠪᠠᠶᠢᠷᠢᠰᠢᠯᠠᠭᠤᠯᠤᠯᠲᠠ ᠳᠤ ᠠᠭᠤᠰᠴᠤ᠂ ᠠᠭᠤᠯᠤᠭᠳᠠᠬᠤᠨ ᠤ ᠬᠥᠭᠵᠢᠯᠲᠡ᠂ ᠤᠨᠴᠠᠯᠢᠬᠳᠤ ᠬᠥᠭᠵᠢᠯᠲᠡ᠂ ᠴᠢᠨᠠᠷᠯᠢᠭ

ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ᠂ ︽ᠰᠢᠷᠭᠠᠭᠤ ᠰᠤᠷᠤᠯᠴᠠᠬᠤ᠂ ᠰᠢᠷᠭᠠᠭᠤ ᠰᠡᠳᠬᠢᠬᠦ᠂ ᠴᠢᠳᠠᠮᠠᠭᠠᠶ

ᠬᠢᠬᠦ᠂ ᠨᠥᠬᠦᠷᠰᠡᠭ ᠢᠶᠠᠷ ᠠᠵᠢᠯᠯᠠᠬᠤ︾ ᠰᠤᠷᠭᠠᠭᠤᠯᠢ ᠶᠢᠨ ᠪᠣᠯᠪᠠᠰᠤᠷᠠᠯ ᠢ ᠪᠠᠷᠢᠮᠲᠠᠯᠠᠵᠤ᠂ ︽ᠰᠢᠯᠢᠳᠡᠭ ᠪᠥᠭᠡᠳ

ᠣᠨᠴᠠᠭᠠᠶ︾ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ

ᠬᠥᠮᠦᠵᠢᠭᠦᠯᠵᠦ᠂ ᠴᠢᠳᠠᠪᠤᠷᠢ ᠣᠯᠭᠤᠨ ᠦᠷ᠎ᠡ ᠠᠰᠢᠭ ᠢ ᠨᠡᠮᠡᠭᠳᠡᠭᠦᠯᠵᠦ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠵᠤ᠂ ︽ᠣᠷᠣᠨ ᠪᠦᠰᠡ ᠶᠢᠨ  ᠴᠢᠨᠠᠷᠯᠢᠭ ᠥᠨᠳᠥᠷ ᠲᠦᠪᠰᠢᠨ

ᠪᠥᠬᠦᠶ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠥᠲᠥᠭᠡᠨ ᠪᠠᠶᠢᠭᠤᠯᠬᠤ︾ ᠬᠠᠷᠠᠯᠲᠠ ᠶᠢ ᠴᠢᠷᠮᠠᠶᠢᠨ

ᠪᠡᠶᠡᠯᠡᠭᠦᠯᠪᠡ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map