ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠠᠴᠠ ︽ᠨᠤᠲᠤᠭ ᠤᠨ ᠳᠠᠭᠤᠤ ᠪᠠᠨ ᠨᠠᠮ ᠳᠤ ᠪᠠᠨ ᠡᠷᠭᠦᠶ᠎ᠡ︾ ᠭᠡᠬᠦ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/8/18
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠵᠤ ᠪᠠᠶᠢᠨ᠎ᠠ᠃      ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ      — ︽ᠨᠤᠲᠤᠭ ᠤᠨ ᠳᠠᠭᠤᠤ ᠪᠠᠨ ᠨᠠᠮ ᠳᠤ ᠪᠠᠨ ᠡᠷᠭᠦᠶ᠎ᠡ︾         ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ      ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷᠢ ᠶᠢᠨ ᠭᠠᠭᠴᠠ ᠲᠤᠰᠠᠭᠠᠷ ᠪᠠᠶᠢᠭᠤᠯᠤᠭᠰᠠᠨ ᠵᠢᠩᠬᠢᠨᠢ ᠠᠩᠭᠢ ᠶᠢᠨ ᠳᠡᠭᠡᠳᠦ ᠵᠡᠷᠭᠡ ᠶᠢᠨ ᠤᠷᠠᠯᠢᠭ ᠤᠨ ᠰᠤᠷᠭᠠᠭᠤᠯᠢ᠂ 1957 ᠣᠨ ᠳᠤ ᠪᠠᠶᠢᠭᠤᠯᠤᠭᠳᠠᠭᠰᠠᠨ ᠤᠤᠯ ᠤᠨ ᠥᠪᠥᠷ ᠮᠣᠩᠭᠤᠯ ᠤᠨ ᠤᠷᠠᠯᠢᠭ ᠤᠨ ᠰᠤᠷᠭᠠᠭᠤᠯᠢ ᠶᠢᠨ ᠰᠠᠭᠤᠷᠢᠨ ᠳᠤ ᠬᠥᠭᠵᠢᠵᠦ ᠢᠷᠡᠪᠡ᠃ 1987 ᠣᠨ ᠳᠤ᠂ ᠥᠪᠥᠷ ᠮᠣᠩᠭᠤᠯ ᠤᠨ ᠤᠷᠠᠯᠢᠭ ᠤᠨ ᠰᠤᠷᠭᠠᠭᠤᠯᠢ ᠶᠢᠨ ᠰᠠᠭᠤᠷᠢᠨ ᠳᠡᠭᠡᠷ᠎ᠡ᠂ ᠤᠯᠤᠰ ᠤᠨ ᠰᠤᠷᠭᠠᠨ ᠬᠥᠮᠦᠵᠢᠯ ᠤᠨ ᠵᠥᠪᠯᠡᠯ ᠠᠴᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠷᠠᠯᠢᠭ ᠤᠨ ᠳᠡᠭᠡᠳᠦ ᠰᠤᠷᠭᠠᠭᠤᠯᠢ ᠶᠢ ᠪᠠᠶᠢᠭᠤᠯᠬᠤ ᠶᠢ ᠵᠥᠪᠰᠢᠶᠡᠷᠡᠪᠡ᠃ 2015 ᠣᠨ ᠳᠤ᠂ ᠰᠤᠷᠭᠠᠨ ᠬᠥᠮᠦᠵᠢᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠨᠢ ᠪᠡᠶ᠎ᠡ ᠪᠠᠨ ᠳᠠᠭᠠᠭᠠᠭᠰᠠᠨ ᠰᠤᠷᠭᠠᠭᠤᠯᠢ ᠪᠣᠯᠪᠠ᠃ ᠰᠤᠷᠭᠠᠭᠤᠯᠢ ᠨᠢ 60 ᠭᠠᠷᠤᠢ ᠵᠢᠯ ᠤᠨ ᠬᠥᠭᠵᠢᠯᠲᠡ ᠶᠢᠨ ᠶᠠᠪᠤᠴᠠ ᠳᠤ ᠢᠯᠡ ᠲᠣᠳᠣ ᠰᠤᠷᠭᠠᠭᠤᠯᠢ ᠡᠷᠬᠢᠯᠡᠬᠦ ᠣᠨᠴᠠᠯᠢᠭ ᠢ ᠪᠦᠷᠢᠯᠳᠦᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠤᠨ ᠥᠨᠳᠥᠷ ᠲᠦᠪᠰᠢᠨ ᠪᠦᠬᠦᠢ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠵᠦ᠂ ︽ᠥᠪᠥᠷ ᠮᠣᠩᠭᠤᠯ ᠤᠨ ᠤᠷᠠᠯᠢᠭ ᠤᠨ ᠴᠢᠳᠠᠪᠤᠷᠢᠲᠠᠨ ᠤ ᠥᠯᠥᠭᠡᠢ︾ ᠬᠡᠮᠡᠭᠳᠡᠪᠡ᠃

     ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠳᠤ ᠣᠳᠣ ᠳᠡᠭᠡᠳᠦ ᠰᠤᠷᠭᠠᠭᠤᠯᠢ 9 ᠪᠠ

ᠬᠠᠷᠢᠶᠠᠲᠤ ᠳᠤᠮᠲᠠ ᠵᠡᠷᠭᠡ ᠶᠢᠨ ᠤᠷᠠᠯᠢᠭ ᠤᠨ ᠰᠤᠷᠭᠠᠭᠤᠯᠢ 1 ᠪᠣᠢ᠃ ᠰᠢᠨᠵᠢᠯᠡᠭᠡᠨ ᠤ ᠰᠠᠯᠠᠭᠠᠨ ᠤ ᠲᠤᠰᠬᠠᠶ

ᠮᠡᠷᠭᠡᠵᠢᠯ ᠤᠨ ᠲᠣᠬᠢᠷᠠᠭᠤᠯᠤᠯᠲᠠ ᠨᠢ ᠤᠷᠠᠯᠢᠭ ᠤᠨ ᠤᠬᠠᠭᠠᠨ ᠤ ᠲᠥᠷᠥᠯ ᠢᠶᠠᠷ ᠭᠤᠣᠯᠯᠠᠵᠤ᠂ ᠤᠷᠠᠯᠢᠭ ᠤᠨ

ᠤᠬᠠᠭᠠᠨ ᠤ ᠣᠨᠣᠯ᠂ ᠳᠠᠭᠤᠤ ᠬᠥᠭᠵᠢᠮ ᠪᠠ ᠪᠥᠵᠢᠭ ᠤᠨ ᠤᠬᠠᠭᠠᠨ᠂ ᠰᠢ ᠵᠦᠴᠦᠭᠡ ᠪᠠ ᠺᠢᠨᠣ᠋ ᠲᠧᠯᠸᠢᠰ ᠤᠨ

ᠤᠬᠠᠭᠠᠨ᠂ ᠤᠷᠠᠨ ᠵᠢᠷᠤᠭ ᠤᠨ ᠤᠬᠠᠭᠠᠨ᠂ ᠵᠢᠷᠤᠭ ᠲᠥᠯᠦᠪᠯᠡᠭᠡᠨ ᠤ ᠤᠬᠠᠭᠠᠨ ᠵᠡᠷᠭᠡ ᠨᠢᠭᠡᠳᠦᠭᠡᠷ ᠳᠡᠰ ᠤᠨ

ᠰᠢᠨᠵᠢᠯᠡᠭᠡᠨ ᠤ ᠰᠠᠯᠠᠭ᠎ᠠ 5᠂ ᠰᠣᠶᠣᠯ ᠤᠨ ᠠᠵᠤ ᠦᠢᠯᠡᠰ ᠤᠨ ᠬᠠᠮᠢᠶᠠᠷᠤᠯᠲᠠ ᠵᠡᠷᠭᠡ ᠬᠤᠶᠠᠳᠤᠭᠠᠷ ᠳᠡᠰ ᠤᠨ

ᠰᠢᠨᠵᠢᠯᠡᠭᠡᠨ ᠤ ᠰᠠᠯᠠᠭ᠎ᠠ 1᠂ ᠵᠢᠩᠬᠢᠨᠢ ᠠᠩᠭᠢ ᠶᠢᠨ ᠲᠤᠰᠬᠠᠶ ᠮᠡᠷᠭᠡᠵᠢᠯ 25 ᠪᠣᠢ᠃ ᠰᠤᠷᠭᠠᠭᠤᠯᠢ ᠳᠤ ᠣᠲᠣ

ᠳᠠᠭᠤᠤ ᠬᠥᠭᠵᠢᠮ ᠪᠠ ᠪᠥᠵᠢᠭ ᠤᠨ ᠤᠬᠠᠭᠠᠨ᠂ ᠤᠷᠠᠨ ᠵᠢᠷᠤᠭ ᠤᠨ ᠤᠬᠠᠭᠠᠨ ᠤ ᠨᠢᠭᠡᠳᠦᠭᠡᠷ ᠳᠡᠰ ᠤᠨ

ᠰᠢᠨᠵᠢᠯᠡᠭᠡᠨ ᠤ ᠰᠠᠯᠠᠭᠠᠨ ᠤ ᠡᠷᠳᠡᠮ ᠰᠢᠨᠵᠢᠯᠡᠭᠡᠨ ᠤ ᠡᠷᠳᠡᠮ ᠤᠨ ᠴᠣᠯᠠ ᠶᠢᠨ ᠮᠠᠰᠲ᠋ᠧᠷ ᠴᠣᠯᠠ ᠣᠯᠭᠤᠬᠤ ᠴᠡᠭ 2᠂

ᠲᠤᠰᠬᠠᠶ ᠮᠡᠷᠭᠡᠵᠢᠯ ᠤᠨ ᠬᠦᠷᠢᠶᠡᠨ ᠤ ᠤᠷᠠᠯᠢᠭ ᠤᠨ ᠮᠠᠰᠲ᠋ᠧᠷ ︵MFA︶ ᠤᠨ ᠲᠤᠰᠬᠠᠶ ᠮᠡᠷᠭᠡᠵᠢᠯ ᠤᠨ ᠡᠷᠳᠡᠮ ᠤᠨ

ᠴᠣᠯᠠ ᠶᠢᠨ ᠡᠷᠬᠡ ᠣᠯᠭᠤᠬᠤ ᠴᠡᠭ 8 ᠪᠣᠢ᠃ ᠪᠥᠵᠢᠭ ᠤᠨ ᠲᠣᠭᠯᠠᠯᠲᠠ᠂ ᠳᠠᠭᠤᠤ ᠬᠥᠭᠵᠢᠮ ᠤᠨ ᠲᠣᠭᠯᠠᠯᠲᠠ᠂

ᠺᠠᠷᠲ᠋ᠣᠨ ᠵᠢᠷᠤᠭ᠂ ᠤᠷᠠᠨ ᠵᠢᠷᠤᠭ᠂ ᠬᠤᠪᠴᠠᠰᠤ ᠬᠤᠨᠠᠷ ᠪᠠ ᠬᠤᠪᠴᠠᠰᠤ ᠵᠠᠰᠠᠯ ᠤᠨ ᠵᠢᠷᠤᠭ ᠲᠥᠯᠥᠪᠯᠡᠭᠡ ᠵᠡᠷᠭᠡ 5

ᠲᠤᠰᠬᠠᠶ ᠮᠡᠷᠭᠡᠵᠢᠯ ᠨᠢ ᠤᠯᠤᠰ ᠤᠨ ᠲᠠᠰ ᠤᠨ ᠲᠡᠷᠢᠭᠦᠨ ᠲᠠᠰ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ

ᠪᠥᠲᠥᠭᠡᠨ ᠪᠠᠶᠢᠭᠤᠯᠤᠯᠲᠠ ᠶᠢᠨ ᠴᠡᠭ ᠲᠤ ᠰᠣᠩᠭᠤᠭᠳᠠᠨ ᠣᠷᠣᠵᠤ᠂ ᠳᠠᠭᠤᠤ ᠬᠥᠭᠵᠢᠮ ᠤᠨ ᠤᠬᠠᠭᠠᠨ ᠨᠢ

ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠲᠠᠰ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ

ᠪᠥᠲᠥᠭᠡᠨ ᠪᠠᠶᠢᠭᠤᠯᠤᠯᠲᠠ ᠶᠢᠨ ᠴᠡᠭ ᠢᠶᠠᠷ ᠵᠥᠪᠰᠢᠶᠡᠷᠡᠭᠳᠡᠪᠡ᠃

     ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠬᠢᠨ ᠪᠡᠭᠡᠵᠢᠩ ᠣᠷᠣᠵᠤ ᠳᠡᠯᠡᠬᠡᠶ ᠶᠢᠨ

ᠭᠤᠷᠪᠠᠨ ᠶᠡᠭᠡ ᠪᠣᠳᠠᠰ ᠤᠨ ᠪᠤᠰᠤ ᠰᠣᠶᠣᠯ ᠤᠨ ᠥᠪ ᠮᠣᠩᠭᠤᠯ ᠦᠨᠳᠦᠰᠦᠲᠡᠨ ᠤ ᠬᠦᠭᠡᠮᠡᠢ᠂ ᠮᠣᠷᠢᠨ ᠬᠤᠭᠤᠷ᠂

ᠤᠷᠲᠤ ᠶᠢᠨ ᠳᠠᠭᠤᠤ ᠶᠢ ᠲᠣᠭᠯᠠᠪᠠ

     ᠣᠳᠣ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠶᠡᠷᠦᠩᠬᠡᠢ ᠲᠤᠭ᠎ᠠ 5000 ᠭᠠᠷᠤᠢ᠂ ᠪᠠᠭᠰᠢ

ᠠᠵᠢᠯᠲᠠᠨ 600 ᠭᠠᠷᠤᠶ ᠪᠣᠢ᠂ ᠡᠭᠦᠨ ᠳᠤ᠂ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠰᠤᠷᠭᠠᠭᠤᠯᠢ ᠶᠢᠨ

ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠭᠡᠰᠢᠭᠦᠨ 2᠂ ᠤᠯᠤᠰ ᠤᠨ ᠲᠣᠪᠤᠶᠢᠮ᠎ᠠ ᠬᠤᠪᠢ ᠨᠡᠮᠡᠷᠢ

ᠦᠵᠡᠭᠦᠯᠦᠭᠰᠡᠨ ᠢᠳᠡᠷ ᠵᠠᠯᠠᠭᠤ ᠨᠠᠰᠤᠨ ᠤ ᠲᠤᠰᠬᠠᠶ ᠮᠡᠷᠭᠡᠵᠢᠯᠲᠡᠨ 1᠂ ᠤᠯᠤᠰ ᠤᠨ ︽ᠲᠦᠮᠡᠨ ᠬᠥᠮᠦᠨ ᠤ

ᠲᠥᠯᠥᠪᠯᠡᠭᠡ︾ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠳᠠᠭᠠᠭᠤᠯᠤᠭᠴᠢ ᠴᠢᠳᠠᠪᠤᠷᠢᠲᠠᠨ 1᠂

ᠪᠥᠬᠦ ᠤᠯᠤᠰ ᠤᠨ ᠢᠳᠡᠷ ᠵᠠᠯᠠᠭᠤ ᠨᠠᠰᠤᠨ ᠤ ︽ᠮᠣᠷᠠᠯ ᠤᠷᠠᠯᠢᠭ ᠬᠤᠤᠰᠯᠠᠭᠰᠠᠨ︾ ᠤᠳᠬ᠎ᠠ ᠤᠷᠠᠯᠢᠭ ᠤᠨ ᠠᠵᠢᠯᠲᠠᠨ

1᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠣᠨᠴᠠ ᠨᠡᠮᠡᠭᠦᠷᠢ ᠭᠦᠷᠲᠡᠵᠦ ᠪᠠᠶᠢᠭ᠎ᠠ ᠲᠤᠰᠬᠠᠶ

ᠮᠡᠷᠭᠡᠵᠢᠯᠲᠡᠨ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ

ᠵᠠᠯᠠᠭᠤ ᠨᠠᠰᠤᠨ ᠤ ᠲᠤᠰᠬᠠᠶ ᠮᠡᠷᠭᠡᠵᠢᠯᠲᠡᠨ 5᠂ ᠥᠪᠡᠷᠲᠡᠭᠡᠨ ᠵᠠᠰᠠᠬᠤ ᠣᠷᠣᠨ ᠤ ︽ᠭᠠᠷᠮᠠᠭᠠᠶ ᠴᠢᠳᠠᠪᠤᠷᠢᠲᠠᠨ︾ ᠤ

ᠱᠠᠩᠨᠠᠯ ᠭᠦᠷᠲᠡᠭᠴᠢ 1᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠰᠢᠨ᠎ᠡ ᠶᠢ

ᠡᠭᠦᠳᠬᠦ ᠪᠦᠯᠬᠦᠮ ᠤᠨ ᠳᠠᠭᠠᠭᠤᠯᠤᠭᠴᠢ 5᠂ ᠬᠥᠮᠦᠵᠢᠭᠦᠯᠬᠦ ᠪᠠᠷ ᠰᠣᠩᠭᠤᠭᠳᠠᠭᠰᠠᠳ 10᠂ ᠥᠪᠡᠷᠲᠡᠭᠡᠨ ᠵᠠᠰᠠᠬᠤ

ᠣᠷᠣᠨ ᠤ ᠤᠳᠬ᠎ᠠ ᠤᠷᠠᠯᠢᠭ ᠲᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠴᠢ 3᠂ ᠥᠪᠡᠷᠲᠡᠭᠡᠨ ᠵᠠᠰᠠᠬᠤ ᠣᠷᠣᠨ ᠤ

︽ᠰᠢᠨ᠎ᠡ ᠡᠷᠢᠨ ᠤ 321 ᠴᠢᠳᠠᠪᠤᠷᠢᠲᠠᠨ ᠤ ᠢᠨᠵᠧᠨᠧᠷᠢᠩ︾ ᠤᠨ ᠵᠢᠱᠢᠭᠳᠡᠭᠴᠢ 7᠂ ᠥᠪᠡᠷᠲᠡᠭᠡᠨ ᠵᠠᠰᠠᠬᠤ ᠣᠷᠣᠨ ᠤ

ᠲᠠᠰ ᠤᠨ ︽ᠳᠥᠷᠪᠡᠨ ᠨᠢᠭᠡ ᠪᠦᠯᠦᠭ︾ ᠤᠨ ᠴᠢᠳᠠᠪᠤᠷᠢᠲᠠᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠠᠨ

ᠰᠤᠷᠭᠠᠯᠲᠠ ᠶᠢᠨ ᠨᠠᠷᠠᠲᠤ ᠪᠠᠭᠰᠢ 5 ᠪᠣᠢ᠃

     ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠣᠶᠣᠯ ᠤᠷᠠᠯᠢᠭ ᠤᠨ ᠵᠠᠰᠠᠭ ᠤᠨ

ᠣᠷᠳᠣᠨ ᠤ ᠱᠠᠩᠨᠠᠯ — ︽ᠸᠧᠨ ᠬᠤᠸᠠ ᠲᠣᠮᠣ ᠱᠠᠩᠨᠠᠯ︾ ᠶᠢ ᠭᠦᠷᠲᠡᠭᠰᠡᠨ ᠪᠦᠵᠢᠭᠲᠦ ᠵᠦᠴᠦᠭᠡ ︽ᠲᠠᠯ᠎ᠠ

ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾

     ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠷᠠᠨ ᠵᠢᠷᠤᠭ ᠤᠨ ᠱᠠᠩᠨᠠᠯ ᠤᠨ ᠠᠯᠲᠠᠨ ᠮᠧᠲᠠᠯ

ᠭᠦᠷᠲᠡᠭᠰᠡᠨ ᠤᠰᠤᠨ ᠪᠤᠳᠤᠭ ᠤᠨ ᠵᠢᠷᠤᠭ ︽ᠠᠯᠤᠰ ᠤᠨ ᠪᠠᠷ᠎ᠠ︾

     ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠯᠡᠭᠡ︾ ᠶᠢᠨ ᠬᠤᠭᠤᠴᠠᠭᠠᠨ ᠳᠤ᠂ ᠰᠤᠷᠭᠠᠭᠤᠯᠢ ᠨᠢ

ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠨᠢᠭᠡᠳᠦᠭᠡᠷ ᠳᠡᠰ ᠤᠨ

ᠱᠠᠩᠨᠠᠯ 1᠂ ᠬᠤᠶᠠᠳᠤᠭᠠᠷ ᠳᠡᠰ ᠤᠨ ᠱᠠᠩᠨᠠᠯ 1 ᠶᠢ ᠭᠦᠷᠲᠡᠪᠡ︔ ᠤᠯᠤᠰ ᠤᠨ ᠲᠠᠰ ᠤᠨ ᠰᠤᠳᠤᠯᠭᠠᠨ ᠤ ᠰᠠᠭᠤᠷᠢᠨ

3᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠭᠠᠨ ᠤ ︵ᠳᠠᠭᠤᠷᠢᠶᠠᠯ ᠦᠵᠡᠭᠦᠯᠬᠦ︶ ᠰᠠᠭᠤᠷᠢᠨ 8 ᠪᠣᠢ᠃

ᠠᠩᠬᠠᠨ ᠤ ᠪᠥᠲᠦᠭᠡᠯ ᠪᠣᠯᠬᠤ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ

ᠳᠡᠭᠦᠦ︾ ᠨᠢ 2016 ᠣᠨ ᠠᠴᠠ — 2020  ᠣᠨ ᠪᠣᠯᠲᠠᠯᠠᠬᠢ ᠬᠤᠭᠤᠴᠠᠭᠠᠨ ᠳᠤ ᠤᠯᠠᠨ ᠵᠦᠢᠯ ᠤᠨ ᠢᠷᠠᠭᠤ

ᠠᠯᠳᠠᠷ ᠢ ᠬᠦᠷᠳᠡᠵᠦ᠂ ᠤᠯᠤᠰ ᠤᠨ ᠤᠷᠠᠯᠢᠭ ᠤᠨ ᠰᠠᠭᠤᠷᠢ ᠮᠥᠩᠭᠦᠨ ᠤ ᠲᠤᠮᠤ ᠬᠡᠯᠪᠡᠷᠢᠲᠦ ᠲᠠᠶᠢᠰᠠᠨ ᠤ

ᠤᠷᠠᠯᠢᠭ ᠤᠨ ᠵᠣᠬᠢᠶᠠᠨ ᠪᠥᠲᠦᠭᠡᠯᠭᠡ ᠶᠢ ᠲᠤᠰᠠᠯᠠᠬᠤ ᠲᠦᠷᠦᠯ ᠵᠦᠢᠯ ᠪᠣᠯᠤᠭᠰᠠᠨ ᠤ ᠬᠤᠪᠢ ᠳᠤ᠂ ᠠᠷᠪᠠᠳᠤᠭᠠᠷ

ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠤᠨ ︽ᠪᠠᠳᠮ᠎ᠠ ᠱᠠᠩᠨᠠᠯ︾ ᠭᠡᠬᠦ ᠪᠥᠵᠢᠭᠲᠦ ᠵᠦᠴᠦᠭᠡ ᠶᠢᠨ ᠱᠠᠩᠨᠠᠯ᠂

ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠣᠶᠣᠯ ᠤᠷᠠᠯᠢᠭ ᠤᠨ ᠵᠠᠰᠠᠭ ᠤᠨ ᠣᠷᠳᠣᠨ ᠤ

ᠱᠠᠩᠨᠠᠯ ︽ᠸᠧᠨ ᠬᠤᠸᠠ ᠲᠤᠮᠤ ᠱᠠᠩᠨᠠᠯ︾ ᠢ ᠬᠦᠷᠳᠡᠵᠦ᠂ 2020 ᠣᠨ ᠳᠤ ᠰᠣᠶᠣᠯ ᠪᠠ ᠵᠢᠭᠤᠯᠴᠢᠯᠠᠯ ᠤᠨ

ᠶᠠᠮᠤᠨ ᠤ ︽ᠵᠠᠭᠤᠨ ᠵᠢᠯ ᠤᠨ ᠵᠠᠭᠤᠨ ᠪᠥᠲᠦᠭᠡᠯ︾ ᠤᠯᠠᠮᠵᠢᠯᠠᠯᠲᠤ ᠰᠣᠳᠣᠨ ᠪᠦᠲᠦᠭᠡᠯ ᠢ ᠳᠠᠪᠲᠠᠨ ᠪᠣᠯᠪᠠᠰᠤᠷᠠᠭᠤᠯᠬᠤ

ᠲᠥᠯᠦᠪᠯᠡᠭᠡᠨ ᠤ ᠭᠤᠣᠯᠳᠠᠯᠭᠠᠲᠠᠢ ᠲᠡᠳᠬᠦᠨ ᠳᠡᠮᠵᠢᠬᠦ ᠪᠦᠲᠦᠭᠡᠯ ᠢᠶᠠᠷ ᠰᠣᠩᠭᠤᠭᠳᠠᠵᠤ᠂ ᠵᠢᠷᠭᠤᠳᠤᠭᠠᠷ

ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠳᠬ᠎ᠠ ᠤᠷᠠᠯᠢᠭ ᠤᠨ ᠬᠠᠮᠲᠤᠷᠠᠭᠰᠠᠨ

ᠲᠣᠭᠯᠠᠯᠲᠠ ᠳᠤ ᠰᠣᠩᠭᠤᠭᠳᠠᠪᠠ᠃ ᠪᠠᠭᠰᠢ ᠵᠢᠶᠧ ᠶᠤᠸᠠᠨ ᠹᠠᠩ ᠤᠨ ᠤᠰᠤᠨ ᠪᠤᠳᠤᠭ ᠤᠨ ᠵᠢᠷᠤᠭ ᠤᠨ ᠪᠦᠲᠦᠭᠡᠯ

︽ᠠᠯᠤᠰ ᠤᠨ ᠪᠠᠷ᠎ᠠ︾ ᠨᠢ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠷᠠᠨ ᠵᠢᠷᠤᠭ ᠤᠨ ᠱᠠᠩᠨᠠᠯ ᠤᠨ

ᠠᠯᠲᠠᠨ ᠮᠧᠲᠠᠯ ᠢ ᠭᠥᠷᠳᠡᠪᠡ᠃

     ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠣᠶᠤᠲᠠᠨ ᠤᠨ ᠤᠯᠠᠭᠠᠨᠮᠥ᠋ᠴᠢᠷ ᠨᠡᠶᠢᠭᠡᠮ

ᠲᠣᠭᠤᠷᠢᠭ ᠲᠤ ᠭᠦᠨᠵᠡᠭᠡᠶᠢᠷᠡᠨ ᠲᠣᠬᠤᠨᠢᠭᠤᠯᠬᠤ ᠲᠣᠭᠯᠠᠯᠲᠠ ᠭᠠᠷᠭᠠᠪᠠ

     ᠣᠯᠠᠨ ᠵᠢᠯ ᠤᠨ ᠲᠤᠷᠰᠢ᠂ ᠰᠤᠷᠭᠠᠭᠤᠯᠢ ᠨᠢ ᠤᠷᠢᠳ ᠬᠤᠵᠢᠳ ᠠᠮᠧᠷᠢᠺᠠ᠂ ᠳ᠋ᠠᠨᠮᠠᠶᠢᠺ᠂ ᠮᠣᠩᠭᠤᠯ ᠤᠯᠤᠰ᠂ ᠲᠠᠢ

ᠤᠯᠤᠰ᠂ ᠺᠣᠷᠢᠶᠠ ᠵᠡᠷᠭᠡ ᠣᠯᠠᠨ ᠤᠯᠤᠰ ᠤᠨ ᠶᠡᠭᠡ ᠰᠤᠷᠭᠠᠭᠤᠯᠢ ᠪᠠ ᠤᠯᠤᠰ ᠤᠨ ᠳᠣᠲᠣᠭᠠᠳᠤ ᠶᠢᠨ ᠤᠷᠠᠯᠢᠭ ᠤᠨ

ᠳᠡᠭᠡᠳᠦ ᠰᠤᠷᠭᠠᠭᠤᠯᠢ᠂ ᠪᠦᠯᠬᠦᠮ ᠲᠠᠢ ᠤᠷᠠᠯᠢᠭ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠰᠠᠶᠢᠨ ᠰᠠᠶᠢᠬᠠᠨ

ᠬᠠᠷᠢᠴᠠᠭ᠎ᠠ ᠶᠢ ᠪᠠᠶᠢᠭᠤᠯᠤᠭᠰᠠᠨ ᠪᠠᠶᠢᠨ᠎ᠠ᠃ ᠤᠷᠢᠯᠭ᠎ᠠ ᠪᠠᠷ ᠠᠮᠧᠷᠢᠺᠠ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠢᠰᠫᠠᠨᠢ᠂

ᠰᠸᠧᠳᠧᠨ᠂ ᠳ᠋ᠠᠨᠮᠠᠶᠢᠺ᠂ ᠭᠧᠷᠮᠠᠨ ᠵᠡᠷᠭᠡ ᠤᠯᠤᠰ ᠪᠣᠯᠤᠨ ᠰᠢᠶᠠᠩᠭᠠᠩ ᠣᠣᠮᠧᠨ ᠲᠠᠶᠢᠸᠠᠨ ᠳᠤ ᠤᠯᠠᠨ ᠤᠳᠠᠭ᠎ᠠ

ᠠᠶᠢᠯᠴᠢᠯᠠᠨ ᠲᠣᠭᠯᠠᠯᠲᠠ ᠭᠠᠷᠭᠠᠵᠤ᠂ ᠪᠦᠲᠦᠭᠡᠯ ᠤᠨ ᠦᠵᠡᠰᠬᠦᠯᠡᠩ ᠡᠷᠬᠢᠯᠡᠨ᠂ ᠳᠡᠯᠡᠬᠡᠢ ᠳᠠᠬᠢ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠥᠯᠥᠭᠡᠯᠡᠬᠦ ᠬᠦᠴᠦᠨ ᠢ ᠥᠷᠭᠡᠳᠬᠡᠬᠦ ᠳᠤ ᠢᠳᠡᠪᠬᠢᠲᠡᠢ ᠬᠤᠪᠢ

ᠨᠡᠮᠡᠷᠢ ᠦᠵᠡᠭᠦᠯᠪᠡ᠃

     2020 ᠣᠨ ᠳᠤ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠨᠢ ᠬᠤᠷᠢᠨᠭᠡᠷ ᠰᠢᠨ᠎ᠡ

ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ᠃ ᠰᠢᠨ᠎ᠡ ᠰᠤᠷᠭᠠᠭᠤᠯᠢ ᠶᠢᠨ

ᠲᠣᠭᠤᠷᠢᠭ ᠨᠢ ᠬᠤᠷᠢᠨᠭᠡᠷ ᠰᠢᠨ᠎ᠡ ᠲᠣᠭᠤᠷᠢᠭ ᠲᠤ ᠪᠠᠶᠢᠷᠢᠯᠠᠵᠤ᠂ ᠡᠵᠡᠯᠡᠬᠦ ᠲᠠᠯᠠᠪᠠᠶ ᠨᠢ 45 ᠲᠦᠮᠡᠨ ᠲᠡᠭᠰᠢ

ᠳᠥᠷᠪᠡᠯᠵᠢᠨ ᠮᠧᠲᠷ ᠢ ᠳᠠᠪᠠᠵᠤ᠂ ᠪᠠᠶᠢᠭᠤᠯᠤᠭᠳᠠᠭᠰᠠᠨ ᠤ ᠳᠠᠷᠠᠭ᠎ᠠ ᠨᠢᠭᠡᠨ ᠤᠷᠠᠯᠢᠭ ᠬᠢᠭᠡᠳ ᠪᠠᠶᠢᠭᠠᠯᠢ᠂

ᠤᠯᠠᠮᠵᠢᠯᠠᠯ ᠬᠢᠭᠡᠳ ᠣᠲᠣ ᠦᠶ᠎ᠡ ᠶᠢ ᠨᠢᠭᠡ ᠴᠣᠭᠴᠠᠵᠢᠭᠤᠯᠤᠭᠰᠠᠨ ᠰᠢᠨ᠎ᠡ ᠴᠠᠭ ᠦᠶ᠎ᠡ ᠶᠢᠨ ᠶᠡᠭᠡ ᠰᠤᠷᠭᠠᠭᠤᠯᠢ

ᠪᠣᠯᠤᠨ᠎ᠠ᠃ ᠣᠳᠣᠬᠠᠨ ᠳᠤ᠂ ᠰᠢᠨ᠎ᠡ ᠰᠤᠷᠭᠠᠭᠤᠯᠢ ᠶᠢᠨ ᠲᠣᠭᠤᠷᠢᠭ ᠤᠨ 32000 ᠲᠡᠭᠰᠢ ᠳᠥᠷᠪᠡᠯᠵᠢᠨ ᠮᠧᠲᠷ

ᠲᠠᠯᠠᠪᠠᠢ ᠲᠠᠢ ᠰᠤᠷᠤᠭᠴᠢ ᠶᠢᠨ ᠨᠢᠭᠡᠳᠦᠭᠡᠷ ᠪᠠᠶᠢᠷᠢ ᠶᠢᠨ ᠠᠰᠠᠷ ᠢ ᠨᠢᠭᠡᠨᠲᠡ ᠪᠠᠷᠢᠵᠤ ᠳᠠᠭᠤᠰᠪᠠ᠃ 2022

ᠣᠨ ᠳᠤ ᠬᠡᠰᠡᠭ ᠳᠡᠭᠡᠳᠦ ᠰᠤᠷᠭᠠᠭᠤᠯᠢ ᠰᠠᠯᠪᠤᠷᠢ ᠰᠢᠨ᠎ᠡ ᠰᠤᠷᠭᠠᠭᠤᠯᠢ ᠶᠢᠨ ᠬᠦᠷᠢᠶᠡᠨ ᠳᠤ ᠨᠡᠭᠦᠵᠦ ᠣᠴᠢᠨ᠎ᠠ᠃

     ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠬᠤᠷᠢᠨᠭᠡᠷ ᠰᠢᠨ᠎ᠡ ᠰᠤᠷᠭᠠᠭᠤᠯᠢ ᠶᠢᠨ

ᠲᠣᠭᠤᠷᠢᠭ ᠤᠨ ᠪᠥᠬᠦ ᠦᠵᠡᠮᠵᠢ

     ᠰᠢᠨ᠎ᠡ ᠴᠠᠭ ᠦᠶ᠎ᠡ ᠳᠤ᠂ ᠰᠢᠨ᠎ᠡ ᠠᠶᠠᠯᠠᠯ ᠳᠤ ᠪᠠᠨ ᠮᠣᠷᠳᠠᠶ᠎ᠠ᠃ ᠡᠨᠡ ᠵᠢᠯ ᠪᠣᠯ ᠳᠤᠮᠳᠠᠳᠤ ᠤᠯᠤᠰ ᠤᠨ ᠡᠪ

ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠃ ᠲᠡᠦᠬᠡ ᠶᠢᠨ ᠰᠢᠨ᠎ᠡ ᠭᠠᠷᠤᠭ᠎ᠠ ᠠᠴᠠ ᠥᠪᠥᠷ ᠮᠣᠩᠭᠤᠯ ᠤᠨ

ᠤᠷᠠᠯᠢᠭ ᠤᠨ ᠳᠡᠭᠡᠳᠦ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠡᠶᠢᠭᠡᠮ ᠵᠢᠷᠤᠮ ᠤᠨ

ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ

ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢᠨ

ᠲᠣᠭᠤᠷᠢᠨ ᠳᠤ ︽ᠶᠣᠰᠣ ᠮᠣᠷᠠᠯ ᠡᠷᠬᠢᠮ ᠲᠡᠭᠡᠳᠦ ᠤᠷᠠᠯᠢᠭ ᠭᠤᠸ᠎ᠠ ᠰᠠᠶᠢᠬᠠᠨ᠂ ᠡᠷᠳᠡᠮ ᠮᠡᠳᠡᠯᠭᠡ ᠥᠯᠡᠮᠵᠢ ᠶᠡᠭᠡ

ᠦᠢᠯᠡ ᠠᠵᠢᠯᠯᠠᠭ᠎ᠠ ᠲᠥᠪ ᠴᠢᠭᠡᠴᠢ︾ ᠰᠤᠷᠭᠠᠭᠤᠯᠢ ᠶᠢᠨ ᠰᠤᠷᠭᠠᠯ ᠢ ᠵᠢᠷᠤᠮᠯᠠᠵᠤ᠂ ᠨᠠᠮ ᠤᠨ ᠰᠤᠷᠭᠠᠨ

ᠬᠥᠮᠦᠵᠢᠯ ᠤᠨ ᠦᠢᠯᠡᠰ ᠲᠤ ᠦᠨᠡᠨᠴᠢ ᠪᠠᠶᠢᠬᠤ ᠪᠠᠷ ᠢᠷᠠᠭᠤ ᠠᠯᠳᠠᠷ ᠢᠶᠠᠨ ᠪᠣᠯᠭᠠᠵᠤ᠂ ᠳᠤᠮᠳᠠᠳᠤ ᠶᠢᠨ ᠰᠢᠯᠢᠳᠡᠭ

ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠡᠭᠦᠷᠭᠡ ᠪᠠᠨ  ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ

ᠥᠨᠳᠥᠷ ᠲᠦᠪᠰᠢᠨ ᠲᠠᠢ ᠬᠡᠷᠡᠭᠯᠡᠭᠡᠨ ᠤ ᠬᠡᠯᠪᠡᠷᠢᠲᠦ ᠤᠷᠠᠯᠢᠭ ᠤᠨ ᠳᠡᠭᠡᠳᠦ ᠰᠤᠷᠭᠠᠭᠤᠯᠢ ᠶᠢ ᠪᠠᠶᠢᠭᠤᠯᠬᠤ ᠶᠢᠨ

ᠲᠥᠯᠥᠭᠡ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ

ᠳᠤᠮᠳᠠᠳᠤ ᠶᠢᠨ ᠬᠦᠰᠡᠯ ᠢᠶᠠᠨ ᠬᠠᠮᠲᠤ ᠪᠠᠷ ᠪᠡᠶᠡᠯᠡᠭᠦᠯᠬᠦ︾ ᠶᠢᠨ ᠲᠥᠯᠥᠭᠡ ᠤᠷᠠᠯᠢᠭ ᠤᠨ ᠳᠡᠭᠡᠳᠦ ᠵᠡᠷᠭᠡ ᠶᠢᠨ

ᠰᠤᠷᠭᠠᠨ ᠬᠥᠮᠦᠵᠢᠯ ᠤᠨ ᠡᠷᠡᠯᠬᠡᠭᠯᠡᠨ ᠤᠷᠤᠭᠰᠢᠯᠠᠬᠤ ᠰᠢᠨ᠎ᠡ ᠬᠠᠭᠤᠳᠠᠰᠤ ᠶᠢ ᠪᠢᠴᠢᠭᠯᠡᠨᠡᠮ︕

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map