ᠪᠠᠯᠴᠢᠷ ᠬᠡᠦᠬᠡᠳ ᠲᠤ ᠠᠩᠭ᠍ᠯᠢ ᠬᠡᠯᠡᠨ ᠤ ᠭᠡᠷ ᠤᠨ ᠬᠦᠮᠦᠵᠢᠯ ᠢ ᠬᠡᠷᠬᠢᠨ ᠬᠢᠬᠦ ᠪᠤᠢ
ᠨᠡᠶᠢᠲᠡᠯᠡᠭᠰᠡᠨ ᠴᠠᠭ᠄
2021/8/18
                                   ᠸᠠᠩ ᠮᠤ᠋ ᠯᠠᠨ      1996 ᠤᠨ ᠳᠤ ᠠᠮᠧᠷᠢᠺᠠ ᠶᠢᠨ ᠺᠣᠷᠨᠧᠯ ᠶᠡᠭᠡ ᠰᠤᠷᠭᠠᠭᠤᠯᠢ ᠶᠢᠨ ︽ᠪᠠᠶᠢᠭᠠᠯᠢ︾ ᠰᠡᠳᠭᠦᠯ ᠳᠤ ᠨᠡᠶᠢᠲᠡᠯᠡᠭᠰᠡᠨ ᠨᠢᠭᠡᠨ ᠦᠭᠦᠯᠡᠯ ᠨᠢ ︽ᠨᠠᠰᠤᠨ ᠳᠤ ᠬᠦᠷᠦᠭᠰᠡᠳ ᠭᠠᠳᠠᠭᠠᠳᠤ ᠬᠡᠯᠡ ᠰᠤᠷᠬᠤ ᠦᠶ᠎ᠡ ᠳᠤ ᠬᠡᠷᠡᠭᠯᠡᠬᠦ ᠲᠠᠷᠢᠬᠢᠨ ᠤ ᠬᠡᠰᠡᠭ ᠨᠢ ᠬᠡᠦᠬᠡᠳ ᠲᠠᠢ ᠢᠯᠡ ᠲᠤᠳᠤ ᠠᠳᠠᠯᠢ ᠪᠤᠰᠤ ᠪᠠᠶᠢᠵᠤ᠂ ᠶᠠᠭ ᠡ᠊ᠨᠡ ᠭᠦ ᠰᠢᠯᠲᠠᠭᠠᠨ ᠨᠢ ᠲᠡᠳᠡᠨ ᠤ ᠭᠠᠳᠠᠭᠠᠳᠤ ᠬᠡᠯᠡ ᠡᠵᠡᠮᠰᠢᠬᠦ ᠬᠤᠷᠳᠤᠴᠠ ᠶᠢ ᠬᠡᠦᠬᠡᠳ ᠠᠴᠠ ᠬᠤᠯᠠ ᠤᠳᠠᠭᠠᠨ ᠪᠣᠯᠭᠠᠭᠰᠠᠨ ᠪᠠᠶᠢᠨ᠎ᠠ︾ ᠭᠡᠵᠤ ᠳᠤᠷᠠᠳᠤᠭᠰᠠᠨ ᠶᠤᠮ᠃ ᠡᠨᠡ ᠶᠠᠭᠤ ᠪᠤᠢ ᠭᠡᠪᠡᠯ᠂ ᠭᠠᠳᠠᠭᠠᠳᠤ ᠭᠡᠯᠡ ᠶᠢ ᠪᠠᠭ᠎ᠠ ᠠᠴᠠ ᠪᠠᠨ ᠡᠬᠢᠯᠠᠵᠦ ᠰᠤᠷᠬᠤ ᠨᠢ ᠭᠡᠤᠭᠡᠳ ᠤᠨ ᠭᠡᠯᠡ ᠰᠤᠷᠬᠤ ᠳᠤ ᠠᠰᠢᠭᠳᠠᠢ ᠭᠡᠰᠡᠨ ᠢ ᠬᠠᠷᠠᠭᠤᠯᠵᠤ ᠪᠠᠶᠢᠭ᠎ᠠ ᠶᠤᠮ᠃ ᠡᠨᠡ ᠲᠤᠬᠠᠢ ᠣᠯᠠᠨ ᠠᠷᠪᠢᠨ ᠡᠷᠳᠡᠮᠳᠡᠳ ᠴᠦ ᠰᠢᠨᠵᠢᠯᠡᠭᠡᠨ ᠨᠤᠳᠠᠯᠠᠭᠰᠠᠭᠠᠷ ᠢᠷᠠᠵᠠᠢ᠃ ᠤᠳᠤᠬᠠᠨ ᠳᠤ ᠮᠠᠨ ᠤ ᠭᠡᠷ ᠤᠨ ᠠᠬᠠᠮᠠᠳ ᠤᠳ ᠴᠤ ᠭᠡᠤᠭᠡᠳ ᠢᠶᠠᠨ ᠭᠠᠳᠠᠭᠠᠳᠤ ᠬᠡᠯᠡ ᠰᠤᠷᠭᠠᠵᠤ ᠪᠤᠢ᠃ ᠭᠡᠪᠡᠴᠤ ᠬᠡᠯᠡᠨ ᠤ ᠰᠤᠷᠭᠠᠨ ᠬᠦᠮᠦᠵᠢᠯ ᠤᠨ ᠲᠠᠯ᠎ᠠ ᠪᠠᠷ ᠬᠢ ᠣᠶᠢᠯᠠᠭᠠᠯᠲᠠ ᠲᠠᠨᠢᠯᠲᠠ ᠬᠢᠵᠠᠭᠠᠷᠳᠠᠢ ᠠᠴᠠ ᠪᠣᠯᠵᠤ ᠦᠷ᠎ᠡ ᠪᠦᠲᠦᠮᠵᠢ ᠨᠢ ᠲᠡᠶᠢᠮᠤ ᠰᠠᠶᠢᠨ ᠪᠢᠰᠢ ᠪᠠᠶᠢᠭᠰᠠᠭᠠᠷ ᠶᠤᠮ᠃ ᠲᠤᠤᠷ᠎ᠠ ᠠᠩᠭ᠍ᠯᠢ ᠭᠡᠯᠠ ᠰᠤᠷᠬᠤ ᠪᠠᠷ ᠵᠢᠱᠢᠶᠡᠯᠡᠵᠦ᠂ ᠡᠭᠦᠨ ᠤ ᠲᠤᠬᠠᠢ ᠲᠤᠪᠴᠢᠬᠠᠨ ᠶᠠᠷᠢᠶ᠎ᠠ᠃      ᠨᠢᠭᠡ᠂ ᠺᠷᠠᠱᠧᠨ ᠤ ᠬᠡᠯᠡ ᠡᠵᠡᠮᠰᠢᠭᠦ ᠣᠨᠤᠯ      ᠺᠷᠠᠱᠧᠨ ᠤ ᠬᠡᠯᠡ ᠡᠵᠡᠮᠰᠢᠬᠦ ᠣᠨᠤᠯ ᠤᠨ ᠴᠢᠮᠦᠭᠡ ᠨᠢ ᠪᠣᠯ ︽ᠬᠡᠯᠡᠨ ᠤ ᠰᠤᠷᠤᠯᠴᠠᠯᠭ᠎ᠠ ᠪᠠ ᠬᠡᠯᠡᠨ ᠤ ᠪᠤᠯᠪᠠᠰᠤᠷᠠᠯ︾ ᠪᠤᠯᠤᠨ᠎ᠠ᠃ ᠬᠡᠯᠡᠨ ᠤ ᠰᠤᠷᠤᠯᠴᠠᠯᠭ᠎ᠠ ᠭᠡᠳᠡᠭ ᠨᠢ ᠲᠤᠰᠬᠠᠢ ᠬᠡᠯᠡᠨ ᠤ ᠪᠠᠭᠰᠢ ᠠᠴᠠ ᠲᠥᠷᠦᠯᠬᠢ ᠬᠡᠯᠡ ᠪᠠᠷ ᠵᠠᠭᠤᠴᠢ ᠪᠣᠯᠭᠠᠨ ᠬᠤᠶᠠᠳᠤᠭᠠᠷ ᠬᠡᠯᠡᠨ ᠤ ᠦᠭᠡ᠂ ᠦᠭᠦᠯᠡᠪᠦᠷᠢ᠂ ᠬᠡᠯᠡ ᠵᠦᠢ ᠶᠢᠨ ᠳᠦᠷᠢᠮ ᠢ ᠲᠠᠶᠢᠯᠪᠤᠷᠢᠯᠠᠨ ᠵᠢᠭᠠᠵᠤ᠂ ᠰᠤᠷᠤᠭᠴᠢᠳ ᠲᠤ ᠲᠠᠭᠤᠷᠢᠶᠠᠮᠠᠯ ᠬᠡᠯᠡᠨ ᠤ ᠣᠷᠴᠢᠨ ᠢ ᠪᠦᠷᠢᠯᠳᠦᠭᠦᠯᠵᠦ᠂ ᠶᠠᠮᠠᠷ ᠨᠢᠭᠡᠨ ᠬᠡᠯᠡᠨ ᠤ ᠠᠭᠤᠯᠭ᠎ᠠ ᠶᠢ ᠰᠤᠷᠬᠤ᠂ ᠵᠣᠷᠢᠯᠭ᠎ᠠ ᠲᠠᠢ ᠪᠠᠷ ᠴᠡᠭᠡᠵᠢᠯᠡᠬᠦ᠂ ᠪᠣᠯᠪᠠᠰᠤᠷᠠᠯ ᠬᠢᠵᠤ ᠬᠤᠶᠠᠳᠤᠭᠠᠷ ᠬᠡᠯᠡ ᠶᠢ ᠰᠤᠷᠤᠯᠴᠠᠬᠤ ᠠᠵᠢᠯᠯᠠᠭ᠎ᠠ ᠶᠢ ᠵᠢᠭᠠᠵᠤ ᠪᠤᠢ᠃ ᠬᠡᠯᠡᠨ ᠤ ᠪᠤᠯᠪᠠᠰᠤᠷᠠᠯ ᠭᠡᠳᠡᠭ ᠨᠢ ᠬᠡᠦᠬᠡᠳ ᠤᠨ ᠲᠥᠷᠦᠯᠬᠢ ᠬᠡᠯᠡᠡᠨ ᠤ ᠴᠢᠳᠠᠪᠤᠷᠢ ᠶᠢᠨ ᠶᠠᠪᠤᠴᠠ ᠳᠤ᠂ ᠬᠤᠶᠠᠳᠤᠭᠠᠷ ᠬᠡᠯᠡ ᠶᠢ ᠲᠥᠷᠦᠯᠬᠢ ᠬᠡᠯᠡ ᠲᠠᠢ ᠠᠳᠠᠯᠢᠬᠠᠨ ᠪᠠᠶᠢᠭᠠᠯᠢᠯᠢᠬ ︵ᠡᠰᠡᠭᠦᠯ᠎ᠠ ᠬᠡᠰᠡᠭ ᠪᠠᠶᠢᠭᠠᠯᠢᠯᠢᠬ︶ ᠬᠡᠯᠡᠨ ᠤ ᠤᠷᠴᠢᠨ ᠳᠤ ᠠᠶᠠᠨᠳᠠᠭᠠᠨ ᠰᠤᠷᠤᠯᠴᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠃ ᠺᠷᠠᠱᠧᠨ ᠤ ᠦᠵᠡᠬᠦ ᠪᠠᠷ ᠬᠡᠯᠡᠨ ᠤ ᠪᠤᠯᠪᠠᠰᠤᠷᠠᠯ ᠤᠨ ᠠᠷᠭ᠎ᠠ ᠨᠢ ᠰᠠᠶ᠋ᠢ ᠬᠤᠶᠠᠳᠤᠭᠠᠷ ᠬᠡᠯᠡᠨ ᠤ ᠴᠢᠳᠠᠪᠤᠷᠢ ᠶᠢ ᠰᠢᠭᠤᠳ ᠠᠬᠢᠭᠤᠯᠵᠤ ᠴᠢᠳᠠᠨ᠎ᠠ᠃      ᠮᠣᠩᠭᠤᠯ ᠬᠡᠦᠬᠡᠳ ᠢᠶᠠᠷ ᠠᠪᠴᠤ ᠭᠡᠯᠡᠪᠡᠯ ᠣᠷᠴᠢᠨ ᠲᠤᠭᠤᠷᠢᠨ ᠤ ᠬᠦᠮᠦᠰ ᠤᠨ ᠨᠦᠯᠦᠭᠡ᠂ ᠲᠧᠯᠧᠢᠰ᠂ ᠭᠠᠷ ᠤᠳᠠᠰᠤ ᠵᠡᠷᠭᠡ ᠠᠴᠠ ᠦᠷᠭᠦᠯᠵᠢ ᠬᠢᠲᠠᠳ ᠢᠶᠠᠷ ᠶᠠᠷᠢᠬᠤ ᠶᠢ ᠣᠯᠵᠤ ᠰᠣᠨᠤᠰᠳᠠᠬ ᠲᠤᠯᠠ ᠲᠡᠳᠡ 2~3 ᠨᠠᠰᠤᠨ ᠠᠴᠠ ᠪᠠᠨ ᠡᠬᠢᠯᠡᠵᠦ ᠬᠢᠲᠠᠳ ᠦᠭᠡ ᠶᠢ ᠨᠠᠯᠢᠶᠠᠳ ᠣᠶᠢᠯᠠᠭᠠᠬᠤ ᠪᠣᠯᠵᠤ᠂ 4~5 ᠨᠠᠰᠤ ᠪᠤᠶᠤ 5~6 ᠨᠠᠰᠤ ᠭᠦᠷᠭᠦ ᠦᠶ᠎ᠡ ᠳᠤ ᠬᠢᠲᠡᠳ ᠬᠡᠯᠡᠨ ᠤ ᠬᠢᠷᠢ ᠲᠥᠪᠰᠢᠨ ᠨᠢ ᠡᠩ ᠤᠨ ᠬᠢᠷᠢ ᠲᠦᠪᠰᠢᠨ ᠳᠤ ᠭᠦᠷᠴᠤ    ᠲᠠᠶᠢᠯᠳᠡᠭ᠃      ᠡᠶᠢᠮᠦ ᠠᠴᠠ ᠬᠡᠦᠬᠡᠳ ᠲᠤ ᠠᠩᠭ᠍ᠯᠢ ᠬᠡᠯᠡ ᠰᠤᠷᠭᠠᠬᠤ ᠳᠤ ᠬᠡᠦᠬᠡᠳ ᠤᠨ ᠬᠡᠯᠡ ᠰᠤᠷᠬᠤ ᠵᠠᠩᠭᠢᠯᠠᠭ᠎ᠠ ᠶᠢᠨ ᠬᠤᠭᠤᠴᠠᠭ᠎ᠠ ᠶᠢ ᠨᠢ ᠪᠠᠷᠢᠵᠤ᠂ ᠬᠡᠯᠡᠨ ᠤ ᠪᠠᠶᠢᠭᠠᠯᠢᠯᠢᠬ ᠣᠷᠴᠢᠨ ᠢ ᠪᠦᠷᠢᠯᠳᠦᠭᠦᠯᠵᠦ᠂ ᠠᠩᠭ᠍ᠯᠢ ᠬᠡᠯᠡᠨ ᠤ ᠣᠷᠤᠭᠤᠯᠤᠯᠲᠠ ᠶᠢ ᠨᠢ ᠴᠢᠬᠤᠯᠠᠴᠢᠯᠠᠪᠠᠯ ᠬᠡᠦᠬᠡᠳ ᠰᠠᠶ᠋ᠢ ᠲᠥᠷᠦᠯᠬᠢ ᠬᠡᠯᠡ ᠲᠠᠢ ᠪᠠᠨ ᠠᠳᠠᠯᠢᠬᠠᠨ ᠠᠩᠭ᠍ᠯᠢ ᠬᠡᠯᠡ ᠶᠢ ᠠᠶᠠᠨᠳᠠᠭᠠᠨ ᠡᠵᠡᠮᠰᠢᠵᠤ ᠨᠡᠶᠢᠬᠡᠮ ᠤᠨ ᠬᠠᠷᠢᠯᠴᠠᠭᠠᠨ ᠳᠤ ᠠᠰᠢᠭᠯᠠᠵᠤ ᠴᠢᠳᠠᠬᠤ ᠪᠣᠯᠤᠨ᠎ᠠ᠃      ᠬᠤᠶᠠᠷ᠂ ᠥᠪᠡᠷ ᠤᠨ ᠬᠡᠦᠬᠡᠳ ᠲᠤ ᠪᠠᠨ ᠠᠩᠭ᠍ᠯᠢ ᠬᠡᠯᠡᠨ ᠤ ᠭᠡᠷ ᠤᠨ ᠬᠦᠮᠦᠵᠢᠯ ᠬᠢᠭᠰᠡᠨ ᠨᠢᠭᠡᠴᠢᠯᠡᠭᠰᠡᠨ ᠰᠤᠳᠤᠯᠭ᠎ᠠ      1. ᠰᠤᠳᠤᠯᠭᠠᠨ ᠤ ᠶᠠᠪᠤᠴᠠ      ᠪᠢ ᠬᠦᠦ ᠪᠠᠷ ᠢᠶᠠᠨ ᠰᠤᠳᠤᠯᠤᠭᠳᠠᠬᠤᠨ ᠪᠣᠯᠭᠠᠵᠤ᠂ ᠵᠢᠷᠮᠦᠰᠦᠨ ᠬᠤᠭᠤᠴᠠᠭ᠎ᠠ ᠠᠴᠠ ᠡᠬᠢᠯᠡᠵᠤ ᠰᠤᠳᠤᠯᠭ᠎ᠠ ᠪᠠᠨ ᠬᠢᠭᠰᠡᠨ ᠪᠠᠶᠢᠨ᠎ᠠ᠃ ᠵᠢᠷᠮᠦᠰᠦᠠ ᠬᠤᠭᠤᠴᠠᠭ᠎ᠠ ᠳᠤ ᠪᠠᠨ ᠬᠡᠦᠬᠡᠢ ᠶᠢᠨ ᠬᠦᠮᠦᠵᠢᠯ ᠢ ᠴᠢᠬᠤᠯᠠᠴᠢᠯᠠᠨ ᠡᠳᠤᠷ ᠪᠦᠷᠢ ᠠᠩᠭ᠍ᠯᠢ ᠳᠠᠭᠤᠤ ᠰᠤᠨᠤᠰᠴᠤ᠂ ᠥᠪᠡᠷ ᠢᠶᠠᠨ ᠠᠩᠭ᠍ᠯᠢ ᠪᠠᠷ ᠢᠯᠡᠭᠦᠦ ᠶᠠᠷᠢᠵᠤ᠂ ᠣᠷᠤᠢ ᠪᠦᠷᠢ ᠪᠠᠰᠠ ᠠᠩᠭ᠍ᠯᠢ ᠪᠠᠷ ᠲᠠᠭᠤ ᠲᠠᠢ ᠣᠩᠰᠢᠯᠭ᠎ᠠ ᠬᠢᠵᠡᠢ᠃ ᠲᠥᠷᠦᠭᠰᠡᠨ ᠤ ᠬᠢᠨᠢ ᠳᠠᠷᠠᠭ᠎ᠠ ᠬᠡᠯᠡᠨ ᠤ ᠣᠷᠤᠭᠤᠯᠤᠯᠲᠠ ᠶᠢ ᠬᠠᠮᠤᠭ ᠤᠨ ᠲᠡᠷᠢᠭᠦᠨ ᠪᠠᠶᠢᠷᠢᠨ ᠳᠤ ᠲᠠᠯᠪᠢᠵᠤ 0~6 ᠰᠠᠷ᠎ᠠ ᠶᠢᠨ ᠬᠤᠭᠤᠴᠠᠭᠠᠨ ᠳᠤ ᠡᠳᠦᠷ ᠪᠦᠷᠢ ᠠᠩᠭ᠍ᠯᠢ ᠬᠡᠦᠬᠡᠳ ᠤᠨ ᠲᠠᠭᠤᠤ ᠰᠢᠯᠦᠭ ᠰᠣᠨᠤᠰᠬᠠᠵᠤ᠂ ᠬᠡᠷᠡᠭ ᠪᠤᠳᠠᠰ ᠬᠦᠮᠦᠨ ᠠᠮᠢᠲᠠᠨ ᠢ ᠲᠠᠨᠢᠭᠤᠯᠬᠤ ᠪᠠᠷ ᠵᠢᠷᠤᠭᠲᠤ ᠲᠡᠪᠲᠡᠷ ᠦᠵᠡᠭᠦᠯᠦᠨ᠂ ᠥᠪᠡᠷ ᠢᠶᠠᠨ ᠬᠡᠦᠬᠡᠳ ᠲᠠᠢ ᠪᠠᠨ ᠴᠤᠯ ᠠᠩᠭ᠍ᠯᠢ ᠢᠶᠠᠷ ᠶᠠᠷᠢᠯᠴᠠᠪᠠ᠃ 6~12 ᠰᠠᠷ᠎ᠠ ᠶᠢᠨ ᠬᠤᠭᠤᠴᠠᠭ᠎ᠠ ᠳᠤ ᠠᠩᠭ᠍ᠯᠢ ᠳᠠᠭᠤᠤ ᠰᠢᠯᠦᠭ ᠰᠤᠨᠤᠰᠬᠠᠬᠤ ᠪᠠ ᠠᠩᠭ᠍ᠯᠢ ᠪᠠᠷ ᠶᠠᠷᠢᠯᠴᠠᠬᠤ ᠪᠠᠨ ᠪᠠᠷᠢᠮᠲᠠᠯᠠᠵᠤ᠂ ᠣᠬᠤᠷ ᠦᠯᠢᠭᠡᠷ ᠲᠠᠢ ᠠᠩᠭ᠍ᠯᠢ ᠵᠢᠷᠤᠭᠲᠤ ᠲᠡᠪᠲᠡᠷ ᠤᠩᠰᠢᠵᠤ ᠥᠭᠬᠦ ᠪᠣᠯᠵᠠᠢ᠃ 1~2 ᠨᠠᠰᠤᠨ ᠤ ᠬᠤᠭᠤᠷᠤᠨᠳᠤ ᠳᠡᠭᠡᠷ᠎ᠡ ᠳᠤᠷᠠᠳᠤᠭᠰᠠᠨ ᠠᠴᠠ ᠪᠤᠰᠤᠳ ᠡᠳᠦᠷ ᠪᠦᠷᠢ ᠪᠠᠭ᠎ᠠ ᠵᠡᠷᠭᠡ ᠠᠩᠭ᠍ᠯᠢ ᠬᠡᠦᠬᠡᠳ ᠤᠨ ᠵᠦᠴᠦᠭᠡ ᠶᠢ ᠲᠧᠯᠧᠢᠰ ᠳᠡᠭᠡᠷ᠎ᠡ ᠦᠵᠡᠭᠦᠯᠵᠤ᠂ ᠵᠢᠷᠤᠭᠲᠤ ᠦᠯᠢᠭᠡᠷ ᠢ ᠤᠩᠰᠢᠭᠰᠠᠨ ᠤ ᠪᠠᠨ ᠳᠠᠷᠠᠭ᠎ᠠ ᠪᠠᠰᠠ ᠳᠦᠭᠦᠮ ᠠᠰᠠᠭᠤᠯᠲᠠ ᠳᠤᠷᠠᠳᠴᠤ᠂ ᠶᠠᠷᠢᠵᠤ ᠢᠯᠡᠳᠭᠡᠬᠦ ᠴᠢᠳᠠᠪᠤᠷᠢ ᠶᠢ ᠨᠢ ᠪᠤᠯᠪᠠᠰᠤᠷᠠᠭᠤᠯᠬᠤ ᠪᠣᠯᠵᠠᠢ᠃ 2~3 ᠨᠠᠰᠤᠨ ᠤ ᠦᠶ᠎ᠠ ᠳᠤ ᠠᠩᠭ᠍ᠯᠢ ᠪᠠᠷ ᠶᠠᠷᠢᠵᠤ ᠢᠯᠡᠳᠭᠡᠬᠦ ᠶᠢ ᠨᠢ ᠴᠢᠬᠤᠯᠠᠴᠢᠯᠠᠨ ᠦᠵᠡᠵᠤ᠂ ᠰᠣᠨᠤᠰᠴᠤ ᠪᠠᠶᠢᠭ᠎ᠠ ᠮᠠᠲ᠋ᠧᠷᠢᠶᠠᠯ ᠤᠨ ᠬᠢᠨᠢ ᠬᠦᠴᠢᠷ ᠤᠨ ᠬᠡᠮᠵᠢᠶ᠎ᠡ ᠶᠢ ᠨᠢ ᠦᠨᠳᠦᠷ ᠪᠣᠯᠭᠠᠵᠠᠢ᠃ 3 ᠨᠠᠰᠤ ᠠᠴᠠ ᠬᠤᠶᠢᠰᠢ ᠭᠡᠤᠭᠡᠳ ᠤᠨ ᠴᠡᠴᠡᠷᠯᠢᠭ ᠲᠤ ᠬᠦᠷᠭᠡᠭᠰᠡᠨ ᠪᠣᠯᠪᠠᠴᠤ ᠬᠦᠦ ᠲᠠᠢ ᠪᠠᠨ ᠠᠮᠠ ᠨᠡᠭᠡᠭᠡᠵᠦ ᠶᠠᠷᠢᠯᠴᠠᠬᠤ ᠳᠤ ᠪᠠᠨ ᠠᠩᠭ᠍ᠯᠢ ᠪᠠᠷ ᠶᠠᠷᠢᠵᠤ᠂ ᠤᠨᠲᠠᠬᠤ ᠠᠴᠠ ᠡᠮᠦᠨᠡᠬᠢ ᠦᠯᠢᠭᠡᠷ ᠶᠠᠷᠢᠬᠤ ᠴᠠᠭ ᠢ ᠠᠰᠢᠭᠯᠠᠨ ᠠᠩᠭ᠍ᠯᠢ ᠵᠢᠷᠤᠭᠲᠤ ᠦᠯᠢᠭᠡᠷ ᠤᠨ ᠨᠣᠮ ᠢ ᠮᠠᠰᠢ ᠤᠯᠠᠨ ᠤᠩᠰᠢᠵᠤ ᠦᠭᠪᠡ᠃      ᠪᠦᠬᠦᠶ ᠯᠡ ᠰᠤᠳᠤᠯᠭᠠᠨ ᠤ ᠶᠠᠪᠤᠴᠠ ᠳᠤ ᠰᠤᠳᠤᠯᠤᠭᠳᠠᠬᠤᠨ ᠤ ᠲᠥᠷᠦᠯᠬᠢ ᠬᠡᠯᠡ ᠪᠠ ᠬᠢᠲᠠᠳ ᠬᠡᠯᠡᠨ ᠤ ᠪᠠᠶᠢᠭᠠᠯᠢᠯᠢᠬ ᠣᠷᠴᠢᠨ ᠢ ᠬᠢᠵᠠᠭᠠᠷᠯᠠᠭᠰᠠᠨ ᠦᠭᠡᠢ᠃ ᠲᠤᠬᠠᠢᠢᠯᠠᠪᠠᠯ᠂ ᠭᠡᠷ ᠤᠨ ᠬᠦᠮᠦᠰ ᠤᠨ ᠢᠶᠠᠨ ᠮᠣᠩᠭᠤᠯ ᠪᠤᠶᠤ ᠬᠢᠲᠠᠳ ᠢᠶᠠᠷ ᠲᠠᠭᠦᠨ ᠲᠠᠢ ᠶᠠᠷᠢᠯᠴᠠᠬᠤ ᠶᠢ ᠬᠢᠵᠠᠭᠠᠷᠯᠠᠭᠰᠠᠨ ᠦᠭᠡᠢ᠂ ᠦᠭᠡᠷ᠎ᠠ ᠪᠠᠷ ᠭᠡᠯᠡᠪᠡᠯ᠂ ᠵᠥᠪᠬᠡᠨ ᠪᠢ ᠭᠠᠭᠴᠠᠭᠠᠷ ᠢᠶᠠᠨ ᠲᠡᠭᠦᠨ ᠲᠠᠢ ᠠᠩᠭ᠍ᠯᠢ ᠪᠠᠷ ᠬᠠᠷᠢᠯᠴᠠᠳᠠᠭ ᠪᠠᠶᠢᠪᠠ᠃      2. ᠰᠤᠳᠤᠯᠭᠠᠨ ᠤ ᠦᠷ᠎ᠡ ᠳ᠋ᠦᠩ      ︵1︶ ᠭᠦᠤ ᠶᠢᠨ ᠮᠢᠨᠢ ᠠᠩᠭ᠍ᠯᠢ ᠬᠡᠯᠡᠨ ᠤ ᠬᠢᠷᠢ ᠬᠡᠮᠵᠢᠶ᠎ᠡ      ᠠᠪᠢᠶᠠᠨ ᠤ ᠲᠠᠯ᠎ᠠ ᠪᠠᠷ᠂ ᠭᠦᠦ ᠶᠢᠨ ᠮᠢᠨᠢ ᠠᠩᠭ᠍ᠯᠢ ᠬᠡᠯᠡᠨ ᠤ ᠠᠶᠠᠯᠭᠤ ᠪᠤᠯ ᠨᠠᠳᠠ ᠲᠠᠢ ᠠᠳᠠᠯᠢᠬᠠᠨ ᠠᠮᠧᠷᠢᠺᠠ ᠠᠩᠭ᠍ᠯᠢ ᠠᠶᠠᠯᠭᠤ ᠲᠠᠢ᠃ ᠡᠭᠡᠰᠢᠭ ᠠᠪᠢᠶᠠᠯᠠᠪᠤᠷᠢ ᠶᠢ ᠴᠦᠮ ᠪᠠᠷᠢᠮᠵᠢᠶ᠎ᠠ ᠠᠪᠢᠶᠠᠯᠠᠨ᠎ᠠ᠃ ᠭᠡᠶᠢᠭᠦᠯᠦᠭᠴᠢ ᠠᠪᠢᠶᠠᠯᠠᠪᠤᠷᠢ ᠳᠤ ᠳᠤᠮᠳᠠᠳᠤ ᠤᠯᠤᠰ ᠤᠨ ᠬᠡᠦᠬᠡᠳ ᠤᠨ ᠠᠩᠭ᠍ᠯᠢ ᠬᠡᠯᠡ ᠰᠤᠷᠬᠤ ᠳᠤ ᠬᠦᠴᠢᠷᠳᠡᠳᠡᠭ[]᠂[]ᠬᠤᠶᠠᠷ ᠠᠪᠢᠶ᠎ᠠ ᠶᠢ ᠠᠯᠳᠠᠯ ᠦᠭᠡᠢ ᠵᠦᠪ ᠭᠠᠷᠭᠠᠨ᠎ᠠ᠃ ᠭᠡᠬᠦ ᠳᠤ ᠪᠠᠨ ᠦᠭᠡ ᠶᠢᠨ ᠡᠭᠢᠨ ᠳᠤ ᠪᠠᠶᠢᠬᠤ ᠭᠡᠶᠢᠭᠦᠯᠦᠭᠴᠢ ᠶᠢᠨ ᠡᠮᠦᠨ᠎ᠡ ᠣᠷᠤᠬᠤ[s]ᠠᠪᠢᠶ᠎ᠠ ᠶᠢ ᠣᠷᠬᠢᠬᠤ ᠪᠤᠶᠤ ᠳᠤᠳᠤᠷᠬᠠᠢ ᠦᠭᠡᠢ ᠠᠪᠢᠶᠠᠯᠠᠳᠠᠭ᠃ ᠵᠢᠱᠢᠶᠡᠯᠡᠪᠡᠯ᠂ stop ᠶᠢ[st ︵d︶ p]ᠭᠡᠵᠤ ᠶᠡᠷᠢᠬᠤ ᠦᠭᠡᠢ ᠬᠠᠷᠢᠨ[s] ᠢ ᠨᠢ ᠣᠷᠬᠢᠵᠤ[t ︵d︶ p]᠂ sky ᠶᠢ[k ︵g︶ ai]ᠭᠡᠵᠤ ᠶᠡᠷᠢᠳᠠᠭ᠃ ᠦᠭᠡᠰ ᠤᠨ ᠬᠤᠭᠤᠷᠤᠨᠳᠤᠬᠢ ᠠᠪᠢᠶᠠᠯᠠᠪᠤᠷᠢ ᠶᠢᠨ ᠬᠤᠯᠪᠤᠯᠲᠠ᠂ ᠨᠡᠶᠢᠯᠡᠯᠲᠡ᠂ ᠣᠷᠬᠢᠯᠲᠠ᠂ ᠬᠤᠪᠢᠷᠠᠯ ᠢ ᠴᠤ ᠶᠠᠷᠢᠶᠠᠨ ᠤ ᠬᠡᠯᠡᠨ ᠤ ᠬᠡᠯᠪᠡᠷᠢ ᠪᠠᠷ ᠵᠦᠪ ᠶᠡᠷᠢᠳᠠᠭ᠃ ᠵᠢᠱᠢᠶᠡᠯᠡᠪᠡᠯ᠂ “I don’t want to go”ᠭᠡᠬᠦ ᠦᠭᠦᠯᠡᠪᠦᠷᠢ ᠶᠢ “I don’t wanna go” ᠭᠡᠵᠤ ᠴᠤ ᠶᠠᠷᠢᠵᠤ ᠴᠢᠳᠠᠳᠠᠭ᠃ ᠦᠭᠦᠯᠡᠪᠦᠷᠢ ᠶᠢᠨ ᠠᠶᠠᠰ ᠤᠨ ᠲᠦᠷᠢᠯᠲᠡ᠂ ᠦᠭᠰᠦᠯᠲᠡ᠂ ᠵᠤᠭᠰᠤᠯᠲᠠ ᠵᠡᠷᠭᠡ ᠶᠢ ᠵᠦᠪ ᠲᠤᠳᠤᠷᠬᠠᠢ ᠭᠠᠷᠭᠠᠵᠤ ᠴᠢᠳᠠᠨ᠎ᠠ᠃      ᠲᠠᠩ ᠦᠭᠡ ᠶᠢᠨ ᠲᠠᠯ᠎ᠠ ᠪᠠᠷ ᠦᠵᠡᠪᠡᠯ᠂ ᠮᠢᠨᠦ ᠭᠦᠦ ᠶᠢᠨ ᠬᠡᠷᠡᠭᠯᠡᠵᠦ ᠴᠢᠳᠠᠬᠤ ᠠᠩᠭ᠍ᠯᠢ ᠬᠡᠯᠡᠨ ᠤ ᠲᠠᠩ ᠦᠭᠡᠨ ᠤ ᠪᠣᠳᠠᠳᠠᠢ ᠲᠤᠭ᠎ᠠ ᠨᠢ ᠭᠡᠤᠭᠡᠳ ᠤᠨ ᠴᠡᠴᠡᠷᠯᠢᠭ ᠲᠤ ᠣᠷᠤᠬᠤ ᠠᠴᠠ ᠡᠮᠦᠨ᠎ᠡ ᠬᠠᠮᠤᠭ ᠤᠨ ᠠᠷᠪᠢᠨ ︵ᠪᠡᠷᠤᠭ 2500 ᠦᠭᠡ︶ ᠪᠠᠶᠢᠵᠤ᠂ ᠮᠤᠩᠭᠤᠯ ᠬᠢᠲᠡᠳ ᠬᠡᠯᠡᠨ ᠤ ᠮᠡᠳᠡᠳᠡᠭ ᠲᠠᠩ ᠦᠭᠡ ᠶᠢᠨ ᠲᠤᠭ᠎ᠠ ᠠᠴᠠ ᠬᠤᠯᠠ ᠠᠷᠪᠢᠨ ᠪᠥᠭᠡᠳ ᠡᠭᠡᠴᠢ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢ︶ ᠶᠢᠨ ᠬᠢᠨᠢ ᠮᠠᠳᠡᠳᠡᠭ ᠠᠩᠭ᠍ᠯᠢ ᠳᠠᠩ ᠦᠭᠡᠨ ᠤ ᠲᠤᠭ᠎ᠠ ᠠᠴᠠ ᠴᠤ ᠬᠤᠯᠠ ᠠᠷᠪᠢᠨ ᠪᠠᠶᠢᠵᠤ᠂ ᠭᠡᠤᠭᠡᠳ ᠤᠨ ᠴᠡᠴᠡᠷᠯᠢᠭ ᠲᠤ ᠣᠷᠤᠭᠰᠠᠨ ᠤ ᠳᠠᠷᠠᠭ᠎ᠠ ᠪᠠᠷ ᠰᠢᠨ᠎ᠡ ᠪᠠᠷ ᠰᠤᠷᠤᠭᠰᠠᠨ ᠦᠭᠡ ᠪᠠᠰᠠ ᠵᠦᠩᠳᠡᠭᠡᠨ ᠪᠠᠶᠢᠳᠠᠭ ᠪᠣᠯᠪᠠᠴᠤ ᠶᠡᠷᠦᠩᠬᠡᠢ ᠲᠤᠭ᠎ᠠ ᠨᠢ ᠠᠭᠠᠵᠢᠮ ᠢᠶᠠᠷ ᠪᠠᠭᠤᠷᠠᠬᠤ ᠬᠠᠨᠳᠤᠰᠢ ᠲᠠᠢ ᠪᠠᠶᠢᠭ᠎ᠠ ᠶᠤᠮ᠃ ᠭᠡᠪᠡᠴᠤ ᠡᠳᠤᠷ ᠲᠤᠳᠤᠮ ᠤᠨ ᠬᠠᠷᠢᠯᠴᠠᠭᠠᠨ ᠤ ᠦᠭᠡᠰ ᠢᠶᠠᠨ ᠮᠠᠷᠲᠠᠭ᠎ᠠ ᠦᠭᠡᠢ᠃      ᠬᠡᠯᠡᠨ ᠵᠦᠢ ᠶᠢᠨ ᠲᠠᠯ᠎ᠠ ᠪᠠᠷ᠂ ᠨᠡᠷ᠎ᠡ ᠦᠭᠡ ᠶᠢᠨ ᠭᠠᠭᠴᠠ ᠲᠤᠭ᠎ᠠ᠂ ᠣᠯᠠᠨ ᠲᠤᠭᠠᠨ ᠤ ᠬᠤᠪᠢᠷᠠᠯᠳᠠ ᠶᠢ ᠵᠦᠪ ᠬᠡᠷᠡᠭᠯᠡᠳᠡᠭ᠃ ᠦᠢᠯᠡ ᠶᠢᠨ ᠣᠳᠤ᠂ ᠢᠷᠡᠭᠡᠳᠦᠢ᠂ ᠪᠠᠶᠢᠩᠭᠤ᠂ ᠦᠩᠭᠡᠷᠡᠭᠰᠡᠨ ᠴᠠᠭ ᠢ ᠣᠯᠠᠩᠬᠢ ᠳᠤ ᠪᠠᠨ ᠵᠦᠪ ᠬᠡᠷᠡᠭᠯᠡᠨ᠎ᠡ᠂ ᠦᠷᠭᠦᠯᠵᠢᠯᠡᠬᠦ ᠴᠠᠭ ᠢ ᠪᠠᠷᠤᠭ ᠬᠡᠷᠡᠭᠯᠡᠳᠡᠭ ᠦᠭᠡᠢ᠃ ᠪᠠᠶᠢᠩᠭᠤ ᠳᠡᠰ ᠲᠣᠭᠠᠨ ᠤ ᠦᠭᠡ ᠶᠢ ᠦᠨᠳᠤᠰᠦᠨ ᠲᠣᠭᠠᠨ ᠤ ᠦᠭᠡ ᠲᠠᠢ ᠬᠤᠳᠬᠤᠳᠠᠭ᠃ ᠲᠦᠯᠦᠭᠡᠨ ᠤ ᠦᠭᠡᠨ ᠤ ᠭᠤᠷᠪᠠᠳᠤᠭᠠᠷ ᠪᠠᠶ᠎ᠡ ᠶᠢᠨ ᠭᠠᠭᠴᠠ ᠲᠤᠭ᠎ᠠ ᠶᠢ ᠵᠦᠪᠬᠡᠨ “he”ᠭᠡᠵᠤ ᠬᠡᠷᠡᠭᠯᠡᠨ᠎ᠡ᠃ ᠣᠯᠠᠩᠬᠢ ᠳᠤ ᠪᠠᠨ ᠳᠥᠭᠦᠮ ᠦᠭᠦᠯᠡᠪᠦᠷᠢ᠂ ᠵᠡᠷᠭᠡᠴᠡᠭᠰᠡᠨ ᠦᠭᠦᠯᠡᠪᠦᠷᠢ᠂ ᠪᠠᠶᠢᠨ ᠪᠠᠶᠢᠨ ᠳᠥᠭᠦᠮᠭᠡᠨ ᠨᠡᠶᠢᠯᠡᠮᠡᠯ ᠦᠭᠦᠯᠡᠪᠦᠷᠢ ᠶᠡᠷᠢᠳᠠᠭ᠃ ᠶᠡᠷᠦᠩᠬᠡᠢ ᠳᠤ ᠪᠠᠨ ᠡᠳᠤᠷ ᠲᠤᠳᠤᠮ ᠤᠨ ᠬᠠᠷᠢᠯᠴᠠᠭᠠᠨ ᠤ ᠲᠤᠮᠳᠠ ᠭᠠᠳᠠᠭᠠᠳᠤ ᠶᠢᠨ ᠠᠩᠭ᠍ᠯᠢ ᠭᠡᠯᠠᠳᠠᠨ ᠲᠠᠢ ᠬᠠᠷᠢᠯᠴᠠᠵᠤ ᠳᠠᠶᠢᠯᠤᠨ᠎ᠠ᠃      ᠭᠦᠦ ᠶᠢᠨ ᠢᠶᠠᠨ ᠠᠩᠭ᠍ᠯᠢ ᠬᠡᠯᠡᠨ ᠤ ᠲᠥᠪᠰᠢᠨ ᠢ ᠰᠢᠯᠭᠠᠬᠤ ᠶᠢᠨ ᠲᠤᠯᠠᠳᠠ᠂ ᠲᠡᠭᠦᠨ ᠢ 2 ᠨᠠᠰᠤ 10 ᠰᠠᠷ᠎ᠠ ᠲᠠᠢ ᠪᠠᠶᠢᠬᠤ ᠳᠤ ᠨᠢ ᠵᠣᠬᠢᠶᠠᠭᠴᠢ ᠠᠩᠭ᠍ᠯᠢ ᠶᠢᠨ ᠯᠤᠨᠳᠤᠨ ᠬᠤᠲᠠ ᠠᠴᠠ ᠢᠷᠡᠭᠰᠡᠨ ᠨᠠᠶᠢᠵᠠ Nicholas · Campagnaro ︵ᠣᠳᠣ ᠬᠦᠬᠡᠬᠤᠲᠠ ᠶᠢᠨ Arslan English School ᠳᠤ ᠲᠤᠰᠬᠠᠢ ᠪᠠᠯᠴᠢᠷ ᠬᠡᠦᠬᠡᠳ ᠤᠨ ᠠᠩᠭ᠍ᠯᠢ ᠬᠡᠯᠡ ᠵᠢᠭᠠᠬᠤ ᠪᠠᠭᠰᠢ ᠪᠠᠷ ᠠᠵᠢᠯᠯᠠᠵᠤ ᠪᠠᠶᠢᠭ᠎ᠠ᠂ ᠬᠢᠲᠡᠳ ᠮᠣᠩᠭᠤᠯ ᠬᠡᠯᠡ ᠶᠢ ᠬᠡᠳᠦᠬᠡᠨ ᠳᠠᠩ ᠦᠭᠡ ᠮᠠᠳᠡᠳᠡᠭ︶ ᠶᠢ ᠭᠡᠷ ᠲᠤ ᠪᠠᠨ ᠣᠷᠢᠵᠣ ᠬᠦᠤ ᠪᠠᠨ ᠨᠢᠭᠡ ᠡᠳᠤᠷ ᠬᠠᠷᠠᠭᠠᠯᠵᠠᠭᠤᠯᠤᠭᠰᠠᠨ ᠪᠠᠶᠢᠨ᠎ᠠ᠃ Nicholas ᠲᠣᠰᠬᠠᠢ ᠪᠠᠯᠴᠢᠷ ᠬᠡᠥᠬᠡᠳ ᠲᠤ ᠠᠩᠭ᠍ᠯᠢ ᠬᠡᠯᠡ ᠵᠢᠭᠠᠵᠤ ᠪᠠᠶᠢᠬᠤ ᠪᠤᠯᠬᠤᠷ ᠪᠠᠯᠴᠢᠷ ᠬᠡᠦᠬᠡᠳ ᠲᠠᠢ ᠶᠠᠭᠠᠬᠢᠵᠤ ᠬᠠᠷᠢᠯᠴᠠᠬᠤ ᠶᠢ ᠰᠠᠶᠢᠨ ᠮᠠᠳᠠᠳᠡᠭ᠂ ᠲᠡᠭᠡᠭᠡᠳ ᠤᠳᠠᠯ ᠦᠭᠡᠢ ᠬᠦᠤ ᠶᠢᠨ ᠮᠢᠨᠢ ᠰᠠᠶᠢᠨ ᠨᠠᠶᠢᠵᠠ ᠨᠢ ᠪᠤᠯᠵᠤ ᠰᠠᠯᠤᠯ ᠦᠭᠡᠢ ᠴᠤᠭ ᠲᠤᠭᠯᠠᠬᠤ ᠪᠣᠯᠪᠠ᠃ ᠲᠡᠳᠡ ᠬᠤᠶᠠᠭᠤᠯᠠ ᠪᠦᠭᠦᠯᠢ ᠡᠳᠦᠷ ᠢᠶᠠᠷ ᠪᠦᠷᠢᠮᠤᠰᠦᠨ ᠠᠩᠭ᠍ᠯᠢ ᠪᠠᠷ ᠬᠠᠷᠢᠯᠴᠠᠬᠤ ᠳᠤ ᠶᠠᠮᠠᠷ ᠴᠤ ᠬᠠᠷᠰᠢ ᠪᠠᠶᠢᠭᠰᠠᠨ ᠦᠭᠡᠢ ᠶᠤᠮ᠃      ︵2︶ ᠮᠣᠩᠭᠤᠯ ᠪᠠ ᠬᠢᠲᠠᠳ ᠬᠡᠯᠡᠨ ᠤ ᠬᠢᠷᠢ ᠬᠡᠮᠵᠢᠶ᠎ᠠ      ᠮᠢᠨᠦ ᠭᠦᠦ᠂ ᠤᠢ ᠲᠤᠯᠬᠤ ᠠᠴᠠ ᠪᠠᠨ ᠡᠮᠦᠨ᠎ᠡ ᠲᠦᠷᠦᠭᠡᠳ 11 ᠰᠠᠷ᠎ᠠ ᠪᠤᠯᠤᠮᠠᠭᠴᠠ ᠭᠡᠯᠡ ᠳᠤ ᠤᠷᠤᠭᠰᠠᠨ ᠶᠤᠮ᠃ ᠡᠬᠢᠯᠡᠭᠡᠳ “mom᠂ dad᠂ yes᠂ no᠂ eat᠂ drink᠂ pee᠂ poo᠂ car᠂ dog᠂ go᠂ come᠂ here᠂ there” ᠭᠡᠵᠤ ᠠᠩᠭ᠍ᠯᠢ ᠪᠠᠷ ᠶᠠᠷᠢᠵᠤ᠂ ᠮᠣᠩᠭᠤᠯ ᠪᠤᠶᠤ ᠬᠢᠲᠡᠳ ᠢᠶᠠᠷ ᠶᠠᠷᠢᠵᠤ ᠴᠢᠳᠠᠬᠤ ᠦᠭᠡᠢ᠂ ᠭᠡᠪᠡᠴᠦ ᠪᠤᠰᠤᠳ ᠤᠨ ᠮᠤᠩᠭᠤᠯ ᠪᠤᠶᠤ ᠬᠢᠲᠡᠳ ᠢᠶᠠᠷ ᠶᠡᠷᠢᠬᠤ ᠶᠢ ᠪᠦᠷ ᠵᠦᠪ ᠣᠶᠢᠯᠠᠭᠠᠵᠤ ᠴᠢᠳᠠᠨ᠎ᠠ᠃ 17 ᠰᠠᠷ᠎ᠠ ᠠᠴᠠ ᠡᠬᠢᠯᠡᠵᠤ ᠲᠥᠭᠦᠮᠬᠡᠨ ᠦᠭᠦᠯᠡᠪᠦᠷᠢ ᠶᠢ ᠠᠩᠭ᠍ᠯᠢ ᠪᠠᠷ ᠶᠡᠷᠢᠨ᠂ ︽ᠠᠪᠤᠨ᠎ᠠ᠂ ᠢᠳᠠᠨ᠎ᠡ᠂ ᠤᠤᠭᠤᠨ᠎ᠠ᠂ ᠶᠠᠪᠤᠨ᠎ᠠ᠂ ᠮᠡᠳᠡᠵᠡᠢ᠂ ᠪᠢ᠂ ᠲᠡᠨᠳᠡ᠂ ᠦᠭᠡᠢ᠂ ᠠᠮᠠ᠂ ᠬᠠᠮᠠᠷ︾ ᠵᠡᠷᠭᠡ ᠦᠢᠯᠡ ᠦᠭᠡ ᠪᠠᠷ ᠭᠤᠤᠯᠯᠠᠭᠰᠠᠨ ᠴᠦᠭᠡᠨ ᠬᠡᠳᠦᠨ ᠮᠣᠩᠭᠤᠯ ᠦᠭᠡ ᠶᠢ ᠠᠪᠤ ᠲᠠᠢ ᠪᠠᠨ ᠡᠮᠡᠭᠡ ︵ᠬᠤᠷᠴᠢᠨ ᠠᠶᠠᠯᠭᠤ ᠲᠠᠢ︶ ᠲᠠᠢ ᠪᠠᠨ ᠠᠳᠠᠯᠢᠪᠲᠤᠷᠬᠠᠨ ᠶᠠᠷᠢᠳᠠᠭ᠃ ᠪᠤᠰᠤᠳ ᠬᠡᠦᠬᠡᠳ ᠲᠠᠢ ᠲᠣᠭᠯᠠᠬᠤ ᠳᠤ ᠪᠠᠨ ᠪᠣᠰᠣᠳ ᠬᠡᠦᠬᠡᠳ ᠤᠨ ᠬᠡᠯᠡ ᠶᠢ ᠰᠠᠶᠢᠨ ᠣᠶᠢᠯᠠᠭᠠᠵᠤ ᠴᠢᠳᠠᠬᠤ ᠦᠭᠡᠢ᠂ ᠥᠪᠡᠷ ᠢᠶᠠᠨ ᠴᠤ ᠮᠣᠩᠭᠤᠯ ᠢᠶᠠᠷ ᠰᠠᠶᠢᠬᠠᠨ ᠢᠯᠡᠳᠭᠡᠵᠤ ᠴᠢᠳᠠᠬᠤ ᠦᠭᠡᠢ ᠪᠠᠶᠢᠭᠰᠠᠨ ᠪᠤᠯᠪᠠᠴᠤ ᠵᠢᠭᠠᠵᠤ ᠳᠣᠬᠢᠨ ᠡᠯᠳᠡᠪ ᠠᠷᠭ᠎ᠠ ᠪᠠᠷ ᠪᠠᠶᠠᠷᠲᠠᠶᠢᠬᠠᠨ ᠯᠠ ᠴᠤᠭ ᠲᠣᠭᠯᠠᠳᠠᠭ ᠪᠠᠶᠢᠭᠰᠠᠨ᠃ ᠦᠭᠡᠯᠡᠢ ᠪᠣᠯᠬᠤ ᠲᠤᠳᠤᠮ ᠮᠤᠩᠭᠤᠯ ᠬᠡᠯᠡ ᠨᠢ ᠰᠠᠶᠢᠵᠢᠷᠠᠵᠤ ᠪᠠᠷᠤᠭ 2 ᠨᠠᠰᠤ 10 ᠰᠠᠷ᠎ᠠ ᠪᠣᠯᠬᠤ ᠳᠤ ᠨᠢᠭᠡᠨᠲᠠ ᠡᠮᠡᠭᠡ᠂ ᠠᠪᠤ᠂ ᠪᠤᠰᠤᠳ ᠮᠣᠩᠭᠤᠯ ᠬᠡᠦᠬᠡᠳ ᠲᠠᠢ ᠵᠦᠪ᠂ ᠲᠣᠳᠤᠷᠬᠠᠢ ᠪᠠᠷ ᠶᠠᠷᠢᠯᠴᠠᠵᠤ ᠴᠢᠳᠠᠬᠤ ᠪᠣᠯᠤᠭᠰᠠᠨ ᠪᠦᠭᠡᠳ ︽不᠂ 对᠂ 跑᠂ 玩᠂ 汽车᠂ 大卡车᠂ 小猫᠂ 小狗︾ ᠭᠡᠬᠦ ᠵᠡᠷᠭᠡ ᠨᠡᠯᠢᠶᠡᠳ ᠬᠢᠳᠡᠳ ᠲᠠᠩ ᠦᠭᠡ ᠶᠢ ᠶᠠᠷᠢᠵᠤ᠂ 3 ᠨᠠᠰᠤ 2 ᠰᠠᠷ᠎ᠠ ᠪᠣᠯᠬᠤ ᠳᠤ ᠡᠳᠤᠷ ᠲᠤᠳᠤᠮ ᠤᠨ ᠬᠡᠷᠡᠭᠯᠡᠭᠡᠨ ᠤ ᠬᠢᠲᠡᠳ ᠦᠭᠦᠯᠡᠪᠦᠷᠢ ᠶᠢ ᠴᠤ ᠶᠠᠷᠢᠵᠤ ᠴᠢᠳᠠᠬᠤ ᠪᠤᠯᠤᠭᠰᠠᠨ ᠪᠠᠶᠢᠨ᠎ᠠ᠃ ᠭᠡᠤᠭᠡᠳ ᠤᠨ ᠴᠡᠴᠡᠷᠯᠢᠭ ᠲᠤ ᠬᠦᠷᠭᠡᠭᠰᠡᠨ ᠤ ᠲᠠᠷᠠᠭ᠎ᠠ ᠬᠠᠭᠠᠰ ᠵᠢᠯ ᠪᠣᠯᠬᠤ ᠳᠤ ᠮᠣᠩᠭᠤᠯ᠂ ᠬᠢᠲᠠᠳ ᠬᠡᠯᠡ ᠨᠢ ᠮᠠᠳᠡᠭᠳᠡᠮ᠎ᠡ ᠲᠡᠭᠡᠭᠰᠢᠯᠡᠵᠦ᠂ ᠠᠶᠠᠨᠳᠠᠭᠠᠨ ᠮᠤᠩᠭᠤᠯ ᠪᠠ ᠬᠢᠲᠠᠳ ᠢᠶᠠᠷ ᠠᠷᠪᠢᠨ ᠶᠠᠷᠢᠬᠤ ᠪᠣᠯᠪᠠ᠃ ᠤᠭ ᠲᠤ ᠪᠠᠨ ᠨᠠᠳᠠ ᠲᠠᠢ ᠶᠠᠷᠢᠬᠤ ᠪᠣᠯᠭᠠᠨ ᠠᠶᠠᠨᠳᠠᠭᠠᠨ ᠠᠩᠭ᠍ᠯᠢ ᠪᠠᠷ ᠶᠠᠷᠢᠳᠠᠭ ᠪᠠᠶᠢᠭᠰᠠᠨ ᠢᠶᠠᠨ ᠵᠠᠷᠢᠮ ᠳᠤ ᠪᠠᠨ ᠮᠣᠩᠭᠤᠯ ᠪᠤᠶᠤ ᠬᠢᠲᠠᠳ ᠢᠶᠠᠷ ᠶᠠᠷᠢᠬᠤ ᠪᠣᠯᠣᠭᠰᠠᠨ ᠪᠠᠶᠢᠨ᠎ᠠ᠃ ᠭᠡᠪᠡᠴᠤ ᠪᠢ ᠠᠩᠭ᠍ᠯᠢ ᠪᠠᠷ ᠶᠠᠷᠢᠭᠠᠳ ᠯᠠ ᠪᠠᠶᠢᠪᠠᠯ ᠲᠡᠷᠡ ᠪᠠᠰᠠ ᠲᠡᠬᠢᠨ ᠠᠩᠭ᠍ᠯᠢ ᠪᠠᠷ ᠶᠠᠷᠢᠳᠠᠭ ᠪᠣᠯᠴᠢᠬᠠᠨ᠎ᠠ᠃ ᠮᠢᠨᠦ ᠭᠠᠳᠠᠭᠠᠳᠤ ᠤᠯᠤᠰ ᠤᠨ ᠨᠠᠶᠢᠵᠠ ᠨᠠᠷ ᠲᠠᠢ ᠠᠭᠤᠯᠵᠠᠪᠠᠯ ᠠᠶᠠᠨᠳᠠᠭᠠᠨ ᠰᠢᠭᠤᠳ ᠠᠩᠭ᠍ᠯᠢ ᠪᠠᠷ ᠶᠠᠷᠢᠳᠠᠭ᠃ ᠶᠡᠷᠦᠩᠬᠡᠢ ᠳᠤ ᠪᠠᠨ ᠠᠪᠴᠤ ᠬᠡᠯᠡᠪᠡᠯ ᠭᠤᠷᠪᠠᠨ ᠬᠡᠯᠡ ᠶᠢ ᠴᠢᠯᠦᠭᠡᠲᠡᠢ ᠰᠣᠯᠢᠵᠤ ᠬᠡᠷᠡᠭᠯᠡᠵᠦ ᠴᠢᠳᠠᠬᠤ ᠪᠦᠭᠡᠳ ᠬᠡᠨ ᠲᠠᠢ ᠮᠣᠩᠭᠤᠯ ᠢᠶᠠᠷ᠂ ᠬᠡᠨ ᠲᠠᠢ ᠬᠢᠲᠠᠳ ᠢᠶᠠᠷ᠂ ᠬᠡᠨ ᠲᠠᠢ ᠠᠩᠭ᠍ᠯᠢ ᠪᠠᠷ ᠶᠠᠷᠢᠬᠤ ᠬᠡᠷᠡᠭᠲᠡᠢ ᠭᠡᠳᠡᠭ ᠢ ᠥᠪᠡᠷ ᠢᠶᠠᠨ ᠮᠡᠳᠡᠵᠤ ᠬᠠᠷᠢᠯᠴᠠᠵᠤ ᠴᠢᠳᠠᠨ᠎ᠠ᠃      ᠭᠤᠷᠪᠠ᠂ ᠪᠠᠯᠴᠢᠷ ᠬᠡᠦᠬᠡᠳ ᠲᠤ ᠠᠩᠭ᠍ᠯᠢ ᠬᠡᠯᠡᠨ ᠤ ᠭᠡᠷ ᠤᠨ ᠬᠦᠮᠦᠵᠢᠯ ᠢ ᠬᠡᠷᠬᠢᠨ ᠬᠢᠬᠦ ᠪᠤᠢ︖      ᠰᠤᠳᠤᠯᠭᠠᠨ ᠤ ᠳ᠋ᠦᠩ ᠠᠴᠠ ᠦᠵᠡᠪᠡᠯ᠂ ᠮᠢᠨᠦ ᠭᠦᠦ ᠶᠢᠨ ᠠᠩᠭ᠍ᠯᠢ ᠬᠡᠯᠡᠨ ᠤ ᠡᠵᠡᠮᠰᠢᠯᠲᠠ ᠨᠢ ᠨᠠᠯᠢᠶᠡᠳ ᠦᠷ᠎ᠡ ᠪᠦᠲᠦᠮᠵᠢ ᠲᠠᠢ ᠪᠠᠶᠢᠭ᠎ᠠ ᠶᠤᠮ᠃ ᠲᠡᠭᠡᠪᠡᠯ ᠭᠡᠷ ᠤᠨ ᠠᠬᠠᠮᠠᠳ ᠬᠡᠦᠬᠡᠳ ᠲᠤ ᠪᠠᠨ ᠬᠡᠷᠬᠢᠨ ᠠᠩᠭ᠍ᠯᠢ ᠬᠡᠯᠡᠨ ᠤ ᠭᠡᠷ ᠤᠨ ᠬᠦᠮᠦᠵᠢᠯ ᠬᠢᠵᠦ᠂ ᠮᠢᠨᠦ ᠭᠦᠦ ᠲᠠᠢ ᠠᠳᠠᠯᠢ ᠲᠥᠷᠦᠯᠬᠢ ᠮᠣᠩᠭᠤᠯ ᠬᠡᠯᠡ ᠲᠠᠢ ᠨᠢ ᠬᠠᠮᠲᠤ ᠠᠩᠭ᠍ᠯᠢ ᠬᠡᠯᠡ ᠶᠢ ᠠᠶᠠᠨᠳᠠᠭᠠᠨ ᠡᠵᠡᠮᠰᠢᠭᠦᠯᠵᠦ᠂ ᠬᠢᠲᠠᠳ ᠬᠡᠯᠡ ᠶᠢ ᠨᠢ ᠴᠤ ᠬᠤᠴᠣᠷᠤᠭᠤᠯᠬᠤ ᠦᠭᠡᠢ ᠪᠠᠶᠢᠵᠤ ᠴᠢᠳᠠᠬᠤ    ᠪᠤᠢ︖      1. ᠬᠡᠦᠬᠡᠳ ᠤᠨ ᠬᠡᠯᠡ ᠡᠵᠡᠮᠰᠢᠬᠦ ᠵᠠᠩᠭᠢᠯᠠᠭ᠎ᠠ ᠶᠢᠨ ᠬᠤᠭᠤᠴᠠᠭ᠎ᠠ ᠶᠢ ᠰᠠᠶᠢᠳᠤᠷ ᠪᠠᠷᠢᠵᠤ ᠡᠷᠲᠡᠬᠡᠨ ᠠᠴᠠ ᠪᠡᠯᠡᠳᠭᠡᠬᠦ ᠨᠢ ᠴᠢᠬᠤᠯᠠ ᠶᠤᠮ᠃ ᠦᠨᠡᠨ ᠳᠤ ᠪᠠᠨ ᠠᠩᠭ᠍ᠯᠢ ᠲᠦᠷᠦᠯᠬᠢ ᠬᠡᠯᠡ ᠲᠠᠢ 0-3 ᠨᠠᠰᠤᠨ ᠤ ᠬᠡᠦᠬᠡᠳ ᠤᠨ ᠦᠭᠡᠰ ᠤᠨ ᠰᠠᠩ ᠨᠢ ᠳᠤᠮᠳᠠᠴᠢ ᠪᠠᠷ ᠰᠠᠶ᠋ᠢ 250 ᠦᠭᠡ ᠪᠠᠶᠢᠳᠠᠭ᠃ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠭᠠᠷᠳᠠᠯᠭ᠎ᠠ ᠳᠤ ᠪᠠᠭ᠎ᠠ ᠰᠤᠷᠭᠠᠭᠤᠯᠢ ᠲᠡᠭᠦᠰᠬᠦ ᠳᠤ 685 ᠳᠠᠩ ᠦᠭᠡ᠂ ᠠᠩᠬ᠎ᠠ ᠵᠡᠷᠭᠡ ᠲᠤᠮᠳᠠᠳᠤ ᠰᠤᠷᠭᠠᠭᠤᠯᠢ ᠲᠡᠭᠦᠰᠬᠦ ᠳᠤ 1677 ᠳᠠᠩ ᠦᠭᠡ ᠶᠢ ᠡᠵᠡᠮᠰᠢᠵᠤ᠂ ᠲᠦᠷᠦᠯᠬᠢ ᠬᠡᠯᠡ ᠲᠠᠢ 5 ᠨᠠᠰᠤᠳᠠᠢ ᠬᠡᠦᠬᠡᠳ ᠲᠠᠢ ᠬᠠᠷᠢᠯᠴᠠᠵᠤ ᠴᠢᠳᠠᠬᠤ ᠴᠢᠳᠠᠪᠤᠷᠢ ᠲᠠᠢ ᠪᠣᠯᠬᠤ ᠶᠢ ᠱᠠᠭᠠᠷᠳᠠᠭᠰᠠᠨ ᠪᠠᠶᠢᠳᠠᠭ᠃ ᠡᠶᠢᠮᠦ ᠠᠴᠠ ᠠᠯᠪᠠᠨ ᠵᠢᠷᠤᠮ ᠤᠨ ᠰᠤᠷᠭᠠᠨ ᠬᠦᠮᠦᠵᠢᠯ ᠭᠦᠷᠳᠡᠭᠰᠡᠳ ︵ᠴᠥᠭᠡᠨ ᠲᠣᠭᠠᠨ ᠤ ᠦᠨᠳᠤᠰᠤᠨ ᠱᠠᠳᠤᠨ ᠤ ᠰᠤᠷᠭᠠᠨ ᠬᠦᠮᠦᠵᠢᠯ ᠤᠨ ᠨᠥᠬᠦᠴᠡᠯ ᠤᠨ ᠬᠢᠵᠠᠭᠠᠷ ᠠᠴᠠ ᠪᠤᠯᠵᠣ ᠠᠩᠭ᠍ᠯᠢ ᠬᠡᠯᠡ ᠵᠢᠭᠠᠳᠠᠭ ᠦᠭᠡᠢ ᠤᠴᠢᠷ ᠠᠴᠠ ᠠᠳᠡ ᠡᠶᠢᠮᠦ ᠰᠤᠷᠭᠠᠭᠤᠯᠢ ᠠᠴᠠ ᠲᠡᠭᠦᠰᠦᠭᠰᠡᠳ ᠢ ᠪᠠᠭᠲᠠᠭᠠᠬᠤ ᠦᠭᠡᠢ︶ ᠤᠨ ᠤᠯᠠᠩᠬᠢ ᠨᠢ ᠪᠦᠷ ᠥᠪᠡᠷ ᠤᠨ ᠬᠡᠦᠬᠡᠳ ᠤᠨ ᠢᠶᠠᠨ ᠪᠠᠯᠴᠢᠷ ᠦᠶ᠎ᠠ ᠳᠤ ᠠᠩᠭ᠍ᠯᠢ ᠬᠡᠯᠡ ᠵᠢᠭᠠᠬᠤ ᠶᠢ ᠡᠭᠦᠷᠭᠡᠯᠡᠵᠦ ᠲᠠᠶᠢᠯᠤᠨ᠎ᠠ᠃ ᠠᠵᠢᠯ ᠠᠮᠢᠳᠤᠷᠠᠯ ᠳᠤ ᠪᠠᠨ ᠤᠳᠠᠭᠠᠨ ᠵᠢᠯ ᠠᠩᠭ᠍ᠯᠢ ᠬᠡᠯᠡ ᠬᠡᠷᠡᠭᠯᠡᠭᠰᠡᠨ ᠦᠭᠡᠢ ᠪᠣᠯ ᠮᠠᠷᠲᠠᠭᠰᠠᠨ ᠮᠠᠭᠠᠳ ᠦᠭᠡᠢ᠃ ᠡᠶᠢᠮᠦ ᠠᠴᠠ ᠬᠡᠦᠬᠡᠳ ᠢᠶᠠᠨ ᠪᠠᠯᠴᠢᠷ ᠠᠴᠠ ᠨᠢ ᠠᠩᠭ᠍ᠯᠢ ᠭᠡᠯᠡ ᠰᠤᠷᠭᠠᠶ᠎ᠠ ᠭᠡᠵᠦ ᠪᠣᠳᠣᠭᠰᠠᠨ ᠪᠣᠯ ᠡᠷᠲᠡ ᠠᠴᠠ ᠡᠬᠢᠯᠡᠵᠤ ᠰᠤᠷᠤᠭᠰᠠᠨ ᠢᠶᠠᠨ ᠳᠠᠪᠲᠠᠵᠤ ᠥᠪᠡᠷ ᠢ ᠪᠠᠨ ᠳᠡᠭᠡᠭᠰᠢᠯᠡᠭᠦᠯᠵᠦ ᠪᠡᠯᠡᠳᠭᠡᠬᠦ ᠨᠢ ᠴᠢᠬᠤᠯᠠ ᠶᠤᠮ᠃      2. ᠬᠡᠯᠡᠨ ᠤ ᠣᠷᠴᠢᠨ ᠤ ᠴᠢᠬᠤᠯᠠ ᠴᠢᠨᠠᠷ ᠢ ᠲᠠᠨᠢᠵᠤ᠂ ᠬᠡᠯᠡᠨ ᠤ ᠣᠷᠤᠭᠤᠯᠤᠯᠲᠠ ᠶᠢ ᠴᠢᠬᠤᠯᠠᠴᠢᠯᠠᠬᠤ ᠬᠡᠷᠡᠭᠲᠡᠢ᠃ ᠭᠠᠳᠠᠭᠠᠳᠤ ᠳᠤ ᠠᠮᠢᠳᠤᠷᠠᠵᠤ ᠪᠠᠶᠢᠬᠤ ᠦᠭᠡᠢ ᠪᠣᠯᠪᠠᠴᠤ ᠰᠦᠯᠵᠢᠶ᠎ᠡ ᠬᠤᠯᠪᠤᠭ᠎ᠠ᠂ ᠷᠠᠳᠢᠤ᠋᠂ ᠲᠧᠯᠧᠢᠰ᠂ ᠳᠠᠭᠤ ᠰᠢᠩᠭᠡᠭᠡᠯᠲᠡ᠂ APP ᠵᠡᠷᠭᠡ ᠶᠢ ᠠᠰᠢᠭᠯᠠᠵᠤ ᠪᠠᠯᠴᠢᠷ ᠭᠡᠤᠭᠡᠳ ᠲᠤ ᠭᠡᠷ ᠵᠠᠭᠤᠷ᠎ᠠ ᠪᠠᠨ ᠴᠢᠳᠠᠬᠤ ᠶᠢᠨ ᠳᠣᠲᠤᠷ᠎ᠠ ᠢᠯᠡᠭᠦᠦ ᠠᠩᠭ᠍ᠯᠢ ᠬᠡᠯᠡ ᠰᠤᠨᠤᠰᠬᠠᠬᠤ ᠬᠡᠷᠡᠭᠲᠡᠢ᠃ ᠣᠨᠴᠠᠭᠠᠶᠢᠯᠠᠨ ᠠᠩᠭ᠍ᠯᠢ ᠭᠡᠯᠡᠨ ᠤ ᠬᠡᠦᠬᠡᠳ ᠤᠨ ᠳᠠᠭᠤᠤ ᠰᠢᠯᠦᠭ ᠢ ᠢᠯᠡᠭᠦᠦ ᠰᠣᠨᠤᠰᠬᠠᠬᠤ ᠬᠡᠷᠡᠭᠲᠡᠢ᠃ ᠬᠡᠦᠬᠡᠳ ᠤᠨ ᠲᠠᠭᠤᠤ ᠰᠢᠯᠦᠭ ᠨᠢ ᠠᠶᠢᠵᠠᠮ ᠬᠥᠭ ᠢᠶᠠᠷ ᠴᠢᠩᠭ᠎ᠠ᠂ ᠦᠭᠡ ᠦᠭᠦᠯᠡᠪᠦᠷᠢ ᠨᠢ ᠣᠬᠤᠷ ᠠᠪᠰᠠᠷᠬᠠᠨ᠂ ᠵᠢᠭᠳᠡ ᠲᠤᠯᠤᠭᠠᠢ ᠬᠤᠯᠪᠤᠵᠤ ᠰᠡᠭᠦᠯ ᠳᠠᠷᠤᠬᠤ ᠨᠢ ᠰᠤᠨᠤᠰᠬᠤᠯᠠᠩ ᠲᠠᠢ ᠰᠠᠶᠢᠬᠠᠨ ᠪᠦᠭᠡᠳ ᠳᠠᠭᠠᠭᠠᠳ ᠤᠩᠰᠢᠵᠤ ᠲᠠᠭᠤᠯᠠᠬᠤ ᠳᠤ ᠴᠤ ᠠᠮᠠᠷᠬᠠᠨ ᠤᠴᠢᠷ ᠠᠴᠠ ᠬᠡᠦᠬᠡᠳ ᠤᠨ ᠳᠤᠷ᠎ᠠ ᠰᠣᠨᠢᠷᠬᠠᠯ ᠢ ᠶᠡᠭᠡ ᠲᠠᠲᠠᠵᠤ ᠴᠢᠳᠠᠳᠠᠭ ᠪᠠᠶᠢᠨ᠎ᠠ᠃ ᠬᠡᠦᠬᠡᠳ 3 ᠨᠠᠰᠤ ︵ᠭᠡᠤᠭᠡᠳ ᠤᠨ ᠴᠡᠴᠡᠷᠯᠢᠭ ᠲᠤ ᠣᠷᠤᠬᠤ︶ ᠠᠴᠠ ᠪᠠᠨ ᠡᠮᠦᠨ᠎ᠡ ᠨᠡᠶᠢᠬᠡᠮ ᠤᠨ ᠬᠠᠷᠢᠴᠠᠭ᠎ᠠ ᠳᠤ ᠠᠷᠠᠢ ᠤᠷᠤᠭ᠎ᠠ ᠦᠭᠡᠢ ᠪᠤᠯᠬᠤᠷ ᠬᠡᠯᠡᠨ ᠤ ᠣᠷᠴᠢᠨ ᠨᠢ ᠭᠤᠤᠯᠳᠠᠭᠤ ᠭᠡᠷ ᠪᠦᠯᠢ ᠪᠣᠯᠬᠤ ᠶᠤᠮ᠃ ᠲᠡᠭᠡᠬᠦ ᠳᠤ ᠭᠡᠷ ᠪᠦᠯᠢ ᠶᠢᠨ ᠬᠡᠯᠡᠨ ᠤ ᠤᠷᠴᠢᠨ ᠢ ᠭᠡᠷ ᠤᠨ ᠠᠬᠠᠮᠠᠳ ᠥᠪᠡᠷ ᠢᠶᠠᠨ ᠡᠷᠬᠡᠰᠢᠶᠡᠵᠦ ᠴᠢᠳᠠᠬᠤ ᠤᠴᠢᠷ ᠠᠴᠠ 3 ᠨᠠᠰᠤ ᠠᠴᠠ ᠡᠮᠦᠨᠡᠬᠢ ᠬᠤᠭᠤᠴᠠᠭ᠎ᠠ ᠳᠤ ᠬᠢ ᠠᠩᠭ᠍ᠯᠢ ᠬᠡᠯᠡᠨ ᠤ ᠪᠠᠶᠢᠭᠠᠯᠢᠯᠢᠬ ᠣᠷᠴᠢᠨ ᠢ ᠪᠦᠳᠦᠭᠡᠵᠦ ᠴᠢᠳᠠᠪᠠᠯ᠂ ᠠᠩᠭ᠍ᠯᠢ ᠬᠡᠯᠡᠨ ᠤ ᠤᠷᠤᠭᠤᠯᠤᠯᠲᠠ ᠬᠢᠬᠦ ᠳᠤ ᠨᠡᠩ ᠬᠢᠯᠪᠡᠷ ᠪᠠᠶᠢᠳᠠᠭ ᠶᠤᠮ᠃      3. ᠠᠩᠭ᠍ᠯᠢ ᠵᠢᠷᠤᠭᠲᠤ ᠳᠡᠪᠲᠡᠷ ᠢ ᠭᠦᠢᠴᠡᠳ ᠠᠰᠢᠭᠯᠠᠵᠤ᠂ ᠬᠡᠦᠬᠡᠳ ᠤᠨ ᠰᠤᠷᠤᠯᠴᠠᠬᠤ ᠤᠷᠮ᠎ᠠ ᠶᠢ ᠬᠥᠭᠵᠢᠭᠡᠨ᠎ᠡ᠃ ᠶᠠᠮᠠᠷᠪᠠ ᠰᠤᠷᠭᠠᠨ ᠬᠦᠮᠦᠵᠢᠯ ᠴᠤ ᠭᠡᠰᠡᠨ ᠬᠡᠦᠬᠡᠳ ᠤᠨ ᠤᠷᠮ᠎ᠠ ᠪᠠᠬ᠎ᠠ ᠶᠢ ᠬᠦᠭᠵᠢᠭᠡᠬᠦ ᠶᠢ ᠴᠢᠬᠤᠯᠠᠴᠢᠯᠠᠳᠠᠭ᠃ ᠵᠢᠷᠤᠭᠲᠤ ᠲᠡᠪᠲᠡᠷ ᠢ ᠰᠤᠩᠭᠤᠬᠤ ᠳᠤ ᠪᠠᠨ ᠬᠡᠦᠬᠡᠳ ᠤᠨ ᠨᠠᠰᠤᠨ ᠤ ᠤᠨᠴᠠᠯᠢᠭ ᠲᠤ ᠨᠢ ᠲᠤᠬᠢᠷᠠᠭᠤᠯᠤᠭᠰᠠᠨ ᠪᠠᠶᠢᠬᠤ ᠬᠡᠷᠡᠭᠲᠡᠢ᠃ ᠢᠡᠭᠬᠢᠪᠠᠯ ᠰᠠᠶ᠋ᠢ ᠭᠡᠤᠭᠡᠳ ᠤᠨ ᠲᠤᠷ᠎ᠠ ᠪᠠᠬ᠎ᠠ ᠳᠤ ᠲᠤᠬᠢᠷᠠᠨ᠎ᠠ᠃ 1 ᠨᠠᠰᠤ ᠬᠦᠷᠦᠭᠡᠳᠦᠢ ᠬᠡᠦᠬᠡᠳ ᠲᠤ ᠶᠡᠷᠦ ᠳᠤ ᠪᠠᠨ ᠬᠦᠮᠦᠨ ᠠᠮᠢᠲᠠᠨ ᠬᠡᠷᠡᠭ ᠪᠤᠳᠠᠰ ᠢ ᠲᠠᠨᠢᠭᠤᠯᠬᠤ ᠪᠠᠷ ᠵᠣᠷᠢᠯᠭ᠎ᠠ ᠪᠤᠯᠭᠠᠭᠰᠠᠨ ᠵᠢᠷᠤᠭᠲᠤ ᠲᠡᠪᠲᠡᠷ ᠦᠵᠡᠭᠦᠯᠬᠦ ᠪᠤᠶᠤ ᠤᠩᠰᠢᠨ ᠰᠤᠨᠤᠰᠬᠠᠵᠤ᠂ 1 ᠨᠠᠰᠤ ᠠᠴᠠ ᠰᠡᠭᠦᠯᠡᠷ ᠦᠭᠡ ᠦᠭᠦᠯᠡᠪᠦᠷᠢ ᠨᠢ ᠠᠭᠠᠵᠢᠮ ᠢᠶᠠᠷ ᠤᠷᠲᠤ ᠰᠢᠬ᠂ ᠦᠯᠢᠭᠡᠷ ᠤᠨ ᠳᠠᠰ ᠳᠠᠷᠠᠭ᠎ᠠ᠂ ᠶᠠᠪᠤᠴᠠ ᠲᠠᠢ ᠵᠢᠷᠤᠭᠲᠤ ᠲᠡᠪᠲᠡᠷ ᠢ ᠤᠩᠰᠢᠵᠤ ᠦᠭᠭᠦᠨ᠎ᠡ᠃ ᠬᠡᠦᠬᠡᠳ ᠤᠨ ᠨᠠᠰᠤ ᠨᠡᠮᠡᠭᠳᠡᠵᠦ ᠬᠡᠯᠡᠨ ᠤ ᠴᠢᠳᠠᠪᠤᠷᠢ ᠶᠢᠨ ᠬᠢᠨᠢ ᠳᠡᠭᠡᠭᠰᠢᠯᠡᠬᠦ ᠶᠢ ᠳᠠᠭᠠᠯᠳᠤᠨ ᠵᠢᠷᠤᠭᠲᠤ ᠳᠡᠪᠲᠡᠷ ᠢ ᠠᠰᠢᠭᠯᠠᠨ ᠢᠯᠡᠭᠦᠦ ᠶᠠᠷᠢᠭᠤᠯᠵᠤ ᠪᠣᠯᠪᠠᠰᠤᠷᠠᠭᠤᠯᠤᠨ ᠬᠡᠯᠡᠨ ᠤ ᠭᠠᠷᠭᠠᠯᠲᠠ ᠲᠠᠢ ᠪᠣᠯᠭᠠᠬᠤ ᠬᠡᠷᠡᠭᠲᠡᠢ᠃ ᠶᠡᠷᠦ ᠳᠤ ᠪᠠᠨ ᠳᠦᠭᠦᠮ ᠠᠰᠠᠭᠤᠯᠲᠠ ᠠᠰᠠᠭᠤᠬᠤ᠂ ᠬᠡᠦᠬᠡᠳ ᠲᠠᠢ ᠪᠠᠨ ᠴᠤᠭ ᠦᠯᠢᠭᠡᠷ ᠢ ᠵᠥᠴᠦᠭᠡᠯᠡᠨ ᠲᠣᠭᠯᠠᠬᠤ ᠵᠡᠷᠭᠡ ᠠᠷᠭ᠎ᠠ ᠶᠢ ᠬᠡᠷᠡᠭᠯᠡᠵᠦ ᠪᠤᠯᠤᠨ᠎ᠠ᠃      4. ᠠᠩᠭ᠍ᠯᠢ ᠬᠡᠯᠡᠨ ᠤ ᠭᠡᠷ ᠤᠨ ᠬᠦᠮᠦᠵᠢᠯ ᠳᠤ ᠭᠡᠷ ᠵᠠᠭᠤᠷ᠎ᠠ ᠪᠠᠨ ᠭᠡᠷ ᠤᠨ ᠠᠬᠠᠮᠠᠳ ᠦᠪᠡᠷ ᠢᠶᠠᠨ ᠠᠮᠢᠳᠤᠷᠠᠯ ᠳᠤᠮᠳᠠᠬᠢ ᠬᠦᠮᠦᠨ ᠠᠮᠢᠲᠠᠨ᠂ ᠬᠡᠷᠡᠭ ᠪᠣᠳᠠᠰ᠂ ᠤᠴᠢᠷ ᠶᠠᠪᠤᠳᠠᠯ ᠢ ᠠᠩᠭ᠍ᠯᠢ ᠪᠠᠷ ᠶᠠᠷᠢᠵᠤ᠂ ᠵᠢᠱᠢᠶ᠎ᠡ ᠲᠠᠭᠤᠷᠢᠶᠠᠯ ᠪᠤᠯᠬᠤ ᠬᠡᠷᠡᠭᠲᠡᠢ᠃ ᠶᠠᠷᠦ ᠨᠢ ᠬᠡᠦᠬᠡᠳ ᠵᠢᠷᠤᠭᠲᠤ ᠲᠡᠪᠲᠡᠷ᠂ ᠲᠠᠭᠤᠤ ᠰᠢᠯᠦᠭ᠂ ᠷᠠᠳᠢᠤ᠋ ᠲᠧᠯᠧᠠᠰ ᠵᠡᠷᠭᠡ ᠪᠠᠷ ᠳᠠᠮᠵᠢᠵᠤ ᠤᠯᠠᠨ ᠶᠠᠭᠤᠮ᠎ᠠ ᠳᠤ ᠲᠠᠨᠢᠯᠲᠠ ᠲᠠᠢ ᠪᠣᠯᠵᠤ ᠴᠢᠳᠠᠬᠤ ᠪᠤᠯᠪᠠᠴᠤ ᠪᠤᠳᠠᠳᠠᠢ ᠬᠡᠷᠡᠭ ᠪᠤᠳᠠᠰ ᠢᠶᠠᠷ ᠦᠯᠢᠭᠡᠷᠯᠡᠬᠦ ᠦᠭᠡᠢ ᠪᠣᠯ ᠠᠮᠠᠷᠬᠠᠨ ᠮᠠᠷᠲᠠᠴᠢᠬᠠᠳᠠᠭ ᠶᠤᠮ᠃ ᠡᠶᠢᠮᠤ ᠠᠴᠠ ᠠᠮᠤᠷ ᠮᠡᠨᠳᠦ ᠠᠰᠠᠭᠤᠬᠤ ᠳᠤ “Hello︕ ”᠂ “How are you︖ ”᠂ “Good morning︕ ” ᠭᠡᠵᠤ᠂ ᠨᠣᠬᠠᠢ ᠣᠯᠵᠤ ᠦᠵᠡᠬᠦ ᠳᠤ ᠨᠢ “Look︕ That’s a dog.” ᠠᠯᠮᠤᠷᠠᠳ ᠦᠭᠴᠦ ᠢᠳᠡᠭᠦᠯᠬᠦ ᠳᠤ ᠨᠢ “Eat an apple.”ᠭᠡᠬᠦ ᠮᠡᠲᠦ ᠪᠠᠷ ᠶᠠᠷᠢᠭᠠᠳ ᠪᠠᠶᠢᠪᠠᠯ ᠬᠡᠦᠬᠡᠳ ᠠᠶᠠᠨᠳᠠᠭᠠᠨ ᠬᠦᠮᠦᠨ ᠲᠠᠢ ᠮᠡᠨᠳᠦᠯᠡᠯᠴᠡᠬᠦ ᠳᠤ ᠪᠠᠨ “Hello︕ ”᠂ “How are you︖ ”᠂ “Good morning︕ ” ᠭᠡᠵᠤ᠂ ᠨᠤᠬᠠᠢ ᠣᠯᠵᠤ ᠦᠵᠡᠪᠡᠯ “dog” ᠭᠡᠵᠦ᠂ ᠠᠯᠮᠤᠷᠠᠳ ᠢᠳᠡᠨ᠎ᠡ ᠭᠡᠪᠡᠯ “apple” ᠭᠡᠵᠤ ᠬᠡᠯᠡᠵᠤ ᠴᠢᠳᠠᠬᠤ ᠪᠤᠯᠤᠨ᠎ᠠ᠃      5. ᠬᠡᠦᠬᠡᠳ ᠤᠨ ᠪᠤᠶᠢᠵᠢᠯᠲᠠ ᠶᠢ ᠳᠠᠭᠠᠯᠳᠤᠭᠤᠯᠤᠨ ᠠᠰᠢᠭᠯᠠᠬᠤ ᠮᠠᠲ᠋ᠧᠷᠢᠶᠠᠯ ᠳᠤ ᠪᠠᠨ ᠲᠤᠬᠢᠷᠠᠭᠤᠯᠤᠯᠲᠠ ᠬᠢᠬᠦ ᠬᠡᠷᠡᠭᠲᠡᠢ᠃ ᠬᠡᠦᠬᠡᠳ ᠤᠨ ᠦᠰᠦᠨ ᠪᠤᠶᠢᠵᠢᠬᠤ ᠶᠠᠪᠤᠴᠠ ᠳᠤ ᠬᠢ ᠡᠯ᠎ᠡ ᠱᠠᠲᠤᠨ ᠤ ᠬᠠᠷᠠᠭᠠᠨ ᠰᠡᠷᠡᠯ᠂ ᠰᠤᠨᠤᠷ ᠤᠨ ᠰᠡᠷᠡᠯ᠂ ᠲᠠᠨᠢᠨ ᠮᠡᠳᠡᠷᠡᠬᠦᠢ᠂ ᠬᠡᠯᠡᠨ ᠤ ᠴᠢᠳᠠᠪᠤᠷᠢ ᠪᠠ ᠡᠯ᠎ᠡ ᠲᠠᠯ᠎ᠠ ᠶᠢᠨ ᠮᠡᠳᠡᠷᠡᠮᠵᠢ ᠨᠢ ᠴᠥᠮ ᠠᠳᠠᠯᠢ ᠦᠭᠡᠢ ᠪᠠᠶᠢᠳᠠᠭ ᠶᠤᠮ᠃ ᠡᠶᠢᠮᠤ ᠠᠴᠠ ᠵᠠᠪᠠᠯ ᠦᠪᠡᠷ ᠤᠨ ᠬᠡᠦᠬᠡᠳ ᠤᠨ ᠢᠶᠠᠨ ᠪᠤᠶᠢᠵᠢᠯᠲᠠ ᠶᠢᠨ ᠱᠠᠲᠤᠨ ᠳᠤ ᠵᠤᠬᠢᠴᠠᠭᠰᠠᠨ᠂ ᠲᠤᠬᠠᠶᠢᠯᠠᠪᠡᠯ᠂ ᠬᠡᠦᠬᠡᠳ ᠤᠨ ᠤᠶᠢᠯᠠᠭᠠᠨ ᠲᠠᠨᠢᠵᠤ ᠴᠢᠳᠠᠬᠤ ᠬᠡᠪᠴᠢᠶᠡᠨ ᠳᠤ ᠮᠠᠲ᠋ᠧᠷᠢᠶᠠᠯ ᠤᠨ ᠵᠥᠪ ᠰᠣᠩᠭᠤᠯᠲᠠ ᠬᠢᠵᠤ᠂ ᠤᠩᠰᠢᠬᠤ ᠴᠠᠭ᠂ ᠳᠠᠭᠤᠤ ᠰᠣᠨᠤᠰᠬᠤ ᠬᠤᠭᠤᠴᠠᠭ᠎ᠠ ᠪᠠ ᠲᠧᠯᠧᠢᠰ ᠦᠵᠡᠬᠦ ᠬᠤᠭᠤᠴᠠᠭ᠎ᠠ ᠳᠤ ᠨᠢ ᠲᠣᠬᠢᠷᠠᠭᠤᠯᠤᠯᠲᠠ ᠬᠢᠬᠦ ᠬᠡᠷᠡᠭᠲᠡᠢ᠃      ᠲᠤᠰ ᠰᠤᠳᠤᠯᠭ᠎ᠠ ᠪᠤᠯ ᠵᠥᠪᠬᠡᠨ ᠬᠡᠦᠬᠡᠳ ᠲᠤ ᠠᠩᠭ᠍ᠯᠢ ᠬᠡᠯᠡᠨ ᠤ ᠭᠡᠷ ᠤᠨ ᠬᠦᠮᠦᠵᠢᠯ ᠢ ᠬᠢᠬᠦ ᠨᠥᠬᠦᠴᠡᠯ ᠢ ᠪᠦᠷᠢᠯᠳᠦᠭᠦᠯᠦᠭᠰᠡᠨ ᠭᠡᠷ ᠪᠦᠯᠢ ᠳᠤ ᠵᠣᠷᠢᠭᠤᠯᠤᠭᠰᠠᠨ ᠪᠠᠶᠢᠨ᠎ᠠ᠃ ᠭᠡᠪᠡᠴᠦ ᠠᠪᠦ ᠡᠵᠢ ᠨᠢ ᠬᠡᠨ ᠨᠢ ᠴᠤ ᠠᠩᠭ᠍ᠯᠢ ᠬᠡᠯᠡ ᠶᠢ ᠮᠠᠳᠡᠬᠦ ᠦᠭᠡᠢ ᠭᠡᠷ ᠪᠦᠯᠢ ᠳᠤ ᠲᠣᠬᠢᠷᠠᠬᠤ ᠦᠭᠡᠢ ᠭᠡᠵᠦ ᠬᠡᠯᠡᠵᠤ ᠪᠣᠯᠬᠤ ᠦᠭᠡᠢ᠃ ᠦᠨᠳᠦᠰᠦᠨ ᠣᠨᠤᠯ ᠢ ᠨᠢ ᠲᠠᠨᠢᠨ ᠮᠡᠳᠡᠭᠰᠡᠨ ᠤ ᠰᠠᠭᠤᠷᠢᠨ ᠳᠡᠭᠡᠷ᠎ᠡ ᠵᠡᠷᠢᠮ ᠠᠷᠭ᠎ᠠ ᠪᠠᠷᠢᠯ ᠢ ᠰᠤᠩᠭᠤᠨ ᠬᠡᠷᠡᠭᠯᠡᠵᠦ ᠲᠤᠷᠰᠢᠨ ᠦᠵᠡᠬᠦ ᠳᠤ ᠨᠢ ᠯᠠᠪᠲᠠᠢ ᠪᠠᠰᠠ ᠨᠡᠯᠢᠶᠡᠳ ᠯᠠᠪᠯᠠᠬᠤ ᠦᠷ᠎ᠡ ᠠᠰᠢᠬ ᠭᠠᠷᠴᠤ ᠪᠤᠯᠬᠤ ᠶᠤᠮ᠃      ᠵᠡᠭᠦᠯᠲᠡ     [1]Krashen· Stephen.The Hypothesis᠄ Issues and Implications [M]. London᠄ Longman᠂ 1985.     [2]Steven· Pimker᠂ Language Instinct᠂[M]. New York᠄ HarperCollins Publishers᠂ 1994.     [3]汪培,幼儿英语教学生活化的探究[C].盛德仁.英语教与学新模式.北京᠄ 外语教育与研究出版社,2002᠄ 12-14     [4] 李宇明,儿童语言的发展[M].武汉᠄ 华中师大出版社,1995.     [5]孙瑞玲,Elley Schottman.英美儿童英语游戏歌谣精选[M].北京:外语与教学研究出版社,2013.        ᠠᠵᠢᠯᠯᠠᠵᠤ ᠪᠠᠶᠢᠭ᠎ᠠ ᠪᠠᠶᠢᠭᠤᠯᠭ᠎ᠠ᠄ ᠭᠦᠭᠡᠬᠤᠳᠠ ᠦᠨᠳᠤᠰᠤᠳᠠᠨ ᠤ ᠲᠡᠭᠡᠳᠤ ᠰᠤᠷᠭᠠᠭᠤᠯᠢ ᠶᠢᠨ                                   ᠭᠠᠳᠠᠭᠠᠳᠤ ᠭᠡᠯᠡᠨ ᠤ ᠲᠠᠭᠡᠳᠤ ᠰᠤᠷᠭᠠᠭᠤᠯᠢ                                           ︵ᠠᠯᠳᠠᠨᠰᠦ᠋ᠭᠡ ᠨᠠᠶᠢᠷᠠᠭᠤᠯᠪᠠ︶                                            2021ᠣᠨ ᠤ 2 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map