ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 2021︽ᠬᠤᠤᠰ ᠥᠨᠳᠥᠷ︾ ᠤᠨ ᠪᠠᠶᠢᠭᠤᠯᠤᠯᠲᠠ ᠶᠢᠨ ᠰᠤᠷᠭᠠᠭᠤᠯᠢ ᠶᠢᠨ ᠶᠡᠷᠦᠩᠬᠡᠶᠢᠯᠡᠭᠰᠡᠨ ᠴᠢᠳᠠᠮᠵᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠩᠭᠢ ᠪᠡᠭᠡᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠳᠤ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2021/9/27
     ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠪᠠ ᠪᠥᠬᠦ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠥᠨᠳᠥᠷ ᠬᠢᠷᠢ ᠲᠦᠪᠰᠢᠨᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠣᠭᠴᠠᠯᠠᠨ᠂ ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠷᠠᠯᠲᠠ᠂ ᠡᠭᠦᠷᠭᠡ᠂ ᠬᠠᠷᠢᠭᠤᠴᠠᠯᠭ᠎ᠠ ᠬᠢᠭᠡᠳ ᠡᠭᠦᠷᠭᠡᠯᠡᠯ ᠢ ᠨᠠᠶᠢᠳᠠᠪᠤᠷᠢᠵᠢᠭᠤᠯᠵᠤ᠂ ᠪᠠᠭᠰᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ ᠪᠠᠭᠰᠢ ᠶᠢᠨ ᠮᠣᠷᠠᠯ ᠰᠤᠷᠲᠠᠯ ᠤᠨ ᠬᠥᠮᠦᠵᠢᠯ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠭᠰᠢ ᠶᠢᠨ ᠡᠩᠨᠡᠭᠡᠨ ᠤ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 2021 ᠣᠨ ᠤ 7 ᠰᠠᠷ᠎ᠠ ᠶᠢᠨ 12 ᠤᠨ ᠡᠳᠦᠷ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 2021 ︽ᠬᠤᠤᠰ ᠥᠨᠳᠥᠷ︾ ᠤᠨ ᠪᠠᠶᠢᠭᠤᠯᠤᠯᠲᠠ ᠶᠢᠨ ᠰᠤᠷᠭᠠᠭᠤᠯᠢ ᠶᠢᠨ ᠶᠡᠷᠦᠩᠬᠡᠶᠢᠯᠡᠭᠰᠡᠨ ᠴᠢᠳᠠᠮᠵᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠩᠭᠢ ᠪᠡᠭᠡᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠳᠤ ᠬᠢᠴᠢᠶᠡᠯ ᠡᠬᠢᠯᠡᠵᠦ᠂ 75 ᠭᠤᠣᠯᠯᠠᠭᠴᠢ ᠪᠠᠭᠰᠢ ᠪᠣᠯᠪᠠᠰᠤᠷᠠᠭᠤᠯᠤᠯ ᠳᠤ ᠣᠷᠣᠯᠴᠠᠪᠠ᠃

     ᠪᠡᠭᠡᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠦᠷᠭᠦᠯᠵᠢᠯᠡᠯ ᠰᠤᠷᠭᠠᠨ

ᠬᠥᠮᠥᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠯᠢ ᠵᠧᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠰᠠᠭᠤᠷᠢᠨ ᠭᠠᠵᠠᠷ ᠤᠨ ᠪᠠᠭᠰᠢ ᠵᠣᠣ ᠶᠠᠨ ᠨᠠᠨ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠬᠢᠷᠤᠯ ᠯᠢ ᠸᠧᠨ ᠺᠧ᠂ ᠪᠠᠭᠰᠢ ᠶᠢᠨ

ᠬᠥᠭᠵᠢᠭᠦᠯᠦᠯᠲᠡ ᠶᠢᠨ ᠲᠥᠪ ᠤᠨ ᠳᠡᠳ᠋ ᠡᠷᠬᠢᠯᠡᠭᠴᠢ ᠬᠤ᠋ ᠮᠧᠶ ᠰᠥᠸᠧ ᠲᠣᠰ ᠤᠳᠠᠭᠠᠨ ᠤ ᠪᠣᠯᠪᠠᠰᠤᠷᠠᠭᠤᠯᠤᠯ ᠤᠨ

ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠪᠠ᠃

     ᠯᠢ ᠵᠧᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠪᠡᠭᠡᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ

ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠮᠦᠵᠢᠭᠦᠯᠦᠨ ᠪᠣᠯᠪᠠᠰᠤᠷᠠᠭᠤᠯᠬᠤ ᠰᠠᠭᠤᠷᠢᠨ ᠳᠤ

ᠢᠷᠡᠵᠦ ᠰᠤᠷᠤᠯᠴᠠᠬᠤ ᠪᠠᠷ ᠪᠠᠶᠢᠭ᠎ᠠ ᠪᠥᠬᠦ ᠪᠠᠭᠰᠢ ᠶᠢ ᠬᠠᠯᠠᠭᠤᠨ ᠢᠶᠠᠷ ᠤᠭᠲᠤᠬᠤ ᠶᠢᠨ ᠬᠠᠮᠲᠤ ᠰᠢᠨ᠎ᠡ ᠴᠠᠭ

ᠦᠶ᠎ᠡ ᠳᠤ ᠪᠠᠭᠰᠢ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠴᠢᠬᠤᠯᠠ ᠴᠢᠨᠠᠷ ᠢ ᠲᠣᠳᠣᠷᠬᠠᠶᠢᠯᠠᠨ

ᠶᠠᠷᠢᠪᠠ᠃ ᠯᠢ ᠵᠧᠨ ᠠᠴᠠ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ ᠥᠪᠥᠷ ᠮᠣᠩᠭᠤᠯ ᠤᠨ ᠮᠠᠰᠢᠨ

ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠥᠨᠳᠥᠷ ᠬᠢᠷᠢ ᠲᠦᠪᠰᠢᠨ ᠪᠥᠬᠦᠶ ᠪᠠᠭᠰᠢ ᠶᠢᠨ

ᠡᠩᠨᠡᠭᠡᠨ ᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠦᠢᠯᠡᠰ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠬᠦᠰᠡᠵᠦ ᠪᠠᠶᠢᠨ᠎ᠠ ᠭᠡᠪᠡ᠃

     ᠬᠤ᠋ ᠮᠧᠶ ᠰᠥᠸᠧ ᠪᠡᠭᠡᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠠᠴᠠ

ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ

ᠪᠠᠶᠢᠬᠤ ᠪᠠᠨ ᠢᠯᠡᠳᠭᠡᠭᠰᠡᠨ ᠤ ᠬᠠᠮᠲᠤ ᠳᠡᠭᠡᠳᠦ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠠᠩᠭᠢ ᠶᠢᠨ

ᠰᠤᠷᠤᠭᠴᠢᠳ ᠲᠤ ᠭᠤᠷᠪᠠᠨ ᠰᠠᠨᠠᠭᠤᠯᠭ᠎ᠠ ᠳᠤᠷᠠᠳᠪᠠ᠄ ᠨᠢᠭᠡ ᠳᠤ᠂ ᠲᠠᠨᠢᠯᠲᠠ ᠪᠠᠨ ᠳᠡᠭᠡᠭᠰᠢᠯᠡᠭᠦᠯᠵᠦ᠂

ᠪᠣᠯᠪᠠᠰᠤᠷᠠᠭᠤᠯᠤᠯ ᠰᠤᠷᠤᠯᠴᠠᠯᠭ᠎ᠠ ᠶᠢᠨ ᠲᠤᠯᠭᠠᠮ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ

ᠴᠢᠩᠭᠠᠳᠬᠠᠵᠤ᠂ ᠨᠠᠷᠠᠲᠤ ᠰᠤᠷᠭᠠᠭᠤᠯᠢ ᠶᠢᠨ ︽ᠡᠭᠦᠯᠡᠨᠴᠢᠷ ᠱᠠᠲᠤ︾ ᠶᠢ ᠠᠰᠢᠭᠯᠠᠨ ᠥᠪᠡᠷ ᠢ ᠪᠠᠨ ᠳᠡᠭᠡᠭᠰᠢᠯᠡᠭᠦᠯᠵᠦ᠂

ᠰᠤᠷᠤᠯᠴᠠᠭᠠᠳ ᠣᠯᠤᠯᠲᠠ ᠲᠠᠢ᠂ ᠰᠤᠷᠤᠯᠴᠠᠪᠠᠯ ᠰᠡᠳᠬᠢᠵᠦ᠂ ᠰᠣᠷᠣᠭᠰᠠᠨ ᠢᠶᠠᠨ ᠬᠡᠷᠡᠭᠯᠡᠵᠦ᠂ ᠳᠡᠭᠡᠳᠦ

ᠰᠤᠷᠭᠠᠭᠤᠯᠢ ᠶᠢᠨ ︽ᠬᠤᠤᠰ ᠥᠨᠳᠥᠷ︾ ᠤᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ

ᠬᠥᠲᠥᠯᠦᠨ ᠳᠠᠭᠠᠭᠤᠯᠵᠤ ᠠᠬᠢᠭᠤᠯᠬᠤ ᠬᠡᠷᠡᠭᠲᠡᠢ︔ ᠬᠤᠶᠠᠷ ᠲᠤ᠂ ᠰᠡᠳᠬᠢᠨ ᠪᠣᠳᠣᠯᠬᠢᠯᠠᠬᠤ ᠪᠠᠨ ᠴᠢᠩᠭᠠᠳᠬᠠᠵᠤ᠂

ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠤᠨ᠂ ᠰᠤᠷᠤᠯᠴᠠᠬᠤ ᠪᠠᠷ ᠥᠭᠡᠷᠡᠴᠢᠯᠡᠯᠲᠡ ᠶᠢ ᠠᠬᠢᠭᠤᠯᠵᠤ᠂

ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠪᠠᠷ ᠰᠤᠷᠤᠯᠴᠠᠯᠭ᠎ᠠ ᠶᠢᠨ ᠰᠢᠨ᠎ᠡ ᠣᠯᠤᠯᠲᠠ ᠶᠢ ᠬᠠᠷᠠᠭᠤᠯᠬᠤ ᠬᠡᠷᠡᠭᠲᠡᠶ︔

ᠭᠤᠷᠪᠠ ᠳᠤ᠂ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠤᠯᠴᠠᠯᠭ᠎ᠠ ᠪᠣᠯᠪᠠᠰᠤᠷᠠᠭᠤᠯᠤᠯ ᠤᠨ ᠪᠣᠳᠠᠲᠤ ᠦᠷ᠎ᠡ

ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃

     ᠲᠣᠰ ᠤᠳᠠᠭᠠᠨ ᠤ ᠪᠣᠯᠪᠠᠰᠤᠷᠠᠭᠤᠯᠤᠯ ᠢ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠶᠢᠨ ᠪᠠᠭᠰᠢ ᠶᠢᠨ ᠬᠥᠭᠵᠢᠭᠦᠯᠦᠯᠲᠡ ᠶᠢᠨ ᠲᠥᠪ ᠠᠴᠠ ᠵᠣᠬᠢᠶᠠᠨ ᠪᠠᠶᠢᠭᠤᠯᠵᠤ᠂ ︽ᠨᠠᠮ ᠤᠨ

ᠲᠡᠦᠬᠡ ᠶᠢᠨ ᠰᠤᠷᠤᠯᠴᠠᠯᠭ᠎ᠠ ᠬᠥᠮᠦᠵᠢᠯ — ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ〈ᠪᠣᠯᠬᠤ〉᠂

︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠣᠳᠠᠲᠤ ᠬᠥᠭᠵᠢᠯᠲᠡ ᠬᠢᠭᠡᠳ ᠪᠠᠲᠤ

ᠪᠠᠬᠢ ᠵᠠᠮ ᠮᠥᠷ ᠢ ᠴᠣᠭᠴᠠᠯᠠᠬᠤ︾᠂ ︽ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠰᠢᠨ᠎ᠡ ᠬᠠᠨᠳᠤᠰᠢ ᠬᠢᠭᠡᠳ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭᠵᠢᠭᠦᠯᠬᠦ︾᠂ ︽ᠰᠤᠷᠭᠠᠭᠤᠯᠢ ᠶᠢᠨ ᠳᠤᠮᠳᠠ

ᠳᠠᠪᠬᠤᠷᠭ᠎ᠠ ᠶᠢᠨ ᠺᠠᠳ᠋ᠷ ᠤᠨ ᠭᠤᠷᠪᠠᠨ ᠬᠡᠮᠵᠢᠯᠳᠦ ᠤᠳᠤᠷᠢᠳᠬᠤ ᠬᠦᠴᠦᠨ︾ ᠵᠡᠷᠭᠡ ᠠᠯᠢ ᠣᠯᠠᠨ ᠲᠤᠰᠬᠠᠶ

ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠲᠣᠭᠲᠠᠭᠠᠯᠲᠤ

ᠪᠣᠯᠪᠠᠰᠤᠷᠠᠭᠤᠯᠤᠯ ᠳᠤ ᠬᠠᠷᠢᠶᠠᠯᠠᠭᠳᠠᠵᠤ᠂ ︽ᠶᠠᠭᠤ ᠳᠤᠲᠠᠪᠠᠯ᠂ ᠶᠠᠭᠤ ᠶᠢ ᠨᠥᠬᠦᠪᠥᠷᠢᠯᠡᠬᠦ︾ ᠪᠠ ︽ᠰᠣᠷᠣᠭᠰᠠᠨ ᠢᠶᠠᠨ

ᠬᠡᠷᠡᠭᠯᠡᠬᠦ︾ ᠵᠠᠷᠴᠢᠮ ᠢᠶᠠᠷ ᠪᠣᠯᠪᠠᠰᠤᠷᠠᠭᠤᠯᠤᠯ ᠤᠨ ᠠᠭᠤᠯᠭ᠎ᠠ ᠶᠢ ᠳᠣᠭᠢᠷᠠᠭᠤᠯᠵᠤ᠂ ᠣᠯᠠᠨ ᠠᠷᠭ᠎ᠠ ᠵᠠᠮ ᠢᠶᠠᠷ

ᠪᠠᠭᠰᠢ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ‍ ᠨᠢᠭᠡ ᠵᠦᠢᠯ ᠤᠨ ᠰᠢᠨ᠎ᠡ ᠬᠡᠯᠪᠡᠷᠢ ᠪᠠᠶᠢᠵᠤ᠂ ᠨᠠᠩ

ᠬᠠᠨᠳᠤᠯᠭᠠᠲᠤ ᠴᠢᠨᠠᠷ ᠲᠠᠢ ᠪᠥᠭᠡᠳ ᠪᠣᠳᠠᠲᠤ ᠦᠷ᠎ᠡ ᠪᠦᠲᠦᠮᠵᠢᠲᠦ ᠴᠢᠨᠠᠷ ᠲᠠᠢ ᠶᠤᠮ᠃

       ︵ᠨᠠᠶᠢᠷᠠᠭᠤᠯᠤᠭᠴᠢ᠄ ᠢᠦᠢ ᠾᠥᠩ ᡁᠢ / ᠬᠢᠨᠠᠭᠴᠢ᠄ ᠯᠢ ᠮᠢᠨ ᠾᠦᠢ︶᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map