ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠳᠤ ᠶᠠᠮᠠᠷ ᠭᠤᠤᠯ ᠬᠤᠪᠢᠷᠠᠯᠲᠠ‌‍ᠲ᠋ᠠᠢ ᠪᠣᠶ︖ ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠨᠠᠷᠢᠯᠢᠭ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/4/28
      4 ᠰᠠᠷ᠎ᠠ ᠶᠢᠨ 21 ᠤ ᠡᠳᠦᠷ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠬᠠᠮᠲᠤ ᠳᠤ ᠪᠠᠨ ᠦᠵᠡᠵᠡᠭᠡᠶ᠎ᠡ︕

     ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠳᠤ ᠵᠠᠰᠠᠪᠤᠷᠢ ᠣᠷᠣᠭᠤᠯᠤᠭᠰᠠᠨ

     ᠶᠡᠷᠦᠩᠬᠡᠶ ᠪᠠᠢᠳᠠᠯ ᠨᠢ ᠶᠠᠮᠠᠷ ᠵᠡᠷᠭᠡ ᠪᠤᠢ︖

           — ᠲᠣᠪᠴᠢᠶᠠᠨ ᠳᠠᠷᠤᠭ᠎ᠠ ᠲᠢᠶᠠᠨ ᠾᠦᠢ ᠱᠧᠩ ᠠᠴᠠ ᠲᠠᠨᠢᠯᠴᠠᠭᠤᠯᠪᠠ

     ᠨᠢᠭᠡ᠂ ᠵᠠᠰᠠᠪᠤᠷᠢ ᠣᠷᠣᠭᠤᠯᠤᠭᠰᠠᠨ ᠭᠤᠣᠯ ᠠᠬᠤᠢ ᠪᠠᠶᠢᠳᠠᠯ

     1 . ᠲᠥᠪ ᠬᠤᠷᠢᠶᠠᠨ ᠠᠴᠠ ᠰᠢᠨ᠎ᠡ ᠪᠠᠷ ᠪᠠᠶᠢᠷᠢᠯᠠᠭᠤᠯᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ

ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠠᠴᠠ ᠨᠠᠮ ᠤᠨ ᠰᠤᠷᠭᠠᠨ ᠬᠥᠮᠦᠵᠢᠯ ᠤᠨ

ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ

ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ

ᠬᠥᠭᠵᠢᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠵᠤ᠂ ᠶᠣᠰᠣ ᠰᠤᠷᠲᠠᠬᠤᠨ᠂ ᠤᠶᠤᠨ ᠤᠬᠠᠭᠠᠨ᠂

ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ

ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠶᠡᠷᠦᠩᠬᠡᠶ ᠱᠦᠵᠢ

ᠰᠢ ᠶᠢᠨ ᠫᠢᠩ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠳᠤ ︽ᠶᠢᠰᠦ ᠶᠢ ᠪᠠᠷᠢᠮᠲᠠᠯᠠᠬᠤ︾᠂

︽ᠵᠢᠷᠭᠤᠭ᠎ᠠ ᠳᠤ ᠬᠦᠴᠦ ᠣᠷᠣᠭᠤᠯᠬᠤ︾ ᠶᠢ ᠪᠡᠶᠡᠯᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ

ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃

ᠲᠥᠪ ᠬᠤᠷᠢᠶᠠᠨ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ︽ᠬᠤᠶᠠᠷ ᠢ ᠬᠥᠩᠭᠡᠷᠡᠭᠦᠯᠬᠦ︾ ᠠᠵᠢᠯ ᠤᠨ ᠲᠤᠬᠠᠶ ᠰᠢᠢᠳᠪᠦᠷᠢᠲᠦ

ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠬᠢᠴᠢᠶᠡᠯ ᠤᠨ ᠲᠠᠩᠬᠢᠮ ᠵᠢᠴᠢ ᠰᠤᠷᠭᠠᠭᠤᠯᠢ ᠶᠢᠨ ᠰᠤᠷᠭᠠᠨ ᠬᠥᠮᠦᠵᠢᠯ

 ᠤᠨ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢ ᠴᠢᠩᠭᠠᠳᠬᠠᠵᠤ᠂ ᠵᠢᠭᠠᠬᠤ ᠪᠠ ᠰᠤᠷᠬᠤ ᠠᠭᠤᠯᠭ᠎ᠠ᠂ ᠠᠷᠭ᠎ᠠ

ᠮᠠᠶ᠋ᠢᠭ ᠢ ᠡᠷᠬᠡᠪᠰᠢ ᠥᠭᠡᠷᠡᠴᠢᠯᠡᠬᠦ ᠬᠡᠷᠡᠭᠲᠡᠶ ᠭᠡᠵᠦ ᠱᠠᠭᠠᠷᠳᠠᠪᠠ᠃

     2 . ᠰᠤᠷᠭᠠᠨ ᠬᠥᠮᠦᠵᠢᠯ ᠢ ᠬᠥᠭᠵᠢᠭᠦᠯᠬᠦ ᠰᠢᠨ᠎ᠡ ᠱᠠᠭᠠᠷᠳᠠᠯᠭ᠎ᠠ ᠶᠢ ᠳᠤᠷᠠᠳᠪᠠ᠃ ᠣᠳᠣᠬᠠᠨ ᠤ ᠳᠡᠯᠡᠬᠡᠶ

ᠶᠢᠷᠲᠢᠨᠴᠦ ᠶᠠᠭ ᠰᠠᠶᠢᠬᠠᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠳᠤ ᠣᠷᠣᠰᠢᠵᠤ᠂

ᠰᠦᠯᠵᠢᠶᠡᠨ ᠤ ᠰᠢᠨ᠎ᠡ ᠵᠠᠭᠤᠴᠢᠯᠠᠭᠤᠷ ᠦᠳᠲᠡᠷ ᠲᠦᠷᠭᠡᠨ ᠲᠦᠭᠡᠮᠡᠯᠵᠢᠵᠦ᠂ ᠬᠢᠮᠡᠯ ᠣᠶᠤᠨ ᠥᠷᠨᠢᠨ ᠬᠥᠭᠵᠢᠵᠦ᠂

ᠬᠥᠮᠦᠰ ᠤᠨ ᠠᠮᠢᠳᠤᠷᠠᠯ᠂ ᠰᠤᠷᠤᠯᠴᠠᠯᠭ᠎ᠠ᠂ ᠠᠵᠢᠯ ᠤᠨ ᠠᠷᠭ᠎ᠠ ᠬᠡᠯᠪᠡᠷᠢ ᠲᠠᠰᠤᠷᠠᠯᠲᠠ ᠥᠬᠡᠶ ᠬᠤᠪᠢᠷᠠᠵᠤ᠂ ᠠᠳᠠᠯᠢ

ᠪᠤᠰᠤ ᠥᠷᠲᠡᠭ ᠤᠨ ᠦᠵᠡᠯᠲᠡ ᠬᠠᠷᠢᠯᠴᠠᠨ ᠮᠥᠷᠭᠦᠯᠳᠦᠵᠦ᠂ ᠬᠡᠦᠬᠡᠳ ᠵᠠᠯᠠᠭᠤᠴᠤᠳ ᠪᠠᠭᠠᠴᠤᠳ ᠤᠨ ᠦᠰᠦᠨ

ᠪᠤᠶᠢᠵᠢᠬᠤ ᠣᠷᠴᠢᠨ ᠲᠣᠭᠤᠷᠢᠨ ᠳᠤ ᠭᠦᠨᠵᠡᠭᠡᠶ ᠬᠤᠪᠢᠷᠠᠯᠲᠠ ᠭᠠᠷᠴᠤ᠂ ᠴᠢᠳᠠᠪᠤᠷᠢᠲᠠᠨ ᠢ ᠬᠥᠮᠦᠵᠢᠭᠦᠯᠬᠦ ᠳᠤ ᠰᠢᠨ᠎ᠡ

ᠥᠷᠢᠰᠥᠯᠳᠦᠭᠡᠨ ᠲᠠᠯᠪᠢᠭᠳᠠᠵᠤ ᠪᠠᠶᠢᠨ᠎ᠠ᠃ 2011 ᠣᠨ ᠳᠤ ᠮᠠᠨ ᠤ ᠤᠯᠤᠰ ᠠᠯᠪᠠᠨ ᠵᠢᠷᠤᠮ ᠤᠨ ᠰᠤᠷᠭᠠᠨ

ᠬᠥᠮᠦᠵᠢᠯ ᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠰᠤᠷᠭᠠᠨ ᠬᠥᠮᠦᠵᠢᠯ ᠤᠨ ᠬᠡᠷᠡᠭᠴᠡᠭᠡ ᠶᠢ ︽ᠰᠤᠷᠤᠯᠴᠠᠬᠤ

ᠰᠤᠷᠭᠠᠭᠤᠯᠢ ᠲᠠᠢ︾ ᠪᠠᠶᠢᠭᠰᠠᠨ ᠠᠴᠠ ︽ᠰᠠᠶᠢᠨ ᠰᠤᠷᠭᠠᠭᠤᠯᠢ ᠳᠤ ᠰᠤᠷᠤᠯᠴᠠᠬᠤ︾ ᠪᠣᠯᠭᠠᠨ ᠬᠤᠪᠢᠷᠠᠭᠤᠯᠵᠤ᠂

︽ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ ᠶᠠᠭᠠᠬᠢᠵᠤ ᠬᠥᠮᠦᠵᠢᠭᠦᠯᠬᠦ᠂ ᠬᠡᠨ ᠤ ᠲᠥᠯᠥᠭᠡ ᠬᠥᠮᠦᠨ ᠢ

ᠬᠥᠮᠦᠵᠢᠭᠦᠯᠬᠦ︾ ᠶᠢ ᠤᠯᠠᠮ ᠨᠢᠭᠡ ᠠᠯᠬᠤᠮ ᠲᠣᠳᠤᠷᠠᠭᠤᠯᠵᠤ᠂ ᠰᠤᠷᠭᠠᠭᠤᠯᠢ ᠶᠢᠨ ᠬᠥᠮᠦᠨ ᠢ ᠬᠥᠮᠦᠵᠢᠭᠦᠯᠬᠦ

ᠲᠥᠯᠦᠪᠵᠢᠭᠦᠯᠭᠡ ᠶᠢ ᠰᠢᠯᠢᠳᠡᠭᠵᠢᠭᠦᠯᠬᠦ ᠴᠢᠬᠤᠯᠠᠲᠠᠶ᠃ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ

ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠬᠤ ᠳᠤ ᠰᠦᠯᠵᠢᠶᠡᠨ ᠳᠠᠬᠢ ᠰᠤᠷᠤᠯᠴᠠᠯᠭ᠎ᠠ ᠵᠡᠷᠭᠡ ᠲᠠᠯ᠎ᠠ ᠪᠠᠷ ᠬᠢ

ᠬᠢᠴᠢᠶᠡᠯ ᠤᠨ ᠳᠡᠮᠵᠢᠯᠭᠡ ᠪᠠ ᠵᠢᠯᠣᠭᠤᠳᠣᠯᠭ᠎ᠠ ᠶᠢ ᠴᠢᠩᠭᠠᠳᠬᠠᠬᠤ ᠴᠢᠬᠤᠯᠠᠲᠠᠶ᠃ ᠡᠳᠡᠭᠡᠷ ᠨᠢ ᠬᠢᠴᠢᠶᠡᠯ ᠤᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ

ᠪᠠᠶᠢᠭᠤᠯᠤᠯᠲᠠ ᠶᠢ ᠴᠢᠩᠭᠠᠳᠬᠠᠬᠤ ᠶᠢ ᠱᠠᠭᠠᠷᠳᠠᠵᠤ ᠪᠠᠶᠢᠨ᠎ᠠ᠃

     3 . ᠬᠢᠴᠢᠶᠡᠯ ᠢ ᠬᠡᠷᠡᠭᠵᠢᠭᠦᠯᠬᠦ ᠶᠠᠪᠤᠴᠠ ᠳᠤ ᠰᠢᠨ᠎ᠡ ᠠᠰᠠᠭᠤᠳᠠᠯ ᠢ ᠢᠯᠡᠷᠡᠭᠦᠯᠪᠡ᠃ ᠣᠳᠣ ᠶᠢᠨ

ᠬᠡᠷᠡᠭᠵᠢᠭᠦᠯᠵᠦ ᠪᠠᠶᠢᠭ᠎ᠠ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠢ ᠲᠣᠬᠢᠷᠠᠭᠤᠯᠬᠤ

ᠲᠤᠷᠰᠢᠯᠲᠠ ᠶᠢᠨ ᠲᠥᠰᠦᠯ︾ ᠪᠣᠯᠤᠨ ᠡᠯ᠎ᠡ ᠬᠢᠴᠢᠶᠡᠯ ᠤᠨ ᠪᠠᠷᠢᠮᠵᠢᠶ᠎ᠠ ᠨᠢ ᠰᠤᠷᠭᠠᠨ ᠬᠥᠮᠦᠵᠢᠯ ᠵᠢᠭᠠᠨ

ᠰᠤᠷᠭᠠᠯᠲᠠ ᠶᠢᠨ ᠥᠭᠡᠷᠡᠴᠢᠯᠡᠯᠲᠡ ᠶᠢ ᠬᠥᠲᠥᠯᠥᠨ ᠵᠢᠯᠣᠭᠤᠳᠬᠤ ᠪᠠ ᠲᠦᠯᠬᠢᠨ ᠠᠬᠢᠭᠤᠯᠬᠤ ᠲᠠᠯ᠎ᠠ ᠪᠠᠷ ᠴᠢᠬᠤᠯᠠ

ᠦᠢᠯᠡᠳᠦᠯ ᠦᠵᠡᠭᠦᠯᠦᠭᠰᠡᠨ ᠪᠣᠯᠪᠠᠴᠤ ᠪᠠᠰᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠲᠠᠢ ᠲᠣᠬᠢᠷᠠᠯᠴᠠᠬᠤ ᠦᠭᠡᠶ

ᠵᠠᠷᠢᠮ ᠵᠦᠢᠯ ᠣᠷᠣᠰᠢᠵᠤ ᠪᠠᠶᠢᠨ᠎ᠠ᠃ ᠵᠢᠱᠢᠶᠡᠯᠡᠪᠡᠯ᠂ ᠰᠤᠷᠤᠯᠭ᠎ᠠ ᠶᠢᠨ ᠱᠠᠲᠤ ᠶᠢ ᠭᠤᠯᠳᠤ ᠪᠠᠷ ᠣᠷᠭᠠᠨᠢᠭ ᠢᠶᠠᠷ

ᠵᠣᠯᠭᠠᠭᠤᠯᠬᠤ ᠲᠠᠯ᠎ᠠ ᠪᠠᠷ ᠬᠦᠷᠦᠯᠴᠡᠬᠦ ᠥᠬᠡᠶ᠂ ᠬᠢᠴᠢᠶᠡᠯ ᠤᠨ ᠪᠠᠷᠢᠮᠵᠢᠶ᠎ᠠ ᠳᠤ ︽ᠶᠠᠮᠠᠷ ᠬᠢᠷᠢ ᠬᠡᠮᠵᠢᠶᠡᠨ ᠳᠤ

ᠬᠦᠷᠲᠡᠯ᠎ᠡ ᠰᠤᠷᠭᠠᠬᠤ︾ ᠲᠤᠬᠠᠶ ᠪᠣᠳᠠᠲᠠᠶ ᠲᠣᠭᠲᠠᠭᠠᠯ ᠳᠤᠲᠠᠭᠳᠠᠵᠤ᠂ ᠪᠠᠭᠰᠢ ᠵᠢᠭᠠᠨ ᠰᠤᠷᠭᠠᠯᠲᠠ ᠶᠢᠨ ᠭᠦᠨᠴᠡ

ᠪᠠ ᠥᠷᠭᠡᠴᠡ ᠶᠢ ᠡᠵᠡᠮᠰᠢᠬᠦ ᠲᠠᠯ᠎ᠠ ᠪᠠᠷ ᠰᠢᠨᠵᠢᠯᠡᠬᠦ ᠤᠬᠠᠭᠠᠨ ᠤ ᠦᠨᠳᠦᠰᠦᠯᠡᠯ ᠳᠤᠲᠠᠭᠳᠠᠵᠤ᠂ ᠬᠢᠴᠢᠶᠡᠯ ᠢ

ᠬᠡᠷᠡᠭᠵᠢᠭᠦᠯᠬᠦ ᠱᠠᠭᠠᠷᠳᠠᠯᠭ᠎ᠠ ᠲᠣᠳᠣᠷᠬᠠᠶ ᠥᠬᠡᠶ ᠪᠠᠶᠢᠬᠤ ᠵᠡᠷᠭᠡ ᠠᠰᠠᠭᠤᠳᠠᠯ ᠢ ᠡᠷᠬᠡᠪᠰᠢ ᠬᠠᠨᠳᠤᠯᠭᠠᠲᠠᠢ

ᠰᠢᠢᠳᠪᠦᠷᠢᠯᠡᠬᠦ ᠬᠡᠷᠡᠭᠲᠡᠶ᠃ ᠡᠭᠦᠨ ᠤ ᠬᠠᠮᠲᠤ ᠣᠲᠣ ᠶᠢᠨ ᠬᠡᠷᠡᠭᠵᠢᠭᠦᠯᠵᠦ ᠪᠠᠶᠢᠭ᠎ᠠ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠶᠢ ᠲᠣᠰ ᠲᠣᠰ 20 ᠵᠢᠯ ᠪᠠ 10 ᠵᠢᠯ ᠠᠴᠠ

ᠳᠡᠭᠡᠭᠰᠢ ᠬᠡᠷᠡᠭᠵᠢᠭᠦᠯᠵᠦ᠂ ᠬᠢᠴᠢᠶᠡᠯ ᠤᠨ ᠥᠭᠡᠷᠡᠴᠢᠯᠡᠯᠲᠡ ᠶᠢᠨ ᠲᠣᠰ ᠪᠡᠶ᠎ᠡ ᠶᠢᠨ ᠵᠢᠮ᠎ᠡ ᠶᠣᠰᠣᠴᠢ ᠴᠢᠨᠠᠷ ᠤᠨ

ᠱᠠᠭᠠᠷᠳᠠᠯᠭ᠎ᠠ ᠶᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃

     ᠬᠤᠶᠠᠷ᠂ ᠵᠠᠰᠠᠪᠤᠷᠢ ᠣᠷᠣᠭᠤᠯᠤᠭᠰᠠᠨ ᠭᠤᠣᠯ ᠰᠡᠳᠬᠢᠮᠵᠢ

     1 . ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠶᠡᠷᠦᠩᠬᠡᠶ ᠱᠦᠵᠢ ᠰᠢ ᠶᠢᠨ ᠫᠢᠩ ᠤᠨ

ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠰᠤᠷᠭᠠᠨ

ᠬᠥᠮᠦᠵᠢᠯ ᠤᠨ ᠥᠭᠡᠷᠡᠴᠢᠯᠡᠯᠲᠡ ᠶᠢᠨ ᠲᠤᠬᠠᠶ ᠲᠥᠪ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠯᠢᠭ ᠣᠨᠣᠴᠠᠲᠠᠢ

ᠤᠶᠢᠯᠠᠭᠠᠨ ᠡᠵᠡᠮᠰᠢᠵᠦ᠂ ᠬᠢᠴᠢᠶᠡᠯ ᠳᠤ ᠵᠠᠰᠠᠪᠤᠷᠢ ᠣᠷᠣᠭᠤᠯᠬᠤ ᠦᠨᠳᠦᠰᠦᠨ ᠵᠢᠷᠤᠮᠯᠠᠯ ᠢ ᠳᠣᠭᠲᠠᠭᠠᠪᠠ᠃ ᠴᠢᠬᠤᠯᠠ

ᠶᠡᠭᠡ ᠭᠤᠣᠯ ᠰᠡᠳᠦᠪᠲᠦ ᠬᠥᠮᠦᠵᠢᠯ ᠢ ᠪᠦᠬᠦᠯᠢ ᠴᠣᠭᠴᠠ ᠪᠠᠷ ᠲᠥᠯᠦᠪᠵᠢᠭᠦᠯᠵᠦ᠂ ᠰᠢᠰᠲ᠋ᠧᠮᠲᠡᠢ ᠲᠣᠬᠢᠷᠠᠭᠤᠯᠵᠤ᠂

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ

ᠦᠵᠡᠯ ᠰᠠᠨᠠᠭ᠎ᠠ ᠶᠢ ᠭᠦᠢᠴᠡᠳ ᠲᠤᠰᠬᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ᠂ ᠬᠤᠪᠢᠰᠬᠠᠯᠲᠤ ᠰᠣᠶᠣᠯ

ᠪᠣᠯᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠣᠷᠭᠠᠨᠢᠭ ᠢᠶᠠᠷ ᠠᠭᠤᠰᠠᠬᠠᠵᠤ᠂ ᠬᠦᠰᠡᠯᠡᠩ ᠲᠠᠢ᠂

ᠴᠢᠳᠠᠪᠤᠷᠢ ᠲᠠᠢ᠂ ᠡᠭᠦᠷᠭᠡᠯᠡᠯ ᠲᠠᠢ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠱᠠᠭᠠᠷᠳᠠᠯᠭ᠎ᠠ ᠶᠢ ᠪᠦᠬᠦ

ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠴᠢᠶᠡᠯ ᠤᠨ ᠦᠵᠡᠯ ᠰᠠᠨᠠᠭᠠᠴᠢ ᠴᠢᠨᠠᠷ ᠢ ᠴᠢᠩᠭᠠᠳᠬᠠᠪᠠ᠃

     2 . ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠬᠢᠴᠢᠶᠡᠯ ᠤᠨ ᠥᠭᠡᠷᠡᠴᠢᠯᠡᠯᠲᠡ ᠶᠢᠨ

ᠬᠦᠴᠢᠷᠳᠡᠯ ᠪᠠ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠵᠠᠳᠠᠯᠵᠤ᠂ ᠵᠠᠰᠠᠪᠤᠷᠢ ᠣᠷᠣᠭᠤᠯᠬᠤ ᠭᠤᠤᠯᠳᠠᠯᠭ᠎ᠠ ᠪᠠ

ᠡᠭᠦᠷᠭᠡ ᠶᠢ ᠲᠣᠳᠤᠷᠠᠭᠤᠯᠵᠤ᠂ ᠪᠣᠳᠠᠲᠠᠶ ᠠᠰᠠᠭᠤᠳᠠᠯ ᠳᠤ ᠪᠦᠲᠦᠮᠵᠢᠲᠡᠶ ᠬᠠᠷᠢᠭᠤ ᠥᠭᠬᠦ ᠶᠢ  ᠴᠢᠬᠤᠯᠠᠴᠢᠯᠠᠪᠠ᠃

ᠰᠤᠷᠤᠭᠴᠢᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠨᠢᠭᠡ ᠴᠣᠭᠴᠠᠵᠢᠭᠤᠯᠤᠨ

ᠪᠠᠶᠢᠷᠢᠯᠠᠭᠤᠯᠬᠤ ᠶᠢ ᠴᠢᠩᠭᠠᠷᠠᠭᠤᠯᠵᠤ᠂ ᠰᠤᠷᠤᠯᠭ᠎ᠠ ᠶᠢᠨ ᠱᠠᠲᠤ ᠶᠢ ᠵᠣᠯᠭᠠᠭᠤᠯᠬᠤ ᠶᠢ ᠠᠬᠢᠭᠤᠯᠵᠤ᠂ ᠬᠢᠴᠢᠶᠡᠯ ᠤᠨ

ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠴᠢ ᠴᠢᠨᠠᠷ ᠢ ᠳᠡᠭᠡᠭᠰᠢᠯᠡᠭᠦᠯᠪᠡ︔ ᠬᠢᠴᠢᠶᠡᠯ ᠤᠨ ᠪᠠᠶᠢᠷᠢᠯᠠᠭᠤᠯᠤᠯᠲᠠ ᠶᠢ

ᠰᠢᠯᠢᠳᠡᠭᠵᠢᠭᠦᠯᠵᠦ᠂ ᠬᠥᠮᠦᠨ ᠢ ᠬᠥᠮᠦᠵᠢᠭᠦᠯᠬᠦ ᠬᠢᠴᠢᠶᠡᠯ ᠲᠥᠷᠥᠯ ᠤᠨ ᠬᠠᠷᠠᠯᠲᠠ ᠶᠢ ᠨᠠᠷᠢᠯᠢᠭᠵᠢᠭᠤᠯᠵᠤ᠂

ᠬᠡᠷᠡᠭᠵᠢᠭᠦᠯᠬᠦ ᠱᠠᠭᠠᠷᠳᠠᠯᠭ᠎ᠠ ᠶᠢ ᠲᠣᠳᠤᠷᠠᠭᠤᠯᠵᠤ᠂ ᠬᠢᠴᠢᠶᠡᠯ ᠤᠨ ᠵᠢᠯᠣᠭᠤᠳᠬᠤ ᠴᠢᠨᠠᠷ᠂ ᠬᠡᠷᠡᠭᠵᠢᠭᠦᠯᠵᠦ

ᠪᠣᠯᠬᠤᠶᠢᠴᠠ ᠴᠢᠨᠠᠷ ᠢ ᠴᠢᠩᠭᠠᠷᠠᠭᠤᠯᠪᠠ᠃

     3 . ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠥᠭᠡᠷᠡᠴᠢᠯᠡᠯᠲᠡ ᠶᠢ ᠤᠯᠠᠮ

ᠨᠢᠭᠡ ᠠᠯᠬᠤᠮ ᠭᠦᠨᠵᠡᠭᠡᠶᠢᠷᠡᠭᠦᠯᠵᠦ᠂ ᠮᠠᠨ ᠤ ᠤᠯᠤᠰ ᠤᠨ ᠬᠢᠴᠢᠶᠡᠯ ᠤᠨ ᠪᠠᠶᠢᠭᠤᠯᠤᠯᠲᠠ ᠶᠢᠨ ᠠᠮᠵᠢᠯᠲᠠᠲᠠᠢ

ᠲᠤᠷᠰᠢᠯᠭ᠎ᠠ ᠶᠢ ᠵᠠᠯᠭᠠᠮᠵᠢᠯᠠᠬᠤ ᠶᠢ ᠴᠢᠬᠤᠯᠠᠴᠢᠯᠠᠭᠰᠠᠨ ᠮᠥᠷᠲᠡᠭᠡᠨ ᠪᠠᠰᠠ ᠣᠯᠠᠨ ᠤᠯᠤᠰ ᠤᠨ ᠬᠢᠴᠢᠶᠡᠯ ᠤᠨ

ᠥᠭᠡᠷᠡᠴᠢᠯᠡᠯᠲᠡ ᠶᠢᠨ ᠰᠢᠨ᠎ᠡ ᠦᠷ᠎ᠡ ᠪᠦᠲᠦᠭᠡᠯ ᠢᠶᠠᠷ ᠭᠦᠢᠴᠡᠳ ᠲᠣᠯᠢᠯᠠᠭᠤᠯᠵᠤ᠂ ᠰᠤᠷᠭᠠᠨ ᠬᠥᠮᠦᠵᠢᠯ ᠤᠨ

ᠣᠨᠣᠯᠵᠢᠬᠤᠨ ᠢ ᠰᠢᠨᠡᠳᠭᠡᠵᠦ᠂ ᠳᠤᠮᠳᠠᠳᠤ ᠤᠯᠤᠰ ᠤᠨ ᠣᠨᠴᠠᠯᠢᠭ ᠢ ᠢᠯᠡᠷᠡᠭᠦᠯᠵᠦ᠂ ᠬᠢᠴᠢᠶᠡᠯ ᠤᠨ

ᠶᠡᠷᠦᠩᠬᠡᠶᠢᠯᠡᠯᠲᠦ ᠴᠢᠨᠠᠷ᠂ ᠦᠢᠯᠡᠳᠦᠯᠭᠡᠲᠦ ᠴᠢᠨᠠᠷ ᠢ  ᠴᠢᠩᠭᠠᠷᠠᠭᠤᠯᠵᠤ᠂ ᠬᠥᠮᠦᠨ ᠢ ᠬᠥᠮᠦᠵᠢᠭᠦᠯᠬᠦ ᠠᠷᠭ᠎ᠠ ᠮᠠᠶ᠋ᠢᠭ

 ᠤᠨ ᠬᠤᠪᠢᠰᠤᠯᠲᠠ ᠶᠢ ᠬᠥᠲᠥᠯᠦᠨ ᠵᠢᠯᠣᠭᠤᠳᠴᠤ᠂ ᠰᠤᠷᠤᠭᠴᠢᠳ ᠤᠨ ᠭᠤᠤᠯᠯᠠᠬᠤ ᠬᠡᠪ ᠪᠣᠯᠪᠠᠰᠤᠷᠠᠯ ᠢ ᠬᠦᠴᠦᠯᠡᠨ

ᠬᠥᠭᠵᠢᠭᠦᠯᠦᠨ᠎ᠡ᠃ ᠴᠠᠭ ᠦᠶ᠎ᠡ ᠲᠠᠢ ᠵᠡᠷᠭᠡᠴᠡᠨ ᠤᠷᠤᠭᠰᠢᠯᠠᠬᠤ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ

ᠬᠥᠭᠵᠢᠯᠲᠡ ᠶᠢᠨ ᠰᠢᠨ᠎ᠡ ᠬᠤᠪᠢᠷᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠰᠢᠨ᠎ᠡ

ᠦᠷ᠎ᠡ ᠪᠦᠲᠦᠭᠡᠯ ᠢ ᠲᠤᠰᠬᠠᠵᠤ᠂ ᠬᠢᠴᠢᠶᠡᠯ ᠤᠨ ᠠᠭᠤᠯᠭ᠎ᠠ ᠶᠢ ᠰᠢᠨᠡᠳᠭᠡᠵᠦ᠂ ᠬᠢᠴᠢᠶᠡᠯ ᠤᠨ ᠴᠠᠭ ᠦᠶᠡᠴᠢ ᠴᠢᠨᠠᠷ ᠢ

ᠢᠯᠡᠷᠡᠭᠦᠯᠪᠡ᠃

     ᠭᠤᠷᠪᠠ᠂ ᠵᠠᠰᠠᠪᠤᠷᠢ ᠣᠷᠣᠭᠤᠯᠤᠭᠰᠠᠨ ᠭᠤᠣᠯ ᠶᠠᠪᠤᠴᠠ

     ᠡᠩᠨᠡᠭᠡ ᠶᠢ ᠵᠣᠬᠢᠶᠠᠨ ᠪᠠᠶᠢᠭᠤᠯᠬᠤ᠂ ᠶᠡᠷᠦᠩᠬᠡᠢ ᠵᠢᠷᠤᠭ ᠲᠥᠯᠥᠪᠯᠡᠭᠡ ᠬᠢᠬᠦ᠂ ᠪᠠᠶᠢᠴᠠᠭᠠᠨ ᠰᠤᠳᠤᠯᠵᠤ

ᠨᠤᠲᠠᠯᠠᠬᠤ᠂ ᠵᠠᠰᠠᠪᠤᠷᠢ ᠣᠷᠣᠭᠤᠯᠬᠤ ᠶᠢ ᠵᠣᠬᠢᠶᠠᠨ ᠪᠠᠶᠢᠭᠤᠯᠬᠤ᠂ ᠰᠣᠷᠢᠯᠲᠠ ᠬᠢᠬᠦ᠂ ᠰᠠᠨᠠᠯ ᠬᠤᠷᠢᠶᠠᠬᠤ ᠵᠡᠷᠭᠡ

ᠭᠤᠭᠴᠤᠭ᠎ᠠ ᠶᠢ ᠥᠩᠭᠡᠷᠡᠭᠡᠪᠡ᠃

     ᠨᠢᠭᠡ ᠳᠤ᠂ ᠡᠩᠨᠡᠭᠡ ᠶᠢ ᠵᠣᠬᠢᠶᠠᠨ ᠪᠠᠶᠢᠭᠤᠯᠪᠠ᠂ ᠬᠤᠶᠠᠷ ᠬᠦᠷᠢᠶᠡᠯᠡᠩ ᠤᠨ ᠠᠺᠠᠳᠧᠮᠢᠴᠢ᠂ ᠰᠢᠨᠵᠢᠯᠡᠭᠡᠨ ᠤ

ᠰᠠᠯᠠᠭᠠᠨ ᠤ ᠲᠤᠰᠬᠠᠶ ᠮᠡᠷᠭᠡᠵᠢᠯᠲᠡᠨ᠂ ᠰᠢᠨᠵᠢᠯᠡᠭᠡᠨ ᠤ ᠰᠠᠯᠠᠭᠠᠨ ᠤ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ᠂

ᠭᠤᠤᠯᠯᠠᠭᠴᠢ ᠪᠠᠭᠰᠢ᠂ ᠰᠤᠷᠭᠠᠨ ᠬᠥᠮᠦᠵᠢᠯ ᠤᠨ ᠬᠠᠮᠢᠶᠠᠷᠤᠭᠴᠢ ᠵᠡᠷᠭᠡ 300 ᠰᠢᠬᠠᠮ ᠬᠥᠮᠦᠨ ᠢᠶᠠᠷ

ᠪᠦᠷᠢᠯᠳᠦᠭᠰᠡᠨ ᠵᠠᠰᠠᠪᠤᠷᠢ ᠣᠷᠣᠭᠤᠯᠬᠤ ᠳᠤᠭᠤᠶᠢᠯᠠᠩ ᠢ ᠪᠠᠶᠢᠭᠤᠯᠵᠤ᠂ ᠵᠠᠰᠠᠪᠤᠷᠢ ᠣᠷᠣᠭᠤᠯᠬᠤ ᠡᠭᠦᠷᠭᠡ ᠶᠢ

ᠡᠭᠦᠷᠭᠡᠯᠡᠭᠦᠯᠪᠡ᠃

     ᠬᠤᠶᠠᠷ ᠲᠤ᠂ ᠶᠡᠷᠦᠩᠬᠡᠶ ᠵᠢᠷᠤᠭ ᠲᠥᠯᠥᠪᠯᠡᠭᠡ ᠬᠢᠪᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠳᠤᠮᠳᠠᠳᠤ ᠶᠢᠨ ᠰᠢᠯᠢᠳᠡᠭ

ᠤᠯᠠᠮᠵᠢᠯᠠᠯᠲᠤ ᠰᠣᠶᠣᠯ᠂ ᠬᠤᠪᠢᠰᠬᠠᠯᠲᠤ ᠤᠯᠠᠮᠵᠢᠯᠠᠯ᠂ ᠬᠠᠤᠯᠢ ᠪᠠᠷ ᠵᠠᠰᠠᠬᠤ᠂ ᠤᠯᠤᠰ ᠤᠨ ᠠᠮᠤᠷ ᠲᠦᠪᠰᠢᠨ᠂

ᠠᠮᠢ ᠨᠠᠰᠤᠨ ᠤ ᠠᠮᠤᠷ ᠲᠦᠪᠰᠢᠨ ᠬᠢᠭᠡᠳ ᠡᠷᠡᠭᠦᠯ ᠮᠡᠨᠳᠦ ᠵᠡᠷᠭᠡ ᠴᠢᠬᠤᠯᠠ ᠶᠡᠭᠡ ᠭᠤᠤᠯ ᠰᠡᠳᠦᠪᠲᠦ ᠬᠥᠮᠦᠵᠢᠯ ᠢ

ᠬᠢᠴᠢᠶᠡᠯ ᠤᠨ ᠵᠢᠭᠠᠬᠤ ᠮᠠᠲ᠋ᠧᠷᠢᠶᠠᠯ ᠳᠤ ᠣᠷᠣᠭᠤᠯᠬᠤ ᠶᠢ ᠪᠦᠬᠦᠯᠢ ᠴᠣᠭᠴᠠ ᠪᠠᠷ ᠲᠥᠯᠦᠪᠵᠢᠭᠦᠯᠦᠭᠰᠡᠨ ᠤ ᠬᠠᠮᠲᠤ

ᠵᠢᠯᠣᠭᠤᠳᠤᠨ ᠨᠠᠶᠢᠳᠠᠪᠤᠷᠢᠵᠢᠭᠤᠯᠪᠠ᠃

     ᠭᠤᠷᠪᠠ ᠳᠤ᠂ ᠪᠠᠶᠢᠴᠠᠭᠠᠨ ᠰᠣᠳᠤᠯᠵᠤ ᠨᠣᠲᠠᠯᠠᠪᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠬᠢᠴᠢᠶᠡᠯ ᠢ ᠬᠡᠷᠡᠭᠵᠢᠭᠦᠯᠵᠦ ᠪᠠᠶᠢᠭ᠎ᠠ ᠣᠳᠣᠬᠢ ᠪᠠᠶᠢᠳᠠᠯ ᠢ  ᠪᠠᠶᠢᠴᠠᠭᠠᠵᠤ᠂ ᠬᠢᠴᠢᠶᠡᠯ ᠤᠨ ᠠᠭᠤᠯᠭ᠎ᠠ ᠶᠢᠨ ᠪᠥᠲᠦᠴᠡ

ᠵᠡᠷᠭᠡ ᠬᠤᠯᠪᠤᠭᠳᠠᠬᠤ ᠰᠠᠭᠤᠷᠢ ᠰᠤᠳᠤᠯᠭᠠᠨ ᠪᠠ ᠣᠯᠠᠨ ᠤᠯᠤᠰ ᠤᠨ ᠬᠠᠷᠢᠴᠠᠭᠤᠯᠤᠭᠰᠠᠨ ᠰᠤᠳᠤᠯᠭᠠᠨ ᠢ

ᠥᠷᠨᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠴᠢᠶᠡᠯ ᠤᠨ ᠥᠭᠡᠷᠡᠴᠢᠯᠡᠯᠲᠡ ᠶᠢᠨ ᠰᠢᠨ᠎ᠡ

ᠬᠠᠨᠳᠤᠰᠢ ᠶᠢ ᠭᠦᠨᠵᠡᠭᠡᠶ ᠰᠤᠳᠤᠯᠤᠨ ᠡᠵᠡᠮᠰᠢᠪᠡ᠃

     ᠳᠥᠷᠪᠡ ᠳᠤ᠂ ᠵᠠᠰᠠᠪᠤᠷᠢ ᠣᠷᠣᠭᠤᠯᠬᠤ ᠶᠢ ᠵᠣᠬᠢᠶᠠᠨ ᠪᠠᠶᠢᠭᠤᠯᠪᠠ᠂ ᠲᠥᠪᠯᠡᠷᠡᠭᠦᠯᠬᠦ ᠪᠠ ᠲᠠᠷᠠᠬᠠᠶ

ᠪᠠᠶᠢᠯᠭᠠᠬᠤ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠠᠷᠭ᠎ᠠ ᠮᠠᠶ᠋ᠢᠭ ᠢ ᠠᠪᠴᠤ᠂ ᠤᠷᠢᠳ ᠢᠶᠠᠷ

ᠬᠢᠴᠢᠶᠡᠯ ᠤᠨ ᠲᠥᠰᠦᠯ ᠳᠤ ᠵᠠᠰᠠᠪᠤᠷᠢ ᠣᠷᠣᠭᠤᠯᠵᠤ᠂ ᠳᠠᠬᠢᠨ ᠬᠢᠴᠢᠶᠡᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ

ᠳᠡᠰ ᠳᠠᠷᠠᠭᠠᠯᠠᠯ ᠢᠶᠠᠷ ᠶᠠᠪᠤᠭᠳᠠᠭᠤᠯᠵᠤ᠂ ᠵᠠᠰᠠᠪᠤᠷᠢ ᠣᠷᠣᠭᠤᠯᠬᠤ ᠠᠵᠢᠯ ᠢ ᠲᠥᠷᠥᠯ ᠵᠦᠢᠯ ᠬᠤᠪᠢᠶᠠᠨ᠂ ᠬᠡᠰᠡᠭ

ᠬᠤᠪᠢᠶᠠᠨ ᠠᠬᠢᠭᠤᠯᠪᠠ᠃

     ᠲᠠᠪᠤ ᠳᠤ᠂ ᠰᠣᠷᠢᠯᠲᠠ ᠬᠢᠪᠡ᠂ ᠵᠧᠵᠢᠶᠠᠩ᠂ ᠾᠧᠨᠠᠨ ᠪᠣᠯᠤᠨ ᠭᠠᠨᠰᠦ ᠵᠡᠷᠭᠡ 15 ᠮᠤᠵᠢ ᠶᠢᠨ 6 ᠲᠦᠮᠡ

ᠰᠢᠬᠠᠮ ᠰᠣᠷᠣᠭᠴᠢ ᠶᠢ ᠵᠣᠬᠢᠶᠠᠨ ᠪᠠᠶᠢᠭᠤᠯᠵᠤ ᠬᠢᠴᠢᠶᠡᠯ ᠤᠨ ᠪᠠᠷᠢᠮᠵᠢᠶᠠᠨ ᠤ ᠰᠢᠯᠭᠠᠯᠲᠠ ᠬᠢᠵᠦ᠂ ᠳ᠋ᠦᠩ ᠢ ᠨᠢ

ᠦᠨᠳᠦᠰᠦᠯᠡᠨ ᠵᠠᠰᠠᠪᠤᠷᠢ ᠣᠷᠣᠭᠤᠯᠪᠠ᠃

     ᠵᠢᠷᠭᠤᠭ᠎ᠠ ᠳᠤ᠂ ᠰᠠᠨᠠᠯ ᠬᠤᠷᠢᠶᠠᠪᠠ᠂ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ

ᠰᠠᠯᠠᠭ᠎ᠠ ᠮᠥᠴᠢᠷ᠂ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠨᠢᠭᠡᠳᠦᠭᠡᠷ ᠹᠷᠣᠨᠲ ᠤᠨ ᠰᠤᠷᠭᠠᠭᠤᠯᠢ ᠶᠢᠨ ᠵᠠᠬᠢᠷᠤᠯ᠂

ᠪᠠᠭᠰᠢ᠂ ᠵᠢᠭᠠᠬᠤ ᠶᠢ ᠰᠤᠳᠤᠯᠤᠭᠴᠢ ᠵᠡᠷᠭᠡ ᠡᠯ᠎ᠡ ᠲᠠᠯ᠎ᠠ ᠶᠢᠨ ᠬᠢᠨ ᠠᠴᠠ ᠰᠠᠨᠠᠯ ᠪᠠ ᠰᠠᠨᠠᠭᠤᠯᠭ᠎ᠠ ᠶᠢ ᠲᠣᠰ ᠲᠣᠰ

ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃

     2021 ᠣᠨ ᠤ 4 - 12 ᠰᠠᠷ᠎ᠠ ᠪᠣᠯᠲᠠᠯ᠎ᠠ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠵᠢᠴᠢ

ᠲᠡᠭᠦᠨ ᠤ ᠲᠤᠰᠬᠠᠶ ᠮᠡᠷᠭᠡᠵᠢᠯᠲᠡᠨ ᠤ ᠵᠥᠪᠯᠡᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ

ᠪᠠ ᠬᠡᠯᠡ ᠪᠢᠴᠢᠭ ᠵᠡᠷᠭᠡ 16 ᠬᠢᠴᠢᠶᠡᠯ ᠤᠨ ᠪᠠᠷᠢᠮᠵᠢᠶ᠎ᠠ ᠶᠢ ᠬᠢᠨᠠᠨ ᠶᠠᠷᠢᠯᠴᠠᠵᠤ ᠪᠠᠲᠤᠯᠠᠪᠠ᠃

     ᠳᠥᠷᠪᠡ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠭᠤᠤᠯ ᠬᠤᠪᠢᠷᠠᠯᠲᠠ

     1 . ᠬᠢᠴᠢᠶᠡᠯ ᠤᠨ ᠲᠥᠰᠦᠯ ᠤᠨ ᠲᠤᠬᠠᠶ

     ᠨᠢᠭᠡ ᠳᠤ᠂ ᠬᠥᠮᠦᠵᠢᠭᠦᠯᠬᠦ ᠬᠠᠷᠠᠯᠲᠠ ᠶᠢ ᠲᠡᠭᠦᠯᠳᠡᠷᠵᠢᠭᠦᠯᠪᠡ᠃ ᠶᠡᠷᠦᠩᠬᠡᠶ ᠱᠦᠵᠢ ᠰᠢ ᠶᠢᠨ ᠫᠢᠩ ᠤᠨ

ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ

ᠬᠥᠮᠦᠵᠢᠭᠦᠯᠬᠦ ᠲᠤᠬᠠᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠰᠢᠨᠵᠢ ᠴᠢᠨᠠᠷ ᠵᠢᠴᠢ ᠬᠢᠴᠢᠶᠡᠯ ᠤᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠵᠤ᠂ ᠬᠦᠰᠡᠯᠡᠩ ᠲᠠᠢ᠂

ᠴᠢᠳᠠᠪᠤᠷᠢ ᠲᠠᠢ᠂ ᠡᠭᠦᠷᠭᠡᠯᠡᠯ ᠲᠠᠢ ᠪᠠᠶᠢᠬᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠢᠨ᠎ᠡ

ᠬᠥᠮᠦᠨ ᠢ ᠬᠥᠮᠦᠵᠢᠭᠦᠯᠬᠦ ᠪᠣᠳᠠᠲᠠᠶ ᠱᠠᠭᠠᠷᠳᠠᠯᠭ᠎ᠠ ᠶᠢ ᠲᠣᠳᠤᠷᠠᠭᠤᠯᠪᠠ᠃

     ᠬᠤᠶᠠᠷ ᠲᠤ᠂ ᠬᠢᠴᠢᠶᠡᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠪᠡ᠃ ᠪᠠᠭ᠎ᠠ ᠰᠤᠷᠭᠠᠭᠤᠯᠢ ᠶᠢᠨ

ᠤᠤᠯ ᠤᠨ ᠶᠣᠰᠤ ᠮᠣᠷᠠᠯ ᠬᠢᠭᠡᠳ ᠠᠮᠢᠳᠤᠷᠠᠯ᠂ ᠶᠣᠰᠤ ᠮᠣᠷᠠᠯ ᠬᠢᠭᠡᠳ ᠨᠡᠶᠢᠭᠡᠮ ᠪᠠ ᠠᠩᠬ᠎ᠠ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠤᠤᠯ ᠤᠨ ᠦᠵᠡᠯ ᠰᠠᠨᠠᠭ᠎ᠠ ᠶᠣᠰᠤ ᠮᠣᠷᠠᠯ ᠢ ︽ᠶᠣᠰᠣ ᠰᠤᠷᠲᠠᠬᠤᠨ ᠬᠢᠭᠡᠳ ᠬᠠᠤᠯᠢ ᠪᠠᠷ

ᠵᠠᠰᠠᠬᠤᠢ︾ ᠪᠣᠯᠭᠠᠵᠤ᠂ ᠶᠢᠰᠦᠨ ᠵᠢᠯ ᠢ ᠨᠢᠭᠡ ᠴᠣᠭᠴᠠᠵᠢᠭᠤᠯᠬᠤ ᠵᠢᠷᠤᠭ ᠲᠥᠯᠥᠪᠯᠡᠭᠡ ᠬᠢᠪᠡ︔ ᠤᠷᠠᠯᠢᠭ ᠤᠨ

ᠬᠢᠴᠢᠶᠡᠯ ᠤᠨ ᠪᠠᠶᠢᠷᠢᠯᠠᠭᠤᠯᠤᠯᠲᠠ ᠶᠢ ᠥᠭᠡᠷᠡᠴᠢᠯᠡᠵᠦ᠂ ᠨᠢᠭᠡ ᠠᠴᠠ ᠳᠣᠯᠣᠳᠤᠭᠠᠷ ᠣᠨ ᠳᠤ ᠳᠠᠭᠤᠤ ᠬᠥᠭᠵᠢᠮ᠂

ᠤᠷᠠᠨ ᠵᠢᠷᠤᠭ ᠢᠶᠠᠷ ᠭᠤᠣᠯ ᠰᠢᠵᠢᠮ ᠪᠣᠯᠭᠠᠵᠤ᠂ ᠪᠥᠵᠢᠭ᠂ ᠰᠢ ᠵᠦᠴᠦᠭᠡ᠂ ᠺᠢᠨᠣ᠋ ᠲᠧᠯᠸᠢᠰ ᠵᠡᠷᠭᠡ ᠠᠭᠤᠯᠭ᠎ᠠ ᠶᠢ

ᠠᠭᠤᠰᠬᠠᠵᠤ᠂ ᠨᠠᠢᠮᠠ ᠠᠴᠠ ᠶᠢᠰᠦᠳᠦᠭᠡᠷ ᠣᠨ ᠳᠤ ᠲᠦᠷᠦᠯ ᠬᠤᠪᠢᠶᠠᠨ ᠰᠣᠩᠭᠤᠨ ᠨᠡᠭᠡᠭᠡᠪᠡ︔ ᠰᠢᠨᠵᠢᠯᠡᠬᠦ

ᠤᠬᠠᠭᠠᠨ᠂ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭᠠᠨ ᠤ ᠡᠬᠢᠯᠡᠯᠲᠡ ᠶᠢᠨ ᠣᠨ ᠢ ᠨᠢᠭᠡᠳᠦᠭᠡᠷ ᠣᠨ ᠪᠣᠯᠭᠠᠨ

ᠤᠷᠢᠳᠴᠢᠯᠠᠭᠤᠯᠪᠠ︔ ᠲᠥᠪ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢ᠂ ᠮᠡᠳᠡᠭᠡ

ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠴᠢ ᠲᠡᠭᠦᠨ ᠤ ᠡᠵᠡᠯᠡᠵᠦ ᠪᠠᠶᠢᠭ᠎ᠠ ᠬᠢᠴᠢᠶᠡᠯ ᠤᠨ ᠴᠠᠭ ᠢ

ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭᠠᠨ ᠤ ᠬᠢᠴᠢᠶᠡᠯ ᠠᠴᠠ ᠲᠤᠰᠠᠭᠠᠷ ᠭᠠᠷᠭᠠᠪᠠ᠃

     ᠭᠤᠷᠪᠠ ᠳᠤ᠂ ᠬᠡᠷᠡᠭᠵᠢᠭᠦᠯᠬᠦ ᠱᠠᠭᠠᠷᠳᠠᠯᠭ᠎ᠠ ᠶᠢ ᠨᠠᠷᠢᠯᠢᠬᠵᠢᠭᠤᠯᠪᠠ᠃ ᠬᠢᠴᠢᠶᠡᠯ ᠤᠨ ᠪᠠᠷᠢᠮᠵᠢᠶ᠎ᠠ ᠶᠢ

ᠨᠠᠶᠢᠷᠠᠭᠤᠯᠤᠨ ᠵᠣᠬᠢᠶᠠᠬᠤ ᠪᠠ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠦᠨᠳᠦᠰᠦᠨ ᠱᠠᠭᠠᠷᠳᠠᠯᠭ᠎ᠠ ᠶᠢ ᠨᠡᠮᠡᠪᠡ︔

ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠰᠤᠷᠭᠠᠭᠤᠯᠢ ᠶᠢᠨ

ᠬᠢᠴᠢᠶᠡᠯ ᠢ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ᠂ ᠲᠦᠷᠢᠮ ᠤᠨ ᠵᠢᠷᠤᠮᠵᠢᠯ ᠵᠢᠴᠢ ᠵᠢᠭᠠᠨ ᠰᠤᠷᠭᠠᠯᠲᠠ ᠶᠢᠨ

ᠥᠭᠡᠷᠡᠴᠢᠯᠡᠯᠲᠡ ᠶᠢᠨ ᠴᠢᠭᠯᠡᠯ ᠪᠠ ᠦᠨᠡᠯᠡᠯᠲᠡ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠶᠢ ᠲᠣᠳᠤᠷᠠᠭᠤᠯᠵᠤ᠂

ᠪᠣᠯᠪᠠᠰᠤᠷᠠᠭᠤᠯᠤᠯ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠳᠤ ᠪᠣᠳᠠᠲᠠᠢ ᠱᠠᠭᠠᠷᠳᠠᠯᠭ᠎ᠠ ᠶᠢ

ᠳᠤᠷᠠᠳᠪᠠ︔ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠰᠢᠯᠭᠠᠬᠤ ᠪᠠ ᠬᠢᠨᠠᠨ ᠵᠢᠯᠣᠭᠤᠳᠬᠤ

ᠱᠠᠭᠠᠷᠳᠠᠯᠭ᠎ᠠ ᠶᠢ ᠴᠢᠩᠭᠠᠷᠠᠭᠤᠯᠪᠠ᠃

     2 . ᠬᠢᠴᠢᠶᠡᠯ ᠤᠨ ᠪᠠᠷᠢᠮᠵᠢᠶᠠᠨ ᠤ ᠲᠤᠬᠠᠢ

     ᠨᠢᠭᠡ ᠳᠤ᠂ ᠡᠯ᠎ᠡ ᠬᠢᠴᠢᠶᠡᠯ ᠤᠨ ᠪᠠᠷᠢᠮᠵᠢᠶ᠎ᠠ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠮᠦᠵᠢᠭᠦᠯᠬᠦ

ᠬᠠᠷᠠᠯᠲᠠ ᠳᠤ ᠰᠠᠭᠤᠷᠢᠯᠠᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠣᠰ ᠬᠢᠴᠢᠶᠡᠯ ᠤᠨ ᠬᠦᠴᠦᠯᠡᠨ

ᠬᠥᠮᠦᠵᠢᠭᠦᠯᠬᠦ ᠶᠣᠰᠣᠲᠠᠶ ᠰᠤᠷᠤᠭᠴᠢᠳ ᠤᠨ ᠭᠤᠤᠯᠯᠠᠬᠤ ᠬᠡᠪ ᠪᠣᠯᠪᠠᠰᠤᠷᠠᠯ ᠪᠣᠯᠭᠠᠨ ᠪᠣᠳᠠᠲᠠᠶᠢᠵᠢᠭᠤᠯᠵᠤ᠂ ᠵᠥᠪ

ᠥᠷᠲᠡᠭ ᠤᠨ ᠦᠵᠡᠯᠲᠡ᠂ ᠡᠷᠬᠡᠪᠰᠢ ᠪᠦᠷᠢᠯᠳᠦᠭᠦᠯᠬᠦ ᠴᠢᠬᠤᠯᠠᠲᠠᠶ ᠬᠡᠪ ᠰᠤᠷᠲᠠᠯ ᠪᠠ ᠵᠠᠩᠭᠢᠯᠠᠭ᠎ᠠ ᠶᠢᠨ ᠴᠢᠳᠠᠪᠤᠷᠢ ᠶᠢ

ᠬᠥᠮᠦᠵᠢᠭᠦᠯᠬᠦ ᠱᠠᠭᠠᠷᠳᠠᠯᠭ᠎ᠠ ᠶᠢ ᠢᠯᠡᠷᠡᠭᠦᠯᠪᠡ᠃ ᠵᠢᠱᠢᠶᠡᠯᠡᠪᠡᠯ᠂ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ

ᠭᠡᠬᠦ ᠬᠢᠴᠢᠶᠡᠯ ᠳᠤ ᠤᠯᠤᠰ ᠲᠦᠷᠦ ᠶᠢᠨ ᠬᠠᠮᠲᠤ ᠶᠢᠨ ᠲᠠᠨᠢᠯᠲᠠ᠂ ᠶᠣᠰᠣ ᠰᠤᠷᠲᠠᠬᠤᠨ ᠤ ᠪᠣᠯᠪᠠᠰᠤᠷᠠᠯ᠂ ᠬᠠᠤᠯᠢ ᠪᠠᠷ

ᠵᠠᠰᠠᠬᠤ ᠦᠵᠡᠯᠲᠡ᠂ ᠪᠦᠷᠢᠨ ᠲᠡᠭᠦᠯᠳᠡᠷ ᠬᠥᠮᠦᠨ ᠮᠥᠰᠦ᠂ ᠬᠠᠷᠢᠭᠤᠴᠠᠯᠭ᠎ᠠ ᠶᠢᠨ ᠤᠬᠠᠮᠰᠠᠷ ᠵᠡᠷᠭᠡ ᠶᠢ

ᠬᠥᠮᠦᠵᠢᠭᠦᠯᠬᠦ ᠱᠠᠭᠠᠷᠳᠠᠯᠭ᠎ᠠ ᠶᠢ ᠲᠣᠳᠣᠷᠬᠠᠶᠢᠯᠠᠪᠠ᠃

     ᠬᠤᠶᠠᠷ ᠲᠤ᠂ ᠬᠢᠴᠢᠶᠡᠯ ᠤᠨ ᠠᠭᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠪᠡ᠃ ᠭᠤᠤᠯᠯᠠᠬᠤ ᠬᠡᠪ

ᠪᠣᠯᠪᠠᠰᠤᠷᠠᠯ ᠤᠨ ᠱᠠᠭᠠᠷᠳᠠᠯᠭ᠎ᠠ ᠳᠤ ᠰᠠᠭᠤᠷᠢᠯᠠᠨ᠂ ᠴᠢᠬᠤᠯᠠ ᠦᠵᠡᠯᠲᠡ᠂ ᠭᠤᠤᠯ ᠰᠡᠳᠦᠪᠲᠦ ᠠᠭᠤᠯᠭ᠎ᠠ ᠪᠠ

ᠰᠠᠭᠤᠷᠢ ᠮᠡᠳᠡᠯᠭᠡ ᠤᠷ᠎ᠠ ᠴᠢᠳᠠᠪᠤᠷᠢ ᠶᠢ ᠰᠢᠯᠢᠨ ᠰᠣᠩᠭᠤᠵᠤ᠂ ᠬᠢᠴᠢᠶᠡᠯ ᠤᠨ ᠠᠭᠤᠯᠭ᠎ᠠ ᠶᠢ ᠨᠠᠷᠢᠨ ᠰᠣᠩᠭᠤᠬᠤ ᠪᠠ

ᠲᠥᠯᠦᠪᠵᠢᠭᠦᠯᠵᠦ᠂ ᠵᠣᠬᠢᠶᠠᠨ ᠪᠠᠶᠢᠭᠤᠯᠬᠤ ᠬᠡᠯᠪᠡᠷᠢ ᠶᠢ ᠰᠢᠯᠢᠳᠡᠭᠵᠢᠭᠦᠯᠪᠡ᠃ ᠠᠳᠠᠯᠢ ᠨᠢᠭᠡᠨ ᠠᠭᠤᠯᠭ᠎ᠠ ᠳᠤ

ᠬᠤᠯᠪᠣᠭᠳᠠᠬᠤ ᠠᠳᠠᠯᠢ ᠪᠤᠰᠤ  ᠬᠢᠴᠢᠶᠡᠯ ᠲᠥᠷᠦᠯ ᠤᠨ ᠬᠤᠭᠤᠷᠣᠨᠳᠣ ᠲᠤᠰ ᠲᠤᠰ ᠤᠨ ᠰᠢᠨᠵᠢ ᠴᠢᠨᠠᠷ ᠪᠣᠯᠤᠨ

ᠬᠥᠮᠦᠨ ᠢ ᠬᠥᠮᠦᠵᠢᠭᠦᠯᠬᠦ ᠥᠷᠳᠡᠭ ᠢ ᠦᠨᠳᠦᠰᠦᠯᠡᠨ᠂ ᠪᠦᠬᠦᠯᠢ ᠴᠣᠭᠴᠠ ᠪᠠᠷ ᠲᠥᠯᠦᠪᠵᠢᠭᠦᠯᠬᠦ ᠪᠠ ᠠᠵᠢᠯ ᠤᠨ

ᠬᠤᠪᠢᠶᠠᠷᠢᠯᠠᠯ ᠢᠶᠠᠷ ᠵᠣᠬᠢᠴᠠᠭᠤᠯᠬᠤ ᠶᠢ ᠰᠠᠶᠢᠲᠤᠷ ᠬᠢᠪᠡ᠃ ᠬᠢᠴᠢᠶᠡᠯ ᠲᠥᠷᠥᠯ ᠠᠯᠤᠰᠯᠠᠭᠰᠠᠨ ᠭᠤᠤᠯ ᠰᠡᠳᠦᠪᠲᠦ

ᠰᠤᠷᠤᠯᠴᠠᠯᠭ᠎ᠠ ᠶᠢᠨ ᠠᠵᠢᠯᠯᠠᠭ᠎ᠠ ᠶᠢ ᠲᠣᠬᠢᠷᠠᠭᠤᠯᠵᠤ᠂ ᠬᠢᠴᠢᠶᠡᠯ ᠲᠥᠷᠥᠯ ᠬᠤᠭᠤᠷᠣᠨᠳᠣ ᠪᠠᠨ ᠬᠤᠯᠪᠣᠯᠳᠤᠬᠤ ᠶᠢ

ᠴᠢᠩᠭᠠᠳᠬᠠᠵᠤ᠂ ᠬᠢᠴᠢᠶᠡᠯ ᠢ ᠶᠡᠷᠦᠩᠬᠡᠶᠢᠯᠡᠨ ᠬᠡᠷᠡᠭᠵᠢᠭᠦᠯᠬᠦ ᠶᠢ ᠳᠠᠶᠢᠴᠢᠯᠠᠵᠤ᠂  ᠦᠢᠯᠡᠳᠦᠯᠭᠡ ᠶᠢᠨ ᠱᠠᠭᠠᠷᠳᠠᠯᠭ᠎ᠠ ᠶᠢ

ᠴᠢᠩᠭᠠᠷᠠᠭᠤᠯᠪᠠ᠃

     ᠭᠤᠷᠪᠠ ᠳᠤ᠂ ᠰᠤᠷᠤᠯᠭ᠎ᠠ ᠶᠢᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠪᠠ᠃

ᠭᠤᠣᠯᠯᠠᠬᠤ ᠬᠡᠪ ᠪᠣᠯᠪᠠᠰᠤᠷᠠᠯ ᠤᠨ ᠬᠥᠭᠵᠢᠯᠲᠡ ᠶᠢᠨ ᠬᠢᠷᠢ ᠲᠦᠪᠰᠢᠨ ᠢ ᠦᠨᠳᠦᠰᠦᠯᠡᠨ᠂ ᠬᠢᠴᠢᠶᠡᠯ ᠤᠨ

ᠠᠭᠤᠯᠭ᠎ᠠ ᠲᠠᠢ ᠤᠶᠠᠯᠳᠤᠭᠤᠯᠵᠤ᠂ ᠠᠳᠠᠯᠢ ᠪᠤᠰᠤ ᠱᠠᠲᠤᠨ ᠤ ᠰᠤᠷᠤᠭᠴᠢᠳ ᠤᠨ ᠰᠤᠷᠤᠯᠭ᠎ᠠ ᠶᠢᠨ ᠬᠢᠷᠢ

ᠪᠦᠲᠦᠮᠵᠢ ᠶᠢᠨ ᠪᠣᠳᠠᠲᠠᠶ ᠢᠯᠡᠷᠡᠯ ᠢ ᠪᠦᠬᠦᠯᠢ ᠴᠣᠭᠴᠠ ᠪᠠᠷ ᠲᠥᠯᠦᠪᠵᠢᠭᠦᠯᠵᠦ᠂ ᠰᠤᠷᠤᠯᠭ᠎ᠠ ᠶᠢᠨ ᠴᠢᠨᠠᠷ

ᠴᠢᠨᠰᠠᠭ᠎ᠠ ᠶᠢᠨ ᠪᠠᠷᠢᠮᠵᠢᠶ᠎ᠠ ᠶᠢ ᠪᠦᠷᠢᠯᠳᠦᠭᠦᠯᠵᠦ᠂ ᠪᠠᠭᠰᠢ ᠨᠠᠷ ᠢ ᠬᠥᠲᠥᠯᠥᠨ ᠵᠢᠯᠣᠭᠤᠳᠬᠤ ᠪᠠ ᠬᠠᠪᠰᠤᠷᠴᠤ ᠵᠢᠭᠠᠨ

ᠰᠤᠷᠭᠠᠬᠤ ᠭᠦᠨᠴᠡ ᠬᠢᠭᠡᠳ ᠥᠷᠭᠡᠴᠡ ᠶᠢ ᠡᠵᠡᠮᠰᠢᠭᠦᠯᠵᠦ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ᠂ ᠵᠢᠭᠠᠨ

 ᠰᠤᠷᠭᠠᠯᠲᠠ ᠶᠢ ᠬᠡᠷᠡᠭᠵᠢᠭᠦᠯᠬᠦ᠂ ᠰᠢᠯᠭᠠᠵᠤ ᠦᠨᠡᠯᠡᠬᠦ ᠵᠡᠷᠭᠡ ᠳᠤ ᠦᠨᠳᠦᠰᠦᠯᠡᠯ ᠬᠠᠩᠭᠠᠪᠠ᠃

     ᠳᠥᠷᠪᠡ ᠳᠤ᠂ ᠵᠢᠯᠣᠭᠤᠳᠬᠤ ᠴᠢᠨᠠᠷ ᠢ ᠴᠢᠩᠭᠠᠳᠬᠠᠪᠠ᠃ ᠡᠯ᠎ᠡ ᠬᠢᠴᠢᠶᠡᠯ ᠤᠨ ᠪᠠᠷᠢᠮᠵᠢᠶ᠎ᠠ ᠨᠢ

︽ᠠᠭᠤᠯᠭ᠎ᠠ ᠶᠢᠨ ᠱᠠᠭᠠᠷᠳᠠᠯᠭ᠎ᠠ︾ ᠳᠤ ᠴᠢᠭᠯᠡᠭᠦᠯᠦᠨ ︽ᠰᠤᠷᠤᠯᠴᠠᠬᠤ ᠱᠠᠭᠠᠷᠳᠠᠯᠭ᠎ᠠ︾᠂ ︽ᠵᠢᠭᠠᠬᠤ ᠰᠠᠨᠠᠭᠤᠯᠤᠮᠵᠢ︾ ᠶᠢ

ᠳᠤᠷᠠᠳᠴᠤ᠂ ᠦᠨᠡᠯᠡᠬᠦ ᠪᠠ ᠰᠢᠯᠭᠠᠯᠲᠠ ᠶᠢᠨ ᠰᠡᠳᠦᠪ ᠭᠠᠷᠭᠠᠬᠤ ᠰᠠᠨᠠᠭᠤᠯᠭ᠎ᠠ ᠶᠢ ᠨᠠᠷᠢᠯᠢᠭᠵᠢᠭᠤᠯᠵᠤ᠂ ᠵᠢᠭᠠᠬᠤ᠂

ᠰᠤᠷᠬᠤ᠂ ᠰᠢᠯᠭᠠᠬᠤ ᠶᠢᠨ ᠨᠢᠭᠡᠳᠦᠯᠲᠦ ᠴᠢᠨᠠᠷ ᠢ ᠴᠢᠬᠤᠯᠠᠴᠢᠯᠠᠨ ᠪᠡᠶᠡᠯᠡᠭᠦᠯᠵᠦ᠂ ᠵᠢᠭᠠᠨ ᠰᠤᠷᠭᠠᠯᠲᠠ᠂

ᠦᠨᠡᠯᠡᠯᠲᠡ ᠶᠢᠨ ᠬᠡᠷᠡᠭ ᠤᠨ ᠵᠢᠱᠢᠶ᠎ᠡ ᠶᠢ ᠨᠡᠮᠡᠭᠳᠡᠭᠦᠯᠵᠦ᠂ ︽ᠶᠠᠭᠤᠨ ᠳᠤ ᠵᠢᠭᠠᠬᠤ︾᠂ ︽ᠶᠠᠭᠤ ᠶᠢ ᠵᠢᠭᠠᠬᠤ︾᠂ ︽ᠶᠠᠮᠠᠷ

ᠬᠡᠮᠵᠢᠶᠡᠨ ᠳᠤ ᠬᠦᠷᠲᠡᠯ᠎ᠡ ᠵᠢᠭᠠᠬᠤ︾ ᠶᠢ ᠲᠣᠳᠣᠷᠬᠠᠶᠢᠯᠠᠭᠰᠠᠨ ᠢᠶᠠᠷ ᠪᠠᠷᠠᠬᠤ ᠥᠬᠡᠶ᠂ ︽ᠶᠠᠭᠠᠬᠢᠵᠤ ᠵᠢᠭᠠᠬᠤ︾ ᠪᠣᠳᠠᠲᠠᠶ

ᠵᠢᠯᠣᠭᠤᠳᠣᠯᠭ᠎ᠠ ᠶᠢ ᠴᠢᠩᠭᠠᠳᠬᠠᠵᠤ᠂ ᠬᠡᠷᠡᠭᠯᠡᠬᠦ ᠳᠤ ᠰᠠᠶᠢᠨ᠂ ᠲᠤᠰᠠᠲᠠᠶ ᠪᠠᠶᠢᠬᠤ ᠶᠢ ᠪᠡᠶᠡᠯᠡᠭᠦᠯᠪᠡ᠃

     ᠲᠠᠪᠤ ᠳᠤ᠂ ᠰᠤᠷᠤᠯᠭ᠎ᠠ ᠶᠢᠨ ᠱᠠᠲᠤ ᠶᠢ ᠵᠣᠯᠭᠠᠭᠤᠯᠬᠤ ᠶᠢ ᠴᠢᠩᠭᠠᠳᠬᠠᠪᠠ᠃ ︽ᠬᠡᠦᠬᠡᠳ ᠤᠨ ᠴᠡᠴᠡᠷᠯᠢᠭ

ᠪᠣᠯᠤᠨ ᠪᠠᠭ᠎ᠠ ᠰᠤᠷᠭᠠᠭᠤᠯᠢ ᠶᠢ ᠵᠣᠯᠭᠠᠭᠤᠯᠬᠤ︾ ᠶᠢ ᠴᠢᠬᠤᠯᠠᠴᠢᠯᠠᠵᠤ᠂ ᠰᠤᠷᠤᠭᠴᠢᠳ ᠤᠨ ᠡᠷᠡᠭᠦᠯ ᠴᠢᠭᠢᠷᠠᠭ᠂

ᠦᠭᠡ ᠬᠡᠯᠡ᠂ ᠨᠡᠶᠢᠭᠡᠮ᠂ ᠰᠢᠨᠵᠢᠯᠡᠬᠦ ᠤᠬᠠᠭᠠᠨ᠂ ᠤᠷᠠᠯᠢᠭ ᠤᠨ ᠬᠦᠷᠢᠶᠡᠨ ᠳᠠᠬᠢ ᠬᠥᠭᠵᠢᠯᠲᠡ ᠶᠢᠨ ᠬᠢᠷᠢ

ᠬᠡᠮᠵᠢᠶ᠎ᠡ ᠶᠢ ᠦᠨᠡᠯᠡᠨ ᠮᠠᠭᠠᠳᠯᠠᠬᠤ ᠳᠤ ᠦᠨᠳᠦᠰᠦᠯᠡᠵᠦ᠂ ᠪᠠᠭ᠎ᠠ ᠰᠤᠷᠭᠠᠭᠤᠯᠢ ᠶᠢᠨ 1 - 2 ᠳ᠋ᠤᠭᠠᠷ ᠣᠨ ᠤ

ᠬᠢᠴᠢᠶᠡᠯ ᠢ ᠵᠣᠬᠢᠰᠲᠠᠶ ᠵᠢᠷᠤᠭᠯᠠᠨ ᠲᠥᠯᠥᠪᠯᠡᠵᠦ᠂ ᠬᠥᠳᠡᠯᠭᠡᠭᠡᠨᠵᠢᠭᠰᠡᠨ᠂ ᠲᠣᠭᠯᠠᠭᠠᠮᠴᠢᠯᠠᠭᠰᠠᠨ᠂

ᠠᠮᠢᠳᠤᠷᠠᠯᠴᠢᠯᠠᠭᠰᠠᠨ ᠰᠤᠷᠤᠯᠴᠠᠯᠭ᠎ᠠ ᠶᠢᠨ ᠵᠢᠷᠤᠭ ᠲᠥᠯᠥᠪᠯᠡᠭᠡ ᠶᠢ ᠴᠢᠬᠤᠯᠠᠴᠢᠯᠠᠪᠠ᠃ ᠪᠠᠭ᠎ᠠ ᠰᠤᠷᠭᠠᠭᠤᠯᠢ ᠠᠴᠠ

ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠬᠦᠷᠲᠡᠯᠡᠬᠢ ᠰᠤᠷᠤᠭᠴᠢᠳ ᠤᠨ ᠲᠠᠨᠢᠨ ᠮᠡᠳᠡᠬᠦᠶ᠂ ᠰᠡᠳᠬᠢᠯᠭᠡ᠂

ᠨᠡᠶᠢᠭᠡᠮᠴᠢ ᠴᠢᠨᠠᠷ ᠵᠡᠷᠭᠡ ᠲᠠᠯ᠎ᠠ ᠶᠢᠨ ᠬᠥᠭᠵᠢᠯᠲᠡ ᠬᠤᠪᠢᠷᠠᠯᠲᠠ ᠶᠢ ᠠᠩᠬᠠᠷᠴᠤ᠂ ᠬᠢᠴᠢᠶᠡᠯ ᠤᠨ ᠭᠦᠨᠴᠡ᠂

ᠥᠷᠭᠡᠴᠡ ᠶᠢᠨ ᠬᠤᠪᠢᠷᠠᠯᠲᠠ ᠶᠢ ᠡᠵᠡᠮᠳᠡᠵᠦ᠂ ᠰᠤᠷᠤᠯᠴᠠᠬᠤ ᠬᠠᠷᠠᠯᠲᠠ ᠶᠢᠨ ᠦᠷᠭᠦᠯᠵᠢᠯᠡᠯ ᠴᠢᠨᠠᠷ ᠪᠠ ᠱᠠᠲᠤᠯᠢᠭ

ᠴᠢᠨᠠᠷ ᠢ ᠢᠯᠡᠷᠡᠭᠦᠯᠪᠡ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠤᠭᠴᠢᠳ ᠤᠨ

ᠣᠨᠴᠠᠯᠢᠭ ᠪᠣᠯᠤᠨ ᠬᠢᠴᠢᠶᠡᠯ ᠲᠥᠷᠥᠯ ᠤᠨ ᠣᠨᠴᠠᠯᠢᠭ ᠢ ᠣᠶᠢᠯᠠᠭᠠᠵᠤ᠂ ᠰᠤᠷᠤᠭᠴᠢᠳ ᠤᠨ ᠤᠯᠠᠮ ᠨᠢᠭᠡ ᠠᠯᠬᠤᠮ

ᠰᠤᠷᠤᠯᠴᠠᠬᠤ ᠳᠤ ᠰᠠᠶᠢᠲᠤᠷ ᠪᠡᠯᠡᠳᠬᠡᠯ ᠬᠢᠪᠡ᠃

     ᠲᠠᠪᠤ᠂ ᠨᠡᠶᠢᠲᠡᠯᠡᠭᠰᠡᠨ ᠤ ᠳᠠᠷᠠᠭᠠᠬᠢ ᠠᠵᠢᠯ ᠤᠨ ᠭᠤᠣᠯ ᠪᠠᠶᠢᠷᠢᠯᠠᠭᠤᠯᠤᠯᠲᠠ

     ᠨᠢᠭᠡ ᠳᠤ᠂ ᠤᠯᠤᠰ ᠤᠨ ᠲᠠᠰ ᠤᠨ ᠳᠠᠭᠤᠷᠢᠶᠠᠯ ᠦᠵᠡᠭᠦᠯᠬᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ

ᠥᠷᠨᠢᠭᠦᠯᠵᠦ᠂ ᠪᠣᠯᠪᠠᠰᠤᠷᠠᠭᠤᠯᠤᠯ ᠤᠨ ᠡᠬᠢ ᠪᠠᠶᠠᠯᠢᠭ ᠢ ᠬᠠᠩᠭᠠᠵᠤ᠂ ᠥᠷᠭᠡᠨ ᠣᠯᠠᠨ ᠪᠠᠭᠰᠢ ᠶᠢ ᠬᠠᠪᠰᠤᠷᠤᠨ

ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠰᠢᠨ᠎ᠡ

ᠣᠨᠣᠯᠵᠢᠬᠤᠨ᠂ ᠰᠢᠨ᠎ᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠣᠶᠢᠯᠠᠭᠠᠭᠤᠯᠤᠨ ᠡᠵᠡᠮᠰᠢᠭᠦᠯᠦᠨ᠎ᠡ᠃

     ᠬᠤᠶᠠᠷ ᠲᠤ᠂ ᠬᠢᠴᠢᠶᠡᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠲᠦᠷᠢᠮ ᠤᠨ ᠪᠠᠶᠢᠭᠤᠯᠤᠯᠲᠠ ᠶᠢ

ᠴᠢᠩᠭᠠᠳᠬᠠᠪᠠ᠃ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ

ᠵᠢᠯᠣᠭᠤᠳᠴᠤ ᠬᠢᠴᠢᠶᠡᠯ ᠢ ᠬᠡᠷᠡᠭᠵᠢᠭᠦᠯᠬᠦ ᠠᠷᠭ᠎ᠠ ᠶᠢ ᠳᠣᠭᠲᠠᠭᠠᠪᠠ᠃ ᠡᠯ᠎ᠡ ᠮᠤᠵᠢ ᠶᠢᠨ ᠬᠢᠨ ᠰᠤᠷᠭᠠᠭᠤᠯᠢ ᠳᠤ

ᠬᠢᠴᠢᠶᠡᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠱᠠᠭᠠᠷᠳᠠᠯᠭ᠎ᠠ ᠳᠤᠷᠠᠳᠪᠠ᠃

     ᠭᠤᠷᠪᠠ ᠳᠤ᠂ ᠬᠤᠯᠪᠤᠭᠳᠠᠬᠤ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠠᠵᠢᠯ ᠢ ᠪᠥᠬᠦ ᠲᠠᠯ᠎ᠠ ᠪᠠᠷ

ᠡᠬᠢᠯᠡᠭᠦᠯᠵᠦ᠂ ᠰᠤᠷᠭᠠᠭᠤᠯᠢ ᠶᠢᠨ ᠵᠢᠭᠠᠨ ᠰᠤᠷᠭᠠᠯᠲᠠ ᠳᠤ ᠪᠦᠲᠦᠮᠵᠢᠲᠡᠶ ᠳᠡᠮᠵᠢᠯᠭᠡ ᠬᠠᠩᠭᠠᠨ᠎ᠠ᠃

     ᠳᠥᠷᠪᠡ ᠳᠤ᠂ ᠬᠢᠴᠢᠶᠡᠯ ᠢ ᠬᠡᠷᠡᠭᠵᠢᠭᠦᠯᠬᠦ ᠭᠤᠣᠯᠳᠠᠯᠭᠠᠲᠠᠢ ᠬᠦᠴᠢᠷ ᠠᠰᠠᠭᠤᠳᠠᠯ ᠤᠨ ᠲᠣᠭᠤᠷᠢᠨ ᠳᠤ ᠨᠢᠭᠡ

ᠪᠦᠯᠦᠭ ᠬᠢᠴᠢᠶᠡᠯ ᠤᠨ ᠥᠭᠡᠷᠡᠴᠢᠯᠡᠯᠲᠡ ᠶᠢᠨ ᠲᠥᠷᠥᠯ  ᠵᠦᠢᠯ ᠢ ᠪᠠᠶᠢᠭᠤᠯᠵᠤ᠂ ᠰᠢᠨ᠎ᠡ ᠶᠢ ᠡᠭᠦᠳᠬᠦ

ᠦᠢᠯᠡᠳᠦᠯᠭᠡ ᠶᠢ ᠠᠬᠢᠭᠤᠯᠤᠨ᠎ᠠ᠃

     ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ

     ᠲᠥᠰᠦᠯ ᠪᠠ ᠬᠢᠴᠢᠶᠡᠯ ᠤᠨ ᠪᠠᠷᠢᠮᠵᠢᠶ᠎ᠠ ᠶᠢ ᠬᠢᠨᠠᠨ ᠵᠥᠪᠯᠡᠵᠦ ᠬᠢᠨᠠᠨ ᠪᠠᠶᠢᠴᠠᠭᠠᠭᠰᠠᠨ ᠪᠠᠶᠢᠳᠠᠯ ᠶᠠᠮᠠᠷ

     ᠵᠡᠷᠭᠡ ᠪᠣᠶ︖

          — ᠭᠠᠵᠠᠷ ᠤᠨ ᠳᠠᠷᠤᠭ᠎ᠠ ᠵᠠᠩ ᠭᠦᠸᠧ ᠬᠤᠸᠠ ᠶᠢᠨ ᠲᠠᠨᠢᠯᠴᠠᠭᠤᠯᠭ᠎ᠠ ᠶᠢ ᠬᠠᠮᠲᠤ ᠳᠤ ᠪᠠᠨ

              ᠰᠣᠨᠣᠰᠴᠠᠭᠠᠶ᠎ᠠ

     ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠳᠤ ᠵᠠᠰᠠᠪᠤᠷᠢ ᠣᠷᠣᠭᠤᠯᠬᠤ ᠴᠢᠨᠠᠷ ᠴᠢᠨᠰᠠᠭ᠎ᠠ ᠪᠠ

ᠬᠢᠷᠢ ᠲᠦᠪᠰᠢᠨ ᠢ ᠦᠨᠡᠨ ᠬᠦ ᠪᠠᠲᠤᠯᠠᠵᠤ᠂ ᠬᠢᠴᠢᠶᠡᠯ ᠢᠶᠠᠷ ᠬᠥᠮᠦᠨ ᠢ ᠬᠥᠮᠦᠵᠢᠭᠦᠯᠬᠦ ᠦᠨ᠎ᠡ ᠥᠷᠲᠡᠭ ᠢ

ᠳᠡᠭᠡᠭᠰᠢᠯᠡᠭᠦᠯᠬᠦ ᠶᠢᠨ ᠲᠥᠯᠥᠭᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠳᠤ ᠵᠠᠰᠠᠪᠤᠷᠢ

ᠣᠷᠣᠭᠤᠯᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ

ᠵᠢᠴᠢ ᠲᠡᠭᠦᠨ ᠤ ᠲᠤᠰᠬᠠᠶ ᠮᠡᠷᠭᠡᠵᠢᠯᠲᠡᠨ ᠤ ᠵᠥᠪᠯᠡᠯ ᠠᠴᠠ 2021 ᠣᠨ ᠤ 4 -12 ᠰᠠᠷ᠎ᠠ ᠪᠣᠯᠲᠠᠯ᠎ᠠ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠡᠯᠡ ᠪᠢᠴᠢᠭ ᠵᠡᠷᠭᠡ 16 ᠬᠢᠴᠢᠶᠡᠯ ᠤᠨ

ᠪᠠᠷᠢᠮᠵᠢᠶ᠎ᠠ ᠶᠢ ᠬᠢᠨᠠᠨ ᠵᠦᠪᠯᠡᠵᠦ ᠬᠢᠨᠠᠨ ᠪᠠᠶᠢᠴᠠᠭᠠᠬᠤ ᠰᠢᠷᠢᠰ ᠠᠵᠢᠯ ᠢ ᠥᠷᠨᠢᠭᠦᠯᠵᠦ᠂ ᠪᠣᠭᠤᠮᠲᠠ ᠶᠢ ᠴᠢᠩᠭ᠎ᠠ

ᠠᠳᠬᠤᠪᠠ᠃ ᠣᠲᠣ  ᠬᠤᠯᠪᠤᠭᠳᠠᠬᠤ ᠪᠠᠶᠢᠳᠠᠯ ᠢ ᠮᠡᠳᠡᠭᠳᠡᠶ᠎ᠡ᠃

     ᠨᠢᠭᠡ᠂ ᠬᠢᠨᠠᠨ ᠵᠥᠪᠯᠡᠵᠦ ᠬᠢᠨᠠᠨ ᠪᠠᠶᠢᠴᠠᠭᠠᠬᠤ ᠵᠠᠷᠴᠢᠮ

     ᠨᠢᠭᠡ ᠳᠤ᠂ ᠦᠵᠡᠯ ᠰᠠᠨᠠᠭ᠎ᠠ ᠤᠯᠤᠰ ᠲᠥᠷᠥ ᠶᠢᠨ ᠪᠣᠭᠤᠮᠲᠠ ᠶᠢ ᠴᠢᠩᠭ᠎ᠠ ᠠᠳᠬᠤᠪᠠ᠃ ᠬᠢᠴᠢᠶᠡᠯ ᠤᠨ

ᠲᠥᠰᠦᠯ ᠪᠠ ᠬᠢᠴᠢᠶᠡᠯ ᠤᠨ ᠪᠠᠷᠢᠮᠵᠢᠶ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ

ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠶᠣᠰᠣ ᠰᠤᠷᠲᠠᠬᠤᠨ ᠢ ᠪᠣᠢ

ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ

ᠲᠡᠷᠢᠭᠦᠨ ᠤ ᠰᠣᠶᠣᠯ᠂ ᠬᠤᠪᠢᠰᠬᠠᠯᠲᠤ ᠰᠣᠶᠣᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠵᠢᠴᠢ

ᠬᠠᠤᠯᠢ ᠪᠠᠷ ᠵᠠᠰᠠᠬᠤ᠂ ᠤᠯᠤᠰ ᠤᠨ ᠠᠮᠤᠷ ᠲᠦᠪᠰᠢᠨ᠂ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ

ᠵᠡᠷᠭᠡ ᠬᠥᠮᠦᠵᠢᠯ ᠤᠨ ᠱᠠᠭᠠᠷᠳᠠᠯᠭ᠎ᠠ ᠲᠠᠢ ᠣᠷᠭᠠᠨᠢᠭ ᠢᠶᠠᠷ ᠠᠭᠤᠰᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ

ᠠᠮᠤᠷ ᠲᠦᠪᠰᠢᠨ ᠢ ᠪᠠᠲᠤᠯᠠᠬᠤ ᠶᠢ ᠴᠢᠬᠤᠯᠠᠴᠢᠯᠠᠪᠠ᠃

     ᠬᠤᠶᠠᠷ ᠲᠤ᠂ ᠰᠣᠷᠣᠭᠴᠢ ᠪᠠᠷ ᠦᠨᠳᠦᠰᠦ ᠪᠣᠯᠭᠠᠬᠤ ᠣᠨᠣᠯᠵᠢᠬᠤᠨ ᠢ ᠨᠠᠶᠢᠳᠠᠪᠤᠷᠢᠵᠢᠭᠤᠯᠪᠠ᠃

ᠬᠢᠴᠢᠶᠡᠯ ᠳᠤ ᠵᠠᠰᠠᠪᠤᠷᠢ ᠣᠷᠣᠭᠤᠯᠬᠤ ᠳᠤ ᠢᠯᠡᠷᠡᠭᠦᠯᠦᠭᠰᠡᠨ ᠥᠭᠡᠷᠡᠴᠢᠯᠡᠯᠲᠡ ᠶᠢᠨ ᠴᠢᠭᠯᠡᠯ ᠢ ᠪᠥᠬᠦ ᠲᠠᠯ᠎ᠠ ᠪᠠᠷ

ᠪᠠᠶᠢᠴᠠᠭᠠᠨ ᠦᠵᠡᠵᠦ᠂ ᠪᠥᠬᠦ ᠲᠠᠯ᠎ᠠ ᠪᠠᠷ ᠬᠥᠮᠦᠨ ᠢ ᠬᠥᠮᠦᠵᠢᠭᠦᠯᠬᠦ᠂ ᠪᠥᠬᠦ ᠲᠠᠯ᠎ᠠ ᠳᠤ ᠬᠠᠨᠳᠤᠭᠤᠯᠬᠤ᠂ ᠬᠡᠪ

ᠪᠣᠯᠪᠠᠰᠤᠷᠠᠯ ᠢᠶᠠᠷ ᠤᠳᠤᠷᠢᠳᠤᠮᠵᠢ ᠪᠣᠯᠭᠠᠬᠤ᠂ ᠶᠡᠷᠦᠩᠬᠡᠶᠢᠯᠡᠭᠰᠡᠨ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ

ᠳᠣᠪᠤᠶᠢᠯᠭᠠᠬᠤ᠂ ᠳᠠᠷᠤᠭᠠᠰᠤ ᠶᠢ ᠬᠥᠩᠭᠡᠷᠡᠭᠦᠯᠵᠦ  ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠦᠨᠳᠦᠰᠦᠨ

ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠰᠤᠷᠤᠯᠴᠠᠯᠭ᠎ᠠ ᠳᠠᠬᠢ ᠭᠤᠤᠯ ᠴᠣᠭᠴᠠ ᠶᠢᠨ  

ᠦᠢᠯᠡᠳᠦᠯ ᠢ ᠭᠦᠢᠴᠡᠳ ᠪᠠᠳᠠᠷᠠᠭᠤᠯᠪᠠ᠃

     ᠭᠤᠷᠪᠠ ᠳᠤ᠂ ᠬᠢᠨᠠᠨ ᠵᠦᠪᠯᠡᠬᠦ ᠪᠠᠷ ᠵᠠᠰᠠᠪᠤᠷᠢ ᠣᠷᠣᠭᠤᠯᠬᠤ ᠶᠢ ᠠᠬᠢᠭᠤᠯᠬᠤ ᠶᠢ ᠪᠠᠷᠢᠮᠲᠠᠯᠠᠪᠠ᠃

ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠶᠠᠪᠤᠴᠠ ᠳᠠᠬᠢ

ᠵᠢᠯᠣᠭᠤᠳᠣᠯᠭ᠎ᠠ ᠶᠢ ᠴᠢᠩᠭᠠᠳᠬᠠᠵᠤ᠂ ᠴᠢᠬᠤᠯᠠ ᠠᠵᠢᠯ ᠤᠨ ᠭᠤᠭᠴᠤᠭ᠎ᠠ ᠪᠠ ᠴᠠᠭ ᠤᠨ ᠵᠠᠩᠭᠢᠶᠠᠰᠤ ᠳᠤ ᠱᠠᠲᠤᠴᠢ

ᠴᠢᠨᠠᠷᠲᠠᠶ ᠦᠷ᠎ᠡ ᠪᠦᠲᠦᠭᠡᠯ ᠢ ᠬᠢᠨᠠᠨ ᠵᠥᠪᠯᠡᠬᠦ᠂ ᠴᠠᠭ ᠲᠤᠬᠠᠶ ᠳᠤ ᠨᠢ ᠬᠠᠷᠢᠭᠤ ᠪᠤᠴᠠᠭᠠᠬᠤ ᠶᠢ ᠥᠷᠨᠢᠭᠦᠯᠵᠦ᠂

ᠬᠢᠨᠠᠨ ᠵᠥᠪᠯᠡᠬᠦ ᠲᠤᠰᠬᠠᠶ ᠮᠡᠷᠭᠡᠵᠢᠯᠲᠡᠨ ᠪᠠ ᠵᠠᠰᠠᠪᠤᠷᠢ ᠣᠷᠣᠭᠤᠯᠬᠤ ᠲᠤᠰᠬᠠᠶ ᠮᠡᠷᠭᠡᠵᠢᠯᠲᠡᠨ ᠤ ᠰᠣᠯᠢᠯᠴᠠᠵᠤ

ᠰᠤᠳᠤᠯᠤᠨ ᠶᠠᠷᠢᠯᠴᠠᠬᠤ ᠶᠢ ᠴᠢᠩᠭᠠᠷᠠᠭᠤᠯᠵᠤ᠂ ᠵᠠᠰᠠᠪᠤᠷᠢ ᠣᠷᠣᠭᠤᠯᠬᠤ ᠴᠢᠨᠠᠷ ᠴᠢᠨᠰᠠᠭ᠎ᠠ ᠶᠢ ᠬᠠᠮᠲᠤ ᠪᠠᠷ

ᠳᠡᠭᠡᠭᠰᠢᠯᠡᠭᠦᠯᠪᠡ᠃

     ᠬᠤᠶᠠᠷ᠂ ᠬᠢᠨᠠᠨ ᠵᠦᠪᠯᠡᠵᠦ ᠬᠢᠨᠠᠨ ᠪᠠᠶᠢᠴᠠᠭᠠᠭᠰᠠᠨ ᠶᠠᠪᠤᠴᠠ

     ᠨᠢᠭᠡ ᠳᠤ᠂ ᠤᠷᠢᠳᠴᠢᠯᠠᠨ ᠬᠢᠨᠠᠬᠤ ᠪᠠ ᠵᠢᠩᠬᠢᠨᠢ ᠪᠠᠷ ᠬᠢᠨᠠᠨ ᠵᠦᠪᠯᠡᠬᠦ ᠠᠵᠢᠯ ᠢ ᠥᠷᠨᠢᠭᠦᠯᠪᠡ᠃ ᠵᠠᠰᠠᠪᠤᠷᠢ

ᠣᠷᠣᠭᠤᠯᠬᠤ ᠴᠢᠨᠠᠷ ᠴᠢᠨᠰᠠᠭ᠎ᠠ ᠶᠢ ᠪᠠᠲᠤᠯᠠᠵᠤ᠂ ᠲᠤᠰᠬᠠᠶ ᠮᠡᠷᠭᠡᠵᠢᠯ ᠤᠨ ᠪᠣᠭᠤᠮᠲᠠ ᠶᠢ ᠴᠢᠩᠭᠠᠳᠬᠠᠬᠤ ᠶᠢᠨ

ᠲᠥᠯᠥᠭᠡ᠂ 2021 ᠣᠨ ᠤ 4 - 8 ᠰᠠᠷ᠎ᠠ ᠪᠣᠯᠲᠠᠯ᠎ᠠ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠤᠨ

ᠲᠤᠰᠬᠠᠶ ᠮᠡᠷᠭᠡᠵᠢᠯᠲᠡᠨ ᠤ ᠵᠥᠪᠯᠡᠯ ᠢ ᠵᠣᠬᠢᠶᠠᠨ ᠪᠠᠶᠢᠭᠤᠯᠵᠤ᠂ ᠬᠢᠴᠢᠶᠡᠯ ᠤᠨ ᠲᠥᠰᠦᠯ ᠪᠠ ᠬᠡᠯᠡ ᠪᠢᠴᠢᠭ ᠵᠡᠷᠭᠡ

16 ᠬᠢᠴᠢᠶᠡᠯ ᠤᠨ ᠪᠠᠷᠢᠮᠵᠢᠶ᠎ᠠ ᠶᠢ ᠤᠷᠢᠳ ᠬᠤᠵᠢᠳ ᠤᠷᠢᠳᠴᠢᠯᠠᠨ ᠬᠢᠨᠠᠵᠤ ᠵᠢᠩᠬᠢᠨᠢ ᠪᠠᠷ ᠬᠢᠨᠠᠨ ᠵᠥᠪᠯᠡᠪᠡ᠃

ᠴᠢᠭᠯᠡᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠶᠢᠨ ᠬᠠᠮᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠳᠤᠮᠳᠠᠳᠤ ᠶᠢᠨ ᠰᠢᠯᠢᠳᠡᠭ

ᠤᠯᠠᠮᠵᠢᠯᠠᠯᠲᠤ ᠰᠣᠶᠣᠯ᠂ ᠬᠤᠪᠢᠰᠬᠠᠯᠲᠤ ᠤᠯᠠᠮᠵᠢᠯᠠᠯ᠂ ᠬᠠᠤᠯᠢ ᠪᠠᠷ ᠵᠠᠰᠠᠬᠤ᠂ ᠤᠯᠤᠰ ᠤᠨ ᠠᠮᠤᠷ ᠲᠦᠪᠰᠢᠨ᠂

ᠠᠮᠢ ᠨᠠᠰᠤᠨ ᠤ ᠠᠮᠤᠷ ᠲᠦᠪᠰᠢᠨ ᠬᠢᠭᠡᠳ ᠡᠷᠡᠭᠦᠯ ᠮᠡᠨᠳᠦ ᠵᠡᠷᠭᠡ ᠴᠢᠬᠤᠯᠠ ᠶᠡᠭᠡ ᠭᠤᠤᠯ ᠰᠡᠳᠦᠪᠲᠦ ᠬᠥᠮᠦᠵᠢᠯ ᠢ

ᠬᠢᠴᠢᠶᠡᠯ ᠳᠤ ᠣᠷᠣᠭᠤᠯᠬᠤ ᠱᠠᠭᠠᠷᠳᠠᠯᠭ᠎ᠠ ᠶᠢᠨ ᠲᠣᠭᠤᠷᠢᠨ ᠳᠤ ᠲᠤᠰᠬᠠᠶ ᠬᠢᠨᠠᠨ ᠪᠠᠶᠢᠴᠠᠭᠠᠪᠠ᠃

     ᠬᠤᠶᠠᠷ ᠲᠤ᠂ ᠲᠤᠰᠬᠠᠶ ᠬᠢᠨᠠᠨ ᠪᠠᠶᠢᠴᠠᠭᠠᠯᠲᠠ ᠶᠢ ᠥᠷᠨᠢᠭᠦᠯᠪᠡ᠃ 2021 ᠣᠨ ᠤ 11 ᠰᠠᠷ᠎ᠠ ᠳᠤ

ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠳᠠᠷᠠᠭ᠎ᠠ

ᠡᠯ᠎ᠡ ᠬᠢᠨᠠᠨ ᠵᠥᠪᠯᠡᠬᠦ ᠳᠤᠭᠤᠶᠢᠯᠠᠩ ᠢ ᠵᠣᠬᠢᠶᠠᠨ ᠪᠠᠶᠢᠭᠤᠯᠵᠤ᠂ ᠵᠢᠷᠭᠤᠳᠤᠭᠠᠷ ᠪᠥᠬᠦᠳᠡ ᠬᠤᠷᠠᠯ ᠤᠨ ᠠᠯᠪᠠᠨ

ᠮᠡᠳᠡᠭᠡ ᠪᠠ ᠰᠢᠢᠳᠪᠦᠷᠢ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠢᠴᠢᠶᠡᠯ ᠤᠨ ᠲᠥᠰᠦᠯ ᠪᠠ ᠬᠢᠴᠢᠶᠡᠯ ᠤᠨ

ᠪᠠᠷᠢᠮᠵᠢᠶ᠎ᠠ ᠳᠤ ᠬᠤᠷᠠᠯ ᠤᠨ ᠵᠣᠷᠢᠭ  ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠬᠤᠯᠪᠤᠭᠳᠠᠬᠤ ᠵᠠᠰᠠᠪᠤᠷᠢ

ᠣᠷᠣᠭᠤᠯᠤᠭᠰᠠᠨ ᠠᠭᠤᠯᠭ᠎ᠠ ᠶᠢ ᠲᠤᠰᠬᠠᠶ ᠬᠢᠨᠠᠨ ᠪᠠᠶᠢᠴᠠᠭᠠᠪᠠ᠃

     ᠭᠤᠷᠪᠠ ᠳᠤ᠂ ᠬᠢᠨᠠᠨ ᠪᠠᠶᠢᠴᠠᠭᠠᠵᠤ ᠪᠠᠲᠤᠯᠠᠪᠠ᠃ 2021 ᠣᠨ ᠤ 12 ᠰᠠᠷ᠎ᠠ ᠳᠤ᠂ ᠤᠯᠤᠰ ᠤᠨ ᠵᠢᠭᠠᠬᠤ

ᠮᠠᠲ᠋ᠧᠷᠢᠶᠠᠯ ᠤᠨ ᠵᠥᠪᠯᠡᠯ ᠤᠨ ᠬᠡᠰᠢᠭᠦᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠬᠢᠴᠢᠶᠡᠯ ᠤᠨ ᠲᠥᠰᠦᠯ ᠪᠠ ᠬᠡᠯᠡ ᠪᠢᠴᠢᠭ ᠵᠡᠷᠭᠡ 16 ᠬᠢᠴᠢᠶᠡᠯ ᠤᠨ ᠪᠠᠷᠢᠮᠵᠢᠶ᠎ᠠ ᠶᠢ ᠬᠢᠨᠠᠨ

ᠪᠠᠲᠤᠯᠠᠪᠠ᠃

     ᠭᠤᠷᠪᠠ᠂ ᠬᠢᠨᠠᠨ ᠵᠦᠪᠯᠡᠵᠦ ᠬᠢᠨᠠᠨ ᠪᠠᠶᠢᠴᠠᠭᠠᠭᠰᠠᠨ ᠳ᠋ᠦᠩᠨᠡᠯᠲᠡ

     ᠬᠢᠨᠠᠨ ᠵᠦᠪᠯᠡᠵᠦ ᠬᠢᠨᠠᠨ ᠪᠠᠶᠢᠴᠠᠭᠠᠭᠠᠳ᠂ ᠡᠨᠡ ᠤᠳᠠᠭ᠎ᠠ ᠵᠠᠰᠠᠪᠤᠷᠢ ᠣᠷᠣᠭᠤᠯᠬᠤ ᠳᠤ ᠪᠠᠨ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ

ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ

ᠡᠭᠦᠷᠭᠡ ᠶᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠢ ᠪᠦᠬᠦᠯᠢ

ᠴᠣᠭᠴᠠ ᠪᠠᠷ ᠲᠥᠯᠦᠪᠵᠢᠭᠦᠯᠵᠦ ᠰᠢᠰᠲ᠋ᠧᠮᠲᠡᠢ ᠲᠡᠭᠦᠯᠳᠡᠷᠵᠢᠭᠦᠯᠪᠡ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ

ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠨᠢ

ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠴᠢᠶᠡᠯ ᠢᠶᠠᠷ ᠬᠥᠮᠦᠨ ᠢ ᠬᠥᠮᠦᠵᠢᠭᠦᠯᠬᠦ ᠴᠢᠳᠠᠮᠵᠢ ᠶᠢ

ᠴᠢᠩᠭᠠᠷᠠᠭᠤᠯᠵᠤ᠂ ᠰᠡᠳᠬᠢᠮᠵᠢ ᠨᠢ ᠲᠣᠳᠣᠷᠬᠠᠶ᠂ ᠯᠣᠭᠢᠭ ᠨᠢ ᠴᠢᠩᠭ᠎ᠠ ᠨᠢᠮᠪᠠᠶ᠂ ᠪᠦᠲᠦᠴᠡ ᠨᠢ ᠵᠦᠶ ᠵᠣᠬᠢᠰᠲᠠᠶ᠂

ᠭᠤᠤᠯᠳᠠᠯᠭ᠎ᠠ ᠨᠢ ᠲᠣᠪᠤᠶᠢᠮ᠎ᠠ ᠪᠠᠶᠢᠵᠤ᠂ ᠳᠤᠤᠷᠠᠬᠢ ᠳᠥᠷᠪᠡᠨ ᠲᠠᠯ᠎ᠠ ᠪᠠᠷ ᠪᠣᠳᠠᠲᠠᠶ ᠢᠯᠡᠷᠡᠵᠦ ᠪᠠᠶᠢᠨ᠎ᠠ᠄

     ︵ᠨᠢᠭᠡ︶ ᠬᠥᠮᠦᠨ ᠢ ᠬᠥᠮᠦᠵᠢᠭᠦᠯᠬᠦ ᠬᠠᠷᠠᠯᠲᠠ ᠶᠢ ᠨᠡᠩ ᠰᠢᠰᠲ᠋ᠧᠮᠲᠡᠢ ᠲᠣᠳᠤᠷᠠᠭᠤᠯᠵᠤ᠂ ᠤᠯᠤᠰ ᠤᠨ

ᠵᠣᠷᠢᠭ ᠰᠠᠨᠠᠭ᠎ᠠ ᠶᠢ ᠢᠯᠡᠷᠡᠭᠦᠯᠪᠡ᠃ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ

ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠶᠣᠰᠣ ᠰᠤᠷᠲᠠᠬᠤᠨ ᠢ ᠪᠣᠢ ᠪᠣᠯᠭᠠᠵᠤ

ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠬᠢᠴᠢᠶᠡᠯ ᠤᠨ

ᠥᠭᠡᠷᠡᠴᠢᠯᠡᠯᠲᠡ ᠶᠢᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠬᠥᠮᠦᠨ ᠢ ᠬᠥᠮᠦᠵᠢᠭᠦᠯᠬᠦ ᠬᠠᠷᠠᠯᠲᠠ ᠶᠢ ᠵᠢᠷᠤᠵᠤ

ᠲᠥᠯᠥᠪᠯᠡᠬᠦ ᠲᠠᠯ᠎ᠠ ᠪᠠᠷ ᠳᠤᠮᠳᠠᠳᠤ ᠤᠯᠤᠰ ᠤᠨ ᠣᠨᠴᠠᠯᠢᠭ ᠢ ᠭᠦᠢᠴᠡᠳ ᠢᠯᠡᠷᠡᠭᠦᠯᠪᠡ᠃ ᠵᠢᠱᠢᠶᠡᠯᠡᠪᠡᠯ᠂

ᠬᠢᠴᠢᠶᠡᠯ ᠤᠨ ᠲᠥᠰᠦᠯ ᠨᠢ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠪᠣᠳᠣᠯᠬᠢᠯᠠᠵᠤ᠂ ᠴᠠᠭ ᠦᠶ᠎ᠡ ᠶᠢᠨ ᠰᠢᠨ᠎ᠡ

ᠬᠥᠮᠦᠨ ᠤ ᠳᠥᠷᠢ ᠳᠥᠷᠬᠦ ᠶᠢ ᠵᠢᠷᠤᠭᠯᠠᠵᠤ᠂ ᠬᠦᠰᠡᠯᠡᠩ ᠲᠠᠢ᠂ ᠴᠢᠳᠠᠪᠤᠷᠢ ᠲᠠᠢ᠂ ᠡᠭᠦᠷᠭᠡᠯᠡᠯ ᠲᠠᠢ ᠪᠠᠶᠢᠬᠤ ᠭᠤᠷᠪᠠᠨ

ᠲᠠᠯ᠎ᠠ ᠠᠴᠠ ︽ᠲᠠᠪᠤ ᠶᠢ ᠬᠥᠮᠦᠵᠢᠭᠦᠯᠬᠦ︾ ᠶᠢ ᠵᠡᠷᠭᠡ ᠪᠠᠷ ᠴᠢᠬᠤᠯᠠᠴᠢᠯᠠᠬᠤ ᠬᠠᠷᠠᠯᠲᠠ ᠶᠢᠨ ᠳᠣᠭᠲᠠᠯᠴᠠᠭ᠎ᠠ ᠶᠢ

ᠰᠢᠰᠲ᠋ᠧᠮᠲᠡᠢ ᠪᠠᠶᠢᠭᠤᠯᠪᠠ᠃ ᠬᠡᠯᠡ ᠪᠢᠴᠢᠭ ᠤᠨ ᠬᠢᠴᠢᠶᠡᠯ ᠢ ︽ᠰᠣᠶᠣᠯ ᠤᠨ ᠢᠲᠡᠭᠡᠯ︾ ᠢ ᠭᠤᠣᠯᠳᠠᠯᠭᠠᠲᠠᠢ

ᠬᠥᠮᠦᠵᠢᠭᠦᠯᠬᠦ ᠰᠤᠷᠤᠭᠴᠢᠳ ᠤᠨ ᠭᠤᠣᠯᠯᠠᠬᠤ ᠬᠡᠪ ᠪᠣᠯᠪᠠᠰᠤᠷᠠᠯ ᠤᠨ ᠨᠢᠭᠡ ᠪᠣᠯᠭᠠᠵᠤ᠂ ᠬᠡᠯᠡ ᠪᠢᠴᠢᠭ ᠤᠨ

ᠪᠠᠭᠠᠵᠢᠴᠢ ᠴᠢᠨᠠᠷ ᠪᠠ ᠬᠥᠮᠦᠨ ᠰᠣᠶᠤᠯ ᠤᠨ ᠴᠢᠨᠠᠷ ᠢ ᠨᠢᠭᠡᠳᠬᠡᠭᠰᠡᠨ ᠣᠨᠴᠠᠯᠢᠭ ᠢ ᠢᠯᠡᠷᠡᠭᠦᠯᠪᠡ᠃ ᠲᠡᠦᠬᠡ ᠶᠢᠨ

ᠬᠢᠴᠢᠶᠡᠯ ᠳᠤ ᠰᠤᠷᠤᠭᠴᠢᠳ ᠤᠨ ᠲᠡᠦᠬᠡ ᠶᠢᠨ ᠪᠣᠳᠠᠰᠴᠢ ᠦᠵᠡᠯ ᠢ ᠬᠥᠮᠦᠵᠢᠭᠦᠯᠬᠦ ᠶᠢ ᠴᠢᠬᠤᠯᠠᠴᠢᠯᠠᠵᠤ᠂

ᠰᠤᠷᠤᠭᠴᠢᠳ ᠢ ᠬᠥᠲᠥᠯᠥᠨ ᠵᠢᠯᠣᠭᠤᠳᠴᠤ ᠠᠩᠬ᠎ᠠ ᠠᠯᠬᠤᠮ ᠵᠥᠪ ᠲᠡᠦᠬᠡ ᠶᠢᠨ ᠦᠵᠡᠯᠲᠡ᠂ ᠦᠨᠳᠦᠰᠦᠲᠡᠨ ᠤ

ᠦᠵᠡᠯᠲᠡ᠂ ᠤᠯᠤᠰ ᠤᠨ ᠦᠵᠡᠯᠲᠡ ᠪᠠ ᠰᠣᠶᠣᠯ ᠤᠨ ᠦᠵᠡᠯᠲᠡ ᠲᠠᠢ  ᠪᠣᠯᠭᠠᠨ᠎ᠠ᠃

     ︵ᠬᠤᠶᠠᠷ︶ ᠬᠢᠴᠢᠶᠡᠯ ᠢ ᠨᠢᠭᠡ ᠴᠣᠭᠴᠠᠵᠢᠭᠤᠯᠤᠨ ᠲᠥᠯᠦᠪᠵᠢᠭᠦᠯᠬᠦ ᠣᠨᠣᠯᠵᠢᠬᠤᠨ ᠢ ᠤᠯᠠᠮ ᠨᠢᠭᠡ ᠠᠯᠬᠤᠮ

ᠴᠢᠩᠭᠠᠳᠬᠠᠪᠠ᠃ ᠭᠤᠤᠯᠯᠠᠬᠤ ᠬᠡᠪ ᠪᠣᠯᠪᠠᠰᠤᠷᠠᠯ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠢᠴᠢᠶᠡᠯ ᠤᠨ

ᠠᠭᠤᠯᠭ᠎ᠠ ᠶᠢᠨ ᠪᠥᠲᠦᠴᠡ ᠶᠢ ᠠᠬᠢᠭᠤᠯᠵᠤ᠂ ᠬᠢᠴᠢᠶᠡᠯ ᠤᠨ ᠰᠢᠰᠲ᠋ᠧᠮᠴᠢ ᠴᠢᠨᠠᠷ ᠢ ᠪᠥᠬᠦ ᠲᠠᠯ᠎ᠠ ᠪᠠᠷ

ᠳᠡᠭᠡᠭᠰᠢᠯᠡᠭᠦᠯᠪᠡ᠃ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ ᠭᠡᠬᠦ ᠬᠢᠴᠢᠶᠡᠯ ᠨᠢ ︽ᠳᠡᠭᠡᠳᠦ ᠰᠤᠷᠭᠠᠭᠤᠯᠢ᠂

ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠤᠬᠴᠠᠵᠢᠭᠤᠯᠬᠤ︾

ᠣᠨᠣᠯᠵᠢᠬᠤᠨ ᠢ ᠪᠠᠷᠢᠮᠲᠠᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ᠂ ᠬᠢᠵᠢᠭ ᠲᠠᠢ ᠲᠡᠮᠡᠴᠡᠬᠦ ᠠᠭᠤᠤ

ᠶᠡᠭᠡ ᠵᠣᠷᠢᠭ ᠰᠠᠨᠠᠭ᠎ᠠ ᠵᠢᠴᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠵᠡᠷᠭᠡ ᠴᠢᠬᠤᠯᠠ ᠶᠡᠭᠡ ᠭᠤᠤᠯ

ᠰᠡᠳᠦᠪᠲᠦ ᠬᠥᠮᠦᠵᠢᠯ ᠢ ᠬᠢᠴᠢᠶᠡᠯ ᠳᠤ ᠣᠷᠣᠭᠤᠯᠬᠤ ᠱᠠᠭᠠᠷᠳᠠᠯᠭ᠎ᠠ ᠶᠢ ᠴᠢᠩᠭᠠᠳᠬᠠᠪᠠ᠃ ᠭᠠᠵᠠᠷ ᠵᠦᠶ ᠶᠢᠨ

ᠬᠢᠴᠢᠶᠡᠯ ᠳᠤ ᠬᠥᠮᠦᠨ ᠲᠥᠷᠥᠯᠬᠢᠲᠡᠨ ᠤ ᠳᠡᠯᠡᠬᠡᠶ ᠶᠢᠨ ᠪᠥᠮᠪᠥᠷᠴᠡᠭ ᠭᠡᠷ ᠣᠷᠣᠨ ᠢᠶᠠᠷ ᠭᠤᠤᠯ ᠰᠢᠵᠢᠮ ᠪᠣᠯᠭᠠᠵᠤ᠂

ᠪᠥᠬᠦ ᠪᠥᠮᠪᠥᠷᠴᠡᠭ ᠪᠠ ᠣᠷᠣᠨ ᠪᠦᠰᠡ ᠶᠢ ᠲᠠᠨᠢᠬᠤ ᠪᠠᠷ ᠮᠡᠳᠡᠯᠭᠡ ᠶᠢᠨ ᠰᠠᠭᠤᠷᠢ ᠪᠣᠯᠭᠠᠵᠤ᠂ ᠭᠠᠵᠠᠷ ᠵᠦᠶ ᠶᠢᠨ

ᠦᠢᠯᠡᠳᠦᠯᠭᠡ ᠪᠠ ᠭᠠᠵᠠᠷ ᠵᠦᠶ ᠶᠢᠨ ᠪᠠᠭᠠᠵᠢ ᠪᠠᠷ ᠲᠡᠭᠦᠨ ᠤ ᠳᠣᠲᠣᠷᠠᠬᠢ ᠠᠭᠤᠯᠭ᠎ᠠ ᠶᠢᠨ ᠲᠥᠰᠦᠪ ᠢ

ᠲᠤᠭᠤᠰᠢᠯᠠᠭᠤᠯᠪᠠ᠃ ᠰᠢᠨᠵᠢᠯᠡᠬᠦ ᠤᠬᠠᠭᠠᠨ᠂ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ ᠰᠢᠨᠵᠢᠯᠡᠬᠦ

ᠤᠬᠠᠭᠠᠨ ᠤ ᠬᠦᠷᠢᠶᠡᠨ ᠳᠠᠬᠢ ᠬᠢᠴᠢᠶᠡᠯ ᠨᠢ ᠬᠠᠷᠠᠯᠲᠠ ᠬᠢᠭᠡᠳ ᠠᠭᠤᠯᠭ᠎ᠠ ᠶᠢᠨ ᠪᠦᠲᠦᠴᠡ ᠶᠢᠨ ᠲᠠᠯ᠎ᠠ ᠪᠠᠷ

ᠭᠤᠯᠳᠤ ᠪᠠᠷ  ᠵᠣᠯᠭᠠᠯᠳᠤᠬᠤ ᠪᠠ ᠬᠥᠨᠳᠡᠯᠡᠨ ᠢᠶᠠᠷ ᠬᠠᠮᠵᠢᠯᠴᠠᠬᠤ ᠶᠢ ᠴᠢᠬᠤᠯᠠᠴᠢᠯᠠᠵᠤ᠂ ᠨᠡᠶᠢᠲᠡᠯᠢᠭ ᠴᠢᠨᠠᠷ ᠤᠨ ᠬᠡᠪ

ᠪᠣᠯᠪᠠᠰᠤᠷᠠᠯ ᠢ ᠬᠥᠮᠥᠵᠢᠭᠦᠯᠬᠦ ᠶᠢ ᠴᠢᠩᠭᠠᠳᠬᠠᠪᠠ᠃

     ︵ᠭᠤᠷᠪᠠ︶ ᠰᠢᠨ᠎ᠡ ᠶᠢ ᠡᠭᠦᠳᠬᠦ ᠴᠢᠨᠠᠷ ᠪᠠ ᠦᠢᠯᠡᠳᠦᠯᠭᠡ ᠶᠢᠨ ᠴᠢᠨᠠᠷ ᠢ ᠤᠯᠠᠮ ᠨᠢᠭᠡ ᠠᠯᠬᠤᠮ

ᠳᠣᠪᠤᠶᠢᠯᠭᠠᠪᠠ᠃ ᠤᠳᠠᠭ᠎ᠠ ᠪᠦᠷᠢ ᠶᠢᠨ ᠬᠢᠴᠢᠶᠡᠯ ᠳᠤ ᠵᠠᠰᠠᠪᠤᠷᠢ ᠣᠷᠣᠭᠤᠯᠤᠭᠰᠠᠨ ᠲᠤᠷᠰᠢᠯᠭ᠎ᠠ ᠶᠢ ᠰᠢᠩᠭᠡᠭᠡᠨ

ᠠᠪᠴᠤ᠂ ᠡᠯ᠎ᠡ ᠬᠢᠴᠢᠶᠡᠯ ᠤᠨ ᠪᠠᠷᠢᠮᠵᠢᠶ᠎ᠠ ᠨᠢ ᠭᠤᠤᠯ ᠬᠡᠪ ᠪᠣᠯᠪᠠᠰᠤᠷᠠᠯ ᠢᠶᠠᠷ ᠬᠥᠲᠥᠯᠪᠦᠷᠢ ᠪᠣᠯᠭᠠᠨ ᠬᠢᠴᠢᠶᠡᠯ ᠤᠨ

ᠬᠠᠷᠠᠯᠲᠠ ᠶᠢ ᠢᠯᠡᠷᠡᠭᠦᠯᠵᠦ᠂ ᠭᠤᠤᠯ ᠰᠡᠳᠦᠪ᠂ ᠲᠥᠷᠥᠯ ᠵᠦᠢᠯ ᠪᠤᠶᠤ ᠠᠵᠢᠯᠯᠠᠭ᠎ᠠ ᠪᠠᠷ ᠬᠢᠴᠢᠶᠡᠯ ᠤᠨ ᠠᠭᠤᠯᠭ᠎ᠠ ᠶᠢ

ᠵᠣᠬᠢᠶᠠᠨ ᠪᠠᠶᠢᠭᠤᠯᠵᠤ᠂ ᠬᠢᠴᠢᠶᠡᠯ ᠲᠥᠷᠦᠯ ᠤᠨ ᠦᠢᠯᠡᠳᠦᠯᠭᠡ ᠪᠠ ᠬᠢᠴᠢᠶᠡᠯ ᠲᠥᠷᠦᠯ ᠠᠯᠤᠰᠯᠠᠭᠰᠠᠨ

ᠦᠢᠯᠡᠳᠦᠯᠭᠡ ᠶᠢ ᠴᠢᠩᠭᠠᠳᠬᠠᠵᠤ᠂ ᠵᠢᠭᠠᠨ ᠰᠤᠷᠭᠠᠬᠤ ᠠᠭᠤᠯᠭ᠎ᠠ ᠪᠠ ᠠᠷᠭ᠎ᠠ ᠮᠠᠶ᠋ᠢᠭ ᠤᠨ ᠭᠦᠨ ᠳᠠᠪᠬᠤᠷᠭ᠎ᠠ ᠶᠢᠨ

ᠬᠤᠪᠢᠷᠠᠯᠲᠠ ᠶᠢ ᠳᠠᠶᠢᠴᠢᠯᠠᠪᠠ᠃ ᠬᠥᠳᠡᠯᠮᠦᠷᠢ ᠶᠢᠨ ᠬᠢᠴᠢᠶᠡᠯ ᠨᠢ ᠬᠥᠳᠡᠯᠮᠦᠷᠢ ᠶᠢᠨ ᠵᠣᠷᠢᠭ ᠰᠠᠨᠠᠭ᠎ᠠ ᠪᠠᠷ

ᠵᠢᠯᠣᠭᠤᠳᠣᠯᠭ᠎ᠠ ᠪᠣᠯᠭᠠᠵᠤ᠂ ᠵᠥᠪ ᠬᠥᠳᠡᠯᠮᠦᠷᠢ ᠶᠢᠨ ᠥᠷᠲᠡᠭ ᠤᠨ ᠦᠵᠡᠯᠲᠡ ᠪᠠ ᠰᠠᠶᠢᠨ ᠰᠠᠶᠢᠬᠠᠨ

ᠬᠥᠳᠡᠯᠮᠦᠷᠢ ᠶᠢᠨ ᠵᠠᠩ ᠰᠤᠷᠳᠠᠯ ᠤᠨ ᠲᠣᠭᠤᠷᠢᠨ ᠳᠤ ᠰᠤᠷᠤᠭᠴᠢᠳ ᠤᠨ ᠦᠢᠯᠡᠳᠦᠯᠭᠡᠵᠢᠭᠦᠯᠬᠦ᠂ ᠬᠦᠴᠦ ᠬᠥᠳᠡᠯᠮᠦᠷᠢ

ᠭᠠᠷᠭᠠᠬᠤ᠂ ᠳᠠᠪᠲᠠᠨ ᠪᠣᠯᠪᠠᠰᠤᠷᠠᠬᠤ᠂ ᠡᠷᠴᠢ ᠵᠣᠷᠢᠭ ᠢ ᠬᠥᠪᠴᠢᠯᠡᠬᠦ ᠶᠢ ᠤᠯᠠᠮ ᠨᠢᠭᠡ ᠠᠯᠬᠤᠮ ᠴᠢᠬᠤᠯᠠᠴᠢᠯᠠᠪᠠ᠃

ᠲᠣᠭᠠᠨ ᠤ ᠤᠬᠠᠭᠠᠨ ᠤ ᠬᠢᠴᠢᠶᠡᠯ ᠳᠤ ︽ᠲᠣᠭᠠᠨ ᠤ ᠤᠬᠠᠭᠠᠨ ᠤ ᠬᠠᠷᠠᠴᠠ ᠪᠠᠷ ᠪᠣᠳᠠᠲᠤ ᠶᠢᠷᠲᠢᠨᠴᠦ ᠶᠢ ᠠᠵᠢᠭᠯᠠᠵᠤ

ᠴᠢᠳᠠᠬᠤ᠂ ᠲᠣᠭᠠᠨ ᠤ ᠤᠬᠠᠭᠠᠨ ᠤ ᠰᠡᠳᠬᠢᠮᠵᠢ ᠪᠠᠷ ᠪᠣᠳᠠᠲᠤ ᠶᠢᠷᠲᠢᠨᠴᠦ ᠶᠢ ᠰᠡᠳᠬᠢᠵᠦ ᠴᠢᠳᠠᠬᠤ᠂ ᠲᠣᠭᠠᠨ ᠤ

ᠤᠬᠠᠭᠠᠨ ᠤ ᠬᠡᠯᠡ ᠪᠠᠷ ᠪᠣᠳᠠᠲᠤ ᠶᠢᠷᠲᠢᠨᠴᠦ ᠶᠢ ᠢᠯᠡᠳᠬᠡᠵᠦ ᠴᠢᠳᠠᠬᠤ︾ ᠶᠢ ᠳᠤᠷᠠᠳᠴᠤ᠂ ᠬᠢᠴᠢᠶᠡᠯ ᠲᠥᠷᠦᠯ ᠤᠨ

ᠦᠢᠯᠡᠳᠦᠯᠭᠡ ᠪᠠᠷ ᠳᠠᠮᠵᠢᠭᠤᠯᠤᠨ ᠬᠥᠮᠦᠨ ᠢ ᠬᠥᠮᠦᠵᠢᠭᠦᠯᠬᠦ ᠥᠪᠡᠷᠮᠢᠴᠡ ᠦᠨ᠎ᠡ ᠦᠷᠲᠡᠭ ᠢ ᠪᠡᠶᠡᠯᠡᠭᠦᠯᠪᠡ᠃

     ︵ᠳᠥᠷᠪᠡ︶ ᠬᠢᠴᠢᠶᠡᠯ ᠶᠢ ᠬᠡᠷᠡᠭᠵᠢᠭᠦᠯᠬᠦ ᠵᠢᠯᠣᠭᠤᠳᠣᠯᠭ᠎ᠠ ᠶᠢ ᠤᠯᠠᠮ ᠨᠢᠭᠡ ᠠᠯᠬᠤᠮ ᠴᠢᠩᠭᠠᠳᠬᠠᠪᠠ᠃

ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠬᠤ ᠶᠢᠨ ᠲᠥᠯᠥᠭᠡ᠂ ᠬᠢᠴᠢᠶᠡᠯ ᠤᠨ ᠲᠥᠰᠦᠯ ᠪᠠ ᠬᠢᠴᠢᠶᠡᠯ ᠤᠨ

ᠪᠠᠷᠢᠮᠵᠢᠶ᠎ᠠ ᠶᠢ ᠬᠢᠴᠢᠶᠡᠯ ᠤᠨ ᠠᠭᠤᠯᠭ᠎ᠠ ᠶᠢ ᠲᠥᠯᠦᠪᠵᠢᠭᠦᠯᠬᠦ᠂ ᠰᠤᠷᠤᠯᠭ᠎ᠠ ᠶᠢᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢ

ᠰᠤᠳᠤᠯᠤᠨ ᠳᠣᠭᠲᠠᠭᠠᠬᠤ᠂ ᠬᠡᠷᠡᠭ ᠤᠨ ᠵᠢᠱᠢᠶ᠎ᠡ ᠶᠢ ᠪᠠᠶᠠᠯᠢᠭᠵᠢᠭᠤᠯᠬᠤ᠂ ᠨᠥᠬᠦᠴᠡᠯ ᠢ ᠪᠠᠲᠤᠯᠠᠬᠤ ᠵᠡᠷᠭᠡ ᠲᠠᠯ᠎ᠠ ᠪᠠᠷ

ᠨᠠᠷᠢᠯᠢᠬᠵᠢᠭᠤᠯᠤᠨ ᠴᠢᠩᠭᠠᠳᠬᠠᠵᠤ᠂ ᠬᠡᠷᠡᠭᠯᠡᠬᠦ ᠳᠤ ᠰᠠᠶᠢᠨ᠂ ᠲᠤᠰᠠᠲᠠᠢ ᠪᠠᠶᠢᠬᠤ ᠶᠢ ᠴᠢᠷᠮᠠᠶᠢᠨ ᠪᠡᠶᠡᠯᠡᠭᠦᠯᠪᠡ᠃ ᠮᠡᠳᠡᠭᠡ

ᠵᠠᠩᠭᠢᠴᠢᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠴᠢᠶᠡᠯ ᠳᠤ ᠰᠤᠷᠭᠠᠭᠤᠯᠢ ᠶᠢᠨ ᠮᠡᠳᠡᠭᠡ

ᠵᠠᠩᠭᠢᠴᠢᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠷᠰᠢᠯᠲᠠ ᠶᠢᠨ ᠲᠠᠰᠤᠭ ᠤᠨ ᠪᠦᠲᠦᠭᠡᠨ

ᠪᠠᠶᠢᠭᠤᠯᠤᠯᠲᠠ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠰᠤᠷᠤᠭᠴᠢᠳ ᠤᠨ ᠰᠤᠷᠤᠯᠴᠠᠬᠤ ᠳᠤ ᠪᠠᠶᠢᠷᠢ ᠲᠠᠯᠠᠪᠤᠷ᠂

ᠬᠠᠲᠠᠭᠤ ᠲᠣᠨᠤᠭ᠂ ᠵᠥᠭᠡᠯᠡᠨ ᠲᠣᠨᠤᠭ᠂ ᠮᠠᠲ᠋ᠧᠷᠢᠶᠠᠯ ᠪᠠ ᠪᠠᠭᠠᠵᠢ ᠵᠡᠷᠭᠡ ᠶᠢᠨ ᠳᠡᠮᠵᠢᠯᠭᠡ ᠪᠠ ᠪᠠᠲᠤᠯᠠᠭ᠎ᠠ ᠢ ᠬᠠᠩᠭᠠᠪᠠ᠃

ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠳᠤ ᠬᠡᠷᠡᠭᠯᠡᠭᠡᠨ ᠤ ᠣᠷᠴᠢᠨ ᠪᠠᠶᠢᠳᠠᠯ ᠳᠤ ᠰᠤᠷᠤᠭᠴᠢᠳ

 ᠤᠨ ᠰᠣᠷᠣᠭᠰᠠᠨ ᠮᠡᠳᠡᠯᠭᠡ ᠬᠢᠭᠡᠳ ᠤᠷ᠎ᠠ ᠴᠢᠳᠠᠪᠤᠷᠢ ᠶᠢ ᠦᠨᠡᠯᠡᠵᠦ᠂ ᠪᠠᠶᠠᠯᠢᠭ ᠰᠠᠶᠢᠬᠠᠨ᠂ ᠠᠮᠢᠳᠤᠯᠢᠭ ᠰᠣᠨᠢᠷᠬᠠᠯᠲᠠᠶ

ᠰᠤᠷᠤᠯᠴᠠᠵᠤ ᠪᠣᠯᠪᠠᠰᠤᠷᠠᠬᠤ ᠠᠵᠢᠯᠯᠠᠭᠠᠨ ᠤ ᠶᠠᠪᠤᠴᠠ ᠳᠤ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ

ᠰᠠᠨᠠᠭᠠᠴᠢᠯᠠᠪᠠ᠃ ᠭᠠᠳᠠᠭᠠᠳᠤ ᠬᠡᠯᠡᠨ ᠤ ᠬᠢᠴᠢᠶᠡᠯ ᠳᠤ ᠵᠢᠭᠠᠨ ᠰᠤᠷᠭᠠᠯᠲᠠ ᠶᠢᠨ ᠰᠠᠨᠠᠭᠤᠯᠤᠮᠵᠢ ᠶᠢᠨ ᠦᠢᠯᠡᠳᠦᠯ ᠢ

ᠭᠦᠢᠴᠡᠳ ᠪᠠᠳᠠᠷᠠᠭᠤᠯᠵᠤ᠂ ᠨᠢᠭᠡᠴᠢ ᠶᠢᠨ ᠬᠥᠮᠦᠵᠢᠭᠦᠯᠬᠦ ᠦᠨ᠎ᠡ ᠦᠷᠳᠡᠭ ᠢ ᠠᠭᠤᠳᠠᠯᠵᠤ᠂ ᠬᠡᠯᠡ ᠰᠤᠷᠬᠤ

ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠢ ᠬᠠᠪᠰᠤᠷᠤᠨ ᠪᠡᠶᠡᠴᠢᠯᠡᠨ ᠣᠶᠢᠯᠠᠭᠠᠬᠤ ᠶᠠᠪᠤᠴᠠ ᠳᠤ

ᠰᠤᠷᠤᠯᠴᠠᠭᠤᠯᠵᠤ᠂ ᠦᠢᠯᠡᠳᠦᠯᠭᠡ ᠶᠢᠨ ᠶᠠᠪᠤᠴᠠ ᠳᠤ ᠬᠡᠷᠡᠭᠯᠡᠭᠦᠯᠵᠦ᠂ ᠨᠡᠭᠦᠯᠭᠡᠨ ᠰᠢᠯᠵᠢᠭᠦᠯᠬᠦ ᠶᠠᠪᠤᠴᠠ ᠳᠤ ᠰᠢᠨ᠎ᠡ ᠶᠢ

ᠡᠭᠦᠳᠪᠡ᠃ ᠤᠷᠠᠯᠢᠭ ᠤᠨ ᠬᠢᠴᠢᠶᠡᠯ ᠳᠤ ᠭᠤᠤᠯᠯᠠᠬᠤ ᠬᠡᠪ ᠪᠣᠯᠪᠠᠰᠤᠷᠠᠯ ᠳᠤ ᠰᠠᠭᠤᠷᠢᠯᠠᠭᠰᠠᠨ᠂ ᠪᠣᠳᠠᠲᠠᠶ

ᠬᠡᠷᠡᠭᠵᠢᠭᠦᠯᠵᠦ ᠪᠣᠯᠬᠤᠶᠢᠴᠠ ᠶᠠᠪᠤᠴᠠ ᠶᠢᠨ ᠴᠢᠨᠠᠷᠲᠠᠶ ᠦᠨᠡᠯᠡᠬᠦ ᠠᠷᠭ᠎ᠠ ᠮᠠᠶ᠋ᠢᠭ ᠢ ᠨᠡᠮᠡᠵᠦ᠂ ᠦᠨᠡᠯᠡᠬᠦ ᠭᠤᠤᠯ

ᠴᠣᠭᠴᠠ ᠶᠢ ᠣᠯᠠᠨ ᠡᠰᠢᠵᠢᠭᠦᠯᠵᠦ᠂ ᠦᠨᠡᠯᠡᠬᠦ ᠶᠠᠪᠤᠴᠠ ᠶᠢᠨ ᠣᠯᠠᠨ ᠶᠠᠩᠵᠤᠴᠢᠯᠠᠬᠤ ᠶᠢ ᠴᠢᠬᠤᠯᠠᠴᠢᠯᠠᠨ᠂

ᠰᠤᠷᠭᠠᠭᠤᠯᠢ ᠪᠠ ᠪᠠᠭᠰᠢ ᠶᠢ ᠬᠥᠲᠥᠯᠦᠨ ᠵᠢᠯᠣᠭᠤᠳᠴᠤ ᠰᠣᠷᠣᠭᠴᠢ ᠳᠤ ᠪᠥᠬᠦ ᠲᠠᠯ᠎ᠠ ᠶᠢᠨ ᠦᠨᠡᠯᠡᠯᠲᠡ ᠬᠢᠯᠭᠡᠨ᠎ᠡ᠃

     ᠣᠷᠣᠨ ᠨᠤᠲᠤᠭ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠰᠤᠷᠭᠠᠭᠤᠯᠢ ᠰᠢᠨ᠎ᠡ ᠪᠠᠷ ᠵᠠᠰᠠᠪᠤᠷᠢ

     ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠪᠠ ᠬᠢᠴᠢᠶᠡᠯ

     ᠤᠨ ᠪᠠᠷᠢᠮᠵᠢᠶ᠎ᠠ ᠶᠢ ᠬᠡᠷᠬᠢᠨ ᠨᠠᠶᠢᠳᠠᠪᠤᠷᠢᠵᠢᠭᠤᠯᠬᠤ ᠪᠣᠶ︖

            — ᠬᠠᠮᠲᠤ ᠳᠤ ᠪᠠᠨ ᠦᠵᠡᠵᠡᠭᠡᠶ᠎ᠡ︕

     ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠶ᠎ᠠ

                ︵ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ︶

     ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ

ᠲᠥᠰᠦᠯ ᠪᠣᠯᠤᠨ ᠬᠢᠴᠢᠶᠡᠯ ᠤᠨ ᠪᠠᠷᠢᠮᠵᠢᠶ᠎ᠠ ᠳᠤ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢ ᠬᠥᠮᠦᠵᠢᠭᠦᠯᠬᠦ

ᠱᠠᠭᠠᠷᠳᠠᠯᠭ᠎ᠠ ᠶᠢ ᠲᠣᠳᠣᠷᠬᠠᠶᠢᠯᠠᠵᠤ᠂ ᠢᠷᠡᠭᠡᠳᠦᠢ ᠶᠢᠨ ᠰᠤᠷᠭᠠᠭᠤᠯᠢ ᠶᠢᠨ ᠬᠥᠮᠦᠨ ᠢ ᠬᠥᠮᠦᠵᠢᠭᠦᠯᠬᠦ ᠵᠢᠷᠤᠭ

ᠲᠥᠯᠥᠪᠯᠡᠭᠡ ᠶᠢ ᠵᠢᠷᠤᠭᠯᠠᠵᠤ᠂ ᠬᠢᠴᠢᠶᠡᠯ ᠤᠨ ᠲᠤᠬᠢᠷᠠᠭᠤᠯᠤᠯᠳᠠ᠂ ᠬᠢᠴᠢᠶᠡᠯ ᠤᠨ ᠪᠦᠲᠦᠴᠡ᠂ ᠰᠢᠯᠭᠠᠯᠲᠠ ᠦᠨᠡᠯᠡᠯᠲᠡ᠂

ᠬᠢᠴᠢᠶᠡᠯ ᠤᠨ ᠬᠡᠷᠡᠭᠵᠢᠭᠦᠯᠦᠯᠲᠡ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ

ᠵᠡᠭᠦᠨ ᠳᠤᠮᠳᠠ ᠪᠠᠷᠠᠭᠤᠨ ᠣᠷᠣᠨ ᠤ ᠠᠳᠠᠯᠢ ᠪᠤᠰᠤ ᠭᠠᠵᠠᠷ ᠣᠷᠣᠨ ᠤ ᠵᠦᠷᠢᠶ᠎ᠡ ᠶᠢ ᠭᠦᠢᠴᠡᠳ ᠪᠣᠳᠣᠯᠬᠢᠯᠠᠵᠤ᠂

ᠡᠯ᠎ᠡ ᠭᠠᠵᠠᠷ ᠣᠷᠣᠨ ᠪᠣᠯᠤᠨ ᠰᠤᠷᠭᠠᠭᠤᠯᠢ ᠶᠢ ᠬᠦᠳᠦᠯᠦᠨ ᠵᠢᠯᠣᠭᠤᠳᠴᠤ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠰᠢᠭᠲᠠᠢ ᠶᠤᠮ᠃ ᠪᠡᠭᠡᠵᠢᠩ ᠬᠤᠲᠠ ᠳᠤᠤᠷᠠᠬᠢ

ᠭᠤᠷᠪᠠᠨ ᠲᠠᠯ᠎ᠠ ᠶᠢᠨ ᠠᠵᠢᠯ ᠢ ᠭᠤᠣᠯᠳᠠᠯᠭᠠᠲᠠᠢ ᠰᠠᠶᠢᠲᠤᠷ ᠠᠳᠬᠤᠨ᠎ᠠ᠃

     ᠨᠢᠭᠡ ᠳᠤ᠂ ᠪᠥᠬᠦ ᠠᠵᠢᠯᠲᠠᠨ ᠤ ᠪᠣᠯᠪᠠᠰᠤᠷᠠᠭᠤᠯᠤᠯ ᠢ ᠪᠣᠳᠠᠲᠠᠶ ᠠᠳᠬᠤᠵᠤ᠂ ᠰᠢᠨ᠎ᠡ ᠬᠢᠴᠢᠶᠡᠯ ᠢ

ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠬᠤᠲᠠ ᠶᠢᠨ ᠲᠠᠰ ᠤᠨ ᠰᠢᠯᠭᠠᠷᠠᠭᠰᠠᠨ ᠪᠠᠭᠰᠢ ᠶᠢᠨ

ᠪᠣᠯᠪᠠᠰᠤᠷᠠᠭᠤᠯᠤᠯ᠂ ᠣᠷᠣᠨ ᠤ ᠲᠠᠰ ᠤᠨ ᠭᠤᠣᠯᠳᠠᠯᠭᠠᠲᠠᠢ ᠪᠣᠯᠪᠠᠰᠤᠷᠠᠭᠤᠯᠤᠯ᠂ ᠰᠤᠷᠭᠠᠭᠤᠯᠢ ᠶᠢᠨ ᠲᠠᠰ ᠤᠨ ᠪᠥᠬᠦ

ᠠᠵᠢᠯᠲᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠰᠤᠷᠭᠠᠨ ᠬᠥᠮᠦᠵᠢᠯ ᠤᠨ ᠵᠠᠰᠠᠭ ᠵᠠᠬᠢᠷᠭ᠎ᠠ᠂ ᠰᠤᠷᠭᠠᠨ

ᠬᠥᠮᠦᠵᠢᠯ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠰᠠᠯᠠᠭ᠎ᠠ ᠮᠥᠴᠢᠷ᠂ ᠰᠤᠷᠭᠠᠭᠤᠯᠢ ᠶᠢᠨ ᠺᠠᠳ᠋ᠷ᠂ ᠪᠠᠭᠰᠢ ᠶᠢ

ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ᠃ ᠬᠢᠮᠡᠯ ᠣᠶᠤᠨᠴᠢ ᠵᠢᠭᠠᠬᠤ ᠶᠢ ᠰᠤᠳᠤᠯᠬᠤ ᠲᠠᠪᠴᠠᠩ ᠢ ᠪᠠᠶᠢᠭᠤᠯᠵᠤ᠂

ᠸᠢᠳᠢᠤ᠋ ᠪᠠᠷ ᠰᠢᠭᠤᠳ ᠨᠡᠪᠲᠡᠷᠡᠭᠦᠯᠬᠦ᠂ ᠠᠯᠤᠰ ᠡᠵᠡᠮᠰᠢᠯ ᠢᠶᠠᠷ ᠬᠠᠮᠵᠢᠯᠴᠠᠬᠤ᠂ ᠰᠦᠯᠵᠢᠶᠡᠨ ᠳᠠᠬᠢ ᠪᠠ ᠰᠦᠯᠵᠢᠶᠡᠨ

ᠭᠠᠳᠠᠨᠠᠬᠢ ᠬᠤᠯᠢᠮᠠᠭ ᠮᠠᠶ᠋ᠢᠭᠲᠤ ᠵᠢᠭᠠᠬᠤ ᠶᠢ ᠰᠤᠳᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠨᠠᠷᠯᠢᠭ ᠵᠢᠭᠠᠬᠤ ᠶᠢ

ᠰᠤᠳᠤᠯᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠰᠦᠯᠵᠢᠶᠡᠨ ᠳᠠᠬᠢ ᠬᠢᠴᠢᠶᠡᠯ ᠤᠨ ᠲᠠᠩᠬᠢᠮ ᠢᠶᠠᠷ

ᠬᠤᠯᠪᠣᠭᠠᠰᠤ ᠪᠣᠯᠭᠠᠵᠤ᠂ ᠳᠡᠭᠡᠭᠰᠢ ᠪᠠᠨ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ

ᠦᠢᠯᠡᠴᠢᠯᠡᠭᠡᠨ ᠤ ᠲᠠᠪᠴᠠᠩ ᠲᠠᠢ ᠬᠠᠷᠢᠯᠴᠠᠵᠤ᠂ ᠳᠣᠷᠣᠭᠰᠢ ᠪᠠᠨ ᠲᠣᠭᠤᠷᠢᠭ ᠰᠤᠷᠭᠠᠭᠤᠯᠢ ᠶᠢᠨ ᠡᠬᠢ ᠪᠠᠶᠠᠯᠢᠭ ᠤᠨ

ᠲᠠᠪᠴᠠᠩ ᠲᠠᠢ ᠵᠣᠯᠭᠠᠭᠤᠯᠵᠤ᠂ ᠣᠯᠠᠨ ᠠᠷᠭ᠎ᠠ ᠵᠠᠮ ᠢᠶᠠᠷ ᠰᠢᠯᠢᠳᠡᠭ ᠬᠢᠴᠢᠶᠡᠯ ᠢ ᠬᠤᠷᠠᠯᠳᠤᠭᠤᠯᠤᠨ᠎ᠠ᠃

     ᠬᠤᠶᠠᠷ ᠲᠤ᠂ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠬᠦ ᠶᠢ ᠴᠢᠩᠭᠠᠳᠬᠠᠵᠤ᠂ ᠴᠢᠨᠠᠷ ᠴᠢᠨᠰᠠᠭ᠎ᠠ ᠶᠢ

ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠰᠢᠨ᠎ᠡ ᠰᠢᠪᠲᠤᠯᠤᠯᠲᠠ ᠶᠢ ᠠᠬᠢᠭᠤᠯᠤᠨ᠎ᠠ᠃ ᠭᠤᠯᠳᠤ ᠪᠠᠷ

ᠰᠤᠷᠤᠯᠴᠠᠬᠤ ᠶᠢ ᠣᠷᠭᠠᠨᠢᠭ ᠢᠶᠠᠷ ᠵᠣᠯᠭᠠᠭᠤᠯᠬᠤ ᠶᠢ ᠴᠢᠩᠭᠠᠳᠬᠠᠵᠤ᠂ ᠨᠢᠭᠡᠳᠦᠭᠡᠷ ᠣᠨ ᠤ ︽ᠲᠡᠭ ᠡᠬᠢᠯᠡᠯᠲᠡ︾ ᠶᠢᠨ

ᠵᠢᠭᠠᠨ ᠰᠤᠷᠭᠠᠯᠲᠠ ᠶᠢ ᠪᠠᠷᠢᠮᠲᠠᠯᠠᠵᠤ᠂ ᠬᠢᠴᠢᠶᠡᠯ ᠤᠨ ᠲᠥᠰᠦᠯ ᠪᠠ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ

ᠪᠠᠷᠢᠮᠲᠠᠯᠠᠨ ᠵᠢᠭᠠᠨ ᠰᠤᠷᠭᠠᠯᠲᠠ ᠶᠢ ᠥᠷᠨᠢᠭᠦᠯᠵᠦ᠂ ᠪᠠᠭ᠎ᠠ ᠰᠤᠷᠭᠠᠭᠤᠯᠢ ᠶᠢᠨ ᠨᠢᠭᠡ ᠠᠴᠠ ᠬᠤᠶᠠᠳᠤᠭᠠᠷ ᠣᠨ ᠤ

ᠬᠢᠴᠢᠶᠡᠯ ᠢ ᠵᠦᠶ ᠵᠣᠬᠢᠰᠲᠠᠶ ᠲᠥᠯᠦᠪᠯᠡᠵᠦ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠬᠢᠴᠢᠶᠡᠯ ᠢ ᠵᠣᠯᠭᠠᠭᠤᠯᠬᠤ ᠶᠢ ᠠᠩᠬᠠᠷᠴᠤ᠂ ᠠᠳᠠᠯᠢ ᠪᠤᠰᠤ ᠱᠠᠲᠤᠨ ᠤ ᠠᠭᠤᠯᠭ᠎ᠠ ᠶᠢ ᠵᠦᠶ

ᠵᠣᠬᠢᠰᠲᠠᠶ ᠲᠣᠬᠢᠷᠠᠭᠤᠯᠵᠤ᠂ ᠦᠷᠭᠦᠯᠵᠢᠯᠡᠯ ᠴᠢᠨᠠᠷ ᠪᠠ ᠱᠠᠲᠤᠯᠢᠭ ᠴᠢᠨᠠᠷ ᠢ ᠢᠯᠡᠷᠡᠭᠦᠯᠦᠨ᠎ᠡ᠃ ᠬᠢᠴᠢᠶᠡᠯ ᠲᠥᠷᠦᠯ ᠤᠨ

ᠬᠥᠨᠳᠡᠯᠡᠨ ᠢᠶᠠᠷ ᠪᠦᠲᠦᠮᠵᠢᠲᠡᠶ ᠬᠠᠮᠵᠢᠯᠴᠠᠬᠤ ᠶᠢ ᠴᠢᠩᠭᠠᠳᠬᠠᠨ᠂ ᠡᠯ᠎ᠡ ᠲᠥᠷᠥᠯ ᠤᠨ ᠬᠢᠴᠢᠶᠡᠯ ᠢ 10 % ᠠᠴᠠ

ᠳᠡᠭᠡᠭᠰᠢ ᠬᠢᠴᠢᠶᠡᠯ ᠤᠨ ᠴᠠᠭ ᠢᠶᠠᠷ ᠶᠡᠷᠦᠩᠬᠡᠶᠢᠯᠡᠭᠰᠡᠨ ᠴᠢᠨᠠᠷᠲᠠᠶ ᠬᠢᠴᠢᠶᠡᠯ ᠠᠯᠤᠰᠯᠠᠭᠰᠠᠨ ᠭᠤᠤᠯ ᠰᠡᠳᠦᠪᠲᠦ

ᠰᠤᠷᠤᠯᠴᠠᠯᠭ᠎ᠠ ᠶᠢ ᠥᠷᠨᠢᠭᠦᠯᠵᠦ᠂ ᠰᠤᠷᠤᠭᠴᠢᠳ ᠤᠨ ᠮᠡᠳᠡᠯᠭᠡ ᠪᠠᠨ ᠬᠡᠷᠡᠭᠯᠡᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ

ᠦᠵᠡᠯ ᠤᠬᠠᠮᠰᠠᠷ ᠪᠠ ᠴᠢᠳᠠᠪᠤᠷᠢ ᠶᠢ ᠬᠥᠮᠥᠵᠢᠭᠦᠯᠦᠨ᠎ᠡ᠃ ᠬᠢᠴᠢᠶᠡᠯ ᠳᠡᠭᠡᠷᠡᠬᠢ ᠪᠠ ᠬᠢᠴᠢᠶᠡᠯ ᠤᠨ ᠭᠠᠳᠠᠨᠠᠬᠢ

ᠰᠤᠷᠤᠯᠴᠠᠯᠭ᠎ᠠ ᠶᠢ ᠣᠷᠭᠠᠨᠢᠭ ᠢᠶᠠᠷ ᠠᠭᠤᠰᠬᠠᠬᠤ ᠶᠢ ᠴᠢᠩᠭᠠᠳᠬᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠪᠠ

ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠪᠦᠬᠦᠯᠢ ᠴᠣᠭᠴᠠ ᠪᠠᠷ

ᠲᠥᠯᠦᠪᠵᠢᠭᠦᠯᠦᠨ᠎ᠡ᠃

     ᠭᠤᠷᠪᠠ ᠳᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃ ᠬᠤᠲᠠ ᠶᠢᠨ

ᠱᠠᠲᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠢ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂

ᠵᠢᠭᠠᠨ ᠰᠤᠷᠭᠠᠯᠲᠠ ᠶᠢᠨ ᠦᠨᠳᠦᠰᠦᠨ ᠱᠠᠭᠠᠷᠳᠠᠯᠭ᠎ᠠ᠂ ᠦᠨᠳᠦᠰᠦᠨ ᠵᠢᠷᠤᠮᠵᠢᠯ᠂ ᠦᠨᠳᠦᠰᠦᠨ ᠳᠦᠷᠢᠮ ᠢ

ᠨᠠᠶᠢᠳᠠᠪᠤᠷᠢᠵᠢᠭᠤᠯᠤᠨ᠎ᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠪᠠ

ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠬᠦ ᠶᠢ ᠪᠥᠬᠦ ᠲᠠᠯ᠎ᠠ ᠪᠠᠷ ᠠᠬᠢᠭᠤᠯᠤᠨ᠎ᠠ︔ ᠰᠤᠷᠭᠠᠨ ᠬᠥᠮᠦᠵᠢᠯ ᠢ ᠬᠢᠨᠠᠨ

ᠵᠢᠯᠣᠭᠤᠳᠬᠤ ᠶᠢ ᠴᠢᠩᠭᠠᠳᠬᠠᠵᠤ᠂ ᠬᠢᠴᠢᠶᠡᠯ ᠲᠥᠷᠥᠯ ᠤᠨ ᠦᠢᠯᠡᠳᠦᠯᠭᠡ᠂ ᠬᠢᠴᠢᠶᠡᠯ ᠲᠥᠷᠥᠯ ᠤᠨ ᠳᠠᠷᠤᠭᠠᠰᠤ ᠶᠢ

ᠬᠢᠨᠠᠨ ᠵᠢᠯᠣᠭᠤᠳᠬᠤ ᠳᠤ ᠣᠷᠣᠭᠤᠯᠤᠨ᠎ᠠ︔ ︽ᠬᠤᠶᠠᠷ ᠢ ᠬᠥᠩᠭᠡᠷᠡᠭᠦᠯᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂

ᠬᠢᠮᠡᠯ ᠣᠶᠤᠨ ᠵᠡᠷᠭᠡ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠢᠳᠡᠪᠬᠢᠲᠡᠶ ᠠᠰᠢᠭᠯᠠᠨ᠂ ᠪᠠᠭᠰᠢ ᠳᠤ ᠰᠠᠭᠤᠷᠢ

ᠮᠠᠲ᠋ᠧᠷᠢᠶᠠᠯ᠂ ᠰᠢᠯᠢᠳᠡᠭ ᠡᠬᠢ ᠪᠠᠶᠠᠯᠢᠭ ᠪᠠ ᠥᠪᠡᠷᠮᠢᠴᠡ ᠵᠢᠯᠣᠭᠤᠳᠣᠯᠭ᠎ᠠ ᠬᠠᠩᠭᠠᠨ᠎ᠠ︔ ᠳᠠᠰᠬᠠᠯ ᠤᠨ ᠦᠨᠡᠯᠡᠯᠲᠡ

 ᠶᠢ ᠦᠨᠡᠨ ᠬᠦ ᠴᠢᠩᠭᠠᠳᠬᠠᠵᠤ᠂ ᠥᠪᠡᠷᠮᠢᠴᠡ ᠦᠨᠡᠯᠡᠯᠲᠡ ᠶᠢᠨ ᠦᠷ᠎ᠡ ᠳ᠋ᠦᠩ ᠢ ᠪᠣᠶ ᠪᠣᠯᠭᠠᠵᠤ᠂ ᠪᠠᠭᠰᠢ ᠶᠢ

ᠬᠠᠪᠰᠤᠷᠤᠨ ᠰᠤᠷᠤᠯᠭ᠎ᠠ ᠶᠢᠨ ᠪᠠᠶᠢᠳᠠᠯ ᠢ ᠨᠠᠷᠢᠯᠢᠭ ᠣᠨᠣᠴᠠᠲᠠᠶ ᠣᠨᠣᠰᠢᠯᠠᠨ᠎ᠠ᠃

     ᠰᠤᠷᠭᠠᠭᠤᠯᠢ ᠶᠢᠨ ᠦᠢᠯᠡᠳᠦᠯᠭᠡ ᠶᠢ ᠤᠯᠠᠷᠢᠭᠤᠯᠬᠤ ᠬᠦᠴᠦᠨ ᠢ ᠳᠡᠭᠡᠭᠰᠢᠯᠡᠭᠦᠯᠬᠦ ᠪᠠᠷ ᠭᠤᠤᠯᠳᠠᠯᠭ᠎ᠠ

     ᠪᠣᠯᠭᠠᠬᠤ ᠬᠡᠷᠡᠭᠲᠡᠢ

           —  ︵ᠤᠯᠤᠰ ᠤᠨ ᠰᠤᠷᠭᠠᠭᠤᠯᠢ ᠪᠠᠶᠢᠴᠠᠭᠠᠭᠴᠢ᠂ ᠪᠡᠭᠡᠵᠢᠩ ᠬᠤᠳᠠ ᠶᠢᠨ ᠵᠦᠩ ᠭᠤᠸᠠᠨ

                 ᠼᠦᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠤᠤᠯ ᠤᠨ ᠵᠠᠬᠢᠷᠤᠯ ᠯᠢᠦ ᠺᠧ ᠴᠢᠨ︶

     ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ

ᠲᠥᠰᠦᠯ ᠪᠣᠯᠤᠨ ᠬᠢᠴᠢᠶᠡᠯ ᠤᠨ ᠪᠠᠷᠢᠮᠵᠢᠶ᠎ᠠ ᠨᠢ ᠤᠯᠤᠰ ᠤᠨ ᠲᠠᠰ ᠤᠨ ᠬᠥᠮᠦᠨ ᠢ ᠬᠥᠮᠦᠵᠢᠭᠦᠯᠬᠦ ᠬᠠᠷᠠᠯᠲᠠ ᠶᠢ

ᠲᠣᠳᠤᠷᠠᠭᠤᠯᠵᠤ᠂ ᠥᠭᠡᠷᠡᠴᠢᠯᠡᠯᠲᠡ ᠶᠢᠨ ᠴᠢᠭᠯᠡᠯ ᠢ ᠨᠠᠷᠢᠯᠢᠭ ᠣᠨᠣᠴᠠᠲᠠᠢ ᠵᠢᠭᠠᠵᠤ᠂ ᠬᠢᠴᠢᠶᠡᠯ ᠤᠨ ᠠᠭᠤᠯᠭ᠎ᠠ ᠵᠢᠴᠢ

ᠵᠣᠬᠢᠶᠠᠨ ᠪᠠᠶᠢᠭᠤᠯᠤᠯᠲᠠ ᠶᠢᠨ ᠢᠯᠡᠷᠡᠬᠦ ᠬᠡᠯᠪᠡᠷᠢ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠶᠢ ᠳᠠᠬᠢᠨ ᠳᠠᠶᠢᠴᠢᠯᠠᠨ ᠪᠠᠶᠢᠷᠢᠯᠠᠭᠤᠯᠬᠤ ᠬᠥᠲᠥᠯᠪᠦᠷᠢ ᠶᠢᠨ

ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ ᠡᠯ᠎ᠡ ᠰᠤᠷᠭᠠᠭᠤᠯᠢ ᠶᠢᠨ ᠬᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ

ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠢ ᠬᠡᠷᠡᠭᠵᠢᠭᠦᠯᠬᠦ ᠳᠤ ᠪᠠᠨ ᠬᠢᠴᠢᠶᠡᠯ ᠤᠨ ᠠᠭᠤᠯᠭ᠎ᠠ᠂ ᠵᠢᠭᠠᠨ

ᠰᠤᠷᠭᠠᠬᠤ ᠪᠠ ᠵᠢᠭᠠᠨ ᠰᠤᠷᠭᠠᠬᠤ ᠠᠷᠭ᠎ᠠ ᠮᠠᠶ᠋ᠢᠭ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠬᠦᠷᠢᠶᠡᠨ ᠳᠤ

ᠭᠤᠣᠯᠳᠠᠯᠭᠠᠲᠠᠢ ᠥᠭᠡᠷᠡᠴᠢᠯᠡᠯᠲᠡ ᠬᠢᠵᠦ᠂ ᠰᠤᠷᠭᠠᠭᠤᠯᠢ ᠶᠢᠨ ᠦᠢᠯᠡᠳᠦᠯᠭᠡ ᠶᠢ ᠬᠤᠪᠢᠷᠠᠭᠤᠯᠬᠤ ᠴᠢᠳᠠᠪᠤᠷᠢ ᠶᠢ

ᠳᠡᠭᠡᠭᠰᠢᠯᠡᠭᠦᠯᠬᠦ ᠬᠡᠷᠡᠭᠲᠡᠢ᠃

     ᠨᠢᠭᠡ ᠳᠤ᠂ ᠤᠯᠤᠰ ᠤᠨ ᠬᠢᠴᠢᠶᠡᠯ ᠤᠨ ᠰᠤᠷᠭᠠᠭᠤᠯᠢ ᠳᠠᠬᠢ ᠠᠵᠢᠯᠯᠠᠭᠠᠨ ᠤ ᠴᠢᠳᠠᠪᠤᠷᠢ ᠶᠢ ᠴᠢᠩᠭᠠᠷᠠᠭᠤᠯᠪᠠ᠃

ᠡᠯ᠎ᠡ ᠰᠤᠷᠭᠠᠭᠤᠯᠢ ᠶᠢᠨ ᠬᠢᠨ ᠤᠯᠤᠰ ᠤᠨ ᠬᠢᠴᠢᠶᠡᠯ ᠤᠨ ᠲᠥᠰᠦᠯ ᠪᠣᠯᠤᠨ ᠬᠢᠴᠢᠶᠡᠯ ᠤᠨ ᠪᠠᠷᠢᠮᠵᠢᠶ᠎ᠠ ᠵᠢᠴᠢ

ᠮᠤᠵᠢ ᠶᠢᠨ ᠱᠠᠲᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠬᠡᠷᠡᠭᠵᠢᠭᠦᠯᠬᠦ ᠠᠷᠭ᠎ᠠ ᠶᠢ ᠨᠠᠷᠢᠨ

ᠬᠢᠨᠠᠮᠠᠭᠠᠶ ᠰᠤᠷᠤᠯᠴᠠᠨ ᠣᠶᠢᠯᠠᠭᠠᠵᠤ᠂ ᠬᠢᠴᠢᠶᠡᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠠᠪᠤᠴᠠ ᠳᠤ ᠲᠤᠰ

ᠰᠤᠷᠭᠠᠭᠤᠯᠢ ᠶᠢᠨ ᠢᠶᠠᠨ ᠲᠤᠷᠰᠢᠯᠭ᠎ᠠ ᠪᠣᠯᠤᠨ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠨ ᠵᠠᠳᠠᠯᠵᠤ᠂

ᠰᠤᠷᠭᠠᠭᠤᠯᠢ ᠶᠢᠨ ᠢᠶᠠᠨ ᠣᠨᠴᠠ ᠪᠠᠶᠢᠭ᠎ᠠ ᠡᠬᠢ ᠪᠠᠶᠠᠯᠢᠭ ᠪᠣᠯᠤᠨ ᠨᠥᠬᠦᠴᠡᠯ ᠢ ᠵᠠᠳᠠᠯᠵᠤ᠂ ᠤᠯᠤᠰ ᠤᠨ ᠬᠢᠴᠢᠶᠡᠯ ᠢ

ᠨᠠᠶᠢᠳᠠᠪᠤᠷᠢᠵᠢᠭᠤᠯᠬᠤ ᠰᠤᠷᠭᠠᠭᠤᠯᠢ ᠶᠢᠨ ᠥᠪᠡᠷ ᠤᠨ ᠦᠢᠯᠡᠳᠦᠯᠭᠡ ᠶᠢᠨ ᠳᠣᠭᠲᠠᠯᠴᠠᠭ᠎ᠠ ᠶᠢ ᠰᠤᠳᠤᠯᠤᠨ

ᠲᠣᠭᠲᠠᠭᠠᠵᠤ᠂ ᠬᠢᠴᠢᠶᠡᠯ ᠲᠥᠷᠦᠯ ᠤᠨ ᠪᠠᠶᠢᠷᠢᠯᠠᠭᠤᠯᠤᠯᠲᠠ ᠪᠣᠯᠤᠨ ᠬᠥᠮᠦᠨ ᠢ ᠬᠥᠮᠦᠵᠢᠭᠦᠯᠬᠦ ᠬᠢᠴᠢᠶᠡᠯ

ᠲᠥᠷᠥᠯ ᠤᠨ ᠬᠠᠷᠠᠯᠲᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠬᠤ ᠬᠡᠷᠡᠭᠲᠡᠢ᠃

     ᠬᠤᠶᠠᠷ ᠲᠤ᠂ ᠬᠥᠮᠦᠨ ᠢ ᠬᠥᠮᠦᠵᠢᠭᠦᠯᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ

ᠠᠬᠢᠭᠤᠯᠪᠠ᠃ ᠵᠢᠱᠢᠶᠡᠯᠡᠪᠡᠯ᠂ ᠬᠢᠴᠢᠶᠡᠯ ᠲᠥᠷᠦᠯ   ᠨᠢ ᠲᠤᠰ ᠲᠤᠰ ᠢᠶᠠᠷ ᠢᠶᠠᠨ ᠲᠤᠭ ᠪᠣᠰᠬᠠᠵᠤ᠂ ᠬᠥᠮᠦᠨ ᠢ

ᠬᠥᠮᠦᠵᠢᠭᠦᠯᠬᠦ  ᠬᠠᠮ ᠬᠦᠴᠦᠨ ᠢ ᠪᠦᠷᠢᠯᠳᠦᠭᠦᠯᠵᠦ ᠴᠢᠳᠠᠬᠤ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂

ᠰᠤᠷᠭᠠᠭᠤᠯᠢ ᠠᠴᠠ ᠣᠨᠴᠠᠭᠠᠶᠢᠯᠠᠨ ᠡᠨᠡ ᠤᠳᠠᠭᠠᠨ ᠤ ᠨᠡᠮᠡᠭᠰᠡᠨ ᠬᠢᠴᠢᠶᠡᠯ ᠲᠥᠷᠦᠯ ᠠᠯᠤᠰᠯᠠᠭᠰᠠᠨ ᠭᠤᠤᠯ

ᠰᠡᠳᠦᠪᠲᠦ ᠰᠤᠷᠤᠯᠴᠠᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠵᠣᠬᠢᠴᠠᠩᠭᠤᠶ ᠬᠢᠴᠢᠶᠡᠯ ᠢ ᠰᠤᠳᠤᠯᠤᠨ ᠨᠡᠭᠡᠭᠡᠬᠦ

ᠲᠣᠭᠲᠠᠴᠠ ᠶᠢ ᠪᠠᠶᠢᠭᠤᠯᠵᠤ᠂ ᠪᠠᠭᠰᠢ ᠶᠢ ᠬᠥᠲᠥᠯᠥᠨ ᠵᠢᠯᠣᠭᠤᠳᠴᠤ ᠬᠢᠴᠢᠶᠡᠯ ᠲᠥᠷᠦᠯ ᠤᠨ ᠵᠠᠭᠠᠭ ᠢ ᠰᠢᠪᠲᠤᠯᠵᠤ᠂

ᠪᠠᠭᠰᠢ ᠶᠢᠨ ᠬᠢᠴᠢᠶᠡᠯ ᠲᠥᠷᠦᠯ ᠠᠯᠤᠰᠯᠠᠭᠰᠠᠨ ᠵᠢᠭᠠᠬᠤ ᠶᠢ ᠰᠤᠳᠤᠯᠬᠤ ᠠᠵᠢᠯ ᠢ ᠥᠷᠨᠢᠭᠦᠯᠬᠦ ᠶᠢ ᠵᠣᠷᠢᠭᠵᠢᠭᠤᠯᠵᠤ᠂

ᠰᠤᠷᠤᠭᠴᠢᠳ ᠤᠨ ᠰᠤᠷᠤᠯᠴᠠᠬᠤ ᠶᠠᠪᠤᠴᠠ ᠳᠠᠬᠢ ᠥᠷᠲᠡᠭ ᠤᠨ ᠤᠳᠬ᠎ᠠ ᠠᠭᠤᠯᠭ᠎ᠠ ᠪᠠ ᠰᠣᠨᠢᠷᠬᠠᠯᠲᠤ ᠴᠢᠨᠠᠷ ᠢ

ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃

     ᠭᠤᠷᠪᠠ ᠳᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠪᠡ᠃

ᠬᠢᠴᠢᠶᠡᠯ ᠤᠨ ᠥᠭᠡᠷᠡᠴᠢᠯᠡᠯᠲᠡ ᠶᠢ ᠬᠠᠮᠢᠭ᠎ᠠ ᠬᠦᠷᠲᠡᠯ᠎ᠡ ᠬᠢᠪᠠᠯ ᠰᠤᠷᠭᠠᠭᠤᠯᠢ ᠶᠢᠨ ᠬᠠᠮᠢᠶᠠᠷᠤᠯᠲᠠ ᠶᠢ ᠲᠡᠨᠳᠡ

ᠬᠦᠷᠲᠡᠯ᠎ᠡ ᠳᠡᠮᠵᠢᠵᠦ᠂ ᠰᠠᠶᠢᠨ ᠰᠠᠶᠢᠬᠠᠨ ᠲᠦᠷᠢᠮ ᠤᠨ ᠣᠷᠴᠢᠨ ᠨᠥᠬᠦᠴᠡᠯ ᠢ ᠪᠣᠶ ᠪᠣᠯᠭᠠᠵᠤ᠂ ᠪᠠᠭᠰᠢ ᠶᠢᠨ ᠵᠢᠭᠠᠨ

ᠰᠤᠷᠭᠠᠯᠲᠠ ᠶᠢᠨ ᠥᠭᠡᠷᠡᠴᠢᠯᠡᠯᠲᠡ ᠳᠤ ᠣᠷᠣᠨ ᠵᠠᠶ ᠡᠭᠦᠳᠴᠦ ᠥᠭᠪᠡ᠃ ᠡᠳᠦᠷ ᠲᠤᠲᠤᠮ ᠤᠨ ᠴᠢᠨᠠᠷᠯᠢᠭ ᠵᠢᠭᠠᠨ

ᠰᠤᠷᠭᠠᠯᠲᠠ ᠶᠢᠨ ᠰᠤᠳᠤᠯᠭᠠᠨ ᠢ ᠥᠷᠨᠢᠭᠦᠯᠬᠦ ᠪᠠᠷ ᠳᠠᠮᠵᠢᠭᠤᠯᠤᠨ᠂ ᠪᠠᠭᠰᠢ ᠶᠢᠨ ᠲᠤᠰᠬᠠᠶ ᠮᠡᠷᠭᠡᠵᠢᠯ ᠤᠨ

ᠬᠥᠭᠵᠢᠯᠲᠡ ᠳᠤ ᠬᠦᠴᠦᠨ ᠨᠡᠮᠡᠷᠢᠯᠡᠪᠡ᠃ ᠤᠯᠠᠮᠵᠢᠯᠠᠯᠲᠤ ︽ᠶᠡᠭᠡ ᠲᠣᠯᠬᠢᠶᠠᠨᠲᠤ︾ ᠮᠡᠳᠡᠭᠦᠯᠦᠯᠲᠡ ᠰᠣᠨᠣᠰᠬᠤ

ᠪᠣᠯᠪᠠᠰᠤᠷᠠᠭᠤᠯᠤᠯ ᠪᠠ ︽ᠺᠠᠷᠲ ᠴᠣᠬᠢᠬᠤ ᠮᠠᠶ᠋ᠢᠭ︾ ᠤᠨ ᠵᠢᠭᠠᠬᠤ ᠶᠢ ᠰᠤᠳᠤᠯᠬᠤ ᠠᠷᠭ᠎ᠠ ᠵᠠᠮ ᠳᠤ ᠲᠦᠰᠢᠭᠯᠡᠬᠦ ᠶᠢ

ᠲᠠᠶᠠᠭᠳᠠᠬᠤ ᠬᠡᠷᠡᠭᠲᠡᠢ᠃ ᠪᠠᠭᠰᠢ ᠶᠢᠨ ᠲᠤᠰᠬᠠᠶ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ

ᠠᠩᠬᠠᠷᠤᠯ ᠢᠶᠠᠨ ᠲᠥᠪᠯᠡᠷᠡᠭᠦᠯᠵᠦ᠂ ᠬᠢᠴᠢᠶᠡᠯ ᠤᠨ ᠪᠠᠷᠢᠮᠵᠢᠶ᠎ᠠ ᠶᠢ ᠱᠠᠲᠤ ᠬᠤᠪᠢᠶᠠᠨ ᠰᠤᠷᠤᠯᠴᠠᠬᠤ ᠪᠠ ᠲᠤᠰᠬᠠᠶ

ᠰᠡᠳᠦᠪ ᠢᠶᠠᠷ ᠦᠢᠯᠡᠳᠦᠯᠭᠡᠵᠢᠭᠦᠯᠬᠦ ᠶᠢ ᠰᠤᠳᠤᠯᠤᠨ ᠳᠣᠭᠲᠠᠭᠠᠬᠤ ᠬᠡᠷᠡᠭᠲᠡᠢ᠃ ᠵᠢᠭᠠᠨ ᠰᠤᠷᠭᠠᠯᠲᠠ ᠶᠢ ᠦᠨᠡᠯᠡᠬᠦ

ᠢᠳᠡᠪᠬᠢᠲᠡᠶ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠪᠠᠭᠰᠢ ᠶᠢ ︽ᠵᠢᠭᠠᠬᠤ ᠮᠠᠲ᠋ᠧᠷᠢᠶᠠᠯ᠂ ᠰᠢᠯᠭᠠᠯᠲᠠ᠂

ᠬᠤᠪᠢ︾ ᠭᠡᠬᠦ ᠵᠢᠵᠢᠭ ᠶᠢᠷᠲᠢᠨᠴᠦ ᠠᠴᠠ ᠭᠠᠷᠭᠠᠬᠤ ᠪᠠᠷ ᠬᠥᠲᠥᠯᠥᠨ ᠵᠢᠯᠣᠭᠤᠳᠴᠤ᠂ ᠨᠠᠩ ᠥᠷᠭᠡᠨ ᠳᠡᠯᠭᠡᠷ

ᠬᠠᠷᠠᠭᠠᠰᠤ ᠠᠴᠠ ᠰᠢᠨ᠎ᠡ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢ ᠰᠤᠳᠤᠯᠵᠤ᠂

ᠤᠯᠤᠰ ᠤᠨ ᠬᠢᠴᠢᠶᠡᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠴᠡᠭᠰᠡᠨ ᠬᠢᠴᠢᠶᠡᠯ ᠤᠨ ᠲᠠᠩᠬᠢᠮ ᠤᠨ

ᠦᠢᠯᠡᠳᠦᠯᠭᠡ ᠶᠢ ᠪᠠᠶᠢᠭᠤᠯᠵᠤ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠭᠰᠡᠨ᠂ ᠢᠷᠡᠭᠡᠳᠦᠶ ᠳᠤ

ᠬᠠᠨᠳᠤᠭᠰᠠᠨ ᠰᠤᠷᠭᠠᠭᠤᠯᠢ ᠶᠢᠨ ᠴᠢᠨᠠᠷᠯᠢᠭ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠶ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map