ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠰᠤᠷᠤᠭᠴᠢ ᠶᠢ ᠳᠡᠳᠬᠦᠨ ᠲᠤᠰᠠᠯᠠᠬᠤ ᠠᠵᠢᠯ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/19

     8 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ

ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

2022 ᠣᠨ ᠤ ᠰᠤᠷᠤᠭᠴᠢ ᠶᠢ ᠳᠡᠳᠬᠦᠨ ᠲᠤᠰᠠᠯᠠᠬᠤ ᠠᠵᠢᠯ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ

ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ

ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ

ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠭᠤᠤᠯᠯᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ

ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠪᠠᠭᠰᠢ ᠶᠢᠨ ᠶᠡᠭᠡ

ᠰᠤᠷᠭᠠᠭᠤᠯᠢ ᠵᠡᠷᠭᠡ ᠬᠤᠯᠪᠤᠭᠳᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ

ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠰᠤᠷᠤᠭᠴᠢ ᠶᠢ ᠳᠡᠳᠬᠦᠨ

      ᠲᠤᠰᠠᠯᠠᠬᠤ  ᠠᠵᠢᠯ ᠤᠨ  ᠰᠣᠨᠢᠨ ᠮᠡᠳᠡᠭᠡ  ᠨᠡᠶᠢᠲᠡᠯᠡᠬᠦ ᠬᠤᠷᠠᠯ  ᠳᠡᠭᠡᠷᠡᠬᠢ ᠨᠡᠶᠢᠲᠡᠯᠡᠯ ᠤᠨ  ᠦᠭᠡ

         ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ

          ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ

         ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ                    

             ︵2022 ᠣᠨ ᠤ 8 ᠰᠠᠷ᠎ᠠ ᠶᠢᠨ 12 ᠤᠨ ᠡᠳᠦᠷ ᠤᠨ 10᠄ 00︶

ᠬᠦᠨᠳᠦᠲᠦ ᠵᠣᠴᠢᠨ᠂ ᠰᠤᠷᠪᠤᠯᠵᠢᠯᠠᠭᠴᠢ ᠨᠠᠶᠢᠵᠠ ᠨᠠᠷ ᠡ᠄

     ᠰᠠᠶᠢᠨ ᠪᠠᠶᠢᠵᠠᠭᠠᠨ᠎ᠠ ᠦᠦ︖ ᠪᠢ ᠰᠤᠷᠭᠠᠨ ᠬᠥᠮᠦᠵᠢᠯ ᠤᠨ ᠲᠢᠩᠬᠢᠮ ᠢ ᠲᠥᠯᠦᠭᠡᠯᠡᠵᠦ ᠭᠤᠣᠯᠯᠠᠨ

ᠨᠡᠶᠢᠲᠡᠯᠡᠨ᠎ᠡ᠃ ᠶᠠᠭᠤᠨ ᠤ ᠡᠮᠦᠨ᠎ᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠢ

ᠲᠥᠯᠥᠭᠡᠯᠡᠨ ᠣᠷᠳᠣ ᠬᠤᠭᠤᠴᠠᠭᠠᠨ ᠤ ᠲᠤᠷᠰᠢᠬᠢ ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢ ᠨᠠᠶᠢᠵᠠ ᠨᠠᠷ ᠤᠨ

ᠬᠠᠯᠠᠮᠵᠢᠯᠠᠯ᠂ ᠳᠡᠮᠵᠢᠯᠭᠡ ᠪᠣᠯᠤᠨ ᠬᠠᠪᠰᠤᠷᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃

ᠳᠤᠤᠷ᠎ᠠ ᠥᠪᠡᠷᠲᠡᠭᠡᠨ ᠵᠠᠰᠠᠬᠤ ᠣᠷᠣᠨ ᠤ ᠰᠤᠷᠤᠭᠴᠢ ᠶᠢ ᠳᠡᠳᠬᠦᠨ ᠲᠤᠰᠠᠯᠠᠬᠤ ᠡᠯ᠎ᠡ ᠵᠦᠢᠯ ᠤᠨ ᠲᠥᠷᠥ ᠶᠢᠨ

ᠪᠣᠳᠣᠯᠭ᠎ᠠ ᠪᠠ 2022 ᠣᠨ ᠤ ᠰᠤᠷᠤᠭᠴᠢ ᠶᠢ ᠳᠡᠳᠬᠦᠨ ᠲᠤᠰᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ

ᠲᠥᠬᠦᠮ ᠢᠶᠠᠷ ᠲᠠᠨᠢᠯᠴᠠᠭᠤᠯᠤᠶ᠎ᠠ᠃

     ᠨᠢᠭᠡ᠂ ᠥᠪᠡᠷᠲᠡᠭᠡᠨ ᠵᠠᠰᠠᠬᠤ ᠣᠷᠣᠨ ᠤ ᠰᠤᠷᠤᠭᠴᠢ ᠶᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ

     ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ

ᠣᠷᠳᠣᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠶᠢᠨ ᠰᠤᠷᠭᠠᠭᠤᠯᠢ ᠳᠤ ᠣᠷᠣᠬᠤ

ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ︽ᠨᠢᠭᠡ ᠰᠤᠷᠤᠭᠴᠢ ᠶᠢ ᠴᠤ ᠭᠡᠷ ᠪᠦᠯᠢ ᠶᠢᠨ ᠠᠵᠤ ᠠᠬᠤᠶ ᠨᠢ

ᠬᠦᠴᠢᠷᠳᠡᠯᠲᠡᠢ ᠠᠴᠠ ᠪᠣᠯᠵᠤ ᠰᠤᠷᠤᠯᠭ᠎ᠠ ᠠᠯᠳᠠᠭᠤᠯᠬᠤ ᠦᠭᠡᠶ︾ ᠪᠠᠷ ᠬᠠᠷᠠᠯᠲᠠ ᠪᠣᠯᠭᠠᠵᠤ᠂ ᠭᠡᠷ ᠪᠦᠯᠢ ᠶᠢᠨ ᠠᠵᠤ

ᠠᠬᠤᠶ ᠨᠢ ᠬᠦᠴᠢᠷᠳᠡᠯᠲᠡᠶ ᠰᠤᠷᠤᠭᠴᠢ ᠶᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠳᠣᠭᠲᠠᠯᠴᠠᠭ᠎ᠠ ᠶᠢ

ᠲᠠᠰᠤᠷᠠᠯᠲᠠ ᠤᠢᠭᠡᠢ ᠪᠥᠷᠢᠨ ᠭᠦᠢᠴᠡᠳ ᠲᠡᠭᠦᠯᠳᠡᠷᠵᠢᠭᠦᠯᠪᠡ᠃ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ

ᠬᠥᠮᠦᠵᠢᠯ ᠢ ᠳᠡᠳᠬᠦᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠡᠳ᠋ ᠤᠨ ᠵᠠᠰᠠᠭ ᠤᠨ ᠶᠠᠮᠤᠨ ᠰᠤᠷᠭᠠᠨ

ᠬᠥᠮᠦᠵᠢᠯ ᠤᠨ ᠶᠠᠮᠤᠨ ᠤ ᠰᠠᠨᠠᠯ︾᠂ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠵᠠᠷᠤᠳᠠᠯ ᠤᠨ ᠪᠠᠲᠤᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠡᠳ᠋ ᠤᠨ ᠵᠠᠰᠠᠭ ᠤᠨ

ᠶᠠᠮᠤᠨ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾᠂ ︽ᠡᠩ ᠤᠨ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠲᠠᠩᠰᠠ ᠪᠠᠶᠢᠭᠤᠯᠵᠤ ᠺᠠᠷᠲ ᠣᠯᠭᠤᠭᠰᠠᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ

ᠰᠤᠷᠤᠭᠴᠢᠳ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠰᠤᠷᠭᠠᠨ

ᠬᠥᠮᠦᠵᠢᠯ ᠤᠨ ᠶᠠᠮᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ  ᠴᠡᠷᠢᠭ

 ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ

ᠤᠯᠤᠰ ᠤᠨ ᠪᠠᠲᠤᠯᠠᠨ ᠬᠠᠮᠠᠭᠠᠯᠠᠯᠲᠠ ᠶᠢ ᠳᠠᠶᠢᠴᠢᠯᠠᠬᠤ ᠬᠡᠯᠲᠡᠰ ᠤᠨ ︿ᠰᠤᠷᠤᠭᠴᠢ ᠶᠢ ᠳᠡᠳᠬᠦᠨ ᠲᠤᠰᠠᠯᠠᠬᠤ ᠪᠠᠯᠠ

ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠳᠠᠷᠬᠠᠭᠠᠬᠤ ᠲᠤᠬᠠᠶ ᠮᠡᠳᠡᠭᠳᠡᠯ︾ ᠵᠡᠷᠭᠡ ᠪᠢᠴᠢᠭ

ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ᠰᠤᠷᠭᠠᠭᠤᠯᠢ ᠶᠢᠨ

ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠡᠯ᠎ᠡ

ᠵᠦᠢᠯ ᠤᠨ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠵᠠᠰᠠᠭ ᠤᠨ ᠣᠷᠳᠣᠨ ᠢᠶᠠᠷ

ᠤᠳᠤᠷᠢᠳᠤᠮᠵᠢ ᠪᠣᠯᠭᠠᠭᠰᠠᠨ᠂ ᠰᠤᠷᠭᠠᠭᠤᠯᠢ ᠪᠠ ᠨᠡᠶᠢᠭᠡᠮ ᠠᠴᠠ ᠢᠳᠡᠪᠬᠢᠲᠡᠶ ᠣᠷᠣᠯᠴᠠᠭᠰᠠᠨ ᠨᠡᠯᠢᠶᠡᠳ ᠪᠦᠷᠢᠨ

ᠲᠡᠭᠦᠯᠳᠡᠷ ᠰᠤᠷᠤᠭᠴᠢ ᠶᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠳᠣᠭᠲᠠᠯᠴᠠᠭ᠎ᠠ ᠪᠠᠶᠢᠭᠤᠯᠵᠤ᠂

ᠰᠤᠷᠤᠭᠴᠢ ᠶᠢ ᠲᠡᠳᠬᠦᠨ ᠲᠤᠰᠠᠯᠠᠬᠤ ᠠᠵᠢᠯ ᠢ ᠪᠥᠬᠦ ᠰᠤᠷᠤᠯᠭ᠎ᠠ ᠶᠢᠨ ᠱᠠᠲᠤᠨ ᠳᠤ ᠪᠥᠷᠬᠦᠭᠦᠯᠵᠦ᠂ ᠠᠯᠪᠠᠨ ᠠᠴᠠ

ᠡᠷᠬᠢᠯᠡᠭᠰᠡᠨ ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠪᠦᠬᠦᠨ ᠳᠤ ᠪᠥᠷᠬᠦᠭᠦᠯᠵᠦ᠂ ᠭᠡᠷ ᠤᠨ ᠠᠮᠢᠳᠤᠷᠠᠯ ᠨᠢ

ᠬᠦᠴᠢᠷᠳᠡᠯᠲᠡᠶ ᠰᠤᠷᠤᠭᠴᠢ ᠪᠦᠬᠦᠨ ᠳᠤ ᠪᠥᠷᠬᠦᠭᠦᠯᠬᠦ ᠶᠢ ᠪᠡᠶᠡᠯᠡᠭᠦᠯᠪᠡ᠃ ᠪᠣᠳᠠᠲᠠᠶ ᠪᠠᠷ ᠬᠡᠯᠡᠪᠡᠯ᠄

     ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤ᠄ ᠠᠰᠠᠷᠠᠨ ᠬᠥᠮᠦᠵᠢᠭᠦᠯᠬᠦ

ᠵᠠᠷᠤᠳᠠᠯ ᠢ ᠬᠥᠩᠭᠡᠷᠡᠭᠦᠯᠵᠦ ᠬᠡᠯᠲᠦᠷᠢᠭᠦᠯᠵᠦ ᠳᠡᠳᠬᠦᠨ ᠳᠤᠰᠠᠯᠠᠬᠤ ᠶᠢ ᠬᠡᠷᠡᠭᠵᠢᠭᠦᠯᠦᠨ᠎ᠡ᠃ ᠳᠡᠳᠬᠦᠨ ᠲᠤᠰᠠᠯᠠᠬᠤ

ᠡᠲᠡᠭᠡᠳ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ

ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ ᠪᠠᠶᠢᠭᠤᠯᠤᠭᠰᠠᠨ ᠠᠯᠪᠠᠨ ᠠᠴᠠ ᠡᠷᠭᠢᠯᠡᠭᠰᠡᠨ ᠬᠡᠦᠬᠡᠳ ᠤᠨ

ᠴᠡᠴᠡᠷᠯᠢᠭ ᠪᠠ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ︵ᠬᠡᠦᠬᠡᠳ

ᠰᠠᠭᠠᠲᠠᠭᠤᠯᠬᠤ ᠭᠠᠵᠠᠷ᠂ ᠭᠡᠷ ᠪᠥᠯᠢ ᠶᠢᠨ ᠴᠡᠴᠡᠷᠯᠢᠭ ᠵᠡᠷᠭᠡ ᠠᠩᠬᠠᠨ ᠤ ᠰᠤᠷᠭᠠᠨ ᠬᠥᠮᠦᠵᠢᠯ ᠤᠨ ᠪᠠᠶᠢᠭᠤᠯᠤᠮᠵᠢ ᠶᠢ

ᠪᠠᠭᠲᠠᠭᠠᠬᠤ ᠥᠬᠡᠶ︶ ᠲᠤ ᠰᠤᠷᠤᠯᠴᠠᠵᠤ ᠪᠠᠶᠢᠭ᠎ᠠ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠦᠬᠡᠳ ᠤᠨ

ᠠᠰᠠᠷᠠᠨ ᠬᠥᠮᠦᠵᠢᠭᠦᠯᠬᠦ ᠵᠠᠷᠤᠳᠠᠯ ᠢ ᠬᠥᠩᠭᠡᠷᠡᠭᠦᠯᠵᠦ ᠭᠡᠯᠳᠦᠷᠢᠭᠦᠯᠬᠦ ᠪᠠᠷᠢᠮᠵᠢᠶ᠎ᠠ᠄ ᠬᠡᠦᠬᠡᠳ ᠤᠨ ᠴᠡᠴᠡᠷᠯᠢᠭ ᠲᠤ

ᠪᠠᠶᠢᠭ᠎ᠠ A ᠲᠥᠷᠥᠯ ᠤᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠦᠬᠡᠳ ᠨᠢᠭᠡ ᠪᠦᠷᠢ ᠳᠤ ᠵᠢᠯ ᠳᠤ

2000 ᠲᠥᠭᠦᠷᠢᠭ︔ B᠂ C ᠲᠥᠷᠥᠯ ᠤᠨ ᠬᠡᠦᠬᠡᠳ ᠤᠨ ᠴᠡᠴᠡᠷᠯᠢᠭ ᠲᠤ ᠪᠠᠶᠢᠭ᠎ᠠ ᠬᠡᠷ ᠪᠦᠯᠢ ᠶᠢᠨ ᠠᠵᠤ

ᠠᠬᠤᠶ ᠨᠢ ᠬᠦᠴᠢᠷᠳᠡᠯᠲᠡᠶ ᠬᠡᠦᠬᠡᠳ ᠨᠢᠭᠡ ᠪᠦᠷᠢ ᠳᠤ ᠵᠢᠯ ᠳᠤ 1000 ᠲᠥᠭᠦᠷᠢᠭ᠃ ᠬᠡᠦᠬᠡᠳ ᠤᠨ ᠬᠡᠷ

ᠪᠦᠯᠢ ᠶᠢᠨ ᠠᠵᠤ ᠠᠬᠤᠶ ᠤᠨ ᠬᠦᠴᠢᠷᠳᠡᠯ ᠤᠨ ᠲᠠᠰ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠶᠢ ᠮᠠᠭᠠᠳᠯᠠᠨ ᠲᠣᠭᠲᠠᠭᠠᠬᠤ ᠠᠵᠢᠯ ᠤᠨ

ᠬᠡᠷᠡᠭᠵᠢᠭᠦᠯᠬᠦ ᠠᠷᠭ᠎ᠠ ︵2021 ᠣᠨ ᠳᠤ ᠵᠠᠰᠠᠪᠤᠷᠢ ᠣᠷᠣᠭᠤᠯᠤᠭᠰᠠᠨ︶︾ ᠶᠢ ᠦᠨᠳᠦᠰᠦᠯᠡᠨ ᠮᠠᠭᠠᠳᠯᠠᠨ

ᠲᠣᠭᠲᠠᠭᠠᠵᠤ᠂A᠂ B᠂ C ᠭᠡᠵᠦ ᠭᠤᠷᠪᠠᠨ ᠲᠥᠷᠥᠯ ᠬᠤᠪᠢᠶᠠᠨ᠎ᠠ᠃ A ᠲᠥᠷᠥᠯ ᠪᠣᠯ ᠭᠤᠤᠯᠳᠠᠭᠤ ᠶᠠᠳᠠᠭᠤ ᠠᠴᠠ

ᠠᠩᠭᠢᠵᠢᠷᠠᠭᠰᠠᠨ ᠨᠢ ᠲᠣᠭᠲᠠᠭᠤᠨ ᠪᠤᠰᠤ ᠬᠡᠷ ᠪᠦᠯᠢ ᠶᠢᠨ ᠰᠣᠷᠣᠭᠴᠢ᠂ ᠶᠠᠳᠠᠭᠤᠷᠠᠬᠤ ᠰᠢᠬᠠᠵᠤ ᠪᠠᠶᠢᠭ᠎ᠠ ᠬᠡᠷ

ᠪᠦᠯᠢ ᠶᠢᠨ ᠰᠣᠷᠣᠭᠴᠢ᠂ ᠭᠡᠨᠡᠳᠲᠡ ᠡᠭᠦᠰᠦᠭᠰᠡᠨ ᠲᠤᠶᠢᠯ ᠤᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠣᠷᠣᠭᠴᠢ᠂

ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠰᠣᠷᠣᠭᠴᠢ᠂ ᠣᠨᠴᠠ

ᠬᠦᠴᠢᠷᠳᠡᠯᠲᠡᠶ ᠠᠰᠠᠷᠠᠨ ᠲᠡᠵᠢᠭᠡᠬᠦ ᠰᠣᠷᠣᠭᠴᠢ᠂ ᠥᠨᠥᠴᠢᠨ ︵ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ︶

ᠰᠣᠷᠣᠭᠴᠢ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ᠂ ᠬᠡᠷ ᠪᠦᠯᠢ ᠶᠢᠨ ᠠᠵᠤ ᠠᠬᠤᠶ ᠨᠢ

ᠬᠦᠴᠢᠷᠳᠡᠯᠲᠡᠶ ᠵᠡᠮᠳᠡᠭ ᠰᠣᠷᠣᠭᠴᠢ᠂ ᠵᠡᠮᠳᠡᠭᠴᠦᠳ ᠤᠨ ᠦᠷ᠎ᠡ ᠬᠡᠦᠬᠡᠳ᠂ ᠣᠨᠴᠠᠭᠠᠢ᠂ ᠬᠠᠷᠢᠴᠠᠩᠭᠤᠶ᠂ ᠰᠠᠨᠠᠭᠠᠨ ᠳᠤ

ᠥᠬᠡᠶ ᠬᠦᠴᠢᠷᠳᠡᠯᠲᠡᠶ ᠪᠣᠯᠤᠭᠰᠠᠨ ᠠᠵᠢᠯᠲᠠᠨ ᠠᠵᠢᠯᠴᠢᠨ ᠤ ᠬᠡᠷ ᠪᠦᠯᠢ ᠶᠢᠨ ᠦᠷ᠎ᠡ ᠬᠡᠦᠬᠡᠳ ᠵᠡᠷᠭᠡ ᠪᠠᠶᠢᠳᠠᠯ ᠢ

ᠵᠢᠭᠠᠵᠤ ᠪᠣᠶ︔ B ᠲᠥᠷᠥᠯ ᠪᠣᠯ ᠭᠤᠤᠯᠳᠠᠭᠤ ᠰᠤᠷᠤᠭᠴᠢ ᠵᠢᠴᠢ ᠲᠡᠭᠦᠨ ᠤ ᠭᠡᠷ ᠪᠦᠯᠢ ᠨᠢ ᠵᠥᠪᠬᠡᠨ ᠬᠡᠰᠡᠭ

ᠦᠨᠳᠦᠰᠦᠨ ᠰᠤᠷᠤᠯᠭ᠎ᠠ ᠶᠢᠨ ᠵᠠᠷᠤᠳᠠᠯ ᠢ ᠬᠠᠩᠭᠠᠵᠤ ᠳᠡᠶᠢᠯᠬᠦ ᠶᠢ ᠵᠢᠭᠠᠵᠤ ᠪᠣᠢ︔ C ᠲᠥᠷᠥᠯ ᠪᠣᠯ ᠭᠤᠤᠯᠳᠠᠭᠤ

ᠰᠣᠷᠣᠭᠴᠢ ᠵᠢᠴᠢ ᠬᠡᠷ ᠪᠦᠯᠢ ᠨᠢ ᠶᠡᠬᠡᠩᠬᠢ ᠵᠠᠷᠤᠳᠠᠯ ᠢ ᠬᠠᠩᠭᠠᠵᠤ ᠳᠡᠶᠢᠯᠬᠦ ᠪᠣᠯᠪᠠᠴᠤ ᠦᠨᠳᠦᠰᠦᠨ ᠰᠤᠷᠤᠯᠭ᠎ᠠ ᠶᠢᠨ

ᠵᠠᠷᠤᠳᠠᠯ ᠢ ᠪᠦᠷᠢᠮᠦᠰᠦᠨ ᠬᠠᠩᠭᠠᠵᠤ ᠳᠡᠶᠢᠯᠬᠦ ᠥᠬᠡᠶ ᠶᠢ ᠵᠢᠭᠠᠵᠤ ᠪᠣᠢ᠃

     ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ᠄ ︽ᠬᠤᠶᠠᠷ ᠢ ᠬᠡᠯᠲᠦᠷᠢᠭᠦᠯᠵᠦ ᠬᠤᠶᠠᠷ ᠢ

ᠨᠥᠬᠦᠪᠦᠷᠢᠯᠡᠵᠦ ᠨᠢᠭᠡ ᠶᠢ ᠲᠥᠯᠦᠪᠯᠡᠬᠦ︾ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃

ᠲᠤᠬᠠᠶᠢᠯᠠᠪᠠᠯ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢ ᠶᠢᠨ

ᠰᠤᠷᠤᠯᠭ᠎ᠠ ᠶᠢᠨ ᠰᠤᠯᠠ ᠵᠠᠷᠤᠳᠠᠯ ᠢ ᠪᠦᠬᠦ ᠲᠠᠯ᠎ᠠ ᠪᠠᠷ ᠬᠡᠯᠲᠦᠷᠢᠭᠦᠯᠬᠦ ᠶᠢᠨ ᠬᠠᠮᠲᠤ ᠬᠢᠴᠢᠶᠡᠯ ᠤᠨ ᠪᠢᠴᠢᠭ ᠢ

ᠲᠥᠯᠦᠪᠦᠷᠢ ᠦᠭᠡᠶ ᠪᠠᠷ ᠬᠠᠩᠭᠠᠵᠤ᠂ ᠪᠠᠶᠢᠷᠢ ᠳᠤ ᠰᠠᠭᠤᠬᠤ ᠰᠤᠷᠤᠭᠴᠢ ᠶᠢᠨ ᠪᠠᠶᠢᠷᠢ ᠳᠤ ᠰᠠᠭᠤᠬᠤ ᠵᠠᠷᠤᠳᠠᠯ ᠢ

ᠳᠤᠰᠠᠯᠠᠵᠤ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠶᠢᠨ ᠠᠮᠢᠳᠤᠷᠠᠯ ᠤᠨ  ᠵᠠᠷᠤᠳᠠᠯ ᠢ

ᠳᠤᠰᠠᠯᠠᠪᠠ᠃ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ

ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠪᠡ᠃ ᠡᠭᠦᠨ ᠳᠤ ᠭᠡᠷ ᠪᠦᠯᠢ ᠶᠢᠨ ᠠᠵᠤ

ᠠᠬᠤᠶ ᠨᠢ ᠬᠦᠴᠢᠷᠳᠡᠯᠲᠡᠶ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ  ᠳᠤᠰᠠᠯᠠᠮᠵᠢ ᠶᠢᠨ ᠪᠠᠷᠢᠮᠵᠢᠶ᠎ᠠ ᠨᠢ

ᠪᠠᠶᠢᠷᠢ ᠳᠤ ᠰᠠᠭᠤᠬᠤ ᠰᠤᠷᠤᠭᠴᠢ ᠨᠢᠭᠡ ᠪᠦᠷᠢ ᠵᠢᠯ ᠳᠤ ᠪᠠᠭ᠎ᠠ ᠰᠤᠷᠭᠠᠭᠤᠯᠢ 1000 ᠲᠥᠭᠦᠷᠢᠭ᠂ ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ 1250 ᠲᠥᠭᠦᠷᠢᠭ ᠪᠣᠯᠤᠨ᠎ᠠ︔ ᠪᠠᠶᠢᠷᠢ ᠳᠤ ᠰᠠᠭᠤᠬᠤ ᠦᠭᠡᠢ ᠰᠤᠷᠤᠭᠴᠢ

ᠨᠢᠭᠡ ᠪᠦᠷᠢ ᠵᠢᠯ ᠳᠤ ᠪᠠᠭ᠎ᠠ ᠰᠤᠷᠭᠠᠭᠤᠯᠢ 500 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 625

ᠲᠥᠭᠦᠷᠢᠭ ᠪᠣᠯᠤᠨ᠎ᠠ᠃

     ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠱᠠᠲᠤ᠄ ︽ᠬᠤᠶᠠᠷ ᠢ

ᠬᠡᠯᠲᠦᠷᠢᠭᠦᠯᠵᠦ ᠨᠢᠭᠡ ᠶᠢ ᠲᠤᠰᠠᠯᠠᠬᠤ︾ ︵ᠲᠤᠬᠠᠶᠢᠯᠠᠪᠠᠯ᠂ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠵᠢᠴᠢ

ᠬᠢᠴᠢᠶᠡᠯ ᠤᠨ ᠪᠢᠴᠢᠭ ᠢ ᠲᠥᠯᠦᠪᠦᠷᠢ ᠦᠭᠡᠶ ᠪᠠᠷ ᠬᠠᠩᠭᠠᠬᠤ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ

ᠰᠤᠷᠤᠭᠴᠢ ᠳᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠲᠣᠬᠢᠷᠠᠭᠤᠯᠬᠤ︶ ᠪᠠᠷ ᠭᠤᠤᠯ ᠴᠣᠭᠴᠠ

ᠪᠣᠯᠭᠠᠭᠰᠠᠨ᠂ ᠰᠤᠷᠭᠠᠭᠤᠯᠢ ᠪᠣᠯᠤᠨ ᠨᠡᠶᠢᠭᠡᠮ ᠤᠨ ᠳᠡᠳᠬᠦᠨ ᠳᠤᠰᠠᠯᠠᠬᠤ ᠪᠠᠷ ᠨᠡᠮᠡᠯᠲᠡ ᠪᠣᠯᠭᠠᠭᠰᠠᠨ ᠳᠡᠳᠬᠦᠨ

ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠩ ᠤᠨ

ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ ᠪᠣᠯ

ᠰᠤᠷᠤᠭᠴᠢ ᠨᠢᠭᠡ ᠪᠦᠷᠢ ᠵᠢᠯ ᠳᠤ 2000 ᠲᠥᠭᠦᠷᠢᠭ ᠪᠣᠯᠬᠤ ᠪᠥᠭᠡᠳ ᠠᠯᠪᠠᠨ ᠠᠴᠠ ᠡᠷᠬᠢᠯᠡᠭᠰᠡᠨ ᠡᠩ ᠤᠨ

ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠶᠢᠭ᠎ᠠ ᠰᠤᠷᠤᠭᠴᠢᠳ ᠠᠴᠠ ᠰᠤᠷᠤᠯᠭ᠎ᠠ ᠶᠢᠨ ᠰᠤᠯᠠ ᠵᠠᠷᠤᠳᠠᠯ

ᠬᠤᠷᠢᠶᠠᠬᠤ ᠦᠭᠡᠶ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠤ ᠪᠠᠷ

ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠰᠤᠷᠭᠠᠭᠤᠯᠢ ᠳᠤ ᠪᠠᠶᠢᠭ᠎ᠠ ᠰᠤᠷᠤᠭᠴᠢ ᠳᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠲᠤᠰᠠᠯᠠᠮᠵᠢ

ᠥᠭᠴᠦ᠂ ᠰᠤᠷᠤᠯᠭ᠎ᠠ ᠶᠢᠨ ᠰᠤᠯᠠ ᠵᠠᠷᠤᠳᠠᠯ ᠤᠨ ᠵᠠᠷᠤᠳᠠᠯ ᠬᠤᠷᠢᠶᠠᠬᠤ ᠨᠢ ᠳᠤᠰᠠᠯᠠᠬᠤ ᠪᠠᠷᠢᠮᠵᠢᠶ᠎ᠠ ᠠᠴᠠ ᠥᠨᠳᠥᠷ

ᠪᠠᠶᠢᠪᠠᠯ᠂ ᠡᠯ᠎ᠡ ᠰᠤᠷᠭᠠᠭᠤᠯᠢ ᠲᠣᠭᠲᠠᠭᠠᠯ ᠶᠣᠰᠤ ᠪᠠᠷ ᠰᠤᠷᠤᠭᠴᠢ ᠠᠴᠠ ᠵᠥᠷᠢᠶ᠎ᠡ ᠭᠠᠷᠤᠭᠰᠠᠨ ᠭᠡᠰᠡᠭ ᠢ

ᠦᠷᠭᠦᠯᠵᠢᠯᠡᠨ ᠬᠤᠷᠢᠶᠠᠵᠤ ᠪᠣᠯᠤᠨ᠎ᠠ᠃ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠡᠩ ᠤᠨ ᠳᠡᠭᠡᠳᠦ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠳᠤᠮᠳᠠᠴᠢ

ᠳᠡᠳᠬᠦᠨ ᠲᠤᠰᠠᠯᠠᠬᠤ ᠪᠠᠷᠢᠮᠵᠢᠶ᠎ᠠ ᠪᠣᠯ ᠰᠤᠷᠤᠭᠴᠢ ᠨᠢᠭᠡ ᠪᠦᠷᠢ ᠵᠢᠯ ᠳᠤ 2000 ᠲᠥᠭᠦᠷᠢᠭ ᠪᠠᠶᠢᠵᠤ᠂ ᠪᠣᠳᠠᠲᠠᠶ

ᠪᠠᠷᠢᠮᠵᠢᠶ᠎ᠠ ᠶᠢ ᠡᠯ᠎ᠡ ᠠᠶᠢᠮᠠᠭ ᠬᠤᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ 1000-3000

ᠲᠥᠭᠦᠷᠢᠭ ᠤᠨ ᠬᠡᠪᠴᠢᠶᠡᠨ ᠳᠤ ᠲᠣᠭᠲᠠᠭᠠᠵᠤ᠂ 2 - 3 ᠳᠡᠰ ᠬᠤᠪᠢᠶᠠᠵᠤ ᠪᠣᠯᠤᠨ᠎ᠠ᠃

     ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠱᠠᠲᠤ᠄ ︽ᠬᠤᠶᠠᠷ ᠢ ᠬᠡᠯᠲᠦᠷᠢᠭᠦᠯᠵᠦ

ᠨᠢᠭᠡ ᠶᠢ ᠨᠥᠬᠦᠪᠥᠷᠢᠯᠡᠵᠦ ᠨᠢᠭᠡ ᠶᠢ ᠲᠤᠰᠠᠯᠠᠵᠤ ᠨᠢᠭᠡ ᠶᠢ ᠱᠠᠩᠨᠠᠬᠤ︾ ︵ᠲᠤᠬᠠᠶᠢᠯᠠᠪᠠᠯ᠂ ᠰᠤᠷᠤᠯᠭ᠎ᠠ ᠶᠢᠨ

ᠵᠠᠷᠤᠳᠠᠯ ᠢ ᠬᠡᠯᠲᠦᠷᠢᠭᠦᠯᠬᠦ ᠶᠢᠨ ᠬᠠᠮᠲᠤ ᠬᠢᠴᠢᠶᠡᠯ ᠤᠨ ᠪᠢᠴᠢᠭ ᠢ ᠲᠥᠯᠦᠪᠦᠷᠢ ᠦᠭᠡᠢ ᠪᠠᠷ ᠬᠠᠩᠭᠠᠬᠤ᠂ ᠪᠠᠶᠢᠷᠢ ᠳᠤ

ᠰᠠᠭᠤᠬᠤ ᠰᠤᠷᠦᠭ᠌ᠴᠢ ᠶᠢᠨ ᠪᠠᠶᠢᠷᠢ ᠳᠤ ᠰᠠᠭᠤᠬᠤ ᠵᠠᠷᠤᠳᠠᠯ ᠢ ᠨᠥᠬᠦᠪᠥᠷᠢᠯᠡᠬᠦ᠂ ᠭᠡᠷ ᠪᠦᠯᠢ ᠶᠢᠨ ᠠᠵᠤ ᠠᠬᠤᠶ ᠨᠢ

ᠬᠦᠴᠢᠷᠳᠡᠯᠲᠡᠶ ᠰᠤᠷᠦᠭ᠌ᠴᠢ ᠳᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠲᠣᠬᠢᠷᠠᠭᠤᠯᠬᠤ᠂

ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ︶ ᠪᠠᠷ ᠭᠤᠤᠯ ᠪᠣᠯᠭᠠᠵᠤ᠂ ᠰᠤᠷᠭᠠᠭᠤᠯᠢ ᠪᠣᠯᠤᠨ

ᠨᠡᠶᠢᠭᠡᠮ ᠠᠴᠠ ᠳᠡᠳᠬᠦᠨ ᠲᠤᠰᠠᠯᠠᠬᠤ᠂ ᠠᠵᠢᠯ ᠤᠨ ᠪᠠᠶᠢᠷᠢ ᠣᠷᠣᠯᠠᠨ ᠳᠠᠳᠤᠯᠭ᠎ᠠ ᠬᠢᠬᠦ ᠪᠠᠷ ᠬᠠᠪᠰᠤᠷᠤᠮᠵᠢ

ᠪᠣᠯᠭᠠᠭᠰᠠᠨ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠭᠦᠨ ᠳᠤ᠂ ᠥᠪᠡᠷᠲᠡᠭᠡᠨ

ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠵᠠᠷᠤᠳᠠᠯ ᠢ

ᠬᠡᠯᠲᠦᠷᠢᠭᠦᠯᠬᠦ ᠪᠠᠷᠢᠮᠵᠢᠶ᠎ᠠ ᠪᠣᠯ ᠰᠤᠷᠤᠭᠴᠢ ᠨᠢᠭᠡ ᠪᠦᠷᠢ ᠵᠢᠯ ᠳᠤ 2000 ᠲᠥᠭᠦᠷᠢᠭ ᠪᠠᠶᠢᠵᠤ᠂ ᠠᠯᠪᠠᠨ ᠠᠴᠠ

ᠡᠷᠬᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ

ᠪᠠᠭᠲᠠᠭᠠᠨ᠎ᠠ︶ ᠶᠢᠨ ᠣᠨᠴᠠᠭᠠᠢ ᠪᠤᠰᠤ ᠲᠥᠷᠥᠯ ᠤᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ

ᠰᠤᠷᠤᠭᠴᠢ ᠠᠴᠠ ᠰᠤᠷᠤᠯᠭ᠎ᠠ ᠶᠢᠨ ᠵᠠᠷᠤᠳᠠᠯ ᠬᠤᠷᠢᠶᠠᠬᠤ ᠦᠭᠡᠶ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ

ᠰᠠᠯᠠᠭ᠎ᠠ ᠮᠥᠴᠢᠷ ᠢᠶᠠᠷ ᠬᠠᠤᠯᠢ ᠶᠣᠰᠤ ᠪᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠪᠠ

ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ

ᠮᠥᠴᠢᠷ ᠢᠶᠠᠷ ᠬᠠᠤᠯᠢ ᠶᠣᠰᠤ ᠪᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠮᠡᠷᠭᠡᠵᠢᠯ ᠤᠨ ᠠᠵᠢᠯᠴᠢᠨ ᠤ

ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠳᠤ ᠥᠪᠡᠷᠲᠡᠭᠡᠨ ᠵᠠᠰᠠᠬᠤ ᠣᠷᠣᠨ ᠠᠴᠠ ᠠᠳᠠᠯᠢ

ᠪᠠᠷᠢᠮᠵᠢᠶ᠎ᠠ ᠪᠠᠷ ᠲᠤᠰᠠᠯᠠᠮᠵᠢ ᠥᠭᠴᠦ᠂ ᠰᠤᠷᠤᠯᠭ᠎ᠠ ᠶᠢᠨ ᠵᠠᠷᠤᠳᠠᠯ ᠬᠤᠷᠢᠶᠠᠬᠤ ᠨᠢ ᠳᠡᠳᠬᠦᠨ ᠳᠤᠰᠠᠯᠠᠬᠤ

ᠪᠠᠷᠢᠮᠵᠢᠶ᠎ᠠ ᠠᠴᠠ ᠥᠨᠳᠥᠷ ᠪᠠᠶᠢᠪᠠᠯ ᠡᠯ᠎ᠡ ᠰᠤᠷᠭᠠᠭᠤᠯᠢ ᠲᠣᠭᠲᠠᠭᠠᠯ ᠶᠣᠰᠤ ᠪᠠᠷ ᠰᠤᠷᠤᠭᠴᠢᠳ ᠠᠴᠠ ᠢᠯᠡᠭᠦᠦ

ᠭᠠᠷᠤᠭᠰᠠᠨ ᠬᠡᠰᠡᠭ ᠢ ᠬᠤᠷᠢᠶᠠᠵᠤ ᠪᠣᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

ᠣᠨᠴᠠᠭᠠᠢ ᠲᠥᠷᠥᠯ ᠤᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠵᠠᠷᠤᠳᠠᠯ ᠤᠨ ᠪᠠᠷᠢᠮᠵᠢᠶ᠎ᠠ ᠨᠢ ᠥᠪᠡᠷᠲᠡᠭᠡᠨ

ᠵᠠᠰᠠᠬᠤ ᠣᠷᠣᠨ ᠤ ᠰᠤᠷᠤᠯᠭ᠎ᠠ ᠶᠢᠨ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ ᠠᠴᠠ ᠥᠨᠳᠥᠷ ᠪᠣᠯ ᠢᠯᠡᠭᠦᠦ ᠭᠠᠷᠤᠭᠰᠠᠨ

ᠬᠡᠰᠡᠭ ᠢ ᠬᠤᠪᠢ ᠬᠥᠮᠦᠨ ᠡᠭᠦᠷᠭᠡᠯᠡᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠤᠯᠤᠰ ᠤᠨ ᠰᠤᠷᠤᠯᠭ᠎ᠠ ᠶᠢᠨ

ᠲᠡᠳᠬᠦᠮᠵᠢ ᠶᠢᠨ ᠮᠥᠩᠭᠦ ᠪᠠᠷ ᠲᠤᠰᠠᠯᠠᠬᠤ ᠪᠠᠷᠢᠮᠵᠢᠶ᠎ᠠ ᠨᠢ ᠰᠤᠷᠤᠭᠴᠢ ᠨᠢᠭᠡ ᠪᠦᠷᠢ ᠵᠢᠯ ᠳᠤ 1500—2000

ᠲᠥᠭᠦᠷᠢᠭ᠂ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠪᠠᠷᠢᠮᠵᠢᠶ᠎ᠠ ᠨᠢ ᠰᠤᠷᠤᠭᠴᠢ ᠨᠢᠭᠡ

ᠪᠦᠷᠢ ᠵᠢᠯ ᠳᠤ 6000 ᠲᠥᠭᠦᠷᠢᠭ ᠪᠣᠯᠤᠨ᠎ᠠ᠃

     ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤ᠄ ᠦᠨᠳᠦᠰᠦᠨ ᠠᠩᠭᠢ ᠪᠠ ᠲᠤᠰᠬᠠᠢ ᠮᠡᠷᠭᠡᠵᠢᠯ ᠤᠨ

ᠠᠩᠭᠢ ᠶᠢᠨ ᠰᠤᠷᠤᠭᠴᠢ ᠳᠤ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ᠂ ᠤᠯᠤᠰ ᠤᠨ ᠵᠣᠷᠢᠭᠵᠢᠭᠤᠯᠬᠤ

ᠱᠠᠩᠨᠠᠯ ᠤᠨ ᠮᠥᠩᠭᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠤᠯᠤᠰ ᠤᠨ ᠰᠤᠷᠤᠭᠴᠢ ᠶᠢᠨ

ᠢᠷᠡᠯᠲᠡ ᠶᠢᠨ ᠭᠠᠵᠠᠷ ᠤᠨ ᠰᠤᠷᠤᠯᠭ᠎ᠠ ᠶᠢ ᠲᠡᠳᠬᠦᠬᠦ ᠢᠲᠡᠭᠡᠮᠵᠢᠲᠦ ᠵᠢᠭᠡᠯᠡᠯᠭᠡ᠂ ᠥᠪᠡᠷᠲᠡᠭᠡᠨ ᠵᠠᠰᠠᠬᠤ ᠣᠷᠣᠨ ᠤ

ᠰᠤᠷᠤᠯᠭ᠎ᠠ ᠶᠢᠨ ᠱᠠᠩᠨᠠᠯ ᠤᠨ ᠮᠥᠩᠭᠦ᠂ ᠥᠪᠡᠷᠲᠡᠭᠡᠨ ᠵᠠᠰᠠᠬᠤ ᠣᠷᠣᠨ ᠤ ᠵᠣᠷᠢᠭᠵᠢᠭᠤᠯᠬᠤ ᠱᠠᠩᠨᠠᠯ ᠤᠨ ᠮᠥᠩᠭᠦ᠂

ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ

ᠬᠦᠴᠢᠷᠳᠡᠯᠲᠡᠶ ᠰᠤᠷᠤᠭᠴᠢ ᠶᠢᠨ ᠰᠤᠷᠭᠠᠭᠤᠯᠢ ᠳᠤ ᠣᠷᠣᠬᠤ ᠶᠢ ᠳᠡᠳᠬᠦᠨ ᠲᠤᠰᠠᠯᠠᠬᠤ᠂ ᠦᠨᠳᠦᠰᠦᠨ ᠱᠠᠲᠤᠨ ᠳᠤ

ᠠᠵᠢᠯ ᠣᠯᠪᠠᠯ ᠰᠤᠷᠤᠯᠭ᠎ᠠ ᠶᠢᠨ ᠵᠠᠷᠤᠳᠠᠯ ᠢ ᠨᠥᠬᠦᠨ ᠲᠥᠯᠦᠵᠦ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ

ᠣᠷᠣᠯᠠᠨ ᠲᠥᠯᠦᠬᠦ᠂ ᠴᠡᠷᠢᠭ ᠤᠨ ᠠᠯᠪᠠ ᠬᠠᠭᠠᠬᠤ ᠳᠤ ᠤᠯᠤᠰ ᠤᠨ ᠰᠤᠷᠭᠠᠨ ᠬᠥᠮᠦᠵᠢᠯ ᠠᠴᠠ ᠳᠡᠳᠬᠦᠨ

ᠳᠤᠰᠠᠯᠠᠬᠤ᠂ ᠠᠯᠪᠠᠨ ᠤ ᠵᠠᠷᠤᠳᠠᠯ ᠢᠶᠠᠷ ᠰᠤᠷᠤᠯᠴᠠᠬᠤ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠰᠤᠷᠭᠠᠨ

ᠬᠥᠮᠦᠵᠢᠯ᠂ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠶᠢ ᠳᠡᠣᠬᠦᠨ ᠲᠤᠰᠠᠯᠠᠬᠤ᠂ ᠳᠥᠷ ᠴᠠᠭ ᠤᠨ

ᠠᠮᠢᠳᠤᠷᠠᠯ ᠤᠨ ᠨᠥᠬᠦᠪᠥᠷᠢ᠂ ᠠᠵᠢᠯ ᠢᠶᠠᠷ ᠰᠤᠷᠤᠯᠭ᠎ᠠ ᠪᠠᠨ ᠲᠤᠰᠠᠯᠠᠬᠤ᠂ ᠰᠤᠷᠤᠯᠭ᠎ᠠ ᠶᠢᠨ ᠵᠠᠷᠤᠳᠠᠯ ᠢ

ᠬᠥᠩᠭᠡᠷᠡᠭᠦᠯᠵᠦ ᠬᠡᠯᠲᠦᠷᠢᠭᠦᠯᠬᠦ᠂ ᠰᠤᠷᠭᠠᠭᠤᠯᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠲᠡᠳᠬᠦᠮᠵᠢ ᠶᠢᠨ

ᠮᠥᠩᠭᠦ᠂ ᠬᠦᠴᠢᠷᠳᠡᠯ ᠤᠨ ᠨᠥᠬᠦᠪᠥᠷᠢ ᠵᠢᠴᠢ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ︽ᠰᠠᠭᠠᠳ ᠥᠬᠡᠶ

ᠨᠡᠪᠲᠡᠷᠡᠬᠦ ᠵᠠᠮ︾ ᠵᠡᠷᠭᠡ ᠣᠯᠠᠨ ᠡᠰᠢᠲᠦ ᠬᠤᠯᠢᠮᠠᠭ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ︔

ᠰᠣᠳᠤᠯᠬᠤ ᠰᠤᠷᠤᠭᠴᠢ ᠳᠤ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ᠂ ᠤᠯᠤᠰ ᠤᠨ ᠰᠤᠷᠤᠯᠭ᠎ᠠ ᠶᠢᠨ

ᠲᠡᠳᠬᠦᠮᠵᠢ ᠶᠢᠨ ᠮᠥᠩᠭᠦ᠂ ᠤᠯᠤᠰ ᠤᠨ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ

ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ᠂ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠮᠥᠩᠭᠦ᠂ ᠥᠪᠡᠷᠲᠡᠭᠡᠨ

ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ᠂ ᠦᠨᠳᠦᠰᠦᠨ ᠱᠠᠲᠤᠨ ᠳᠤ ᠠᠵᠢᠯ ᠣᠯᠪᠠᠯ

ᠰᠤᠷᠤᠯᠭ᠎ᠠ ᠶᠢᠨ ᠵᠠᠷᠤᠳᠠᠯ ᠢ ᠨᠥᠬᠦᠨ ᠲᠥᠯᠦᠵᠦ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠣᠷᠣᠯᠠᠨ

ᠲᠥᠯᠥᠬᠦ᠂ ᠴᠡᠷᠢᠭ ᠤᠨ ᠠᠯᠪᠠ ᠬᠠᠭᠠᠬᠤ ᠳᠤ ᠤᠯᠤᠰ ᠤᠨ ᠰᠤᠷᠭᠠᠨ ᠬᠥᠮᠦᠵᠢᠯ ᠠᠴᠠ ᠳᠡᠳᠬᠦᠨ ᠳᠤᠰᠠᠯᠠᠬᠤ᠂

︽ᠭᠤᠷᠪᠠ ᠶᠢ ᠲᠤᠰᠠᠯᠠᠬᠤ︾ ᠠᠵᠢᠯ ᠤᠨ ᠪᠠᠶᠢᠷᠢ ᠶᠢᠨ ᠨᠡᠮᠡᠭᠦᠷᠢ᠂ ᠰᠤᠷᠤᠯᠭ᠎ᠠ ᠶᠢᠨ ᠵᠠᠷᠤᠳᠠᠯ ᠢ ᠬᠥᠩᠭᠡᠷᠡᠭᠦᠯᠵᠦ

ᠬᠡᠯᠲᠦᠷᠢᠭᠦᠯᠬᠦ᠂ ᠰᠤᠷᠭᠠᠭᠤᠯᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ ᠰᠤᠷᠤᠯᠭ᠎ᠠ ᠶᠢᠨ ᠳᠡᠳᠭᠦᠮᠵᠢ ᠶᠢᠨ ᠮᠥᠩᠭᠦ᠂

ᠬᠦᠴᠢᠷᠳᠡᠯ ᠤᠨ ᠨᠥᠬᠦᠪᠦᠷᠢ ᠵᠢᠴᠢ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ︽ᠰᠠᠭᠠᠳ ᠦᠭᠡᠶ ᠨᠡᠪᠲᠡᠷᠡᠬᠦ

ᠵᠠᠮ︾ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠪᠠᠭᠲᠠᠭᠠᠭᠰᠠᠨ ᠳᠡᠳᠬᠦᠨ ᠳᠤᠰᠠᠯᠠᠬᠤ ᠲᠥᠷᠥ ᠶᠢᠨ ᠪᠣᠳᠣᠯᠭ᠎ᠠ ᠶᠢ

ᠬᠡᠷᠡᠭᠵᠢᠭᠦᠯᠪᠡ᠃

     ᠶᠠᠮᠠᠷ ᠭᠠᠵᠠᠷ ᠪᠠᠶᠢᠭᠰᠠᠨ ᠴᠤ᠂ ᠶᠠᠮᠠᠷ ᠰᠤᠷᠤᠯᠭ᠎ᠠ ᠶᠢᠨ ᠱᠠᠲᠤᠨ ᠳᠤ ᠪᠠᠶᠢᠭᠰᠠᠨ ᠴᠤ᠂ ᠶᠠᠮᠠᠷ

ᠰᠤᠷᠭᠠᠭᠤᠯᠢ ᠳᠤ ᠪᠠᠶᠢᠭᠰᠠᠨ ᠴᠤ᠂ ᠭᠡᠷ ᠤᠨ ᠠᠮᠢᠳᠤᠷᠠᠯ ᠨᠢ ᠬᠦᠴᠢᠷᠳᠡᠯᠲᠡᠢ ᠪᠣᠯ ᠴᠥᠮ ᠵᠣᠬᠢᠴᠠᠩᠭᠤᠢ ᠪᠠᠷ

ᠳᠡᠳᠬᠦᠨ ᠳᠤᠰᠠᠯᠠᠨ᠎ᠠ᠃

     ᠬᠤᠶᠠᠷ᠂ 2022 ᠣᠨ ᠳᠤ ᠰᠤᠷᠤᠭᠴᠢ ᠶᠢ ᠳᠡᠳᠬᠦᠨ ᠲᠤᠰᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ

     ᠡᠨᠡ ᠵᠢᠯ ᠤᠨ 7 ᠰᠠᠷ᠎ᠠ ᠶᠢᠨ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ 2022

ᠣᠨ ᠤ ᠰᠤᠷᠤᠭᠴᠢ ᠶᠢ ᠳᠡᠳᠬᠦᠨ ᠲᠤᠰᠠᠯᠠᠬᠤ ᠪᠠᠯᠠ ᠮᠥᠩᠭᠦ ᠶᠢ 39 . 5 ᠳ᠋ᠦᠩᠰᠢᠭᠤᠷ ᠲᠥᠭᠦᠷᠢᠭ ᠪᠠᠭᠤᠯᠭᠠᠵᠤ᠂

ᠡᠯ᠎ᠡ ᠲᠥᠷᠥᠯ ᠤᠨ ᠰᠣᠷᠣᠭᠴᠢ ᠶᠢ 461 ᠲᠦᠮᠡᠨ ᠬᠥᠮᠦᠨ ᠤᠳᠠᠭ᠎ᠠ ᠳᠤᠰᠠᠯᠠᠪᠠ᠃

     ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠠᠯ᠎ᠠ ᠪᠠᠷ᠄ ᠥᠪᠡᠷᠲᠡᠭᠡᠨ ᠵᠠᠰᠠᠬᠤ

ᠣᠷᠣᠨ ᠠᠴᠠ ᠨᠢᠭᠡᠨᠲᠡ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠤᠭᠴᠢ ᠶᠢ

ᠳᠡᠳᠬᠦᠨ ᠲᠤᠰᠠᠯᠠᠬᠤ ᠪᠡᠯᠡ ᠮᠥᠩᠭᠦ ᠶᠢ 0.7 ᠳ᠋ᠦᠩᠰᠢᠭᠤᠷ ᠲᠥᠭᠦᠷᠢᠭ ᠪᠠᠭᠤᠯᠭᠠᠵᠤ᠂ ᠭᠡᠷ ᠪᠦᠯᠢ ᠶᠢᠨ ᠠᠵᠤ

ᠠᠬᠤᠶ ᠨᠢ ᠬᠦᠴᠢᠷᠳᠡᠯᠲᠡᠶ ᠬᠡᠦᠬᠡᠳ ᠤᠨ ᠠᠰᠠᠷᠠᠨ ᠬᠥᠮᠦᠵᠢᠭᠦᠯᠬᠦ ᠵᠠᠷᠤᠳᠠᠯ ᠢ ᠬᠥᠩᠭᠡᠷᠡᠭᠦᠯᠦᠨ ᠬᠡᠯᠲᠦᠷᠢᠭᠦᠯᠵᠦ᠂    

10.6 ᠲᠦᠮᠡᠨ ᠬᠥᠮᠦᠨ ᠤᠳᠠᠭ᠎ᠠ ᠳᠤᠰᠠᠯᠠᠪᠠ᠃

     ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ᠄ ᠥᠪᠡᠷᠲᠡᠭᠡᠨ ᠵᠠᠰᠠᠬᠤ ᠣᠷᠣᠨ ᠠᠴᠠ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢ ᠶᠢ ᠳᠡᠳᠬᠦᠨ ᠲᠤᠰᠠᠯᠠᠬᠤ ᠪᠡᠯᠡ ᠮᠥᠩᠭᠦ ᠶᠢ 12.2

ᠳ᠋ᠦᠩᠰᠢᠭᠤᠷ ᠲᠥᠭᠦᠷᠢᠭ ᠪᠠᠭᠤᠯᠭᠠᠵᠤ᠂ 317.4 ᠲᠦᠮᠡᠨ ᠬᠥᠮᠦᠨ ᠤᠳᠠᠭ᠎ᠠ ᠳᠤᠰᠠᠯᠠᠪᠠ᠃ ᠡᠭᠦᠨ ᠳᠤ᠂ 207.4

ᠲᠦᠮᠡᠨ ᠰᠤᠷᠤᠭᠴᠢ ᠳᠤ ᠲᠥᠯᠦᠪᠦᠷᠢ ᠦᠭᠡᠶ ᠪᠠᠷ ᠬᠢᠴᠢᠶᠡᠯ ᠤᠨ ᠪᠢᠴᠢᠭ ᠬᠠᠩᠭᠠᠪᠠ︔ ᠬᠡᠷ ᠪᠦᠯᠢ ᠶᠢᠨ

ᠠᠮᠢᠳᠤᠷᠠᠯ ᠨᠢ ᠬᠦᠴᠢᠷᠳᠡᠯᠲᠡᠶ ᠰᠤᠷᠤᠭᠴᠢ ᠳᠤ 87 . 1 ᠲᠦᠮᠡᠨ ᠬᠥᠮᠦᠨ ᠤᠳᠠᠭ᠎ᠠ ᠠᠮᠢᠳᠤᠷᠠᠯ ᠤᠨ ᠵᠠᠷᠤᠳᠠᠯ ᠤᠨ

ᠨᠥᠬᠦᠪᠥᠷᠢ ᠥᠭᠴᠦ᠂ 22 . 9 ᠲᠦᠮᠡᠨ ᠬᠥᠮᠦᠨ ᠤᠳᠠᠭ᠎ᠠ ᠰᠢᠮ᠎ᠡ ᠲᠡᠵᠢᠭᠡᠯᠲᠦ ᠬᠤᠭᠤᠯᠠ ᠬᠠᠩᠭᠠᠪᠠ᠃

     ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠠᠯ᠎ᠠ ᠪᠠᠷ᠄

ᠥᠪᠡᠷᠲᠡᠭᠡᠨ ᠵᠠᠰᠠᠬᠤ ᠣᠷᠣᠨ ᠠᠴᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢ

ᠳᠡᠳᠬᠦᠨ ᠲᠤᠰᠠᠯᠠᠬᠤ ᠪᠠᠯᠠ ᠮᠥᠩᠭᠦ ᠶᠢ 8 . 8 ᠳ᠋ᠦᠩᠰᠢᠭᠤᠷ ᠲᠥᠭᠦᠷᠢᠭ ᠪᠠᠭᠤᠯᠭᠠᠵᠤ᠂ 53 . 4 ᠲᠦᠮᠡᠨ

ᠬᠥᠮᠦᠨ ᠤᠳᠠᠭ᠎ᠠ ᠳᠤᠰᠠᠯᠠᠪᠠ᠃ ᠡᠭᠦᠨ ᠳᠤ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ

ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ 2 . 3 ᠳ᠋ᠦᠩᠰᠢᠭᠤᠷ ᠲᠥᠭᠦᠷᠢᠭ ᠪᠠᠭᠤᠯᠭᠠᠵᠤ᠂ ᠰᠤᠷᠤᠭᠴᠢᠳ ᠲᠤ

12 . 3 ᠲᠦᠮᠡᠨ ᠬᠥᠮᠦᠨ ᠤᠳᠠᠭ᠎ᠠ ᠳᠤᠰᠠᠯᠠᠪᠠ︔ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ ᠶᠢᠨ ︽ᠬᠤᠶᠠᠷ ᠢ ᠬᠡᠯᠲᠦᠷᠢᠭᠦᠯᠬᠦ︾ ︵ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ᠂

ᠬᠢᠴᠢᠶᠡᠯ ᠤᠨ ᠪᠢᠴᠢᠭ ᠢ ᠲᠥᠯᠦᠪᠦᠷᠢ ᠦᠭᠡᠶ ᠪᠠᠷ ᠬᠠᠩᠭᠠᠬᠤ︶ ᠪᠡᠯᠡ ᠮᠥᠩᠭᠦ ᠶᠢ 6 . 5 ᠳ᠋ᠦᠩᠰᠢᠭᠤᠷ ᠲᠥᠭᠦᠷᠢᠭ

ᠪᠠᠭᠤᠯᠭᠠᠵᠤ᠂ 41 . 1 ᠲᠦᠮᠡᠨ ᠬᠥᠮᠦᠨ ᠤᠳᠠᠭ᠎ᠠ ᠳᠤᠰᠠᠯᠠᠪᠠ᠃

     ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠄ ᠥᠪᠡᠷᠲᠡᠭᠡᠨ ᠵᠠᠰᠠᠬᠤ

ᠣᠷᠣᠨ ᠠᠴᠠ ᠨᠢᠭᠡᠨᠲᠡ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠭᠴᠢ ᠶᠢ

ᠳᠡᠳᠬᠦᠨ ᠲᠤᠰᠠᠯᠠᠬᠤ ᠪᠡᠯᠡ ᠮᠥᠩᠭᠦ ᠶᠢ 6.2 ᠳ᠋ᠦᠩᠰᠢᠭᠤᠷ ᠲᠥᠭᠦᠷᠢᠭ ᠪᠠᠭᠤᠯᠭᠠᠵᠤ᠂ 43.5 ᠲᠦᠮᠡᠨ ᠬᠥᠮᠦᠨ

ᠤᠳᠠᠭ᠎ᠠ ᠳᠤᠰᠠᠯᠠᠪᠠ᠃ ᠡᠭᠦᠨ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠯᠤᠰ ᠤᠨ

ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ 1.6 ᠳ᠋ᠦᠩᠰᠢᠭᠤᠷ ᠲᠥᠭᠦᠷᠢᠭ ᠪᠠᠭᠤᠯᠭᠠᠵᠤ᠂ 12.6 ᠲᠦᠮᠡᠨ

ᠬᠥᠮᠦᠨ ᠤᠳᠠᠭ᠎ᠠ ᠳᠤᠰᠠᠯᠠᠪᠠ︔ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ 0.01 ᠳ᠋ᠦᠩᠰᠢᠭᠤᠷ

ᠲᠥᠭᠦᠷᠢᠭ ᠪᠠᠭᠤᠯᠭᠠᠵᠤ᠂ 232 ᠬᠥᠮᠦᠨ ᠤᠳᠠᠭ᠎ᠠ ᠱᠠᠩᠨᠠᠪᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠶᠢᠨ ︽ᠬᠤᠶᠠᠷ ᠢ ᠭᠡᠯᠳᠦᠷᠢᠭᠦᠯᠬᠦ︾ ︵ᠰᠤᠷᠤᠯᠭ᠎ᠠ ᠶᠢᠨ ᠵᠠᠷᠤᠳᠠᠯ ᠢ ᠭᠡᠯᠳᠦᠷᠢᠭᠦᠯᠬᠦ᠂ ᠬᠢᠴᠢᠶᠡᠯ ᠤᠨ

ᠪᠢᠴᠢᠭ ᠢ ᠲᠥᠯᠥᠪᠦᠷᠢ ᠥᠬᠡᠶ ᠪᠠᠷ ᠬᠠᠩᠭᠠᠬᠤ︶ ᠪᠠᠯᠠ ᠮᠥᠩᠭᠦ ᠶᠢ 3 . 9 ᠳ᠋ᠦᠩᠰᠢᠭᠤᠷ ᠲᠥᠭᠦᠷᠢᠭ ᠪᠠᠭᠤᠯᠭᠠᠵᠤ᠂

18 . 3 ᠲᠦᠮᠡᠨ ᠬᠥᠮᠦᠨ ᠤᠳᠠᠭ᠎ᠠ ᠳᠤᠰᠠᠯᠠᠪᠠ︔ ᠪᠠᠶᠢᠷᠢ ᠳᠤ ᠰᠠᠭᠤᠬᠤ ᠰᠣᠷᠣᠭᠴᠢ ᠶᠢᠨ ᠪᠠᠶᠢᠷᠢ ᠳᠤ ᠰᠠᠭᠤᠬᠤ  

ᠵᠠᠷᠤᠳᠠᠯ ᠤᠨ ᠨᠥᠬᠦᠪᠥᠷᠢ ᠶᠢ 0.7 ᠳ᠋ᠦᠩᠰᠢᠭᠤᠷ ᠲᠥᠭᠦᠷᠢᠭ ᠪᠠᠭᠤᠯᠭᠠᠵᠤ᠂ 12.6 ᠲᠦᠮᠡᠨ ᠬᠥᠮᠦᠨ ᠤᠳᠠᠭ᠎ᠠ

ᠳᠤᠰᠠᠯᠠᠪᠠ᠃

     ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠠᠯ᠎ᠠ ᠪᠠᠷ᠄ ᠥᠪᠡᠷᠲᠡᠭᠡᠨ ᠵᠠᠰᠠᠬᠤ ᠣᠷᠣᠨ ᠠᠴᠠ

ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢ ᠶᠢ ᠳᠡᠳᠬᠦᠨ ᠲᠤᠰᠠᠯᠠᠬᠤ ᠪᠠᠯᠠ ᠮᠥᠩᠭᠦ ᠶᠢ

11 . 6 ᠳ᠋ᠦᠩᠰᠢᠭᠤᠷ ᠲᠥᠭᠦᠷᠢᠭ ᠪᠠᠭᠤᠯᠭᠠᠵᠤ᠂ 36 . 1 ᠲᠦᠮᠡᠨ ᠬᠥᠮᠦᠨ ᠤᠳᠠᠭ᠎ᠠ ᠳᠤᠰᠠᠯᠠᠪᠠ᠃ ᠡᠭᠦᠨ ᠳᠤ᠂

ᠡᠩ ᠤᠨ ᠦᠨᠳᠦᠰᠦᠨ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠭᠠᠨ ᠬᠥᠮᠦᠵᠢᠯ ᠤᠨ ᠰᠤᠷᠤᠭᠴᠢ ᠶᠢ

ᠳᠡᠳᠬᠦᠨ ᠲᠤᠰᠠᠯᠠᠬᠤ ᠪᠠᠯᠠ ᠮᠥᠩᠭᠦ ᠶᠢ 8 . 1 ᠳ᠋ᠦᠩᠰᠢᠭᠤᠷ ᠪᠠᠭᠤᠯᠭᠠᠵᠤ᠂ 32 . 7 ᠲᠦᠮᠡᠨ ᠬᠥᠮᠦᠨ ᠤᠳᠠᠭ᠎ᠠ

ᠳᠤᠰᠠᠯᠠᠪᠠ᠃ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠰᠤᠷᠤᠭᠴᠢ ᠶᠢ ᠳᠡᠳᠬᠦᠨ ᠲᠤᠰᠠᠯᠠᠬᠤ ᠪᠠᠯᠠ

ᠮᠥᠩᠭᠦ ᠶᠢ 3 . 5 ᠳ᠋ᠦᠩᠰᠢᠭᠤᠷ  ᠪᠠᠭᠤᠯᠭᠠᠵᠤ᠂ 3 . 4 ᠲᠦᠮᠡᠨ ᠰᠣᠷᠣᠭᠴᠢ ᠶᠢ ᠳᠤᠰᠠᠯᠠᠪᠠ᠃

     ᠲᠤᠰᠠᠯᠠᠬᠤ ᠪᠣᠯ ᠠᠷᠭ᠎ᠠ ᠪᠠᠷᠢᠯ᠂ ᠬᠥᠮᠦᠨ ᠢ ᠬᠥᠮᠦᠵᠢᠭᠦᠯᠬᠦ ᠪᠣᠯ ᠵᠣᠷᠢᠯᠭ᠎ᠠ ᠪᠣᠯᠤᠨ᠎ᠠ᠃ ᠡᠯ᠎ᠡ ᠵᠦᠢᠯ ᠤᠨ

ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ︾

ᠡᠨᠡ ᠬᠦ ᠦᠨᠳᠦᠰᠦᠨ ᠡᠭᠦᠷᠭᠡ ᠶᠢᠨ ᠲᠣᠭᠤᠷᠢᠨ ᠳᠤ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ

ᠦᠵᠡᠯᠲᠡ ᠶᠢᠨ ᠬᠥᠮᠦᠵᠢᠯ ᠢ ᠡᠯ᠎ᠡ ᠭᠤᠭᠴᠤᠭᠠᠨ ᠳᠤ ᠠᠭᠤᠰᠬᠠᠵᠤ᠂ ᠰᠤᠷᠤᠭᠴᠢᠳ ᠤᠨ ᠰᠢᠨ᠎ᠡ ᠶᠢ ᠡᠭᠦᠳᠬᠦ ᠵᠣᠷᠢᠭ

ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠶᠢ ᠴᠢᠬᠤᠯᠠᠴᠢᠯᠠᠵᠤ᠂ ᠤᠷᠮᠠᠰᠢᠭᠤᠯᠤᠨ

ᠵᠣᠷᠢᠭᠵᠢᠭᠤᠯᠬᠤ ᠬᠥᠮᠦᠵᠢᠯ᠂ ᠦᠨᠡᠨᠴᠢ ᠢᠲᠡᠭᠡᠮᠵᠢ ᠶᠢᠨ ᠬᠥᠮᠦᠵᠢᠯ ᠪᠠ ᠨᠡᠶᠢᠭᠡᠮ ᠤᠨ ᠬᠠᠷᠢᠭᠤᠴᠠᠯᠭᠠᠲᠤ

ᠰᠡᠳᠬᠢᠯᠭᠡ ᠶᠢᠨ ᠬᠥᠮᠦᠵᠢᠯ ᠢ ᠴᠢᠩᠭᠠᠳᠬᠠᠪᠠ᠃ 2019 ᠣᠨ ᠠᠴᠠ ᠣᠲᠣ ᠪᠣᠯᠲᠠᠯ᠎ᠠ ᠪᠥᠬᠦ ᠣᠷᠣᠨ ᠤ ᠡᠯ᠎ᠡ

ᠡᠩ ᠤᠨ ᠳᠡᠭᠡᠳᠦ ᠰᠤᠷᠭᠠᠭᠤᠯᠢ ︽ᠲᠠᠪᠤᠨ ᠨᠢᠭᠡ︾ ᠶᠢᠨ ᠳᠡᠳᠬᠦᠨ ᠲᠤᠰᠠᠯᠠᠵᠤ ᠬᠥᠮᠦᠨ ᠢ ᠬᠥᠮᠦᠵᠢᠭᠦᠯᠬᠦ

ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠪᠡ᠂ ᠲᠤᠬᠠᠶᠢᠯᠠᠪᠠᠯ᠂ ᠨᠢᠭᠡ ᠤᠳᠠᠭᠠᠨ ᠤ ᠦᠨᠡᠨᠴᠢ ᠢᠲᠡᠭᠡᠮᠵᠢ ᠶᠢᠨ

ᠬᠥᠮᠦᠵᠢᠯ᠂ ᠨᠢᠭᠡ ᠤᠳᠠᠭᠠᠨ ᠤ ᠠᠴᠢ ᠬᠠᠷᠢᠭᠤᠯᠬᠤ ᠬᠥᠮᠦᠵᠢᠯ᠂ ᠨᠢᠭᠡ ᠤᠳᠠᠭᠠᠨ ᠤ ᠲᠡᠷᠢᠭᠦᠨ ᠤ ᠦᠢᠯᠡ

ᠠᠵᠢᠯᠯᠠᠭᠠᠨ ᠤ ᠮᠡᠳᠡᠭᠦᠯᠦᠯᠲᠡ ᠶᠢᠨ ᠬᠤᠷᠠᠯ᠂ ᠨᠢᠭᠡ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ᠂ ᠨᠢᠭᠡ

ᠤᠳᠠᠭᠠᠨ ᠤ ᠮᠥᠩᠭᠦᠨ ᠭᠦᠢᠯᠭᠡᠭᠡᠨ ᠤ ᠲᠠᠶᠢᠯᠤᠮᠵᠢ ︵ᠭᠤᠤᠯᠳᠠᠭᠤ ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ ᠶᠢᠨ

ᠮᠡᠬᠡᠯᠡᠯ ᠢ ᠰᠡᠷᠭᠡᠶᠢᠯᠡᠬᠦ ᠲᠣᠭᠤᠷᠢᠨ ᠳᠤ︶ ᠪᠣᠯᠤᠨ᠎ᠠ᠃ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷ

ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠶᠢ ᠰᠤᠷᠭᠠᠨ ᠬᠥᠮᠦᠵᠢᠭᠦᠯᠬᠦ ᠪᠠ ᠬᠥᠲᠥᠯᠦᠨ ᠵᠢᠯᠣᠭᠤᠳᠴᠤ

ᠬᠦᠴᠢᠷᠳᠡᠯ ᠳᠤ ᠵᠥᠪ ᠢᠶᠠᠷ ᠬᠠᠨᠳᠤᠭᠤᠯᠤᠨ᠂ ᠰᠤᠷᠤᠭᠴᠢᠳ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂

ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠬᠠᠯᠠᠮᠵᠢᠯᠠᠯ

ᠳᠤᠤᠷ᠎ᠠ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠡᠴᠦᠰ ᠲᠤ ︽ᠦᠶ᠎ᠡ ᠶᠢᠨ ᠦᠶ᠎ᠡ

ᠶᠠᠳᠠᠭᠤᠷᠠᠬᠤ ᠶᠢ ᠬᠤᠷᠢᠭᠯᠠᠨ ᠵᠣᠭᠰᠣᠭᠠᠬᠤ︾ ᠬᠠᠷᠠᠯᠲᠠ ᠶᠢ ᠪᠡᠶᠡᠯᠡᠭᠦᠯᠦᠨ᠎ᠡ᠃

     ᠤᠳᠠᠯ ᠥᠬᠡᠶ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠭᠡᠵᠦ ᠪᠠᠶᠢᠭ᠎ᠠ

ᠲᠠᠰᠢᠷᠠᠮ ᠳᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠢᠨ ᠰᠤᠷᠤᠯᠭ᠎ᠠ ᠶᠢᠨ ᠱᠠᠩᠨᠠᠯ ᠤᠨ ᠮᠥᠩᠭᠦ

ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠭᠤᠶᠤᠴᠢᠯᠠᠬᠤ ᠪᠠ ᠮᠠᠭᠠᠳᠯᠠᠨ ᠲᠣᠭᠲᠠᠭᠠᠬᠤ ᠠᠵᠢᠯ ᠢ

ᠲᠥᠪᠯᠡᠷᠡᠭᠦᠯᠦᠨ ᠵᠣᠬᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

ᠨᠢᠭᠡᠨᠲᠡ ︽ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ︾ ᠤᠨ ᠠᠯᠪᠠᠨ ᠸᠢᠴᠠᠲ ᠢᠶᠠᠷ ᠳᠠᠮᠵᠢᠭᠤᠯᠤᠨ

ᠪᠥᠬᠦ ᠣᠷᠣᠨ ᠤ ᠡᠯ᠎ᠡ ᠳᠡᠭᠡᠳᠦ ᠰᠤᠷᠭᠠᠭᠤᠯᠢ᠂ ᠡᠯ᠎ᠡ ᠠᠶᠢᠮᠠᠭ ᠬᠤᠲᠠ ᠪᠠ ᠬᠤᠰᠢᠭᠤ ᠰᠢᠶᠠᠨ ᠲᠣᠭᠤᠷᠢᠭ ᠤᠨ

ᠳᠡᠳᠬᠦᠨ ᠲᠤᠰᠠᠯᠠᠬᠤ ᠬᠠᠯᠠᠮᠰᠢᠯ ᠤᠲᠠᠰᠤ ᠪᠠ ᠡᠯ᠎ᠡ ᠵᠦᠢᠯ ᠤᠨ ᠰᠣᠷᠣᠭᠴᠢ ᠶᠢ ᠳᠡᠳᠬᠦᠨ ᠲᠤᠰᠠᠯᠠᠬᠤ ᠲᠥᠷᠥ ᠶᠢᠨ

ᠪᠣᠳᠣᠯᠭ᠎ᠠ ᠶᠢᠨ ᠲᠠᠶᠢᠯᠤᠮᠵᠢ ᠶᠢ ᠨᠡᠶᠢᠲᠡᠯᠡᠵᠦ᠂ ᠬᠡᠷᠡᠭᠴᠡᠭᠡ ᠲᠠᠢ ᠰᠣᠷᠣᠭᠴᠢ ᠪᠣᠯ ᠤᠲᠠᠰᠤᠳᠠᠵᠤ ᠠᠰᠠᠭᠤᠨ ᠯᠠᠪᠯᠠᠵᠤ

ᠪᠣᠯᠤᠨ᠎ᠠ᠃ ᠡᠭᠦᠨ ᠤ ᠬᠠᠮᠲᠤ᠂ ᠥᠷᠭᠡᠨ ᠣᠯᠠᠨ ᠬᠡᠷ ᠤᠨ ᠠᠬᠠᠮᠠᠳ ᠪᠠ ᠰᠣᠷᠣᠭᠴᠢ ᠳᠤ ᠮᠡᠬᠡᠯᠡᠭᠴᠢ ᠳᠡᠳᠬᠦᠨ

ᠲᠤᠰᠠᠯᠠᠬᠤ ᠠᠵᠢᠯᠲᠠᠨ ᠢᠶᠠᠷ ᠣᠪᠯᠠᠵᠤ᠂ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠠᠮᠢᠳᠤᠷᠠᠯ ᠤᠨ ᠳᠤᠰᠠᠯᠠᠮᠵᠢ ᠥᠭᠬᠦ

ᠵᠡᠷᠭᠡ ᠨᠡᠷ᠎ᠡ ᠪᠠᠷ ᠰᠣᠷᠣᠭᠴᠢ ᠪᠠ ᠬᠡᠷ ᠤᠨ ᠠᠬᠠᠮᠠᠳ ᠢ ᠥᠳᠥᠭᠡᠨ ᠮᠡᠬᠡᠯᠡᠬᠦ ᠶᠢ ᠰᠡᠷᠡᠮᠵᠢᠯᠡᠵᠦ᠂ ᠪᠠᠰᠠ ᠵᠠᠷᠢᠮ ᠬᠠᠤᠯᠢ

ᠪᠤᠰᠤ ᠪᠠᠶᠢᠭᠤᠯᠤᠮᠵᠢ ᠶᠢᠨ ᠡᠯ᠎ᠡ  ᠵᠦᠢᠯ ᠤᠨ ᠠᠷᠭ᠎ᠠ ᠪᠠᠷᠢᠯ ᠢᠶᠠᠷ ᠰᠤᠷᠭᠠᠭᠤᠯᠢ ᠳᠤ ᠪᠠᠶᠢᠭ᠎ᠠ ᠰᠣᠷᠣᠭᠴᠢ ᠶᠢ

ᠬᠠᠭᠤᠷᠤᠨ ᠮᠡᠬᠡᠯᠡᠵᠦ ᠡᠷᠡᠭᠦᠯ ᠪᠤᠰᠤ ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ ᠭᠤᠶᠤᠴᠢᠯᠠᠭᠤᠯᠬᠤ ᠶᠢ

ᠰᠡᠷᠡᠮᠵᠢᠯᠡᠬᠦ ᠬᠡᠷᠡᠭᠲᠡᠶ ᠭᠡᠵᠦ ᠰᠠᠨᠠᠭᠤᠯᠤᠶ᠎ᠠ᠃ ᠪᠢᠳᠡ ᠵᠠᠪᠠᠯ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂

ᠤᠶᠤᠨᠴᠢ ᠪᠠᠷ ᠬᠡᠷᠡᠭᠯᠡᠬᠦ ᠶᠢ ᠡᠷᠬᠢᠮᠯᠡᠵᠦ᠂ ᠴᠠᠭ ᠪᠠ ᠤᠶᠤᠨ ᠴᠢᠳᠠᠯ ᠢᠶᠠᠨ ᠮᠡᠳᠡᠯᠭᠡ ᠰᠤᠷᠬᠤ ᠪᠠ ᠴᠢᠳᠠᠪᠤᠷᠢ ᠪᠠᠨ

ᠳᠡᠭᠡᠭᠰᠢᠯᠡᠭᠦᠯᠬᠦ ᠳᠡᠭᠡᠷ᠎ᠡ ᠵᠠᠷᠤᠴᠠᠭᠤᠯᠬᠤ ᠬᠡᠷᠡᠭᠲᠡᠢ᠃

     ᠰᠤᠷᠤᠭᠴᠢ ᠶᠢ ᠲᠡᠳᠬᠦᠨ ᠲᠤᠰᠠᠯᠠᠬᠤ ᠶᠠᠪᠤᠳᠠᠯ ᠨᠢ ᠠᠷᠠᠳ ᠤᠨ ᠠᠮᠢᠳᠤᠷᠠᠯ ᠳᠤ ᠬᠤᠯᠪᠣᠭᠳᠠᠵᠤ᠂ ᠠᠷᠠᠳ ᠤᠨ

ᠰᠡᠳᠬᠢᠯ ᠳᠤ ᠬᠤᠯᠪᠣᠭᠳᠠᠵᠤ᠂ ᠠᠷᠠᠳ ᠣᠯᠠᠨ ᠳᠡᠭᠡᠳᠦ ᠬᠡᠮᠵᠢᠶ᠎ᠡ ᠪᠠᠷ ᠬᠠᠯᠠᠮᠵᠢᠯᠠᠵᠤ᠂ ᠰᠣᠨᠢᠨ ᠮᠡᠳᠡᠭᠡᠨ ᠤ

ᠵᠠᠭᠤᠴᠢᠯᠠᠭᠤᠷ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ᠃ ᠰᠤᠷᠪᠤᠯᠵᠢᠯᠠᠭᠴᠢ ᠨᠠᠶᠢᠵᠠ ᠨᠠᠷ ᠤᠨ ᠣᠷᠳᠣ

ᠬᠤᠭᠤᠴᠠᠭᠠᠨ ᠤ ᠲᠤᠷᠰᠢ ᠰᠤᠷᠤᠭᠴᠢ ᠶᠢ ᠲᠡᠳᠬᠦᠨ ᠲᠤᠰᠠᠯᠠᠬᠤ ᠠᠵᠢᠯ ᠢ ᠬᠠᠯᠠᠮᠵᠢᠯᠠᠨ ᠬᠠᠪᠰᠤᠷᠤᠭᠰᠠᠭᠠᠷ

ᠢᠷᠡᠭᠰᠡᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ᠃ ᠰᠤᠷᠪᠤᠯᠵᠢᠯᠠᠭᠴᠢ ᠨᠠᠶᠢᠵᠠ ᠨᠠᠷ ᠥᠩᠭᠡᠷᠡᠭᠰᠡᠨ ᠲᠠᠢ ᠪᠠᠨ

ᠠᠳᠠᠯᠢ ᠪᠠᠷ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠰᠤᠷᠤᠭᠴᠢ ᠶᠢ ᠬᠠᠶᠢᠷᠠᠯᠠᠨ ᠬᠠᠯᠠᠮᠵᠢᠯᠠᠵᠤ᠂

ᠰᠤᠷᠤᠭᠴᠢ ᠶᠢ ᠲᠡᠳᠬᠦᠨ ᠲᠤᠰᠠᠯᠠᠬᠤ ᠦᠢᠯᠡᠰ ᠤᠨ ᠬᠥᠭᠵᠢᠯᠲᠡ ᠶᠢ ᠬᠠᠯᠠᠮᠵᠢᠯᠠᠵᠤ᠂ ᠶᠠᠳᠠᠭᠤ ᠬᠦᠴᠢᠷᠳᠡᠯᠲᠡᠢ ᠭᠡᠷ

ᠪᠦᠯᠢ ᠶᠢᠨ ᠰᠤᠷᠤᠭᠴᠢ ᠨᠢᠭᠡ ᠪᠦᠷᠢ ᠳᠤ ᠠᠷᠤ ᠳᠤ  ᠴᠢᠨᠢ ᠨᠢᠭᠡᠨ ᠬᠦᠴᠦᠷᠬᠡᠭ ᠶᠡᠭᠡ ᠡᠬᠡ ᠤᠯᠤᠰ ᠪᠠᠶᠢᠬᠤ ᠶᠢ

ᠮᠡᠳᠡᠭᠦᠯᠬᠦ ᠶᠢ ᠬᠦᠰᠡᠵᠦ ᠪᠠᠶᠢᠨ᠎ᠠ︕ ᠪᠢᠳᠡ ᠬᠠᠮᠲᠤ ᠪᠠᠷ ᠴᠢᠷᠮᠠᠶᠢᠵᠤ ᠨᠡᠩ ᠰᠠᠶᠢᠨ ᠬᠢᠷᠢ ᠪᠦᠲᠦᠮᠵᠢ ᠪᠠᠷ ᠨᠠᠮ ᠤᠨ

ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕

     ᠣᠯᠠᠨ ᠳᠤ ᠪᠠᠶᠠᠷᠯᠠᠯ᠎ᠠ︕

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ

      ᠰᠤᠷᠤᠭᠴᠢ ᠶᠢ ᠳᠡᠳᠬᠦᠨ ᠲᠤᠰᠠᠯᠠᠬᠤ ᠠᠵᠢᠯ ᠰᠣᠨᠢᠨ ᠮᠡᠳᠡᠭᠡ ᠨᠡᠶᠢᠲᠡᠯᠡᠬᠦ ᠬᠤᠷᠠᠯ

      ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ

     ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠶᠡᠷᠦᠩᠬᠡᠢ ᠱᠦᠵᠢ ᠰᠢ ᠶᠢᠨ ᠫᠢᠩ᠂

ᠶᠠᠳᠠᠭᠤ ᠠᠴᠠ ᠠᠩᠭᠢᠵᠢᠷᠠᠭᠤᠯᠤᠨ ᠪᠣᠭᠤᠮᠲᠠ  ᠰᠢᠪᠲᠤᠯᠤᠭᠰᠠᠨ ᠦᠷ᠎ᠡ ᠪᠥᠲᠦᠮᠵᠢ ᠶᠢ ᠪᠠᠬᠢᠵᠢᠭᠦᠯᠦᠨ ᠥᠷᠭᠡᠳᠬᠡᠬᠦ ᠶᠢ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ

ᠦᠨᠡᠨ ᠬᠦ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠰᠠᠭᠤᠷᠢ ᠶᠢ ᠨᠡᠩ ᠪᠠᠲᠤ ᠪᠠᠬᠢ᠂ ᠦᠷ᠎ᠡ

ᠪᠦᠲᠦᠮᠵᠢ ᠶᠢ ᠨᠡᠩ ᠦᠷᠭᠦᠯᠵᠢᠯᠡᠬᠦ ᠴᠢᠨᠠᠷᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ

ᠣᠷᠣᠨ ᠤ ᠰᠤᠷᠤᠭᠴᠢ ᠶᠢ ᠳᠡᠳᠬᠦᠨ ᠲᠤᠰᠠᠯᠠᠬᠤ ᠠᠵᠢᠯ ᠤᠨ ᠶᠠᠪᠤᠴᠠ ᠳᠤ ᠶᠠᠳᠠᠭᠤ ᠠᠴᠠ ᠠᠩᠭᠢᠵᠢᠷᠠᠭᠤᠯᠤᠨ

ᠪᠣᠭᠤᠮᠲᠠ ᠰᠢᠪᠲᠤᠯᠤᠭᠰᠠᠨ ᠦᠷ᠎ᠡ ᠪᠥᠲᠦᠮᠵᠢ ᠶᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠶᠠᠭᠠᠬᠢᠵᠤ  ᠨᠠᠶᠢᠳᠠᠪᠤᠷᠢᠵᠢᠭᠤᠯᠤᠭᠰᠠᠨ ᠪᠣᠶ︖

     ᠯᠢ ᠶᠢᠩ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ

ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠶᠢ

ᠲᠦᠷᠦ ᠶᠢ ᠵᠠᠰᠠᠵᠤ ᠵᠠᠰᠠᠭ ᠢ  ᠴᠡᠭᠴᠡᠯᠡᠬᠦ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠢᠭᠡᠳᠦᠭᠡᠷ ᠵᠠᠭᠤᠨ ᠵᠢᠯ ᠤᠨ

ᠲᠡᠮᠡᠴᠡᠬᠦ ᠬᠠᠷᠠᠯᠲᠠ ᠶᠢ ᠪᠡᠶᠡᠯᠡᠭᠦᠯᠬᠦ ᠭᠤᠣᠯᠳᠠᠯᠭᠠᠲᠠᠢ ᠡᠭᠦᠷᠭᠡ ᠪᠣᠯᠭᠠᠵᠤ᠂ ᠶᠠᠳᠠᠭᠤ ᠠᠴᠠ ᠠᠩᠭᠢᠵᠢᠷᠠᠭᠤᠯᠤᠨ

ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠢ

ᠬᠡᠳᠦᠨ ᠮᠢᠩᠭᠠᠨ ᠵᠢᠯ ᠭᠠᠴᠢᠭᠳᠠᠭᠤᠯᠤᠭᠰᠠᠨ ᠬᠠᠷᠢᠴᠠᠯᠠᠰᠢᠭᠦᠢ ᠶᠠᠳᠠᠭᠤ ᠭᠦᠴᠢᠷᠳᠡᠯᠲᠡᠢ ᠠᠰᠠᠭᠤᠳᠠᠯ ᠢ ᠲᠡᠦᠬᠡᠲᠦ

ᠴᠢᠨᠠᠷᠲᠠᠢ ᠪᠠᠷ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠤᠭᠰᠠᠨ ᠦᠷ᠎ᠡ ᠪᠥᠲᠦᠮᠵᠢ

ᠳᠡᠯᠡᠬᠡᠢ ᠳ᠋ᠠᠬᠢᠨ ᠤ ᠠᠩᠬᠠᠷᠤᠯ ᠢ ᠲᠠᠲᠠᠪᠠ᠃ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ

ᠠᠩᠭᠢᠵᠢᠷᠠᠭᠤᠯᠤᠨ ᠪᠣᠭᠤᠮᠲᠠ ᠰᠢᠪᠲᠤᠯᠤᠭᠰᠠᠨ ᠦᠷ᠎ᠡ ᠪᠥᠲᠦᠮᠵᠢ ᠶᠢ ᠪᠠᠬᠢᠵᠢᠭᠦᠯᠦᠨ ᠥᠷᠭᠡᠳᠬᠡᠬᠦ᠂ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠴᠢᠬᠤᠯᠠ ᠶᠠᠷᠢᠶ᠎ᠠ ᠪᠠ

ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂

ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠰᠤᠷᠭᠠᠨ

ᠬᠥᠮᠦᠵᠢᠯ ᠤᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠤᠭᠰᠠᠨ ᠦᠷ᠎ᠡ ᠪᠥᠲᠦᠮᠵᠢ ᠶᠢ ᠪᠠᠬᠢᠵᠢᠭᠦᠯᠦᠨ

ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ

ᠪᠡᠶᠡᠯᠡᠭᠦᠯᠬᠦ ᠲᠤᠬᠠᠶ ᠰᠠᠨᠠᠯ︾ ᠤᠨ ᠱᠠᠭᠠᠷᠳᠠᠯᠭ᠎ᠠ ᠶᠣᠰᠤ ᠪᠠᠷ ᠥᠪᠡᠷᠲᠡᠭᠡᠨ ᠵᠠᠰᠠᠬᠤ ᠣᠷᠣᠨ ᠠᠴᠠ ᠮᠠᠯᠵᠢᠬᠤ

ᠲᠠᠷᠢᠶᠠᠯᠠᠬᠤ ᠣᠷᠣᠨ᠂ ᠬᠥᠳᠡᠭᠡ ᠠᠵᠤ ᠠᠬᠤᠶ ᠳᠤ ᠬᠤᠯᠪᠣᠭᠳᠠᠬᠤ ᠳᠡᠭᠡᠳᠦ ᠰᠤᠷᠭᠠᠭᠤᠯᠢ᠂ ᠬᠥᠳᠡᠭᠡ ᠠᠵᠤ ᠠᠬᠤᠶ

 ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠤᠷᠤᠭᠴᠢ ᠶᠢ ᠳᠡᠳᠬᠦᠨ ᠲᠤᠰᠠᠯᠠᠬᠤ ᠡᠷᠴᠢᠮ ᠢᠶᠠᠨ ᠦᠷᠭᠦᠯᠵᠢᠯᠡᠨ

ᠴᠢᠩᠭᠠᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ᠂ ᠬᠠᠮ ᠬᠡᠷᠡᠭᠯᠡᠭᠡᠨ ᠤ ᠬᠡᠯᠪᠡᠷᠢ ᠶᠢᠨ᠂ ᠬᠡᠷᠡᠭᠯᠡᠭᠡᠨ ᠤ ᠤᠷ᠎ᠠ

ᠴᠢᠳᠠᠪᠤᠷᠢ ᠶᠢᠨ ᠬᠡᠯᠪᠡᠷᠢ ᠶᠢᠨ ᠲᠠᠷᠢᠶᠠᠯᠠᠩ ᠣᠶ ᠰᠢᠭᠤᠶ ᠶᠢᠨ ᠴᠢᠳᠠᠪᠤᠷᠢᠲᠠᠨ ᠢ ᠥᠳᠲᠡᠷ ᠲᠦᠷᠭᠡᠨ ᠬᠥᠮᠦᠵᠢᠭᠦᠯᠵᠦ᠂

ᠰᠤᠷᠭᠠᠨ ᠬᠥᠮᠦᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠴᠢᠳᠠᠪᠤᠷᠢ ᠶᠢᠨ

ᠬᠢᠷᠢ ᠲᠦᠪᠰᠢᠨ ᠢ ᠳᠡᠭᠡᠭᠰᠢᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠮᠠᠯᠵᠢᠬᠤ

ᠲᠠᠷᠢᠶᠠᠯᠠᠬᠤ ᠣᠷᠣᠨ ᠤ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠦᠷᠭᠦᠯᠵᠢᠯᠡᠨ

ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ

ᠰᠤᠷᠤᠭᠴᠢ ᠶᠢᠨ ᠰᠢᠮ᠎ᠡ ᠲᠡᠵᠢᠭᠡᠯ ᠤᠨ ᠪᠠᠶᠢᠳᠠᠯ ᠪᠠ ᠪᠡᠶ᠎ᠡ ᠮᠠᠬᠠᠪᠣᠳ ᠤᠨ ᠬᠡᠪ ᠴᠢᠨᠠᠷ ᠢ ᠦᠷᠭᠦᠯᠵᠢᠯᠡᠨ

ᠰᠠᠶᠢᠵᠢᠷᠠᠭᠤᠯᠪᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠥᠪᠡᠷᠲᠡᠭᠡᠨ

ᠵᠠᠰᠠᠬᠤ ᠣᠷᠣᠨ ᠠᠴᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ

ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠨᠢᠭᠡ᠂ ᠬᠤᠶᠠᠳᠤᠭᠠᠷ ᠣᠨ ᠤ ᠪᠥᠬᠦ ᠲᠠᠷᠢᠶᠠᠯᠠᠬᠤ

ᠮᠠᠯᠵᠢᠬᠤ ᠣᠷᠣᠨ ︵ᠰᠢᠶᠠᠨ ᠪᠠᠯᠭᠠᠰᠤ ᠶᠢ ᠪᠠᠭᠲᠠᠭᠠᠨ᠎ᠠ︶ ᠤ ᠰᠤᠷᠭᠠᠭᠤᠯᠢ ᠳᠤ ᠪᠠᠶᠢᠭ᠎ᠠ ᠰᠤᠷᠤᠭᠴᠢ᠂ ᠬᠤᠲᠠ ᠶᠢᠨ

ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠤᠷᠤᠭᠴᠢ ᠳᠤ ᠤᠯᠤᠰ ᠤᠨ ᠰᠤᠷᠤᠯᠭ᠎ᠠ ᠶᠢᠨ

ᠲᠡᠳᠬᠦᠮᠵᠢ ᠶᠢᠨ ᠮᠥᠩᠭᠦ ᠶᠢᠨ ᠳᠦᠷᠢᠮ ᠢ ᠪᠠᠶᠢᠭᠤᠯᠵᠤ᠂ ᠰᠤᠷᠤᠭᠴᠢ ᠨᠢᠭᠡ ᠪᠦᠷᠢ ᠳᠤ ᠵᠢᠯ ᠪᠦᠷᠢ 1500—

2000 ᠲᠥᠭᠦᠷᠢᠭ ᠤᠨ ᠪᠠᠷᠢᠮᠵᠢᠶ᠎ᠠ ᠪᠠᠷ ᠲᠤᠰᠠᠯᠠᠮᠵᠢ ᠥᠭᠭᠦᠨ᠎ᠡ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ

ᠲᠠᠯ᠎ᠠ ᠪᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ᠂ ᠵᠣᠷᠢᠭᠵᠢᠭᠤᠯᠬᠤ

ᠱᠠᠩᠨᠠᠯ ᠤᠨ ᠮᠥᠩᠭᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠣᠷᠣᠨ ᠲᠤᠭ᠎ᠠ ᠶᠢ

ᠬᠤᠪᠢᠶᠠᠷᠢᠯᠠᠬᠤ ᠲᠠᠯ᠎ᠠ ᠪᠠᠷ᠂ ᠲᠠᠷᠢᠶᠠᠯᠠᠩ ᠣᠶ ᠰᠢᠭᠤᠶ ᠵᠡᠷᠭᠡ ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠢᠶᠠᠷ

ᠭᠤᠤᠯ ᠪᠣᠯᠭᠠᠭᠰᠠᠨ ᠳᠡᠭᠡᠳᠦ ᠰᠤᠷᠭᠠᠭᠤᠯᠢ ᠲᠡᠶᠢᠰᠢ ᠵᠣᠬᠢᠰᠲᠠᠶ ᠬᠡᠯᠪᠡᠶᠢᠯᠭᠡᠪᠡ᠃ 2021 ᠣᠨ ᠳᠤ᠂ ᠥᠪᠡᠷᠲᠡᠭᠡᠨ

ᠵᠠᠰᠠᠬᠤ ᠣᠷᠣᠨ ᠠᠴᠠ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠨᠳᠦᠰᠦᠨ ᠱᠠᠲᠤᠨ ᠳᠤ ᠠᠵᠢᠯ ᠣᠯᠪᠠᠯ

ᠰᠤᠷᠤᠯᠭ᠎ᠠ ᠶᠢᠨ ᠵᠠᠷᠤᠳᠠᠯ ᠢ ᠨᠥᠬᠦᠨ ᠲᠥᠯᠦᠵᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ

ᠣᠷᠣᠯᠠᠨ ᠳᠥᠯᠥᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠮᠠᠨ ᠤ

ᠣᠷᠣᠨ ᠤ ᠬᠠᠲᠠᠭᠤ ᠪᠡᠷᠬᠡᠰᠢᠶᠡᠯᠲᠡᠶ ᠪᠤᠶᠢᠳᠠ ᠪᠦᠭᠯᠡᠭᠦᠦ ᠭᠠᠵᠠᠷ ᠣᠷᠣᠨ ᠤ ᠦᠨᠳᠦᠰᠦᠨ ᠱᠠᠲᠤᠨ ᠤ ᠨᠢᠭᠡᠴᠢ ᠳᠤ

ᠠᠵᠢᠯ ᠣᠯᠬᠤ ᠶᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠦᠨᠳᠦᠰᠦᠨ ᠱᠠᠲᠤᠨ ᠤ ᠴᠢᠳᠠᠪᠤᠷᠢᠲᠠᠨ ᠤ

ᠡᠩᠨᠡᠭᠡᠨ ᠤ ᠪᠦᠲᠦᠴᠡ ᠶᠢ ᠰᠠᠶᠢᠵᠢᠷᠠᠭᠤᠯᠵᠤ᠂ ᠬᠤᠲᠠ ᠬᠥᠳᠡᠭᠡ ᠪᠣᠯᠤᠨ ᠣᠷᠣᠨ ᠪᠦᠰᠡ ᠶᠢᠨ ᠠᠵᠤ ᠠᠬᠤᠶ ᠶᠢᠨ

ᠵᠣᠬᠢᠴᠠᠩᠭᠤᠶ ᠬᠥᠭᠵᠢᠯᠲᠡ ᠶᠢ ᠠᠬᠢᠭᠤᠯᠪᠠ᠃

     ᠣᠳᠣᠬᠠᠨ ᠳᠤ᠂ ᠶᠠᠭ ᠤᠯᠤᠰ ᠤᠨ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ

ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢ ᠬᠦᠯᠢᠶᠡᠨ ᠠᠪᠬᠤ ᠣᠷᠭᠢᠯ ᠤᠨ ᠦᠶ᠎ᠡ ᠪᠣᠯᠤᠨ᠎ᠠ᠃ 2022 ᠣᠨ ᠳᠤ᠂

ᠤᠯᠤᠰ ᠤᠨ ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ

ᠭᠤᠶᠤᠴᠢᠯᠠᠬᠤ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦᠯᠢ ᠡᠳᠦᠷ ᠤᠨ ᠳᠦᠷᠢᠮᠲᠦ

ᠦᠨᠳᠦᠰᠦᠨ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠶᠢ ᠬᠥᠮᠦᠨ ᠪᠦᠷᠢ ᠵᠢᠯ ᠳᠤ 8000

ᠲᠥᠭᠦᠷᠢᠭ ᠠᠴᠠ ᠬᠡᠲᠦᠷᠡᠭᠦᠯᠬᠦ ᠥᠬᠡᠶ ᠪᠠᠶᠢᠭᠰᠠᠨ ᠢ 12000 ᠲᠥᠭᠦᠷᠢᠭ ᠠᠴᠠ ᠬᠡᠲᠦᠷᠡᠭᠦᠯᠬᠦ ᠥᠬᠡᠶ ᠪᠣᠯᠭᠠᠨ

ᠳᠡᠭᠡᠭᠰᠢᠯᠡᠭᠦᠯᠵᠦ᠂ ᠪᠦᠬᠦᠯᠢ ᠡᠳᠦᠷ ᠤᠨ ᠳᠦᠷᠢᠮᠲᠦ ᠰᠣᠳᠤᠯᠬᠤ ᠰᠤᠷᠤᠭᠴᠢ ᠶᠢ ᠬᠥᠮᠦᠨ ᠪᠦᠷᠢ ᠵᠢᠯ ᠳᠤ 12000

ᠲᠥᠭᠦᠷᠢᠭ ᠠᠴᠠ ᠬᠡᠲᠦᠷᠡᠭᠦᠯᠬᠦ ᠥᠬᠡᠶ ᠪᠠᠶᠢᠭᠰᠠᠨ ᠢ 16000 ᠲᠥᠭᠦᠷᠢᠭ ᠠᠴᠠ ᠬᠡᠲᠦᠷᠡᠭᠦᠯᠬᠦ ᠥᠬᠡᠶ ᠪᠣᠯᠭᠠᠨ

ᠳᠡᠭᠡᠭᠰᠢᠯᠡᠭᠦᠯᠪᠡ᠃ ᠡᠨᠡ ᠵᠢᠯ ᠤᠯᠤᠰ ᠠᠴᠠ 2022 ᠣᠨ ᠵᠢᠴᠢ ᠲᠡᠭᠦᠨ ᠠᠴᠠ ᠡᠮᠦᠨ᠎ᠡ ᠲᠡᠭᠦᠰᠦᠭᠰᠡᠨ ᠵᠢᠭᠡᠯᠡᠯᠭᠡ

ᠠᠪᠤᠭᠰᠠᠨ ᠰᠤᠷᠤᠭᠴᠢᠳ ᠤᠨ 2022 ᠣᠨ ᠳᠤ ᠳᠥᠯᠥᠬᠦ ᠶᠣᠰᠣᠲᠠᠶ ᠤᠯᠤᠰ ᠤᠨ ᠰᠤᠷᠤᠯᠭ᠎ᠠ ᠶᠢᠨ

ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠵᠦ᠂ 2022 ᠣᠨ ᠳᠤ ᠳᠥᠯᠥᠬᠦ ᠶᠣᠰᠣᠲᠠᠶ

ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠡᠬᠡ ᠮᠥᠩᠭᠦ ᠶᠢ ᠵᠢᠭᠡᠯᠡᠯᠭᠡ ᠠᠪᠤᠭᠰᠠᠨ ᠰᠤᠷᠤᠭᠴᠢ

ᠪᠡᠶ᠎ᠡ ᠪᠠᠨ ᠳᠠᠭᠠᠭᠠᠵᠤ ᠭᠤᠶᠤᠴᠢᠯᠠᠪᠠᠯ᠂ 1 ᠵᠢᠯ ᠬᠤᠶᠢᠰᠢᠯᠠᠭᠤᠯᠤᠨ ᠳᠥᠯᠥᠵᠦ ᠪᠣᠯᠤᠨ᠎ᠠ᠂ ᠬᠤᠭᠤᠴᠠᠭ᠎ᠠ

ᠤᠷᠲᠤᠳᠬᠠᠭᠰᠠᠨ ᠵᠢᠭᠡᠯᠡᠯᠭᠡ ᠠᠴᠠ ᠬᠦᠦ ᠮᠥᠩᠭᠦ ᠪᠠ ᠳᠠᠪᠬᠤᠷ ᠬᠦᠦ ᠮᠥᠩᠭᠦ ᠠᠪᠬᠤ ᠥᠬᠡᠶ᠂ ᠡᠲᠡᠭᠡᠷ ᠠᠯᠢ ᠣᠯᠠᠨ

ᠲᠥᠷᠥ ᠶᠢᠨ ᠪᠣᠳᠣᠯᠭ᠎ᠠ ᠨᠢ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠲᠡᠭᠦᠰᠦᠭᠰᠡᠳ ᠢ ᠲᠦᠢᠯ ᠤᠨ

ᠶᠡᠭᠡ ᠪᠠᠷ ᠬᠠᠪᠰᠤᠷᠤᠨ ᠠᠵᠢᠯ ᠣᠯᠬᠤ ᠳᠠᠷᠤᠯᠲᠠ ᠶᠢ ᠬᠥᠩᠭᠡᠷᠡᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠲᠤ

ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢ ᠳᠡᠮᠵᠢᠪᠡ᠃

     ᠪᠠᠶᠠᠷᠯᠠᠯ᠎ᠠ︕

     ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠣᠳᠣᠬᠠᠨ ᠳᠤ ᠥᠪᠡᠷᠲᠡᠭᠡᠨ ᠵᠠᠰᠠᠬᠤ ᠣᠷᠣᠨ ᠨᠢᠭᠡᠨᠲᠡ

ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ

ᠬᠦᠷᠲᠡᠯ᠎ᠡ ᠪᠦᠬᠦᠨ ᠢ ᠪᠥᠷᠬᠦᠭᠦᠯᠦᠭᠰᠡᠨ ᠰᠣᠷᠣᠭᠴᠢ ᠶᠢ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ

ᠳᠣᠭᠲᠠᠯᠴᠠᠭ᠎ᠠ ᠶᠢ ᠪᠠᠶᠢᠭᠤᠯᠪᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦ ᠶᠢ ᠪᠠᠲᠤᠯᠠᠬᠤ ᠲᠠᠯ᠎ᠠ ᠪᠠᠷ

ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖

     ᠸᠠᠩ ᠺᠦᠨ᠄ ᠰᠤᠷᠤᠭᠴᠢᠳ ᠢ ᠲᠡᠳᠬᠦᠨ ᠲᠤᠰᠠᠯᠠᠬᠤ ᠵᠠᠷᠤᠳᠠᠯ ᠢ ᠰᠤᠷᠭᠠᠨ ᠬᠥᠮᠦᠵᠢᠯ ᠤᠨ ᠠᠷᠠᠳ ᠤᠨ

ᠠᠮᠢᠳᠤᠷᠠᠯ ᠤᠨ ᠵᠠᠷᠤᠯᠭ᠎ᠠ ᠪᠣᠯᠭᠠᠵᠤ᠂ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠳᠣᠭᠲᠠᠯᠴᠠᠭᠠᠨ ᠤ

ᠲᠠᠰᠤᠷᠠᠯᠲᠠ ᠥᠬᠡᠶ ᠲᠡᠭᠦᠯᠳᠡᠷᠵᠢᠬᠦ ᠶᠢ ᠳᠠᠭᠠᠯᠳᠤᠨ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ

 ᠬᠢᠨ ᠰᠤᠷᠤᠭᠴᠢ ᠶᠢ ᠲᠡᠳᠬᠦᠨ ᠲᠤᠰᠠᠯᠠᠬᠤ ᠲᠠᠯ᠎ᠠ ᠪᠠᠷ ᠬᠢ ᠪᠡᠯᠡ ᠣᠷᠣᠭᠤᠯᠤᠯᠲᠠ ᠶᠢ ᠵᠢᠯ ᠳᠠᠷᠠᠭᠠᠯᠠᠨ ᠨᠡᠮᠡᠭᠳᠡᠭᠦᠯᠵᠦ

ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠥᠬᠦ ᠣᠷᠣᠨ ᠳᠤ

ᠡᠯ᠎ᠡ ᠱᠠᠲᠤᠨ ᠤ ᠡᠯ᠎ᠡ ᠲᠥᠷᠥᠯ ᠤᠨ ᠰᠤᠷᠤᠭᠴᠢ ᠶᠢ ᠳᠡᠳᠬᠦᠨ ᠲᠤᠰᠠᠯᠠᠬᠤ ᠪᠠᠯᠠ ᠮᠥᠩᠭᠦ ᠶᠢ ᠨᠡᠶᠢᠲᠡ 418 . 1

ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ 4579 ᠲᠦᠮᠡᠨ ᠬᠥᠮᠦᠨ ᠤᠳᠠᠭ᠎ᠠ ᠳᠤᠰᠠᠯᠠᠪᠠ᠃ ᠡᠭᠦᠨ ᠳᠤ᠂

ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ 16 . 2 ᠳ᠋ᠦᠩᠰᠢᠭᠤᠷ ᠲᠥᠭᠦᠷᠢᠭ ᠲᠤ ᠬᠦᠷᠴᠦ᠂

105 ᠲᠦᠮᠡᠨ ᠰᠤᠷᠤᠭᠴᠢ ᠶᠢ ᠳᠤᠰᠠᠯᠠᠪᠠ︔ ᠠᠯᠪᠠᠨ ᠵᠢᠷᠤᠮ ᠤᠨ ᠰᠤᠷᠭᠠᠨ ᠬᠥᠮᠦᠵᠢᠯ 108 . 7 ᠳ᠋ᠦᠩᠰᠢᠭᠤᠷ

ᠲᠥᠭᠦᠷᠢᠭ ᠲᠤ ᠬᠦᠷᠴᠦ᠂ 3113 . 6 ᠲᠦᠮᠡᠨ ᠬᠥᠮᠦᠨ ᠤᠳᠠᠭ᠎ᠠ ᠳᠤᠰᠠᠯᠠᠪᠠ︔ ᠡᠩ ᠤᠨ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ 109 . 23 ᠳ᠋ᠦᠩᠰᠢᠭᠤᠷ ᠲᠥᠭᠦᠷᠢᠭ ᠲᠤ ᠬᠦᠷᠴᠦ᠂ 643 ᠲᠦᠮᠡᠨ ᠰᠤᠷᠤᠭᠴᠢ ᠶᠢ

ᠳᠤᠰᠠᠯᠠᠪᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ 73 . 4 ᠳ᠋ᠦᠩᠰᠢᠭᠤᠷ

ᠲᠥᠭᠦᠷᠢᠭ ᠲᠤ ᠬᠦᠷᠴᠦ᠂ 444 . 35 ᠲᠦᠮᠡᠨ ᠬᠥᠮᠦᠨ ᠤᠳᠠᠭ᠎ᠠ ᠳᠤᠰᠠᠯᠠᠪᠠ︔ ᠡᠩ ᠤᠨ ᠦᠨᠳᠦᠰᠦᠨ ᠠᠩᠭᠢ

ᠪᠠ ᠲᠤᠰᠬᠠᠢ ᠠᠩᠭᠢ ᠶᠢᠨ ᠰᠤᠷᠭᠠᠨ ᠬᠥᠮᠦᠵᠢᠯ 93 . 4 ᠳ᠋ᠦᠩᠰᠢᠭᠤᠷ ᠲᠥᠭᠦᠷᠢᠭ ᠲᠤ ᠬᠦᠷᠴᠦ᠂ 252 . 5

ᠲᠦᠮᠡᠨ ᠬᠥᠮᠦᠨ ᠤᠳᠠᠭ᠎ᠠ ᠳᠤᠰᠠᠯᠠᠪᠠ︔ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ 17 . 2 ᠳ᠋ᠦᠩᠰᠢᠭᠤᠷ

ᠲᠥᠭᠦᠷᠢᠭ ᠲᠤ ᠬᠦᠷᠴᠦ᠂ 20 . 6 ᠲᠦᠮᠡᠨ ᠬᠥᠮᠦᠨ ᠤᠳᠠᠭ᠎ᠠ ᠳᠤᠰᠠᠯᠠᠪᠠ᠃

     ᠰᠤᠷᠤᠭᠴᠢ ᠶᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ

ᠲᠥᠯᠥᠭᠡ᠂ ᠣᠶᠢᠷ᠎ᠠ ᠶᠢᠨ ᠵᠢᠯ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠣᠯᠠᠨ

ᠵᠦᠢᠯ ᠤᠨ ᠠᠷᠭ᠎ᠠ ᠬᠡᠮᠵᠢᠶ᠎ᠡ ᠠᠪᠴᠠᠶ᠂ ᠡᠭᠦᠨ ᠳᠤ᠄

     ᠨᠢᠭᠡ ᠳᠤ᠂ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ 2020 ᠣᠨ ᠳᠤ ᠥᠪᠡᠷᠲᠡᠭᠡᠨ ᠵᠠᠰᠠᠬᠤ

ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠡᠮ ᠡᠮᠨᠡᠯᠭᠡ ᠡᠷᠡᠭᠦᠯ ᠬᠠᠮᠠᠭᠠᠯᠠᠯ ᠤᠨ

ᠬᠦᠷᠢᠶ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶ᠎ᠡ᠂ ᠰᠤᠷᠭᠠᠨ ᠬᠥᠮᠦᠵᠢᠯ ᠤᠨ ᠬᠦᠷᠢᠶᠡᠨ ᠤ

ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ

ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ᠢ ᠳᠠᠷᠤᠮᠠᠯᠯᠠᠨ

ᠲᠠᠷᠬᠠᠭᠠᠪᠠ᠃ ︽ᠲᠥᠰᠦᠯ︾ ᠳᠤ᠂ ᠰᠤᠷᠤᠭᠴᠢ ᠶᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠨᠢ

ᠬᠠᠷᠢᠴᠠᠩᠭᠤᠶ ᠪᠠᠷ ᠪᠡᠶ᠎ᠡ ᠪᠠᠨ ᠳᠠᠭᠠᠭᠠᠭᠰᠠᠨ ᠪᠦᠷᠢᠨ ᠪᠦᠲᠦᠨ ᠲᠥᠷᠥ ᠶᠢᠨ ᠪᠣᠳᠣᠯᠭ᠎ᠠ ᠶᠢᠨ ᠳᠣᠭᠲᠠᠯᠴᠠᠭ᠎ᠠ

ᠪᠣᠯᠤᠭᠰᠠᠨ ᠤ ᠬᠤᠪᠢ ᠳᠤ  ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ

ᠰᠤᠷᠭᠠᠨ ᠬᠥᠮᠦᠵᠢᠯ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠶᠢ ᠬᠠᠮᠤᠷᠴᠤ᠂ ᠥᠪᠡᠷᠲᠡᠭᠡᠨ

ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ

ᠡᠷᠬᠡ ᠪᠠᠷ ᠨᠤᠲᠠᠯᠠᠨ  ᠳᠣᠭᠲᠠᠭᠠᠭᠰᠠᠨ ᠤ ᠬᠠᠮᠲᠤ ᠪᠣᠳᠠᠲᠠᠢ ᠵᠦᠢᠯ ᠢ ᠦᠨᠳᠦᠰᠦᠯᠡᠨ ᠨᠠᠷᠢᠯᠢᠬᠵᠢᠭᠤᠯᠵᠤ᠂

ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠭᠤᠴᠠᠯᠭ᠎ᠠ ᠶᠢ

ᠲᠣᠳᠣᠷᠬᠠᠶᠢᠯᠠᠪᠠ᠃ ᠡᠯ᠎ᠡ ᠱᠠᠲᠤᠨ ᠤ ᠡᠳ᠋ ᠤᠨ ᠵᠠᠰᠠᠭ ᠨᠢ ︽ᠲᠥᠰᠦᠯ︾ ᠳᠤ ᠲᠣᠭᠲᠠᠭᠠᠭᠰᠠᠨ ᠡᠳ᠋ ᠤᠨ

ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ

ᠦᠨᠳᠦᠰᠦᠯᠡᠨ᠂ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠰᠤᠷᠤᠭᠴᠢ ᠶᠢ ᠳᠡᠳᠬᠦᠨ

ᠲᠤᠰᠠᠯᠠᠬᠤ ᠡᠯ᠎ᠡ ᠵᠦᠢᠯ ᠤᠨ ᠵᠠᠷᠤᠳᠠᠯ ᠢ ᠲᠤᠭ᠎ᠠ ᠶᠣᠰᠤ ᠪᠠᠷ ᠭᠦᠢᠴᠡᠳ  ᠲᠣᠬᠢᠷᠠᠭᠤᠯᠪᠠ᠃

     ᠬᠤᠶᠠᠷ ᠲᠤ᠂ ᠪᠡᠯᠡ ᠮᠥᠩᠭᠦ ᠶᠢ ᠬᠤᠪᠢᠶᠠᠷᠢᠯᠠᠬᠤ ᠲᠠᠯ᠎ᠠ ᠪᠠᠷ᠂ ᠳᠡᠳᠬᠦᠨ ᠲᠤᠰᠠᠯᠠᠬᠤ ᠪᠠᠯᠠ ᠮᠥᠩᠭᠦ ᠶᠢ

ᠬᠤᠪᠢᠶᠠᠷᠢᠯᠠᠬᠤ ᠠᠷᠭ᠎ᠠ ᠮᠠᠶ᠋ᠢᠭ ᠤᠨ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂

ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠨᠢᠭᠲᠠ

ᠤᠶᠠᠯᠳᠤᠭᠤᠯᠵᠤ᠂ ᠬᠤᠪᠢᠶᠠᠷᠢᠯᠠᠬᠤ ᠬᠦᠴᠦᠨ ᠵᠦᠢᠯ ᠵᠢᠴᠢ ᠡᠵᠡᠯᠡᠬᠦ ᠬᠠᠷᠢᠴᠠᠯ ᠢ ᠵᠦᠶ ᠵᠣᠬᠢᠰᠲᠠᠶ ᠲᠣᠭᠲᠠᠭᠠᠵᠤ᠂

ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ ᠠᠩᠬᠠᠨ ᠤ ᠬᠦᠰᠡᠯ ᠢ ᠬᠠᠮᠤᠭ ᠤᠨ ᠶᠡᠭᠡ ᠬᠡᠮᠵᠢᠶ᠎ᠡ ᠪᠠᠷ

ᠢᠯᠡᠷᠡᠭᠦᠯᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠷᠢᠯᠢᠭ ᠣᠨᠣᠴᠠᠲᠠᠢ ᠬᠤᠪᠢᠶᠠᠷᠢᠯᠠᠬᠤ ᠬᠤᠯᠪᠤᠭᠳᠠᠬᠤ

ᠱᠠᠭᠠᠷᠳᠠᠯᠭ᠎ᠠ ᠶᠢ ᠢᠯᠡᠷᠡᠭᠦᠯᠪᠡ᠃ ᠵᠢᠱᠢᠶᠡᠯᠡᠪᠡᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ

ᠳᠡᠳᠬᠦᠨ ᠲᠤᠰᠠᠯᠠᠬᠤ ᠲᠤᠰᠬᠠᠶ ᠪᠠᠯᠠ ᠮᠥᠩᠭᠦ ᠶᠢ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠵᠠᠷᠴᠢᠮ

ᠪᠣᠯ ︽ᠣᠷᠣᠨ ᠨᠤᠲᠤᠭ ᠤᠷᠢᠳ ᠢᠶᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠱᠠᠩᠨᠠᠵᠤ ᠳᠤᠰᠠᠯᠠᠬᠤ︾

ᠪᠣᠯᠤᠨ᠎ᠠ᠂ ᠱᠠᠩᠨᠠᠯ ᠪᠠ ᠳᠤᠰᠠᠯᠠᠮᠵᠢ ᠶᠢᠨ ᠪᠠᠯᠠ ᠮᠥᠩᠭᠦ ᠶᠢ ᠬᠤᠪᠢᠶᠠᠷᠢᠯᠠᠬᠤ ᠲᠠᠯ᠎ᠠ ᠪᠠᠷ᠂ ᠪᠢᠳᠡ ᠰᠣᠷᠣᠭᠴᠢ ᠶᠢᠨ

ᠲᠤᠭ᠎ᠠ ᠶᠢ ᠪᠣᠳᠣᠯᠬᠢᠯᠠᠭᠰᠠᠨ ᠰᠠᠭᠤᠷᠢᠨ ᠳᠡᠭᠡᠷ᠎ᠡ ᠪᠠᠰᠠ ᠡᠯ᠎ᠡ ᠭᠠᠵᠠᠷ ᠤᠨ ᠨᠡᠶᠢᠲᠡᠯᠡᠭᠰᠡᠨ ᠲᠥᠷᠥ ᠶᠢᠨ ᠪᠣᠳᠣᠯᠭ᠎ᠠ᠂

ᠪᠠᠯᠠ ᠮᠥᠩᠭᠦ ᠶᠢᠨ ᠣᠷᠣᠭᠤᠯᠤᠯᠲᠠ ᠶᠢᠨ ᠪᠠᠶᠢᠳᠠᠯ ᠢ ᠪᠣᠳᠣᠯᠬᠢᠯᠠᠭᠰᠠᠨ ᠪᠠᠶᠢᠨ᠎ᠠ︔ ᠵᠢᠱᠢᠶᠡᠯᠡᠪᠡᠯ᠂ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠤᠨ

ᠠᠮᠢᠳᠤᠷᠠᠯ ᠤᠨ ᠵᠠᠷᠤᠳᠠᠯ ᠤᠨ ᠳᠤᠰᠠᠯᠠᠮᠵᠢ᠂ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ

ᠬᠥᠮᠦᠵᠢᠯ ᠤᠨ ᠱᠠᠲᠤᠨ ᠳᠠᠬᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠬᠤᠪᠢᠶᠠᠷᠢᠯᠠᠬᠤ ᠳᠤ ᠪᠠᠨ

ᠳᠡᠳᠬᠦᠨ ᠲᠤᠰᠠᠯᠠᠬᠤ ᠬᠡᠪᠴᠢᠶ᠎ᠡ ᠶᠢ ᠬᠥᠳᠡᠭᠡ ᠲᠣᠰᠬᠤᠨ ᠤ ᠭᠠᠵᠠᠷ ᠣᠷᠣᠨ᠂ ᠶᠠᠳᠠᠭᠤ ᠠᠴᠠ ᠠᠩᠭᠢᠵᠢᠷᠠᠭᠰᠠᠨ

ᠭᠠᠵᠠᠷ ᠣᠷᠣᠨ ᠪᠠ ᠦᠨᠳᠦᠰᠦᠲᠡᠨ ᠤ ᠭᠠᠵᠠᠷ ᠣᠷᠣᠨ ᠲᠡᠶᠢᠰᠢ ᠬᠡᠯᠪᠡᠶᠢᠯᠭᠡᠪᠡ︔ ᠵᠢᠱᠢᠶᠡᠯᠡᠪᠡᠯ᠂ ᠦᠨᠳᠦᠰᠦᠨ

ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ

ᠲᠤᠭ᠎ᠠ ᠶᠢ ᠬᠤᠪᠢᠶᠠᠷᠢᠯᠠᠬᠤ ᠳᠤ ᠪᠠᠨ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠪᠠ ᠲᠤᠰᠬᠠᠶ ᠮᠡᠷᠭᠡᠵᠢᠯ ᠤᠨ

ᠠᠩᠭᠢ ᠶᠢᠨ ᠬᠥᠮᠦᠨ ᠤ ᠲᠤᠭ᠎ᠠ ᠶᠢ ᠪᠣᠳᠣᠯᠬᠢᠯᠠᠬᠤ ᠠᠴᠠ ᠭᠠᠳᠠᠨ᠎ᠠ ᠪᠠᠰᠠ ᠳᠡᠭᠡᠳᠦ ᠰᠤᠷᠭᠠᠭᠤᠯᠢ ᠶᠢᠨ ᠲᠥᠷᠥᠯ

ᠢᠯᠭᠠᠯ᠂ ᠰᠤᠷᠭᠠᠭᠤᠯᠢ ᠡᠷᠭᠢᠯᠡᠬᠦ ᠲᠠᠰ ᠳᠠᠪᠬᠤᠷᠭ᠎ᠠ᠂ ᠰᠤᠷᠭᠠᠭᠤᠯᠢ ᠡᠷᠭᠢᠯᠡᠬᠦ ᠴᠢᠨᠠᠷ ᠴᠢᠨᠰᠠᠭ᠎ᠠ ᠵᠡᠷᠭᠡ ᠬᠦᠴᠦᠨ

ᠵᠦᠢᠯ ᠢ  ᠪᠣᠳᠣᠯᠬᠢᠯᠠᠭᠰᠠᠨ ᠪᠥᠭᠡᠳ ᠰᠤᠷᠭᠠᠭᠤᠯᠢ ᠡᠷᠭᠢᠯᠡᠬᠦ ᠬᠢᠷᠢ ᠲᠦᠪᠰᠢᠨ ᠢᠶᠠᠷ ᠨᠡᠯᠢᠶᠡᠳ ᠥᠨᠳᠥᠷ ᠳᠡᠭᠡᠳᠦ

ᠰᠤᠷᠭᠠᠭᠤᠯᠢ ᠲᠡᠶᠢᠰᠢ ᠬᠡᠯᠪᠡᠶᠢᠯᠭᠡᠪᠡ᠃

     ᠭᠤᠷᠪᠠ ᠳᠤ᠂ ᠪᠡᠯᠡ ᠮᠥᠩᠭᠦ ᠰᠠᠯᠭᠠᠨ ᠥᠭᠬᠦ ᠲᠠᠯ᠎ᠠ ᠪᠠᠷ᠂ 2021 ᠣᠨ ᠠᠴᠠ ᠡᠬᠢᠯᠡᠨ᠂ ᠡᠳ᠋ ᠤᠨ

ᠵᠠᠰᠠᠭ ᠤᠨ ᠶᠠᠮᠤᠨ ᠰᠤᠷᠤᠭᠴᠢ ᠶᠢ ᠳᠡᠳᠬᠦᠨ ᠲᠤᠰᠠᠯᠠᠬᠤ ᠪᠠᠯᠠ ᠮᠥᠩᠭᠦ ᠶᠢ ᠰᠢᠭᠤᠳ ᠬᠦᠷᠭᠡᠬᠦ ᠪᠠᠯᠠ ᠮᠥᠩᠭᠦ ᠶᠢᠨ

ᠬᠠᠮᠢᠶᠠᠷᠤᠯᠲᠠ ᠳᠤ ᠣᠷᠣᠭᠤᠯᠤᠨ᠎ᠠ᠃ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠪᠡᠯᠡ

ᠮᠥᠩᠭᠦ ᠶᠢ ᠰᠢᠭᠤᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠤᠰᠢᠭᠤ ᠰᠢᠶᠠᠨ ᠤ ᠱᠠᠲᠤᠨ ᠤ

ᠡᠳ᠋ ᠤᠨ ᠵᠠᠰᠠᠭ ᠲᠤ ᠪᠠᠭᠤᠯᠭᠠᠪᠠ᠃ ᠡᠭᠦᠨ ᠤ ᠬᠠᠮᠲᠤ ᠡᠯ᠎ᠡ ᠭᠠᠵᠠᠷ ᠤᠨ ᠬᠢᠨ ᠪᠠᠯᠠ ᠮᠥᠩᠭᠦ ᠶᠢ ᠬᠡᠷᠡᠭᠯᠡᠭᠰᠡᠨ ᠤ

ᠳᠠᠷᠠᠭ᠎ᠠ ᠲᠤᠭ᠎ᠠ ᠪᠠᠷᠢᠮᠲᠠ ᠪᠠᠨ ᠰᠢᠭᠤᠳ ᠪᠠᠯᠠ ᠮᠥᠩᠭᠦ ᠶᠢ ᠬᠢᠨᠠᠨ ᠡᠵᠡᠮᠳᠡᠬᠦ ᠰᠢᠰᠲ᠋ᠧᠮ ᠳᠤ ᠮᠡᠳᠡᠭᠦᠯᠵᠦ᠂

ᠰᠢᠭᠤᠳ ᠬᠥᠷᠬᠦ ᠪᠠᠯᠠ ᠮᠥᠩᠭᠦ ᠶᠢ ᠬᠢᠨᠠᠨ ᠡᠵᠡᠮᠳᠡᠬᠦ ᠲᠠᠪᠴᠠᠩ ᠳᠤ ᠲᠦᠰᠢᠭᠯᠡᠨ ᠡᠯ᠎ᠡ ᠠᠶᠢᠮᠠᠭ ᠬᠤᠲᠠ᠂ ᠬᠤᠰᠢᠭᠤ

ᠰᠢᠶᠠᠨ ᠤ ᠪᠠᠯᠠ ᠮᠥᠩᠭᠦ ᠶᠢ ᠬᠤᠪᠢᠶᠠᠷᠢᠯᠠᠵᠤ ᠬᠡᠷᠡᠭᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ

ᠰᠢᠯᠵᠢᠭᠦᠯᠦᠨ ᠠᠪᠴᠤ᠂ ᠡᠳᠦᠷ ᠲᠤᠲᠤᠮ ᠤᠨ ᠬᠢᠨᠠᠯᠲᠠ  ᠲᠠᠯᠪᠢᠪᠠ᠃ ᠡᠳ᠋ ᠤᠨ ᠵᠠᠰᠠᠭ ᠤᠨ ᠪᠠᠯᠠ ᠮᠥᠩᠭᠦ ᠶᠢ

ᠰᠢᠭᠤᠳ ᠬᠦᠷᠭᠡᠬᠦ ᠲᠣᠭᠲᠠᠴᠠ ᠨᠢ ᠪᠠᠯᠠ ᠮᠥᠩᠭᠦ ᠶᠢ ᠨᠠᠩ ᠲᠦᠷᠭᠡᠨ ᠪᠠᠭᠤᠯᠭᠠᠵᠤ᠂ ᠪᠡᠯᠡ ᠣᠷᠣᠭᠤᠯᠤᠯᠲᠠ ᠶᠢᠨ

ᠬᠠᠨᠳᠤᠰᠢ ᠶᠢ ᠨᠠᠩ ᠣᠨᠣᠪᠴᠢᠲᠠᠶ ᠪᠣᠯᠭᠠᠵᠤ᠂ ᠬᠢᠨᠠᠯᠲᠠ ᠬᠠᠮᠢᠶᠠᠷᠤᠯᠲᠠ ᠶᠢ ᠨᠠᠩ ᠪᠦᠲᠦᠮᠵᠢᠲᠡᠶ ᠪᠣᠯᠭᠠᠵᠤ᠂

ᠳᠡᠳᠬᠦᠨ ᠳᠤᠰᠠᠯᠠᠬᠤ ᠪᠠᠯᠠ ᠮᠥᠩᠭᠦᠨ ᠤ ᠭᠦᠢᠯᠭᠡᠭᠡᠨ ᠤ ᠬᠠᠨᠳᠤᠰᠢ ᠶᠢ  ᠲᠣᠳᠤᠷᠬᠠᠶᠢᠯᠠᠵᠤ᠂ ᠪᠠᠶᠢᠴᠠᠭᠠᠵᠤ

ᠮᠥᠷᠳᠡᠵᠦ ᠪᠣᠯᠬᠤ ᠶᠢ ᠦᠨᠡᠨ ᠬᠦ ᠪᠠᠲᠤᠯᠠᠪᠠ᠃

     ᠠᠷᠠᠳ ᠰᠦᠯᠵᠢᠶᠡᠨ ᠤ ᠰᠤᠷᠪᠤᠯᠵᠢᠯᠠᠭᠴᠢ᠄ ᠰᠤᠷᠤᠭᠴᠢ ᠶᠢ ᠲᠡᠳᠬᠦᠨ ᠲᠤᠰᠠᠯᠠᠬᠤ ᠠᠵᠢᠯ ᠤᠨ ᠶᠠᠪᠤᠴᠠ ᠳᠤ

ᠨᠠᠷᠢᠯᠢᠭ ᠣᠨᠣᠴᠠᠲᠠᠶ ᠪᠠᠷ ᠲᠡᠳᠬᠦᠨ ᠲᠤᠰᠠᠯᠠᠬᠤ ᠪᠣᠯ ᠡᠯ᠎ᠡ ᠵᠦᠢᠯ ᠤᠨ ᠲᠡᠳᠬᠦᠨ ᠲᠤᠰᠠᠯᠠᠬᠤ ᠲᠥᠷᠥ ᠶᠢᠨ

ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ

ᠮᠥᠨ ᠭᠡᠪᠡ᠂ ᠰᠤᠷᠤᠭᠴᠢ ᠶᠢ ᠲᠡᠳᠬᠦᠨ ᠲᠤᠰᠠᠯᠠᠬᠤ ᠠᠵᠢᠯ ᠢ ᠶᠠᠭᠠᠬᠢᠵᠤ ︽ᠨᠠᠷᠢᠯᠢᠭ ᠣᠨᠣᠴᠠᠲᠠᠶ︾ ᠥᠷᠨᠢᠭᠦᠯᠦᠭᠰᠡᠨ

ᠪᠣᠶ︖

     ᠵᠠᠩ ᠵᠢᠶᠠ ᠯᠢ᠄ ᠣᠶᠢᠷ᠎ᠠ ᠶᠢᠨ ᠵᠢᠯ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠡᠯ᠎ᠡ

ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠢᠨ ᠨᠠᠷᠢᠯᠢᠭ ᠣᠨᠣᠴᠠᠲᠠᠢ ᠪᠠᠷ ᠳᠡᠳᠬᠦᠨ ᠲᠤᠰᠠᠯᠠᠬᠤ ᠶᠢ

ᠴᠢᠩᠭᠠᠳᠬᠠᠬᠤ ᠶᠢ ᠰᠤᠷᠤᠭᠴᠢ ᠶᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠦᠲᠦᠮᠵᠢᠲᠡᠶ

ᠨᠠᠶᠢᠳᠠᠪᠤᠷᠢᠵᠢᠭᠤᠯᠬᠤ᠂ ᠪᠠᠯᠠ ᠮᠥᠩᠭᠦᠨ ᠤ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠴᠢᠬᠤᠯᠠ ᠡᠭᠦᠷᠭᠡ ᠪᠣᠯᠭᠠᠵᠤ᠂

ᠨᠠᠷᠢᠯᠢᠭ ᠣᠨᠣᠴᠠᠲᠠᠢ ᠪᠠᠷ ᠳᠡᠳᠬᠦᠨ ᠲᠤᠰᠠᠯᠠᠬᠤ ᠲᠠᠯ᠎ᠠ ᠪᠠᠷ ᠲᠠᠰᠤᠷᠠᠯᠲᠠ ᠥᠬᠡᠶ ᠰᠦᠪᠡᠭᠴᠢᠯᠡᠨ

ᠦᠢᠯᠡᠳᠦᠯᠭᠡᠵᠢᠭᠦᠯᠪᠡ᠂ ᠭᠤᠤᠯᠳᠠᠭᠤ ᠳᠤᠤᠷᠠᠬᠢ ᠭᠤᠷᠪᠠᠨ ᠲᠠᠯ᠎ᠠ ᠳᠤ ᠬᠦᠴᠦ ᠲᠠᠯᠪᠢᠪᠠ᠄

     ᠨᠢᠭᠡ ᠳᠤ᠂ ᠲᠤᠰᠠᠯᠠᠬᠤ ᠡᠲᠡᠭᠡᠳ ᠢ ᠨᠠᠷᠢᠯᠢᠭ ᠣᠨᠣᠴᠠᠲᠠᠢ ᠮᠠᠭᠠᠳᠯᠠᠨ ᠳᠣᠭᠲᠠᠭᠠᠪᠠ᠃ 2021 ᠣᠨ ᠤ 12

ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ 8 ᠰᠠᠯᠠᠭ᠎ᠠ ᠮᠥᠴᠢᠷ

ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠠᠵᠤ ᠠᠬᠤᠶ ᠨᠢ

ᠬᠦᠴᠢᠷᠳᠡᠯᠲᠡᠶ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠤᠨ ᠬᠡᠷᠡᠭᠵᠢᠭᠦᠯᠬᠦ ᠠᠷᠭ᠎ᠠ ︵2021 ᠣᠨ ᠳᠤ

ᠵᠠᠰᠠᠪᠤᠷᠢ ᠣᠷᠣᠭᠤᠯᠤᠭᠰᠠᠨ︶︾ ᠶᠢ ᠳᠠᠷᠤᠮᠠᠯᠯᠠᠨ ᠲᠠᠷᠬᠠᠭᠠᠵᠤ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ

ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠳᠦᠷᠢᠮᠵᠢᠭᠦᠯᠵᠦ᠂ ᠰᠣᠷᠣᠭᠴᠢ ᠶᠢ

ᠲᠡᠳᠬᠦᠨ ᠲᠤᠰᠠᠯᠠᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ︽ᠠᠷᠭ᠎ᠠ︾ ᠳᠤ ᠬᠡᠷ ᠪᠦᠯᠢ ᠶᠢᠨ ᠠᠵᠤ

ᠠᠬᠤᠶ ᠨᠢ ᠬᠦᠴᠢᠷᠳᠡᠯᠲᠡᠶ ᠰᠤᠷᠤᠭᠴᠢᠳ ᠢ ᠮᠠᠭᠠᠳᠯᠠᠨ ᠲᠣᠭᠲᠠᠭᠠᠬᠤ ᠦᠨᠳᠦᠰᠦᠯᠡᠯ᠂ ᠲᠠᠰ ᠵᠡᠷᠭᠡ᠂ ᠠᠵᠢᠯ ᠤᠨ

ᠲᠠᠰ ᠳᠠᠷᠠᠭᠠᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠡᠯ᠎ᠡ ᠱᠠᠲᠤᠨ ᠤ ᠰᠤᠷᠭᠠᠨ ᠬᠥᠮᠦᠵᠢᠯ᠂ ᠠᠷᠠᠳ ᠤᠨ

ᠶᠠᠪᠤᠳᠠᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠴᠡᠷᠢᠭ ᠤᠨ

ᠠᠯᠪᠠ ᠠᠴᠠ ᠬᠠᠯᠠᠭᠳᠠᠭᠰᠠᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯᠴᠢᠨ ᠤ ᠡᠪᠯᠡᠯ᠂

ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠬᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ

ᠪᠠᠶᠢᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠰᠤᠷᠤᠭᠴᠢ ᠶᠢ ᠳᠡᠣᠬᠦᠨ ᠲᠤᠰᠠᠯᠠᠬᠤ

ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ

ᠪᠠᠲᠤᠯᠠᠭ᠎ᠠ᠂ ᠠᠷᠠᠳ ᠤᠨ ᠶᠠᠪᠤᠳᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ᠂ ᠠᠵᠢᠯᠴᠢᠨ ᠤ ᠡᠪᠯᠡᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ

ᠬᠤᠯᠪᠤᠭᠳᠠᠬᠤ ᠮᠡᠳᠡᠭᠡ ᠵᠠᠩᠭᠢ ᠶᠢᠨ ᠰᠢᠰᠲ᠋ᠧᠮ ᠢ ᠵᠣᠯᠭᠠᠭᠤᠯᠵᠤ᠂ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ

ᠬᠠᠮᠲᠤ ᠪᠠᠷ ᠭᠥᠷᠳᠡᠬᠦ ᠶᠢ ᠠᠬᠢᠭᠤᠯᠵᠤ᠂ ᠡᠯ᠎ᠡ ᠲᠥᠷᠥᠯ ᠤᠨ ᠬᠦᠴᠢᠷᠳᠡᠯᠲᠡᠶ ᠰᠤᠷᠤᠭᠴᠢ ᠶᠢᠨ ᠮᠡᠳᠡᠭᠡ ᠵᠠᠩᠭᠢ ᠶᠢ

ᠪᠦᠬᠦᠨ ᠢ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠶᠢᠨ ᠰᠠᠭᠤᠷᠢ ᠮᠡᠳᠡᠭᠡ ᠵᠠᠩᠭᠢ ᠶᠢᠨ

ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠡᠭᠦᠨ ᠤ ᠤᠯᠠᠮ ᠢᠶᠠᠷ ︽ᠲᠤᠰᠠᠯᠠᠪᠠᠰᠤ ᠵᠣᠬᠢᠬᠤ ᠶᠢ ᠨᠢ

ᠪᠦᠬᠦᠨ ᠢ ᠲᠤᠰᠠᠯᠠᠵᠤ᠂ ᠨᠢᠭᠡ ᠶᠢ ᠴᠤ ᠬᠤᠴᠤᠷᠭᠠᠬᠤ ᠦᠭᠡᠢ︾ ᠶᠢ ᠪᠡᠶᠡᠯᠡᠭᠦᠯᠪᠡ᠃

     ᠬᠤᠶᠠᠷ ᠲᠤ᠂ ᠲᠤᠰᠠᠯᠠᠬᠤ ᠪᠠᠷᠢᠮᠵᠢᠶ᠎ᠠ ᠶᠢ ᠨᠠᠷᠢᠯᠢᠭ ᠣᠨᠣᠴᠠᠲᠠᠢ ᠳᠣᠭᠲᠠᠭᠠᠪᠠ᠃ 2021 ᠣᠨ ᠳᠤ ︽ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠣᠷᠣᠭᠴᠢ ᠶᠢ

ᠮᠠᠭᠠᠳᠯᠠᠨ ᠲᠣᠭᠲᠠᠭᠠᠬᠤ ᠠᠵᠢᠯ ᠤᠨ ᠬᠡᠷᠡᠭᠵᠢᠭᠦᠯᠬᠦ ᠠᠷᠭ᠎ᠠ ︵2021 ᠣᠨ ᠳᠤ ᠵᠠᠰᠠᠪᠤᠷᠢ ᠣᠷᠣᠭᠤᠯᠤᠭᠰᠠᠨ︶︾ ᠶᠢ

ᠳᠠᠷᠤᠮᠠᠯᠯᠠᠨ ᠲᠠᠷᠬᠠᠭᠠᠵᠤ᠂ ᠰᠣᠷᠣᠭᠴᠢ ᠶᠢᠨ ᠬᠡᠷ ᠪᠦᠯᠢ ᠶᠢᠨ ᠠᠵᠤ ᠠᠬᠤᠶ ᠶᠢᠨ ᠬᠦᠴᠢᠷᠳᠡᠯ ᠤᠨ ᠬᠡᠮᠵᠢᠶ᠎ᠡ ᠶᠢ

ᠦᠨᠳᠦᠰᠦᠯᠡᠨ᠂ A᠂ B᠂ C ᠭᠤᠷᠪᠠᠨ ᠲᠠᠰ ︵A᠂ B᠂ C ᠨᠢ ᠲᠣᠰ ᠲᠣᠰ ᠶᠠᠮᠠᠷ ᠲᠥᠷᠥᠯ ᠤᠨ ᠬᠦᠴᠢᠷᠳᠡᠯᠲᠡᠶ

ᠰᠣᠷᠣᠭᠴᠢ ᠶᠢ ᠵᠢᠭᠠᠵᠤ ᠪᠠᠶᠢᠬᠤ ᠶᠢ ᠲᠢᠩᠬᠢᠮ ᠤᠨ ᠳᠠᠷᠤᠭ᠎ᠠ ᠯᠢ ᠶᠢᠩ ᠨᠡᠶᠢᠲᠡᠯᠡᠬᠦ ᠳᠤ ᠪᠠᠨ ᠨᠢᠭᠡᠨᠲᠡ

ᠲᠣᠳᠤᠷᠬᠠᠶᠢᠯᠠᠪᠠ︶ ᠬᠤᠪᠢᠶᠠᠪᠠ᠃ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠰᠤᠷᠤᠭᠴᠢᠳ ᠤᠨ ᠭᠡᠷ

ᠪᠦᠯᠢ ᠶᠢᠨ ᠠᠵᠤ ᠠᠬᠤᠶ ᠶᠢᠨ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠬᠦᠴᠢᠷᠳᠡᠯ ᠤᠨ ᠳᠡᠰ ᠪᠠᠷ

ᠵᠣᠬᠢᠴᠠᠩᠭᠤᠶ ᠳᠡᠳᠬᠦᠨ ᠲᠤᠰᠠᠯᠠᠬᠤ ᠪᠠᠷᠢᠮᠵᠢᠶ᠎ᠠ ᠶᠢ ᠬᠡᠷᠡᠭᠵᠢᠭᠦᠯᠵᠦ᠂ ᠳᠡᠳᠬᠦᠨ ᠲᠤᠰᠠᠯᠠᠬᠤ ᠪᠠᠷᠢᠮᠵᠢᠶ᠎ᠠ ᠶᠢ

ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠲᠣᠬᠢᠷᠠᠭᠤᠯᠵᠤ᠂ ᠬᠠᠮᠤᠭ ᠤᠨ ᠬᠦᠴᠢᠷᠳᠡᠯᠲᠡᠶ

ᠰᠤᠷᠤᠭᠴᠢᠳ ᠲᠤ ᠬᠠᠮᠤᠭ ᠤᠨ ᠥᠨᠳᠥᠷ ᠲᠤᠰᠠᠯᠠᠮᠵᠢ ᠬᠦᠷᠲᠡᠭᠡᠬᠦ ᠶᠢ ᠦᠨᠡᠨ ᠬᠦ ᠪᠠᠲᠤᠯᠠᠪᠠ᠃ ᠵᠢᠱᠢᠶᠡᠯᠡᠪᠡᠯ᠄

ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠷ ᠪᠦᠯᠢ ᠶᠢᠨ ᠠᠵᠤ ᠠᠬᠤᠶ ᠨᠢ

ᠬᠦᠴᠢᠷᠳᠡᠯᠲᠡᠶ ᠬᠡᠦᠬᠡᠳ ᠤᠨ ᠠᠰᠠᠷᠠᠨ ᠬᠥᠮᠦᠵᠢᠭᠦᠯᠬᠦ  ᠵᠠᠷᠤᠳᠠᠯ ᠢ ᠬᠥᠩᠭᠡᠷᠡᠭᠦᠯᠵᠦ ᠬᠡᠯᠲᠦᠷᠢᠭᠦᠯᠬᠦ ᠪᠠᠷᠢᠮᠵᠢᠶ᠎ᠠ ᠨᠢ A

ᠲᠥᠷᠥᠯ ᠤᠨ ᠬᠡᠦᠬᠡᠳ 2000 ᠲᠥᠭᠦᠷᠢᠭ᠂ B᠂ C ᠲᠥᠷᠥᠯ ᠤᠨ ᠬᠡᠦᠬᠡᠳ 1000 ᠲᠥᠭᠦᠷᠢᠭ ᠪᠣᠯᠤᠨ᠎ᠠ︔

ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ

ᠮᠥᠩᠭᠦ ᠶᠢᠨ ᠪᠣᠳᠠᠲᠠᠶ ᠪᠠᠷᠢᠮᠵᠢᠶ᠎ᠠ ᠶᠢ ᠡᠯ᠎ᠡ ᠠᠶᠢᠮᠠᠭ ᠬᠤᠲᠠ ᠪᠣᠳᠠᠲᠠᠶ ᠲᠠᠢ ᠪᠠᠨ ᠤᠶᠠᠯᠳᠤᠭᠤᠯᠤᠨ 1000

ᠲᠥᠭᠦᠷᠢᠭ ᠠᠴᠠ 3000 ᠲᠥᠭᠦᠷᠢᠭ ᠤᠨ ᠬᠡᠪᠴᠢᠶᠡᠨ ᠳᠤ ᠲᠣᠭᠲᠠᠭᠠᠵᠤ᠂ 2 - 3 ᠲᠠᠰ ᠬᠤᠪᠢᠶᠠᠪᠠ᠂ A

ᠲᠥᠷᠥᠯ ᠤᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠣᠷᠣᠭᠴᠢ ᠤᠨ ᠬᠠᠮᠤᠭ ᠤᠨ ᠥᠨᠳᠥᠷ ᠲᠠᠰ ᠨᠢ ᠵᠢᠯ

ᠪᠦᠷᠢ 3000 ᠲᠥᠭᠦᠷᠢᠭ ᠤᠨ ᠲᠤᠰᠠᠯᠠᠮᠵᠢ ᠭᠥᠷᠳᠡᠵᠦ᠂ B᠂ C ᠲᠥᠷᠥᠯ ᠤᠨ ᠰᠣᠷᠣᠭᠴᠢ ᠪᠣᠯ ᠲᠣᠰ ᠲᠣᠰ

2000 ᠲᠥᠭᠦᠷᠢᠭ / ᠰᠣᠷᠣᠭᠴᠢ / ᠵᠢᠯ ᠪᠠ 1000 ᠲᠥᠭᠦᠷᠢᠭ / ᠰᠣᠷᠣᠭᠴᠢ / ᠵᠢᠯ  ᠪᠣᠯᠤᠨ᠎ᠠ᠃

     ᠭᠤᠷᠪᠠ ᠳᠤ᠂ ᠳᠤᠰᠠᠯᠠᠬᠤ ᠪᠡᠯᠡ ᠮᠥᠩᠭᠦ ᠶᠢ ᠨᠠᠷᠢᠯᠢᠭ ᠣᠨᠣᠴᠠᠲᠠᠢ ᠲᠠᠷᠬᠠᠭᠠᠪᠠ᠃ ᠨᠢᠭᠡ ᠲᠠᠯ᠎ᠠ ᠪᠠᠷ᠂

ᠣᠶᠢᠷ᠎ᠠ ᠶᠢᠨ ᠵᠢᠯ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠳᠤᠰᠠᠯᠠᠬᠤ ᠪᠠᠯᠠ ᠮᠥᠩᠭᠦ ᠶᠢ ᠥᠭᠬᠦ ᠠᠷᠭ᠎ᠠ

ᠮᠠᠶ᠋ᠢᠭ ᠢᠶᠠᠨ ᠲᠠᠰᠤᠷᠠᠯᠲᠠ ᠥᠬᠡᠶ ᠳᠦᠷᠢᠮᠵᠢᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ

ᠠᠵᠤ ᠠᠬᠤᠶ ᠨᠢ ᠬᠦᠴᠢᠷᠳᠡᠯᠲᠡᠶ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠲᠤᠰᠠᠯᠠᠮᠵᠢ᠂ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠱᠠᠲᠤᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ

ᠮᠥᠩᠭᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠵᠦᠢᠯ ᠤᠨ ᠰᠤᠷᠤᠭᠴᠢ ᠶᠢ ᠳᠤᠰᠠᠯᠠᠬᠤ ᠮᠥᠩᠭᠦ ᠶᠢ

ᠴᠥᠮ ᠪᠠᠩᠬᠢ ᠶᠢᠨ ᠺᠠᠷᠲ᠂ ᠲᠤᠰᠠᠯᠠᠮᠵᠢ ᠶᠢᠨ ᠺᠠᠷᠲ ᠪᠤᠶᠤ ᠨᠡᠶᠢᠭᠡᠮ ᠤᠨ ᠪᠠᠲᠤᠯᠠᠭᠠᠨ ᠤ ᠺᠠᠷᠲ ᠢᠶᠠᠷ ᠳᠠᠮᠵᠢᠭᠤᠯᠤᠨ

ᠰᠤᠷᠤᠭᠴᠢ ᠪᠤᠶᠤ ᠭᠡᠷ ᠤᠨ ᠠᠬᠠᠮᠠᠳ ᠲᠤ ᠰᠢᠭᠤᠳ ᠥᠭᠭᠦᠨ᠎ᠡ᠃ ᠨᠥᠭᠦᠭᠡ ᠲᠠᠯ᠎ᠠ ᠪᠠᠷ᠂ ᠡᠯ᠎ᠡ ᠭᠠᠵᠠᠷ ᠤᠨ ᠡᠯ᠎ᠡ

ᠰᠤᠷᠭᠠᠭᠤᠯᠢ ᠴᠠᠭ ᠲᠤᠬᠠᠶ ᠳᠤ ᠨᠢ ᠲᠤᠰᠠᠯᠠᠮᠵᠢ ᠶᠢᠨ ᠮᠥᠩᠭᠦ ᠶᠢ ᠲᠠᠷᠬᠠᠭᠠᠨ᠎ᠠ᠃ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠰᠤᠷᠭᠠᠨ ᠬᠥᠮᠦᠵᠢᠯ ᠤᠨ ᠱᠠᠲᠤᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ

ᠬᠠᠪᠤᠷ ᠨᠠᠮᠤᠷ ᠬᠤᠶᠠᠷ ᠤᠯᠠᠷᠢᠯ ᠢᠶᠠᠷ ᠰᠤᠷᠤᠯᠭ᠎ᠠ ᠶᠢᠨ ᠬᠤᠭᠤᠴᠠᠭ᠎ᠠ ᠪᠠᠷ ᠥᠭᠴᠦ᠂ ᠦᠨᠳᠦᠰᠦᠨ ᠠᠩᠭᠢ ᠶᠢᠨ

ᠰᠤᠷᠤᠭᠴᠢ ᠪᠠ  ᠰᠤᠳᠤᠯᠬᠤ ᠰᠤᠷᠤᠭᠴᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠰᠠᠷ᠎ᠠ ᠪᠠᠷ

ᠥᠭᠭᠦᠨ᠎ᠡ᠃ ᠰᠤᠷᠤᠭᠴᠢ ᠶᠢ ᠬᠠᠮᠤᠭ ᠤᠨ ᠳᠡᠳᠬᠦᠨ ᠲᠤᠰᠠᠯᠠᠬᠤ ᠴᠢᠬᠤᠯᠠ ᠲᠠᠢ ᠦᠶ᠎ᠡ ᠳᠤ ᠳᠡᠳᠬᠦᠨ ᠲᠤᠰᠠᠯᠠᠬᠤ

ᠪᠡᠯᠡ ᠮᠥᠩᠭᠦ ᠶᠢ ᠰᠤᠷᠤᠭᠴᠢ ᠶᠢᠨ ᠭᠠᠷ ᠲᠤ ᠴᠠᠭ ᠲᠤᠬᠠᠶ ᠳᠤ ᠨᠢ᠂ ᠭᠦᠢᠴᠡᠳ ᠲᠤᠭ᠎ᠠ ᠪᠠᠷ ᠥᠭᠴᠦ᠂ ᠪᠡᠯᠡ

ᠮᠥᠩᠭᠦ ᠶᠢ ᠬᠡᠷᠡᠭᠯᠡᠬᠦ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ

ᠰᠤᠷᠤᠭᠴᠢ ᠵᠢᠴᠢ ᠭᠡᠷ ᠪᠦᠯᠢ ᠶᠢᠨ ᠬᠢᠨ ᠤ ᠭᠦᠷᠳᠡᠭᠡᠮᠵᠢ ᠶᠢᠨ ᠲᠥᠷᠥᠭᠳᠡᠯ ᠢ ᠨᠡᠮᠡᠭᠳᠡᠭᠦᠯᠪᠡ᠃ ᠡᠨᠡᠬᠦ ᠵᠣᠷᠢᠯᠭ᠎ᠠ ᠳᠤ

ᠬᠦᠷᠬᠦ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠵᠢᠯ ᠪᠦᠷᠢ ᠶᠢᠨ ᠵᠢᠯ ᠤᠨ ᠡᠴᠦᠰ ᠠᠴᠠ ᠡᠮᠦᠨ᠎ᠡ ᠳᠠᠷᠠᠭ᠎ᠠ

ᠨᠢᠭᠡ ᠵᠢᠯ ᠤᠨ ᠶᠡᠬᠡᠩᠬᠢ ᠬᠡᠰᠡᠭ ᠪᠡᠯᠡ ᠮᠥᠩᠭᠦ ᠶᠢ ᠡᠯ᠎ᠡ ᠭᠠᠵᠠᠷ᠂ ᠡᠯ᠎ᠡ ᠰᠤᠷᠭᠠᠭᠤᠯᠢ ᠳᠤ ᠪᠠᠭᠤᠯᠭᠠᠵᠤ᠂ ᠪᠡᠯᠡ

ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠬᠤᠯᠪᠤᠭᠳᠠᠬᠤ ᠠᠵᠢᠯ ᠢ

ᠳᠠᠷᠦ᠋ᠢᠬᠠᠨ ᠡᠬᠢᠯᠡᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠤᠷᠤᠭᠰᠢ ᠰᠢᠯᠵᠢᠭᠦᠯᠵᠦ᠂

ᠰᠤᠷᠤᠭᠴᠢ ᠶᠢᠨ ᠬᠠᠮᠤᠭ ᠤᠨ ᠬᠡᠷᠡᠭᠴᠡᠭᠡ ᠲᠠᠢ᠂ ᠬᠠᠮᠤᠭ ᠤᠨ ᠬᠦᠴᠢᠷᠳᠡᠯᠲᠡᠶ ᠦᠶ᠎ᠡ ᠳᠤ ᠲᠤᠰᠠᠯᠠᠮᠵᠢ ᠥᠭᠬᠦ ᠶᠢ

ᠦᠨᠡᠨ ᠬᠦ ᠪᠠᠲᠤᠯᠠᠪᠠ᠃

     ᠪᠠᠶᠠᠷᠯᠠᠯ᠎ᠠ︕

     ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠳᠡᠭᠡᠳᠦ ᠰᠤᠷᠭᠠᠭᠤᠯᠢ ᠶᠢᠨ ᠰᠣᠷᠣᠭᠴᠢ ᠶᠢ

ᠳᠡᠳᠬᠦᠨ ᠲᠤᠰᠠᠯᠠᠬᠤ ᠪᠣᠯ ᠰᠣᠷᠣᠭᠴᠢ ᠶᠢᠨ ᠰᠤᠷᠤᠯᠭ᠎ᠠ ᠪᠠᠨ ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠴᠢᠬᠤᠯᠠ

ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ ᠤᠶᠤᠲᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ

ᠠᠵᠢᠯ ᠤᠨ ᠴᠢᠬᠤᠯᠠ ᠠᠭᠤᠯᠭ᠎ᠠ ᠪᠣᠯᠤᠨ᠎ᠠ᠂ ᠭᠦᠨ ᠵᠤᠵᠠᠭᠠᠨ ᠬᠥᠮᠦᠨ ᠢ ᠬᠥᠮᠦᠵᠢᠭᠦᠯᠬᠦ ᠦᠨ᠎ᠡ ᠥᠷᠲᠡᠭ ᠲᠠᠢ ᠶᠤᠮ

ᠭᠡᠵᠡᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠰᠣᠷᠣᠭᠴᠢ ᠶᠢ ᠨᠠᠷᠢᠯᠢᠭ ᠣᠨᠣᠴᠠᠲᠠᠶ ᠪᠠᠷ ᠳᠡᠳᠬᠦᠨ

ᠲᠤᠰᠠᠯᠠᠬᠤ ᠪᠠ ᠳᠡᠳᠬᠦᠨ ᠲᠤᠰᠠᠯᠠᠵᠤ ᠬᠥᠮᠦᠨ ᠢ ᠬᠥᠮᠦᠵᠢᠭᠦᠯᠬᠦ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠠᠪᠤᠭᠰᠠᠨ    

ᠪᠣᠶ︖

     ᠭᠥᠩ ᠵᠢᠶᠠᠨ᠄ ᠶᠡᠷᠦᠩᠬᠡᠢ ᠱᠦᠵᠢ ᠰᠢ ᠶᠢᠨ ᠫᠢᠩ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ

ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠪᠦᠬᠦ ᠠᠵᠢᠯᠳᠠᠨ᠂ ᠪᠦᠬᠦ

ᠶᠠᠪᠤᠴᠠ ᠳᠤ᠂ ᠪᠦᠬᠦ ᠲᠠᠯ᠎ᠠ ᠪᠠᠷ ᠬᠥᠮᠦᠨ ᠢ ᠬᠥᠮᠦᠵᠢᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

2017 ᠣᠨ ᠳᠤ᠂ ᠰᠤᠷᠭᠠᠨ ᠬᠥᠮᠦᠵᠢᠯ ᠤᠨ ᠶᠠᠮᠤᠨ ᠤ ︽ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠥᠷᠥ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠬᠡᠷᠡᠭᠵᠢᠭᠦᠯᠬᠦ ᠬᠥᠲᠥᠯᠪᠦᠷᠢ︾ ᠳᠤ

︽ᠠᠷᠪᠠᠨ ᠶᠡᠭᠡ︾ ᠬᠥᠮᠦᠨ ᠢ ᠬᠥᠮᠦᠵᠢᠭᠦᠯᠬᠦ  ᠳᠣᠭᠲᠠᠯᠴᠠᠭ᠎ᠠ ᠶᠢ ᠳᠤᠷᠠᠳᠴᠤ᠂ ᠤᠯᠤᠰ ᠠᠴᠠ ᠠᠩᠬ᠎ᠠ ᠤᠳᠠᠭ᠎ᠠ

ᠳᠡᠳᠬᠦᠨ ᠲᠤᠰᠠᠯᠠᠵᠤ ᠬᠥᠮᠦᠨ ᠢ ᠬᠥᠮᠦᠵᠢᠭᠦᠯᠬᠦ ᠶᠢ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠲᠥᠰᠦᠪ

 ᠲᠤ ᠠᠭᠤᠰᠬᠠᠪᠠ᠃ ᠥᠪᠡᠷᠲᠡᠭᠡᠨ ᠵᠠᠰᠠᠬᠤ ᠣᠷᠣᠨ ᠤ ︽ᠪᠦᠬᠦ ᠠᠵᠢᠯᠳᠠᠨ᠂ ᠪᠦᠬᠦ ᠶᠠᠪᠤᠴᠠ ᠳᠤ᠂ ᠪᠦᠬᠦ ᠲᠠᠯ᠎ᠠ ᠪᠠᠷ  

ᠬᠥᠮᠦᠨ ᠢ ᠬᠥᠮᠦᠵᠢᠭᠦᠯᠬᠦ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠳᠡᠭᠡᠳᠦ ᠰᠤᠷᠭᠠᠭᠤᠯᠢ

ᠪᠣᠯᠤᠭᠰᠠᠨ ᠤ ᠬᠤᠪᠢ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠡᠷᠦᠩᠬᠡᠢ ᠱᠦᠵᠢ ᠰᠢ ᠶᠢᠨ

ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠪᠦᠬᠦ ᠤᠯᠤᠰ ᠤᠨ ᠰᠤᠷᠭᠠᠨ

ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠣᠰᠣ

ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠣᠳᠣᠬᠠᠨ ᠤ

ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠢᠨ᠎ᠡ ᠪᠠᠶᠢᠳᠠᠯ ᠢ ᠦᠨᠳᠦᠰᠦᠯᠡᠵᠦ᠂

ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ᠂ ᠬᠥᠮᠦᠨ ᠢ ᠬᠥᠮᠦᠵᠢᠭᠦᠯᠬᠦ ᠪᠠᠷ ᠳᠡᠳᠬᠦᠨ ᠲᠤᠰᠠᠯᠠᠬᠤ ᠠᠵᠢᠯ ᠤᠨ ᠡᠭᠦᠰᠭᠡᠯ

ᠪᠠ ᠲᠡᠭᠦᠰᠬᠡᠯ ᠪᠣᠯᠭᠠᠵᠤ᠂ ᠳᠡᠭᠡᠳᠦ ᠳᠡᠰ ᠤᠨ ᠲᠥᠯᠥᠪᠯᠡᠭᠡ ᠶᠢ ᠴᠢᠩᠭᠠᠳᠬᠠᠵᠤ᠂ ᠳᠡᠳᠬᠦᠨ ᠲᠤᠰᠠᠯᠠᠬᠤ ᠬᠡᠯᠪᠡᠷᠢ ᠶᠢᠨ

ᠰᠢᠨ᠎ᠡ ᠶᠢ ᠡᠭᠦᠳᠴᠦ᠂ ᠳᠡᠳᠬᠦᠨ ᠲᠤᠰᠠᠯᠠᠵᠤ ᠬᠥᠮᠦᠨ ᠢ ᠬᠥᠮᠦᠵᠢᠭᠦᠯᠬᠦ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂

ᠪᠣᠳᠠᠰ ᠤᠨ  ᠬᠠᠪᠰᠤᠷᠤᠮᠵᠢ᠂ ᠶᠣᠰᠣ ᠰᠤᠷᠲᠠᠬᠤᠨ ᠤ ᠰᠢᠮᠡᠳᠦᠯ᠂ ᠴᠢᠳᠠᠪᠤᠷᠢ ᠶᠢᠨ ᠥᠷᠭᠡᠵᠢᠯ᠂ ᠣᠶᠤᠨ ᠰᠠᠨᠠᠭᠠᠨ ᠤ

ᠤᠷᠮᠠᠰᠢᠭᠤᠯᠤᠯ ᠢ ᠪᠦᠲᠦᠮᠵᠢᠲᠡᠶ ᠠᠭᠤᠰᠬᠠᠬᠰᠠᠨ ᠳᠡᠳᠬᠦᠨ ᠲᠤᠰᠠᠯᠠᠵᠤ ᠬᠥᠮᠦᠨ ᠢ ᠬᠥᠮᠦᠵᠢᠭᠦᠯᠬᠦ ᠤᠷᠲᠤ

ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠠᠶᠢᠭᠤᠯᠵᠤ᠂ ᠳᠡᠳᠬᠦᠨ ᠳᠤᠰᠠᠯᠠᠵᠤ ᠬᠥᠮᠦᠨ ᠢ

ᠬᠥᠮᠦᠵᠢᠭᠦᠯᠬᠦ ᠪᠠ ᠴᠢᠳᠠᠪᠤᠷᠢᠲᠠᠨ ᠢ ᠬᠥᠮᠦᠵᠢᠭᠦᠯᠬᠦ ᠶᠢ ᠣᠷᠭᠠᠨᠢᠭ ᠢᠶᠠᠷ ᠠᠭᠤᠰᠬᠠᠵᠤ᠂ ᠭᠡᠷ ᠪᠦᠯᠢ ᠶᠢᠨ ᠠᠵᠤ

ᠠᠬᠤᠶ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠦᠨᠡᠨ ᠬᠦ

ᠰᠢᠢᠳᠪᠦᠷᠢᠯᠡᠭᠰᠡᠨ ᠰᠠᠭᠤᠷᠢᠨ ᠳᠡᠭᠡᠷ᠎ᠡ ᠬᠥᠮᠦᠨ ᠢ ᠬᠥᠮᠦᠵᠢᠭᠦᠯᠬᠦ ᠰᠠᠶᠢᠨ ᠦᠷ᠎ᠡ ᠪᠦᠲᠦᠮᠵᠢ ᠶᠢ ᠣᠯᠪᠠ᠃

     ᠳᠡᠭᠡᠳᠦ ᠳᠡᠰ ᠤᠨ ᠲᠥᠯᠥᠪᠯᠡᠭᠡ ᠶᠢ ᠴᠢᠩᠭᠠᠳᠬᠠᠵᠤ᠂ ᠳᠡᠳᠬᠦᠨ ᠳᠤᠰᠠᠯᠠᠵᠤ ᠬᠥᠮᠦᠨ ᠢ ᠬᠥᠮᠦᠵᠢᠭᠦᠯᠬᠦ

ᠠᠵᠢᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠪᠡ᠃ ᠲᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠡᠯ᠎ᠡ

ᠲᠥᠷᠥᠯ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠲᠡᠳᠬᠦᠮᠵᠢ ᠶᠢᠨ ᠮᠥᠩᠭᠦ ᠶᠢᠨ ᠬᠠᠮᠢᠶᠠᠷᠤᠯᠲᠠ ᠶᠢᠨ

ᠠᠷᠭ᠎ᠠ ᠳᠤ ᠴᠠᠭ ᠲᠤᠬᠠᠶ ᠳᠤ ᠨᠢ ᠵᠠᠰᠠᠪᠤᠷᠢ ᠣᠷᠣᠭᠤᠯᠵᠤ᠂ ︽ᠥᠪᠥᠷ ᠮᠣᠩᠭᠤᠯ ᠤᠨ ᠪᠠᠭᠰᠢ ᠶᠢᠨ ᠶᠡᠭᠡ

ᠰᠤᠷᠭᠠᠭᠤᠯᠢ ᠶᠢᠨ ᠲᠦᠷ ᠴᠠᠭ ᠤᠨ ᠬᠦᠴᠢᠷᠳᠡᠯ ᠳᠤ ᠨᠥᠬᠦᠪᠥᠷᠢ ᠥᠭᠬᠦ ᠬᠠᠮᠢᠶᠠᠷᠤᠯᠲᠠ ᠶᠢᠨ ᠠᠷᠭ᠎ᠠ︾ ᠵᠡᠷᠭᠡ ᠪᠢᠴᠢᠭ

ᠮᠠᠲ᠋ᠧᠷᠢᠶᠠᠯ ᠢ ᠲᠣᠭᠲᠠᠭᠠᠵᠤ᠂ ᠳᠡᠳᠬᠦᠨ ᠲᠤᠰᠠᠯᠠᠬᠤ ᠠᠵᠢᠯ ᠤᠨ ᠦᠨᠳᠦᠰᠦ ᠪᠠᠷᠢᠮᠲᠠ ᠲᠠᠢ ᠪᠠᠶᠢᠬᠤ ᠶᠢ ᠦᠨᠡᠨ ᠬᠦ

ᠪᠠᠲᠤᠯᠠᠪᠠ᠃ ︽ᠰᠤᠷᠭᠠᠭᠤᠯᠢ — ᠳᠡᠭᠡᠳᠦ ᠰᠤᠷᠭᠠᠭᠤᠯᠢ — ᠠᠩᠭᠢ︾ ᠶᠢᠨ ᠭᠤᠷᠪᠠᠨ ᠱᠠᠲᠤᠨ ᠤ ᠳᠡᠳᠬᠦᠨ

ᠲᠤᠰᠠᠯᠠᠬᠤ ᠬᠠᠮᠢᠶᠠᠷᠤᠯᠲᠠ ᠶᠢᠨ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠭᠤᠷᠪᠠᠨ ᠱᠠᠲᠤᠨ ᠤ

ᠬᠢᠨᠠᠨ ᠲᠣᠭᠲᠠᠭᠠᠬᠤ᠂ ᠬᠤᠶᠠᠷ ᠱᠠᠲᠤᠨ ᠤ ᠢᠯᠡ ᠨᠡᠶᠢᠲᠡᠯᠡᠬᠦ︾ ᠳᠦᠷᠢᠮ ᠢ ᠴᠢᠩᠭ᠎ᠠ ᠬᠡᠷᠡᠭᠵᠢᠭᠦᠯᠵᠦ᠂

ᠰᠤᠷᠤᠭᠴᠢ ᠶᠢ ᠳᠡᠳᠬᠦᠨ ᠲᠤᠰᠠᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠪᠠ᠃

ᠱᠠᠭᠠᠷᠳᠠᠯᠭ᠎ᠠ ᠶᠣᠰᠤ ᠪᠠᠷ ᠳᠡᠳᠬᠦᠨ ᠲᠤᠰᠠᠯᠠᠬᠤ ᠠᠵᠢᠯ‌‍ᠤᠨ ᠲᠤᠰᠬᠠᠶ ᠡᠩᠨᠡᠭᠡ ᠶᠢ ᠪᠦᠷᠢᠨ ᠭᠦᠢᠴᠡᠳ ᠪᠠᠶᠢᠭᠤᠯᠤᠨ

ᠬᠦᠴᠦᠷᠬᠡᠭᠵᠢᠭᠦᠯᠵᠦ᠂ ᠳᠡᠳᠬᠦᠨ ᠲᠤᠰᠠᠯᠠᠬᠤ ᠬᠠᠮᠢᠶᠠᠷᠤᠯᠲᠠ ᠶᠢᠨ ᠺᠠᠳ᠋ᠷ ᠪᠠ ᠠᠵᠢᠯ ᠤᠨ ᠭᠤᠤᠯᠯᠠᠭᠴᠢ ᠶᠢᠨ

ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠪᠡ᠃ ︽ᠱᠠᠩᠨᠠᠬᠤ᠂ ᠵᠢᠭᠡᠯᠡᠯᠭᠡ ᠲᠠᠯᠪᠢᠬᠤ᠂

ᠲᠤᠰᠠᠯᠠᠬᠤ᠂ ᠨᠥᠬᠦᠪᠥᠷᠢᠯᠡᠬᠦ᠂ ᠬᠥᠩᠭᠡᠷᠡᠭᠦᠯᠬᠦ᠂ ᠠᠵᠢᠯ ᠢᠶᠠᠷ ᠰᠤᠷᠤᠯᠭ᠎ᠠ ᠪᠠᠨ ᠲᠤᠰᠠᠯᠠᠬᠤ︾ ᠵᠢᠷᠭᠤᠭ᠎ᠠ ᠶᠢ ᠨᠢᠭᠡ

ᠴᠣᠭᠴᠠᠵᠢᠭᠤᠯᠤᠭᠰᠠᠨ ᠳᠤᠰᠠᠯᠠᠬᠤ ᠳᠣᠭᠲᠠᠯᠴᠠᠭ᠎ᠠ ᠶᠢ ᠪᠠᠶᠢᠭᠤᠯᠵᠤ᠂ ᠰᠤᠷᠭᠠᠭᠤᠯᠢ ᠠᠴᠠ ᠵᠢᠯ ᠪᠦᠷᠢ ᠠᠵᠢᠯ

ᠦᠢᠯᠡᠰ ᠤᠨ ᠣᠷᠣᠯᠭ᠎ᠠ ᠶᠢᠨ 12 % ᠢ ᠭᠠᠷᠭᠠᠵᠤ ᠰᠤᠷᠤᠭᠴᠢ ᠶᠢ ᠳᠡᠳᠬᠦᠨ ᠲᠤᠰᠠᠯᠠᠬᠤ ᠠᠵᠢᠯ ᠳᠤ ᠬᠡᠷᠡᠭᠯᠡᠨ᠂

ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠶᠢ ᠳᠡᠳᠬᠦᠨ ᠲᠤᠰᠠᠯᠠᠬᠤ ᠪᠦᠷᠬᠦᠴᠡ ᠶᠢ ᠲᠠᠰᠤᠷᠠᠯᠲᠠ

ᠥᠬᠡᠶ ᠥᠷᠭᠡᠳᠭᠡᠵᠦ᠂ ᠵᠥᠪᠬᠡᠨ 2021 ᠣᠨ ᠳᠤ᠂ ᠪᠥᠬᠦ ᠰᠤᠷᠭᠠᠭᠤᠯᠢ ᠶᠢᠨ ᠦᠨᠳᠦᠰᠦᠨ ᠠᠩᠭᠢ ᠶᠢᠨ

ᠰᠣᠷᠣᠭᠴᠢ ᠶᠢ 41747 ᠬᠥᠮᠦᠨ ᠤᠳᠠᠭ᠎ᠠ ᠳᠤᠰᠠᠯᠠᠵᠤ᠂ ᠳᠡᠳᠬᠦᠨ ᠲᠤᠰᠠᠯᠠᠭᠰᠠᠨ ᠮᠥᠩᠭᠦ 5242.92

ᠲᠦᠮᠡᠨ ᠲᠥᠭᠦᠷᠢᠭ ᠲᠤ ᠬᠦᠷᠴᠡᠶ︔ ᠰᠣᠳᠤᠯᠬᠤ ᠰᠤᠷᠤᠭᠴᠢ` ᠶᠢᠨ ᠲᠤᠰᠠᠯᠠᠮᠵᠢ ᠭᠦᠷᠲᠡᠭᠰᠡᠳ 36945 ᠬᠥᠮᠦᠨ

ᠤᠳᠠᠭ᠎ᠠ ᠳᠤ ᠬᠦᠷᠴᠦ᠂ ᠲᠤᠰᠠᠯᠠᠮᠵᠢ ᠵᠢᠨ‌ᠮᠥ᠋ᠩᠭᠦ 4697.67 ᠲᠦᠮᠡᠨ ᠲᠥᠭᠦᠷᠢᠭ ᠲᠤ ᠬᠦᠷᠴᠡᠶ︔ 5870

ᠰᠤᠷᠤᠭᠴᠢ ᠶᠢ ᠬᠠᠪᠰᠤᠷᠤᠨ ᠡᠯ᠎ᠡ ᠲᠥᠷᠥᠯ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ 4728.5

ᠲᠦᠮᠡᠨ ᠲᠥᠭᠦᠷᠢᠭ  ᠰᠢᠢᠳᠪᠦᠷᠢᠯᠡᠪᠡ᠃

     ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠪᠠᠶᠢᠬᠤ ᠶᠢ ᠴᠢᠬᠤᠯᠠᠴᠢᠯᠠᠵᠤ᠂ ᠲᠡᠳᠬᠦᠨ ᠲᠤᠰᠠᠯᠠᠬᠤ

ᠲᠥᠷᠥ ᠶᠢᠨ ᠪᠣᠳᠣᠯᠭ᠎ᠠ ᠶᠢ ᠨᠠᠷᠢᠯᠢᠭ ᠪᠥᠭᠡᠳ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠪᠠ᠃ ᠰᠤᠷᠤᠭᠴᠢ ᠶᠢ

ᠨᠠᠷᠢᠯᠢᠭ ᠣᠨᠣᠴᠠᠲᠠᠢ ᠪᠠᠷ ᠳᠡᠳᠬᠦᠨ ᠲᠤᠰᠠᠯᠠᠬᠤ ᠳᠣᠭᠲᠠᠯᠴᠠᠭ᠎ᠠ ᠶᠢ ᠪᠠᠶᠢᠭᠤᠯᠵᠤ᠂ ᠰᠤᠷᠤᠭᠴᠢ ᠶᠢ ᠳᠡᠳᠬᠦᠨ

ᠲᠤᠰᠠᠯᠠᠬᠤ ᠪᠥᠬᠦ ᠶᠠᠪᠤᠴᠠ ᠶᠢ ᠰᠦᠯᠵᠢᠶ᠎ᠡ ᠪᠠᠷ ᠬᠠᠮᠢᠶᠠᠷᠬᠤ ᠶᠢ ᠪᠡᠶᠡᠯᠡᠭᠦᠯᠵᠦ᠂ ᠬᠡᠷ ᠪᠦᠯᠢ ᠶᠢᠨ ᠠᠵᠤ ᠠᠬᠤᠶ ᠨᠢ

ᠬᠦᠴᠢᠷᠳᠡᠯᠲᠡᠶ ᠰᠤᠷᠤᠭᠴᠢ ᠶᠢᠨ ᠡᠯᠧᠺᠲᠷᠣᠨ ᠲᠠᠩᠰᠠ ᠡᠪᠬᠡᠮᠡᠯ ᠢ ᠪᠠᠶᠢᠭᠤᠯᠵᠤ᠂ ᠳᠡᠳᠬᠦᠨ ᠲᠤᠰᠠᠯᠠᠬᠤ ᠡᠲᠡᠭᠡᠳ᠂

ᠳᠡᠳᠬᠦᠨ ᠲᠤᠰᠠᠯᠠᠬᠤ ᠪᠠᠷᠢᠮᠵᠢᠶ᠎ᠠ᠂ ᠪᠠᠯᠠ ᠮᠥᠩᠭᠦ ᠶᠢᠨ ᠬᠤᠪᠢᠶᠠᠷᠢᠯᠠᠯᠲᠠ ᠳᠤ ᠴᠠᠭ ᠲᠤᠬᠠᠶ ᠳᠤ ᠨᠢ ᠬᠥᠳᠡᠯᠦᠩᠭᠦᠶ

ᠲᠣᠬᠢᠷᠠᠭᠤᠯᠵᠤ᠂ ᠰᠤᠷᠤᠭᠴᠢ ᠶᠢ ᠳᠡᠳᠬᠦᠨ ᠲᠤᠰᠠᠯᠠᠬᠤ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ

ᠳᠦᠷᠢᠮᠵᠢᠭᠦᠯᠵᠦ᠂ ᠪᠠᠯᠠ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠪᠠᠯᠠ ᠮᠥᠩᠭᠦ

ᠥᠭᠬᠦ ᠶᠢ ᠳᠠᠷᠤᠢ ᠳᠤ ᠨᠢ ᠨᠠᠷᠢᠯᠢᠭ ᠣᠨᠣᠴᠠᠲᠠᠢ ᠪᠠᠶᠢᠯᠭᠠᠬᠤ ᠶᠢ ᠦᠨᠡᠨ ᠬᠦ  ᠪᠠᠲᠤᠯᠠᠪᠠ᠃ ᠣᠳᠣᠬᠠᠨ ᠳᠤ᠂ ᠮᠠᠨ ᠤ

ᠰᠤᠷᠭᠠᠭᠤᠯᠢ ᠶᠢᠨ ᠰᠣᠷᠣᠭᠴᠢ ᠶᠢ ᠨᠠᠷᠢᠯᠢᠭ ᠣᠨᠣᠴᠠᠲᠠᠶ ᠪᠠᠷ ᠲᠡᠳᠬᠦᠨ ᠲᠤᠰᠠᠯᠠᠬᠤ ᠰᠢᠰᠲ᠋ᠧᠮ 36 ᠭᠠᠷ ᠤᠲᠠᠰᠤᠨ

 ᠤ ᠰᠢᠯᠵᠢᠮᠡᠯ ᠦᠵᠦᠭᠦᠷ ᠤᠨ ᠬᠡᠷᠡᠭᠯᠡᠯᠲᠡ᠂ 16 ᠭᠤᠶᠤᠴᠢᠯᠠᠵᠤ ᠬᠢᠨᠠᠨ ᠵᠥᠪᠰᠢᠶᠡᠷᠡᠭᠦᠯᠬᠦ ᠶᠠᠪᠤᠴᠠ ᠶᠢ ᠨᠢᠭᠡᠨᠲᠡ

ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠵᠤ᠂ ᠰᠣᠷᠣᠭᠴᠢ ᠶᠢᠨ ᠬᠡᠪ ᠴᠢᠨᠠᠷ ᠤᠨ ᠦᠨᠡᠯᠡᠯᠲᠡ᠂ ᠬᠡᠷ ᠤᠨ

ᠠᠮᠢᠳᠤᠷᠠᠯ ᠨᠢ ᠬᠦᠴᠢᠷᠳᠡᠯᠲᠡᠶ ᠰᠣᠷᠣᠭᠴᠢ ᠶᠢ ᠮᠠᠭᠠᠳᠯᠠᠨ ᠲᠣᠭᠲᠠᠭᠠᠬᠤ᠂ ᠲᠡᠳᠬᠦᠨ ᠲᠤᠰᠠᠯᠠᠬᠤ ᠲᠥᠰᠦᠯ ᠤᠨ

ᠭᠤᠶᠤᠴᠢᠯᠠᠯ ᠢ ᠬᠢᠨᠠᠨ ᠵᠥᠪᠰᠢᠶᠡᠷᠡᠬᠦ᠂ ᠰᠢᠨ᠎ᠡ ᠰᠣᠷᠣᠭᠴᠢ ᠶᠢᠨ ᠰᠠᠭᠠᠳ ᠥᠬᠡᠶ ᠨᠡᠪᠲᠡᠷᠡᠬᠦ ᠵᠠᠮ᠂ ᠰᠣᠷᠣᠭᠴᠢ ᠶᠢᠨ

ᠦᠢᠯᠡ ᠠᠵᠢᠯᠯᠠᠭᠠᠨ ᠤ ᠵᠠᠳᠠᠯᠤᠯᠲᠠ ᠵᠡᠷᠭᠡ ᠲᠡᠳᠬᠦᠨ ᠲᠤᠰᠠᠯᠠᠵᠤ ᠬᠥᠮᠦᠨ ᠢ ᠬᠥᠮᠦᠵᠢᠭᠦᠯᠬᠦ ᠪᠥᠬᠦ ᠶᠠᠪᠤᠴᠠ ᠶᠢ

ᠬᠠᠮᠤᠷᠤᠭᠰᠠᠨ ᠪᠠᠶᠢᠨ᠎ᠠ᠃ ᠳᠡᠳᠬᠦᠨ ᠲᠤᠰᠠᠯᠠᠬᠤ ᠡᠲᠡᠭᠡᠳ ᠢ ᠦᠨᠡᠯᠡᠨ ᠲᠣᠭᠲᠠᠭᠠᠬᠤ ᠶᠠᠪᠤᠴᠠ ᠳᠤ

ᠭᠤᠤᠯᠳᠠᠯᠭ᠎ᠠ ᠪᠠᠨ ᠠᠩᠭᠢ ᠳᠤ ᠪᠠᠭᠤᠯᠭᠠᠬᠤ ᠶᠢ ᠠᠬᠢᠭᠤᠯᠵᠤ᠂ ᠬᠤᠪᠢ ᠬᠥᠮᠦᠨ ᠤ ᠮᠡᠳᠡᠭᠡ ᠵᠠᠩᠭᠢ ᠶᠢ ᠪᠦᠷᠢᠳᠬᠡᠬᠦ᠂

ᠳᠤᠭᠤᠶᠢᠯᠠᠩ ᠢ ᠠᠷᠠᠳᠴᠢᠯᠠᠯ ᠢᠶᠠᠷ ᠦᠨᠡᠯᠡᠬᠦ᠂ ᠠᠩᠭᠢ ᠶᠢ ᠬᠡᠮᠵᠢᠶᠡᠯᠡᠵᠦ ᠰᠢᠯᠭᠠᠨ ᠲᠣᠭᠲᠠᠭᠠᠬᠤ᠂ ᠳᠡᠭᠡᠳᠦ

ᠰᠤᠷᠭᠠᠭᠤᠯᠢ ᠰᠢᠯᠭᠠᠨ ᠭᠡᠷᠡᠴᠢᠯᠡᠵᠦ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠡᠳᠬᠦᠨ ᠲᠤᠰᠠᠯᠠᠬᠤ

ᠡᠲᠡᠭᠡᠳ ᠢ ᠨᠠᠷᠢᠯᠢᠭ ᠣᠨᠣᠴᠠᠲᠠᠢ ᠬᠢᠨᠠᠨ ᠳᠣᠭᠲᠠᠭᠠᠪᠠ᠃ ᠭᠤᠤᠯᠳᠠᠯᠭ᠎ᠠ ᠲᠠᠢ ᠬᠦᠴᠢᠷᠳᠡᠯᠲᠡᠶ ᠬᠥᠮᠦᠰ ᠲᠤ

ᠠᠩᠬᠠᠷᠤᠯ ᠢᠶᠠᠨ ᠲᠥᠪᠯᠡᠷᠡᠭᠦᠯᠵᠦ᠂ ᠲᠠᠰ ᠪᠠ ᠲᠥᠷᠥᠯ ᠬᠤᠪᠢᠶᠠᠨ ᠨᠠᠷᠢᠯᠢᠭ ᠣᠨᠣᠴᠠᠲᠠᠢ ᠪᠠᠷ ᠳᠡᠳᠬᠦᠨ

ᠲᠤᠰᠠᠯᠠᠬᠤ ᠶᠢ ᠰᠠᠶᠢᠲᠤᠷ ᠪᠡᠶᠡᠯᠡᠭᠦᠯᠵᠦ᠂ 2020 ᠣᠨ ᠠᠴᠠ ᠨᠠᠭᠠᠰᠢ᠂ ᠰᠤᠷᠭᠠᠭᠤᠯᠢ ᠨᠢ ᠦᠶᠡᠷ ᠤᠨ

ᠭᠠᠮᠰᠢᠭ ᠠᠴᠠ ᠪᠣᠯᠵᠣ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ 222 ᠰᠣᠷᠣᠭᠴᠢ ᠳᠤ 22.2 ᠲᠦᠮᠡᠨ

ᠲᠥᠭᠦᠷᠢᠭ ᠤᠨ ᠲᠦᠷ ᠴᠠᠭ ᠤᠨ ᠨᠥᠬᠦᠪᠥᠷᠢ ᠥᠭᠪᠡ︔ ᠬᠢᠵᠢᠭ ᠤᠨ ᠪᠠᠶᠢᠳᠠᠯ ᠠᠴᠠ ᠪᠣᠯᠵᠣ ᠬᠡᠷ ᠪᠦᠯᠢ ᠶᠢᠨ

ᠠᠮᠢᠳᠤᠷᠠᠯ ᠨᠢ ᠬᠦᠴᠢᠷᠳᠡᠯᠲᠡᠶ 638 ᠰᠣᠷᠣᠭᠴᠢ ᠳᠤ 48.8 ᠲᠦᠮᠡᠨ ᠲᠥᠭᠦᠷᠢᠭ ᠤᠨ ᠲᠦᠷ ᠴᠠᠭ ᠤᠨ

ᠨᠥᠬᠦᠪᠥᠷᠢ ᠥᠭᠪᠡ︔ ᠴᠡᠷᠢᠭ ᠲᠤ ᠡᠯᠰᠡᠭᠳᠡᠭᠰᠡᠨ250 ᠰᠤᠷᠤᠭᠴᠢ ᠶᠢᠨ ᠰᠤᠷᠤᠯᠭ᠎ᠠ ᠶᠢᠨ ᠵᠠᠷᠤᠳᠠᠯ ᠪᠠ ᠰᠤᠷᠤᠯᠭ᠎ᠠ

 ᠶᠢᠨ ᠲᠡᠳᠬᠦᠮᠵᠢ ᠶᠢᠨ ᠵᠢᠭᠡᠯᠡᠯᠭᠡ ᠶᠢ 361.1 ᠲᠦᠮᠡᠨ ᠲᠥᠭᠦᠷᠢᠭ ᠣᠷᠣᠯᠠᠨ ᠲᠥᠯᠥᠵᠡᠢ︔ 597 ᠨᠡᠷ᠎ᠡ

ᠴᠡᠷᠢᠭ ᠠᠴᠠ ᠬᠠᠯᠠᠭᠳᠠᠭᠰᠠᠨ ᠰᠤᠷᠤᠭᠴᠢᠳ ᠲᠤ 98 . 5 ᠲᠦᠮᠡᠨ ᠲᠥᠭᠦᠷᠢᠭ ᠤᠨ ᠲᠤᠰᠬᠠᠢ ᠲᠥᠷᠥᠯ ᠤᠨ

ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠪᠠ᠃

     ᠦᠵᠡᠯ ᠰᠠᠨᠠᠭᠠᠨ ᠤ ᠵᠢᠯᠣᠭᠤᠳᠤᠮᠵᠢ ᠶᠢ ᠴᠢᠩᠭᠠᠳᠬᠠᠵᠤ᠂ ᠳᠡᠳᠬᠦᠨ ᠲᠤᠰᠠᠯᠠᠬᠤ ᠠᠵᠢᠯ ᠤᠨ ᠬᠥᠮᠦᠨ ᠢ

ᠬᠥᠮᠦᠵᠢᠭᠦᠯᠬᠦ ᠴᠢᠳᠠᠮᠵᠢ ᠶᠢ ᠢᠯᠡᠷᠡᠭᠦᠯᠪᠡ᠃ ᠵᠥᠪ ᠥᠷᠲᠡᠭ ᠤᠨ ᠦᠵᠡᠯᠲᠡ ᠶᠢᠨ ᠤᠳᠤᠷᠢᠳᠤᠮᠵᠢ ᠶᠢ ᠪᠠᠷᠢᠮᠲᠠᠯᠠᠵᠤ᠂

ᠰᠤᠷᠭᠠᠭᠤᠯᠢ ᠶᠢᠨ ᠬᠦᠷᠢᠶᠡᠨ ᠤ ᠰᠢᠨ᠎ᠡ ᠵᠠᠭᠤᠴᠢᠯᠠᠭᠤᠷ ᠢ ᠠᠰᠢᠭᠯᠠᠨ ᠡᠯ᠎ᠡ ᠲᠥᠷᠥᠯ ᠤᠨ ᠳᠡᠳᠬᠦᠨ ᠲᠤᠰᠠᠯᠠᠬᠤ

ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠯ᠎ᠡ

ᠲᠥᠷᠥᠯ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠮᠥᠩᠭᠦ ᠭᠥᠷᠳᠡᠭᠰᠡᠳ ᠤᠨ

ᠦᠢᠯᠡ ᠶᠠᠪᠤᠳᠠᠯ ᠤᠨ ᠮᠡᠳᠡᠭᠦᠯᠦᠯᠲᠡ ᠶᠢᠨ ᠬᠤᠷᠠᠯ ᠢ ᠡᠷᠬᠢᠯᠡᠵᠦ᠂ ᠪᠠᠭᠰᠢ ᠶᠢᠨ ᠶᠡᠭᠡ ᠰᠤᠷᠭᠠᠭᠤᠯᠢ ᠶᠢᠨ ᠳᠡᠳᠬᠦᠨ

ᠲᠤᠰᠠᠯᠠᠵᠤ ᠬᠥᠮᠦᠨ ᠢ ᠬᠥᠮᠦᠵᠢᠭᠦᠯᠦᠭᠰᠡᠨ ᠥᠯᠢᠭᠡᠷ ᠢ ᠰᠠᠶᠢᠲᠤᠷ ᠶᠠᠷᠢᠭᠤᠯᠵᠤ᠂ ᠲᠡᠷᠢᠭᠦᠨ ᠤ ᠨᠡᠶᠢᠲᠡᠯᠢᠭ

ᠵᠢᠱᠢᠶ᠎ᠡ ᠶᠢᠨ ᠰᠠᠶᠢᠨ ᠰᠠᠶᠢᠬᠠᠨ ᠳᠠᠭᠤᠷᠢᠶᠠᠯ ᠦᠵᠡᠭᠦᠯᠬᠦ ᠦᠢᠯᠡᠳᠦᠯ ᠢ ᠪᠠᠳᠠᠷᠠᠭᠤᠯᠪᠠ᠃ ᠡᠬᠡ ᠪᠢᠴᠢᠭ ᠡᠯᠰᠡᠬᠦ᠂

ᠲᠠᠶᠢᠯᠤᠮᠵᠢ ᠬᠢᠬᠦ᠂ ᠺᠢᠨᠣ᠋ ᠦᠵᠡᠬᠦ᠂ ᠭᠤᠤᠯ ᠰᠡᠳᠦᠪᠲᠦ ᠠᠩᠭᠢ ᠶᠢᠨ ᠬᠤᠷᠠᠯ ᠬᠢᠬᠦ ᠵᠡᠷᠭᠡ ︽ᠦᠨᠡᠨᠴᠢ ᠢᠲᠡᠭᠡᠮᠵᠢᠲᠡᠶ᠂

ᠠᠴᠢ ᠡᠨᠡᠷᠢᠯ ᠳᠤ ᠲᠠᠯᠠᠷᠬᠠᠬᠤ᠂ ᠡᠷᠴᠢ ᠵᠣᠷᠢᠭ ᠢᠶᠠᠨ ᠬᠥᠪᠴᠢᠯᠡᠬᠦ᠂ ᠥᠪᠡᠷ ᠢ ᠪᠠᠨ ᠬᠦᠴᠦᠷᠬᠡᠭᠵᠢᠭᠦᠯᠬᠦ︾ ᠭᠤᠤᠯ

ᠰᠡᠳᠦᠪᠲᠦ ᠬᠥᠮᠦᠵᠢᠯ ᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠵᠢᠯᠯᠠᠭ᠎ᠠ ᠶᠢ 80 ᠭᠠᠷᠤᠶ ᠲᠠᠯᠠᠪᠤᠷ

ᠡᠷᠭᠢᠯᠡᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂

ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠵᠤ ᠰᠤᠷᠭᠠᠭᠤᠯᠢ ᠪᠠᠨ ᠬᠠᠶᠢᠷᠠᠯᠠᠬᠤ ᠪᠣᠯᠭᠠᠪᠠ᠃ ᠳᠡᠳᠬᠦᠨ

ᠲᠤᠰᠠᠯᠠᠵᠤ ᠬᠥᠮᠦᠨ ᠢ ᠬᠥᠮᠦᠵᠢᠭᠦᠯᠬᠦ ᠤᠳᠤᠷᠢᠳᠤᠮᠵᠢ ᠶᠢ ᠳᠣᠪᠤᠶᠢᠯᠭᠠᠨ᠂ ᠡᠯ᠎ᠡ ᠲᠥᠷᠥᠯ ᠤᠨ ᠰᠤᠷᠤᠯᠭ᠎ᠠ ᠶᠢᠨ

ᠱᠠᠩᠨᠠᠯ ᠤᠨ ᠮᠥᠩᠭᠦ ᠶᠢ ᠰᠢᠯᠭᠠᠷᠠᠭᠤᠯᠤᠨ ᠥᠭᠬᠦ ᠭᠤᠭᠴᠤᠭ᠎ᠠ ᠳᠤ ᠰᠤᠷᠤᠭᠴᠢᠳ ᠤᠨ ᠰᠤᠷᠤᠯᠭ᠎ᠠ ᠶᠢᠨ ᠬᠢᠷᠢ

ᠪᠦᠲᠦᠮᠵᠢ᠂ ᠰᠢᠨ᠎ᠡ ᠶᠢ ᠡᠭᠦᠳᠦᠨ ᠬᠥᠭᠵᠢᠬᠦ᠂ ᠨᠡᠶᠢᠭᠡᠮ ᠤᠨ ᠦᠢᠯᠡᠳᠦᠯᠭᠡ ᠵᠢᠴᠢ ᠶᠣᠰᠣ ᠮᠣᠷᠠᠯ ᠵᠠᠩ ᠴᠢᠨᠠᠷ ᠵᠡᠷᠭᠡ

ᠲᠠᠯ᠎ᠠ ᠶᠢᠨ ᠶᠡᠷᠦᠩᠬᠡᠶᠢᠯᠡᠭᠰᠡᠨ ᠢᠯᠡᠷᠡᠯ ᠢ ᠪᠥᠬᠦ ᠲᠠᠯ᠎ᠠ ᠪᠠᠷ ᠪᠠᠶᠢᠴᠠᠭᠠᠪᠠ᠃ ᠨᠡᠶᠢᠭᠡᠮ ᠤᠨ ᠪᠡᠯᠡ ᠮᠥᠩᠭᠦ ᠶᠢ

ᠣᠷᠣᠭᠤᠯᠤᠨ ᠠᠪᠴᠢᠷᠠᠵᠤ ᠰᠤᠷᠭᠠᠭᠤᠯᠢ ᠶᠢᠨ ᠰᠤᠷᠤᠯᠭ᠎ᠠ ᠢ ᠲᠡᠳᠬᠦᠬᠦ ᠠᠵᠢᠯ ᠤᠨ ᠪᠠᠶᠢᠷᠢ ᠶᠢ 480 ᠭᠠᠷᠭᠠᠵᠤ᠂

ᠰᠤᠷᠤᠭᠴᠢᠳ ᠤᠨ ᠵᠦᠢ ᠵᠣᠬᠢᠰᠲᠠᠢ ᠬᠥᠳᠡᠯᠮᠦᠷᠢ ᠪᠠᠷ ᠳᠠᠮᠵᠢᠨ ᠬᠠᠤᠯᠢ ᠶᠣᠰᠣᠨ ᠤ ᠬᠥᠯᠥᠰᠥ ᠣᠯᠭᠤᠮᠵᠢ ᠤᠯᠬᠤ ᠶᠢ

ᠵᠣᠷᠢᠭᠵᠢᠭᠤᠯᠪᠠ᠃ ᠬᠤᠶᠠᠷ ᠰᠤᠷᠭᠠᠭᠤᠯᠢ ᠶᠢᠨ ᠲᠣᠭᠤᠷᠢᠭ ᠲᠤ ᠳᠡᠳᠬᠦᠨ ᠲᠤᠰᠠᠯᠠᠬᠤ ᠠᠵᠢᠯ ᠤᠨ ᠭᠠᠵᠠᠷ᠂

ᠰᠤᠷᠤᠭᠴᠢᠳ ᠤᠨ ᠠᠵᠢᠯ ᠬᠢᠵᠦ ᠰᠤᠷᠤᠯᠭ᠎ᠠ ᠪᠠᠨ ᠲᠤᠰᠠᠯᠠᠬᠤ ᠵᠠᠬ᠎ᠠ ᠳᠡᠯᠭᠡᠭᠦᠷ ᠢ ᠪᠠᠶᠢᠭᠤᠯᠵᠤ᠂ ᠶᠡᠷᠦᠩᠬᠡᠶᠢᠯᠡᠭᠰᠡᠨ

ᠬᠡᠪ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠰᠤᠷᠤᠭᠴᠢᠳ ᠤᠨ ᠦᠢᠯᠡᠳᠦᠯᠭᠡ ᠬᠢᠬᠦ ᠴᠢᠳᠠᠪᠤᠷᠢ ᠪᠠ

ᠰᠢᠨᠲᠠᠷᠠᠰᠢ ᠥᠬᠡᠶ ᠴᠢᠷᠮᠠᠶᠢᠬᠤ ᠵᠣᠷᠢᠭ ᠰᠠᠨᠠᠭ᠎ᠠ ᠶᠢ ᠬᠦᠴᠦᠯᠡᠨ ᠬᠥᠮᠥᠵᠢᠭᠦᠯᠪᠡ᠃ ᠰᠤᠷᠤᠭᠴᠢᠳ ᠤᠨ ᠨᠡᠶᠢᠲᠡ ᠶᠢᠨ

ᠪᠠᠶᠢᠷᠢ ᠶᠢᠨ ᠬᠥᠳᠡᠯᠮᠦᠷᠢ ᠶᠢᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂

2022 ᠣᠨ ᠳᠤ ᠨᠢᠭᠡᠨᠲᠡ 5425 ᠬᠥᠮᠦᠨ ᠤᠳᠠᠭ᠎ᠠ ᠲᠤᠰᠠᠯᠠᠮᠵᠢ ᠬᠦᠷᠲᠡᠭᠰᠡᠨ ᠰᠤᠷᠤᠭᠴᠢᠳ 265 ᠵᠦᠢᠯ ᠤᠨ

ᠬᠥᠳᠡᠯᠮᠦᠷᠢ ᠶᠢᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠪᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map