ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/9

     7 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ

ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠠᠬᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ

ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ

ᠯᠢ ᠶᠢᠩ ᠭᠤᠤᠯᠯᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ

ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ

ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠨ ᠬᠤᠯᠪᠤᠭᠳᠠᠬᠤ ᠬᠠᠷᠢᠭᠤᠴᠠᠯᠭᠠᠲᠠᠨ ᠰᠣᠨᠢᠨ ᠮᠡᠳᠡᠭᠡ

ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

      ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ

           ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯ ᠤᠨ ᠦᠭᠡ

            ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ

            ᠠᠵᠢᠯ  ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ

            ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ

                 ︵2022 ᠣᠨ ᠤ 7 ᠰᠠᠷ᠎ᠠ ᠶᠢᠨ 29 ᠤ ᠡᠳᠦᠷ ᠤᠨ 10᠄ 00︶

     ᠰᠤᠷᠪᠤᠯᠵᠢᠯᠠᠭᠴᠢ ᠨᠠᠶᠢᠵᠠ ᠨᠠᠷ ᠡ᠄

     ᠰᠠᠶᠢᠨ ᠪᠠᠶᠢᠵᠠᠭᠠᠨ᠎ᠠ ᠦᠦ︖ ᠣᠲᠣ ᠪᠢ ᠰᠤᠷᠭᠠᠨ ᠬᠥᠮᠦᠵᠢᠯ ᠤᠨ ᠲᠢᠩᠬᠢᠮ ᠢ ᠲᠥᠯᠦᠭᠡᠯᠡᠵᠦ ᠭᠤᠣᠯᠯᠠᠨ

ᠨᠡᠶᠢᠲᠡᠯᠡᠶ᠎ᠡ᠃ ᠪᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠢ ᠲᠥᠯᠥᠭᠡᠯᠡᠨ ᠡᠯ᠎ᠡ

ᠵᠠᠭᠤᠴᠢᠯᠠᠭᠤᠷ ᠤᠨ ᠰᠤᠷᠪᠤᠯᠵᠢᠯᠠᠭᠴᠢ ᠨᠠᠶᠢᠵᠠ ᠨᠠᠷ ᠤᠨ ᠤᠷᠲᠤ ᠬᠤᠭᠤᠴᠠᠭᠠᠨ ᠤ ᠲᠤᠷᠰᠢ ᠥᠪᠡᠷᠲᠡᠭᠡᠨ ᠵᠠᠰᠠᠬᠤ

ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠵᠤ᠂ ᠳᠡᠮᠵᠢᠵᠦ᠂

ᠬᠠᠪᠰᠤᠷᠤᠭᠰᠠᠭᠠᠷ ᠢᠷᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠤᠷ᠎ᠠ ᠪᠢ

︽ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ︾ ᠭᠡᠵᠦ

ᠳᠦᠭᠦᠮᠴᠢᠯᠡᠨ᠎ᠡ︶ ᠢ ᠲᠣᠪᠴᠢ ᠲᠠᠨᠢᠯᠴᠠᠭᠤᠯᠤᠶ᠎ᠠ᠃

     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠯᠠᠨ

ᠤᠳᠠᠭ᠎ᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠠᠶᠢᠴᠠᠭᠠᠨ ᠰᠣᠳᠤᠯᠵᠤ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠬᠥᠭᠵᠢᠯᠲᠡ ᠳᠤ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ ᠨᠠᠮ ᠤᠨ ᠲᠥᠪ ᠬᠤᠷᠢᠶ᠎ᠠ᠂

ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠂ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ

ᠲᠠᠷᠬᠠᠭᠠᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢ 5 ᠰᠠᠷ᠎ᠠ ᠶᠢᠨ 1 ᠤ ᠡᠳᠦᠷ ᠠᠴᠠ ᠡᠬᠢᠯᠡᠨ

ᠵᠢᠩᠬᠢᠨᠢ ᠪᠠᠷ ᠬᠡᠷᠡᠭᠵᠢᠭᠦᠯᠵᠦ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠳᠲᠡᠷ ᠲᠦᠷᠭᠡᠨ

ᠬᠥᠭᠵᠢᠭᠦᠯᠬᠦ ᠳᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠪᠠ ᠬᠠᠤᠯᠢ ᠳᠣᠭᠲᠠᠭᠠᠬᠤ ᠪᠠᠲᠤᠯᠠᠭ᠎ᠠ ᠶᠢ    

ᠬᠠᠩᠭᠠᠪᠠ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ

ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠠᠵᠢᠯ ᠤᠨ

ᠢᠯᠡᠳᠬᠡᠯ ᠳᠤ ᠪᠠᠨ ᠴᠥᠮ ᠠᠵᠢᠯ ᠮᠡᠷᠭᠡᠵᠢᠯ ᠤᠨ ᠰᠤᠷᠭᠠᠨ ᠬᠥᠮᠦᠵᠢᠯ ᠶᠢ ᠬᠥᠭᠵᠢᠭᠦᠯᠬᠦ ᠪᠣᠳᠠᠲᠠᠶ ᠪᠠᠶᠢᠷᠢᠯᠠᠭᠤᠯᠤᠯᠲᠠ

ᠬᠢᠪᠡ᠃ ᠡᠨᠡ ᠵᠢᠯ ᠤᠨ 7 ᠰᠠᠷ᠎ᠠ ᠶᠢᠨ 5 ᠤ ᠡᠳᠦᠷ᠂ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ

ᠰᠦᠨ ᠱᠤᠤ ᠴᠧᠩ ᠴᠣᠬᠤᠯᠠᠪᠤᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂

ᠵᠠᠰᠠᠭ ᠤᠨ ᠣᠷᠳᠣᠨ ᠪᠣᠯᠤᠨ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ

ᠰᠤᠷᠤᠯᠴᠠᠨ ᠲᠤᠭᠤᠰᠢᠯᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠠᠩ ᠲᠣᠪᠤᠶᠢᠮ᠎ᠠ ᠪᠠᠶᠢᠷᠢᠨ ᠳᠤ

ᠲᠠᠯᠪᠢᠵᠤ᠂ ᠲᠦᠷᠢᠮ ᠤᠨ ᠰᠢᠨ᠎ᠡ ᠡᠭᠦᠳᠦᠯᠲᠡ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠪᠣᠯᠤᠨ ᠪᠡᠯᠡ

ᠣᠷᠣᠭᠤᠯᠤᠯᠲᠠ ᠶᠢᠨ ᠡᠷᠴᠢᠮ ᠢᠶᠠᠨ ᠦᠨᠡᠨ ᠬᠦ ᠴᠢᠩᠭᠠᠷᠠᠭᠤᠯᠬᠤ ᠬᠡᠷᠡᠭᠲᠡᠶ︔ ᠨᠠᠷᠢᠯᠢᠭ ᠣᠨᠣᠴᠠᠲᠠᠢ ᠰᠤᠷᠭᠠᠭᠤᠯᠢ

ᠡᠷᠭᠢᠯᠡᠬᠦ ᠴᠢᠭᠯᠡᠯ ᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ

ᠲᠣᠭᠲᠠᠭᠠᠯᠲᠠ ᠶᠢ ᠰᠢᠯᠢᠳᠡᠭᠵᠢᠭᠦᠯᠵᠦ᠂ ᠬᠥᠮᠦᠨ ᠢ ᠬᠥᠮᠦᠵᠢᠭᠦᠯᠬᠦ ᠠᠷᠭ᠎ᠠ ᠬᠡᠯᠪᠡᠷᠢ᠂ ᠰᠤᠷᠭᠠᠭᠤᠯᠢ ᠡᠷᠭᠢᠯᠡᠬᠦ ᠵᠠᠭᠪᠤᠷ᠂

ᠬᠠᠮᠢᠶᠠᠷᠤᠯᠲᠠ ᠶᠢᠨ ᠪᠠᠶᠢᠭᠤᠯᠤᠮᠵᠢ᠂ ᠪᠠᠲᠤᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ

ᠬᠡᠷᠡᠭᠲᠡᠶ︔ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠣ ᠶᠢ ᠬᠦᠨᠳᠦᠳᠬᠡᠵᠦ᠂ ᠭᠠᠵᠠᠷ ᠣᠷᠣᠨ ᠤ

ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠡᠵᠡᠮᠳᠡᠵᠦ᠂ ᠠᠵᠤ ᠦᠢᠯᠡᠳᠪᠦᠷᠢ ᠪᠠ ᠵᠢᠭᠠᠨ ᠰᠤᠷᠭᠠᠯᠲᠠ ᠶᠢᠨ

ᠠᠭᠤᠰᠤᠯᠴᠠᠭ᠎ᠠ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠰᠤᠷᠭᠠᠨ ᠬᠥᠮᠦᠵᠢᠯ ᠪᠠ  

ᠪᠣᠯᠪᠠᠰᠤᠷᠠᠭᠤᠯᠤᠯ ᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠲᠤᠰᠬᠠᠢ ᠮᠡᠷᠭᠡᠵᠢᠯ ᠢ ᠠᠵᠤ ᠦᠢᠯᠡᠰ ᠲᠠᠢ ᠨᠢᠭᠲᠠ

ᠵᠣᠯᠭᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ

ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠸᠠᠩ ᠯᠢ ᠰᠢᠶᠠ ᠪᠠᠰᠠ ᠶᠠᠷᠢᠶᠠᠨ ᠳᠤ ᠪᠠᠨ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠪᠣᠯ ᠤᠯᠠᠨ ᠶᠠᠩᠵᠤ ᠶᠢᠨ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠤᠨ

ᠤᠷ᠎ᠠ ᠴᠢᠳᠠᠪᠤᠷᠢ ᠶᠢ ᠤᠯᠠᠮᠵᠢᠯᠠᠬᠤ᠂ ᠠᠵᠢᠯ ᠣᠯᠭᠤᠵᠤ ᠦᠢᠯᠡᠰ ᠪᠤᠰᠬᠠᠬᠤ ᠶᠢ ᠠᠬᠢᠭᠤᠯᠬᠤ ᠴᠢᠬᠤᠯᠠ ᠠᠷᠭ᠎ᠠ ᠵᠠᠮ

ᠮᠥᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠪᠠ ᠪᠦᠬᠦ ᠲᠠᠯ᠎ᠠ ᠳᠤ ᠰᠠᠭᠤᠷᠢᠯᠠᠵᠤ᠂

ᠬᠠᠷᠠᠯᠲᠠ ᠪᠠ ᠡᠭᠦᠷᠭᠡ ᠪᠠᠨ ᠲᠣᠭᠲᠠᠭᠠᠵᠤ᠂ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠠᠬᠢᠭᠤᠯᠬᠤ᠂ ᠲᠦᠷᠦᠯ

ᠲᠡᠮᠳᠡᠭᠲᠦ ᠶᠢᠨ ᠴᠣᠭᠴᠠᠯᠠᠯᠲᠠ ᠶᠢ ᠴᠢᠩᠭᠠᠳᠬᠠᠬᠤ᠂  ᠠᠵᠤ ᠦᠢᠯᠡᠳᠪᠦᠷᠢ ᠪᠠ ᠵᠢᠭᠠᠨ ᠰᠤᠷᠭᠠᠯᠲᠠ ᠶᠢᠨ

ᠠᠭᠤᠰᠤᠯᠴᠠᠭ᠎ᠠ ᠶᠢ ᠠᠬᠢᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂

ᠨᠡᠶᠢᠭᠡᠮ ᠤᠨ ᠪᠣᠯᠪᠠᠰᠤᠷᠠᠭᠤᠯᠤᠯ ᠢ ᠥᠷᠭᠡᠳᠬᠡᠬᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ

ᠲᠠᠯ᠎ᠠ ᠪᠠᠷ ᠪᠣᠳᠠᠲᠠᠢ ᠠᠵᠢᠯ ᠬᠢᠵᠦ᠂ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠶᠡᠭᠡ

ᠦᠢᠯᠡᠰ ᠢ ᠪᠥᠲᠦᠭᠡᠵᠦ ᠪᠣᠯᠬᠤ︾ ᠠᠴᠠ ︽ᠶᠡᠭᠡ ᠦᠢᠯᠡᠰ ᠢ ᠪᠥᠲᠦᠭᠡᠵᠦ ᠴᠢᠳᠠᠬᠤ︾ ᠲᠡᠶᠢᠰᠢ ᠤᠷᠤᠭᠰᠢᠯᠠᠬᠤ ᠶᠢ

ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ

ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂

ᠰᠤᠷᠭᠠᠨ ᠬᠥᠮᠦᠵᠢᠯ ᠤᠨ ᠲᠢᠩᠬᠢᠮ ᠠᠴᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ

ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ ᠳᠤ

ᠴᠢᠭᠯᠡᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠷᠠᠯᠲᠠ ᠪᠠ ᠭᠤᠣᠯᠳᠠᠯᠭᠠᠲᠠᠢ ᠡᠭᠦᠷᠭᠡ ᠲᠠᠢ ᠨᠢᠭᠲᠠ

ᠤᠶᠠᠯᠳᠤᠭᠤᠯᠵᠤ᠂ ᠣᠷᠣᠨ ᠤ ᠳᠣᠲᠣᠷᠠᠬᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ

ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠰᠣᠨᠣᠰᠤᠭᠰᠠᠨ ᠰᠠᠭᠤᠷᠢᠨ ᠳᠡᠭᠡᠷ᠎ᠡ᠂ ᠲᠣᠰ ︽ᠠᠷᠭ᠎ᠠ ᠬᠡᠮᠵᠢᠶ᠎ᠡ︾ ᠶᠢ

ᠲᠦᠷᠦᠭᠦᠯᠡᠨ ᠲᠤᠭᠤᠷᠪᠢᠪᠠ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠶᠠᠮᠤᠨ ᠤ ᠲᠤᠰᠬᠠᠶ ᠮᠡᠷᠭᠡᠵᠢᠯᠲᠡᠨ ᠢ

ᠤᠷᠢᠵᠤ᠂ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ

ᠬᠠᠷᠠᠯᠲᠠ ᠪᠠ ᠡᠭᠦᠷᠭᠡ ᠲᠠᠢ ᠤᠶᠠᠯᠳᠤᠭᠤᠯᠤᠨ ︽ᠠᠷᠭ᠎ᠠ ᠬᠡᠮᠵᠢᠶ᠎ᠡ︾ ᠳᠤ ᠵᠢᠯᠣᠭᠤᠳᠣᠯᠭ᠎ᠠ ᠬᠢᠯᠭᠡᠪᠡ᠃ ᠲᠣᠰ ︽ᠠᠷᠭ᠎ᠠ

ᠬᠡᠮᠵᠢᠶ᠎ᠡ︾ ᠳᠤ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠬᠤ ᠰᠠᠯᠠᠭ᠎ᠠ ᠮᠥᠴᠢᠷ ᠪᠠ ᠬᠡᠰᠡᠭ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠶᠢᠨ ᠰᠠᠨᠠᠯ ᠪᠠ ᠰᠠᠨᠠᠭᠤᠯᠭ᠎ᠠ ᠶᠢ ᠤᠷᠢᠳ ᠬᠤᠵᠢᠳ 5 ᠤᠳᠠᠭ᠎ᠠ ᠬᠤᠷᠢᠶᠠᠭᠰᠠᠨ ᠪᠥᠭᠡᠳ

ᠭᠦᠢᠴᠡᠳ ᠨᠡᠪᠲᠡᠷᠡᠯᠴᠡᠵᠦ᠂ ᠪᠦᠬᠦᠨ ᠢᠶᠠᠷ ᠢᠶᠠᠨ ᠰᠠᠨᠠᠯ ᠨᠢᠭᠡᠳᠴᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠠᠳ᠂ 7 ᠳ᠋ᠤᠭᠠᠷ ᠰᠠᠷ᠎ᠠ ᠶᠢᠨ

4 ᠤ ᠡᠳᠦᠷ ᠳᠠᠷᠤᠮᠠᠯᠯᠠᠨ ᠲᠠᠷᠬᠠᠭᠠᠪᠠ᠃

     ︽ᠠᠷᠭ᠎ᠠ ᠬᠡᠮᠵᠢᠶ᠎ᠡ︾ ᠳᠤ 5 ᠵᠦᠢᠯ ᠤᠨ ᠡᠭᠦᠷᠭᠡ᠂ 15 ᠵᠦᠢᠯ ᠤᠨ ᠠᠷᠭ᠎ᠠ ᠬᠡᠮᠵᠢᠶ᠎ᠡ ᠪᠤᠶ᠂ ᠭᠤᠣᠯ

ᠠᠭᠤᠯᠭ᠎ᠠ ᠳᠤ᠄

     ᠨᠢᠭᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ

ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠰ ᠡᠭᠦᠷᠭᠡ ᠨᠢ ᠭᠤᠤᠯᠳᠠᠭᠤ ᠪᠥᠬᠦ ᠣᠷᠣᠨ ᠤ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠪᠦᠲᠦᠴᠡ ᠶᠢᠨ ᠪᠠᠶᠢᠷᠢᠰᠢᠭᠤᠯᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂

ᠣᠷᠣᠨ ᠪᠦᠰᠡ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠠᠩ ᠨᠢᠭᠲᠠ

ᠵᠣᠯᠭᠠᠭᠤᠯᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠲᠥᠬᠦᠮ ᠦᠵᠡᠭᠦᠯᠦᠨ᠎ᠡ᠃ ᠬᠤᠶᠠᠷ

ᠵᠦᠢᠯ ᠤᠨ ᠠᠷᠭ᠎ᠠ ᠬᠡᠮᠵᠢᠶ᠎ᠡ ᠶᠢ ᠠᠪᠤᠨ᠎ᠠ᠂ ᠨᠢᠭᠡ ᠳᠤ᠂ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ

ᠰᠤᠷᠭᠠᠨ ᠬᠥᠮᠦᠵᠢᠯ ᠤᠨ ᠬᠡᠯᠬᠢᠶ᠎ᠡ ᠶᠢ ᠪᠠᠶᠢᠷᠢᠯᠠᠭᠤᠯᠵᠤ᠂ ᠤᠨᠳᠤᠤ ᠭᠠᠵᠠᠷ ᠲᠤ ᠰᠢᠨ᠎ᠡ ᠪᠠᠷ ᠪᠠᠶᠢᠭᠤᠯᠬᠤ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ 80 % ᠠᠴᠠ ᠳᠡᠭᠡᠭᠰᠢᠬᠢ ᠶᠢ ᠠᠵᠤ ᠦᠢᠯᠡᠳᠪᠦᠷᠢ ︵ᠠᠵᠤ ᠦᠢᠯᠡᠰ︶

 ᠶᠢᠨ ᠬᠦᠷᠢᠶᠡᠯᠡᠩ ᠲᠣᠭᠤᠷᠢᠭ ᠲᠤ ᠪᠠᠶᠢᠭᠤᠯᠤᠨ᠎ᠠ︔ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠡᠷᠡᠭᠯᠡᠭᠡᠨ ᠤ

ᠬᠡᠯᠪᠡᠷᠢᠲᠦ ᠦᠨᠳᠦᠰᠦᠨ ᠠᠩᠭᠢᠲᠦ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ

ᠨᠢᠭᠡᠳᠦᠯᠲᠡᠶ ᠲᠥᠯᠥᠪᠯᠡᠨ ᠬᠠᠮᠢᠶᠠᠷᠬᠤ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠨᠢᠭᠡ ᠪᠦᠷᠢ ᠳᠤ 2 ᠠᠴᠠ

ᠳᠡᠭᠡᠭᠰᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢᠲᠦ ᠳᠡᠭᠡᠳᠦ

ᠰᠤᠷᠭᠠᠭᠤᠯᠢ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ᠂ 2025 ᠣᠨ ᠪᠣᠯᠬᠤ ᠳᠤ

ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠠᠵᠤ ᠦᠢᠯᠡᠰ ᠲᠤ ᠦᠢᠯᠡᠴᠢᠯᠡᠬᠦ ᠲᠤᠰᠬᠠᠶ ᠮᠡᠷᠭᠡᠵᠢᠯ ᠤᠨ

ᠲᠠᠷᠬᠠᠯᠲᠠ ᠶᠢᠨ ᠬᠠᠷᠢᠴᠠᠯ ᠢ 70 % ᠠᠴᠠ ᠳᠡᠭᠡᠭᠰᠢ ᠳᠤ ᠬᠦᠷᠦᠭᠦᠯᠵᠦ᠂ ᠲᠤᠰᠬᠠᠶ ᠮᠡᠷᠭᠡᠵᠢᠯ ᠪᠣᠯᠤᠨ ᠠᠵᠤ

ᠦᠢᠯᠡᠰ ᠤᠨ ᠬᠥᠭᠵᠢᠯᠲᠡ ᠶᠢᠨ ᠵᠣᠯᠭᠠᠯᠳᠤᠬᠤ ᠴᠢᠨᠠᠷ ᠪᠠ ᠨᠢᠭᠲᠠᠴᠠ ᠶᠢᠨ ᠬᠡᠮᠵᠢᠶ᠎ᠡ ᠶᠢ ᠦᠨᠡᠨ ᠬᠦ

ᠳᠡᠭᠡᠭᠰᠢᠯᠡᠭᠦᠯᠦᠨ᠎ᠡ᠃ ᠬᠤᠶᠠᠷ ᠲᠤ᠂ ︽ᠤᠷ᠎ᠠ ᠴᠢᠳᠠᠪᠤᠷᠢᠲᠤ ᠥᠪᠥᠷ ᠮᠣᠩᠭᠤᠯ︾ ᠤᠨ ᠪᠥᠲᠥᠭᠡᠨ ᠪᠠᠶᠢᠭᠤᠯᠤᠯᠲᠠ ᠶᠢ

ᠠᠬᠢᠭᠤᠯᠵᠤ᠂ ︽ᠨᠢᠭᠡ ᠣᠷᠣᠨ ᠪᠦᠰᠡ ᠨᠢᠭᠡ ᠴᠤᠭᠯᠠᠷᠠᠯ︾᠂ ︽ᠨᠢᠭᠡ ᠭᠠᠵᠠᠷ ᠨᠢᠭᠡ ᠠᠷᠭ᠎ᠠ ᠪᠣᠳᠣᠯᠭ᠎ᠠ︾᠂ ︽ᠨᠢᠭᠡ

ᠰᠤᠷᠭᠠᠭᠤᠯᠢ ᠨᠢᠭᠡ ᠨᠠᠷᠠᠲᠤ ᠲᠡᠮᠳᠡᠭᠲᠦ︾ ᠶᠢᠨ ᠶᠣᠰᠤ ᠪᠠᠷ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ

ᠠᠭᠤᠰᠬᠠᠭᠰᠠᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢ ᠡᠭᠦᠳᠴᠦ᠂ ᠣᠷᠣᠨ ᠪᠦᠰᠡ᠂ ᠠᠶᠢᠮᠠᠭ ᠬᠤᠲᠠ᠂

ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠣᠨᠴᠠᠯᠢᠭᠲᠤ ᠨᠠᠷᠠᠲᠤ

ᠲᠡᠮᠳᠡᠭᠲᠦ ᠶᠢ ᠡᠭᠦᠳᠦᠨ᠎ᠡ︔ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠭᠠᠳᠠᠭᠠᠳᠤ ᠲᠠᠢ ᠬᠠᠮᠲᠤᠷᠠᠯᠴᠠᠬᠤ ᠰᠢᠨ᠎ᠡ ᠠᠶᠠᠯᠠᠯ ᠤᠨ ᠱᠤᠭᠤᠮ ᠢ    

ᠨᠡᠭᠡᠭᠡᠨ᠎ᠡ᠃

     ᠬᠤᠶᠠᠷ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠥᠳᠲᠡᠡᠷ

ᠲᠦᠷᠭᠡᠨ ᠪᠠᠶᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠬᠥᠭᠵᠢᠯᠲᠡ ᠶᠢ

ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ

ᠬᠥᠮᠥᠵᠢᠭᠦᠯᠦᠨ᠎ᠡ᠃ ᠨᠡᠶᠢᠲᠡ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠣᠢ᠂ ᠨᠢᠭᠡ ᠳᠤ᠂ ᠡᠯ᠎ᠡ ᠠᠶᠢᠮᠠᠭ ᠬᠤᠲᠠ ᠶᠢᠨ

︽ᠬᠡᠷᠡᠭᠯᠡᠭᠡᠨ ᠤ ᠬᠡᠯᠪᠡᠷᠢᠲᠦ ︵ᠠᠵᠢᠯ ᠮᠡᠷᠭᠡᠵᠢᠯ︶ ᠦᠨᠳᠦᠰᠦᠨ ᠠᠩᠭᠢᠲᠦ ᠳᠡᠭᠡᠳᠦ ᠰᠤᠷᠭᠠᠭᠤᠯᠢ + ᠳᠡᠭᠡᠳᠦ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ + ᠬᠡᠳᠦᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︾

 ᠶᠢᠨ ᠰᠤᠷᠭᠠᠭᠤᠯᠢ ᠡᠷᠭᠢᠯᠡᠬᠦ ᠬᠤᠯᠪᠣᠭ᠎ᠠ ᠶᠢ ᠪᠠᠶᠢᠭᠤᠯᠬᠤ ᠶᠢ ᠠᠬᠢᠭᠤᠯᠵᠤ᠂ ᠠᠳᠠᠯᠢ ᠪᠤᠰᠤ ᠲᠠᠰ ᠳᠠᠪᠬᠤᠷᠭᠠᠨ ᠤ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠯᠳᠤ ᠪᠠᠷ ᠨᠡᠪᠲᠡᠷᠡᠬᠦ ᠶᠢ ᠪᠡᠶᠡᠯᠡᠭᠦᠯᠪᠡ᠃ ᠬᠤᠶᠠᠷ ᠲᠤ᠂ ᠠᠵᠢᠯ

ᠮᠡᠷᠭᠡᠵᠢᠯ ᠤᠨ ᠦᠨᠳᠦᠰᠦᠨ ᠠᠩᠭᠢᠲᠦ ᠰᠤᠷᠭᠠᠨ ᠬᠥᠮᠦᠵᠢᠯ ᠤᠨ ︽ᠬᠥᠲᠥᠯᠦᠨ ᠳᠠᠭᠠᠭᠤᠯᠬᠤ︾ ᠲᠥᠯᠥᠪᠯᠡᠭᠡ ᠶᠢ

ᠬᠡᠷᠡᠭᠵᠢᠭᠦᠯᠵᠦ᠂ ᠠᠵᠢᠯ ᠮᠡᠷᠭᠡᠵᠢᠯ ᠤᠨ ᠦᠨᠳᠦᠰᠦᠨ ᠠᠩᠭᠢᠲᠦ ᠰᠤᠷᠭᠠᠭᠤᠯᠢ ᠶᠢ ᠪᠠᠶᠢᠭᠤᠯᠵᠤ᠂ ᠠᠵᠢᠯ ᠮᠡᠷᠭᠡᠵᠢᠯ ᠤᠨ

ᠦᠨᠳᠦᠰᠦᠨ ᠠᠩᠭᠢ ᠶᠢᠨ ᠲᠤᠰᠬᠠᠶ ᠮᠡᠷᠭᠡᠵᠢᠯ ᠢ ᠨᠡᠭᠡᠭᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠰᠤᠷᠭᠠᠭᠤᠯᠢ ᠡᠷᠭᠢᠯᠡᠬᠦ ᠲᠠᠰ ᠳᠠᠪᠬᠤᠷᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠤᠷᠪᠠ ᠳᠤ᠂ ᠳᠡᠭᠡᠳᠦ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠠᠵᠢᠯᠯᠠᠭ᠎ᠠ ᠶᠢ

ᠬᠡᠷᠡᠭᠵᠢᠭᠦᠯᠵᠦ᠂ ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ

ᠥᠨᠳᠥᠷ ᠬᠢᠷᠢ ᠲᠦᠪᠰᠢᠨ ᠪᠥᠬᠦᠶ ᠲᠤᠰᠬᠠᠶ ᠮᠡᠷᠭᠡᠵᠢᠯ ᠤᠨ ᠴᠤᠭᠯᠠᠷᠠᠯ ᠤᠨ ᠪᠠᠶᠢᠭᠤᠯᠤᠯᠲᠠ ᠶᠢ ᠠᠬᠢᠭᠤᠯᠵᠤ᠂

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ

ᠠᠬᠢᠭᠤᠯᠤᠨ᠎ᠠ᠃ ᠳᠥᠷᠪᠡ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠰᠠᠭᠤᠷᠢ ᠶᠢ

ᠪᠠᠬᠢᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠰᠤᠷᠭᠠᠭᠤᠯᠢ ᠡᠷᠭᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠥᠭᠵᠢᠯᠲᠡ ᠶᠢᠨ ᠰᠠᠭᠤᠷᠢ ᠶᠢ

ᠪᠠᠬᠢᠵᠢᠭᠦᠯᠦᠨ᠎ᠡ᠃

     ᠭᠤᠷᠪᠠ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠵᠤ ᠬᠠᠮᠵᠢᠯᠴᠠᠨ ᠬᠥᠮᠦᠨ ᠢ ᠬᠥᠮᠦᠵᠢᠭᠦᠯᠬᠦ ᠶᠢ

ᠴᠢᠩᠭᠠᠳᠬᠠᠨ᠎ᠠ᠃ ᠠᠵᠢᠯ ᠲᠥᠷᠥᠯ ᠤᠨ ᠠᠵᠤ ᠠᠬᠤᠶᠢᠯᠠᠯ ᠡᠷᠭᠢᠯᠡᠬᠦ ᠪᠤᠶᠤ ᠭᠦᠨᠵᠡᠭᠡᠶ ᠣᠷᠣᠯᠴᠠᠬᠤ ᠪᠣᠯ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠵᠠᠶᠢᠯᠠᠰᠢ ᠥᠬᠡᠶ ᠵᠠᠮ ᠮᠥᠨ᠃ ᠭᠤᠷᠪᠠᠨ

ᠵᠦᠢᠯ ᠤᠨ ᠠᠷᠭ᠎ᠠ ᠬᠡᠮᠵᠢᠶ᠎ᠡ ᠪᠣᠶ᠂ ᠨᠢᠭᠡ ᠳᠤ᠂ ︽ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠯᠢᠮᠠᠭ

ᠥᠮᠴᠢᠯᠡᠯ ᠤᠨ ᠳᠦᠷᠢᠮᠲᠦ ᠰᠤᠷᠭᠠᠭᠤᠯᠢ ᠡᠷᠭᠢᠯᠡᠬᠦ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ ︵ᠲᠤᠷᠰᠢᠨ

ᠬᠡᠷᠡᠭᠵᠢᠭᠦᠯᠬᠦ︶︾ ᠢ ᠲᠣᠭᠲᠠᠭᠠᠵᠤ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ᠂ ᠰᠠᠭᠤᠷᠢ ᠮᠥᠩᠭᠦ ᠪᠠᠷ

ᠱᠠᠩᠨᠠᠬᠤ᠂ ᠪᠠᠯᠠ ᠮᠥᠩᠭᠦ ᠪᠠᠷ ᠲᠤᠰᠠᠯᠠᠵᠤ ᠤᠷᠮᠠᠰᠢᠭᠤᠯᠬᠤ ᠵᠡᠷᠭᠡ ᠶᠢ ᠠᠪᠴᠤ᠂ ᠠᠵᠤ ᠠᠬᠤᠶᠢᠯᠠᠯ ᠤᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠢ ᠬᠠᠤᠯᠢ ᠶᠣᠰᠤ ᠪᠠᠷ ᠡᠷᠭᠢᠯᠡᠬᠦ ᠪᠠ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃

ᠬᠤᠶᠠᠷ ᠲᠤ᠂ ᠨᠠᠵᠠᠭᠠᠶ ᠲᠠᠩᠰᠠ ᠪᠠᠶᠢᠭᠤᠯᠬᠤ᠂ ᠰᠤᠷᠭᠠᠭᠤᠯᠢ ᠡᠷᠭᠢᠯᠡᠬᠦ ᠬᠡᠯᠡᠯᠴᠡᠭᠡᠷ ᠲᠣᠭᠲᠠᠬᠤ᠂ ᠵᠠᠬᠢᠶᠠᠯᠠᠭ᠎ᠠ ᠶᠢᠨ

ᠮᠠᠶ᠋ᠢᠭᠲᠤ ᠬᠥᠮᠥᠵᠢᠯ ᠬᠢᠬᠦ᠂ ᠳᠠᠳᠤᠯᠭ᠎ᠠ ᠪᠣᠯᠪᠠᠰᠤᠷᠠᠯ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂

ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ

ᠪᠠᠶᠢᠭᠤᠯᠤᠨ᠎ᠠ᠃ ᠭᠤᠷᠪᠠ ᠳᠤ᠂ ᠮᠥᠩᠭᠦᠨ ᠭᠦᠢᠯᠭᠡᠭᠡ᠂ ᠡᠳ᠋ ᠤᠨ ᠵᠠᠰᠠᠭ ᠤᠨ ᠭᠠᠶᠢᠯᠢ᠂ ᠭᠠᠵᠠᠷ ᠰᠢᠷᠣᠶ ᠵᠡᠷᠭᠡ

ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠶᠢ

ᠴᠢᠩᠭᠠᠳᠬᠠᠵᠤ᠂ ᠠᠵᠤ ᠠᠬᠤᠶᠢᠯᠠᠯ ᠤᠨ ᠰᠤᠷᠭᠠᠭᠤᠯᠢ ᠡᠷᠭᠢᠯᠡᠬᠦ ᠳᠤ ᠣᠷᠣᠯᠴᠠᠬᠤ ᠢᠳᠡᠪᠬᠢᠵᠢᠯ ᠢ    

ᠳᠡᠭᠡᠭᠰᠢᠯᠡᠭᠦᠯᠦᠨ᠎ᠡ᠃

     ᠳᠥᠷᠪᠡ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ

ᠬᠦᠴᠦᠨ ᠢ ᠨᠡᠮᠡᠭᠳᠡᠭᠦᠯᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠣᠲᠣᠭᠠᠳᠤ ᠬᠥᠳᠡᠯᠭᠡᠬᠦ

ᠬᠦᠴᠦᠨ ᠢ ᠬᠥᠭᠵᠢᠭᠡᠬᠦ ᠪᠣᠯ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠡᠶᠡᠯᠡᠭᠦᠯᠬᠦ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠦᠴᠢᠷᠳᠡᠯᠲᠡᠢ ᠠᠰᠠᠭᠤᠳᠠᠯ ᠢ ᠰᠢᠢᠳᠪᠦᠷᠢᠯᠡᠬᠦ ᠶᠢᠨ

ᠵᠠᠩᠭᠢᠯᠠᠭ᠎ᠠ ᠪᠣᠯᠤᠨ᠎ᠠ᠃ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠬᠤ ᠪᠠᠷ ᠪᠣᠶ᠂ ᠨᠢᠭᠡ ᠳᠤ᠂ ᠴᠢᠳᠠᠪᠤᠷᠢᠲᠠᠨ ᠢ

ᠣᠷᠣᠭᠤᠯᠤᠨ ᠠᠪᠴᠢᠷᠠᠬᠤ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠬᠤ᠂ ᠵᠠᠷᠤᠳᠠᠯ ᠢ ᠬᠡᠷᠡᠭᠯᠡᠬᠦ ᠲᠠᠯ᠎ᠠ ᠪᠠᠷ

ᠳᠡᠭᠡᠳᠦ ᠰᠤᠷᠭᠠᠭᠤᠯᠢ ᠳᠤ ᠡᠵᠡᠨ ᠮᠡᠳᠡᠬᠦ ᠡᠷᠬᠡ ᠶᠢ ᠥᠭᠴᠦ᠂ ᠣᠨᠴᠠᠭᠠᠶᠢᠯᠠᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠵᠦ ᠣᠯᠤᠭᠰᠠᠨ ᠣᠷᠣᠯᠭ᠎ᠠ ᠶᠢ ᠡᠳ᠋ ᠤᠨ

ᠵᠠᠰᠠᠭ ᠤᠨ ᠲᠤᠰᠬᠠᠶ ᠲᠠᠩᠰᠠᠨ ᠳᠤ ᠣᠷᠣᠭᠤᠯᠵᠤ᠂ ᠣᠷᠣᠯᠭ᠎ᠠ ᠵᠠᠷᠤᠯᠭ᠎ᠠ ᠶᠢ ᠠᠰ ᠠᠰ ᠲᠤ ᠨᠢ ᠬᠠᠮᠢᠶᠠᠷᠴᠤ      

50 % ᠠᠴᠠ ᠳᠡᠭᠡᠭᠰᠢᠬᠢ ᠶᠢ ᠪᠠᠭᠰᠢ᠂ ᠠᠵᠤ ᠠᠬᠤᠶᠢᠯᠠᠯ ᠤᠨ ᠲᠤᠰᠬᠠᠶ ᠮᠡᠷᠭᠡᠵᠢᠯᠲᠡᠨ᠂ ᠭᠠᠳᠠᠨ᠎ᠠ ᠠᠴᠠ

ᠤᠷᠢᠭᠳᠠᠭᠰᠠᠳ ᠪᠠ ᠰᠤᠷᠭᠠᠨ ᠬᠥᠮᠦᠵᠢᠯ ᠬᠦᠷᠲᠡᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠳᠤ

ᠬᠡᠷᠡᠭᠯᠡᠵᠦ᠂ ᠪᠠᠭᠰᠢ ᠶᠢᠨ ᠬᠥᠯᠥᠰᠥ ᠣᠯᠭᠤᠮᠵᠢ ᠥᠭᠬᠦ ᠳᠤ ᠬᠡᠷᠡᠭᠯᠡᠬᠦ ᠬᠡᠰᠡᠭ ᠢ ᠠᠵᠢᠯ ᠤᠨ ᠬᠢᠷᠢ ᠪᠦᠲᠦᠮᠵᠢ ᠶᠢᠨ

ᠴᠠᠯᠢᠩ ᠤᠨ ᠬᠠᠮᠢᠶᠠᠷᠤᠯᠲᠠ ᠳᠤ ᠣᠷᠣᠭᠤᠯᠵᠤ᠂ ᠤᠯᠤᠰ ᠤᠨ ᠲᠣᠭᠲᠠᠭᠠᠯ ᠳᠤ ᠨᠡᠶᠢᠴᠡᠪᠡᠯ ᠠᠵᠢᠯ ᠤᠨ ᠬᠢᠷᠢ

ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠤ ᠬᠢᠵᠠᠭᠠᠷᠯᠠᠯ ᠢ ᠬᠦᠯᠢᠶᠡᠬᠦ ᠥᠬᠡᠶ ᠪᠠᠶᠢᠵᠤ ᠪᠣᠯᠤᠨ᠎ᠠ᠂ ᠪᠠᠰᠠ

ᠵᠣᠬᠢᠬᠤ ᠬᠠᠷᠢᠴᠠᠯ ᠢᠶᠠᠷ ᠠᠵᠢᠯ ᠤᠨ ᠬᠢᠷᠢ ᠪᠦᠲᠦᠮᠵᠢ ᠶᠢᠨ ᠴᠠᠯᠢᠩ ᠤᠨ ᠢᠷᠡᠯᠲᠡ ᠪᠣᠯᠭᠠᠵᠤ ᠪᠣᠯᠤᠨ᠎ᠠ᠃ ᠬᠤᠶᠠᠷ ᠲᠤ᠂

ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ

ᠠᠵᠢᠯᠴᠢᠨ ᠤ ᠣᠷᠣᠨ ᠲᠤᠭ᠎ᠠ ᠶᠢ ᠬᠠᠷᠢᠴᠠᠭᠤᠯᠤᠨ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠵᠤ᠂ ᠮᠡᠷᠭᠡᠵᠢᠯ ᠤᠨ ᠴᠣᠯᠠ

ᠳᠡᠪᠰᠢᠭᠦᠯᠬᠦ ᠪᠠ ᠦᠨᠡᠯᠡᠬᠦ ᠲᠣᠭᠲᠠᠴᠠ ᠶᠢ ᠥᠭᠡᠷᠡᠴᠢᠯᠡᠵᠦ᠂ ᠰᠤᠷᠭᠠᠭᠤᠯᠢ ᠪᠠ ᠠᠵᠤ ᠠᠬᠤᠶᠢᠯᠠᠯ ᠤᠨ ︽ᠬᠤᠶᠠᠷ ᠢ

ᠤᠷᠢᠬᠤ︾ ᠲᠦᠷᠢᠮ ᠢ ᠪᠠᠶᠢᠭᠤᠯᠵᠤ᠂ ᠠᠵᠤ ᠦᠢᠯᠡᠰ ᠤᠨ ᠫᠷᠤᠹᠧᠰᠰᠤᠷ ᠢ ᠰᠣᠩᠭᠤᠨ ᠤᠷᠢᠬᠤ ᠲᠥᠯᠥᠪᠯᠡᠭᠡ ᠶᠢ

ᠬᠡᠷᠡᠭᠵᠢᠭᠦᠯᠵᠦ᠂ ︽ᠬᠤᠤᠰ ᠬᠢᠷᠢ ᠬᠡᠮᠲᠦ︾ ᠪᠠᠭᠰᠢ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠨᠡᠶᠢᠲᠡᠯᠡᠵᠦ᠂

ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ᠂ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ᠂ ᠡᠷᠦᠬᠡ ᠠᠮᠠ ᠣᠷᠣᠬᠤ᠂ ᠤᠷᠢᠬᠤ ᠪᠠ

ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠲᠠᠰ ᠳᠡᠪᠰᠢᠬᠦ ᠵᠡᠷᠭᠡ ᠵᠠᠮ ᠢ ᠨᠡᠪᠲᠡᠷᠡᠭᠦᠯᠵᠦ᠂ ᠮᠡᠷᠭᠡᠵᠢᠯ ᠤᠨ

ᠤᠷ᠎ᠠ ᠴᠢᠳᠠᠪᠤᠷᠢᠲᠦ ᠴᠢᠳᠠᠪᠤᠷᠢᠲᠠᠨ ᠤ ᠭᠠᠳᠠᠭᠠᠳᠤ ᠭᠠᠷᠭᠠᠯᠲᠠ ᠶᠢ ᠰᠢᠯᠤᠭᠤᠳᠬᠠᠵᠤ᠂ ᠨᠡᠶᠢᠭᠡᠮ ᠤᠨ ᠬᠠᠷᠠᠭᠠᠯᠵᠠᠯ ᠢ

ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷᠯᠢᠭ ᠠᠵᠢᠯ ᠤᠯᠬᠤ ᠶᠢ

ᠪᠠᠲᠤᠯᠠᠨ᠎ᠠ᠃

     ᠲᠠᠪᠤ᠂ ᠴᠢᠨᠠᠷᠯᠢᠭ ᠬᠥᠭᠵᠢᠯᠲᠡ ᠶᠢᠨ ᠪᠠᠲᠤᠯᠠᠭᠠᠨ ᠤ ᠲᠣᠭᠲᠠᠴᠠ ᠶᠢ ᠪᠠᠶᠢᠭᠤᠯᠤᠨ᠎ᠠ᠃ ᠵᠣᠬᠢᠶᠠᠨ

ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠳᠦᠷᠢᠮ ᠪᠣᠯᠤᠨ ᠵᠠᠷᠤᠳᠠᠯ ᠤᠨ ᠪᠠᠲᠤᠯᠠᠭ᠎ᠠ ᠶᠢ

ᠴᠢᠩᠭᠠᠷᠠᠭᠤᠯᠬᠤ᠂ ᠦᠨᠡᠯᠡᠨ ᠵᠢᠱᠢᠵᠦ ᠬᠢᠨᠠᠨ ᠵᠢᠯᠣᠭᠤᠳᠬᠤ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ ᠭᠤᠷᠪᠠᠨ

ᠲᠠᠯ᠎ᠠ ᠶᠢᠨ ᠪᠠᠲᠤᠯᠠᠬᠤ ᠠᠷᠭ᠎ᠠ ᠬᠡᠮᠵᠢᠶ᠎ᠡ ᠶᠢ ᠳᠤᠷᠠᠳᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠠᠬᠢ

ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠰᠤᠷᠭᠠᠭᠤᠯᠢ

ᠡᠷᠬᠢᠯᠡᠵᠦ ᠰᠤᠷᠭᠠᠭᠤᠯᠢ ᠶᠢ ᠵᠠᠰᠠᠬᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠪᠦᠬᠦ

ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ︔ ᠡᠯ᠎ᠡ ᠬᠤᠯᠪᠤᠭᠳᠠᠬᠤ ᠰᠠᠯᠠᠭ᠎ᠠ

ᠮᠥᠴᠢᠷ ᠤᠨ ᠬᠢᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠤ ᠢᠵᠢ ᠪᠦᠷᠢᠳᠦᠬᠦᠯᠬᠦ ᠶᠢ ᠳᠡᠮᠵᠢᠬᠦ

ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠥᠭᠵᠢᠯᠲᠡ ᠶᠢ ᠳᠡᠮᠵᠢᠬᠦ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠬᠦ ᠶᠢ ᠴᠢᠬᠤᠯᠠᠴᠢᠯᠠᠪᠠ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠡᠯ᠎ᠡ

ᠱᠠᠲᠤᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠢᠨᠠᠨ

ᠵᠢᠯᠣᠭᠤᠳᠴᠤ ᠦᠨᠡᠯᠡᠬᠦ ᠳᠤ ᠣᠷᠣᠭᠤᠯᠵᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ

ᠣᠷᠳᠣᠨ ᠤ ᠤᠳᠤᠷᠢᠳᠬᠤ ᠪᠠᠭ ᠤᠨ ᠵᠢᠯ ᠤᠨ ᠪᠣᠳᠠᠲᠤ ᠬᠢᠷᠢ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠵᠤ᠂

ᠡᠯ᠎ᠡ ᠲᠠᠯ᠎ᠠ ᠶᠢᠨ ᠬᠦᠴᠦᠨ ᠢ ᠬᠤᠷᠠᠮᠳᠤᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ

ᠰᠤᠷᠭᠠᠯᠲᠠ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ

ᠴᠢᠬᠤᠯᠠᠴᠢᠯᠠᠪᠠ᠃

     ᠳᠠᠷᠠᠭ᠎ᠠ ᠠᠯᠬᠤᠮ ᠳᠤ᠂ ᠪᠢᠳᠡ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ︽ᠠᠷᠭ᠎ᠠ

ᠬᠡᠮᠵᠢᠶ᠎ᠡ︾ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ᠎ᠠ᠃ ᠰᠢ ᠶᠢᠨ ᠫᠢᠩ ᠨᠥᠬᠦᠷ ᠢᠶᠠᠷ

ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠥᠪᠡᠷᠲᠡᠭᠡᠨ ᠵᠠᠰᠠᠬᠤ

ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠠᠵᠢᠯ ᠲᠦᠷᠦᠯ ᠠᠵᠤ

ᠠᠬᠤᠶᠢᠯᠠᠯ ᠤᠨ ᠬᠠᠮᠲᠤ ᠶᠢᠨ ᠴᠢᠷᠮᠠᠶᠢᠯᠭ᠎ᠠ ᠪᠠᠷ ᠪᠢᠳᠡ ᠯᠠᠪᠲᠠᠢ ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ

ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠩᠭ᠎ᠠ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠪᠠ

ᠤᠷ᠎ᠠ ᠴᠢᠳᠠᠪᠤᠷᠢ ᠶᠢᠨ ᠲᠤᠯᠭᠠᠭᠤᠷᠢᠯᠠᠯ ᠬᠠᠩᠭᠠᠵᠤ ᠴᠢᠳᠠᠨ᠎ᠠ ᠭᠡᠳᠡᠭ ᠢ ᠪᠠᠲᠤ ᠢᠲᠡᠭᠡᠵᠦ ᠪᠠᠶᠢᠨ᠎ᠠ᠃

     ᠣᠯᠠᠨ ᠳᠤ ᠪᠠᠶᠠᠷᠯᠠᠯ᠎ᠠ︕

      ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠰᠣᠨᠢᠨ

      ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ

     ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠰᠢᠨ᠎ᠡ ᠪᠠᠷ ᠵᠠᠰᠠᠪᠤᠷᠢ

ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠬᠠᠤᠯᠢ︾ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠡᠩ ᠤᠨ ᠰᠤᠷᠭᠠᠨ ᠬᠥᠮᠦᠵᠢᠯ ᠲᠠᠢ

ᠠᠳᠠᠯᠢᠬᠠᠨ ᠴᠢᠬᠤᠯᠠ ᠪᠠᠶᠢᠷᠢ ᠰᠠᠭᠤᠷᠢ ᠲᠠᠢ ᠰᠤᠷᠭᠠᠨ ᠬᠥᠮᠦᠵᠢᠯ ᠤᠨ ᠲᠥᠷᠥᠯ ᠬᠡᠯᠪᠡᠷᠢ ᠮᠥᠨ ᠭᠡᠵᠦ

ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠷᠢᠨ ᠪᠦᠲᠦᠨ

ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠠᠬᠢᠭᠤᠯᠬᠤ ᠲᠠᠯ᠎ᠠ ᠪᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ

ᠪᠣᠶ︖

     ᠯᠢ ᠶᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠂ ᠲᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠥᠭᠡᠷᠡᠴᠢᠯᠡᠯᠲᠡ ᠶᠢᠨ ᠵᠠᠩᠭᠢᠯᠠᠭ᠎ᠠ ᠶᠢ ᠳᠤᠷᠠᠳᠤᠭᠰᠠᠨ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ

ᠨᠠᠭᠠᠰᠢ ᠮᠠᠨ ᠤ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ

ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ ᠰᠢᠯᠢᠳᠡᠭ ᠢ ᠬᠥᠮᠦᠵᠢᠭᠦᠯᠬᠦ᠂ ᠥᠷᠲᠡᠭ ᠢ ᠨᠡᠮᠡᠭᠳᠡᠭᠦᠯᠵᠦ ᠡᠨᠧᠷᠭᠢ ᠣᠯᠭᠤᠬᠤ  

ᠬᠤᠷᠳᠤᠨ ᠤ ᠵᠠᠮ ᠢᠶᠠᠷ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠴᠦ

ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠠᠭᠤᠷᠢ ᠶᠢ ᠪᠠᠬᠢᠵᠢᠭᠦᠯᠬᠦ᠂ ᠠᠭᠤᠯᠤᠭᠳᠠᠬᠤᠨ ᠢ

ᠳᠡᠭᠡᠭᠰᠢᠯᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠨᠥᠯᠥᠭᠡ ᠶᠢ ᠥᠷᠭᠡᠳᠬᠡᠬᠦ᠂ ᠦᠢᠯᠡᠴᠢᠯᠡᠭᠡ ᠶᠢ

ᠴᠢᠩᠭᠠᠳᠬᠠᠬᠤ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ ᠢᠳᠡᠪᠬᠢᠲᠡᠶ ᠦᠷ᠎ᠡ

ᠪᠦᠲᠦᠮᠵᠢ ᠣᠯᠤᠭᠰᠠᠨ ᠪᠠᠶᠢᠨ᠎ᠠ᠃ ᠡᠭᠦᠨ ᠳᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠠᠩ ᠪᠦᠷᠢᠨ

ᠪᠦᠲᠦᠨ ᠳᠣᠭᠲᠠᠯᠴᠠᠭ᠎ᠠ ᠶᠢ ᠪᠦᠷᠢᠯᠳᠦᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠠᠴᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠭᠤᠷᠢ

ᠴᠢᠨᠠᠷᠲᠠᠶ ᠦᠢᠯᠡᠳᠦᠯ ᠢ ᠴᠢᠩᠭᠠᠳᠬᠠᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠭᠤᠤᠯ ᠴᠣᠭᠴᠠ ᠶᠢᠨ ᠪᠠᠶᠢᠷᠢ ᠰᠠᠭᠤᠷᠢ ᠶᠢ ᠪᠠᠬᠢᠵᠢᠭᠦᠯᠵᠦ᠂ ᠠᠵᠢᠯ ᠮᠡᠷᠭᠡᠵᠢᠯ ᠤᠨ ᠦᠨᠳᠦᠰᠦᠨ ᠠᠩᠭᠢ ᠶᠢᠨ

ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠳᠤᠮᠳᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠠᠪᠤᠨ

ᠵᠢᠯ ᠤᠨ ᠳᠦᠷᠢᠮᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠦᠷᠭᠦᠯᠵᠢᠯᠡᠨ ᠬᠡᠷᠡᠭᠵᠢᠭᠦᠯᠵᠦ᠂ 5 ᠦᠨᠳᠦᠰᠦᠨ

ᠠᠩᠭᠢᠲᠦ ᠳᠡᠭᠡᠳᠦ ᠰᠤᠷᠭᠠᠭᠤᠯᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ︽ᠰᠣᠶᠣᠯ ᠤᠨ

ᠬᠡᠪ ᠴᠢᠨᠠᠷ + ᠠᠵᠢᠯ ᠮᠡᠷᠭᠡᠵᠢᠯ ᠤᠨ ᠤᠷ᠎ᠠ ᠴᠢᠳᠠᠪᠤᠷᠢ︾ ᠶᠢᠨ ᠰᠢᠯᠭᠠᠯᠲᠠ ᠬᠢᠵᠦ ᠰᠣᠷᠣᠭᠴᠢ ᠡᠯᠰᠡᠬᠦ ᠶᠢ

ᠠᠬᠢᠭᠤᠯᠵᠤ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ

ᠬᠥᠮᠦᠵᠢᠭᠦᠯᠬᠦ ᠳᠣᠭᠲᠠᠯᠴᠠᠭ᠎ᠠ ᠶᠢ ᠨᠢᠭᠡ ᠴᠣᠭᠴᠠᠵᠢᠭᠤᠯᠬᠤ ᠪᠠᠷ ᠲᠥᠯᠦᠪᠯᠡᠪᠡ᠃ ᠣᠳᠣ᠂ ᠪᠦᠬᠦ ᠣᠷᠣᠨ ᠤ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠵᠢᠯ ᠪᠦᠷᠢ ᠳᠤᠮᠳᠠᠴᠢ ᠪᠠᠷ ᠠᠳᠠᠯᠢ ᠪᠤᠰᠤ ᠳᠡᠰ ᠳᠠᠪᠬᠤᠷᠭ᠎ᠠ ᠶᠢᠨ ᠤᠷ᠎ᠠ

ᠴᠢᠳᠠᠪᠤᠷᠢᠲᠦ ᠴᠢᠳᠠᠪᠤᠷᠢᠲᠠᠨ ᠢ 12 ᠲᠦᠮᠡ ᠰᠢᠬᠠᠮ ᠬᠥᠮᠦᠵᠢᠭᠦᠯᠵᠦ᠂ ᠬᠤᠲᠠ ᠬᠥᠳᠡᠭᠡ ᠶᠢᠨ ᠬᠥᠳᠡᠯᠮᠦᠷᠢᠯᠡᠭᠴᠢᠳ

22 ᠲᠦᠮᠡᠨ ᠬᠥᠮᠦᠨ ᠢ ᠪᠣᠯᠪᠠᠰᠤᠷᠠᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ

ᠬᠤᠪᠢ ᠨᠡᠮᠡᠷᠢ ᠦᠵᠡᠭᠦᠯᠪᠡ᠃

     ᠳᠠᠷᠠᠭ᠎ᠠ ᠠᠯᠬᠤᠮ ᠳᠤ᠂ ᠪᠢᠳᠡ ᠪᠠᠰᠠ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠳᠣᠭᠲᠠᠯᠴᠠᠭ᠎ᠠ ᠶᠢ ᠳᠥᠷᠪᠡᠨ ᠲᠠᠯ᠎ᠠ ᠪᠠᠷ ᠭᠤᠣᠯᠳᠠᠯᠭᠠᠲᠠᠢ ᠲᠡᠭᠦᠯᠳᠡᠷᠵᠢᠭᠦᠯᠦᠨ᠎ᠡ᠂ ᠨᠡᠶᠢᠲᠡᠯᠡᠯ ᠤᠨ ᠦᠭᠡ ᠶᠢᠨ

ᠲᠠᠨᠢᠯᠴᠠᠭᠤᠯᠭ᠎ᠠ ᠶᠢ ᠳᠤᠤᠷ᠎ᠠ ᠪᠢ ᠨᠠᠷᠢᠯᠢᠭ ᠬᠠᠷᠢᠭᠤᠯᠤᠶ᠎ᠠ᠄

     ᠨᠢᠭᠡ ᠳᠤ᠂ ᠠᠳᠠᠯᠢ ᠪᠤᠰᠤ ᠲᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠭᠤᠯᠳᠤ ᠪᠠᠷ ᠨᠡᠪᠲᠡᠷᠡᠬᠦ ᠶᠢ ᠠᠬᠢᠭᠤᠯᠬᠤ ᠬᠡᠷᠡᠭᠲᠡᠢ᠃ ᠡᠨᠡ ᠲᠠᠯ᠎ᠠ ᠪᠠᠷ ᠬᠤᠶᠠᠷ ᠵᠦᠢᠯ ᠤᠨ ᠠᠵᠢᠯ ᠢ ᠭᠤᠣᠯᠳᠠᠯᠭᠠᠲᠠᠢ

ᠰᠠᠶᠢᠲᠤᠷ ᠬᠢᠬᠦ ᠬᠡᠷᠡᠭᠲᠡᠶ᠂ ᠨᠢᠭᠡ ᠳᠤ᠂ ᠡᠯ᠎ᠡ ᠠᠶᠢᠮᠠᠭ ᠬᠤᠲᠠ ᠳᠤ ᠬᠡᠷᠡᠭᠯᠡᠭᠡᠨ ᠤ ᠬᠡᠯᠪᠡᠷᠢᠲᠦ ︵ᠠᠵᠢᠯ ᠮᠡᠷᠭᠡᠵᠢᠯ︶

ᠦᠨᠳᠦᠰᠦᠨ ᠠᠩᠭᠢᠲᠦ ᠳᠡᠭᠡᠳᠦ ᠰᠤᠷᠭᠠᠭᠤᠯᠢ + ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ +

ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠤᠨ ᠰᠤᠷᠭᠠᠭᠤᠯᠢ ᠡᠷᠭᠢᠯᠡᠬᠦ ᠬᠤᠯᠪᠣᠭ᠎ᠠ ᠶᠢ

ᠪᠠᠶᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠪᠣᠯᠤᠨ ᠲᠤᠰᠬᠠᠶ ᠮᠡᠷᠭᠡᠵᠢᠯ᠂ ᠲᠤᠰᠬᠠᠶ ᠮᠡᠷᠭᠡᠵᠢᠯ ᠪᠣᠯᠤᠨ

ᠦᠨᠳᠦᠰᠦᠨ ᠠᠩᠭᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠪᠣᠯᠤᠨ ᠦᠨᠳᠦᠰᠦᠨ ᠠᠩᠭᠢ ᠶᠢ ᠨᠢᠭᠡ

ᠴᠣᠭᠴᠠᠵᠢᠭᠤᠯᠤᠭᠰᠠᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠪᠠᠶᠢᠭᠤᠯᠤᠨ᠎ᠠ᠃ ᠬᠤᠶᠠᠷ ᠲᠤ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠲᠦᠷᠢᠮ ᠢ

ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ

ᠰᠢᠯᠭᠠᠯᠲᠠ ᠶᠢᠨ ᠰᠣᠷᠣᠭᠴᠢ ᠡᠯᠰᠡᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ᠰᠢᠨ᠎ᠡ ᠪᠠᠷ

ᠨᠡᠮᠡᠭᠳᠡᠭᠦᠯᠬᠦ ᠦᠨᠳᠦᠰᠦᠨ ᠠᠩᠭᠢ ︵ᠲᠤᠰᠬᠠᠶ ᠮᠡᠷᠭᠡᠵᠢᠯ ᠠᠴᠠ ᠦᠨᠳᠦᠰᠦᠨ ᠠᠩᠭᠢ ᠳᠤ ᠳᠡᠪᠰᠢᠬᠦ ᠶᠢ ᠪᠠᠭᠲᠠᠭᠠᠨ᠎ᠠ︶

 ᠶᠢᠨ ᠰᠣᠷᠣᠭᠴᠢ ᠡᠯᠰᠡᠬᠦ ᠲᠥᠯᠥᠪᠯᠡᠭᠡ ᠶᠢ ᠭᠤᠤᠯᠳᠠᠭᠤ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢ ᠪᠠ ᠠᠵᠢᠯ

ᠮᠡᠷᠭᠡᠵᠢᠯ ᠤᠨ ᠦᠨᠳᠦᠰᠦᠨ ᠠᠩᠭᠢ ᠶᠢᠨ ᠰᠤᠷᠭᠠᠨ ᠬᠥᠮᠦᠵᠢᠯ ᠳᠤ ᠬᠡᠷᠡᠭᠯᠡᠵᠦ᠂ ᠠᠵᠢᠯ ᠮᠡᠷᠭᠡᠵᠢᠯ ᠤᠨ ᠦᠨᠳᠦᠰᠦᠨ

ᠠᠩᠭᠢᠲᠦ ᠳᠡᠭᠡᠳᠦ ᠰᠤᠷᠭᠠᠭᠤᠯᠢ᠂ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢᠲᠦ ᠳᠡᠭᠡᠳᠦ ᠰᠤᠷᠭᠠᠭᠤᠯᠢ ᠶᠢᠨ

ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠠᠴᠠ ᠰᠣᠷᠣᠭᠴᠢ ᠡᠯᠰᠡᠬᠦ

ᠬᠠᠷᠢᠴᠠᠯ ᠢ ᠠᠯᠬᠤᠮ ᠠᠯᠬᠤᠮ ᠢᠶᠠᠷ  ᠨᠡᠮᠡᠭᠳᠡᠭᠦᠯᠦᠨ᠎ᠡ᠃ ᠮᠠᠨ ᠤ ᠬᠠᠷᠠᠯᠲᠠ ᠪᠣᠯ᠂ 2025 ᠣᠨ ᠪᠣᠯᠬᠤ ᠳᠤ᠂ ᠠᠵᠢᠯ

ᠮᠡᠷᠭᠡᠵᠢᠯ ᠤᠨ ᠦᠨᠳᠦᠰᠦᠨ ᠠᠩᠭᠢ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠬᠡᠪᠴᠢᠶ᠎ᠡ ᠶᠢ ᠳᠡᠭᠡᠳᠦ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠬᠡᠪᠴᠢᠶ᠎ᠡ ᠶᠢᠨ 10 % ᠠᠴᠠ

ᠳᠤᠤᠷ᠎ᠠ ᠪᠠᠶᠢᠯᠭᠠᠵᠤ ᠪᠣᠯᠬᠤ ᠥᠬᠡᠶ᠃

     ᠬᠤᠶᠠᠷ ᠲᠤ᠂ ᠠᠵᠢᠯ ᠮᠡᠷᠭᠡᠵᠢᠯ ᠤᠨ ᠦᠨᠳᠦᠰᠦᠨ ᠠᠩᠭᠢ ᠶᠢᠨ ᠰᠤᠷᠭᠠᠨ ᠬᠥᠮᠦᠵᠢᠯ ᠢ ︽ᠬᠥᠲᠥᠯᠥᠨ

ᠳᠠᠭᠠᠭᠤᠯᠬᠤ︾ ᠲᠥᠯᠥᠪᠯᠡᠭᠡ ᠶᠢ ᠬᠡᠷᠡᠭᠵᠢᠭᠦᠯᠬᠦ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠬᠤᠣᠰ

ᠥᠨᠳᠥᠷ ᠲᠥᠯᠥᠪᠯᠡᠭᠡ︾ ᠶᠢᠨ ᠰᠤᠷᠭᠠᠭᠤᠯᠢ ᠨᠤᠭᠤᠳ ᠠᠵᠢᠯ ᠮᠡᠷᠭᠡᠵᠢᠯ ᠤᠨ ᠦᠨᠳᠦᠰᠦᠨ ᠠᠩᠭᠢᠲᠦ ᠳᠡᠭᠡᠳᠦ

ᠰᠤᠷᠭᠠᠭᠤᠯᠢ ᠪᠠᠶᠢᠭᠤᠯᠬᠤ ᠶᠢ ᠭᠤᠣᠯᠳᠠᠯᠭᠠᠲᠠᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ

ᠲᠥᠯᠥᠪᠵᠢᠭᠦᠯᠦᠨ ᠪᠥᠲᠥᠭᠡᠨ ᠪᠠᠶᠢᠭᠤᠯᠬᠤ ᠳᠤ ᠣᠷᠣᠭᠤᠯᠤᠭᠰᠠᠨ ᠠᠵᠢᠯ ᠮᠡᠷᠭᠡᠵᠢᠯ ᠤᠨ ᠦᠨᠳᠦᠰᠦᠨ ᠠᠩᠭᠢᠲᠦ

ᠳᠡᠭᠡᠳᠦ ᠰᠤᠷᠭᠠᠭᠤᠯᠢ ᠳᠤ ᠰᠤᠷᠭᠠᠨ ᠬᠥᠮᠦᠵᠢᠯ ᠤᠨ ᠶᠠᠮᠤᠨ ᠤ ᠲᠣᠬᠢᠷᠠᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ

ᠡᠯ᠎ᠡ ᠰᠠᠯᠠᠭ᠎ᠠ ᠮᠥᠴᠢᠷ ᠲᠠᠢ ᠬᠠᠮᠲᠤᠷᠠᠵᠤ᠂ ᠵᠢᠭᠠᠨ ᠰᠤᠷᠭᠠᠯᠲᠠ ᠳᠤ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠵᠤ᠂

ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠵᠠᠷᠤᠳᠠᠯ ᠤᠨ ᠪᠡᠯᠡ ᠣᠷᠣᠭᠤᠯᠤᠯᠲᠠ ᠶᠢ ᠪᠠᠲᠤᠯᠠᠵᠤ᠂

ᠣᠷᠣᠨ ᠲᠤᠭ᠎ᠠ ᠪᠤᠶᠤ ᠠᠵᠢᠯᠲᠠᠨ ᠤ ᠶᠡᠷᠦᠩᠬᠡᠶ ᠬᠡᠮᠵᠢᠶ᠎ᠡ ᠶᠢ ᠪᠠᠷᠢᠮᠵᠢᠶ᠎ᠠ ᠶᠣᠰᠤ ᠪᠠᠷ ᠴᠠᠭ ᠲᠤᠬᠠᠶ ᠳᠤ ᠨᠢ ᠬᠢᠨᠠᠨ

ᠲᠣᠭᠲᠠᠭᠠᠵᠤ᠂ ᠰᠤᠷᠭᠠᠭᠤᠯᠢ ᠶᠢᠨ ᠤᠳᠤᠷᠢᠳᠬᠤ ᠪᠠᠭ ᠪᠠ ᠪᠠᠭᠰᠢ ᠶᠢᠨ ᠡᠩᠨᠡᠭᠡ ᠶᠢ ᠪᠥᠷᠢᠨ ᠭᠦᠢᠴᠡᠳ ᠡᠷᠡᠰ

ᠴᠢᠩᠭ᠎ᠠ ᠳᠣᠭᠢᠷᠠᠭᠤᠯᠵᠤ᠂ 2025 ᠣᠨ ᠪᠣᠯᠬᠤ ᠳᠤ ᠥᠨᠳᠥᠷ ᠪᠠᠷᠢᠮᠵᠢᠶᠠᠲᠤ᠂ ᠢᠯᠡ ᠲᠣᠳᠣ ᠣᠨᠴᠠᠯᠢᠭᠲᠤ ᠠᠵᠢᠯ

ᠮᠡᠷᠭᠡᠵᠢᠯ ᠤᠨ ᠦᠨᠳᠦᠰᠦᠨ ᠠᠩᠭᠢᠲᠤ ᠳᠡᠭᠡᠳᠦ ᠰᠤᠷᠭᠠᠭᠤᠯᠢ ᠶᠢ 3 ᠠᠴᠠ ᠳᠡᠭᠡᠭᠰᠢ ᠪᠠᠶᠢᠭᠤᠯᠬᠤ ᠪᠠᠷ ᠴᠢᠷᠮᠠᠶᠢᠨ᠎ᠠ᠃

ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠰᠤᠷᠭᠠᠨ ᠬᠥᠮᠦᠵᠢᠯ ᠤᠨ ᠶᠠᠮᠤᠨ ᠠᠴᠠ ᠰᠤᠷᠭᠠᠭᠤᠯᠢ

ᠡᠷᠭᠢᠯᠡᠬᠦ ᠴᠢᠨᠠᠷ ᠴᠢᠨᠰᠠᠭ᠎ᠠ ᠪᠠᠷ ᠥᠨᠳᠥᠷ᠂ ᠳᠠᠪᠠᠭᠤᠯᠢᠭ ᠣᠨᠴᠠᠯᠢᠭ ᠢᠶᠠᠷ ᠲᠣᠪᠤᠶᠢᠮ᠎ᠠ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠳᠤ ᠠᠵᠢᠯ ᠮᠡᠷᠭᠡᠵᠢᠯ ᠤᠨ ᠦᠨᠳᠦᠰᠦᠨ ᠠᠩᠭᠢ ᠶᠢᠨ ᠲᠤᠰᠬᠠᠶ ᠮᠡᠷᠭᠡᠵᠢᠯ ᠤᠨ

ᠲᠤᠷᠰᠢᠯᠲᠠ ᠶᠢᠨ ᠴᠡᠭ ᠢ ᠢᠳᠡᠪᠬᠢᠲᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠡᠰᠡᠭ ᠦᠨᠳᠦᠰᠦᠨ  

ᠠᠩᠭᠢᠲᠦ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ

ᠠᠬᠢᠭᠤᠯᠤᠨ᠎ᠠ︔ ᠡᠭᠦᠨ ᠤ ᠬᠠᠮᠲᠤ᠂ ᠡᠯ᠎ᠡ ᠡᠩ ᠤᠨ ᠳᠡᠭᠡᠳᠦ ᠰᠤᠷᠭᠠᠭᠤᠯᠢ ᠠᠵᠢᠯ ᠮᠡᠷᠭᠡᠵᠢᠯ ᠤᠨ ᠦᠨᠳᠦᠰᠦᠨ

ᠠᠩᠭᠢ ᠶᠢᠨ ᠰᠤᠷᠭᠠᠨ ᠬᠥᠮᠦᠵᠢᠯ ᠢ ᠡᠷᠭᠢᠯᠡᠵᠦ᠂ ᠰᠣᠷᠣᠭᠴᠢ ᠡᠯᠰᠡᠬᠦ ᠲᠥᠯᠥᠪᠯᠡᠭᠡ ᠪᠠᠨ ᠲᠤᠰᠠᠭᠠᠷ ᠵᠢᠭᠰᠠᠭᠠᠨ᠎ᠠ᠃

     ᠭᠤᠷᠪᠠ ᠳᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠴᠢᠨᠠᠷ ᠴᠢᠨᠰᠠᠭ᠎ᠠ ᠶᠢ

ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠪᠥᠬᠦᠶ ᠥᠨᠳᠥᠷ

ᠬᠢᠷᠢ ᠲᠦᠪᠰᠢᠨᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠥᠨᠳᠥᠷ ᠬᠢᠷᠢ ᠳᠦᠪᠰᠢᠨᠲᠦ

ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠲᠥᠯᠥᠪᠯᠡᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃

ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠤᠤᠰ ᠥᠨᠳᠦᠷ

ᠲᠥᠯᠥᠪᠯᠡᠭᠡ︾ ᠶᠢ ᠬᠡᠷᠡᠭᠵᠢᠭᠦᠯᠵᠦ᠂ ᠲᠥᠰᠦᠯ ᠤᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠶᠢ ᠳᠡᠰ ᠬᠤᠪᠢᠶᠠᠨ

ᠪᠠᠯᠠ ᠮᠥᠩᠭᠦᠨ ᠤ ᠳᠡᠮᠵᠢᠯᠭᠡ ᠦᠵᠡᠭᠦᠯᠦᠨ᠎ᠡ᠃ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ

ᠲᠠᠰ ᠤᠨ ᠥᠨᠳᠥᠷ ᠬᠢᠷᠢ ᠳᠦᠪᠰᠢᠨᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 8 ᠪᠠ ᠥᠨᠳᠥᠷ

ᠬᠢᠷᠢ ᠳᠦᠪᠰᠢᠨᠲᠦ ᠲᠤᠰᠬᠠᠶ ᠮᠡᠷᠭᠡᠵᠢᠯ ᠤᠨ ᠬᠠᠮᠲᠤᠯᠢᠭ ᠢ 25 ᠣᠷᠴᠢᠮ ᠪᠠᠶᠢᠭᠤᠯᠤᠨ᠎ᠠ᠃ ᠰᠤᠷᠭᠠᠭᠤᠯᠢ ᠡᠷᠬᠢᠯᠡᠬᠦ

ᠨᠥᠬᠦᠴᠡᠯ ᠨᠢ ᠪᠠᠷᠢᠮᠵᠢᠶ᠎ᠠ ᠳᠤ ᠬᠦᠷᠦᠭᠰᠡᠨ ᠦᠭᠡᠶ ᠳᠡᠭᠡᠳᠦ ᠰᠤᠷᠭᠠᠭᠤᠯᠢ ᠶᠢ ᠬᠥᠳᠡᠯᠦᠩᠭᠦᠶ ᠬᠢᠨᠠᠨ  ᠪᠠᠶᠢᠴᠠᠭᠠᠵᠤ᠂

ᠬᠤᠭᠤᠴᠠᠭ᠎ᠠ ᠬᠢᠵᠠᠭᠠᠷᠯᠠᠨ ᠴᠡᠭᠴᠡᠯᠡᠵᠦ᠂ ᠪᠤᠴᠠᠭᠠᠬᠤ ᠲᠣᠭᠲᠠᠴᠠ ᠶᠢ ᠪᠠᠶᠢᠭᠤᠯᠵᠤ᠂ ᠬᠤᠭᠤᠴᠠᠭ᠎ᠠ ᠥᠩᠭᠡᠷᠡᠲᠡᠯ᠎ᠡ

ᠴᠡᠭᠴᠡᠯᠡᠬᠦ ᠦᠭᠡᠶ ᠪᠤᠶᠤ ᠴᠡᠭᠴᠡᠯᠡᠭᠰᠡᠨ ᠴᠦ ᠱᠠᠭᠠᠷᠳᠠᠯᠭ᠎ᠠ ᠳᠤ ᠬᠦᠷᠬᠦ ᠦᠭᠡᠢ ᠪᠣᠯ ᠰᠤᠷᠭᠠᠭᠤᠯᠢ ᠡᠷᠬᠢᠯᠡᠬᠦ

ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠤ ᠪᠠᠷ ᠬᠤᠷᠢᠶᠠᠨ ᠠᠪᠴᠤ ᠬᠦᠴᠦᠨ ᠦᠭᠡᠶ ᠪᠣᠯᠭᠠᠬᠤ ᠪᠤᠶᠤ

ᠰᠤᠷᠭᠠᠭᠤᠯᠢ ᠡᠷᠬᠢᠯᠡᠬᠦ ᠶᠢ ᠵᠠᠷᠯᠢᠭᠳᠠᠨ ᠵᠣᠭᠰᠣᠭᠠᠨ᠎ᠠ᠃ ᠬᠤᠶᠠᠷ ᠵᠢᠯ ᠳᠠᠷᠠᠭᠠᠯᠠᠨ ᠰᠤᠷᠤᠭᠴᠢ ᠡᠯᠰᠡᠬᠦ

ᠲᠥᠯᠥᠪᠯᠡᠭᠡ ᠶᠢ ᠪᠣᠳᠠᠲᠠᠶ ᠪᠡᠶᠡᠯᠡᠭᠦᠯᠦᠭᠰᠡᠨ ᠨᠣᠷᠮ᠎ᠠ ᠨᠢ 90 % ᠳᠤ ᠬᠦᠷᠬᠦ ᠦᠭᠡᠶ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠳᠤ 10 % —20 % ᠶᠢᠨ ᠬᠠᠷᠢᠴᠠᠯ ᠢᠶᠠᠷ ᠳᠠᠷᠠᠭ᠎ᠠ ᠨᠢᠭᠡ ᠵᠢᠯ ᠤᠨ ᠰᠤᠷᠤᠭᠴᠢ

ᠡᠯᠰᠡᠬᠦ ᠲᠥᠯᠥᠪᠯᠡᠭᠡ ᠶᠢ ᠲᠣᠬᠢᠷᠠᠭᠤᠯᠤᠨ ᠬᠠᠰᠤᠨ᠎ᠠ᠃

     ᠳᠥᠷᠪᠡ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠰᠠᠭᠤᠷᠢ ᠶᠢ

ᠪᠠᠬᠢᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠶ᠃ ᠡᠯ᠎ᠡ ᠠᠶᠢᠮᠠᠭ ᠬᠤᠲᠠ ᠶᠢᠨ ᠣᠷᠣᠨ ᠪᠦᠰᠡ ᠶᠢᠨ

ᠳᠣᠲᠣᠷᠠᠬᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ

ᠲᠥᠯᠥᠪᠯᠡᠬᠦ ᠶᠢ ᠠᠬᠢᠭᠤᠯᠵᠤ᠂ ᠨᠡᠶᠢᠯᠡᠭᠦᠯᠬᠦ᠂ ᠬᠤᠷᠰᠢᠶᠠᠯᠠᠬᠤ᠂ ᠨᠠᠶᠢᠳᠠᠨ ᠬᠠᠮᠢᠶᠠᠷᠤᠭᠤᠯᠬᠤ᠂ ᠪᠦᠯᠦᠭᠵᠢᠭᠦᠯᠦᠨ

ᠰᠤᠷᠭᠠᠭᠤᠯᠢ ᠡᠷᠭᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡ ᠪᠦᠯᠦᠭ ︽ᠬᠤᠭᠤᠰᠣᠨ᠂ ᠪᠠᠭ᠎ᠠ᠂

ᠲᠠᠷᠠᠬᠠᠶ᠂ ᠪᠠᠭᠤᠷᠠᠶ︾ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ

ᠳᠡᠭᠡᠳᠦ ᠰᠤᠷᠭᠠᠭᠤᠯᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠶᠢ ᠡᠮᠬᠢᠯᠡᠨ ᠨᠡᠶᠢᠯᠡᠭᠦᠯᠦᠨ᠎ᠡ᠃ ᠳᠤᠮᠳᠠ ᠵᠡᠷᠭᠡ ᠶᠢᠨ

ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠵᠤ᠂

2025 ᠣᠨ ᠪᠣᠯᠬᠤ ᠳᠤ ᠪᠥᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ

ᠡᠷᠭᠢᠯᠡᠬᠦ ᠨᠥᠬᠦᠴᠡᠯ ᠢ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ︾ ᠳᠤ

ᠬᠦᠷᠦᠭᠦᠯᠬᠦ ᠶᠢ ᠴᠢᠷᠮᠠᠶᠢᠨ ᠪᠡᠶᠡᠯᠡᠭᠦᠯᠵᠦ᠂ ᠪᠠᠷᠢᠮᠵᠢᠶ᠎ᠠ ᠳᠤ ᠬᠥᠷᠬᠦ ᠥᠬᠡᠶ ᠰᠤᠷᠭᠠᠭᠤᠯᠢ ᠶᠢ ᠬᠤᠭᠤᠴᠠᠭ᠎ᠠ

ᠬᠢᠵᠠᠭᠠᠷᠯᠠᠨ ᠴᠡᠭᠴᠡᠯᠡᠨ ᠥᠭᠡᠷᠡᠴᠢᠯᠡᠵᠦ᠂ ᠴᠠᠭᠠᠰᠢᠯᠠᠪᠠᠯ ᠰᠤᠷᠤᠭᠴᠢ ᠡᠯᠰᠡᠬᠦ ᠶᠢ ᠵᠣᠭᠰᠣᠭᠠᠬᠤ ᠪᠤᠶᠤ ᠬᠠᠰᠤᠵᠤ

ᠨᠡᠶᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

︽ᠬᠤᠶᠠᠷ ᠢ ᠰᠢᠯᠢᠳᠡᠭᠵᠢᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠲᠥᠰᠦᠯ ᠤᠨ ᠪᠥᠲᠥᠭᠡᠨ ᠪᠠᠶᠢᠭᠤᠯᠤᠯᠲᠠ ᠶᠢᠨ

ᠰᠤᠷᠭᠠᠭᠤᠯᠢ ᠶᠢ ᠲᠠᠰ ᠬᠤᠪᠢᠶᠠᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ 2025 ᠣᠨ ᠪᠣᠯᠬᠤ ᠳᠤ᠂

ᠰᠢᠯᠢᠳᠡᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 40 ᠣᠷᠴᠢᠮ ᠪᠠ ᠰᠢᠯᠢᠳᠡᠭ ᠲᠤᠰᠬᠠᠶ

ᠮᠡᠷᠭᠡᠵᠢᠯ ᠢ 100 ᠣᠷᠴᠢᠮ ᠪᠠᠶᠢᠭᠤᠯᠤᠨ᠎ᠠ᠃ ᠵᠠᠰᠠᠭ ᠵᠠᠬᠢᠷᠭᠠᠨ ᠤ ᠣᠷᠣᠨ ᠤ ᠬᠢᠵᠠᠭᠠᠷᠯᠠᠯ ᠢ ᠡᠪᠳᠡᠵᠦ᠂ ᠬᠥᠬᠡᠬᠤᠲᠠ

ᠪᠤᠭᠤᠲᠤ ᠣᠷᠳᠣᠰ ᠤᠯᠠᠭᠠᠨᠴᠠᠪ ᠤᠨ ᠠᠵᠤ ᠠᠬᠤᠶ ᠶᠢᠨ ᠲᠣᠭᠤᠷᠢᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠳᠤ ᠨᠢᠭᠡᠳᠦᠯᠲᠡᠶ ᠰᠣᠷᠣᠭᠴᠢ ᠡᠯᠰᠡᠬᠦ ᠲᠤᠷᠰᠢᠯᠲᠠ ᠶᠢ ᠥᠷᠨᠢᠭᠦᠯᠵᠦ᠂ ᠠᠯᠬᠤᠮ ᠠᠯᠬᠤᠮ ᠢᠶᠠᠷ ᠪᠥᠬᠦ

ᠣᠷᠣᠨ ᠳᠤ ᠳᠡᠯᠭᠡᠷᠡᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠰᠢᠯᠢᠳᠡᠭᠵᠢᠭᠦᠯᠦᠨ  

ᠬᠦᠴᠦᠷᠬᠡᠭᠵᠢᠭᠦᠯᠬᠦ ᠶᠢ ᠠᠬᠢᠭᠤᠯᠤᠨ᠎ᠠ᠃  ᠪᠢ ᠬᠠᠷᠢᠭᠤᠯᠵᠤ ᠳᠠᠭᠤᠰᠪᠠ᠃ ᠪᠠᠶᠠᠷᠯᠠᠯ᠎ᠠ᠃

     ᠵᠥᠩ ᠾᠥᠩ ᠰᠦᠯᠵᠢᠶᠡᠨ ᠤ ᠰᠤᠷᠪᠤᠯᠵᠢᠯᠠᠭᠴᠢ᠄ ︽ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ

ᠬᠡᠮᠵᠢᠶ᠎ᠡ ᠨᠦᠭᠦᠳ︾ ᠲᠤ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ

ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠪᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ

ᠥᠭᠡᠷᠡᠴᠢᠯᠡᠯᠲᠡ ᠶᠢᠨ ᠵᠥᠪᠯᠡᠯ ᠠᠴᠠ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ

ᠭᠦᠨᠵᠡᠭᠡᠶᠢᠷᠡᠭᠦᠯᠬᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠯ᠎ᠠ ᠪᠠᠷ ᠶᠠᠮᠠᠷ ᠠᠵᠢᠯ ᠢ

ᠥᠷᠨᠢᠭᠦᠯᠦᠭᠰᠡᠨ ᠪᠣᠶ︖ ᠳᠠᠷᠠᠭ᠎ᠠ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠢ ᠠᠭᠤᠰᠬᠠᠬᠤ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠶᠠᠭᠠᠬᠢᠵᠤ ᠠᠬᠢᠭᠤᠯᠬᠤ

ᠪᠣᠶ︖

     ᠮᠸᠦ ᠭᠥᠸᠧ ᠮᠢᠨ᠄ ᠰᠤᠷᠪᠤᠯᠵᠢᠯᠠᠭᠴᠢ ᠶᠢᠨ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠤᠯᠤᠰ ᠪᠠ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠵᠤ ᠠᠬᠤᠶ ᠶᠢᠨ ᠬᠥᠭᠵᠢᠯᠲᠡ ᠶᠢᠨ

ᠰᠢᠨ᠎ᠡ ᠪᠠᠶᠢᠳᠠᠯ ᠪᠠ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠤ ᠦᠰᠦᠨ ᠪᠤᠶᠢᠵᠢᠵᠤ ᠴᠢᠳᠠᠪᠤᠷᠢᠲᠠᠨ

ᠪᠣᠯᠬᠤ ᠰᠢᠨ᠎ᠡ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠤ ᠦᠢᠯᠡᠳᠪᠦᠷᠢ ᠪᠠ

ᠰᠤᠷᠭᠠᠨ ᠬᠥᠮᠦᠵᠢᠯ ᠢ ᠠᠭᠤᠰᠬᠠᠬᠤ᠂ ᠬᠠᠮᠵᠢᠯᠴᠠᠨ ᠬᠥᠮᠦᠨ ᠢ ᠬᠥᠮᠦᠵᠢᠭᠦᠯᠬᠦ ᠲᠣᠭᠲᠠᠴᠠ ᠶᠢ ᠠᠯᠬᠤᠮ

ᠠᠯᠬᠤᠮ ᠢᠶᠠᠷ ᠲᠡᠭᠦᠯᠳᠡᠷᠵᠢᠭᠦᠯᠬᠦ︾ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠤ ᠪᠠᠷ ᠮᠠᠨ ᠤ

ᠵᠥᠪᠯᠡᠯ ᠨᠢ ᠰᠤᠷᠭᠠᠨ ᠬᠥᠮᠦᠵᠢᠯ ᠤᠨ ᠲᠢᠩᠬᠢᠮ ᠵᠡᠷᠭᠡ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ᠂

ᠲᠤᠷᠰᠢᠯᠲᠠ ᠶᠢᠨ ᠴᠡᠭ ᠤᠨ ᠬᠥᠮᠦᠵᠢᠯ ᠢ ᠴᠢᠩᠭᠠᠳᠬᠠᠬᠤ᠂ ᠲᠥᠰᠦᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂

ᠪᠠᠲᠤᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ᠂ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠢ ᠠᠭᠤᠰᠬᠠᠨ ᠬᠥᠭᠵᠢᠭᠦᠯᠬᠦ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ

ᠠᠬᠢᠭᠤᠯᠤᠨ᠎ᠠ᠃

     ᠨᠢᠭᠡ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠢ ᠠᠭᠤᠰᠬᠠᠬᠤ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ

︵ᠲᠤᠷᠰᠢᠨ ᠬᠡᠷᠡᠭᠵᠢᠭᠦᠯᠬᠦ︶︾ ᠳᠤ ᠲᠣᠳᠣᠷᠬᠠᠶᠢᠯᠠᠭᠰᠠᠨ ᠬᠤᠲᠠ ᠶᠢᠨ ᠳᠠᠭᠠᠭᠠᠴᠠ᠂ ᠠᠵᠢᠯ ᠲᠥᠷᠥᠯ ᠤᠨ ᠪᠥᠭᠡᠮᠨᠡᠷᠡᠯ᠂

ᠠᠵᠤ ᠠᠬᠤᠶᠢᠯᠠᠯ ᠤᠨ ᠭᠤᠤᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠥᠭᠵᠢᠯᠲᠡ ᠶᠢᠨ

ᠪᠠᠶᠢᠷᠢᠰᠢᠯᠠᠭᠤᠯᠤᠯᠲᠠ ᠶᠢᠨ ᠱᠠᠭᠠᠷᠳᠠᠯᠭ᠎ᠠ ᠶᠣᠰᠤ ᠪᠠᠷ ᠬᠥᠬᠡᠬᠤᠲᠠ᠂ ᠣᠷᠳᠣᠰ ᠬᠤᠲᠠ᠂ ᠦᠬᠠᠶ ᠬᠤᠲᠠ ᠭᠤᠷᠪᠠᠨ

ᠲᠤᠷᠰᠢᠯᠲᠠ ᠶᠢᠨ ᠴᠡᠭ ᠤᠨ ᠬᠤᠲᠠ ᠶᠢ ᠳᠡᠮᠵᠢᠬᠦ ᠪᠠ ᠵᠣᠷᠢᠭᠵᠢᠭᠤᠯᠵᠤ᠂ ᠤᠷᠢᠳ ᠢᠶᠠᠷ ᠥᠭᠡᠷᠡᠴᠢᠯᠡᠯᠲᠡ ᠶᠢ

ᠰᠦᠪᠡᠭᠴᠢᠯᠡᠵᠦ᠂ ᠠᠵᠢᠯᠯᠠᠭᠠᠨ ᠤ ᠲᠣᠭᠲᠠᠴᠠ ᠶᠢ ᠥᠭᠡᠷᠡᠴᠢᠯᠡᠬᠦ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ

ᠠᠭᠤᠰᠬᠠᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ

ᠵᠠᠭᠪᠤᠷ ᠢ ᠪᠠᠶᠢᠭᠤᠯᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠠᠵᠤ ᠦᠢᠯᠡᠰ ᠤᠨ ᠬᠦᠷᠢᠶᠡᠯᠡᠩ

ᠲᠣᠭᠤᠷᠢᠭ ᠢ ᠪᠥᠲᠥᠭᠡᠨ ᠪᠠᠶᠢᠭᠤᠯᠬᠤ ᠵᠡᠷᠭᠡ ᠲᠠᠯ᠎ᠠ ᠪᠠᠷ ᠦᠢᠯᠡᠳᠦᠯᠭᠡ ᠶᠢᠨ ᠠᠷᠭ᠎ᠠ ᠵᠠᠮ ᠢ ᠰᠦᠪᠡᠭᠴᠢᠯᠡᠵᠦ᠂

︽ᠰᠤᠷᠬᠤ ᠵᠢᠭᠠᠬᠤ ᠰᠣᠳᠤᠯᠬᠤ ᠦᠢᠯᠡᠳᠪᠦᠷᠢᠯᠡᠬᠦ ᠬᠤᠲᠠ︾ ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠨᠢᠭᠡ

ᠴᠣᠭᠴᠠᠵᠢᠭᠤᠯᠤᠨ ᠤᠷᠤᠭᠰᠢᠯᠠᠭᠤᠯᠬᠤ ᠶᠢ ᠠᠬᠢᠭᠤᠯᠤᠨ᠎ᠠ︔ ᠮᠠᠨ ᠤ ᠣᠷᠣᠨ ᠤ ᠤᠯᠠᠮᠵᠢᠯᠠᠯᠲᠤ ᠠᠵᠤ ᠦᠢᠯᠡᠰ ᠤᠨ

ᠲᠠᠰ ᠳᠡᠪᠰᠢᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ᠂ ᠣᠲᠣ ᠦᠶ᠎ᠡ

 ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠴᠢᠭᠯᠡᠯ ᠤᠨ ᠲᠣᠭᠤᠷᠢᠨ ᠳᠤ᠂ ᠠᠵᠤ ᠦᠢᠯᠡᠳᠪᠦᠷᠢ ᠪᠠ

ᠰᠤᠷᠭᠠᠨ ᠬᠥᠮᠦᠵᠢᠯ ᠢ ᠠᠭᠤᠰᠬᠠᠬᠤ ᠲᠤᠷᠰᠢᠯᠲᠠ ᠶᠢᠨ ᠠᠵᠤ ᠠᠬᠤᠶᠢᠯᠠᠯ 41 ᠶᠢ ᠰᠢᠯᠢᠨ ᠰᠣᠩᠭᠤᠵᠤ

ᠬᠥᠮᠥᠷᠭᠡ ᠳᠤ ᠣᠷᠣᠭᠤᠯᠤᠨ ᠪᠤᠶᠢᠵᠢᠭᠤᠯᠵᠤ᠂ ᠠᠷᠠᠳ ᠠᠴᠠ ᠡᠵᠡᠩᠨᠡᠭᠰᠡᠨ 1 ᠠᠵᠤ ᠠᠬᠤᠶᠢᠯᠠᠯ ᠢ ᠤᠯᠤᠰ ᠤᠨ

ᠲᠠᠰ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠠᠵᠤ ᠠᠬᠤᠶᠢᠯᠠᠯ ᠢᠶᠠᠷ ᠠᠮᠵᠢᠯᠲᠠᠲᠠᠶ

ᠪᠤᠶᠢᠵᠢᠭᠤᠯᠪᠠ᠃

     ᠬᠤᠶᠠᠷ ᠲᠤ᠂ ᠪᠡᠯᠡ ᠣᠷᠣᠭᠤᠯᠬᠤ ᠠᠷᠭ᠎ᠠ ᠵᠠᠮ ᠢ ᠢᠳᠡᠪᠬᠢᠲᠡᠶ ᠥᠷᠭᠡᠳᠭᠡᠵᠦ᠂ ᠲᠥᠪ ᠪᠠ ᠥᠪᠡᠷᠲᠡᠭᠡᠨ

ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ᠂ ᠵᠠᠰᠠᠭ ᠤᠨ ᠣᠷᠳᠣᠨ ᠤ ᠲᠤᠰᠬᠠᠶ ᠵᠦᠢᠯ ᠤᠨ

ᠵᠢᠭᠡᠯᠡᠯᠭᠡ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠪᠠᠭᠠᠵᠢ ᠵᠡᠷᠭᠡ ᠶᠢᠨ ᠪᠡᠯᠡ

ᠣᠷᠣᠭᠤᠯᠤᠯᠲᠠ ᠶᠢ ᠴᠢᠷᠮᠠᠶᠢᠨ ᠲᠣᠬᠢᠷᠠᠭᠤᠯᠵᠤ᠂ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢᠲᠦ ᠳᠡᠭᠡᠳᠦ

ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠤ ᠦᠢᠯᠡᠳᠪᠦᠷᠢ ᠪᠠ ᠵᠢᠭᠠᠨ ᠰᠤᠷᠭᠠᠯᠲᠠ ᠶᠢ

ᠠᠭᠤᠰᠬᠠᠬᠤ ᠬᠡᠯᠪᠡᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠰᠦᠯ ᠤᠨ ᠪᠦᠲᠦᠭᠡᠨ

ᠪᠠᠶᠢᠭᠤᠯᠤᠯᠲᠠ ᠶᠢ ᠬᠦᠴᠦᠨ ᠢᠶᠠᠨ ᠲᠥᠪᠯᠡᠷᠡᠭᠦᠯᠦᠨ ᠳᠡᠮᠵᠢᠵᠦ᠂ ᠠᠵᠤ ᠦᠢᠯᠡᠳᠪᠦᠷᠢ ᠪᠠ ᠵᠢᠭᠠᠨ ᠰᠤᠷᠭᠠᠯᠲᠠ ᠶᠢ

ᠠᠭᠤᠰᠬᠠᠬᠤ ᠥᠭᠡᠷᠡᠴᠢᠯᠡᠯᠲᠡ ᠶᠢᠨ ᠡᠭᠦᠷᠭᠡ ᠶᠢ ᠡᠭᠦᠷᠭᠡᠯᠡᠭᠰᠡᠨ ᠳᠡᠭᠡᠳᠦ ᠰᠤᠷᠭᠠᠭᠤᠯᠢ ᠶᠢ ᠭᠤᠣᠯᠳᠠᠯᠭᠠᠲᠠᠢ ᠳᠡᠮᠵᠢᠵᠦ᠂

ᠳᠠᠶᠢᠴᠢᠯᠠᠬᠤ ᠴᠢᠨᠠᠷ ᠢᠶᠠᠷ ᠴᠢᠩᠭ᠎ᠠ᠂ ᠣᠷᠣᠨ ᠪᠦᠰᠡ ᠶᠢᠨ ᠣᠨᠴᠠᠯᠢᠭ ᠢᠶᠠᠷ ᠢᠯᠡ ᠲᠣᠳᠣ᠂ ᠨᠥᠯᠥᠭᠡᠯᠡᠬᠦ

ᠬᠦᠴᠦᠨ ᠢᠶᠠᠷ ᠶᠡᠭᠡ ᠴᠢᠬᠤᠯᠠ ᠶᠡᠭᠡ ᠲᠥᠰᠦᠯ ᠢ ᠪᠦᠲᠦᠭᠡᠨ ᠪᠠᠶᠢᠭᠤᠯᠤᠨ᠎ᠠ᠃ 2020 ᠣᠨ ᠠᠴᠠ ᠨᠠᠭᠠᠰᠢ᠂

ᠤᠷᠢᠳ ᠬᠤᠵᠢᠳ ᠤᠯᠠᠭᠠᠨᠬᠠᠳᠠ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ

ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠯᠥᠨ ᠪᠤᠶᠢᠷ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠵᠡᠷᠭᠡ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠶᠢᠨ ᠠᠵᠤ ᠦᠢᠯᠡᠳᠪᠦᠷᠢ ᠪᠠ ᠵᠢᠭᠠᠨ

ᠰᠤᠷᠭᠠᠯᠲᠠ ᠶᠢ ᠠᠭᠤᠰᠬᠠᠬᠤ  ᠲᠥᠰᠦᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠪᠡ᠃

     ᠭᠤᠷᠪᠠ ᠳᠤ᠂ ᠥᠪᠥᠷ ᠮᠣᠩᠭᠤᠯ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠮᠡᠳᠡᠭᠡ

ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ

ᠠᠭᠤᠰᠤᠯᠴᠠᠭᠰᠠᠨ ᠬᠤᠯᠪᠣᠭᠳᠠᠬᠤ ᠲᠥᠷᠥ ᠶᠢᠨ ᠪᠣᠳᠣᠯᠭ᠎ᠠ᠂ ᠮᠡᠳᠡᠭᠡ ᠵᠠᠩᠭᠢ ᠵᠡᠷᠭᠡ ᠵᠠᠩᠭᠢ ᠶᠢ ᠴᠠᠭ ᠲᠤᠬᠠᠶ ᠳᠤ ᠨᠢ

ᠨᠡᠶᠢᠲᠡᠯᠡᠵᠦ᠂ ᠠᠵᠤ ᠦᠢᠯᠡᠰ ᠤᠨ ᠪᠦᠲᠦᠴᠡ ᠶᠢ ᠬᠥᠳᠡᠯᠦᠩᠭᠦᠶ ᠲᠣᠬᠢᠷᠠᠭᠤᠯᠤᠭᠰᠠᠨ ᠮᠡᠳᠡᠭᠦᠯᠦᠯᠲᠡ᠂ ᠬᠡᠷᠡᠭᠴᠡᠭᠡ

ᠱᠠᠭᠠᠷᠳᠠᠯᠭ᠎ᠠ ᠶᠢ ᠵᠢᠱᠢᠭᠰᠡᠨ ᠮᠡᠳᠡᠭᠦᠯᠦᠯᠲᠡ ᠵᠡᠷᠭᠡ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠱᠠᠲᠤ ᠬᠤᠪᠢᠶᠠᠨ

ᠲᠥᠷᠥᠯ ᠬᠤᠪᠢᠶᠠᠵᠤ ᠨᠠᠶᠢᠷᠠᠭᠤᠯᠤᠨ ᠵᠣᠬᠢᠶᠠᠵᠤ ᠨᠡᠶᠢᠲᠡᠯᠡᠨ᠎ᠡ᠃ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ

ᠠᠭᠤᠰᠬᠠᠬᠤ ᠬᠡᠯᠪᠡᠷᠢ ᠶᠢᠨ ᠲᠤᠷᠰᠢᠯᠲᠠ ᠶᠢᠨ ᠴᠡᠭ ᠤᠨ ᠠᠵᠤ ᠠᠬᠤᠶᠢᠯᠠᠯ ᠤᠨ ᠰᠦᠯᠵᠢᠶᠡᠨ ᠳᠤ ᠮᠡᠳᠡᠭᠦᠯᠬᠦ᠂

ᠰᠦᠯᠵᠢᠶᠡᠨ ᠳᠤ ᠵᠢᠯᠣᠭᠤᠳᠬᠤ᠂ ᠠᠷᠤ ᠲᠠᠯ᠎ᠠ ᠶᠢᠨ ᠬᠠᠮᠢᠶᠠᠷᠤᠯᠲᠠ ᠵᠡᠷᠭᠡ ᠴᠢᠳᠠᠮᠵᠢ ᠶᠢ ᠨᠡᠪᠲᠡᠷᠡᠭᠦᠯᠵᠦ᠂

ᠦᠢᠯᠡᠴᠢᠯᠡᠭᠡᠨ ᠤ ᠬᠠᠮᠢᠶᠠᠷᠤᠯᠲᠠ ᠶᠢᠨ ᠴᠤᠪᠤᠷᠠᠯ ᠢ ᠳᠥᠭᠦᠮᠴᠢᠯᠡᠵᠦ᠂ ᠠᠵᠤ ᠠᠬᠤᠶᠢᠯᠠᠯ ᠤᠨ ᠮᠡᠳᠡᠭᠦᠯᠦᠯᠲᠡ ᠶᠢᠨ

ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠴᠢᠨᠠᠷᠯᠢᠭ᠂ ᠥᠨᠳᠥᠷ ᠦᠷ᠎ᠡ ᠪᠥᠲᠦᠮᠵᠢᠲᠦ ᠮᠡᠳᠡᠭᠦᠯᠦᠯᠲᠡ᠂ ᠬᠠᠮᠢᠶᠠᠷᠤᠯᠲᠠ᠂

ᠦᠢᠯᠡᠴᠢᠯᠡᠭᠡ ᠶᠢ ᠬᠠᠩᠭᠠᠨ᠎ᠠ᠃

     ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ

ᠠᠭᠤᠰᠤᠯᠴᠠᠭᠠᠨ ᠤ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠶᠠᠭᠠᠬᠢᠵᠤ ᠪᠡᠶᠡᠯᠡᠭᠦᠯᠬᠦ

ᠲᠠᠯ᠎ᠠ ᠪᠠᠷ᠂ ᠤᠯᠤᠰ ᠤᠨ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠳᠤ ᠳᠤᠷᠠᠳᠤᠭᠰᠠᠨ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ︾᠂ ︽ᠣᠯᠠᠨ ᠡᠰᠢᠵᠢᠭᠦᠯᠦᠭᠰᠡᠨ ᠰᠤᠷᠭᠠᠭᠤᠯᠢ ᠡᠷᠭᠢᠯᠡᠬᠦ

ᠪᠠᠶᠢᠷᠢᠰᠢᠯᠠᠭᠤᠯᠤᠯᠲᠠ ᠶᠢ ᠲᠡᠭᠦᠯᠳᠡᠷᠵᠢᠭᠦᠯᠬᠦ︾᠂ ︽ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠭᠦᠨᠵᠡᠭᠡᠶ

ᠠᠭᠤᠰᠤᠯᠴᠠᠭ᠎ᠠ ᠶᠢ ᠬᠠᠮᠵᠢᠯᠴᠠᠨ ᠠᠬᠢᠭᠤᠯᠬᠤ︾ ᠭᠤᠷᠪᠠᠨ ᠲᠠᠯ᠎ᠠ ᠪᠠᠷ ᠠᠵᠤ ᠦᠢᠯᠡᠳᠪᠦᠷᠢ ᠪᠠ ᠰᠤᠷᠭᠠᠨ ᠬᠥᠮᠦᠵᠢᠯ

ᠠᠭᠤᠰᠤᠯᠴᠠᠭᠰᠠᠨ ᠰᠤᠷᠭᠠᠭᠤᠯᠢ ᠡᠷᠭᠢᠯᠡᠬᠦ ᠪᠠᠶᠢᠭᠤᠯᠤᠯ ᠢ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠪᠠᠷ ᠪᠠᠷᠢᠮᠵᠢᠶᠠᠯᠠᠵᠤ᠂

ᠠᠵᠤ ᠦᠢᠯᠡᠳᠪᠦᠷᠢ ᠪᠠ ᠰᠤᠷᠭᠠᠨ ᠬᠥᠮᠦᠵᠢᠯ ᠠᠭᠤᠰᠤᠯᠴᠠᠭᠰᠠᠨ ᠴᠢᠬᠤᠯᠠ ᠶᠡᠭᠡ ᠲᠠᠪᠴᠠᠩ ᠤᠨ ᠠᠴᠢᠶᠠᠯᠠᠪᠤᠷᠢ ᠶᠢᠨ

ᠪᠠᠶᠢᠭᠤᠯᠤᠯᠲᠠ ᠪᠠ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠲᠠᠯ᠎ᠠ ᠪᠠᠷ ᠳᠥᠷᠪᠡᠨ ᠲᠠᠯ᠎ᠠ ᠶᠢᠨ ᠠᠵᠢᠯ ᠢ

ᠰᠠᠶᠢᠲᠤᠷ ᠬᠢᠬᠦ ᠬᠡᠷᠡᠭᠲᠡᠶ᠃

     ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ

ᠪᠠᠶᠢᠷᠢᠯᠠᠭᠤᠯᠤᠭᠰᠠᠨ ᠭᠤᠣᠯᠳᠠᠯᠭᠠᠲᠠᠢ ᠠᠵᠤ ᠦᠢᠯᠡᠰ ᠪᠠ ᠠᠵᠤ ᠦᠢᠯᠡᠰ ᠤᠨ ᠪᠦᠯᠦᠭᠵᠢᠯ ᠢ ᠠᠵᠤ ᠦᠢᠯᠡᠳᠪᠦᠷᠢ

ᠪᠠ ᠰᠤᠷᠭᠠᠨ ᠬᠥᠮᠦᠵᠢᠯ ᠢ ᠠᠭᠤᠰᠬᠠᠬᠤ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠬᠡᠪ ᠳᠠᠭᠤᠷᠢᠶᠠᠯᠲᠤ ᠠᠵᠢᠯ

ᠲᠥᠷᠥᠯ ᠪᠣᠯᠭᠠᠵᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠲᠤᠰᠬᠠᠶ ᠮᠡᠷᠭᠡᠵᠢᠯᠲᠡᠨ ᠤ ᠬᠢᠨᠠᠨ

ᠲᠣᠭᠲᠠᠭᠠᠬᠤ ᠵᠥᠪᠯᠡᠯ ᠪᠠ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠶᠢ ᠠᠬᠢᠭᠤᠯᠬᠤ

ᠨᠡᠶᠢᠭᠡᠮᠯᠢᠭ ᠢ ᠰᠤᠳᠤᠯᠤᠨ ᠪᠠᠶᠢᠭᠤᠯᠵᠤ᠂ ︽ᠵᠠᠰᠠᠭ ᠤᠨ ᠣᠷᠳᠣᠨ + ᠳᠡᠭᠡᠳᠦ ᠰᠤᠷᠭᠠᠭᠤᠯᠢ + ᠠᠵᠤ ᠠᠬᠤᠶᠢᠯᠠᠯ︾

 ᠤᠨ ᠭᠦᠨᠵᠡᠭᠡᠶ ᠬᠠᠮᠵᠢᠯᠴᠠᠭᠰᠠᠨ ᠣᠯᠠᠨ ᠲᠠᠯ᠎ᠠ ᠶᠢᠨ ᠬᠠᠮᠲᠤᠷᠠᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ

ᠪᠠᠶᠢᠭᠤᠯᠤᠨ᠎ᠠ᠃ ᠲᠤᠷᠰᠢᠯᠲᠠ ᠶᠢᠨ ᠴᠡᠭ ᠪᠣᠯᠬᠤ ᠬᠤᠲᠠ ᠳᠤ ᠲᠦᠰᠢᠭᠯᠡᠨ᠂ ᠭᠤᠣᠯᠳᠠᠯᠭᠠᠲᠠᠢ ᠠᠵᠤ ᠦᠢᠯᠡᠰ᠂ ᠠᠵᠤ

ᠦᠢᠯᠡᠰ ᠤᠨ ᠪᠥᠯᠦᠭᠵᠢᠯ ᠢᠶᠠᠷ ᠥᠨᠳᠥᠷ ᠬᠡᠪ ᠴᠢᠨᠠᠷ ᠪᠥᠬᠦᠶ ᠳᠡᠭᠡᠳᠦ ᠳᠡᠰ ᠤᠨ ᠴᠢᠳᠠᠪᠤᠷᠢᠲᠠᠨ ᠢ ᠨᠠᠷᠢᠯᠢᠭ

ᠣᠨᠣᠴᠠᠲᠠᠢ ᠪᠠᠷ ᠪᠤᠶᠢᠵᠢᠭᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ

ᠦᠢᠯᠡᠴᠢᠯᠡᠭᠡ ᠶᠢ ᠬᠠᠩᠭᠠᠨ᠎ᠠ᠃

     ᠬᠤᠶᠠᠷ ᠲᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠭᠤᠣᠯᠳᠠᠯᠭᠠᠲᠠᠢ ᠲᠥᠰᠦᠯ ᠢ

ᠬᠡᠷᠡᠭᠵᠢᠭᠦᠯᠬᠦ ᠪᠠᠷ ᠳᠠᠮᠵᠢᠭᠤᠯᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠷᠢ ᠲᠣᠭᠲᠠᠭᠠᠯᠲᠠ ᠶᠢ

ᠲᠣᠳᠤᠷᠠᠬᠠᠶᠢᠯᠠᠬᠤ᠂ ᠲᠤᠰᠬᠠᠶ ᠮᠡᠷᠭᠡᠵᠢᠯ ᠤᠨ ᠪᠦᠲᠦᠴᠡ ᠶᠢ ᠬᠥᠳᠡᠯᠦᠩᠭᠦᠶ ᠪᠠᠷ ᠲᠣᠬᠢᠷᠠᠭᠤᠯᠬᠤ᠂ ᠠᠵᠤ ᠦᠢᠯᠡᠳᠪᠦᠷᠢ

ᠪᠠ ᠰᠤᠷᠭᠠᠨ ᠬᠥᠮᠦᠵᠢᠯ ᠢ ᠠᠭᠤᠰᠬᠠᠬᠤ ᠲᠤᠷᠰᠢᠯᠲᠠ ᠶᠢᠨ ᠠᠵᠤ ᠠᠬᠤᠶᠢᠯᠠᠯ ᠤᠨ ᠬᠦᠴᠦᠨ ᠢ ᠨᠢᠭᠲᠠᠷᠠᠭᠤᠯᠬᠤ᠂

ᠨᠢᠭᠡᠨᠲᠡ ᠪᠠᠶᠢᠭ᠎ᠠ ᠡᠬᠢ ᠪᠠᠶᠠᠯᠢᠭ ᠢ ᠠᠰᠢᠭᠯᠠᠨ ᠰᠤᠷᠪᠤᠯᠵᠢᠯᠠᠬᠤ ᠢᠨᠵᠧᠨᠧᠷ ᠤᠨ ᠠᠵᠢᠯᠯᠠᠬᠤ ᠲᠠᠰᠤᠭ᠂ ᠪᠠᠭᠰᠢ ᠶᠢᠨ

ᠠᠵᠤ ᠠᠬᠤᠶᠢᠯᠠᠯ ᠤᠨ ᠦᠢᠯᠡᠳᠦᠯᠭᠡ ᠶᠢᠨ ᠰᠢᠯᠵᠢᠮᠡᠯ ᠥᠷᠲᠡᠭᠡ᠂ ︽ᠬᠤᠤᠰ ᠬᠢᠷᠢ ᠬᠡᠮᠲᠦ︾ ᠨᠠᠷᠠᠲᠤ ᠪᠠᠭᠰᠢ ᠶᠢᠨ

ᠠᠵᠢᠯᠯᠠᠬᠤ ᠲᠠᠰᠤᠭ ᠵᠡᠷᠭᠡ ᠶᠢ ᠪᠠᠶᠢᠭᠤᠯᠵᠤ᠂ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠪᠣᠯᠤᠨ ᠠᠵᠤ ᠦᠢᠯᠡᠰ ᠤᠨ

ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ᠂ ᠬᠢᠴᠢᠶᠡᠯ ᠤᠨ ᠠᠭᠤᠯᠭ᠎ᠠ ᠪᠣᠯᠤᠨ ᠠᠵᠢᠯ ᠮᠡᠷᠭᠡᠵᠢᠯ ᠤᠨ ᠪᠠᠷᠢᠮᠵᠢᠶ᠎ᠠ ᠶᠢ

ᠵᠣᠯᠭᠠᠭᠤᠯᠬᠤ᠂ ᠵᠢᠭᠠᠨ ᠰᠤᠷᠭᠠᠯᠲᠠ ᠶᠢᠨ ᠶᠠᠪᠤᠴᠠ ᠪᠣᠯᠤᠨ ᠦᠢᠯᠡᠳᠪᠦᠷᠢᠯᠡᠯ ᠤᠨ ᠶᠠᠪᠤᠴᠠ ᠶᠢ ᠵᠣᠯᠭᠠᠭᠤᠯᠬᠤ ᠶᠢ

ᠠᠬᠢᠭᠤᠯᠤᠨ᠎ᠠ᠃

     ᠭᠤᠷᠪᠠ ᠳᠤ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ

ᠭᠤᠣᠯᠳᠠᠯᠭᠠᠲᠠᠢ ᠬᠦᠷᠢᠶ᠎ᠡ ᠴᠠᠷᠠᠭ᠎ᠠ ᠳᠤ ᠬᠠᠨᠳᠤᠭᠤᠯᠤᠨ᠂ ᠤᠯᠤᠰ ᠤᠨ ᠳᠣᠲᠣᠭᠠᠳᠤ ᠭᠠᠳᠠᠭᠠᠳᠤ᠂ ᠣᠷᠣᠨ ᠤ

ᠳᠣᠲᠤᠨ᠎ᠠ ᠭᠠᠳᠠᠨᠠᠬᠢ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ

ᠲᠤᠬᠠᠶ ᠶᠢᠨ ᠭᠠᠵᠠᠷ ᠲᠤ ᠨᠢ ᠤᠯᠠᠷᠢᠭᠤᠯᠬᠤ ᠶᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠭᠠᠷ ᠤᠷᠠᠯᠠᠯ ᠢ

ᠰᠠᠶᠢᠵᠢᠷᠠᠭᠤᠯᠬᠤ᠂ ᠦᠢᠯᠡᠳᠭᠦᠨ ᠢ ᠰᠤᠳᠤᠯᠤᠨ ᠨᠡᠭᠡᠭᠡᠬᠦ᠂ ᠪᠠᠷᠢᠮᠵᠢᠶ᠎ᠠ ᠲᠣᠭᠲᠠᠭᠠᠬᠤ ᠳᠤ ᠬᠠᠮᠲᠤ ᠪᠠᠷ ᠮᠡᠷᠭᠡᠵᠢᠯ ᠤᠨ

 ᠦᠢᠯᠡᠴᠢᠯᠡᠭᠡ ᠬᠠᠩᠭᠠᠨ᠎ᠠ᠃

     ᠳᠥᠷᠪᠡ ᠳᠤ᠂ ᠡᠯ᠎ᠡ ᠱᠠᠲᠤᠨ ᠤ ᠡᠯ᠎ᠡ ᠲᠥᠷᠥᠯ ᠤᠨ ᠦᠢᠯᠡᠰ ᠪᠣᠰᠬᠠᠵᠤ ᠨᠡᠪᠴᠢᠭᠦᠯᠬᠦ ᠰᠠᠭᠤᠷᠢᠨ ᠭᠠᠵᠠᠷ᠂

ᠦᠢᠯᠡᠰ ᠪᠣᠰᠬᠠᠬᠤ ᠬᠦᠷᠢᠶᠡᠯᠡᠩ ᠲᠣᠭᠤᠷᠢᠭ ᠲᠤ ᠤᠷ᠎ᠠ ᠴᠢᠳᠠᠪᠤᠷᠢᠲᠤ ᠴᠢᠳᠠᠪᠤᠷᠢᠲᠠᠨ ᠤ ᠣᠷᠣᠵᠤ ᠰᠠᠭᠤᠬᠤ ᠶᠢ

ᠳᠡᠮᠵᠢᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠰᠤᠷᠤᠭᠴᠢᠳ ᠤᠨ ᠠᠵᠢᠯ

ᠣᠯᠵᠤ ᠦᠢᠯᠡᠰ ᠪᠣᠰᠬᠠᠬᠤ ᠶᠢ ᠳᠡᠮᠵᠢᠵᠦ᠂ ᠠᠵᠤ ᠠᠬᠤᠶᠢᠯᠠᠯ ᠠᠴᠠ ᠰᠤᠷᠤᠭᠴᠢᠳ ᠲᠤ ᠣᠷᠴᠢᠨ ᠠᠬᠤᠢ ᠳᠤ

ᠰᠣᠭᠲᠤᠭᠤᠷᠠᠮ᠎ᠠ ᠮᠠᠶ᠋ᠢᠭᠲᠤ ᠳᠠᠳᠤᠯᠭ᠎ᠠ ᠪᠣᠯᠪᠠᠰᠤᠷᠠᠯ ᠤᠨ ᠣᠷᠴᠢᠨ ᠬᠠᠩᠭᠠᠬᠤ ᠶᠢ ᠵᠣᠷᠢᠭᠵᠢᠭᠤᠯᠤᠨ᠎ᠠ᠃

ᠰᠤᠷᠤᠭᠴᠢᠳ ᠬᠤᠯᠪᠤᠭᠳᠠᠬᠤ ᠠᠵᠤ ᠠᠬᠤᠶᠢᠯᠠᠯ ᠤᠨ ᠮᠡᠷᠭᠡᠵᠢᠯ ᠢ ᠰᠤᠳᠤᠯᠤᠨ ᠨᠡᠭᠡᠭᠡᠬᠦ ᠪᠠ  ᠦᠢᠯᠡᠳᠪᠦᠷᠢᠯᠡᠯ ᠤᠨ

ᠦᠢᠯᠡᠳᠦᠯᠭᠡ ᠳᠤ ᠣᠷᠣᠯᠴᠠᠵᠤ᠂ ᠠᠵᠤ ᠦᠢᠯᠡᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠲᠤᠰᠬᠠᠶ

ᠮᠡᠷᠭᠡᠵᠢᠯ ᠤᠨ ᠴᠢᠳᠠᠪᠤᠷᠢᠲᠠᠨ ᠤ ᠬᠠᠩᠭᠠᠯᠭ᠎ᠠ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠬᠤ ᠶᠢ ᠪᠡᠶᠡᠯᠡᠭᠦᠯᠵᠦ᠂

ᠰᠤᠷᠤᠭᠴᠢ ᠡᠯᠰᠡᠬᠦ ᠠᠴᠠ ᠠᠵᠢᠯᠴᠢᠨ ᠡᠯᠰᠡᠬᠦ ᠳᠤ ᠬᠠᠮᠤᠭ ᠤᠨ ᠣᠶᠢᠷ᠎ᠠ ᠰᠤᠷᠭᠠᠭᠤᠯᠢ ᠪᠠ ᠠᠵᠤ ᠠᠬᠤᠶᠢᠯᠠᠯ ᠢ

ᠲᠣᠬᠢᠷᠠᠭᠤᠯᠬᠤ ᠶᠢ ᠪᠡᠶᠡᠯᠡᠭᠦᠯᠦᠨ᠎ᠡ᠃

     ᠣᠯᠠᠨ ᠳᠤ ᠪᠠᠶᠠᠷᠯᠠᠯ᠎ᠠ︕

     ᠲᠥᠪ ᠷᠠᠳᠢᠣ᠋ ᠰᠦᠯᠵᠢᠶᠡᠨ ᠤ ᠰᠤᠷᠪᠤᠯᠵᠢᠯᠠᠭᠴᠢ᠄ ︽ᠠᠷᠭ᠎ᠠ ᠬᠡᠮᠵᠢᠶ᠎ᠡ︾ ᠳᠤ ᠣᠲᠣ ᠦᠶ᠎ᠡ ᠶᠢᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠠᠲᠤᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ

ᠭᠡᠵᠦ ᠳᠤᠷᠠᠳᠴᠠᠶ᠂ ᠣᠨᠴᠠᠭᠠᠶᠢᠯᠠᠨ ᠪᠠᠯᠠ ᠮᠥᠩᠭᠦ ᠶᠢ ᠪᠠᠲᠤᠯᠠᠬᠤ ᠲᠠᠯ᠎ᠠ ᠪᠠᠷ ᠡᠳ᠋ ᠤᠨ ᠵᠠᠰᠠᠭ ᠤᠨ ᠰᠠᠯᠠᠭ᠎ᠠ

ᠮᠥᠴᠢᠷ ᠠᠴᠠ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖

     ᠵᠠᠩ ᠰᠢᠶᠣᠤ ᠳ᠋ᠦᠩ᠄ ᠰᠤᠷᠪᠤᠯᠵᠢᠯᠠᠭᠴᠢ ᠨᠠᠶᠢᠵᠠ ᠶᠢᠨ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠶᠡᠷᠦᠩᠬᠡᠶ

ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠪᠥᠬᠦ ᠤᠯᠤᠰ ᠤᠨ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠶ

ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ

ᠡᠳ᠋ ᠤᠨ ᠵᠠᠰᠠᠭ ᠤᠨ ᠡᠭᠦᠷᠭᠡ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠵᠠᠷᠤᠯᠭ᠎ᠠ ᠶᠢᠨ ᠪᠦᠲᠦᠴᠡ ᠪᠠᠨ

ᠰᠢᠯᠢᠳᠡᠭᠵᠢᠭᠦᠯᠵᠦ᠂ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠳᠡᠮᠵᠢᠵᠦ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠠᠲᠤᠯᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃

     2022 ᠣᠨ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠯᠡ ᠮᠥᠩᠭᠦ ᠶᠢ 29.2 ᠳ᠋ᠦᠩᠰᠢᠭᠤᠷ

ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 2.29 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂      

8.5 % ᠨᠡᠮᠡᠭᠳᠡᠪᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢᠨ ᠠᠵᠢᠯᠯᠠᠭ᠎ᠠ ᠪᠠ ᠠᠵᠢᠯᠲᠠᠨ ᠤ ᠴᠠᠯᠢᠩ ᠢ ᠪᠠᠲᠤᠯᠠᠬᠤ ᠳᠤ 7.46 ᠳ᠋ᠦᠩᠰᠢᠭᠤᠷ

ᠲᠥᠭᠦᠷᠢᠭ ᠬᠡᠷᠡᠭᠯᠡᠵᠡᠶ︔ ︽ᠬᠤᠣᠰ ᠥᠨᠳᠥᠷ᠂ ᠬᠤᠣᠰ ᠰᠢᠯᠢᠳᠡᠭ ᠲᠥᠯᠥᠪᠯᠡᠭᠡ︾ ᠶᠢᠨ ᠪᠠᠶᠢᠭᠤᠯᠤᠯᠲᠠ ᠶᠢ ᠳᠡᠮᠵᠢᠬᠦ᠂

ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠠᠬᠢᠭᠤᠯᠬᠤ᠂ ᠰᠤᠷᠭᠠᠨ ᠬᠥᠮᠦᠵᠢᠯ ᠵᠢᠭᠠᠨ

ᠰᠤᠷᠭᠠᠯᠲᠠ ᠶᠢᠨ ᠥᠭᠡᠷᠡᠴᠢᠯᠡᠯᠲᠡ ᠶᠢ ᠠᠬᠢᠭᠤᠯᠬᠤ᠂ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠠᠵᠤ ᠦᠢᠯᠡᠳᠪᠦᠷᠢ

ᠪᠠ ᠵᠢᠭᠠᠨ ᠰᠤᠷᠭᠠᠯᠲᠠ ᠶᠢᠨ ᠠᠭᠤᠰᠤᠯᠴᠠᠭ᠎ᠠ ᠶᠢ ᠠᠬᠢᠭᠤᠯᠬᠤ ᠪᠠ ᠤᠷ᠎ᠠ ᠴᠢᠳᠠᠪᠤᠷᠢ ᠶᠢᠨ ᠤᠷᠤᠯᠳᠤᠭᠠᠨ ᠤ

ᠠᠵᠢᠯᠯᠠᠭ᠎ᠠ ᠶᠢ ᠥᠷᠨᠢᠭᠦᠯᠬᠦ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ

ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠳᠦᠰᠦᠨ ᠴᠢᠳᠠᠪᠤᠷᠢ ᠶᠢᠨ

ᠪᠠᠶᠢᠭᠤᠯᠤᠯᠲᠠ ᠶᠢ ᠴᠢᠩᠭᠠᠳᠬᠠᠬᠤ ᠳᠤ 12.06 ᠳ᠋ᠦᠩᠰᠢᠭᠤᠷ ᠲᠥᠭᠦᠷᠢᠭ ᠬᠡᠷᠡᠭᠯᠡᠪᠡ︔ ᠳᠤᠮᠳᠠ᠂ ᠳᠡᠭᠡᠳᠦ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠱᠠᠩᠨᠠᠯ ᠤᠨ ᠲᠡᠳᠬᠦᠮᠵᠢ ᠶᠢᠨ

ᠮᠥᠩᠭᠦ᠂ ᠰᠤᠷᠤᠯᠭ᠎ᠠ ᠶᠢᠨ ᠰᠦᠢᠳᠭᠡᠯ ᠠᠴᠠ ᠬᠡᠯᠲᠦᠷᠢᠭᠦᠯᠬᠦ ᠪᠠ ᠰᠦᠢᠳᠭᠡᠯ ᠬᠤᠷᠢᠶᠠᠬᠤ ᠥᠬᠡᠶ ᠬᠢᠴᠢᠶᠡᠯ ᠤᠨ

ᠪᠢᠴᠢᠭ᠂ ᠪᠠᠶᠢᠷᠢ ᠳᠤ ᠰᠠᠭᠤᠬᠤ ᠰᠣᠷᠣᠭᠴᠢ ᠶᠢᠨ ᠪᠠᠶᠢᠷᠢ ᠳᠤ ᠰᠠᠭᠤᠬᠤ ᠰᠦᠢᠳᠭᠡᠯ ᠤᠨ ᠨᠥᠬᠦᠪᠥᠷᠢ ᠳᠤ 9.68

ᠳ᠋ᠦᠩᠰᠢᠭᠤᠷ ᠲᠥᠭᠦᠷᠢᠭ ᠬᠡᠷᠡᠭᠯᠡᠵᠦ᠂ 58.15 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃

     ᠣᠶᠢᠷ᠎ᠠ ᠳᠤ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ

ᠨᠠᠩ ᠰᠠᠶᠢᠲᠤᠷ ᠳᠡᠮᠵᠢᠬᠦ ᠶᠢᠨ ᠲᠥᠯᠥᠭᠡ᠂ ᠮᠠᠨ ᠤ ᠲᠢᠩᠬᠢᠮ 0.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ

ᠢᠳᠡᠪᠬᠢᠲᠡᠶ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠳᠦᠪᠰᠢᠨᠲᠦ ᠳᠡᠭᠡᠳᠦ ᠵᠡᠷᠭᠡ ᠶᠢᠨ

ᠠᠵᠢᠯ ᠮᠡᠷᠭᠡᠵᠢᠯ ᠤᠨ ᠰᠤᠷᠭᠠᠭᠤᠯᠢ ᠪᠠ ᠥᠨᠳᠥᠷ ᠬᠢᠷᠢ ᠳᠦᠪᠰᠢᠨᠲᠦ ᠲᠤᠰᠬᠠᠶ ᠮᠡᠷᠭᠡᠵᠢᠯ ᠤᠨ ᠴᠤᠭᠯᠠᠷᠠᠯ ᠤᠨ

ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠳᠤ ᠲᠤᠰᠬᠠᠶ ᠬᠡᠷᠡᠭᠯᠡᠵᠦ᠂ ᠡᠯ᠎ᠡ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢᠨ ︽ᠬᠤᠤᠰ ᠥᠨᠳᠥᠷ ᠲᠥᠯᠥᠪᠯᠡᠭᠡ︾ ᠲᠠᠢ ᠬᠤᠯᠪᠤᠭᠳᠠᠬᠤ ᠠᠵᠢᠯ ᠢ ᠯᠠᠪᠳᠠᠭᠤᠨ

ᠪᠠᠲᠤᠲᠠᠶ ᠥᠷᠨᠢᠭᠦᠯᠬᠦ ᠶᠢ ᠪᠠᠲᠤᠯᠠᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠠᠬᠢᠭᠤᠯᠬᠤ

ᠪᠠ ᠪᠡᠶᠡᠯᠡᠭᠦᠯᠬᠦ ᠪᠠᠷ ᠪᠠᠶᠢᠨ᠎ᠠ᠃

     ᠬᠤᠶᠢᠰᠢᠳᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ

ᠭᠤᠤᠯ ᠪᠣᠯᠭᠠᠭᠰᠠᠨ᠂ ᠣᠯᠠᠨ ᠠᠷᠭ᠎ᠠ ᠵᠠᠮ ᠢᠶᠠᠷ ᠵᠠᠷᠤᠳᠠᠯ ᠴᠤᠭᠯᠠᠭᠤᠯᠬᠤ ᠪᠠᠶᠢᠭᠤᠯᠤᠯ ᠢ ᠤᠯᠠᠮ ᠨᠢᠭᠡ ᠠᠯᠬᠤᠮ

ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ ᠥᠪᠡᠷᠲᠡᠭᠡᠨ

ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠪᠠᠲᠤᠯᠠᠭ᠎ᠠ

ᠬᠠᠩᠭᠠᠨ᠎ᠠ᠃

     ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠬᠥᠮᠦᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠴᠢᠨᠠᠷᠯᠢᠭ ᠬᠥᠭᠵᠢᠯᠲᠡ ᠶᠢ ᠲᠤᠭᠤᠰᠢᠯᠠᠭᠤᠯᠬᠤ ᠲᠠᠯ᠎ᠠ ᠪᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠣᠶ︖

     ᠸᠠᠩ ᠺᠦᠨ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠳᠤᠤᠷᠠᠬᠢ ᠬᠡᠳᠦᠨ ᠲᠠᠯ᠎ᠠ ᠪᠠᠷ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠠ᠃

     ᠨᠢᠭᠡ ᠳᠤ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ

ᠰᠢᠯᠢᠳᠡᠭ ᠢ ᠬᠥᠮᠦᠵᠢᠭᠦᠯᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠷᠭᠡᠵᠢᠯ ᠤᠨ ᠠᠵᠢᠯᠴᠢᠨ ᠤ

ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠪᠠ ᠰᠤᠷᠭᠠᠭᠤᠯᠢ ᠡᠷᠭᠢᠯᠡᠬᠦ ᠴᠢᠳᠠᠪᠤᠷᠢ ᠶᠢ

ᠳᠡᠭᠡᠭᠰᠢᠯᠡᠭᠦᠯᠵᠦ᠂ ᠮᠠᠰᠲ᠋ᠧᠷ ᠤᠨ ᠳᠡᠭᠡᠳᠦ ᠰᠤᠷᠭᠠᠭᠤᠯᠢ ᠪᠠᠷ ᠲᠦᠷᠦᠭᠦᠯᠡᠭᠦᠯᠦᠭᠰᠡᠨ᠂ ᠳᠡᠭᠡᠳᠦ ᠵᠡᠷᠭᠡ ᠶᠢᠨ

ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠷ ᠭᠤᠣᠯᠯᠠᠭᠤᠯᠤᠭᠰᠠᠨ᠂ ᠡᠩ ᠤᠨ ᠮᠡᠷᠭᠡᠵᠢᠯ ᠤᠨ ᠠᠵᠢᠯᠴᠢᠨ ᠤ

ᠰᠤᠷᠭᠠᠭᠤᠯᠢ ᠪᠠᠷ ᠰᠠᠭᠤᠷᠢ ᠪᠣᠯᠭᠠᠭᠰᠠᠨ ᠬᠤᠲᠠ ᠬᠥᠳᠡᠭᠡ ᠶᠢᠨ ᠬᠥᠳᠡᠯᠮᠦᠷᠢᠴᠢᠨ ᠢ ᠬᠠᠮᠤᠷᠤᠭᠰᠠᠨ ᠮᠡᠷᠭᠡᠵᠢᠯ ᠤᠨ

ᠠᠵᠢᠯᠴᠢᠨ ᠤ ᠰᠤᠷᠭᠠᠨ ᠬᠥᠮᠦᠵᠢᠯ ᠤᠨ ᠵᠠᠭᠪᠤᠷ ᠢ ᠥᠳᠲᠡᠷ ᠲᠦᠷᠭᠡᠨ ᠪᠦᠷᠢᠯᠳᠦᠭᠦᠯᠦᠨ᠎ᠡ᠃ ᠮᠡᠷᠭᠡᠵᠢᠯ ᠤᠨ

ᠠᠵᠢᠯᠴᠢᠨ ᠤ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠤᠨ ︽ᠤᠷ᠎ᠠ ᠴᠢᠳᠠᠪᠤᠷᠢᠲᠤ ᠥᠪᠥᠷ ᠮᠣᠩᠭᠤᠯ ᠤᠨ

ᠠᠵᠢᠯᠯᠠᠭ᠎ᠠ︾ ᠶᠢᠨ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠲᠥᠯᠥᠪᠯᠡᠭᠡ ᠳᠤ ᠪᠦᠬᠦ ᠲᠠᠯ᠎ᠠ ᠪᠠᠷ ᠣᠷᠣᠯᠴᠠᠭᠤᠯᠵᠤ᠂

ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠣᠯᠤᠨ ᠠᠵᠢᠯ ᠣᠯᠭᠤᠬᠤ ᠭᠤᠣᠯᠳᠠᠯᠭᠠᠲᠠᠢ ᠬᠥᠮᠦᠰ ᠲᠤ

ᠬᠠᠨᠳᠤᠭᠤᠯᠤᠨ ᠨᠥᠬᠦᠪᠦᠷᠢᠯᠡᠬᠦ  ᠪᠣᠯᠪᠠᠰᠤᠷᠠᠭᠤᠯᠤᠯ ᠪᠠ ᠵᠠᠬ᠎ᠠ ᠳᠡᠯᠭᠡᠭᠦᠷᠴᠢᠯᠡᠭᠰᠡᠨ ᠨᠡᠶᠢᠭᠡᠮ ᠤᠨ ᠪᠣᠯᠪᠠᠰᠤᠷᠠᠭᠤᠯᠤᠯ ᠢ

ᠥᠷᠨᠢᠭᠦᠯᠦᠨ᠎ᠡ᠃ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ᠂ ᠠᠵᠢᠯᠯᠠᠵᠤ ᠰᠤᠷᠤᠯᠴᠠᠬᠤ ᠶᠢ ᠨᠢᠭᠡ ᠴᠣᠭᠴᠠᠵᠢᠭᠤᠯᠤᠨ ᠬᠥᠮᠦᠵᠢᠭᠦᠯᠬᠦ ᠵᠠᠭᠪᠤᠷ ᠢ ᠶᠡᠭᠡ ᠪᠠᠷ

ᠬᠡᠷᠡᠭᠵᠢᠭᠦᠯᠵᠦ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠴᠢᠨᠠᠷᠯᠢᠭ ᠠᠵᠢᠯ

ᠤᠯᠬᠤ ᠶᠢ ᠠᠬᠢᠭᠤᠯᠤᠨ᠎ᠠ᠃

     ᠬᠤᠶᠠᠷ ᠲᠤ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠶᠢᠭᠡᠮᠴᠢᠯᠡᠭᠰᠡᠨ ᠠᠵᠢᠯ

ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠬᠦ ᠶᠢ ᠵᠣᠷᠢᠭᠵᠢᠭᠤᠯᠤᠨ᠎ᠠ᠃

ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ

ᠲᠥᠰᠦᠯ ᠢ ᠪᠦᠬᠦᠨ ᠢ ᠬᠢᠷᠢ ᠬᠡᠮᠲᠡᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠶᠢᠰᠢ ᠨᠡᠭᠡᠭᠡᠵᠦ᠂

ᠪᠣᠯᠪᠠᠰᠤᠷᠠᠭᠤᠯᠤᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠣᠯᠪᠠᠰᠤᠷᠠᠭᠤᠯᠤᠯ ᠢ ᠳᠦᠷᠢᠮᠵᠢᠭᠦᠯᠬᠦ᠂

ᠲᠤᠰᠬᠠᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ

ᠪᠣᠯᠪᠠᠰᠤᠷᠠᠭᠤᠯᠤᠯ ᠤᠨ ᠡᠭᠦᠷᠭᠡ ᠶᠢ ᠡᠭᠦᠷᠭᠡᠯᠡᠭᠰᠡᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠷᠢ

ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ ᠳᠤ ᠪᠠᠨ ᠲᠥᠷᠥ ᠶᠢᠨ ᠪᠣᠳᠣᠯᠭ᠎ᠠ ᠶᠢᠨ

ᠲᠣᠭᠲᠠᠭᠠᠯ ᠶᠣᠰᠤ ᠪᠠᠷ ᠬᠡᠯᠪᠡᠶᠢᠯᠭᠡᠨ᠎ᠡ᠃ ᠲᠡᠭᠦᠰᠬᠦ ᠣᠨ ᠤ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠰᠤᠷᠤᠭᠴᠢᠳ ᠲᠤ ᠳᠤᠮᠳᠠ ᠣᠬᠤᠷ ᠬᠤᠭᠤᠴᠠᠭᠠᠨ ᠤ ᠤᠷ᠎ᠠ ᠴᠢᠳᠠᠪᠤᠷᠢ ᠶᠢᠨ

ᠪᠣᠯᠪᠠᠰᠤᠷᠠᠭᠤᠯᠤᠯ ᠤᠨ ᠠᠩᠭᠢ ᠶᠢ ᠨᠡᠭᠡᠭᠡᠵᠦ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ ᠶᠢᠨ

ᠬᠡᠪᠴᠢᠶᠡᠨ ᠳᠤ ᠣᠷᠣᠭᠤᠯᠤᠨ᠎ᠠ᠃

     ᠭᠤᠷᠪᠠ ᠳᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠠᠵᠤ ᠦᠢᠯᠡᠰ ᠤᠨ ᠨᠢᠭᠡᠴᠢ ᠶᠢᠨ

ᠤᠷᠢᠬᠤ ᠳᠤ ᠣᠷᠣᠯᠴᠠᠬᠤ ᠵᠡᠷᠭᠡ ᠲᠠᠯ᠎ᠠ ᠪᠠᠷ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠳ ᠲᠠᠢ ᠠᠳᠠᠯᠢ

ᠬᠠᠷᠠᠭᠠᠯᠵᠠᠯ ᠬᠦᠷᠲᠡᠬᠦ ᠬᠤᠯᠪᠤᠭᠳᠠᠬᠤ ᠲᠣᠭᠲᠠᠭᠠᠯ ᠢ ᠨᠠᠶᠢᠳᠠᠪᠤᠷᠢᠵᠢᠭᠤᠯᠵᠤ᠂ ᠤᠷᠢᠬᠤ ᠨᠥᠬᠦᠴᠡᠯ ᠢ

ᠲᠣᠬᠢᠷᠠᠭᠤᠯᠬᠤ ᠳᠤ ᠪᠠᠨ ᠲᠡᠭᠦᠰᠦᠭᠰᠡᠨ ᠰᠤᠷᠭᠠᠭᠤᠯᠢ᠂ ᠤᠯᠤᠰ ᠤᠨ ︵ᠬᠢᠯᠢ︶ ᠭᠠᠳᠠᠭᠠᠳᠤ ᠳᠤ ᠰᠤᠷᠤᠯᠴᠠᠭᠰᠠᠨ

ᠥᠩᠭᠡᠷᠡᠯᠲᠡ᠂ ᠰᠤᠷᠤᠯᠴᠠᠭᠰᠠᠨ ᠠᠷᠭ᠎ᠠ ᠮᠠᠶ᠋ᠢᠭ ᠢᠶᠠᠷ ᠬᠢᠵᠠᠭᠠᠷᠯᠠᠬᠤ ᠨᠥᠬᠦᠴᠡᠯ ᠪᠣᠯᠭᠠᠵᠤ ᠪᠣᠯᠬᠤ ᠦᠭᠡᠢ᠂ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠤ ᠦᠢᠯᠡᠰ ᠤᠨ ᠨᠢᠭᠡᠴᠢ ᠶᠢᠨ ᠢᠯᠡ ᠪᠠᠷ ᠤᠷᠢᠬᠤ ᠳᠤ

ᠣᠷᠣᠯᠴᠠᠬᠤ ᠬᠠᠤᠯᠢ ᠶᠣᠰᠣᠨ ᠤ ᠡᠷᠬᠡ ᠠᠰᠢᠭ ᠪᠣᠯᠤᠨ ᠡᠷᠬᠡ ᠲᠡᠭᠰᠢ ᠪᠠᠷ ᠥᠷᠢᠰᠥᠯᠳᠦᠬᠦ ᠲᠣᠬᠢᠶᠠᠯ ᠢ ᠪᠠᠲᠤᠯᠠᠨ

ᠬᠠᠮᠠᠭᠠᠯᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠱᠠᠭᠠᠷᠳᠠᠯᠭ᠎ᠠ ᠲᠠᠢ ᠠᠵᠢᠯ ᠤᠨ

ᠪᠠᠶᠢᠷᠢ ᠳᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠪᠤᠶᠤ

ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠭᠠᠷᠭᠠᠬᠤ ᠥᠬᠡᠶ ᠪᠠᠶᠢᠵᠤ ᠪᠣᠯᠤᠨ᠎ᠠ᠃ ᠤᠯᠤᠰ ᠪᠠ ᠥᠪᠡᠷᠲᠡᠭᠡᠨ

ᠵᠠᠰᠠᠬᠤ ᠣᠷᠣᠨ ᠤ ᠲᠣᠭᠲᠠᠭᠠᠭᠰᠠᠨ ᠱᠠᠩᠨᠠᠯ ᠤᠨ ᠵᠦᠢᠯ ᠪᠤᠶᠤ ᠢᠷᠠᠭᠤ ᠠᠯᠳᠠᠷ ᠤᠨ ᠴᠣᠯᠠ ᠣᠯᠤᠭᠰᠠᠨ ᠳᠡᠭᠡᠳᠦ

ᠳᠡᠰ ᠤᠨ ᠴᠢᠳᠠᠪᠤᠷᠢᠲᠠᠨ ᠪᠣᠯ ᠰᠢᠭᠤᠳ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠡᠮᠵᠢᠨ ᠣᠯᠤᠭᠰᠠᠨ

ᠮᠡᠷᠭᠡᠵᠢᠯ ᠤᠨ ᠤᠷ᠎ᠠ ᠴᠢᠳᠠᠪᠤᠷᠢ ᠶᠢᠨ ᠱᠠᠩᠨᠠᠯ ᠤᠨ ᠵᠦᠢᠯ ᠳᠤ ᠬᠤᠯᠪᠤᠭᠳᠠᠬᠤ ᠠᠵᠢᠯ ᠤᠨ ᠪᠠᠶᠢᠷᠢ ᠳᠤ ᠣᠴᠢᠵᠤ

ᠪᠣᠯᠤᠨ᠎ᠠ᠃

     ᠳᠥᠷᠪᠡ ᠳᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠤ

ᠨᠢᠭᠡᠳᠦᠭᠡᠷ ᠹᠷᠣᠨᠲ ᠲᠤ ᠣᠴᠢᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠲᠡᠭᠦᠰᠦᠭᠰᠡᠳ ᠠᠵᠤ ᠦᠢᠯᠡᠰ ᠤᠨ ᠨᠢᠭᠡᠴᠢ ᠳᠤ ᠤᠷᠢᠭᠳᠠᠬᠤ ᠦᠶ᠎ᠡ ᠳᠤ ᠡᠩ ᠤᠨ ᠳᠡᠭᠡᠳᠦ

ᠰᠤᠷᠭᠠᠭᠤᠯᠢ ᠲᠡᠭᠦᠰᠦᠭᠰᠡᠳ ᠲᠠᠢ ᠠᠳᠠᠯᠢ ᠪᠠᠷ ᠬᠠᠲᠠᠭᠤ ᠪᠡᠷᠬᠡᠰᠢᠶᠡᠯᠲᠡᠶ ᠪᠤᠶᠢᠳᠠ ᠪᠦᠭᠯᠡᠭᠦᠦ ᠭᠠᠵᠠᠷ ᠣᠷᠣᠨ ᠤ

ᠦᠨᠳᠦᠰᠦᠨ ᠱᠠᠲᠤᠨ ᠤ ᠠᠵᠤ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠲᠡᠶᠢᠰᠢ ᠬᠡᠯᠪᠠᠶᠢᠯᠭᠡᠬᠦ

ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ

ᠭᠤᠣᠯᠳᠠᠯᠭᠠᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠦᠨᠳᠦᠰᠦᠨ ᠱᠠᠲᠤᠨ ᠤ ᠠᠵᠤ ᠦᠢᠯᠡᠰ ᠤᠨ

ᠨᠢᠭᠡᠴᠢ ᠶᠢᠨ ᠦᠢᠯᠡᠴᠢᠯᠡᠭᠡᠨ ᠤ ᠠᠵᠢᠯ ᠤᠨ ᠤᠷ᠎ᠠ ᠴᠢᠳᠠᠪᠤᠷᠢ ᠶᠢᠨ ᠠᠵᠢᠯ ᠤᠨ ᠪᠠᠶᠢᠷᠢ ᠳᠤ ᠪᠠᠴᠢᠮ ᠬᠡᠷᠡᠭᠰᠡᠬᠦ

ᠳᠤᠲᠠᠭᠳᠠᠵᠤ ᠪᠠᠶᠢᠭ᠎ᠠ ᠤᠷ᠎ᠠ ᠴᠢᠳᠠᠪᠤᠷᠢᠲᠤ ᠴᠢᠳᠠᠪᠤᠷᠢᠲᠠᠨ ᠢ ᠨᠥᠬᠦᠪᠥᠷᠢᠯᠡᠬᠦ ᠶᠢ ᠵᠥᠪᠰᠢᠶᠡᠷᠡᠵᠦ᠂ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠠᠴᠠ ᠲᠤᠰᠬᠠᠶ  ᠤᠷᠢᠨ ᠬᠡᠷᠡᠭᠯᠡᠵᠦ ᠪᠣᠯᠤᠨ᠎ᠠ᠃

     ᠲᠠᠪᠤ ᠳᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷᠢᠬᠤ ᠡᠵᠡᠨ ᠮᠡᠳᠡᠬᠦ ᠡᠷᠬᠡ ᠶᠢ

ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠲᠥᠰᠦᠯ ᠢᠶᠠᠨ ᠡᠵᠡᠨ ᠮᠡᠳᠡᠨ ᠲᠣᠭᠲᠠᠭᠠᠵᠤ᠂

ᠤᠷᠢᠬᠤ ᠪᠦᠯᠦᠭ ᠤᠳᠠᠭ᠎ᠠ᠂ ᠴᠠᠭ ᠬᠤᠭᠤᠴᠠᠭ᠎ᠠ᠂ ᠤᠷᠢᠬᠤ ᠠᠷᠭ᠎ᠠ ᠮᠠᠶ᠋ᠢᠭ ᠢᠶᠠᠨ ᠡᠵᠡᠨ ᠮᠡᠳᠡᠨ ᠲᠣᠭᠲᠠᠭᠠᠬᠤ ᠶᠢᠨ

ᠬᠠᠮᠲᠤ ᠡᠵᠡᠨ ᠮᠡᠳᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠤᠨ᠎ᠠ᠂ ᠣᠨᠴᠠᠭᠠᠢ ᠤᠷ᠎ᠠ ᠴᠢᠳᠠᠪᠤᠷᠢᠲᠤ

ᠴᠢᠳᠠᠪᠤᠷᠢᠲᠠᠨ ︵ᠳᠡᠭᠡᠳᠦ ᠵᠡᠷᠭᠡ ᠶᠢᠨ ᠠᠵᠢᠯᠴᠢᠨ ᠠᠴᠠ ᠳᠡᠭᠡᠭᠰᠢᠬᠢ ᠠᠵᠢᠯ ᠮᠡᠷᠭᠡᠵᠢᠯ ᠤᠨ ᠬᠢᠷᠢ ᠬᠡᠮᠲᠡᠢ ᠠᠵᠢᠯᠲᠠᠨ ᠢ

ᠪᠠᠭᠲᠠᠭᠠᠨ᠎ᠠ︶ ᠳᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠰᠲᠠᠶ ᠠᠭᠤᠵᠢᠭᠤ ᠲᠠᠯᠪᠢᠵᠤ ᠪᠣᠯᠤᠨ᠎ᠠ᠃

     ᠵᠢᠷᠭᠤᠭ᠎ᠠ ᠳᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ︽ᠰᠤᠷᠤᠯᠭ᠎ᠠ ᠶᠢᠨ

ᠨᠠᠮᠲᠠᠷ ᠤᠨ ᠦᠨᠡᠮᠯᠡᠯ + ᠤᠷ᠎ᠠ ᠴᠢᠳᠠᠪᠤᠷᠢ ᠶᠢᠨ ᠳᠡᠰ ᠤᠨ ᠦᠨᠡᠮᠯᠡᠯ︾ ᠤᠨ ᠬᠤᠤᠰ ᠦᠨᠡᠮᠯᠡᠯ ᠤᠨ ᠠᠵᠢᠯᠯᠠᠭ᠎ᠠ ᠶᠢ

ᠥᠷᠨᠢᠭᠦᠯᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ

ᠦᠨᠡᠯᠡᠬᠦ ᠪᠠᠶᠢᠭᠤᠯᠤᠮᠵᠢ ᠶᠢ ᠨᠡᠶᠢᠳᠡᠮ ᠪᠠᠶᠢᠭᠤᠯᠬᠤ ᠶᠢ ᠠᠬᠢᠭᠤᠯᠤᠨ᠎ᠠ᠃

     ᠳᠣᠯᠤᠭ᠎ᠠ ᠳᠤ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠳᠤ ᠣᠯᠠᠨ ᠶᠠᠩᠵᠤ ᠬᠡᠯᠪᠡᠷᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ

ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ

ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠨ

ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠳᠠᠳᠤᠯᠭ᠎ᠠ ᠪᠣᠯᠪᠠᠰᠤᠷᠠᠯ ᠵᠢᠭᠠᠨ

ᠰᠤᠷᠭᠠᠯᠲᠠ ᠶᠢ ᠴᠢᠩᠭᠠᠳᠬᠠᠨ᠎ᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map