2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠥᠬᠡᠭᠴᠢᠨ ᠲᠠᠰ ᠤᠨ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/10/11
      ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ      9 ᠳ᠋ᠦ᠋ᠭᠡᠷ ᠰᠠᠷ᠎ᠠ ᠶᠢᠨ 20 ᠤ ᠡᠳᠦᠷ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ︵U 16 —U 18︶ ᠤᠨ ᠬᠥᠬᠡᠭᠴᠢᠨ ᠲᠠᠰ ᠤᠨ ᠬᠤᠯᠪᠣᠭᠠᠲᠤ ᠤᠷᠤᠯᠳᠤᠭᠠᠨ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠴᠢᠪᠠᠭ᠎ᠠ ᠨᠢᠭᠡᠳᠦᠭᠡᠷ ᠳᠤᠮᠳᠠᠳᠤ ᠰᠤᠷᠭᠠᠭᠤᠯᠢ ᠳᠤ ᠲᠡᠭᠦᠰ ᠠᠮᠵᠢᠯᠲᠠ ᠲᠠᠢ ᠥᠨᠳᠥᠷᠯᠡᠪᠡ᠃

1.png

            ᠡᠷᠡᠭᠲᠡᠶ ᠶᠢᠨ ᠳᠤᠭᠤᠶᠢᠯᠠᠩ ᠤᠨ ᠰᠢᠢᠳᠪᠦᠷᠢᠲᠦ ᠤᠷᠤᠯᠳᠤᠭᠠᠨ ᠤ ᠠᠬᠤᠢ ᠲᠠᠯᠠᠪᠠᠢ

2.png

            ᠡᠮᠡᠭᠲᠡᠶ ᠶᠢᠨ ᠳᠤᠭᠤᠶᠢᠯᠠᠩ ᠤᠨ  ᠰᠢᠢᠳᠪᠦᠷᠢᠲᠦ ᠤᠷᠤᠯᠳᠤᠭᠠᠨ ᠤ ᠠᠬᠤᠢ ᠲᠠᠯᠠᠪᠠᠢ

      6 ᠡᠳᠦᠷ ᠤᠨ ᠳᠣᠭᠤᠶᠢᠯᠠᠩ ᠤᠨ ᠤᠷᠤᠯᠳᠤᠭᠠᠨ ᠪᠠ ᠰᠣᠯᠪᠢᠴᠠᠭ᠎ᠠ ᠰᠢᠭᠰᠢᠭᠳᠡᠯ ᠤᠷᠤᠯᠳᠤᠭᠠᠨ ᠤ ᠰᠢᠷᠦᠭᠦᠨ

ᠮᠥᠷᠦ᠋ᠢᠴᠡᠭᠡᠨ ᠢᠶᠠᠷ ᠳᠠᠮᠵᠢᠨ᠂ 8 ᠬᠥᠯ ᠪᠥᠮᠪᠥᠭᠡᠨ ᠤ ᠠᠩᠭᠢ ᠠᠮᠵᠢᠯᠲᠠ ᠲᠠᠢ ᠬᠥᠬᠡ ᠲᠡᠰ ᠤᠨ ᠬᠤᠯᠪᠣᠭᠠᠲᠤ

ᠤᠷᠤᠯᠳᠤᠭᠠᠨ ᠳᠤ ᠳᠡᠪᠰᠢᠬᠦ ᠬᠢᠷᠢ ᠬᠡᠮ ᠢ ᠣᠯᠵᠠᠶ᠂ ᠲᠤᠰ ᠲᠤᠰ ᠡᠷᠡᠭᠲᠡᠶ ᠶᠢᠨ ᠳᠤᠭᠤᠶᠢᠯᠠᠩ ᠤᠨ ᠡᠮᠦᠨ᠎ᠡ

ᠳᠥᠷᠪᠡᠨ ᠨᠡᠷ᠎ᠡ ᠳᠤ ᠣᠷᠣᠭᠰᠠᠨ ᠪᠤᠭᠤᠲᠤ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠪᠡᠭᠡᠵᠢᠩ ᠤᠨ

ᠪᠠᠭᠰᠢ ᠶᠢᠨ ᠶᠡᠭᠡ ᠰᠤᠷᠭᠠᠭᠤᠯᠢ ᠶᠢᠨ ᠣᠷᠳᠣᠰ ᠳᠠᠬᠢ ᠬᠠᠷᠢᠶᠠᠲᠤ ᠰᠤᠷᠭᠠᠭᠤᠯᠢ᠂ ᠤᠯᠠᠭᠠᠨᠬᠠᠳᠠ ᠬᠤᠲᠠ ᠶᠢᠨ

ᠬᠤᠶᠠᠳᠤᠭᠠᠷ ᠳᠤᠮᠳᠠᠳᠤ ᠰᠤᠷᠭᠠᠭᠤᠯᠢ᠂ ᠬᠥᠯᠥᠨ ᠪᠤᠶᠢᠷ ᠬᠤᠲᠠ ᠶᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ

ᠥᠪᠡᠷᠲᠡᠭᠡᠨ ᠵᠠᠰᠠᠬᠤ ᠬᠤᠰᠢᠭᠤᠨ ᠤ ᠨᠢ ᠡᠯ ᠵᠢᠢ ᠨᠢᠭᠡᠳᠦᠭᠡᠷ ᠳᠤᠮᠳᠠᠳᠤ ᠰᠤᠷᠭᠠᠭᠤᠯᠢ ᠵᠢᠴᠢ ᠡᠮᠡᠭᠲᠡᠶ ᠶᠢᠨ

ᠳᠤᠭᠤᠶᠢᠯᠠᠩ ᠤᠨ ᠡᠮᠦᠨ᠎ᠡ ᠳᠥᠷᠪᠡᠨ ᠨᠡᠷ᠎ᠡ ᠳᠤ ᠣᠷᠣᠭᠰᠠᠨ ᠦᠬᠠᠶ ᠬᠤᠲᠠ ᠶᠢᠨ ᠨᠢᠭᠡᠳᠦᠭᠡᠷ ᠳᠤᠮᠳᠠᠳᠤ

ᠰᠤᠷᠭᠠᠭᠤᠯᠢ᠂ ᠣᠷᠳᠣᠰ ᠬᠤᠲᠠ ᠶᠢᠨ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ

ᠰᠤᠷᠭᠠᠭᠤᠯᠢ᠂ ᠪᠠᠶᠠᠨᠨᠠᠭᠤᠷ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠥᠯᠥᠨ ᠪᠤᠶᠢᠷ ᠬᠤᠲᠠ ᠶᠢᠨ

ᠬᠠᠶᠢᠯᠠᠷ ᠬᠤᠶᠠᠳᠤᠭᠠᠷ ᠳᠤᠮᠳᠠᠳᠤ ᠰᠤᠷᠭᠠᠭᠤᠯᠢ ᠪᠣᠯᠤᠨ᠎ᠠ᠃

3.jpg

      ᠡᠨᠡ ᠤᠳᠠᠭᠠᠨ ᠤ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠳᠤᠭᠤᠶᠢᠯᠠᠩ ᠤᠨ ᠬᠥᠬᠡᠭᠴᠢᠨ ᠲᠠᠰ ᠤᠨ ᠬᠤᠯᠪᠣᠭᠠᠲᠤ ᠤᠷᠤᠯᠳᠤᠭᠠᠨ ᠡᠯ᠎ᠡ ᠬᠥᠯ  ᠪᠥᠮᠪᠦᠭᠡᠨ ᠤ

ᠲᠥᠯᠦᠭᠡᠯᠡᠭᠴᠢ ᠶᠢᠨ ᠠᠩᠭᠢ ᠳᠤ ᠰᠣᠯᠢᠯᠴᠠᠵᠤ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠪᠥᠬᠦ ᠣᠷᠣᠨ ᠤ 12

ᠠᠶᠢᠮᠠᠭ ᠬᠤᠲᠠ ᠠᠴᠠ ᠢᠷᠡᠭᠰᠡᠨ 29 ᠬᠥᠯ ᠪᠥᠮᠪᠥᠭᠡᠨ ᠤ ᠠᠩᠭᠢ ᠶᠢᠨ 700 ᠭᠠᠷᠤᠶ ᠲᠠᠮᠢᠷᠴᠢᠨ ᠠᠳᠠᠯᠢ

ᠲᠠᠯᠠᠪᠠᠢ ᠳᠤ ᠮᠥᠷᠦᠶᠢᠴᠡᠵᠦ᠂ ᠡᠷᠡᠰ ᠬᠠᠲᠠᠭᠤ ᠵᠣᠷᠢᠭ ᠰᠠᠨᠠᠭ᠎ᠠ᠂ ᠪᠦᠯᠬᠦᠮᠳᠡᠯ ᠤᠨ ᠵᠣᠷᠢᠭ ᠰᠠᠨᠠᠭ᠎ᠠ ᠪᠣᠯᠤᠨ

ᠳᠠᠪᠠᠭᠤᠯᠢᠭ ᠬᠥᠯ ᠪᠥᠮᠪᠥᠭᠡᠨ ᠤ ᠮᠡᠷᠭᠡᠵᠢᠯ ᠢᠶᠠᠷ ᠠᠬᠤᠢ ᠲᠠᠯᠠᠪᠠᠶ ᠶᠢᠨ ᠦᠵᠡᠭᠴᠢᠳ ᠢ ᠳᠣᠭᠳᠣᠯᠤᠭᠤᠯᠤᠭᠰᠠᠨ

ᠪᠠᠶᠢᠨ᠎ᠠ᠃ ᠡᠨᠡ ᠤᠳᠠᠭᠠᠨ ᠤ ᠤᠷᠤᠯᠳᠤᠭᠠᠨ ᠪᠣᠯ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠬᠦ᠂

ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢ ᠶᠢ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ

ᠶᠤᠮ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map