2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠰᠢᠢᠳᠪᠦᠷᠢᠲᠦ ᠤᠷᠤᠯᠳᠤᠭᠠᠨ ᠥᠨᠳᠦᠷᠯᠡᠪᠡ
ᠨᠡᠶᠢᠲᠡᠯᠡᠭᠰᠡᠨ ᠴᠠᠭ᠄
2023/10/11

1.jpg

     2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠰᠢᠢᠳᠪᠦᠷᠢᠲᠦ

ᠤᠷᠤᠯᠳᠤᠭᠠᠨ ᠤ ᠱᠠᠩᠨᠠᠯ ᠣᠯᠭᠤᠬᠤ ᠠᠬᠤᠶ ᠲᠠᠯᠠᠪᠠᠶ

     ᠡᠷᠡᠮᠡᠬᠡᠶᠢᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ ᠰᠤᠷᠭᠠᠭᠤᠯᠢ ᠶᠢᠨ ᠬᠦᠷᠢᠶ᠎ᠡ᠂ ᠣᠷᠭᠢᠯᠤᠮ᠎ᠠ ᠬᠦᠰᠡᠯ

ᠵᠣᠷᠢᠭ ᠢ ᠬᠥᠭᠵᠢᠭᠡᠬᠦ ᠤᠷᠤᠯᠳᠤᠭᠠᠨ ᠤ ᠲᠠᠯᠠᠪᠠᠢ᠃ 9 ᠰᠠᠷ᠎ᠠ ᠶᠢᠨ 25 ᠤ ᠡᠳᠦᠷ᠂ 2023 ᠣᠨ ᠤ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠰᠢᠢᠳᠪᠦᠷᠢᠲᠦ ᠤᠷᠤᠯᠳᠤᠭᠠᠨ ᠣᠷᠳᠣᠰ ᠬᠤᠲᠠ ᠳᠤ

ᠲᠡᠭᠦᠰ ᠠᠮᠵᠢᠯᠲᠠ ᠲᠠᠢ ᠥᠨᠳᠥᠷᠯᠡᠪᠡ᠃ ᠡᠨᠡ ᠤᠳᠠᠭᠠᠨ ᠤ ᠶᠡᠷᠦᠩᠬᠡᠶ ᠰᠢᠢᠳᠪᠦᠷᠢᠲᠦ ᠤᠷᠤᠯᠳᠤᠭᠠᠨ ᠳᠤ

ᠡᠷᠡᠭᠲᠡᠶ ᠶᠢᠨ ᠳᠤᠭᠤᠶᠢᠯᠠᠩ ᠪᠠ ᠡᠮᠡᠭᠲᠡᠶ ᠶᠢᠨ ᠳᠤᠭᠤᠶᠢᠯᠠᠩ ᠲᠤᠰ ᠲᠤᠰ 16 ᠠᠩᠭᠢ ᠤᠷᠤᠯᠳᠤᠭᠠᠨ ᠳᠤ

ᠣᠷᠣᠯᠴᠠᠵᠤ᠂ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ 600 ᠭᠠᠷᠤᠶ ᠬᠥᠮᠦᠨ᠂ 6 ᠡᠳᠦᠷ ᠤᠨ

ᠤᠷᠤᠯᠳᠤᠭᠠᠨ ᠳᠤ ᠬᠥᠯ ᠪᠥᠮᠪᠦᠭᠡ ᠪᠠᠷ ᠬᠥᠭᠦᠷᠭᠡ ᠪᠣᠯᠭᠠᠨ ᠮᠡᠷᠭᠡᠵᠢᠯ ᠪᠠ ᠨᠥᠬᠦᠷᠯᠡᠯ ᠤᠨ ᠰᠣᠯᠢᠯᠴᠠᠭ᠎ᠠ

ᠥᠷᠨᠢᠭᠦᠯᠪᠡ᠃

2.jpg

3.jpg

4.jpg

            ᠡᠷᠡᠭᠲᠡᠶ ᠶᠢᠨ ᠳᠤᠭᠤᠶᠢᠯᠠᠩ ᠤᠨ ᠰᠢᠢᠳᠪᠦᠷᠢᠲᠦ ᠤᠷᠤᠯᠳᠤᠭᠠᠨ ᠤ ᠠᠬᠤᠢ ᠲᠠᠯᠠᠪᠠᠢ

5.jpg

6.jpg

7.jpg

            ᠡᠮᠡᠭᠲᠡᠶ ᠶᠢᠨ ᠳᠤᠭᠤᠶᠢᠯᠠᠩ ᠤᠨ ᠰᠢᠢᠳᠪᠦᠷᠢᠲᠦ ᠤᠷᠤᠯᠳᠤᠭᠠᠨ ᠤ ᠠᠬᠤᠢ ᠲᠠᠯᠠᠪᠠᠢ

      ᠬᠦᠴᠦ ᠲᠡᠩᠴᠡᠯᠳᠦᠵᠦ ᠪᠠᠶᠢᠭᠰᠠᠨ ᠠᠴᠠ ᠰᠢᠪᠲᠤᠯᠵᠤ ᠳᠠᠭᠠᠷᠢᠬᠤ ᠬᠦᠷᠲᠡᠯ᠎ᠡ᠂ ᠳᠠᠪᠠᠭᠤᠯᠢᠭ ᠪᠣᠰᠤ

ᠪᠠᠶᠢᠷᠢᠨ ᠳᠤ ᠪᠠᠶᠢᠭᠰᠠᠨ ᠠᠴᠠ ᠭᠡᠳᠡᠷᠭᠦ ᠳᠠᠭᠠᠷᠢᠨ ᠢᠯᠠᠬᠤ ᠬᠦᠷᠲᠡᠯ᠎ᠡ᠂ ᠪᠥᠮᠪᠦᠭᠡᠴᠢᠳ ᠤᠷᠤᠯᠳᠤᠭᠠᠨ ᠤ ᠲᠠᠯᠠᠪᠠᠢ ᠳᠤ

ᠡᠷᠡᠰ ᠰᠢᠭᠤᠷᠬᠠᠶ᠂ ᠴᠥᠬᠦᠷᠡᠰᠢ ᠦᠭᠡᠢ᠂ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ᠢᠯᠡᠷᠡᠭᠦᠯᠪᠡ᠃ ᠡᠴᠦᠰ ᠲᠤ᠂

ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠪᠠ ᠣᠷᠳᠣᠰ

ᠬᠤᠲᠠ ᠶᠢᠨ ᠳᠠᠯᠠᠳ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ ᠯᠠᠪᠳᠠᠭᠤᠨ ᠪᠠᠲᠤᠲᠠᠶ ᠰᠠᠭᠤᠷᠢ᠂

ᠠᠮᠢᠳᠤᠯᠢᠭ ᠢᠶᠠᠷ ᠠᠷᠭᠠᠴᠠᠬᠤ ᠪᠠ ᠲᠠᠰᠤᠷᠠᠯᠲᠠ ᠥᠬᠡᠶ ᠳᠡᠭᠡᠭᠰᠢᠯᠡᠭᠦᠯᠬᠦ ᠴᠢᠳᠠᠪᠤᠷᠢ ᠪᠠᠷ ᠥᠷᠢᠰᠥᠯᠳᠦᠭᠴᠢ ᠪᠠᠨ

ᠳᠠᠪᠠᠵᠤ᠂ ᠳᠠᠪᠬᠤᠷ ᠳᠠᠪᠬᠤᠷ ᠪᠣᠭᠤᠮᠲᠠ ᠶᠢ ᠰᠢᠪᠲᠤᠯᠤᠨ᠂ ᠡᠷᠡᠭᠲᠡᠶ ᠶᠢᠨ ᠳᠤᠭᠤᠶᠢᠯᠠᠩ ᠪᠠ ᠡᠮᠡᠭᠲᠡᠶ ᠶᠢᠨ

ᠳᠤᠭᠤᠶᠢᠯᠠᠩ ᠳᠤ ᠮᠠᠩᠯᠠᠶᠢᠯᠠᠪᠠ᠃

8.jpg

      ᠡᠷᠡᠭᠲᠡᠶ ᠶᠢᠨ ᠳᠤᠭᠤᠶᠢᠯᠠᠩ ᠤᠨ ᠮᠠᠩᠯᠠᠶ᠄ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ

ᠲᠤᠷᠰᠢᠯᠲᠠ ᠶᠢᠨ ᠳᠤᠮᠳᠠᠳᠤ ᠰᠤᠷᠭᠠᠭᠤᠯᠢ

9.jpg

       ᠡᠮᠡᠭᠲᠡᠢ ᠶᠢᠨ ᠳᠤᠭᠤᠶᠢᠯᠠᠩ ᠤᠨ ᠮᠠᠩᠯᠠᠶ᠄ ᠣᠷᠳᠣᠰ ᠬᠤᠲᠠ ᠶᠢᠨ ᠳᠠᠯᠠᠳ ᠬᠤᠰᠢᠭᠤᠨ ᠤ ᠲᠠᠪᠤᠳᠤᠭᠠᠷ

ᠳᠤᠮᠳᠠᠳᠤ ᠰᠤᠷᠭᠠᠭᠤᠯᠢ

10.jpg

11.jpg

      2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡᠨ ᠤ ᠠᠩᠬ᠎ᠠ ᠵᠡᠷᠭᠡ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠰᠢᠢᠳᠪᠦᠷᠢᠲᠦ ᠤᠷᠤᠯᠳᠤᠭᠠᠨ ᠤ

ᠮᠠᠩᠯᠠᠶᠢᠯᠠᠭᠴᠢ ᠢᠯᠠᠯᠲᠠ ᠪᠠᠨ ᠪᠡᠯᠭᠡᠯᠡᠵᠦ ᠪᠠᠶᠢᠭ᠎ᠠ ᠨᠢ

      2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ

ᠬᠦᠯ ᠪᠥᠮᠪᠦᠭᠡᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠶᠡᠷᠦᠩᠬᠡᠢ ᠰᠢᠢᠳᠪᠦᠷᠢᠲᠦ

ᠤᠷᠤᠯᠳᠤᠭᠠᠨ ᠪᠦᠬᠦ ᠣᠷᠣᠨ ᠤ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠦᠯ  ᠪᠥᠮᠪᠦᠭᠡᠨ ᠤ ᠤᠷᠤᠯᠳᠤᠭᠠᠨ ᠤ

ᠬᠢᠷᠢ ᠲᠦᠪᠰᠢᠨ ᠢ ᠳᠡᠯᠭᠡᠨ ᠦᠵᠡᠭᠦᠯᠵᠦ᠂ ᠰᠢᠯᠢᠳᠡᠭ ᠬᠦᠯ ᠪᠥᠮᠪᠦᠭᠡᠴᠢᠳ ᠢ ᠢᠯᠡᠷᠡᠭᠦᠯᠦᠨ ᠬᠥᠮᠦᠵᠢᠭᠦᠯᠪᠡ᠃ ᠡᠨᠡ ᠨᠢ

ᠮᠥᠨ ᠴᠦ ᠣᠶᠢᠷ᠎ᠠ ᠶᠢᠨ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠠᠴᠠ ᠪᠡᠶ᠎ᠡ ᠶᠢᠨ ᠲᠠᠮᠢᠷ ᠪᠠ ᠰᠤᠷᠭᠠᠨ

ᠬᠥᠮᠦᠵᠢᠯ ᠤᠨ ᠠᠭᠤᠰᠤᠯᠴᠠᠭ᠎ᠠ ᠶᠢ ᠢᠳᠡᠪᠬᠢᠲᠡᠶ ᠠᠬᠢᠭᠤᠯᠵᠤ᠂ ᠪᠡᠶ᠎ᠡ ᠶᠢᠨ ᠲᠠᠮᠢᠷ ᠢᠶᠠᠷ ᠬᠥᠮᠦᠨ ᠬᠥᠮᠦᠵᠢᠭᠦᠯᠬᠦ ᠶᠢ

ᠴᠢᠩᠭᠠᠳᠬᠠᠭᠰᠠᠨ ᠤ ᠴᠢᠬᠤᠯᠠ ᠢᠯᠡᠷᠡᠯ ᠪᠣᠯᠤᠨ᠎ᠠ᠃ ᠡᠯ᠎ᠡ ᠠᠶᠢᠮᠠᠭ ᠬᠤᠲᠠ ᠶᠢᠨ ᠬᠥᠯ  ᠪᠥᠮᠪᠦᠭᠡᠨ ᠤ ᠠᠩᠭᠢ ᠴᠤ

ᠡᠯ᠎ᠡ ᠱᠠᠲᠤᠨ ᠤ ᠡᠯ᠎ᠡ ᠲᠥᠷᠥᠯ ᠤᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠰᠠᠭᠤᠷᠢ ᠪᠠᠨ ᠲᠠᠰᠤᠷᠠᠯᠲᠠ

ᠥᠬᠡᠶ ᠪᠠᠬᠢᠵᠢᠭᠦᠯᠦᠨ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠰᠢᠮᠡᠳᠦ ᠬᠥᠷᠥᠰᠥ ᠶᠢ ᠵᠤᠵᠠᠭᠠᠳᠬᠠᠵᠤ᠂

ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠳᠤ

ᠬᠦᠴᠦᠨ ᠨᠡᠮᠡᠷᠢᠯᠡᠵᠦ ᠪᠣᠢ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map