ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/10/11
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                       260 ᠳ᠋ᠤᠭᠠᠷ ᠲᠣᠭᠠᠲᠤ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢ 2022 ᠣᠨ ᠤ 12 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 35 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2023 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃             ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ             2022 ᠣᠨ ᠤ 12 ᠳ᠋ᠤᠭᠠᠷ ᠰᠠᠷ᠎ᠠ ᠶᠢᠨ 30 ᠤ ᠡᠳᠦᠷ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ ᠵᠦᠢᠯᠡᠰ ᠲᠤ       ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ  ᠶᠢᠨ ᠠᠷᠭ᠎ᠠ       ᠨᠢᠭᠡᠳᠦᠭᠡᠷ ᠵᠦᠢᠯ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠬᠢ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃       ᠲᠤᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠳᠡᠭ ᠨᠢ ᠴᠢᠬᠤᠯᠠ ᠲᠦᠷᠦ ᠶᠢᠨ ᠪᠠᠶᠢᠭᠤᠯᠭ᠎ᠠ᠂ ᠴᠡᠷᠢᠭ ᠤᠨ ᠶᠠᠪᠤᠳᠠᠯ ᠤᠨ ᠪᠡᠯᠡᠳᠬᠡᠮᠵᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠠᠵᠤ ᠦᠢᠯᠡᠳᠪᠦᠷᠢ ᠶᠢᠨ ᠨᠢᠭᠡᠴᠢ ᠵᠡᠷᠭᠡ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠭᠤᠣᠯᠳᠠᠯᠭ᠎ᠠ ᠪᠣᠯᠬᠤ ᠴᠢᠬᠤᠯᠠ ᠨᠢᠭᠡᠴᠢ ᠶᠢᠨ ᠡᠷᠭᠢᠨ ᠲᠣᠭᠤᠷᠢᠨ ᠤ ᠠᠶᠤᠯ ᠦᠭᠡᠢ ᠶᠢᠨ ᠡᠵᠡᠮᠰᠢᠯ ᠤᠨ ᠣᠷᠣᠨ ᠪᠦᠰᠡ ᠳᠠᠬᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠤᠯᠤᠰ ᠤᠨ ᠠᠮᠤᠷ ᠲᠦᠪᠰᠢᠨ ᠤ ᠵᠦᠢᠯ ᠳᠤ ᠬᠤᠯᠪᠣᠭᠳᠠᠬᠤ ᠪᠤᠰᠤᠳ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠭᠠᠵᠤ ᠪᠤᠶ᠃       ᠲᠤᠰ ᠠᠷᠭ᠎ᠠ ᠳᠤ ᠬᠡᠯᠡᠵᠦ ᠪᠠᠶᠢᠭ᠎ᠠ ᠠᠶᠤᠯ ᠦᠭᠡᠢ ᠶᠢᠨ ᠡᠵᠡᠮᠰᠢᠯ ᠤᠨ ᠣᠷᠣᠨ ᠪᠦᠰᠡ ᠭᠡᠳᠡᠭ ᠨᠢ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠭᠤᠣᠯᠳᠠᠯᠭ᠎ᠠ ᠪᠣᠯᠬᠤ ᠴᠢᠬᠤᠯᠠ ᠨᠢᠭᠡᠴᠢ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ᠲᠡᠭᠦᠨ ᠤ ᠡᠷᠭᠢᠨ ᠲᠣᠭᠤᠷᠢᠨ ᠤ ᠵᠣᠬᠢᠬᠤ ᠵᠠᠢ ᠳᠤ ᠬᠤᠪᠢᠶᠠᠷᠢᠯᠠᠨ ᠭᠠᠷᠭᠠᠭᠰᠠᠨ ᠪᠦᠲᠦᠭᠡᠨ ᠪᠠᠶᠢᠭᠤᠯᠵᠤ ᠡᠵᠡᠮᠰᠢᠬᠦ ᠣᠷᠣᠨ ᠪᠦᠰᠡ ᠶᠢ ᠵᠢᠭᠠᠵᠤ ᠪᠤᠶ᠃       ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠳᠠᠬᠢ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠨ᠂ ᠵᠣᠬᠢᠴᠠᠭᠤᠯᠬᠤ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠭᠡᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤ ᠬᠤᠯᠪᠤᠭᠠᠯᠠᠨ ᠬᠠᠮᠲᠤᠷᠠᠯᠴᠠᠬᠤ᠂ ᠮᠡᠳᠡᠭᠡ ᠵᠠᠩᠭᠢ ᠪᠠᠨ ᠬᠠᠮᠲᠤ ᠪᠠᠷ ᠭᠥᠷᠳᠡᠬᠦ ᠶᠢ ᠨᠢ ᠠᠬᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠭᠦᠢᠴᠡᠳᠬᠡᠯᠭᠡᠬᠦ ᠬᠡᠷᠡᠭᠲᠡᠢ᠃       ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ  ᠢ ᠬᠠᠮᠠᠭᠠᠯᠠᠬᠤ ᠪᠠᠶᠢᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠬᠢ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠬᠢ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠵᠠᠰᠠᠭ ᠵᠠᠬᠢᠷᠭᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃       ᠲᠠᠪᠤᠳᠤᠭᠠᠷ ᠵᠦᠢᠯ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠪᠠᠶᠢᠭᠠᠳ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠭᠤᠯᠤᠨ᠂ ᠲᠤᠰ ᠵᠠᠰᠠᠭ ᠵᠠᠬᠢᠷᠭᠠᠨ ᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠶᠣᠰᠣᠭᠠᠷ ᠠᠶᠤᠯ ᠦᠭᠡᠢ ᠶᠢᠨ ᠡᠵᠡᠮᠰᠢᠯ ᠤᠨ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ ᠬᠡᠷᠡᠭᠵᠢᠭᠦᠯᠬᠦ ᠬᠡᠷᠡᠭᠲᠡᠢ᠃       ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠵᠠᠰᠠᠭ ᠵᠠᠬᠢᠷᠭᠠᠨ ᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠳᠤ ᠪᠠᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠡᠷᠡᠭᠴᠡᠭᠡ ᠶᠢ ᠭᠦᠢᠴᠡᠳ ᠪᠣᠳᠣᠯᠬᠢᠯᠠᠬᠤ ᠬᠡᠷᠡᠭᠲᠡᠢ︔ ᠠᠶᠤᠯ ᠦᠭᠡᠢ ᠶᠢᠨ ᠡᠵᠡᠮᠰᠢᠯ ᠤᠨ ᠣᠷᠣᠨ ᠪᠦᠰᠡ ᠲᠠᠢ ᠬᠤᠯᠪᠣᠭᠳᠠᠪᠠᠯ᠂ ᠤᠷᠢᠳ ᠢᠶᠠᠷ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠠᠴᠠ ᠰᠠᠨᠠᠯ ᠬᠤᠷᠢᠶᠠᠬᠤ ᠬᠡᠷᠡᠭᠲᠡᠢ᠃       ᠳᠣᠯᠣᠳᠤᠭᠠᠷ ᠵᠦᠢᠯ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ᠂ ᠭᠤᠶᠤᠴᠢᠯᠠᠭᠴᠢ ᠨᠢ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠠᠴᠠ ᠡᠮᠦᠨᠡᠬᠢ ᠰᠡᠳᠦᠪ ᠲᠣᠭᠲᠠᠭᠠᠵᠤ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠥᠪᠰᠢᠶᠡᠷᠡᠯ ᠤᠨ ᠱᠠᠲᠤᠨ ᠳᠤ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠠᠴᠠ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠯ ᠢ ᠭᠤᠶᠤᠴᠢᠯᠠᠬᠤ ᠬᠡᠷᠡᠭᠲᠡᠢ︔ ᠬᠠᠤᠯᠢ ᠶᠣᠰᠣᠭᠠᠷ ᠰᠡᠳᠦᠪ ᠲᠣᠭᠲᠠᠭᠠᠵᠤ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠥᠪᠰᠢᠶᠡᠷᠡᠯ  ᠢ ᠭᠤᠶᠤᠴᠢᠯᠠᠬᠤ ᠴᠢᠬᠤᠯᠠ ᠦᠭᠡᠢ ᠪᠣᠯ᠂ ᠪᠠᠷᠢᠯᠭ᠎ᠠ ᠶᠢ ᠪᠦᠲᠦᠭᠡᠨ ᠪᠠᠶᠢᠭᠤᠯᠬᠤ ᠵᠥᠪᠰᠢᠶᠡᠷᠡᠯ ᠤᠨ ᠱᠠᠲᠤᠨ ᠳᠤ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠠᠴᠠ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠯ ᠢ ᠭᠤᠶᠤᠴᠢᠯᠠᠬᠤ ᠬᠡᠷᠡᠭᠲᠡᠢ᠃       ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠵᠥᠪᠰᠢᠶᠡᠷᠡᠯ ᠢ ᠣᠯᠣᠭᠰᠠᠨ ᠦᠭᠡᠢ ᠪᠣᠯ᠂ ᠭᠤᠶᠤᠴᠢᠯᠠᠭᠴᠢ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠳᠤᠷ᠎ᠠ ᠪᠠᠷ ᠥᠷᠨᠢᠭᠦᠯᠵᠦ ᠪᠣᠯᠬᠤ ᠦᠭᠡᠢ᠃       ᠨᠠᠢᠮᠠᠳᠤᠭᠠᠷ ᠵᠦᠢᠯ ᠭᠤᠶᠤᠴᠢᠯᠠᠭᠴᠢ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠵᠥᠪᠰᠢᠶᠡᠷᠡᠯ ᠢ ᠭᠤᠶᠤᠴᠢᠯᠠᠬᠤ ᠳᠤ ᠪᠠᠨ᠂ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄       ︵ᠨᠢᠭᠡ︶ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠥᠪᠰᠢᠶᠡᠷᠡᠭᠦᠯᠬᠦ ᠭᠤᠶᠤᠴᠢᠯᠠᠯ ᠤᠨ ᠪᠢᠴᠢᠭ︔       ︵ᠬᠤᠶᠠᠷ︶ ᠭᠤᠶᠤᠴᠢᠯᠠᠭᠴᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠪᠤᠶᠤ ᠵᠣᠬᠢᠶᠠᠨ ᠪᠠᠶᠢᠭᠤᠯᠵᠤ ᠳᠠᠩᠰᠠᠯᠠᠭᠤᠯᠤᠨ ᠲᠡᠮᠳᠡᠭᠯᠡᠭᠦᠯᠦᠭᠰᠡᠨ ᠦᠨᠡᠮᠯᠡᠯ ᠵᠡᠷᠭᠡ ᠬᠦᠴᠦᠨ ᠪᠦᠬᠦᠢ ᠦᠨᠡᠮᠯᠡᠯ ᠤᠨ       ᠪᠠᠭᠤᠯᠭᠠᠪᠤᠷᠢ︔       ︵ᠭᠤᠷᠪᠠ︶ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠰᠢᠨᠵᠢ ᠴᠢᠨᠠᠷ᠂ ᠬᠡᠷᠡᠭᠯᠡᠬᠦ ᠴᠢᠳᠠᠮᠵᠢ᠂ ᠭᠠᠵᠠᠷ ᠵᠦᠢ ᠶᠢᠨ ᠪᠠᠶᠢᠷᠢᠯᠠᠯ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠲᠣᠳᠣᠷᠬᠠᠶᠢᠯᠠᠯᠲᠠ ᠶᠢᠨ ᠪᠢᠴᠢᠭ ᠮᠠᠲ᠋ᠧᠷᠢᠶᠠᠯ︔      ︵ᠳᠥᠷᠪᠡ︶ ᠪᠦᠲᠦᠭᠡᠨ ᠪᠠᠶᠢᠭᠤᠯᠬᠤ ᠲᠥᠷᠥᠯ ᠵᠦᠢᠯ ᠤᠨ ᠲᠥᠯᠦᠪᠵᠢᠭᠦᠯᠭᠡ ᠶᠢᠨ ᠤᠯᠠᠭᠠᠨ ᠱᠤᠭᠤᠮ ᠤᠨ ᠬᠡᠪᠴᠢᠶᠡᠨ ᠳᠠᠬᠢ ᠬᠠᠷᠢᠴᠠᠯ ᠲᠣᠬᠤᠢ ᠨᠢ 1᠄ 2000 ᠶᠢᠨ ᠭᠠᠵᠠᠷ ᠤᠨ ᠪᠠᠶᠢᠴᠠ ᠶᠢᠨ ᠵᠢᠷᠤᠭ ᠪᠤᠶᠤ 1᠄ 500 ᠤ ᠶᠡᠷᠦᠩᠬᠡᠢ ᠬᠠᠪᠲᠠᠭᠠᠢ ᠵᠢᠷᠤᠭ ᠠᠴᠠ ᠪᠠᠭ᠎ᠠ ᠪᠠᠶᠢᠵᠤ ᠪᠣᠯᠬᠤ ᠦᠭᠡᠢ︔      ︵ᠲᠠᠪᠤ︶ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠵᠢᠴᠢ ᠳᠣᠲᠣᠭᠠᠳᠤ ᠳᠠᠬᠢ ᠣᠶᠤᠨᠴᠢᠯᠠᠭᠰᠠᠨ ᠬᠤᠷᠠᠮᠠᠯ ᠰᠢᠰᠲ᠋ᠧᠮ᠂ ᠠᠯᠪᠠᠨ ᠠᠵᠢᠯ ᠤᠨ ᠠᠦ᠋ᠲ᠋ᠣᠴᠢᠯᠠᠭᠰᠠᠨ ᠰᠢᠰᠲ᠋ᠧᠮ᠂ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠰᠢᠰᠲ᠋ᠧᠮ ᠵᠡᠷᠭᠡ ᠵᠢᠷᠤᠭ ᠲᠥᠯᠥᠪᠯᠡᠭᠡᠨ ᠤ ᠲᠥᠰᠥᠯ᠃       ᠶᠢᠰᠦᠳᠦᠭᠡᠷ ᠵᠦᠢᠯ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠥᠪᠰᠢᠶᠡᠷᠡᠭᠦᠯᠬᠦ ᠭᠤᠶᠤᠴᠢᠯᠠᠯ ᠢ ᠬᠦᠯᠢᠶᠡᠭᠰᠡᠨ ᠤ ᠳᠠᠷᠠᠭ᠎ᠠ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠬᠦ       ᠬᠡᠷᠡᠭᠲᠡᠢ︔ ᠲᠤᠬᠠᠢ ᠶᠢᠨ ᠭᠠᠵᠠᠷ  ᠲᠤ ᠨᠢ ᠬᠢᠨᠠᠨ ᠬᠠᠷᠭᠤᠭᠤᠯᠬᠤ ᠴᠢᠬᠤᠯᠠᠲᠠᠢ ᠪᠣᠯ᠂ ᠬᠤᠶᠠᠷ ᠠᠴᠠ ᠳᠡᠭᠡᠭᠰᠢ ᠠᠵᠢᠯᠲᠠᠨ ᠲᠣᠮᠢᠯᠠᠵᠤ ᠬᠠᠷᠭᠤᠭᠤᠯᠤᠨ ᠪᠠᠶᠢᠴᠠᠭᠠᠬᠤ ᠬᠡᠷᠡᠭᠲᠡᠢ᠃       ᠠᠷᠪᠠᠳᠤᠭᠠᠷ ᠵᠦᠢᠯ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠠᠴᠠ ᠭᠤᠶᠤᠴᠢᠯᠠᠭᠰᠠᠨ ᠵᠦᠢᠯᠡᠰ ᠨᠢ ᠪᠤᠰᠤᠳ ᠬᠥᠮᠥᠨ ᠤ ᠴᠢᠬᠤᠯᠠ ᠶᠡᠭᠡ ᠠᠰᠢᠭ ᠲᠤᠰᠠ ᠲᠠᠢ ᠰᠢᠭᠤᠳ ᠬᠤᠯᠪᠣᠭᠳᠠᠬᠤ ᠶᠢ ᠣᠯᠵᠤ ᠮᠡᠳᠡᠪᠡᠯ᠂ ᠲᠤᠰ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠳᠤ ᠮᠡᠳᠡᠭᠳᠡᠬᠦ ᠶᠢᠨ ᠬᠠᠮᠲᠤ᠂ ᠭᠤᠶᠤᠴᠢᠯᠠᠭᠴᠢ ᠪᠠ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠰᠠᠨᠠᠯ ᠢ ᠰᠣᠨᠣᠰᠬᠤ ᠬᠡᠷᠡᠭᠲᠡᠢ᠃       ᠠᠷᠪᠠᠨ ᠨᠢᠭᠡᠳᠦᠭᠡᠷ ᠵᠦᠢᠯ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠭᠤᠶᠤᠴᠢᠯᠠᠯ ᠤᠨ ᠮᠠᠲ᠋ᠧᠷᠢᠶᠠᠯ ᠳᠤ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ᠂ ᠳᠣᠣᠷᠠᠬᠢ ᠪᠠᠶᠢᠳᠠᠯ ᠢ ᠦᠨᠳᠦᠰᠦᠯᠡᠨ ᠬᠠᠤᠯᠢ ᠶᠣᠰᠣᠭᠠᠷ ᠲᠣᠭᠲᠠᠭᠠᠯ ᠭᠠᠷᠭᠠᠬᠤ ᠬᠡᠷᠡᠭᠲᠡᠢ᠄       ︵ᠨᠢᠭᠡ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠣᠯ᠂ ᠪᠢᠴᠢᠭ ᠤᠨ ᠬᠡᠯᠪᠡᠷᠢ ᠪᠠᠷ ᠵᠥᠪᠰᠢᠶᠡᠷᠡᠯ ᠥᠭᠬᠦ ᠲᠣᠭᠲᠠᠭᠠᠯ ᠭᠠᠷᠭᠠᠬᠤ ᠬᠡᠷᠡᠭᠲᠡᠢ︔       ︵ᠬᠤᠶᠠᠷ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠪᠠᠴᠤ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ ᠪᠣᠯᠪᠠᠯ᠂ ᠭᠤᠶᠤᠴᠢᠯᠠᠭᠴᠢ ᠳᠤ ᠪᠢᠴᠢᠭ ᠤᠨ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠲᠠᠯ᠎ᠠ  ᠶᠢᠨ ᠱᠠᠭᠠᠷᠳᠠᠯᠭ᠎ᠠ ᠳᠤᠷᠠᠳᠴᠤ᠂ ᠭᠤᠶᠤᠴᠢᠯᠠᠭᠴᠢ ᠨᠢ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢᠨ ᠴᠡᠭᠴᠡᠯᠡᠨ ᠰᠠᠶᠢᠵᠢᠷᠠᠭᠤᠯᠬᠤ ᠲᠥᠰᠥᠯ ᠢᠶᠠᠨ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠳᠤ ᠮᠡᠳᠡᠭᠦᠯᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠪᠢᠴᠢᠭ ᠤᠨ ᠬᠡᠯᠪᠡᠷᠢ ᠪᠠᠷ ᠵᠥᠪᠰᠢᠶᠡᠷᠡᠯ ᠥᠭᠬᠦ ᠲᠣᠭᠲᠠᠭᠠᠯ ᠭᠠᠷᠭᠠᠬᠤ ᠬᠡᠷᠡᠭᠲᠡᠢ︔       ︵ᠭᠤᠷᠪᠠ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠢ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠤᠭᠰᠠᠨ ᠴᠤ ᠠᠮᠤᠷ ᠲᠦᠪᠰᠢᠨ ᠤ ᠲᠠᠯᠳᠠ ᠭᠡᠮ ᠢ ᠠᠷᠢᠯᠭᠠᠬᠤ ᠶᠢᠨ ᠠᠷᠭ᠎ᠠ ᠦᠭᠡᠢ᠂ ᠡᠰᠡᠬᠦᠯ᠎ᠡ ᠭᠤᠶᠤᠴᠢᠯᠠᠭᠴᠢ ᠨᠢ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠶᠢ ᠲᠡᠪᠴᠢᠭᠰᠡᠨ ᠪᠠᠶᠢᠪᠠᠯ᠂ ᠪᠢᠴᠢᠭ ᠤᠨ ᠬᠡᠯᠪᠡᠷᠢ ᠪᠠᠷ ᠵᠥᠪᠰᠢᠶᠡᠷᠡᠯ ᠦᠯᠦ ᠥᠭᠬᠦ ᠲᠣᠭᠲᠠᠭᠠᠯ ᠭᠠᠷᠭᠠᠵᠤ᠂ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ᠂ ᠭᠤᠶᠤᠴᠢᠯᠠᠭᠴᠢ ᠳᠤ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ ᠶᠢ ᠬᠠᠤᠯᠢ ᠶᠣᠰᠣᠭᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠡᠷᠬᠡ ᠲᠠᠢ ᠪᠠᠶᠢᠬᠤ ᠶᠢ ᠨᠢ ᠮᠡᠳᠡᠭᠳᠡᠬᠦ ᠬᠡᠷᠡᠭᠲᠡᠢ᠃       ᠠᠷᠪᠠᠨ ᠬᠤᠶᠠᠳᠤᠭᠠᠷ ᠵᠦᠢᠯ ᠭᠤᠶᠤᠴᠢᠯᠠᠭᠴᠢ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠯ ᠳᠤ ᠲᠣᠭᠲᠠᠭᠠᠭᠰᠠᠨ ᠵᠦᠢᠯᠡᠰ ᠢᠶᠠᠷ ᠪᠦᠲᠦᠭᠡᠨ ᠪᠠᠶᠢᠭᠤᠯᠬᠤ ᠬᠡᠷᠡᠭᠲᠡᠢ︔ ᠵᠥᠪᠰᠢᠶᠡᠷᠡᠬᠦ ᠵᠦᠢᠯᠡᠰ ᠢ ᠬᠤᠪᠢᠷᠠᠭᠤᠯᠬᠤ ᠴᠢᠬᠤᠯᠠᠲᠠᠢ ᠪᠠᠶᠢᠪᠠᠯ᠂ ᠵᠥᠪᠰᠢᠶᠡᠷᠡᠬᠦ ᠲᠣᠭᠲᠠᠭᠠᠯ ᠭᠠᠷᠭᠠᠭᠰᠠᠨ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠳᠤ ᠬᠤᠪᠢᠷᠠᠭᠤᠯᠬᠤ ᠭᠤᠶᠤᠴᠢᠯᠠᠯ ᠭᠠᠷᠭᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠠᠴᠠ ᠬᠤᠪᠢᠷᠠᠭᠤᠯᠬᠤ ᠪᠠᠷ ᠭᠤᠶᠤᠴᠢᠯᠠᠭᠰᠠᠨ ᠵᠦᠢᠯᠡᠰ ᠲᠤ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ᠂ ᠬᠠᠤᠯᠢ ᠶᠣᠰᠣᠭᠠᠷ ᠲᠣᠭᠲᠠᠭᠠᠯ ᠭᠠᠷᠭᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠦᠭᠡᠢ ᠪᠣᠯ᠂ ᠭᠤᠶᠤᠴᠢᠯᠠᠭᠴᠢ ᠨᠢ ᠵᠥᠪᠰᠢᠶᠡᠷᠡᠯ ᠳᠤ ᠲᠣᠭᠲᠠᠭᠠᠭᠰᠠᠨ ᠵᠦᠢᠯᠡᠰ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃       ᠠᠷᠪᠠᠨ ᠭᠤᠷᠪᠠᠳᠤᠭᠠᠷ ᠵᠦᠢᠯ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠴᠢᠬᠤᠯᠠᠲᠠᠢ ᠪᠠᠶᠢᠪᠠᠯ᠂ ᠪᠦᠲᠦᠭᠡᠨ ᠪᠠᠶᠢᠭᠤᠯᠬᠤ ᠨᠢᠭᠡᠴᠢ ᠨᠢ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠦᠲᠦᠭᠡᠨ ᠪᠠᠶᠢᠭᠤᠯᠬᠤ ᠲᠥᠷᠥᠯ ᠵᠦᠢᠯ ᠯᠦᠭᠡ ᠵᠡᠷᠭᠡ ᠳᠤ ᠨᠢ ᠲᠥᠯᠥᠪᠵᠢᠭᠦᠯᠵᠦ᠂ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠵᠡᠷᠭᠡ ᠳᠤ ᠨᠢ ᠪᠠᠷᠢᠯᠭ᠎ᠠ ᠡᠬᠢᠯᠡᠭᠦᠯᠬᠦ ᠬᠡᠷᠡᠭᠲᠡᠢ᠃       ᠠᠷᠪᠠᠨ ᠳᠥᠷᠪᠡᠳᠦᠭᠡᠷ ᠵᠦᠢᠯ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠵᠥᠪᠰᠢᠶᠡᠷᠡᠬᠦ ᠲᠣᠭᠲᠠᠭᠠᠯ ᠭᠠᠷᠭᠠᠭᠰᠠᠨ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠭᠠᠨ ᠬᠤᠷᠢᠶᠠᠵᠤ ᠠᠪᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠰᠢᠯᠭᠠᠨ ᠬᠤᠷᠢᠶᠠᠵᠤ ᠠᠪᠤᠭᠰᠠᠨ ᠦᠭᠡᠢ ᠪᠤᠶᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠳᠤᠷ᠎ᠠ ᠪᠠᠷ ᠢᠶᠠᠨ ᠠᠰᠢᠭᠯᠠᠯᠲᠠ ᠳᠤ ᠣᠷᠣᠭᠤᠯᠵᠤ ᠪᠣᠯᠬᠤ ᠦᠭᠡᠢ᠃       ᠠᠷᠪᠠᠨ ᠲᠠᠪᠤᠳᠤᠭᠠᠷ ᠵᠦᠢᠯ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠴᠢᠬᠤᠯᠠᠲᠠᠢ ᠪᠦᠲᠦᠭᠡᠨ ᠪᠠᠶᠢᠭᠤᠯᠬᠤ ᠲᠥᠷᠥᠯ ᠵᠦᠢᠯ ᠤᠨ ᠥᠮᠴᠢᠯᠡᠭᠴᠢ᠂ ᠬᠠᠮᠢᠶᠠᠷᠤᠭᠴᠢ᠂ ᠬᠡᠷᠡᠭᠯᠡᠭᠴᠢ ᠨᠢ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ᠂ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠪᠠᠲᠤᠯᠠᠵᠤ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠤᠯᠪᠣᠭᠳᠠᠯ ᠪᠦᠬᠦᠢ ᠪᠡᠯᠡᠳᠬᠡᠮᠵᠢ᠂ ᠲᠥᠬᠦᠭᠡᠷᠦᠮᠵᠢ ᠶᠢ ᠡᠪᠳᠡᠨ ᠰᠦᠢᠳᠬᠡᠬᠦ᠂ ᠳᠤᠷ᠎ᠠ ᠪᠠᠷ ᠢᠶᠠᠨ ᠡᠪᠳᠡᠯᠡᠵᠦ ᠵᠠᠳᠠᠯᠬᠤ ᠪᠤᠶᠤ ᠬᠡᠷᠡᠭᠯᠡᠬᠦ ᠪᠠᠨ ᠵᠣᠭᠰᠣᠭᠠᠵᠤ ᠪᠣᠯᠬᠤ ᠦᠭᠡᠢ᠃       ᠠᠷᠪᠠᠨ ᠵᠢᠷᠭᠤᠳᠤᠭᠠᠷ ᠵᠦᠢᠯ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠥᠮᠴᠢᠯᠡᠭᠴᠢ᠂ ᠬᠠᠮᠢᠶᠠᠷᠤᠭᠴᠢ᠂ ᠬᠡᠷᠡᠭᠯᠡᠭᠴᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠯᠡᠬᠦ᠂ ᠬᠠᠮᠢᠶᠠᠷᠬᠤ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠦᠨ ᠵᠢᠭᠡᠯᠡᠭᠦᠯᠬᠦ ᠵᠡᠷᠭᠡ ᠠᠵᠢᠯᠯᠠᠭᠠᠨ ᠬᠢᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ᠃       ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠯᠡᠬᠦ᠂ ᠬᠠᠮᠢᠶᠠᠷᠬᠤ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠦᠨ ᠵᠢᠭᠡᠯᠡᠭᠦᠯᠬᠦ ᠵᠡᠷᠭᠡ ᠮᠡᠳᠡᠭᠡ ᠵᠠᠩᠭᠢ ᠶᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ ᠤᠯᠤᠰ ᠤᠨ ᠠᠮᠤᠷ ᠲᠦᠪᠰᠢᠨ ᠢ ᠬᠤᠬᠢᠷᠠᠭᠤᠯᠬᠤ ᠦᠢᠯᠡ ᠠᠵᠢᠯᠯᠠᠭ᠎ᠠ ᠶᠢ ᠰᠢᠢᠳᠪᠦᠷᠢᠯᠡᠬᠦ ᠬᠡᠷᠡᠭᠲᠡᠢ᠃       ᠠᠷᠪᠠᠨ ᠳᠣᠯᠣᠳᠤᠭᠠᠷ ᠵᠦᠢᠯ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠪᠦᠲᠦᠭᠡᠨ ᠪᠠᠶᠢᠭᠤᠯᠬᠤ ᠠᠵᠢᠯᠯᠠᠭ᠎ᠠ ᠳᠤ ᠬᠠᠤᠯᠢ ᠶᠣᠰᠣᠭᠠᠷ ᠬᠢᠨᠠᠨ ᠪᠠᠶᠢᠴᠠᠭᠠᠯᠲᠠ ᠬᠢᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠴᠠᠭ ᠲᠤᠬᠠᠢ ᠳᠤ ᠨᠢ ᠵᠠᠯᠠᠷᠠᠭᠤᠯᠬᠤ ᠬᠡᠷᠡᠭᠲᠡᠢ᠃ ᠬᠢᠨᠠᠨ ᠪᠠᠶᠢᠴᠠᠭᠠᠭᠳᠠᠬᠤ ᠨᠢᠭᠡᠴᠢ ᠪᠠ ᠬᠤᠪᠢ ᠬᠥᠮᠥᠨ ᠨᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠥᠷᠨᠢᠭᠦᠯᠬᠦ ᠳᠤ ᠨᠢ ᠳᠡᠮᠵᠢᠯᠭᠡ ᠦᠵᠡᠬᠦᠯᠬᠦ ᠶᠢᠨ ᠬᠠᠮᠲᠤ ᠬᠠᠮᠵᠢᠯᠴᠠᠨ ᠠᠵᠢᠯᠯᠠᠵᠤ᠂ ᠪᠠᠶᠢᠳᠠᠯ ᠢᠶᠠᠨ ᠦᠨᠡᠨ ᠮᠥᠨ ᠢᠶᠠᠷ ᠨᠢ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠬᠠᠩᠭᠠᠬᠤ ᠬᠡᠷᠡᠭᠲᠡᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠶᠢᠨ ᠠᠵᠢᠯᠲᠠᠨ ᠤ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠨᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃       ᠠᠷᠪᠠᠨ ᠨᠠᠢᠮᠠᠳᠤᠭᠠᠷ ᠵᠦᠢᠯ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠢᠨᠠᠨ ᠪᠠᠶᠢᠴᠠᠭᠠᠯᠲᠠ ᠬᠢᠬᠦ ᠳᠤ ᠪᠠᠨ ᠬᠠᠤᠯᠢ ᠶᠣᠰᠣᠭᠠᠷ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠴᠤ ᠪᠣᠯᠣᠨ᠎ᠠ᠄       ︵ᠨᠢᠭᠡ︶ ᠬᠤᠯᠪᠣᠭᠳᠠᠯ ᠪᠦᠬᠦᠢ ᠳᠠᠩᠰᠠ ᠡᠪᠬᠡᠮᠡᠯ᠂ ᠮᠠᠲ᠋ᠧᠷᠢᠶᠠᠯ᠂ ᠡᠳ᠋ ᠪᠣᠳᠠᠰ ᠢ ᠪᠠᠶᠢᠴᠠᠭᠠᠨ ᠦᠵᠡᠵᠦ᠂ ᠰᠢᠯᠵᠢᠭᠦᠯᠦᠨ ᠠᠪᠠᠴᠢᠬᠤ︔       ︵ᠬᠤᠶᠠᠷ︶ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠢ ᠪᠠᠶᠢᠴᠠᠭᠠᠨ᠂ ᠯᠠᠪᠯᠠᠨ ᠠᠰᠠᠭᠤᠵᠤ᠂ ᠬᠢᠨᠠᠨ ᠪᠠᠶᠢᠴᠠᠭᠠᠬᠤ ᠬᠠᠮᠢᠶ᠎ᠠ ᠪᠦᠬᠦᠢ ᠵᠦᠢᠯᠡᠰ ᠤᠨ ᠲᠤᠬᠠᠢ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔      ︵ᠭᠤᠷᠪᠠ︶ ᠲᠤᠬᠠᠢ ᠶᠢᠨ ᠲᠠᠯᠠᠪᠤᠷ ᠲᠤ ᠨᠢ ᠪᠠᠶᠢᠴᠠᠭᠠᠬᠤ᠃       ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠬᠢᠨᠠᠨ ᠪᠠᠶᠢᠴᠠᠭᠠᠬᠤ ᠳᠤ  ᠪᠠᠨ ᠣᠯᠵᠤ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠶᠢ ᠬᠠᠮᠠᠭᠠᠯᠠᠬᠤ ᠡᠭᠦᠷᠭᠡ ᠲᠠᠢ᠂ ᠬᠢᠨᠠᠨ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠤ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠨᠢ ᠨᠥᠯᠥᠭᠡᠯᠡᠵᠦ ᠪᠣᠯᠬᠤ ᠦᠭᠡᠢ᠂ ᠬᠢᠨᠠᠨ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠠᠴᠠ ᠡᠳ᠋ ᠮᠥᠩᠭᠦ ᠨᠡᠬᠡᠵᠦ ᠠᠪᠬᠤ ᠪᠤᠶᠤ ᠬᠤᠷᠢᠶᠠᠵᠤ ᠪᠣᠯᠬᠤ ᠦᠭᠡᠢ᠂ ᠪᠤᠰᠤᠳ ᠠᠰᠢᠭ ᠲᠤᠰᠠ ᠣᠯᠵᠤ ᠪᠣᠯᠬᠤ ᠦᠭᠡᠢ᠃      ᠠᠷᠪᠠ ᠶᠢᠰᠦᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠮᠡᠳᠡᠭᠦᠯᠦᠭᠰᠡᠨ ᠨᠢᠭᠡᠴᠢ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠵᠤ᠂ ᠴᠢᠬᠤᠯᠠ ᠪᠠᠶᠢᠳᠠᠯ ᠢ ᠬᠠᠩᠭᠠᠭᠰᠠᠨ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠥᠨ ᠢ ᠬᠠᠤᠯᠢ ᠶᠣᠰᠣᠭᠠᠷ ᠱᠠᠩᠨᠠᠬᠤ ᠬᠡᠷᠡᠭᠲᠡᠢ᠃       ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ᠂ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ  ᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠬᠠᠤᠯᠢ ᠶᠣᠰᠣᠭᠠᠷ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠬᠤ ᠬᠡᠷᠡᠭᠲᠡᠢ᠃       ᠬᠤᠷᠢᠨ ᠨᠢᠭᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ  ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃       ᠬᠤᠷᠢᠨ ᠬᠤᠶᠠᠳᠤᠭᠠᠷ ᠵᠦᠢᠯ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠨᠢ ᠲᠤᠰ ᠠᠷᠭ᠎ᠠ ᠶᠢᠨ ᠲᠣᠭᠲᠠᠭᠠᠯ ᠢ ᠵᠥᠷᠢᠴᠡᠵᠦ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ᠂ ᠡᠰᠡᠬᠦᠯ᠎ᠡ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ       ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠬᠤᠷᠢᠨ ᠭᠤᠷᠪᠠᠳᠤᠭᠠᠷ ᠵᠦᠢᠯ ᠲᠣᠰ ᠠᠷᠭ᠎ᠠ ᠶᠢ 2023 ᠣᠨ ᠤ 2 ᠳ᠋ᠤᠭᠠᠷ ᠰᠠᠷ᠎ᠠ  ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2005 ᠣᠨ ᠤ 4 ᠳ᠋ᠦ᠋ᠭᠡᠷ ᠰᠠᠷ᠎ᠠ  ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 138 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map