ᠠᠩᠭᠢ ᠶᠢᠨ ᠡᠷᠬᠢᠯᠡᠭᠴᠢ ᠬᠤᠴᠤᠷᠤᠩᠭᠤᠢ ᠰᠤᠷᠤᠭᠴᠢ ᠶᠢ ᠬᠡᠷᠬᠢᠨ ᠬᠦᠮᠦᠵᠢᠭᠦᠯᠬᠦ ᠲᠣᠬᠠᠢ ᠮᠦᠴᠢᠳ ᠦᠭᠦᠯᠡᠬᠦ ᠨᠢ
ᠨᠡᠶᠢᠲᠡᠯᠡᠭᠰᠡᠨ ᠴᠠᠭ᠄
2023/10/16
                  ᠪᠠ᠊ · ᠣᠳᠽᠡᠷ   

班工作-1.png

      ᠬᠤᠴᠤᠷᠤᠩᠭᠤᠢ ᠰᠤᠷᠤᠭᠴᠢ ᠶᠢ ᠬᠤᠪᠢᠷᠠᠭᠤᠯᠤᠨ ᠳᠡᠭᠡᠭᠰᠢᠯᠡᠭᠦᠯᠬᠦ ᠪᠣᠯ ᠠᠩᠭᠢ ᠶᠢᠨ ᠡᠷᠬᠢᠯᠡᠭᠴᠢ ᠶᠢᠨ

ᠠᠵᠢᠯ ᠤᠨ ᠭᠤᠣᠯᠳᠠᠯᠭ᠎ᠠ ᠶᠢᠨ ᠨᠢᠭᠡ ᠪᠣᠯᠬᠤ ᠮᠦᠷᠳᠡᠭᠡᠨ ᠰᠤᠷᠭᠠᠨ ᠬᠦᠮᠦᠵᠢᠭᠦᠯᠬᠦ ᠬᠠᠷᠠᠯᠲᠠ ᠪᠠᠨ ᠪᠡᠶᠡᠯᠡᠭᠦᠯᠬᠦ ᠶᠢᠨ

ᠴᠢᠬᠤᠯᠠ ᠵᠠᠩᠭᠢᠯᠠᠭ᠎ᠠ ᠮᠦᠨ᠃ ᠬᠤᠴᠤᠷᠤᠩᠭᠤᠢ ᠰᠤᠷᠤᠭᠴᠢ ᠶᠢ ᠬᠤᠪᠢᠷᠠᠭᠤᠯᠤᠨ ᠳᠡᠭᠡᠭᠰᠢᠯᠡᠭᠦᠯᠬᠦ ᠳᠤ ᠪᠠᠭᠰᠢ ᠶᠢᠨ

ᠬᠠᠶᠢᠷ᠎ᠠ ᠬᠠᠯᠠᠮᠵᠢ᠂ ᠤᠷ᠎ᠠ ᠤᠬᠠᠭᠠᠨ᠂ ᠮᠡᠳᠡᠯᠭᠡ ᠴᠢᠳᠠᠪᠤᠷᠢ ᠴᠢᠬᠤᠯᠠ ᠱᠠᠭᠠᠷᠳᠠᠭᠳᠠᠨ᠎ᠠ᠃ ᠰᠤᠷᠭᠠᠨ

ᠬᠦᠮᠦᠵᠢᠭᠦᠯᠦᠭᠴᠢ ︵ᠬᠡᠦᠬᠡᠳ ᠢ ᠰᠤᠷᠭᠠᠨ ᠬᠦᠮᠦᠵᠢᠭᠦᠯᠬᠦ ᠪᠣᠯ ᠬᠠᠮᠤᠭ ᠤᠨ ᠦᠨᠳᠦᠷ ᠤᠷᠠᠯᠢᠭ ᠮᠦᠨ︶ ᠭᠡᠵᠦ

ᠦᠵᠡᠵᠦ ᠪᠠᠶᠢᠭ᠎ᠠ ᠨᠢ ᠴᠤ ᠡᠭᠦᠨ ᠢ ᠭᠡᠷᠡᠴᠢᠯᠡᠵᠦ ᠪᠣᠢ᠃

      ᠠᠯᠢ ᠴᠤ ᠠᠩᠭᠢ ᠨᠢᠭᠡᠴᠢ ᠳᠤ ᠰᠤᠷᠤᠯᠭ᠎ᠠ ᠪᠤᠶᠤ ᠶᠣᠰᠤ ᠮᠤᠷᠠᠯ ᠤᠨ ᠲᠠᠯ᠎ᠠ ᠪᠠᠷ ᠬᠤᠴᠤᠷᠤᠩᠭᠤᠢ ᠰᠤᠷᠤᠭᠴᠢ

ᠵᠦᠩᠳᠡᠭᠡᠨ ᠪᠠᠶᠢᠭᠠᠳ ᠯᠠ ᠪᠠᠶᠢᠳᠠᠭ ᠶᠤᠮ᠃ ᠬᠡᠳᠦ᠋ᠢᠪᠡᠷ ᠲᠣᠭᠠᠨ ᠤ ᠲᠠᠯ᠎ᠠ ᠪᠠᠷ ᠴᠦᠬᠡᠨ ᠪᠣᠯᠪᠠᠴᠤ ᠠᠩᠭᠢ

ᠨᠢᠭᠡᠴᠢ ᠶᠢᠨ ᠰᠠᠬᠢᠯᠭ᠎ᠠ ᠪᠠᠲᠦ᠂ ᠶᠣᠰᠤ ᠮᠤᠷᠠᠯ᠂ ᠰᠤᠷᠤᠯᠴᠠᠬᠤ ᠰᠤᠷᠲᠠᠯ ᠢ ᠨᠦᠯᠦᠭᠡᠯᠡᠵᠦ᠂ ᠪᠠᠭᠰᠢ ᠨᠠᠷ ᠤᠨ ᠠᠷᠭ᠎ᠠ

ᠠᠭᠠᠰᠢ ᠶᠢ ᠪᠠᠷᠠᠭᠳᠠᠭᠤᠯᠵᠤ ᠪᠠᠶᠢᠳᠠᠭ᠃ ᠡᠶᠢᠮᠦ ᠠᠴᠠ ᠬᠤᠴᠤᠷᠤᠩᠭᠤᠢ ᠰᠤᠷᠤᠭᠴᠢ ᠶᠢ ᠳᠠᠷᠤᠢ ᠲᠦᠷᠭᠡᠨ

ᠰᠠᠶᠢᠵᠢᠷᠠᠭᠤᠯᠬᠤ ᠦᠭᠡᠢ ᠪᠣᠯ ᠨᠢᠭᠡ ᠠᠩᠭᠢ ᠨᠢᠭᠡᠴᠢ ᠶᠢᠨ ᠬᠡᠪ ᠴᠢᠨᠠᠷ ᠢ ᠳᠡᠭᠡᠭᠰᠢᠯᠡᠭᠦᠯᠬᠦ ᠳᠤ ᠮᠠᠭᠤ ᠨᠦᠯᠦᠭᠡ

ᠳᠤᠰᠬᠠᠯ ᠦᠵᠡᠭᠦᠯᠵᠦ ᠮᠡᠳᠡᠨ᠎ᠡ᠃ ᠲᠡᠶᠢᠮᠦ ᠶᠢᠨ ᠲᠤᠯᠠ ᠠᠩᠭᠢ ᠶᠢᠨ ᠡᠷᠬᠢᠯᠡᠭᠴᠢ ᠡᠷᠬᠡᠪᠰᠢ ᠬᠤᠴᠤᠷᠤᠩᠭᠤᠢ

ᠰᠤᠷᠤᠭᠴᠢ ᠶᠢᠨ ᠦᠵᠡᠯ ᠰᠠᠨᠠᠭᠠᠨ ᠤ ᠬᠦᠮᠦᠵᠢᠯ ᠢ ᠰᠠᠶᠢᠲᠤᠷ ᠬᠢᠵᠦ᠂ ᠲᠠᠳᠠ ᠨᠠᠷ ᠤᠨ ᠰᠠᠬᠢᠯᠭ᠎ᠠ ᠪᠠᠲᠦ᠂

ᠰᠤᠷᠤᠯᠭ᠎ᠠ ᠶᠢᠨ ᠲᠠᠯ᠎ᠠ ᠪᠠᠷ ᠨᠢ ᠴᠢᠩᠭ᠎ᠠ ᠠᠳᠬᠤᠵᠤ᠂ ᠰᠤᠷᠤᠯᠭ᠎ᠠ ᠳᠤ ᠪᠠᠨ ᠴᠢᠷᠮᠠᠶᠢᠯᠲᠠ ᠲᠠᠢ ᠪᠣᠯᠭᠠᠨ

ᠬᠦᠮᠦᠵᠢᠭᠦᠯᠬᠦ ᠪᠣᠯ ᠲᠦᠢᠯ ᠤᠨ ᠴᠢᠬᠤᠯᠠ ᠶᠤᠮ᠃ ᠮᠦᠨ ᠬᠦ ᠠᠩᠭᠢ ᠶᠢᠨ ᠠᠵᠢᠯ ᠤᠨ ᠠᠮᠵᠢᠯᠲᠠ ᠣᠯᠬᠤ ᠳᠤ ᠮᠠᠰᠢ

ᠴᠢᠬᠤᠯᠠ ᠠᠨᠢᠰᠤ ᠪᠣᠯᠳᠠᠭ᠃ ᠡ᠊ᠨᠳᠠ ᠪᠢ ᠤᠳᠠᠭᠠᠨ ᠵᠢᠯ ᠠᠩᠭᠢ ᠡᠷᠬᠢᠯᠡᠵᠦ ᠬᠤᠴᠤᠷᠤᠩᠭᠤᠢ ᠰᠤᠷᠤᠭᠴᠢ ᠶᠢ

ᠬᠦᠮᠦᠵᠢᠭᠦᠯᠦᠨ ᠰᠠᠬᠢᠯᠭ᠎ᠠ ᠪᠠᠲᠦ᠂ ᠰᠤᠷᠤᠯᠭ᠎ᠠ ᠶᠢᠨ ᠲᠠᠯ᠎ᠠ ᠪᠠᠷ ᠳᠡᠭᠡᠭᠰᠢᠯᠡᠭᠦᠯᠦᠨ ᠬᠤᠪᠢᠷᠠᠭᠤᠯᠤᠭᠰᠠᠨ ᠲᠣᠷᠰᠢᠯᠭ᠎ᠠ

ᠰᠤᠷᠭᠠᠮᠵᠢ ᠪᠠᠨ ᠦᠨᠳᠦᠰᠦᠯᠡᠵᠦ ᠥᠪᠡᠷ ᠤᠨ ᠦᠵᠡᠯᠲᠡ ᠪᠠᠨ ᠳᠦᠭᠦᠮ ᠦᠭᠦᠯᠡᠶ᠎ᠡ᠃

      ᠰᠤᠷᠭᠠᠨ ᠬᠦᠮᠦᠵᠢᠯ ᠤᠨ ᠵᠢᠳᠭᠦᠯᠲᠡᠨ ᠰᠦᠬᠤᠮᠯᠢᠨᠧᠰᠺᠢ᠄ ︽ᠪᠠᠭᠰᠢ ᠨᠠᠷ ᠲᠤ ᠦᠭᠭᠦᠭᠰᠡᠨ          

ᠰᠠᠨᠠᠭᠤᠯᠭ᠎ᠠ︾ ᠳᠤ ᠪᠠᠨ᠄ ︽ᠲᠠ ᠨᠠᠷ ᠪᠣᠯ ᠵᠦᠪᠬᠡᠨ ᠬᠢᠴᠢᠶᠡᠯ ᠵᠢᠭᠠᠭᠴᠢ ᠪᠢᠰᠢ᠂ ᠬᠠᠷᠢᠨ ᠬᠦᠮᠦᠨ

ᠬᠦᠮᠦᠵᠢᠭᠦᠯᠦᠭᠴᠢ᠂ ᠠᠮᠢᠳᠤᠷᠠᠯ ᠤᠨ ᠵᠢᠯᠤᠭᠤᠳᠤᠭᠴᠢ᠂ ᠮᠤᠷᠠᠯ ᠤᠨ ᠰᠤᠷᠭᠠᠭᠴᠢ ᠮᠦᠨ︾ ᠭᠡᠵᠦ ᠦᠭᠦᠯᠡᠭᠰᠡᠨ

ᠪᠢᠯᠡ᠃ ᠨᠢᠭᠡ ᠰᠤᠷᠤᠭᠴᠢ ᠶᠢᠨ ᠥᠭᠡᠳᠡᠯᠡᠵᠦ ᠳᠠᠪᠰᠢᠬᠤ᠂ ᠤᠷᠤᠭᠤᠲᠠᠨ ᠳᠣᠷᠦ᠋ᠢᠳᠠᠬᠤ ᠳᠤ ᠪᠠᠭᠰᠢ ᠶᠢᠨ ᠬᠦᠮᠦᠵᠢᠯ

ᠵᠠᠶᠢᠯᠠᠭᠤᠯᠵᠤ ᠪᠣᠯᠤᠰᠢ ᠦᠭᠡᠢ ᠬᠤᠯᠪᠤᠭᠳᠠᠬᠤ ᠶᠤᠮ᠃ ︽ᠠᠩᠭᠢ ᠶᠢᠨ ᠡᠷᠬᠢᠯᠡᠭᠴᠢ ᠰᠤᠷᠭᠠᠭᠤᠯᠢ  ᠶᠢᠨ ᠮᠤᠷᠠᠯ ᠤᠨ

ᠠᠵᠢᠯ ᠤᠨ ᠭᠤᠣᠯᠯᠠᠭᠴᠢ ᠬᠦᠴᠦᠨ᠂ ᠠᠩᠭᠢ ᠶᠢᠨ ᠠᠵᠢᠯ ᠤᠨ ᠤᠳᠤᠷᠢᠳᠤᠭᠴᠢ᠂ ᠵᠣᠬᠢᠶᠠᠨ ᠪᠠᠶᠢᠭᠤᠯᠤᠭᠴᠢ ᠪᠦᠭᠡᠳ

ᠰᠤᠷᠤᠭᠴᠢ ᠶᠢᠨ ᠡᠷᠡᠭᠦᠯ ᠴᠢᠬᠢᠷᠠᠭ ᠢᠶᠠᠷ ᠦᠰᠦᠨ ᠪᠤᠶᠢᠵᠢᠬᠤ ᠶᠢᠨ ᠳᠠᠭᠠᠭᠤᠯᠤᠭᠴᠢ ᠮᠦᠨ︾ ᠭᠡᠳᠡᠭ ᠢᠶᠠᠷ

ᠠᠩᠭᠢ ᠶᠢᠨ ᠡᠷᠬᠢᠯᠡᠭᠴᠢ ᠵᠠᠪᠠᠯ ︽ᠪᠦᠬᠦ ᠰᠤᠷᠤᠭᠴᠢ ᠳᠤ ᠬᠠᠨᠳᠤᠨ ᠪᠦᠬᠦ ᠲᠠᠯ᠎ᠠ ᠪᠠᠷ ᠬᠦᠮᠦᠵᠢᠭᠦᠯᠬᠦ︾ ᠶᠢ

ᠪᠡᠶᠡᠯᠡᠭᠦᠯᠬᠦ ᠬᠡᠷᠡᠭᠲᠡᠢ᠃

      ᠬᠤᠴᠤᠷᠤᠩᠭᠤᠢ ᠰᠤᠷᠤᠭᠴᠢ ᠶᠢ ᠬᠤᠪᠢᠷᠠᠭᠤᠯᠤᠨ ᠳᠡᠭᠡᠭᠰᠢᠯᠡᠭᠦᠯᠬᠦ ᠳᠤ ︽ᠬᠤᠴᠤᠷᠤᠭᠰᠠᠨ ᠰᠢᠯᠲᠠᠭᠠᠨ︾ ᠢ

ᠰᠣᠳᠤᠯᠵᠤ ᠰᠢᠨᠵᠢᠯᠡᠨ ᠵᠦᠪ ᠣᠨᠣᠰᠢᠯᠠᠬᠤ ᠬᠡᠷᠡᠭᠲᠡᠢ᠃ ᠬᠤᠴᠤᠷᠤᠩᠭᠤᠢ ᠰᠤᠷᠤᠭᠴᠢ ᠳᠤ ᠯᠠᠪᠲᠠᠢ ︽ᠬᠤᠴᠤᠷᠤᠭᠰᠠᠨ

ᠰᠢᠯᠲᠠᠭᠠᠨ︾ ᠪᠠᠶᠢᠳᠠᠭ᠃ ᠡᠶᠢᠮᠦ ᠠᠴᠠ ᠠᠩᠭᠢ ᠶᠢᠨ ᠡᠷᠬᠢᠯᠡᠭᠴᠢ ᠵᠠᠪᠠᠯ ᠲᠡᠷᠡ ᠬᠦ ︽ᠬᠤᠴᠤᠷᠤᠭᠰᠠᠨ ᠰᠢᠯᠲᠠᠭᠠᠨ︾ ᠢ

ᠡᠷᠢᠵᠦ ᠰᠦᠪᠡᠭᠴᠢᠯᠡᠨ ︽ᠡᠪᠡᠳᠴᠢᠨ ᠳᠤ ᠨᠢ ᠲᠣᠬᠢᠷᠠᠭᠤᠯᠤᠨ ᠡᠮ ᠬᠡᠷᠡᠭᠯᠡᠬᠦ︾ ᠶᠢ ᠣᠨᠴᠠ ᠠᠩᠬᠠᠷᠬᠤ      

ᠬᠡᠷᠡᠭᠲᠡᠢ᠃ ᠢᠩᠭᠢᠪᠡᠯ ᠰᠠᠶ᠋ᠢ ᠬᠤᠴᠤᠷᠤᠩᠭᠤᠢ ᠰᠤᠷᠤᠭᠴᠢ ᠶᠢ ᠬᠤᠪᠢᠷᠠᠭᠤᠯᠤᠨ ᠳᠠᠪᠰᠢᠭᠤᠯᠵᠤ              

ᠴᠢᠳᠠᠨ᠎ᠠ᠃ ᠰᠤᠷᠤᠭᠴᠢ ᠶᠢᠨ ︽ᠬᠤᠴᠤᠷᠤᠭᠰᠠᠨ ᠰᠢᠯᠲᠠᠭᠠᠨ︾ ᠨᠢ ᠣᠯᠠᠨ ᠵᠦᠢᠯ ᠤᠨ ᠪᠠᠶᠢᠳᠠᠭ᠃ ᠡ᠊ᠨᠳᠠ ᠨᠡᠶᠢᠲᠡᠯᠢᠭ

ᠣᠷᠤᠰᠢᠵᠤ ᠪᠦᠬᠦᠢ ᠰᠢᠯᠲᠠᠭᠠᠨ ᠠᠴᠠ ᠬᠡᠲᠦ ᠶᠢ ᠵᠠᠳᠠᠯᠤᠶ᠎ᠠ᠃

      1. ᠰᠤᠷᠤᠭᠴᠢ ᠶᠢᠨ ᠬᠤᠪᠢ ᠪᠡᠶ᠎ᠡ ᠶᠢᠨ ᠬᠦᠭᠵᠢᠯᠲᠡ ᠶᠢᠨ ᠰᠢᠯᠲᠠᠭᠠᠨ — ᠳᠠᠷᠤᠢ ᠵᠠᠷᠢᠮ ᠬᠡᠦᠬᠡᠳ ᠤᠨ

ᠰᠡᠳᠭᠢᠭᠦᠢ ᠲᠦᠷᠦᠯᠬᠢ ᠪᠢᠳᠠᠭᠤᠯᠢᠭ ᠤᠳᠠᠭᠠᠯᠢᠭ ᠪᠠᠶᠢᠳᠠᠭ᠃ ᠡᠨᠡ ᠨᠢ ᠤᠳᠤᠮᠯᠠᠯ ᠤᠨ ᠰᠢᠯᠲᠠᠭᠠᠨ ᠪᠣᠶᠤ ᠡᠰᠡᠭᠦᠯ᠎ᠡ

ᠡᠴᠢᠭᠡ ᠡᠬᠡ ᠨᠢ ᠬᠡᠦᠬᠡᠳ ᠤᠨ ᠰᠡᠳᠭᠢᠬᠦᠢ ᠶᠢ ᠨᠡᠭᠡᠭᠡᠭᠳᠡᠭᠦᠯᠬᠦ ᠶᠢ ᠬᠦᠨᠳᠦᠳᠭᠡᠭᠰᠡᠨ ᠦᠭᠡᠢ ᠠᠴᠠ ᠪᠣᠯᠤᠭᠰᠠᠨ

ᠪᠠᠶᠢᠳᠠᠭ᠃ ᠬᠡᠦᠬᠡᠳ ᠤᠨ ᠰᠡᠳᠭᠢᠬᠦᠢ ᠬᠦᠭᠵᠢᠯᠲᠡ ᠦᠭᠡᠢ ᠠᠴᠠ ᠪᠣᠯᠵᠤ ᠬᠤᠴᠣᠷᠳᠠᠭ᠃ ᠪᠣᠲᠠᠲᠠᠢ ᠪᠠᠷ ᠬᠡᠯᠡᠪᠡᠯ

ᠬᠡᠦᠬᠡᠳ ᠤᠨ ᠡᠴᠢᠭᠡ ᠡᠬᠡ ᠨᠢ ᠬᠡᠦᠬᠡᠳ ᠢ ᠲᠦᠷᠦᠭᠰᠡᠨ ᠠᠴᠠ ᠨᠢ ᠡᠬᠢᠯᠡᠭᠡᠳ ᠦᠭᠡ ᠶᠠᠷᠢᠬᠤ᠂ ᠳᠠᠭᠤᠤ ᠬᠦᠭᠵᠢᠮ

ᠰᠣᠨᠤᠰᠬᠠᠬᠤ᠂ ᠶᠠᠭᠤᠮ᠎ᠠ ᠠᠵᠢᠭᠯᠠᠭᠤᠯᠬᠤ ᠵᠡᠷᠭᠡ ᠠᠵᠢᠯᠯᠠᠭ᠎ᠠ ᠪᠣᠶᠤ ᠨᠠᠭᠠᠳᠤᠮ ᠲᠣᠭᠯᠠᠭᠠᠮ ᠳᠤ ᠣᠷᠤᠯᠴᠠᠭᠤᠯᠤᠨ

ᠤᠶᠤᠨ ᠰᠡᠳᠭᠢᠬᠦᠢ ᠶᠢ ᠨᠢ ᠬᠦᠭᠵᠢᠭᠦᠯᠬᠦ ᠠᠵᠢᠯᠯᠠᠭ᠎ᠠ ᠶᠢ ᠤᠮᠳᠤᠭᠠᠶᠢᠯᠠᠭᠰᠠᠨ ᠠᠴᠠ ᠪᠣᠯᠤᠭᠰᠠᠨ ᠪᠠᠶᠢᠳᠠᠭ᠃ ᠨᠡᠩ

ᠴᠤ ᠵᠠᠷᠢᠮ ᠭᠡᠷ ᠤᠨ ᠠᠬᠠᠮᠠᠳ ᠬᠡᠦᠬᠡᠳ ᠢᠶᠠᠨ ᠰᠤᠷᠭᠠᠭᠤᠯᠢ ᠳᠤ ᠰᠠᠭᠤᠯᠭᠠᠪᠠᠯ ᠠᠯᠢᠪᠠ ᠪᠦᠬᠦᠨ ᠢ ᠪᠠᠭᠰᠢ ᠠᠴᠠ

ᠰᠤᠷᠴᠤ ᠠᠯᠢᠪᠠ ᠰᠤᠷᠭᠠᠬᠤ ᠠᠵᠢᠯ ᠢ ᠪᠠᠭᠰᠢ ᠳᠤ ᠨᠠᠶᠢᠲᠠᠵᠤ᠂ ᠭᠡᠷ ᠪᠦᠯᠢ ᠳᠤ ᠪᠠᠨ ᠬᠡᠦᠬᠡᠳ ᠤᠨ ᠤᠶᠤᠨ ᠢ

ᠨᠡᠭᠡᠭᠡᠭᠳᠡᠭᠦᠯᠬᠦ ᠶᠠᠮᠠᠷ ᠴᠤ ᠠᠵᠢᠯᠯᠠᠭ᠎ᠠ ᠬᠢᠬᠦ ᠦᠭᠡᠢ ᠪᠠᠶᠢᠳᠠᠭ᠃ ᠡᠭᠦᠨ ᠠᠴᠠ ᠪᠣᠯᠵᠤ ᠬᠡᠦᠬᠡᠳ ᠨᠢ ᠪᠣᠰᠤᠳ

ᠰᠤᠷᠤᠭᠴᠢᠳ ᠠᠴᠠ ᠬᠤᠴᠤᠷᠴᠤ᠂ ᠰᠤᠷᠤᠯᠴᠠᠬᠤ ᠤᠷᠮ᠎ᠠ ᠵᠣᠷᠢᠭ ᠨᠢ ᠪᠠᠭᠤᠷᠠᠵᠤ ︽ᠬᠤᠴᠤᠷᠤᠩᠭᠤᠢ︾ ᠶᠢᠨ

ᠲᠣᠭᠠᠨ ᠳᠤ ᠣᠷᠣᠳᠠᠭ᠃

      2. ᠨᠡᠶᠢᠭᠡᠮ ᠤᠨ ᠣᠷᠴᠢᠨ ᠲᠣᠭᠤᠷᠢᠨ ᠪᠠ ᠭᠡᠷ ᠪᠦᠯᠢ ᠶᠢᠨ ᠰᠢᠯᠲᠠᠭᠠᠨ — ᠨᠡᠶᠢᠭᠡᠮ ᠤᠨ ᠠᠮᠢᠳᠤᠷᠠᠯ ᠤᠨ

ᠣᠷᠴᠢᠨ ᠲᠣᠭᠤᠷᠢᠨ ᠨᠢ ᠰᠤᠷᠤᠭᠴᠢᠳ ᠤᠨ ᠰᠡᠳᠭᠢᠴᠡ ᠶᠢᠨ ᠬᠦᠭᠵᠢᠯᠲᠡ ᠳᠤ ᠰᠢᠢᠳᠪᠦᠷᠢᠯᠡᠬᠦ ᠦᠢᠯᠡᠳᠦᠯ

ᠦᠵᠡᠭᠦᠯᠳᠡᠭ᠃ ᠭᠡᠲᠡᠯ᠎ᠡ ᠵᠠᠷᠢᠮ ᠬᠡᠦᠬᠡᠳ ᠤᠨ ᠦᠰᠴᠦ ᠲᠦᠷᠦᠭᠰᠡᠨ ᠣᠷᠴᠢᠨ ᠲᠣᠭᠤᠷᠢᠨ᠂ ᠭᠡᠷ ᠪᠦᠯᠢ ᠤᠨ

ᠬᠦᠮᠦᠵᠢᠯ ᠨᠢ ᠬᠡᠦᠬᠡᠳ ᠤᠨ ᠰᠡᠳᠭᠢᠬᠦᠢ ᠶᠢᠨ ᠬᠦᠭᠵᠢᠯᠲᠡ ᠳᠤ ᠨᠠᠵᠠᠭᠠᠢ ᠦᠢᠯᠡᠳᠦᠯ ᠦᠵᠡᠭᠦᠯᠵᠦ        

ᠪᠠᠶᠢᠳᠠᠭ᠃ ᠵᠠᠷᠢᠮ ᠭᠡᠷ ᠤᠨ ᠠᠬᠠᠮᠠᠳ ᠰᠣᠶᠣᠯ ᠰᠤᠷᠤᠯᠴᠠᠯᠭ᠎ᠠ ᠶᠢ ᠬᠦᠨᠳᠦᠳᠭᠡᠬᠦ ᠦᠭᠡᠢ᠂ ᠮᠤᠷᠠᠯ ᠰᠠᠬᠢᠯᠭ᠎ᠠ ᠶᠢ

ᠠᠩᠬᠠᠷᠬᠤ ᠦᠭᠡᠢ᠂ ᠬᠡᠦᠬᠡᠳ ᠤᠨ ᠡᠷᠡᠭᠦᠯ ᠰᠠᠷᠠᠭᠤᠯ ᠢᠶᠠᠷ ᠦᠰᠦᠨ ᠪᠤᠶᠢᠵᠢᠬᠤ ᠶᠢ ᠬᠦᠨᠳᠦᠳᠭᠡᠬᠦ ᠦᠭᠡᠢ ᠠᠴᠠ

ᠪᠣᠯᠵᠤ ᠬᠡᠦᠬᠡᠳ ᠢ ᠬᠤᠴᠤᠷᠤᠩᠭᠤᠢ ᠪᠣᠯᠭᠠᠳᠠᠭ᠃ ᠪᠣᠲᠠᠳᠠᠢ ᠪᠠᠷ ᠲᠤᠷᠠᠳᠪᠠᠯ ᠵᠠᠷᠢᠮ ᠭᠡᠷ ᠤᠨ ᠠᠬᠠᠮᠠᠳ

ᠬᠡᠦᠬᠡᠳ ᠤᠨ ᠭᠡᠳᠡᠰᠦ ᠶᠢ ᠨᠢ ᠦᠯᠦᠰᠭᠡᠬᠦ ᠦᠭᠡᠢ᠂ ᠬᠦᠢᠲᠡᠨ ᠳᠤ ᠳᠠᠭᠠᠷᠠᠭᠤᠯᠵᠤ ᠪᠡᠭᠡᠷᠡᠭᠦᠯᠬᠦ ᠦᠭᠡᠢ ᠶᠢ ᠯᠡ

ᠴᠢᠬᠤᠯᠠᠴᠢᠯᠠᠵᠤ᠂ ᠲᠡᠳᠡᠨ ᠤ ᠡᠷᠡᠭᠦᠯ ᠰᠠᠷᠠᠭᠤᠯ ᠢᠶᠠᠷ ᠦᠰᠦᠨ ᠪᠤᠶᠢᠵᠢᠬᠤ ᠳᠤ ᠴᠣᠬᠤᠮ ᠶᠠᠮᠠᠷ ᠶᠠᠮᠠᠷ ᠰᠢᠮ᠎ᠡ

ᠲᠡᠵᠢᠭᠡᠯ᠂ ᠬᠦᠨᠡᠰᠦ ᠳᠤᠲᠠᠭᠳᠠᠵᠤ ᠪᠠᠶᠢᠳᠠᠭ ᠢ ᠬᠡᠵᠢᠶᠡᠳᠡ ᠰᠠᠨᠠᠭᠠᠨ ᠳᠤ ᠪᠠᠨ ᠠᠪᠳᠠᠭ ᠦᠭᠡᠢ᠃ ᠹᠠᠯᠲ᠋ᠣ᠋᠄ ︽ᠶᠠᠮᠠᠷ

ᠮᠠᠭᠤ ᠬᠦᠮᠦᠨ ᠭᠡᠳ ᠮᠠᠭᠤ ᠬᠦᠮᠦᠨ ᠪᠣᠯᠬᠤ ᠳᠣᠲᠤᠷ᠎ᠠ ᠠᠴᠠ ᠪᠠᠨ ᠳᠤᠷᠠᠲᠠᠢ ᠪᠢᠰᠢ ᠶᠤᠮ᠂ ᠮᠠᠭᠤ ᠬᠦᠮᠦᠨ

ᠪᠣᠯᠳᠠᠭ ᠤᠨ ᠣᠯᠠᠩᠬᠢ ᠨᠢ ᠴᠦᠮ ᠠᠪᠤ ᠡᠵᠢ ᠶᠢᠨ ᠬᠢ ᠨᠢ ᠰᠠᠶᠢᠬᠠᠨ ᠰᠤᠷᠭᠠᠨ ᠬᠦᠮᠦᠵᠢᠭᠦᠯᠦᠭᠰᠡᠨ ᠦᠭᠡᠢ ᠶᠢᠨ

ᠮᠠᠭᠤ ᠠᠴᠠ ᠪᠣᠯᠵᠠᠢ︾ ᠭᠡᠵᠦ ᠦᠭᠦᠯᠡᠭᠰᠡᠨ ᠨᠢ ᠦᠨᠡᠬᠡᠷ ᠬᠤᠷᠴᠠ ᠣᠨᠤᠪᠴᠢᠲᠠᠢ ᠪᠠᠷ ᠨᠤᠲᠠᠯᠠᠵᠤ ᠲᠣᠳᠤᠷᠬᠠᠶᠢᠯᠠᠵᠤ

ᠦᠭᠭᠦᠭᠰᠡᠨ ᠶᠤᠮ᠃

      3. ᠰᠤᠷᠭᠠᠭᠤᠯᠢ ᠶᠢᠨ ᠰᠤᠷᠭᠠᠨ ᠬᠦᠮᠦᠵᠢᠯ ᠪᠠ ᠪᠠᠭᠰᠢ ᠶᠢᠨ ᠬᠦᠮᠦᠵᠢᠯ ᠤᠨ ᠰᠢᠯᠲᠠᠭᠠᠨ —

ᠴᠧᠷᠨᠢᠰᠸᠧᠰᠺᠢ᠄ ︽ᠪᠠᠭᠰᠢ ᠬᠦᠮᠦᠨ ᠰᠤᠷᠤᠭᠴᠢ ᠪᠠᠨ ᠶᠠᠮᠠᠷ ᠮᠠᠶ᠋ᠢᠭ ᠤᠨ ᠬᠦᠮᠦᠨ ᠪᠣᠯᠭᠠᠶ᠎ᠠ ᠭᠡᠪᠡᠯ ᠵᠠᠪᠠᠯ

ᠥᠪᠡᠰᠤᠪᠠᠨ ᠳᠠᠷᠤᠢ ᠲᠡᠶᠢᠮᠦ ᠮᠠᠶ᠋ᠢᠭ ᠤᠨ ᠬᠦᠮᠦᠨ ᠪᠠᠶᠢᠬᠤ ᠬᠡᠷᠡᠭᠲᠡᠢ︾ ᠭᠡᠵᠦ ᠵᠢᠭᠠᠭᠰᠠᠨ ᠪᠠᠶᠢᠳᠠᠭ᠃ ᠳᠡᠯᠡᠬᠡᠢ

ᠳᠡᠭᠡᠷ᠎ᠡ ᠲᠦᠷᠦᠮᠡᠭᠴᠡ ᠪᠠᠨ ᠮᠠᠭᠤ ᠬᠡᠦᠬᠡᠳ ᠭᠡᠵᠦ ᠪᠠᠶᠢᠳᠠᠭ ᠦᠭᠡᠢ ᠶᠤᠮ᠃ ᠬᠠᠷᠢᠨ ᠬᠡᠦᠬᠡᠳ ᠢ ᠵᠣᠬᠢᠰ ᠦᠭᠡᠢ

ᠬᠦᠮᠦᠵᠢᠭᠦᠯᠦᠭᠰᠡᠨ ᠠᠴᠠ ᠪᠣᠯᠵᠤ ᠮᠠᠭᠤ ᠬᠡᠦᠬᠡᠳ ᠪᠣᠢ ᠪᠣᠯᠳᠠᠭ᠃ ᠰᠤᠷᠭᠠᠭᠤᠯᠢ ᠳᠤ ᠣᠷᠤᠭᠰᠠᠨ ᠬᠡᠦᠬᠡᠳ ᠲᠤ

ᠠᠪᠴᠤ ᠬᠡᠯᠡᠪᠡᠯ ᠰᠤᠷᠭᠠᠭᠤᠯᠢ ᠶᠢᠨ ᠰᠤᠷᠭᠠᠨ ᠬᠦᠮᠦᠵᠢᠯ ᠪᠠ ᠪᠠᠭᠰᠢ ᠶᠢᠨ ᠬᠦᠮᠦᠵᠢᠯ ᠨᠢ ᠰᠤᠷᠤᠭᠴᠢ ᠶᠢᠨ

ᠬᠦᠮᠦᠵᠢᠯ ᠳᠤ ᠶᠡᠭᠡᠭᠡᠨ ᠨᠦᠯᠦᠭᠡ ᠪᠣᠯᠳᠠᠭ᠃ ᠵᠠᠷᠢᠮ ᠰᠤᠷᠭᠠᠭᠤᠯᠢ ᠪᠠ ᠪᠠᠭᠰᠢ ᠶᠢᠨ ᠬᠦᠮᠦᠵᠢᠯ ᠤᠨ ᠵᠣᠬᠢᠰ

ᠦᠭᠡᠢ ᠠᠴᠠ ᠪᠣᠯᠵᠤ᠂ ᠬᠤᠴᠤᠷᠤᠩᠭᠤᠢ ᠰᠤᠷᠤᠭᠴᠢ ᠶᠢ ᠪᠣᠢ ᠪᠣᠯᠭᠠᠳᠠᠭ᠃ ᠡᠭᠦᠨ ᠳᠤ ᠪᠠᠭᠰᠢ ᠶᠢᠨ ᠵᠢᠭᠠᠬᠤ ᠤᠷᠮ᠎ᠠ

ᠮᠡᠷᠭᠡᠵᠢᠯ ᠪᠠ ᠰᠤᠷᠭᠠᠨ ᠬᠦᠮᠦᠵᠢᠭᠦᠯᠬᠦ ᠠᠷᠭ᠎ᠠ ᠠᠪᠴᠠᠯ ᠤᠨ ᠵᠣᠬᠢᠰ ᠦᠭᠡᠢ ᠠᠴᠠ ᠡᠭᠦᠰᠦᠭᠰᠡᠨ ᠬᠤᠴᠤᠷᠤᠩᠭᠤᠢ

ᠪᠣᠯᠤᠭᠰᠠᠨ ᠰᠢᠯᠲᠠᠭᠠᠨ ᠨᠡᠶᠢᠲᠡᠮ ᠣᠷᠤᠰᠢᠵᠤ ᠪᠣᠢ᠃ ᠪᠣᠲᠠᠳᠠᠢ ᠪᠠᠷ ᠳᠤᠷᠠᠳᠪᠠᠯ ᠵᠠᠷᠢᠮ ᠪᠠᠭᠰᠢ ᠶᠢᠨ ᠵᠢᠭᠠᠬᠤ ᠤᠷ᠎ᠠ

ᠮᠡᠷᠭᠡᠵᠢᠯ ᠦᠬᠦᠮᠡᠯ ᠬᠤᠴᠤᠷᠤᠩᠭᠤᠢ ᠪᠠᠶᠢᠵᠤ ᠵᠦᠪᠬᠡᠨ ᠵᠢᠭᠠᠬᠤ ᠶᠢ ᠮᠡᠳᠡᠬᠦ ᠠᠴᠠ ᠪᠢᠰᠢ ᠰᠤᠷᠭᠠᠬᠤ ᠶᠢ

ᠤᠮᠳᠤᠭᠠᠶᠢᠯᠠᠳᠠᠭ᠂ ᠰᠤᠷᠤᠭᠴᠢ ᠶᠢ ᠵᠢᠮᠡᠯᠡᠨ ᠰᠢᠢᠳᠭᠡᠵᠥ ᠪᠦᠳᠦᠭᠦᠯᠢᠭ ᠢᠶᠠᠷ ᠵᠠᠩᠨᠠᠬᠤ ᠶᠢ ᠮᠡᠳᠡᠬᠦ ᠠᠴᠠ ᠪᠢᠰᠢ

ᠡᠶᠡᠯᠳᠡᠭ ᠰᠠᠶᠢᠬᠠᠨ ᠲᠡᠰᠪᠦᠷᠢ ᠬᠦᠯᠢᠴᠡᠩᠭᠦᠢ ᠰᠤᠷᠭᠠᠨ ᠬᠦᠮᠦᠵᠢᠭᠦᠯᠬᠦ ᠶᠢ ᠮᠡᠳᠡᠬᠦ ᠦᠭᠡᠢ ᠪᠠᠶᠢᠳᠠᠭ᠃ ᠣᠳᠣ ᠶᠢᠨ

ᠰᠢᠨ᠎ᠡ ᠬᠢᠴᠢᠶᠡᠯᠯᠡᠭᠡ ᠶᠢᠨ ᠦᠭᠡᠷᠡᠴᠢᠯᠡᠯᠲᠡ ᠳᠤ ᠪᠠᠭᠰᠢ ᠰᠤᠷᠤᠭᠴᠢ ᠶᠢᠨ ᠬᠠᠷᠢᠴᠠᠭ᠎ᠠ ᠡᠷᠬᠡ ᠲᠡᠭᠰᠢ ᠪᠠᠶᠢᠬᠤ ᠶᠢ

ᠣᠨᠴᠠ ᠴᠢᠬᠤᠯᠠᠴᠢᠯᠠᠭᠰᠠᠨ ᠪᠠᠶᠢᠳᠠᠭ᠃ ︽ᠰᠤᠷᠤᠭᠴᠢ ᠪᠣᠯ ᠪᠡᠶ᠎ᠡ ᠪᠠᠨ ᠳᠠᠭᠠᠭᠠᠭᠰᠠᠨ ᠬᠦᠮᠦᠨ᠂ ᠬᠦᠭᠵᠢᠯᠲᠡ ᠶᠢᠨ

ᠱᠠᠲᠤᠨ ᠳᠤ ᠪᠠᠨ ᠪᠠᠶᠢᠭ᠎ᠠ ᠬᠦᠮᠦᠨ︾ ᠭᠡᠵᠦ ᠳᠤᠷᠠᠳᠴᠤ᠂ ᠰᠤᠷᠤᠭᠴᠢ ᠶᠢᠨ ᠨᠡᠷ᠎ᠡ ᠬᠦᠨᠳᠦ ᠶᠢ ᠬᠤᠬᠢᠷᠠᠭᠤᠯᠬᠤ᠂

ᠪᠡᠶ᠎ᠡ ᠪᠠᠨ ᠬᠦᠨᠳᠦᠳᠭᠡᠬᠦ ᠰᠡᠳᠭᠢᠯᠭᠡ ᠶᠢ ᠬᠦᠨᠳᠡᠬᠦ ᠵᠡᠷᠭᠡ ᠵᠦᠢ ᠵᠣᠬᠢᠰ ᠦᠭᠡᠢ ᠠᠵᠢᠯᠯᠠᠭ᠎ᠠ ᠶᠢ ᠴᠢᠩᠭ᠎ᠠ ᠴᠡᠭᠡᠷᠯᠡᠵᠦ

ᠪᠣᠢ᠃ ᠠᠩᠭᠢ ᠶᠢᠨ ᠪᠠᠭᠰᠢ ᠨᠢ ᠬᠢᠴᠢᠶᠡᠯ ᠵᠢᠭᠠᠬᠤ ᠠᠴᠠ ᠭᠠᠳᠠᠨ᠎ᠠ ᠰᠤᠷᠤᠭᠴᠢ ᠶᠢᠨ ᠰᠤᠷᠤᠯᠭ᠎ᠠ᠂ ᠮᠤᠷᠠᠯ᠂ ᠪᠡᠶ᠎ᠡ

ᠮᠠᠬᠠᠪᠤᠳ ᠢ ᠪᠦᠬᠦ ᠲᠠᠯ᠎ᠠ ᠪᠠᠷ ᠬᠠᠷᠠᠭᠠᠯᠵᠠᠵᠤ ᠪᠠᠶᠢᠭ᠎ᠠ ᠲᠤᠯᠠ ᠡᠨᠡ ᠲᠠᠯ᠎ᠠ ᠪᠠᠷ ᠨᠡᠩ ᠢᠯᠡᠭᠦᠦ ᠠᠩᠬᠠᠷᠬᠤ ᠬᠡᠷᠡᠭᠲᠡᠢ᠃

      4. ᠰᠤᠷᠤᠭᠴᠢᠳ ᠤᠨ ᠰᠡᠳᠭᠢᠯ ᠤᠨ ᠳᠠᠷᠤᠭᠠᠰᠤ ᠶᠢᠨ ᠰᠢᠯᠲᠠᠭᠠᠨ — ᠵᠠᠷᠢᠮ ᠬᠡᠦᠬᠡᠳ ᠤᠨ ᠭᠡᠷ ᠤᠨ

ᠠᠮᠢᠳᠤᠷᠠᠯ ᠬᠦᠴᠢᠷ ᠲᠠᠢ ᠪᠣᠶᠤ ᠭᠡᠷ ᠪᠦᠯᠢ ᠶᠢᠨ ᠵᠦᠷᠢᠴᠡᠯ᠂ ᠡᠰᠡᠭᠦᠯ᠎ᠡ ᠥᠨᠦᠴᠢᠨ ᠦᠷᠦᠭᠡᠰᠦᠨ ᠵᠡᠷᠭᠡ

ᠰᠢᠯᠲᠠᠭᠠᠨ ᠠᠴᠠ ᠪᠣᠯᠵᠤ ᠰᠡᠳᠭᠢᠯ ᠰᠠᠨᠠᠭᠠᠨ ᠳᠤ ᠨᠢ ᠶᠡᠬᠡᠬᠡᠨ ᠳᠠᠷᠤᠭᠠᠰᠤ ᠲᠠᠢ ᠪᠠᠶᠢᠵᠤ ᠰᠤᠷᠤᠯᠭ᠎ᠠ ᠮᠤᠷᠠᠯ ᠤᠨ

ᠲᠠᠯ᠎ᠠ ᠪᠠᠷ ᠬᠤᠴᠤᠷᠳᠠᠭ᠃ ᠬᠡᠦᠬᠡᠳ ᠪᠣᠯ ᠦᠨᠡᠨ ᠳᠤ ᠪᠠᠨ ︽ᠬᠡᠷᠡᠭᠯᠡᠭᠡ ᠦᠭᠡᠢ ᠴᠠᠭᠠᠰᠤ ᠭᠭᠢᠷᠲᠦᠭᠡ ᠦᠭᠡᠢ          

ᠴᠠᠰᠤ︾ ᠮᠡᠲᠦ ᠭᠡᠨᠡᠨ ᠴᠠᠶᠢᠯᠭᠠᠨ ᠪᠠᠶᠢᠳᠠᠭ ᠶᠤᠮ᠃ ᠭᠡᠲᠡᠯ᠎ᠡ ᠭᠡᠷ ᠪᠦᠯᠢ ᠪᠣᠶᠤ ᠨᠡᠶᠢᠭᠡᠮ ᠤᠨ ᠰᠢᠯᠲᠠᠭᠠᠨ ᠠᠴᠠ ᠪᠣᠯᠵᠤ

ᠬᠡᠦᠬᠡᠳ ᠤᠨ ᠰᠡᠳᠭᠢᠯ ᠳᠤ ᠰᠡᠪ ᠰᠠᠭᠤᠯᠭᠠᠵᠤ᠂ ᠵᠢᠭᠠᠬᠠᠨ ᠬᠡᠦᠬᠡᠳ ᠴᠤ ᠲᠣᠮᠣ ᠳᠠᠷᠤᠭᠠᠰᠤ ᠲᠠᠢ          

ᠪᠣᠯᠳᠠᠭ᠃ ᠰᠡᠳᠭᠢᠯ ᠤᠨ ᠳᠠᠷᠤᠭᠠᠰᠤ ᠲᠠᠢ ᠬᠡᠦᠬᠡᠳ ᠨᠢ ᠵᠣᠷᠢᠯᠭ᠎ᠠ ᠲᠠᠢ ᠪᠠᠷ ᠰᠡᠳᠭᠢᠯ ᠤᠨ ᠳᠠᠷᠤᠭᠠᠰᠤ ᠪᠠᠨ

ᠲᠠᠶᠠᠭᠳᠠᠵᠤ ᠳᠡᠶᠢᠯᠬᠦ ᠦᠭᠡᠢ ᠲᠤᠯᠠ ᠬᠢᠴᠢᠶᠡᠯ ᠳᠡᠭᠡᠷ᠎ᠡ ᠰᠡᠳᠭᠢᠯ ᠢᠶᠠᠨ ᠲᠦᠪᠯᠡᠷᠡᠭᠦᠯᠵᠦ ᠳᠡᠶᠢᠯᠬᠦ ᠦᠭᠡᠢ᠂

ᠰᠡᠳᠭᠢᠴᠡ ᠳᠤ ᠨᠢ ᠪᠡᠶ᠎ᠡ ᠪᠠᠨ ᠭᠤᠯᠤᠬᠤ᠂ ᠵᠦᠷᠢᠭᠦᠳᠯᠡᠬᠦ᠂ ᠭᠤᠨᠢᠵᠤ ᠭᠤᠲᠤᠷᠠᠬᠤ ᠮᠡᠲᠦ ᠶᠢᠨ ᠪᠠᠶᠢᠳᠠᠯ ᠭᠠᠷᠴᠤ

ᠮᠤᠷᠠᠯ ᠰᠠᠬᠢᠯᠭ᠎ᠠ᠂ ᠬᠢᠴᠢᠶᠡᠯ ᠰᠤᠷᠤᠯᠭ᠎ᠠ ᠳᠤ ᠪᠠᠨ ᠳᠠᠪᠰᠢᠯᠲᠠ ᠦᠭᠡᠢ ᠪᠣᠯᠳᠠᠭ᠃

      ᠳᠡᠭᠡᠷ᠎ᠡ ᠦᠭᠦᠯᠡᠭᠰᠡᠨ ᠵᠦᠢᠯ ᠪᠣᠯ ᠰᠤᠷᠤᠭᠴᠢ ᠶᠢᠨ ᠬᠤᠴᠤᠷᠤᠩᠭᠤᠢ ᠪᠣᠯᠤᠭᠰᠠᠨ ᠰᠢᠯᠲᠠᠭᠠᠨ ᠤ ᠨᠢᠭᠡ ᠬᠡᠰᠡᠭ

ᠪᠣᠯᠬᠤ ᠶᠤᠮ᠃ ᠡᠭᠦᠨ ᠠᠴᠠ ᠭᠠᠳᠠᠨ᠎ᠠ ᠰᠤᠷᠤᠭᠴᠢ ᠶᠢᠨ ᠬᠤᠴᠤᠷᠤᠩᠭᠤᠢ ᠪᠣᠯᠤᠭᠰᠠᠨ ᠰᠢᠯᠲᠠᠭᠠᠨ ᠴᠤ ᠣᠯᠠᠨ

ᠣᠯᠠᠨ ᠢᠯᠡᠷᠡᠵᠦ ᠪᠣᠢ᠃ ᠵᠢᠱᠢᠶᠡᠯᠡᠪᠡᠯ᠂ ᠨᠠᠭᠠᠳᠤᠮ ᠳᠤ ᠰᠢᠨᠤᠬᠤ᠂ ᠨᠦᠬᠦᠳ ᠵᠠᠭᠤᠷ᠎ᠠ ᠪᠠᠨ ᠪᠦᠯᠬᠦᠮᠳᠡᠯ ᠦᠭᠡᠢ

ᠪᠣᠯᠬᠤ᠂ ᠡᠪᠡᠳᠴᠢᠨ ᠠᠷᠬᠠᠭ ᠭᠡᠮ᠂ ᠬᠢᠴᠢᠶᠡᠯ ᠤᠨ ᠰᠠᠭᠠᠲᠤᠯ᠂ ᠪᠡᠶ᠎ᠡ ᠰᠡᠳᠭᠢᠴᠡ ᠶᠢᠨ ᠬᠤᠪᠢᠷᠠᠯᠲᠠ ᠁

ᠵᠡᠷᠭᠡ ᠨᠢ ᠴᠦᠮ ᠨᠦᠯᠦᠭᠡ ᠪᠣᠯᠳᠠᠭ᠃ ᠪᠠᠭᠰᠢ ᠪᠣᠯᠤᠭᠰᠠᠳ ᠰᠤᠷᠤᠭᠴᠢᠳ ᠤᠨ ︽ᠬᠤᠴᠤᠷᠤᠩᠭᠤᠢ ᠪᠣᠯᠤᠭᠰᠠᠨ

ᠰᠢᠯᠲᠠᠭᠠᠨ︾ ᠢ ᠡᠷᠢᠵᠤ ᠭᠠᠷᠭᠠᠭᠰᠠᠨ ᠤ ᠳᠠᠷᠠᠭ᠎ᠠ ᠳᠠᠷᠦ᠋ᠢᠬᠠᠨ ᠠᠷᠭ᠎ᠠ ᠰᠦᠪᠡᠭᠴᠢᠯᠡᠵᠦ ᠬᠤᠪᠢᠷᠠᠭᠤᠯᠤᠨ

ᠳᠡᠭᠡᠭᠰᠢᠯᠡᠭᠦᠯᠬᠦ ᠬᠡᠷᠡᠭᠲᠡᠢ᠃ ᠳᠡᠭᠡᠷᠡᠬᠢ ᠬᠡᠲᠦᠨ ᠲᠠᠯ᠎ᠠ ᠶᠢᠨ ᠪᠠᠶᠢᠳᠠᠯ ᠳᠤ ᠴᠢᠭᠯᠡᠭᠦᠯᠦᠨ ᠳᠣᠣᠷᠠᠬᠢ ᠮᠡᠲᠦ ᠶᠢᠨ ᠠᠷᠭ᠎ᠠ

ᠬᠡᠮᠵᠢᠶ᠎ᠡ ᠶᠢ ᠬᠡᠷᠡᠭᠯᠡᠵᠦ ᠪᠣᠯᠤᠨ᠎ᠠ᠃

      1. ᠬᠤᠴᠤᠷᠤᠩᠭᠤᠢ ᠰᠤᠷᠤᠭᠴᠢ ᠳᠤ ᠬᠠᠶᠢᠷ᠎ᠠ ᠬᠠᠯᠠᠮᠵᠢ ᠬᠦᠷᠭᠡᠬᠦ — ᠰᠤᠷᠭᠠᠨ ᠬᠦᠮᠦᠵᠢᠯ ᠤᠨ

ᠵᠢᠳᠭᠦᠯᠲᠡᠨ ᠰᠦᠬᠤᠮᠯᠢᠰᠺᠢ᠄ ︽ᠰᠤᠷᠭᠠᠨ ᠬᠦᠮᠦᠵᠢᠭᠦᠯᠬᠦ ᠠᠷᠭ᠎ᠠ ᠮᠡᠷᠭᠡᠵᠢᠯ ᠤᠨ ᠪᠦᠬᠦᠶ ᠯᠡ ᠨᠢᠭᠤᠴᠠ ᠨᠢ ᠳᠠᠷᠤᠢ

ᠰᠤᠷᠤᠭᠴᠢᠳ ᠢ ᠬᠡᠷᠬᠢᠨ ᠬᠠᠶᠢᠷᠠᠯᠠᠬᠤ ᠳᠤ ᠣᠷᠤᠰᠢᠨ᠎ᠠ︾ ᠭᠡᠰᠡᠨ ᠪᠢᠯᠡ᠃ ᠰᠤᠷᠤᠭᠴᠢ ᠪᠦᠬᠦᠨ ᠪᠠᠭᠰᠢ ᠶᠢᠨ

ᠬᠠᠶᠢᠷ᠎ᠠ ᠶᠢ ᠬᠦᠷᠲᠡᠬᠦ ᠶᠢ ᠬᠦᠰᠡᠵᠦ ᠪᠠᠶᠢᠳᠠᠭ᠃ ᠬᠤᠴᠤᠷᠤᠩᠭᠤᠢ ᠰᠤᠷᠤᠭᠴᠢᠳ ᠲᠤ ᠪᠠᠭᠰᠢ ᠶᠢᠨ ᠬᠠᠶᠢᠷ᠎ᠠ ᠮᠠᠰᠢ

ᠴᠢᠬᠤᠯᠠ ᠱᠠᠭᠠᠷᠳᠠᠭᠳᠠᠨ᠎ᠠ᠃ ᠪᠠᠭᠰᠢ ᠶᠢᠨ ᠬᠠᠶᠢᠷ᠎ᠠ ᠠᠯᠠᠭ ᠪᠠᠶᠢᠵᠤ ᠪᠣᠯᠬᠤ ᠦᠭᠡᠢ᠂ ᠰᠤᠷᠤᠭᠴᠢ ᠪᠦᠬᠦᠨ ᠳᠤ ᠠᠳᠠᠯᠢ

ᠲᠡᠭᠰᠢ ᠪᠠᠷ ᠬᠠᠨᠳᠤᠬᠤ ᠬᠡᠷᠡᠭᠲᠡᠢ᠃ ᠬᠤᠴᠤᠷᠤᠩᠭᠤᠢ ᠰᠤᠷᠤᠭᠴᠢ ᠨᠢ ᠰᠤᠷᠤᠯᠭ᠎ᠠ ᠳᠤ ᠪᠠᠨ ᠬᠦᠴᠢᠷᠳᠡᠵᠦ᠂ ᠮᠤᠷᠠᠯ

ᠰᠠᠬᠢᠯᠭ᠎ᠠ ᠶᠢ ᠡᠪᠳᠡᠳᠡᠭ ᠲᠤᠯᠠ ᠪᠠᠭᠰᠢ ᠶᠢᠨ ᠠᠭᠤᠷ ᠤᠴᠠᠭᠠᠷ ᠢ ᠬᠦᠷᠭᠡᠬᠦ ᠨᠢ ᠵᠠᠶᠢᠯᠠᠰᠢ ᠦᠭᠡᠢ ᠶᠤᠮ᠃ ᠡᠨᠡ

ᠪᠠᠶᠢᠳᠠᠯ ᠳᠤ ᠪᠠᠭᠰᠢ ᠡᠷᠬᠡᠪᠰᠢ ᠬᠦᠯᠢᠴᠡᠩᠭᠦᠢ ᠬᠠᠨᠳᠤᠵᠤ ᠲᠡᠰᠪᠦᠷᠢᠲᠡᠢ ᠤᠳᠠᠭᠠᠨ ᠳᠠᠭᠠᠭᠠᠮᠠᠭᠠᠢ ᠪᠠᠷ ᠰᠤᠷᠭᠠᠨ

ᠬᠦᠮᠦᠵᠢᠭᠦᠯᠬᠦ ᠬᠡᠷᠡᠭᠲᠡᠢ᠃ ᠠᠩᠭᠢ ᠶᠢᠨ ᠡᠷᠬᠢᠯᠡᠭᠴᠢ ᠪᠠᠭᠰᠢ ᠠᠴᠠ ᠬᠤᠴᠤᠷᠤᠩᠭᠤᠢ ᠰᠤᠷᠤᠭᠴᠢ ᠲᠠᠢ ᠢᠯᠡᠭᠦᠬᠡᠨ

ᠤᠶᠢᠷᠠᠳᠴᠤ ᠲᠡᠳᠡᠨ ᠤ ᠰᠤᠷᠤᠯᠭ᠎ᠠ ᠶᠢ ᠬᠠᠯᠠᠮᠵᠢᠯᠠᠵᠤ᠂ ᠲᠡᠳᠡᠨ ᠤ ᠠᠮᠢᠳᠤᠷᠠᠯ ᠢ ᠬᠠᠷᠠᠭᠠᠯᠵᠠᠨ            

︽ᠬᠠᠶᠢᠷ᠎ᠠ︾ ᠬᠦᠷᠲᠡᠭᠡᠬᠦ ᠬᠡᠷᠡᠭᠲᠡᠢ᠃ ᠡᠶᠢᠮᠦᠷᠬᠦᠤ ᠰᠤᠷᠤᠭᠴᠢᠳ ᠲᠠᠢ ᠢᠯᠡᠭᠦᠬᠡᠨ ᠰᠡᠳᠭᠢᠯ ᠤᠨ ᠦᠭᠡ ᠪᠠᠨ

ᠶᠠᠷᠢᠯᠴᠠᠵᠤ ᠤᠷᠮᠠᠰᠢᠭᠤᠯᠤᠨ ᠵᠣᠷᠢᠬᠵᠢᠭᠤᠯᠵᠤ᠂ ᠠᠭᠤᠴᠢᠯᠠᠨ ᠡᠨᠡᠷᠢᠬᠦ ᠰᠡᠳᠭᠢᠯ ᠲᠠᠢ ᠪᠠᠶᠢᠪᠠᠯ ᠵᠣᠬᠢᠨ᠎ᠠ᠃ ᠴᠧᠨ ᠳ᠋ᠥ᠋

ᠫᠢᠩ᠄ ︽ᠬᠦᠮᠦᠨ ᠤ ᠬᠦᠭᠵᠢᠯᠲᠡ ᠪᠣᠯ ᠣᠯᠠᠨ ᠶᠠᠩᠵᠤ ᠶᠢᠨ ᠪᠠᠶᠢᠳᠠᠭ᠂ ᠪᠣᠢ ᠪᠦᠬᠦᠢ ᠬᠦᠮᠦᠨ ᠴᠦᠮ ᠵᠢᠭᠳᠡ

ᠬᠦᠭᠵᠢᠵᠦ ᠴᠢᠳᠠᠬᠤ ᠦᠭᠡᠢ᠂ ᠪᠢᠳᠡᠨ ᠳᠤ ᠰᠤᠷᠤᠭᠴᠢᠳ ᠤᠨ ᠥᠪᠡᠷᠮᠢᠴᠡ ᠴᠢᠨᠠᠷ ᠢᠶᠠᠨ ᠨᠡᠩ ᠰᠠᠶᠢᠨ ᠪᠠᠳᠠᠷᠠᠭᠤᠯᠵᠤ

ᠴᠢᠳᠠᠭᠰᠠᠨ ᠦᠨᠡᠯᠡᠯᠲᠡ ᠶᠢᠨ ᠰᠢᠰᠲ᠋ᠧᠮ ᠪᠠᠶᠢᠪᠠᠯ ᠵᠣᠬᠢᠨ᠎ᠠ︾ ᠭᠡᠵᠦ ᠦᠭᠦᠯᠡᠭᠰᠡᠨ ᠪᠠᠶᠢᠳᠠᠭ᠃ ᠵᠠᠷᠢᠮ

ᠰᠤᠷᠤᠭᠴᠢ ᠶᠢᠨ ᠰᠤᠷᠤᠯᠭ᠎ᠠ ᠠᠨᠠᠢ ᠴᠤ ᠪᠠᠶ᠎ᠠ ᠶᠢᠨ ᠲᠠᠮᠢᠷ ᠲᠤ ᠪᠠᠨ ᠰᠠᠶᠢᠨ ᠪᠣᠶᠤ ᠠᠵᠢᠯ ᠬᠦᠳᠡᠯᠮᠦᠷᠢ ᠳᠤ ᠰᠠᠶᠢᠨ

ᠪᠠᠶᠢᠳᠠᠭ᠃ ᠡᠰᠡᠭᠦᠯ᠎ᠡ ᠳᠠᠭᠤᠤ ᠳᠠᠭᠤᠯᠠᠬᠤ᠂ ᠪᠦᠵᠢᠭ ᠪᠦᠵᠢᠭᠯᠡᠬᠦ᠂ ᠵᠢᠷᠤᠭ ᠵᠢᠷᠤᠬᠤ᠂ ᠵᠣᠬᠢᠶᠠᠯ ᠪᠢᠴᠢᠬᠦ ᠁ ᠵᠡᠷᠭᠡ

ᠲᠠᠯ᠎ᠠ ᠪᠠᠷ ᠠᠪᠢᠶᠠᠰ ᠲᠠᠢ ᠪᠠᠶᠢᠳᠠᠭ᠃ ᠬᠤᠴᠤᠷᠤᠩᠭᠤᠢ ᠰᠤᠷᠤᠭᠴᠢ ᠶᠢᠨ ︽ᠭᠢᠯᠠᠰ ᠴᠡᠭ︾ ᠢ ᠦᠵᠡᠵᠦ ᠬᠠᠷᠠᠭᠠᠳ

ᠮᠠᠭᠲᠠᠨ ᠦᠨᠡᠯᠡᠬᠦ ᠨᠢ ᠮᠠᠰᠢ ᠰᠠᠶᠢᠨ ᠦᠢᠯᠡᠳᠦᠯ ᠢ ᠦᠵᠡᠭᠦᠯᠳᠡᠭ᠃ ᠲᠡᠳᠡᠨ ᠤ ᠣᠨᠴᠠ ᠠᠪᠢᠶᠠᠰ ᠴᠢᠳᠠᠪᠤᠷᠢ

ᠥᠪᠡᠷᠮᠢᠴᠡ ᠴᠢᠳᠠᠪᠤᠷᠢ ᠶᠢ ᠨᠢ ᠦᠨᠡᠯᠡᠨ ᠰᠠᠶᠢᠰᠢᠶᠠᠵᠤ ᠵᠣᠷᠢᠬᠵᠢᠭᠤᠯᠤᠨ ᠤᠷᠮᠠᠰᠢᠭᠤᠯᠪᠠᠯ ᠮᠠᠰᠢ ᠰᠠᠶᠢᠨ ᠦᠷ᠎ᠡ

ᠳ᠋ᠦᠩ ᠢ ᠣᠯᠵᠤ ᠴᠢᠳᠠᠨ᠎ᠠ᠃

      2. ᠭᠡᠷ ᠤᠨ ᠠᠬᠠᠮᠠᠳ ᠲᠠᠢ ᠦᠷᠬᠦᠯᠵᠢ ᠬᠠᠷᠢᠯᠴᠠᠨ ᠨᠢᠭᠲᠠ ᠬᠠᠮᠵᠢᠯᠴᠠᠬᠤ ᠨᠢ ᠬᠤᠴᠤᠷᠤᠩᠭᠤᠢ

ᠰᠤᠷᠤᠭᠴᠢ ᠶᠢ ᠬᠤᠪᠢᠷᠠᠭᠤᠯᠤᠨ ᠰᠠᠶᠢᠵᠢᠷᠠᠭᠤᠯᠬᠤ ᠳᠤ ᠮᠠᠰᠢ ᠴᠢᠬᠤᠯᠠ ᠦᠢᠯᠡᠳᠦᠯ ᠲᠠᠢ ᠪᠠᠶᠢᠳᠠᠭ᠃ ᠭᠡᠷ ᠤᠨ

ᠠᠬᠠᠮᠠᠳ ᠪᠣᠯ ᠬᠡᠦᠬᠡᠳ ᠤᠨ ᠬᠠᠮᠤᠭ ᠤᠨ ᠠᠩᠬᠠᠨ ᠤ ᠪᠠᠭᠰᠢ ᠨᠢ ᠪᠣᠯᠬᠤ ᠶᠤᠮ᠃ ᠶᠠᠮᠠᠷ ᠶᠠᠩᠵᠤ ᠶᠢᠨ ᠭᠡᠷ ᠤᠨ

ᠠᠬᠠᠮᠠᠳ ᠪᠠᠶᠢᠪᠠᠯ ᠲᠡᠶᠢᠮᠦᠷᠬᠦᠤ ᠶᠠᠩᠵᠤ ᠶᠢᠨ ᠬᠡᠦᠬᠡᠳ ᠴᠤ ᠪᠠᠶᠢᠳᠠᠭ ᠨᠢ ᠡᠭᠦᠨ ᠢ ᠬᠠᠷᠠᠭᠤᠯᠵᠤ ᠪᠣᠢ᠃ ︽ᠶᠠᠮᠠᠷᠪᠠ

ᠬᠦᠮᠦᠨ ᠴᠦᠮ ᠡᠬᠡ ᠠᠴᠠ ᠲᠦᠷᠦᠵᠦ ᠡᠬᠡ ᠶᠢᠨ ᠠᠰᠠᠷᠠᠯ ᠳᠣᠣᠷ᠎ᠠ ᠦᠰᠦᠨ ᠪᠤᠶᠢᠵᠢᠵᠤ ᠪᠠᠶᠢᠳᠠᠭ ᠲᠤᠯᠠ ᠬᠦᠮᠦᠨ

ᠲᠦᠷᠦᠯᠬᠢᠲᠡᠨ ᠤ ᠬᠤᠪᠢ ᠵᠠᠶᠠᠭ᠎ᠠ ᠪᠣᠯ ᠡᠬᠡ ᠬᠦᠮᠦᠨ ᠤ ᠭᠠᠷ ᠲᠤ ᠡᠵᠡᠮᠰᠢᠭᠳᠡᠵᠦ ᠪᠠᠶᠢᠭ᠎ᠠ ᠶᠤᠮ᠃ ᠡᠶᠢᠮᠦ ᠠᠴᠠ

ᠰᠤᠷᠭᠠᠨ ᠬᠦᠮᠦᠵᠢᠯ ᠪᠣᠯ ᠴᠣᠬᠤᠮ ᠳᠤ ᠪᠠᠨ ᠡᠬᠡ ᠶᠢ ᠦᠭᠡᠷᠡᠴᠢᠯᠡᠬᠦ ᠠᠴᠠ ᠡᠬᠢᠯᠡᠬᠦ ᠬᠡᠷᠡᠭᠲᠡᠢ︾ ᠭᠡᠳᠡᠭ ᠨᠢ ᠡᠭᠦᠨ ᠢ

ᠬᠠᠷᠠᠭᠤᠯᠵᠤ ᠪᠣᠢ᠃ ᠡᠶᠢᠮᠦ ᠠᠴᠠ ᠠᠩᠭᠢ ᠶᠢᠨ ᠪᠠᠭᠰᠢ ᠭᠡᠷ ᠤᠨ ᠠᠬᠠᠮᠠᠳ ᠲᠠᠢ ᠦᠷᠬᠦᠯᠵᠢ ᠬᠠᠷᠢᠯᠴᠠᠨ ᠭᠡᠷ ᠤᠨ

ᠬᠦᠮᠦᠵᠢᠯ ᠤᠨ ᠲᠣᠬᠠᠢ ᠰᠣᠳᠣᠯᠣᠨ ᠶᠠᠷᠢᠯᠴᠠᠵᠤ ᠵᠦᠪ ᠣᠨᠣᠪᠴᠢᠲᠠᠢ ᠬᠦᠮᠦᠵᠢᠯ ᠬᠢᠬᠦ ᠶᠢ ᠡᠷᠬᠡᠪᠰᠢ ᠬᠦᠨᠳᠦᠳᠭᠡᠬᠦ

ᠬᠡᠷᠡᠭᠲᠡᠢ᠃ ᠭᠡᠷ ᠤᠨ ᠠᠬᠠᠮᠠᠳ ᠤᠨ ᠰᠤᠷᠭᠠᠯ ᠪᠠ ᠪᠠᠭᠰᠢ ᠶᠢᠨ ᠰᠤᠷᠭᠠᠯ ᠡᠷᠬᠡᠪᠰᠢ ᠨᠢᠭᠡᠲᠦᠯ ᠲᠠᠢ ᠪᠠᠶᠢᠬᠤ            

ᠬᠡᠷᠡᠭᠲᠡᠢ᠃ ᠣᠳᠣᠬᠠᠨ ᠳᠤ ︽ᠭᠡᠷ ᠤᠨ ᠠᠬᠠᠮᠠᠳ ᠤᠨ ᠰᠤᠷᠭᠠᠭᠤᠯᠢ︾ ᠶᠢ ᠪᠠᠶᠢᠭᠤᠯᠵᠤ᠂ ᠭᠡᠷ ᠤᠨ ᠠᠬᠠᠮᠠᠳ ᠢ

ᠰᠤᠷᠭᠠᠨ ᠬᠦᠮᠦᠵᠢᠯ ᠤᠨ ᠬᠦᠷᠢᠶᠡᠨ ᠳᠤ ᠲᠠᠲᠠᠨ ᠣᠷᠤᠭᠤᠯᠬᠤ ᠠᠰᠠᠭᠤᠳᠠᠯ ᠢ ᠳᠠᠷᠦ᠋ᠢᠬᠠᠨ ᠪᠡᠶᠡᠯᠡᠭᠦᠯᠪᠡᠯ          

ᠵᠣᠬᠢᠨ᠎ᠠ᠃ ᠡᠨᠡ ᠲᠠᠯ᠎ᠠ ᠪᠠᠷ ᠠᠩᠭᠢ ᠶᠢᠨ ᠡᠷᠬᠢᠯᠡᠭᠴᠢ ᠨᠠᠷ ᠢᠯᠡᠭᠦᠬᠡᠨ ᠪᠣᠳᠤᠯᠬᠢᠯᠠᠵᠤ᠂ ᠢᠯᠡᠭᠦᠬᠡᠨ ᠬᠢᠪᠡᠯ            

ᠵᠣᠬᠢᠨ᠎ᠠ᠃

      3. ᠠᠩᠭᠢ ᠶᠢᠨ ᠡᠷᠬᠢᠯᠡᠭᠴᠢ ᠪᠠᠭᠰᠢ ᠡᠷᠬᠡᠪᠰᠢ ᠬᠢᠴᠢᠶᠡᠯᠯᠡᠭᠴᠢ ᠪᠠᠭᠰᠢ ᠲᠠᠢ ᠨᠢᠭᠲᠠ ᠬᠠᠮᠵᠢᠯᠴᠠᠵᠤ

ᠬᠤᠴᠤᠷᠤᠩᠭᠤᠢ ᠰᠤᠷᠤᠭᠴᠢ ᠶᠢ ᠬᠠᠮᠲᠦ ᠪᠠᠷ ᠬᠤᠪᠢᠷᠠᠭᠤᠯᠤᠨ ᠰᠠᠶᠢᠵᠢᠷᠠᠭᠤᠯᠬᠤ ᠬᠡᠷᠡᠭᠲᠡᠢ᠃ ᠠᠩᠭᠢ ᠶᠢᠨ

ᠡᠷᠬᠢᠯᠡᠭᠴᠢ ᠬᠦᠳᠡᠯᠦᠩᠭᠦᠢ ᠪᠠᠷ ᠬᠢᠴᠢᠶᠡᠯᠯᠡᠭᠴᠢ ᠪᠠᠭᠰᠢ ᠲᠠᠢ ᠤᠶᠢᠷᠠᠲᠤᠨ᠂ ᠲᠡᠳᠡᠨ ᠤ ᠬᠢᠴᠢᠶᠡᠯ ᠤᠨ ᠴᠠᠭ ᠲᠤ

ᠣᠯᠵᠤ ᠮᠡᠳᠡᠭᠰᠡᠨ ᠰᠤᠷᠤᠭᠴᠢ ᠶᠢᠨ ᠲᠣᠬᠠᠢ ᠰᠤᠷᠠᠭ ᠵᠠᠩᠭᠢ ᠶᠢ ᠰᠣᠳᠤᠯᠵᠤ᠂ ᠶᠠᠷᠢᠯᠴᠠᠨ ᠦᠨᠡᠯᠡᠯᠲᠡ ᠬᠢᠪᠡᠯ

ᠵᠣᠬᠢᠨ᠎ᠠ᠃ ᠮᠦᠨ ᠰᠤᠷᠤᠭᠴᠢ ᠶᠢ ᠰᠣᠳᠤᠯᠵᠤ᠂ ᠰᠤᠷᠤᠭᠴᠢ ᠶᠢᠨ ᠣᠨᠴᠠᠯᠢᠭ ᠲᠤ ᠲᠣᠬᠢᠷᠠᠭᠰᠠᠨ ᠰᠤᠷᠭᠠᠨ

ᠬᠦᠮᠦᠵᠢᠭᠦᠯᠬᠦ ᠠᠷᠭ᠎ᠠ ᠠᠪᠴᠠᠯ ᠢ ᠬᠠᠮᠲᠦ ᠪᠠᠷ ᠵᠦᠪᠯᠡᠬᠦ ᠬᠡᠷᠡᠭᠲᠡᠢ᠃ ᠬᠠᠷᠢᠨ ᠨᠢᠭᠡ ᠪᠠᠭᠰᠢ ᠨᠢ ᠨᠢᠭᠡ ᠶᠠᠩᠵᠤ ᠪᠠᠷ

ᠬᠡᠯᠡᠵᠦ᠂ ᠬᠠᠷᠢᠯᠴᠠᠨ ᠵᠦᠷᠢᠴᠡᠯᠳᠦᠪᠡᠯ ᠰᠤᠷᠤᠭᠴᠢ ᠶᠢᠨ ᠬᠦᠮᠦᠵᠢᠯ ᠳᠤ ᠮᠠᠭᠤ ᠨᠦᠯᠦᠭᠡ ᠣᠯᠭᠤᠨ᠎ᠠ᠃ ᠢᠤᠢ ᠽᠢ

︽ᠭᠠᠭᠴᠠ ᠬᠦ ᠰᠤᠷᠤᠯᠴᠠᠬᠤ ᠳᠤ ᠥᠯᠦ ᠴᠦᠭᠦᠷᠡᠬᠦ ᠪᠠᠭᠰᠢ ᠪᠠᠶᠢᠪᠠᠰᠤ ᠰᠠᠶ᠋ᠢ ᠰᠤᠷᠤᠯᠴᠠᠬᠤ ᠳᠤ ᠥᠯᠦ ᠴᠦᠭᠦᠷᠡᠬᠦ

ᠰᠤᠷᠤᠭᠴᠢ ᠶᠢ ᠬᠦᠮᠦᠵᠢᠭᠦᠯᠵᠦ ᠴᠢᠳᠠᠨ᠎ᠠ︾ ᠭᠡᠵᠦ ᠵᠢᠭᠠᠭᠰᠠᠨ ᠪᠠᠶᠢᠨ᠎ᠠ᠃ ᠪᠠᠭᠰᠢ ᠨᠠᠷ ᠡᠷᠬᠡᠪᠰᠢ ᠰᠤᠷᠤᠭᠴᠢ

ᠪᠦᠬᠦᠨ ᠤ ᠰᠤᠷᠤᠯᠴᠠᠬᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃

      4. ᠬᠤᠴᠤᠷᠤᠩᠭᠤᠢ ᠰᠤᠷᠤᠭᠴᠢ ᠶᠢ ᠨᠡᠶᠢᠲᠡ ᠪᠠᠷ ᠬᠦᠮᠦᠵᠢᠭᠦᠯᠬᠦ ᠶᠢ ᠠᠩᠬᠠᠷᠬᠤ — ᠰᠠᠶᠢᠨ ᠰᠠᠶᠢᠬᠠᠨ

ᠣᠷᠴᠢᠨ ᠲᠣᠭᠤᠷᠢᠨ ᠨᠢ ᠰᠤᠷᠤᠭᠴᠢ ᠶᠢᠨ ᠰᠡᠳᠭᠢᠬᠦᠢ ᠶᠢᠨ ᠬᠦᠭᠵᠢᠯᠲᠡ ᠳᠤ ᠮᠠᠰᠢ ᠴᠢᠬᠤᠯᠠ ᠦᠢᠯᠡᠳᠦᠯ

ᠦᠵᠡᠭᠦᠯᠳᠡᠭ᠃ ᠡᠶᠢᠮᠦ ᠠᠴᠠ ᠬᠠᠮᠲᠦ ᠨᠡᠶᠢᠲᠡ ᠶᠢᠨ ᠳᠣᠲᠤᠷᠠᠬᠢ ᠢᠳᠡᠪᠬᠢ ᠬᠦᠴᠦᠨ ᠵᠦᠢᠯ ᠢ ᠬᠦᠮᠦᠵᠢᠭᠦᠯᠵᠦ᠂

ᠬᠤᠴᠤᠷᠤᠩᠭᠤᠢ ᠰᠤᠷᠤᠭᠴᠢ ᠶᠢᠨ ᠲᠠᠭᠠᠨ ᠰᠤᠷᠤᠯᠴᠠᠬᠤ ᠦᠯᠢᠭᠡᠷ ᠵᠢᠱᠢᠶ᠎ᠡ ᠪᠣᠯᠭᠠᠵᠤ᠂ ᠢᠳᠡᠪᠬᠢᠲᠡᠨ ᠰᠤᠷᠤᠭᠴᠢ ᠪᠠᠷ

ᠬᠠᠪᠰᠤᠷᠤᠭᠤᠯᠤᠨ ᠬᠠᠮᠲᠦ ᠨᠡᠶᠢᠲᠡ ᠶᠢᠨ ᠬᠠᠶᠢᠷ᠎ᠠ ᠬᠠᠯᠠᠮᠵᠢᠯᠠᠯ᠂ ᠨᠦᠬᠦᠷᠯᠡᠯ ᠪᠦᠯᠬᠦᠮᠳᠡᠯ ᠤᠨ ᠬᠠᠯᠠᠮᠵᠢ ᠶᠢ

ᠬᠦᠷᠲᠡᠭᠡᠪᠡᠯ ᠵᠣᠬᠢᠨ᠎ᠠ᠃ ᠮᠦᠨ ᠬᠦ ᠬᠤᠴᠤᠷᠤᠩᠭᠤᠢ ᠰᠤᠷᠤᠭᠴᠢ ᠳᠤ ᠵᠠᠰᠠᠷᠠᠨ ᠰᠠᠶᠢᠵᠢᠷᠠᠬᠤ ᠳᠣᠬᠢᠶᠠᠯ ᠢ ᠣᠯᠭᠤᠬᠤ

ᠬᠡᠷᠡᠭᠲᠡᠢ᠃

      5. ᠬᠤᠴᠤᠷᠤᠩᠭᠤᠢ ᠰᠤᠷᠤᠭᠴᠢ ᠶᠢᠨ ᠪᠡᠶ᠎ᠡ ᠪᠠᠨ ᠳᠠᠭᠠᠭᠠᠬᠤ ᠤᠬᠠᠮᠰᠠᠷᠲᠤ ᠴᠢᠨᠠᠷ ᠢ ᠴᠢᠩᠭᠠᠳᠬᠠᠬᠤ

ᠠᠵᠢᠯ ᠢ ᠬᠦᠯᠢᠴᠡᠩᠭᠦᠢ ᠨᠢᠮᠪᠠᠢ ᠬᠢᠵᠦ᠂ ᠡᠳᠦᠷ ᠲᠣᠳᠤᠮ ᠤᠨ ᠪᠠᠭ᠎ᠠ ᠠᠵᠢᠯ ᠠᠴᠠ ᠭᠠᠷᠳᠠᠨ ᠲᠡᠳᠡᠨ ᠢ ᠢᠳᠡᠭ

ᠢᠳᠡᠭ ᠢᠶᠠᠷ ᠪᠡᠶ᠎ᠡ ᠪᠠᠨ ᠳᠠᠭᠠᠭᠠᠵᠤ ᠠᠰᠠᠭᠤᠳᠠᠯ ᠢ ᠥᠪᠡᠷ ᠢᠶᠠᠨ ᠰᠢᠢᠳᠪᠦᠷᠢᠯᠡᠬᠦ ᠪᠣᠯᠭᠠᠵᠤ᠂ ᠲᠡᠳᠡᠨ ᠤ ᠳᠠᠪᠰᠢᠯᠲᠠ

ᠬᠦᠭᠵᠢᠯᠲᠡ ᠶᠢ ᠦᠨᠳᠦᠰᠦᠯᠡᠨ ᠱᠠᠭᠠᠷᠳᠠᠯᠭ᠎ᠠ ᠪᠠᠨ ᠠᠯᠬᠤᠮ ᠠᠯᠬᠤᠮ ᠢᠶᠠᠷ ᠴᠢᠩᠭᠠᠳᠬᠠᠵᠤ᠂ ᠴᠢᠷᠮᠠᠶᠢᠯᠲᠠ ᠳᠤ ᠨᠢ

ᠬᠠᠯᠠᠭᠤᠨ ᠬᠦᠢᠲᠡᠨ ᠲᠠᠢ ᠪᠣᠯᠬᠤ ᠶᠢ ᠬᠢᠴᠢᠶᠡᠨ ᠰᠡᠷᠡᠮᠵᠢᠯᠡᠬᠦ ᠬᠡᠷᠡᠭᠲᠡᠢ᠃ ᠮᠦᠨ ᠵᠦᠪ ᠪᠣᠷᠤᠭᠤ ᠶᠢ ᠢᠯᠭᠠᠨ

ᠲᠠᠨᠢᠬᠤ ᠬᠦᠮᠦᠵᠢᠯ ᠢ ᠴᠢᠩᠭᠠᠳᠬᠠᠨ᠎ᠠ᠃ ᠳᠤᠮᠳᠠᠲᠤ ᠪᠠᠭ᠎ᠠ ᠰᠤᠷᠭᠠᠭᠤᠯᠢ ᠶᠢᠨ ᠰᠤᠷᠤᠭᠴᠢᠳ ᠵᠦᠪ ᠪᠣᠷᠤᠭᠤ ᠶᠢ

ᠢᠯᠭᠠᠨ ᠲᠠᠨᠢᠬᠤ ᠲᠠᠯ᠎ᠠ ᠪᠠᠷ ᠪᠠᠷᠤᠭᠲᠠᠢ ᠲᠤᠯᠠ ᠨᠡᠶᠢᠭᠡᠮ ᠳᠡᠭᠡᠷᠡᠬᠢ ᠵᠦᠢ ᠪᠣᠰᠤ ᠦᠵᠡᠭᠳᠡᠯ ᠪᠠ ᠠᠵᠢᠯᠯᠠᠭ᠎ᠠ ᠳᠤ

ᠬᠢᠯᠪᠠᠷᠬᠠᠨ ᠨᠦᠯᠦᠭᠡᠯᠡᠭᠳᠡᠨ ᠮᠠᠭᠤ ᠵᠦᠭ ᠲᠤ ᠬᠦᠭᠵᠢᠬᠦ ᠠᠴᠠ ᠰᠡᠷᠭᠡᠶᠢᠯᠡᠬᠦ ᠬᠡᠷᠡᠭᠲᠡᠢ᠃ ᠨᠡᠩ ᠴᠤ ᠬᠤᠴᠤᠷᠤᠩᠭᠤᠢ

ᠰᠤᠷᠤᠭᠴᠢᠳ ᠨᠢ ᠡᠨᠡ ᠲᠠᠯ᠎ᠠ ᠪᠠᠷ ᠬᠦᠯᠢᠶᠡᠨ ᠠᠪᠬᠤ ᠴᠢᠳᠠᠪᠤᠷᠢ ᠨᠢ ᠬᠤᠷᠴᠠ ᠰᠡᠷᠬᠡᠭ ᠪᠠᠶᠢᠵᠤ᠂ ᠮᠠᠭᠤ ᠶᠢ ᠮᠡᠳᠡᠵᠦ

ᠬᠢᠬᠦ ᠶᠢ ᠰᠠᠶᠢᠨ ᠢ ᠰᠡᠲᠦᠵᠦ ᠬᠢᠬᠦ ᠠᠴᠠ ᠬᠤᠯᠠ ᠰᠤᠷᠭᠤᠭ ᠪᠠᠶᠢᠳᠠᠭ᠃ ᠡᠶᠢᠮᠦ ᠠᠴᠠ ᠠᠩᠭᠢ ᠶᠢᠨ ᠡᠷᠬᠢᠯᠡᠭᠴᠢ

ᠪᠠᠭᠰᠢ ᠪᠣᠯᠤᠭᠰᠠᠳ ᠭᠡᠷ ᠤᠨ ᠠᠬᠠᠮᠠᠳ ᠲᠠᠢ ᠨᠢᠭᠲᠠ ᠬᠠᠮᠵᠢᠯᠴᠠᠨ ᠣᠷᠤᠰᠢᠵᠤ ᠪᠠᠶᠢᠭ᠎ᠠ ᠠᠰᠠᠭᠤᠳᠠᠯ ᠢ ᠦᠨᠡᠨ

ᠮᠦᠨ ᠢᠶᠠᠷ ᠨᠢ ᠳᠤᠰᠬᠠᠵᠤ᠂ ᠪᠠᠭᠰᠢ ᠪᠠ ᠭᠡᠷ ᠤᠨ ᠠᠬᠠᠮᠠᠳ ᠠᠴᠠ ᠬᠡᠦᠬᠡᠳ ᠢ ᠵᠦᠪ ᠲᠠᠯ᠎ᠠ ᠠᠴᠠ ᠨᠢ ᠬᠦᠯᠢᠴᠡᠩᠭᠦᠢ

ᠨᠢᠮᠪᠠᠢ ᠪᠠᠷ ᠰᠤᠷᠭᠠᠨ ᠬᠦᠮᠦᠵᠢᠭᠦᠯᠬᠦ ᠠᠷᠭ᠎ᠠ ᠲᠣᠷᠰᠢᠯᠭ᠎ᠠ ᠶᠢ ᠬᠡᠷᠡᠭᠵᠢᠭᠦᠯᠦᠨ᠂ ᠨᠡᠶᠢᠭᠡᠮ ᠤᠨ ᠡᠷᠡᠭᠦᠯ ᠪᠣᠰᠤ ᠦᠵᠡᠯ

ᠰᠠᠨᠠᠭᠠᠨ ᠤ ᠨᠦᠯᠦᠭᠡᠯᠡᠯ ᠳᠤ ᠬᠠᠮᠤᠷᠤᠭᠳᠠᠬᠤ ᠠᠴᠠ ᠰᠡᠷᠭᠡᠶᠢᠯᠡᠬᠦ ᠬᠡᠷᠡᠭᠲᠡᠢ᠃

      ᠬᠤᠷᠢᠶᠠᠩᠭᠤᠶᠢᠯᠠᠪᠠᠯ᠂ ᠬᠤᠴᠤᠷᠤᠩᠭᠤᠢ ᠰᠤᠷᠤᠭᠴᠢ ᠶᠢ ᠬᠤᠪᠢᠷᠠᠭᠤᠯᠤᠨ ᠳᠡᠭᠡᠭᠰᠢᠯᠡᠭᠦᠯᠬᠦ ᠪᠣᠯ ᠠᠩᠭᠢ ᠶᠢᠨ

ᠡᠷᠬᠢᠯᠡᠭᠴᠢ ᠪᠠᠭᠰᠢ ᠶᠢᠨ ᠵᠠᠶᠢᠯᠠᠭᠤᠯᠵᠤ ᠪᠣᠯᠤᠰᠢ ᠦᠭᠡᠢ ᠴᠢᠬᠤᠯᠠ ᠬᠠᠷᠢᠭᠤᠴᠠᠯᠭ᠎ᠠ ᠮᠦᠨ᠃ ᠠᠩᠭᠢ ᠶᠢᠨ ᠠᠵᠢᠯ ᠤᠨ

ᠠᠮᠵᠢᠯᠲᠠ ᠣᠯᠬᠤ ᠶᠢᠨ ᠵᠠᠩᠭᠢᠯᠠᠭ᠎ᠠ ᠶᠢᠨ ᠠᠰᠠᠭᠤᠳᠠᠯ ᠪᠣᠯᠬᠤ ᠶᠤᠮ᠃ ᠠᠩᠭᠢ ᠶᠢᠨ ᠡᠷᠬᠢᠯᠡᠭᠴᠢ ᠡᠷᠬᠡᠪᠰᠢ

ᠬᠤᠴᠤᠷᠤᠩᠭᠤᠢ ᠰᠤᠷᠤᠭᠴᠢ ᠶᠢ ᠰᠣᠳᠤᠯᠤᠨ ᠰᠢᠨᠵᠢᠯᠡᠬᠦ ᠶᠢᠨ ᠳᠠᠭᠠᠤ ᠪᠣᠳᠠᠲᠤ ᠪᠠᠶᠢᠳᠠᠯ ᠢ ᠨᠢ ᠦᠨᠳᠦᠰᠦᠯᠡᠨ

ᠰᠤᠷᠭᠠᠨ ᠬᠦᠮᠦᠵᠢᠭᠦᠯᠬᠦ ᠠᠷᠭ᠎ᠠ ᠠᠪᠴᠠᠯ ᠢᠶᠠᠨ ᠲᠣᠭᠳᠠᠭᠠᠬᠤ ᠬᠡᠷᠡᠭᠲᠡᠢ᠃ ︽ᠠᠯᠢᠪᠠ ᠪᠦᠬᠦᠨ ᠰᠤᠷᠤᠭᠴᠢ ᠶᠢᠨ

ᠲᠦᠯᠦᠭᠡ᠂ ᠠᠯᠢᠪᠠ ᠰᠤᠷᠤᠭᠴᠢ ᠶᠢᠨ ᠲᠦᠯᠦᠭᠡ᠂ ᠰᠤᠷᠤᠭᠴᠢ ᠶᠢᠨ ᠠᠯᠢᠪᠠ ᠪᠦᠬᠦᠨ ᠤ ᠲᠦᠯᠦᠭᠡ︾ ᠵᠢᠳᠭᠦᠬᠦ ᠨᠢ

ᠪᠠᠭᠰᠢ ᠪᠣᠯᠤᠭᠰᠠᠳ ᠤᠨ ᠳᠠᠷᠬᠠᠨ ᠡᠭᠦᠷᠭᠡ ᠬᠠᠷᠢᠭᠤᠴᠠᠯᠭ᠎ᠠ ᠪᠣᠯᠬᠤ ᠶᠤᠮ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠲᠦᠩᠯᠢᠶᠣᠣ ᠬᠤᠲᠠ ᠶᠢᠨ ᠾᠧᠩ ᠬᠦᠢ ᠬᠤᠸᠠ 

                                ᠴᠧᠩ ᠣᠷᠤᠨ ᠰᠠᠭᠤᠴᠠ ᠶᠢᠨ ᠬᠤᠷᠢᠶ᠎ᠠ 

                                ︵ᠠᠯᠳᠠᠨᠰᠦ᠋ᠭᠡ ᠨᠠᠶᠢᠷᠠᠭᠤᠯᠪᠠ︶

                                2023.1 ᠳ᠋ᠦ᠋ᠭᠡᠷ ᠬᠤᠭᠤᠴᠠᠭ᠎ᠠ

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map