2023 ᠣᠨ ᠤ ᠪᠦᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠬᠥᠮᠦᠵᠢᠯ ᠤᠨ ᠲᠤᠰᠬᠠᠢ ᠮᠡᠷᠭᠡᠵᠢᠯ᠂ ᠤᠷᠠᠨ ᠵᠢᠷᠤᠭ ᠤᠨ ᠬᠥᠮᠦᠵᠢᠯ ᠤᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠰᠤᠷᠤᠭᠴᠢ ᠪᠠ ᠪᠠᠭᠰᠢ ᠶᠢᠨ ᠦᠨᠳᠦᠰᠦᠨ ᠴᠢᠳᠠᠪᠤᠷᠢ ᠶᠢ ᠳᠡᠯᠭᠡᠨ ᠦᠵᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/10/18
         ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ  ﹇2020﹈ 109 ᠳ᠋ᠦ᠋ᠭᠡᠷ ᠲᠣᠭᠠᠲᠤᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ ᠳᠤ᠄      ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ︽2023 ᠣᠨ ᠤ ᠪᠦᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠬᠥᠮᠦᠵᠢᠯ ᠤᠨ ᠲᠤᠰᠬᠠᠢ ᠮᠡᠷᠭᠡᠵᠢᠯ᠂ ᠤᠷᠠᠨ ᠵᠢᠷᠤᠭ ᠤᠨ ᠬᠥᠮᠦᠵᠢᠯ ᠤᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠰᠤᠷᠤᠭᠴᠢ ᠪᠠ ᠪᠠᠭᠰᠢ ᠶᠢᠨ ᠦᠨᠳᠦᠰᠦᠨ ᠴᠢᠳᠠᠪᠤᠷᠢ ᠶᠢ ᠳᠡᠯᠭᠡᠨ ᠦᠵᠡᠭᠦᠯᠬᠦ ᠲᠤᠬᠠᠢ ᠮᠡᠳᠡᠭᠳᠡᠯ︾ ︵ᠰᠤᠷᠭᠠᠨ ᠪᠡᠶ᠎ᠡ ᠶᠢᠨ ᠲᠠᠮᠢᠷ ᠤᠷᠠᠯᠢᠭ ᠲᠢᠩᠬᠢᠮ ᠪᠢᠴᠢᠭ ﹇2020﹈ 26 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2023 ᠣᠨ ᠤ 11 ᠳ᠋ᠦ᠋ᠭᠡᠷ ᠰᠠᠷ᠎ᠠ  ᠠᠴᠠ 12 ᠳ᠋ᠤᠭᠠᠷ ᠰᠠᠷ᠎ᠠ ᠪᠣᠯᠲᠠᠯ᠎ᠠ᠂ ᠬᠤᠨᠠᠨ ᠤ ᠪᠠᠭᠰᠢ ᠶᠢᠨ ᠶᠡᠭᠡ ᠰᠤᠷᠭᠠᠭᠤᠯᠢ ᠳᠤ ᠳᠠᠭᠤᠤ ᠬᠥᠭᠵᠢᠮ ᠤᠨ ᠦᠨᠳᠦᠰᠦᠨ ᠴᠢᠳᠠᠪᠤᠷᠢ ᠶᠢ ᠳᠡᠯᠭᠡᠨ ᠦᠵᠡᠭᠦᠯᠵᠦ᠂ ᠰᠧᠴᠤᠸᠠᠨ ᠤ ᠪᠠᠭᠰᠢ  ᠶᠢᠨ ᠶᠡᠭᠡ ᠰᠤᠷᠭᠠᠭᠤᠯᠢ ᠳᠤ ᠤᠷᠠᠨ ᠵᠢᠷᠤᠭ ᠤᠨ ᠦᠨᠳᠦᠰᠦᠨ ᠴᠢᠳᠠᠪᠤᠷᠢ ᠶᠢ ᠳᠡᠯᠭᠡᠨ ᠦᠵᠡᠭᠦᠯᠬᠦ ᠪᠣᠯᠤᠨ᠎ᠠ᠃ ᠡᠮᠦᠨᠡᠬᠢ ᠬᠤᠭᠤᠴᠠᠭᠠᠨ ᠤ ᠰᠢᠯᠭᠠᠷᠠᠭᠤᠯᠤᠯᠲᠠ ᠪᠠᠷ ᠳᠠᠮᠵᠢᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠪᠠ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ 2023 ᠣᠨ ᠤ ᠪᠦᠬᠦ ᠣᠷᠣᠨ ᠤ ᠬᠤᠶᠠᠳᠤᠭᠠᠷ ᠬᠤᠭᠤᠴᠠᠭᠠᠨ ᠤ ᠡᠩ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ᠂ ᠤᠷᠠᠨ ᠵᠢᠷᠤᠭ ᠤᠨ ᠬᠥᠮᠦᠵᠢᠯ ᠤᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠰᠤᠷᠤᠭᠴᠢ ᠪᠠ ᠪᠠᠭᠰᠢ ᠶᠢᠨ ᠦᠨᠳᠦᠰᠦᠨ ᠴᠢᠳᠠᠪᠤᠷᠢ ᠶᠢᠨ ᠦᠵᠡᠭᠦᠯᠭᠡ ᠳᠤ ᠳᠠᠭᠤᠤ ᠬᠥᠭᠵᠢᠮ ᠤᠨ ᠰᠢᠨᠵᠢᠯᠡᠭᠡᠨ ᠤ ᠰᠠᠯᠠᠭ᠎ᠠ ᠪᠠ ᠤᠷᠠᠨ ᠵᠢᠷᠤᠭ ᠤᠨ ᠰᠢᠨᠵᠢᠯᠡᠭᠡᠨ ᠤ ᠰᠠᠯᠠᠭᠠᠨ ᠤ ᠰᠤᠷᠭᠠᠭᠤᠯᠢ ᠶᠢᠨ ᠪᠦᠯᠬᠦᠮ ᠤᠨ ᠱᠠᠩᠨᠠᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠵᠢᠴᠢ ᠬᠤᠪᠢ ᠬᠥᠮᠦᠨ ᠤ ᠪᠦᠷᠢᠨ ᠴᠢᠳᠠᠪᠤᠷᠢ ᠶᠢᠨ ᠣᠯᠠᠨ ᠵᠦᠢᠯ ᠤᠨ ᠱᠠᠩᠨᠠᠯ ᠪᠠ ᠳᠠᠩ ᠵᠦᠢᠯ ᠤᠨ ᠱᠠᠩᠨᠠᠯ ᠢ ᠬᠦᠷᠲᠡᠪᠡ᠃ ᠰᠤᠳᠤᠯᠤᠨ ᠲᠣᠭᠲᠠᠭᠠᠬᠤ ᠪᠠᠷ ᠳᠠᠮᠵᠢᠨ᠂ ᠮᠠᠨ ᠤ ᠲᠢᠩᠬᠢᠮ ᠠᠴᠠ ᠳᠡᠭᠡᠷᠡᠬᠢ 3 ᠶᠡᠭᠡ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠰᠢᠨᠵᠢᠯᠡᠭᠡᠨ ᠤ ᠰᠠᠯᠠᠭ᠎ᠠ᠂ ᠤᠷᠠᠨ ᠵᠢᠷᠤᠭ ᠤᠨ ᠰᠢᠨᠵᠢᠯᠡᠭᠡᠨ ᠤ ᠰᠠᠯᠠᠭᠠᠨ ᠤ 1 ᠪᠠᠭᠰᠢ ᠪᠠ 3 ᠰᠤᠷᠤᠭᠴᠢ ᠶᠢ ᠲᠤᠰ ᠲᠤᠰ ᠵᠣᠬᠢᠶᠠᠨ ᠪᠠᠶᠢᠭᠤᠯᠵᠤ᠂ ᠪᠦᠬᠦ ᠤᠯᠤᠰ ᠤᠨ ᠳᠡᠯᠭᠡᠨ ᠦᠵᠡᠭᠦᠯᠬᠦ ᠠᠵᠢᠯᠯᠠᠭ᠎ᠠ ᠳᠤ ᠣᠷᠣᠯᠴᠠᠭᠤᠯᠬᠤ ᠪᠠᠷ ︵ᠰᠢᠨᠵᠢᠯᠡᠭᠡᠨ ᠤ ᠰᠠᠯᠠᠭ᠎ᠠ ᠨᠢᠭᠡ ᠪᠦᠷᠢ ᠠᠴᠠ 3 ᠰᠤᠷᠤᠭᠴᠢ 1 ᠪᠠᠭᠰᠢ᠂ ᠰᠤᠷᠭᠠᠭᠤᠯᠢ ᠪᠦᠷᠢ ᠠᠴᠠ 8 ᠬᠥᠮᠦᠨ ᠢ ᠰᠣᠩᠭᠤᠨ ᠲᠣᠮᠢᠯᠠᠪᠠ︶ ᠪᠣᠢ᠃      ᠡᠯ᠎ᠡ ᠰᠤᠷᠭᠠᠭᠤᠯᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠢᠯᠢᠳᠡᠭ ᠰᠤᠷᠤᠭᠴᠢ ᠪᠠ ᠪᠠᠭᠰᠢ ᠶᠢᠨ ᠲᠥᠯᠥᠭᠡᠯᠡᠭᠴᠢ ᠶᠢ ᠰᠣᠩᠭᠤᠨ ᠲᠣᠮᠢᠯᠠᠵᠤ ᠦᠵᠡᠭᠦᠯᠭᠡ ᠳᠤ ᠣᠷᠣᠯᠴᠠᠭᠤᠯᠬᠤ ᠲᠥᠷᠥᠯ ᠵᠦᠢᠯ ᠪᠠ ᠠᠭᠤᠯᠭ᠎ᠠ ᠶᠢ ᠦᠨᠳᠦᠰᠦᠯᠡᠨ᠂ ᠦᠵᠡᠭᠦᠯᠭᠡ ᠳᠤ ᠣᠷᠣᠯᠴᠠᠬᠤ ᠡᠯ᠎ᠡ ᠵᠦᠢᠯ ᠤᠨ ᠪᠡᠯᠡᠳᠬᠡᠯ ᠪᠠ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠮᠠᠨ ᠤ ᠣᠷᠣᠨ ᠤ ᠰᠤᠷᠭᠠᠭᠤᠯᠢ ᠶᠢᠨ ᠤᠷᠠᠯᠢᠭ ᠤᠨ ᠬᠥᠮᠦᠵᠢᠯ ᠤᠨ ᠦᠷ᠎ᠡ ᠪᠦᠲᠦᠭᠡᠯ ᠪᠠ ᠪᠠᠭᠰᠢ ᠰᠤᠷᠤᠭᠴᠢᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ ᠬᠡᠷᠡᠭᠲᠡᠢ᠃ ᠡᠯ᠎ᠡ ᠰᠤᠷᠭᠠᠭᠤᠯᠢ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠲᠤᠰ ᠰᠤᠷᠭᠠᠭᠤᠯᠢ ᠶᠢᠨ ᠢᠶᠠᠨ ᠪᠠᠭᠰᠢ ᠰᠤᠷᠤᠭᠴᠢ ᠶᠢ ᠰᠣᠩᠭᠤᠨ ᠲᠣᠮᠢᠯᠠᠭᠰᠠᠨ ᠮᠡᠳᠡᠭᠡ ᠵᠠᠩᠭᠢ᠂ ᠵᠢᠭᠠᠨ ᠰᠤᠷᠭᠠᠯᠲᠠ ᠶᠢᠨ ᠦᠵᠡᠭᠦᠯᠭᠡ ︵ᠪᠢᠴᠢᠯ ᠬᠢᠴᠢᠶᠡᠯ︶ ᠶᠢᠨ ᠪᠢᠴᠢᠭ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠪᠣᠯᠤᠨ ᠵᠢᠭᠠᠨ ᠰᠤᠷᠭᠠᠯᠲᠠ ᠶᠢᠨ ᠸᠢᠳᠢᠣ᠋ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠠ ᠬᠥᠳᠡᠯᠮᠦᠷᠢ ᠶᠢᠨ ᠬᠥᠮᠥᠵᠢᠯ ᠤᠨ ᠭᠠᠵᠠᠷ ᠲᠤ ᠨᠢᠭᠡᠳᠦᠯᠲᠡᠢ ᠮᠡᠳᠡᠭᠦᠯᠦᠨ ᠬᠦᠷᠭᠡᠬᠦ ᠬᠡᠷᠡᠭᠲᠡᠢ᠃      ᠦᠵᠡᠭᠦᠯᠭᠡ ᠳᠤ ᠣᠷᠣᠯᠴᠠᠬᠤ ᠬᠤᠭᠤᠴᠠᠭᠠᠨ ᠳᠤ ᠵᠠᠮ ᠬᠠᠷᠢᠯᠴᠠᠭᠠᠨ ᠤ ᠵᠠᠷᠤᠳᠠᠯ ᠢ ᠪᠠᠶᠢᠭ᠎ᠠ ᠨᠢᠭᠡᠴᠢ ᠠᠴᠠ ᠡᠭᠦᠷᠭᠡᠯᠡᠵᠦ᠂ ᠬᠤᠭᠤᠯᠠ ᠪᠠ ᠬᠤᠨᠤᠭ ᠤᠨ ᠵᠠᠷᠤᠳᠠᠯ ᠢ ᠠᠵᠢᠯᠯᠠᠭ᠎ᠠ ᠶᠢ ᠡᠷᠬᠢᠯᠡᠨ ᠭᠦᠢᠴᠡᠳᠭᠡᠵᠦ ᠪᠠᠶᠢᠭ᠎ᠠ ᠲᠠᠯ᠎ᠠ ᠠᠴᠠ ᠡᠭᠦᠷᠭᠡᠯᠡᠨ᠎ᠡ᠃      ᠳᠡᠮᠵᠢᠯᠭᠡ ᠦᠵᠡᠭᠦᠯᠬᠦ ᠪᠣᠯᠪᠠᠤ᠃      ᠬᠠᠷᠢᠯᠴᠠᠬᠤ ᠬᠥᠮᠦᠨ᠄ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠠ ᠬᠥᠳᠡᠯᠮᠦᠷᠢ ᠶᠢᠨ ᠬᠥᠮᠥᠵᠢᠯ ᠤᠨ ᠭᠠᠵᠠᠷ᠂ ᠵᠠᠩ ᠰᠢᠶᠣᠤ ᠶᠢᠩ      ᠬᠠᠷᠢᠯᠴᠠᠬᠤ ᠠᠷᠭ᠎ᠠ᠄ 0471 - 2857025      ᠢᠮᠧᠯ᠄ nmgmy1002@163.com      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2023 ᠣᠨ ᠤ 10 ᠰᠠᠷ᠎ᠠ ᠶᠢᠨ 10 ᠤ ᠡᠳᠦᠷᠳᠠᠭᠠᠯᠳᠤᠭᠤᠯᠤᠯ 1᠄ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ 2023 ᠣᠨ ᠤ ᠪᠦᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠬᠥᠮᠦᠵᠢᠯ  ᠤᠨ ᠲᠤᠰᠬᠠᠢ ᠮᠡᠷᠭᠡᠵᠢᠯ᠂ ᠤᠷᠠᠨ ᠵᠢᠷᠤᠭ ᠤᠨ ᠬᠥᠮᠦᠵᠢᠯ ᠤᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠰᠤᠷᠤᠭᠴᠢ ᠪᠠ ᠪᠠᠭᠰᠢ ᠶᠢᠨ ᠦᠨᠳᠦᠰᠦᠨ ᠴᠢᠳᠠᠪᠤᠷᠢ ᠶᠢ ᠳᠡᠯᠭᠡᠨ ᠦᠵᠡᠭᠦᠯᠬᠦ ᠲᠤᠬᠠᠢ ᠮᠡᠳᠡᠭᠳᠡᠯ .pdf 
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map