ᠠᠩᠭᠢ ᠶᠢᠨ ᠡᠷᠬᠢᠯᠡᠭᠴᠢ ᠪᠠ ᠳᠡᠭᠡᠳᠤ ᠲᠤᠮᠳᠠᠳᠤ ᠶᠢᠨ ᠰᠤᠷᠤᠭᠴᠢᠳ ᠤᠨ ᠰᠡᠳᠭᠢᠴᠡ ᠶᠢᠨ ᠡᠷᠡᠭᠦᠯ ᠮᠡᠨᠳᠦ ᠶᠢᠨ ᠭᠦᠮᠦᠵᠢᠯ
ᠨᠡᠶᠢᠲᠡᠯᠡᠭᠰᠡᠨ ᠴᠠᠭ᠄
2023/10/18
                        ᠵᠤᠤ ᠶᠦᠨ ᠫᠢᠩ

班工作-1.png

      ᠪᠠᠭ᠎ᠠ ᠰᠤᠷᠭᠠᠭᠤᠯᠢ ᠪᠠ ᠠᠩᠬ᠎ᠠ ᠳᠤᠮᠳᠠᠳᠤ ᠶᠢᠨ ᠰᠤᠷᠤᠭᠴᠢᠳ ᠲᠠᠢ ᠬᠠᠷᠢᠴᠠᠭᠤᠯᠪᠠᠯ᠂ ᠳᠡᠭᠡᠳᠤ

ᠳᠤᠮᠳᠠᠳᠤ ᠶᠢᠨ ᠰᠤᠷᠤᠭᠴᠢᠳ ᠤᠨ ᠰᠤᠷᠭᠠᠭᠤᠯᠢ ᠳᠡᠪᠰᠢᠬᠦ ᠳᠠᠷᠤᠯᠲᠠ ᠨᠢ ᠲᠤᠩ ᠶᠡᠭᠡ ᠮᠥᠷᠲᠡᠭᠡᠨ ᠰᠤᠷᠬᠤ

ᠠᠭᠤᠯᠭ᠎ᠠ ᠨᠢ ᠪᠠᠰᠠ ᠬᠠᠷᠢᠴᠠᠩᠭᠤᠢ ᠪᠠᠷ ᠬᠦᠴᠢᠷ ᠪᠣᠯᠤᠭᠰᠠᠨ ᠶᠤᠮ᠂ ᠡᠶᠢᠮᠦ ᠠᠴᠠ ᠵᠠᠷᠢᠮ ᠳᠣᠲᠤᠭᠠᠳᠤ ᠰᠡᠳᠭᠢᠯ

ᠬᠦᠴᠦᠷᠬᠡᠭ ᠪᠤᠰᠤ ᠰᠤᠷᠤᠭᠴᠢᠳ ᠥᠪᠡᠷ ᠤᠨ ᠰᠤᠷᠤᠯᠭ᠎ᠠ ᠠᠮᠢᠳᠤᠷᠠᠯ ᠳᠤ ᠪᠠᠨ ᠢᠲᠡᠭᠡᠯ ᠦᠭᠡᠢ᠂ ᠪᠠᠴᠢᠮᠳᠠᠯ

ᠵᠣᠪᠠᠨᠢᠯ᠂ ᠨᠡᠩ ᠴᠢᠨᠠᠭᠰᠢᠯᠠᠪᠠᠯ ᠣᠶᠤᠨ ᠮᠡᠳᠡᠷᠡᠯ ᠨᠢ ᠬᠡᠪ ᠤᠨ ᠪᠠᠶᠢᠳᠠᠯ ᠢᠶᠠᠨ ᠠᠯᠳᠠᠬᠤ ᠦᠵᠡᠭᠳᠡᠯ ᠢᠯᠡᠷᠡᠨ᠎ᠡ᠂

ᠡᠨᠡ ᠨᠢ ᠲᠡᠳᠡᠨ ᠤ ᠡᠷᠡᠭᠦᠯ ᠢᠶᠠᠷ ᠦᠰᠦᠨ ᠪᠤᠶᠢᠵᠢᠬᠤ ᠳᠤ ᠮᠠᠰᠢ ᠠᠰᠢᠭ ᠦᠭᠡᠢ᠃ ᠡᠶᠢᠮᠦ ᠠᠴᠠ ᠠᠩᠭᠢ ᠶᠢᠨ

ᠡᠷᠬᠢᠯᠡᠭᠴᠢ ᠪᠠᠭᠰᠢ ᠳᠡᠭᠡᠳᠤ ᠳᠤᠮᠳᠠᠳᠤ ᠶᠢᠨ ᠰᠤᠷᠤᠭᠴᠢᠳ ᠤᠨ ᠰᠡᠳᠭᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ

ᠵᠠᠪᠡᠯ ᠴᠢᠬᠤᠯᠠᠴᠢᠯᠠᠵᠤ ᠦᠵᠡᠬᠦ ᠬᠡᠷᠡᠭᠲᠡᠢ᠃

      ᠨᠢᠭᠡ᠂ ᠰᠤᠷᠤᠭᠴᠢᠳ ᠲᠤ ᠰᠡᠳᠭᠢᠴᠡ ᠶᠢᠨ ᠡᠷᠡᠭᠦᠯ ᠮᠡᠨᠳᠦ ᠶᠢᠨ ᠬᠥᠮᠦᠵᠢᠯ ᠬᠢᠬᠦ ᠨᠢ ᠠᠩᠭᠢ ᠶᠢᠨ

ᠡᠷᠬᠢᠯᠡᠭᠴᠢ ᠪᠠᠭᠰᠢ ᠶᠢᠨ ᠬᠠᠷᠢᠭᠤᠴᠠᠯᠭ᠎ᠠ

      ᠠᠩᠭᠢ ᠶᠢᠨ ᠡᠷᠬᠢᠯᠡᠭᠴᠢ ᠪᠠᠭᠰᠢ ᠪᠣᠯ ᠨᠢᠭᠡᠨ ᠴᠢᠬᠤᠯᠠ ᠮᠥᠷᠲᠡᠭᠡᠨ ᠣᠨᠴᠠᠭᠠᠢ ᠪᠠᠶᠢᠷᠢ ᠳᠤ ᠪᠠᠶᠢᠭ᠎ᠠ ᠬᠥᠮᠦᠰ

ᠶᠤᠮ᠂ ᠠᠩᠭᠢ ᠶᠢᠨ ᠪᠠᠭᠰᠢ ᠶᠢᠨ ᠲᠡᠷᠢᠭᠦᠨ ᠴᠢᠬᠤᠯᠠ ᠡᠭᠦᠷᠭᠡ ᠪᠣᠯ ᠳᠠᠷᠤᠢ ᠰᠤᠷᠤᠭᠴᠢᠳ ᠲᠤ ᠶᠣᠰᠤ

ᠰᠤᠷᠲᠠᠬᠤᠨ ᠤ ᠬᠥᠮᠦᠵᠢᠯ ᠬᠢᠨ᠎ᠡ᠂ ᠡᠭᠦᠨ ᠳᠤ ᠬᠠᠮᠤᠭ  ᠤᠨ ᠦᠨᠳᠦᠰᠦᠨ ᠡᠭᠦᠷᠭᠡ ᠪᠣᠯ ᠰᠤᠷᠤᠭᠴᠢᠳ ᠤᠨ

ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠶᠠᠪᠤᠳᠠᠯ ᠪᠣᠯᠤᠨ᠎ᠠ᠃ ᠰᠢᠯᠢᠳᠡᠭ ᠠᠩᠭᠢ ᠶᠢᠨ ᠡᠷᠬᠢᠯᠡᠭᠴᠢ ᠪᠠᠭᠰᠢ

ᠪᠦᠷ ᠰᠤᠷᠤᠭᠴᠢᠳ ᠢ ᠠᠵᠢᠭᠯᠠᠬᠤ ᠳᠤ ᠪᠠᠨ ᠴᠢᠳᠠᠮᠠᠭᠠᠢ ᠪᠥᠭᠡᠳ ᠰᠤᠷᠤᠭᠴᠢᠳ ᠤᠨ ᠦᠵᠡᠯ ᠰᠠᠨᠠᠭᠠᠨ ᠤ

ᠬᠠᠨᠳᠤᠰᠢ ᠶᠢ ᠲᠠᠭᠠᠮᠠᠭᠯᠠᠨ ᠮᠡᠳᠡᠵᠦ ᠲᠡᠶᠢᠯᠭᠦ ᠨᠠᠶᠢᠳᠠ ᠶᠢᠨ ᠣᠨᠴᠠᠯᠢᠭ ᠲᠠᠢ᠂ ᠭᠡᠬᠦ ᠳᠤ ᠪᠠᠨ ᠰᠤᠷᠤᠭᠴᠢ ᠶᠢᠨ

ᠪᠤᠰᠤᠳᠴᠢ ᠪᠤᠳᠠᠳᠤ ᠪᠠᠶᠢᠳᠠᠯ ᠢ ᠦᠨᠳᠦᠰᠦᠯᠡᠵᠦ ᠬᠥᠮᠦᠵᠢᠭᠦᠯᠵᠦ ᠵᠢᠯᠤᠭᠤᠳᠤᠨ᠎ᠠ᠃

      ᠠᠩᠭᠢ ᠶᠢᠨ ᠡᠷᠬᠢᠯᠡᠭᠴᠢ ᠪᠠᠭᠰᠢ ᠠᠴᠠ ᠡᠳᠦᠷ ᠳᠤᠲᠤᠮ ᠤᠨ ᠬᠠᠮᠢᠶᠠᠷᠤᠯᠲᠠ ᠶᠢᠨ ᠠᠵᠢᠯ ᠢᠶᠠᠨ

ᠰᠡᠳᠭᠢᠴᠡ ᠶᠢᠨ ᠡᠷᠡᠭᠦᠯ ᠮᠡᠨᠳᠦ ᠶᠢᠨ ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠵᠦ᠂ ᠠᠩᠭᠢ ᠶᠢᠨ ᠰᠢᠨ᠎ᠡ

ᠪᠠᠶᠢᠳᠠᠯ ᠪᠠ ᠰᠤᠷᠤᠭᠴᠢᠳ ᠤᠨ ᠪᠣᠳᠤᠯᠭ᠎ᠠ ᠶᠢᠨ ᠬᠠᠨᠳᠤᠰᠢ ᠶᠢ ᠴᠠᠭ ᠲᠤᠬᠠᠢ ᠳᠤ ᠨᠢ ᠡᠵᠡᠮᠰᠢᠪᠡᠯ          

ᠵᠣᠬᠢᠨ᠎ᠠ᠃ ᠠᠩᠭᠢ ᠨᠢᠭᠡᠴᠢ ᠪᠠᠨ ᠰᠠᠶᠢᠨ ᠬᠠᠮᠢᠶᠠᠷᠤᠶ᠎ᠠ ᠭᠡᠪᠡᠯ ᠠᠩᠭᠢ ᠶᠢᠨ ᠡᠷᠬᠢᠯᠡᠭᠴᠢ ᠪᠠᠭᠰᠢ ᠵᠠᠪᠡᠯ ᠥᠪᠡᠷ ᠤᠨ

ᠣᠶᠤᠨ ᠲᠠᠷᠢᠬᠢ ᠪᠠᠨ ᠨᠣᠮ ᠪᠢᠴᠢᠭ ᠢᠶᠠᠷ ᠵᠡᠪᠰᠡᠭᠯᠡᠵᠦ᠂ ᠣᠨᠴᠠᠭᠠᠢᠢᠯᠠᠨ ᠰᠤᠷᠭᠠᠨ ᠬᠥᠮᠦᠵᠢᠭᠦᠯᠬᠦ ᠤᠬᠠᠭᠠᠨ ᠪᠠ

ᠰᠡᠳᠭᠢᠴᠡ ᠶᠢᠨ ᠵᠦᠢ ᠶᠢᠨ ᠲᠤᠬᠠᠢ ᠨᠣᠮ ᠤᠳ ᠢ ᠨᠠᠷᠢᠨ ᠬᠢᠨᠠᠮᠠᠭᠠᠢ ᠰᠤᠳᠤᠯᠵᠦ᠂ ᠰᠤᠷᠭᠠᠨ ᠬᠥᠮᠦᠵᠢᠭᠦᠯᠬᠦ

ᠤᠬᠠᠭᠠᠨ ᠤ ᠤᠭ ᠶᠣᠰᠤ ᠪᠠ ᠰᠡᠳᠭᠢᠴᠡ ᠶᠢᠨ ᠵᠦᠢ ᠶᠢᠨ ᠤᠭ ᠶᠣᠰᠤ ᠶᠢ ᠦᠨᠳᠦᠰᠦᠯᠡᠨ ᠪᠦᠲᠦᠭᠡᠯᠴᠢ ᠴᠢᠨᠡᠷ ᠲᠠᠢ

ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠵᠢᠷᠤᠵᠦ ᠲᠥᠯᠦᠪᠯᠡᠨ᠂ ᠣᠳᠣᠬᠢ ᠨᠠᠶᠢᠭᠡᠮ ᠤᠨ ᠱᠠᠭᠠᠷᠳᠠᠯᠭ᠎ᠠ ᠳᠤ

ᠨᠡᠶᠢᠴᠡᠭᠰᠡᠨ ᠰᠢᠨ᠎ᠡ ᠰᠣᠷᠭᠤᠭ ᠪᠥᠭᠡᠳ ᠪᠦᠲᠦᠮᠵᠢᠲᠡᠢ ᠬᠠᠮᠢᠶᠠᠷᠤᠯᠲᠠ ᠶᠢᠨ ᠠᠷᠭ᠎ᠠ ᠶᠢ ᠭᠠᠷᠭᠠᠨ᠂ ᠠᠩᠭᠢ ᠶᠢᠨ

ᠬᠠᠮᠢᠶᠠᠷᠤᠯᠲᠠ ᠪᠠᠨ ᠰᠠᠶᠢᠵᠢᠷᠠᠭᠤᠯᠤᠨ᠂ ᠠᠩᠭᠢ ᠶᠢᠨ ᠬᠠᠮᠢᠶᠠᠷᠤᠯᠲᠠ ᠶᠢᠨ ᠦᠷ᠎ᠡ ᠠᠰᠢᠭᠯᠠᠮᠵᠢ ᠶᠢ

ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠰᠤᠷᠤᠭᠴᠢᠳ ᠤᠨ ᠡᠷᠡᠭᠦᠯ ᠰᠠᠷᠠᠭᠤᠯ ᠰᠡᠳᠭᠢᠴᠡ ᠶᠢᠨ ᠬᠡᠪ ᠴᠢᠨᠡᠷ ᠢ

ᠬᠥᠮᠦᠵᠢᠭᠦᠯᠦᠨ᠎ᠡ᠃

      ᠬᠤᠶᠠᠷ᠂ ᠠᠩᠭᠢ ᠶᠢᠨ ᠡᠷᠬᠢᠯᠡᠭᠴᠢ ᠪᠠᠭᠰᠢ ᠪᠣᠯ ᠰᠤᠷᠭᠠᠭᠤᠯᠢ ᠪᠠ ᠭᠡᠷ ᠪᠦᠯᠢ ᠶᠢᠨ ᠰᠡᠳᠭᠢᠴᠡ ᠶᠢᠨ ᠡᠷᠡᠭᠦᠯ

ᠮᠡᠨᠳᠦ ᠶᠢᠨ ᠬᠥᠮᠦᠵᠢᠯ ᠤᠨ ᠵᠣᠬᠢᠴᠠᠭᠤᠯᠤᠭᠴᠢ ᠮᠥᠨ

      ᠰᠤᠷᠤᠭᠴᠢ ᠶᠢᠨ ᠰᠡᠳᠭᠢᠴᠡ ᠶᠢᠨ ᠠᠰᠠᠭᠤᠳᠠᠯ ᠪᠣᠯ ᠶᠡᠷᠤ ᠨᠢ ᠭᠡᠷ ᠪᠦᠯᠢ ᠶᠢᠨ ᠠᠰᠠᠭᠤᠳᠠᠯ ᠤᠨ ᠳᠤᠰᠬᠠᠯ

ᠪᠣᠯᠤᠨ᠎ᠠ᠃ ᠭᠡᠷ ᠪᠦᠯᠢ ᠶᠢᠨ ᠠᠮᠢᠳᠤᠷᠠᠯ ᠤᠨ ᠣᠷᠴᠢᠨ ᠪᠠ ᠭᠡᠷ ᠤᠨ ᠠᠬᠠᠮᠠᠳ ᠤᠨ ᠰᠤᠷᠭᠠᠨ ᠬᠥᠮᠦᠵᠢᠭᠦᠯᠬᠦ ᠠᠷᠭ᠎ᠠ

ᠮᠠᠶ᠋ᠢᠬ ᠨᠢ ᠬᠡᠦᠬᠡᠳ ᠤᠨ ᠰᠡᠳᠭᠢᠴᠡ ᠶᠢᠨ ᠡᠷᠡᠭᠦᠯ ᠴᠢᠭᠢᠷᠠᠭ ᠲᠠᠢ ᠰᠢᠭᠤᠳ ᠬᠠᠷᠢᠴᠠᠭ᠎ᠠ ᠲᠠᠢ᠃ ᠡᠶᠢᠮᠦ ᠠᠴᠠ

ᠰᠤᠷᠤᠭᠴᠢᠳ ᠤᠨ ᠰᠡᠳᠭᠢᠴᠡ ᠶᠢᠨ ᠠᠰᠠᠭᠤᠳᠠᠯ ᠢ ᠰᠢᠢᠳᠪᠦᠷᠢᠯᠡᠬᠦ ᠳᠤ ᠵᠠᠪᠡᠯ ᠭᠡᠷ ᠤᠨ ᠠᠬᠠᠮᠠᠳ ᠤᠨ ᠬᠠᠮᠵᠢᠯᠴᠠᠭ᠎ᠠ

ᠪᠠᠶᠢᠬᠤ ᠬᠡᠷᠡᠭᠲᠡᠢ᠃ ᠭᠡᠷ ᠤᠨ ᠠᠬᠠᠮᠠᠳ ᠦᠷ᠎ᠡ ᠬᠡᠦᠬᠡᠳ ᠢᠶᠠᠨ ᠴᠢᠳᠠᠪᠤᠷᠢᠲᠠᠨ ᠪᠣᠯᠬᠤ ᠶᠢ ᠬᠦᠰᠡᠵᠦ᠂ ᠦᠷᠭᠦᠯᠵᠢ

ᠠᠩᠭᠢ ᠶᠢᠨ ᠡᠷᠬᠢᠯᠡᠭᠴᠢ ᠲᠠᠢ ᠬᠠᠷᠢᠯᠴᠠᠬᠤ ᠪᠣᠯᠬᠤᠷ ᠠᠩᠭᠢ ᠶᠢᠨ ᠡᠷᠬᠢᠯᠡᠭᠴᠢ ᠶᠢ ᠣᠨᠴᠠᠭᠠᠢ ᠢᠲᠡᠭᠡᠵᠦ᠂ ᠴᠠᠭ

ᠲᠤᠬᠠᠢ ᠳᠤ ᠨᠢ ᠬᠠᠷᠢᠯᠴᠠᠬᠤ ᠪᠠᠷ ᠳᠠᠮᠵᠢᠨ ᠠᠩᠭᠢ ᠶᠢᠨ ᠡᠷᠬᠢᠯᠡᠭᠴᠢ ᠳᠤ ᠰᠤᠷᠤᠭᠴᠢᠳ ᠤᠨ ᠦᠵᠡᠯ ᠰᠠᠨᠠᠭ᠎ᠠ ᠦᠢᠯᠡ

ᠠᠵᠢᠯᠯᠠᠭ᠎ᠠ ᠵᠢᠴᠢ ᠲᠡᠭᠦᠨ ᠤ ᠰᠡᠳᠬᠢᠴᠡ ᠶᠢᠨ ᠬᠠᠨᠳᠤᠰᠢ ᠶᠢ ᠣᠢᠢᠯᠠᠭᠠᠭᠤᠯᠳᠠᠭ᠃ ᠡᠭᠦᠨ ᠤ ᠬᠠᠮᠲᠤ ᠭᠡᠷ ᠤᠨ

ᠠᠬᠠᠮᠠᠳ ᠢ ᠬᠠᠪᠰᠤᠷᠤᠨ ᠵᠠᠯᠠᠭᠤ ᠪᠠᠭᠠᠴᠤᠳ ᠤᠨ ᠬᠤᠭᠤᠴᠠᠭᠠᠨ ᠤ ᠰᠤᠷᠤᠭᠴᠢᠳ ᠤᠨ ᠪᠡᠶ᠎ᠡ ᠮᠠᠬᠠᠪᠣᠳ ᠪᠠ

ᠰᠡᠳᠬᠢᠴᠡ ᠶᠢᠨ ᠬᠤᠪᠢᠷᠠᠯᠲᠠ ᠶᠢ ᠤᠢᠢᠯᠡᠭᠠᠭᠤᠯᠵᠦ᠂ ᠡᠨᠡ ᠬᠤᠭᠤᠴᠠᠭᠠᠨ ᠤ ᠰᠤᠷᠭᠠᠨ ᠬᠥᠮᠦᠵᠢᠭᠦᠯᠬᠦ ᠠᠭᠤᠯᠭ᠎ᠠ ᠪᠠ

ᠠᠷᠭ᠎ᠠ ᠶᠢ ᠤᠢᠢᠯᠡᠭᠠᠭᠤᠯᠦᠠ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠭᠦᠯᠬᠦ ᠠᠷᠭ᠎ᠠ ᠶᠢ ᠰᠠᠨᠠᠭᠠᠴᠢᠯᠠᠵᠤ᠂

ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠡᠶᠢᠠ ᠰᠠᠶᠢᠬᠠᠨ ᠭᠡᠷ ᠪᠦᠯᠢ ᠶᠢᠨ ᠠᠭᠤᠷ ᠠᠮᠢᠰᠬᠤᠯ ᠢ

ᠪᠤᠢ ᠪᠣᠯᠭᠠᠬᠤ ᠪᠠᠷ ᠴᠢᠷᠮᠠᠶᠢᠵᠦ᠂ ᠪᠠᠰᠠ ᠭᠡᠷ ᠪᠦᠯᠢ ᠶᠢᠨ ᠰᠤᠷᠭᠠᠨ ᠬᠥᠮᠦᠵᠢᠯ ᠢ ᠰᠤᠷᠭᠠᠭᠤᠯᠢ ᠶᠢᠨ ᠰᠤᠷᠭᠠᠨ

ᠬᠥᠮᠦᠵᠢᠯ ᠯᠦᠭᠡ ᠦᠨᠡᠨ ᠬᠦ ᠢᠵᠢᠯ ᠠᠯᠬᠤᠮ ᠲᠠᠢ ᠪᠠᠶᠢᠯᠭᠠᠵᠤ᠂ ᠨᠡᠶᠢᠯᠡᠯ ᠬᠦᠴᠦᠨ ᠢ ᠪᠦᠷᠢᠯᠳᠦᠭᠦᠯᠬᠦ ᠪᠠᠷ ᠳᠠᠮᠵᠢᠨ

ᠭᠡᠷ ᠪᠦᠯᠢ ᠶᠢᠨ ᠰᠡᠳᠬᠢᠴᠡ ᠶᠢᠨ ᠬᠠᠪᠰᠤᠷᠤᠨ ᠵᠢᠯᠦᠭᠤᠳᠦᠯᠭ᠎ᠠ ᠶᠢ ᠪᠦᠲᠦᠮᠵᠢᠲᠡᠢ ᠬᠡᠷᠡᠭᠵᠢᠭᠦᠯᠦᠨ᠎ᠡ᠃

      ᠭᠤᠷᠪᠠ᠂ ᠲᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠦᠷᠭᠦᠯᠵᠢ

ᠲᠣᠬᠢᠶᠠᠯᠳᠤᠳᠠᠭ ᠰᠡᠳᠬᠢᠴᠡ ᠶᠢᠨ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ

      ︵1︶ ᠰᠤᠷᠬᠤ ᠠᠴᠠ ᠬᠠᠰᠢᠷᠠᠬᠤ ᠰᠡᠳᠬᠢᠴᠡ

      ᠰᠤᠷᠬᠤ ᠠᠴᠠ ᠬᠠᠰᠢᠷᠠᠬᠤ ᠰᠢᠯᠲᠠᠭᠠᠨ ᠮᠠᠰᠢ ᠪᠤᠳᠤᠯᠢᠶᠠᠨᠲᠠᠶ ᠪᠠᠶᠢᠳᠠᠠᠭ᠃ ᠡᠶᠢᠮᠦ ᠠᠴᠠ ᠠᠩᠭᠢ ᠶᠢᠨ

ᠡᠷᠬᠢᠯᠡᠭᠴᠢ ᠪᠠᠭᠰᠢ ᠪᠣᠯᠤᠭᠰᠠᠨ ᠤ ᠬᠤᠪᠢ ᠳᠤ ᠰᠤᠷᠤᠭᠴᠢᠳ ᠤᠨ ᠰᠤᠷᠤᠯᠭ᠎ᠠ ᠠᠴᠠ ᠬᠠᠰᠢᠷᠠᠬᠤ ᠶᠢᠨ ᠦᠨᠳᠦᠰᠦ

ᠰᠤᠷᠪᠤᠯᠵᠢ ᠶᠢ ᠡᠷᠢᠨ ᠤᠯᠵᠦ᠂ ᠳᠠᠬᠢᠨ ᠰᠤᠷᠤᠭᠴᠢᠳ  ᠲᠤ ᠰᠡᠳᠬᠢᠴᠡ ᠶᠢᠨ ᠬᠠᠪᠰᠤᠷᠤᠨ ᠵᠢᠯᠦᠭᠤᠳᠦᠯᠭ᠎ᠠ          

ᠬᠢᠨ᠎ᠡ᠃ ᠰᠤᠷᠤᠭᠴᠢᠳ ᠪᠠᠭᠰᠢ ᠶᠢᠨ ᠢᠶᠠᠨ ᠴᠢᠩ ᠦᠨᠡᠨᠴᠢ ᠬᠠᠯᠠᠮᠵᠢᠯᠠᠯ᠂ ᠢᠲᠡᠭᠡᠯ᠂ ᠬᠦᠰᠡᠯ ᠡᠷᠡᠮᠡᠯᠵᠡᠯ ᠢ

ᠣᠶᠢᠯᠠᠭᠠᠮᠠᠭᠴᠠ ᠢᠳᠡᠪᠬᠢᠲᠡᠢ ᠰᠠᠨᠠᠭᠠᠴᠢᠯᠠᠭ᠎ᠠ ᠲᠠᠢ ᠰᠤᠷᠤᠯᠴᠠᠬᠤ ᠦᠢᠯᠡ ᠠᠵᠢᠯᠯᠠᠭ᠎ᠠ ᠶᠢ ᠳᠠᠬᠢᠨᠲᠠ ᠪᠤᠢ          

ᠪᠣᠯᠭᠠᠳᠠᠭ᠃ ᠡᠭᠦᠨ ᠠᠴᠠ ᠭᠠᠳᠠᠨ᠎ᠠ ᠠᠩᠭᠢ ᠶᠢᠨ ᠡᠷᠬᠢᠯᠡᠭᠴᠢ ᠪᠠᠰᠠ ᠭᠤᠣᠯ ᠰᠡᠳᠦᠪᠲᠦ ᠠᠩᠭᠢ  ᠶᠢᠨ ᠬᠤᠷᠠᠯ ᠢ

ᠵᠣᠬᠢᠶᠠᠨ ᠪᠠᠶᠢᠭᠤᠯᠵᠤ᠂ ᠨᠦᠭᠦᠳ ᠵᠠᠭᠤᠷ᠎ᠠ ᠪᠠᠨ ᠶᠠᠷᠢᠯᠴᠠᠬᠤ ᠪᠤᠶᠤ ᠨᠡᠷᠡᠲᠦ ᠬᠥᠮᠦᠰ ᠢ ᠰᠤᠷᠪᠦᠯᠵᠢᠯᠠᠭᠰᠠᠨ

ᠫᠷᠥᠭᠷᠠᠮ ᠢ ᠦᠵᠡᠭᠦᠯᠬᠦ ᠵᠡᠷᠭᠡ ᠠᠷᠭ᠎ᠠ ᠪᠠᠷ ᠰᠤᠷᠤᠯᠴᠠᠬᠤ  ᠶᠢᠨ ᠬᠤᠪᠢ ᠬᠥᠮᠦᠨ ᠤ ᠬᠥᠭᠵᠢᠯᠲᠡ᠂ ᠠᠵᠢᠯ ᠦᠢᠯᠡᠰ ᠤᠨ

ᠠᠮᠵᠢᠯᠲᠠ᠂ ᠨᠡᠶᠢᠭᠡᠮ ᠤᠯᠤᠰ ᠤᠨ ᠬᠥᠭᠵᠢᠯᠲᠡ ᠳᠠᠬᠢ ᠴᠢᠬᠤᠯᠠ ᠦᠢᠯᠡᠳᠦᠯ ᠢ ᠲᠣᠳᠣᠷᠬᠠᠶᠢᠯᠠᠬᠤ ᠬᠡᠷᠡᠭᠲᠡᠢ᠃ ᠲᠡᠳᠡᠭᠡᠷ

ᠰᠤᠷᠤᠯᠴᠠᠬᠤ ᠤᠷᠮ᠎ᠠ ᠪᠠᠬ᠎ᠠ ᠦᠨᠳᠤᠷ᠂ ᠢᠳᠡᠪᠬᠢᠵᠢᠯ ᠰᠠᠶᠢᠨ ᠰᠤᠷᠤᠭᠴᠢ ᠪᠠᠷ ᠲᠥᠷᠥᠭᠳᠡᠯ ᠪᠠ ᠲᠤᠷᠰᠢᠯᠭ᠎ᠠ ᠶᠢ ᠨᠢ

ᠶᠠᠷᠢᠭᠤᠯᠵᠤ᠂ ᠰᠤᠷᠤᠭᠴᠢᠳ ᠤᠨ ᠬᠠᠵᠠᠭᠤ ᠳᠠᠬᠢ ᠰᠡᠷᠡᠵᠦ ᠮᠡᠳᠡᠵᠦ ᠲᠡᠶᠢᠯᠭᠦ ᠬᠥᠮᠦᠨ ᠪᠠ ᠤᠴᠢᠷ ᠶᠠᠪᠤᠳᠠᠯ ᠢᠶᠠᠷ

ᠰᠤᠷᠤᠭᠴᠢ ᠶᠢ ᠤᠬᠠᠭᠠᠷᠠᠭᠤᠯᠤᠨ ᠬᠥᠮᠦᠵᠢᠭᠦᠯᠦᠨ᠎ᠡ᠃

      ︵2︶ ᠢᠨᠠᠭᠯᠠᠬᠤ ᠠᠰᠠᠭᠤᠳᠠᠯ

      ᠪᠣᠳᠠᠲᠠᠢ ᠠᠬᠤᠢ ᠪᠠᠶᠢᠳᠠᠯ ᠠᠴᠠ ᠵᠠᠳᠠᠯᠤᠯᠲᠠ ᠬᠢᠪᠡᠯ᠂ ᠳᠡᠭᠡᠳᠦ ᠳᠤᠮᠳᠠᠳᠤ ᠶᠢᠨ ᠰᠤᠷᠤᠭᠴᠢᠳ ᠤᠨ ᠡᠷᠲᠡ

ᠢᠨᠠᠭᠯᠠᠬᠤ ᠦᠵᠡᠭᠳᠡᠯ ᠨᠢ ᠲᠦᠭᠡᠮᠡᠯ ᠴᠢᠨᠠᠷ ᠲᠠᠢ ᠪᠠᠶᠢᠳᠠᠭ᠃ ᠡᠷᠲᠡ ᠢᠨᠠᠭᠯᠠᠬᠤ ᠨᠢ ᠬᠡᠪ ᠤᠨ ᠰᠤᠷᠤᠯᠭ᠎ᠠ ᠶᠢ

ᠨᠥᠯᠥᠭᠡᠯᠡᠬᠦ ᠮᠥᠷᠲᠡᠭᠡᠨ ᠰᠡᠳᠬᠢᠴᠡ ᠶᠢᠨ ᠡᠷᠡᠭᠦᠯ ᠮᠡᠨᠳᠦ ᠶᠢ ᠪᠠᠰᠠ ᠬᠤᠬᠢᠷᠠᠭᠤᠯᠤᠨ᠎ᠠ᠃ ᠡᠶᠢᠮᠦ ᠠᠴᠠ ᠠᠩᠭᠢ ᠶᠢᠨ

ᠡᠷᠬᠢᠯᠡᠭᠴᠢ ᠵᠠᠪᠡᠯ ᠰᠤᠷᠤᠭᠴᠢ ᠢ ᠵᠥᠪ ᠴᠢᠭᠯᠡᠯ ᠥᠭᠡᠳᠡ ᠬᠥᠲᠥᠯᠥᠨ ᠵᠢᠯᠤᠭᠤᠳᠴᠤ᠂ ᠦᠵᠡᠯ ᠰᠠᠨᠠᠭᠠᠨ ᠤ ᠠᠵᠢᠯ ᠢ

ᠰᠠᠶᠢᠲᠤᠷ ᠬᠢᠬᠦ ᠬᠡᠷᠡᠭᠲᠡᠶ᠃

      ᠠᠩᠭᠢ ᠶᠢᠨ ᠡᠷᠬᠢᠯᠡᠭᠴᠢ ᠪᠠᠭᠰᠢ ᠪᠣᠯᠤᠭᠰᠠᠨ ᠤ ᠬᠤᠪᠢ ᠳᠤ᠂ ᠰᠤᠷᠤᠭᠴᠢᠳ ᠤᠨ ᠢᠨᠠᠭᠯᠠᠬᠤ

ᠠᠰᠠᠭᠤᠳᠠᠯ ᠳᠤ ᠵᠠᠪᠡᠯ ᠵᠥᠪ ᠲᠠᠨᠢᠯᠲᠠ ᠲᠠᠢ ᠪᠠᠶᠢᠬᠤ ᠬᠡᠷᠡᠭᠲᠡᠶ᠃ ᠳᠡᠭᠡᠳᠦ ᠳᠤᠮᠳᠠᠳᠤ ᠶᠢᠨ ᠰᠤᠷᠤᠭᠴᠢᠳ ᠤᠨ

ᠢᠨᠠᠭᠯᠠᠯ ᠪᠣᠯ ᠨᠢᠭᠡ ᠬᠡᠪ ᠤᠨ ᠦᠵᠡᠭᠳᠡᠯ ᠮᠥᠷᠲᠡᠭᠡᠨ ᠰᠤᠷᠤᠭᠴᠢᠳ ᠤᠨ ᠪᠡᠶ᠎ᠡ ᠮᠠᠬᠠᠪᠣᠳ ᠪᠠ ᠰᠡᠳᠬᠢᠴᠡ ᠶᠢᠨ

ᠬᠥᠭᠵᠢᠯᠲᠡ ᠶᠢᠨ ᠵᠠᠶᠢᠯᠠᠰᠢ ᠥᠬᠡᠶ ᠦᠷ᠎ᠡ ᠳ᠋ᠦᠩ᠂ ᠡᠶᠢᠮᠦ ᠠᠴᠠ ︽ᠮᠠᠭᠤ ᠰᠣᠷᠣᠭᠴᠢ︾ ᠪᠤᠶᠤ ︽ᠮᠠᠭᠤ ᠦᠢᠯᠡ

ᠠᠵᠢᠯᠯᠠᠭ᠎ᠠ︾ ᠭᠡᠵᠦ ᠦᠵᠡᠵᠦ ᠪᠣᠯᠬᠤ ᠥᠬᠡᠶ᠃ ᠡᠭᠦᠨ ᠳᠤ ᠭᠡᠷ ᠤᠨ ᠠᠬᠠᠮᠠᠳ ᠪᠠ ᠠᠩᠭᠢ ᠶᠢᠨ ᠡᠷᠬᠢᠯᠡᠭᠴᠢ

︽ᠵᠢᠯᠣᠭᠤᠳᠬᠤ︾ ᠪᠠᠷ ᠠᠵᠢᠯ ᠤᠨ ᠵᠠᠷᠴᠢᠮ ᠪᠠ ᠭᠤᠣᠯ ᠦᠵᠡᠯ ᠰᠠᠨᠠᠭ᠎ᠠ ᠪᠠᠨ ᠪᠤᠯᠭᠠᠵᠦ᠂ ᠰᠢᠬᠠᠮᠳᠠᠭᠤᠯᠬᠤ ᠪᠤᠶᠤ

ᠬᠠᠰᠢᠨ ᠬᠤᠷᠢᠭᠯᠠᠬᠤ ᠶᠢ ᠠᠩᠬᠠᠷᠤᠨ᠎ᠠ᠃

      ︵3︶ ᠭᠤᠲᠤᠷᠠᠩᠭᠤᠢ ᠰᠡᠳᠬᠢᠴᠡ

      ᠬᠥᠮᠦᠨ ᠪᠦᠬᠦᠨ ᠳᠤ ᠴᠥᠮ ᠭᠤᠲᠤᠷᠠᠩᠭᠤᠢ ᠰᠡᠳᠬᠢᠴᠡ ᠪᠠᠶᠢᠳᠠᠭ᠂ ᠵᠥᠪᠬᠡᠨ ᠬᠢᠷᠢ ᠬᠡᠮᠵᠢᠶᠡᠨ ᠤ

ᠢᠯᠭᠠᠭ᠎ᠠ ᠲᠠᠢ ᠲᠡᠳᠦᠢ᠃ ᠠᠩᠭᠢ ᠶᠢᠨ ᠡᠷᠬᠢᠯᠡᠭᠴᠢ ᠰᠤᠷᠤᠭᠴᠢᠳ ᠢᠶᠠᠨ ᠬᠠᠪᠰᠤᠷᠤᠨ ᠥᠪᠡᠷ ᠢ ᠪᠠᠨ ᠵᠥᠪ

ᠣᠨᠣᠪᠴᠢᠲᠠᠢ ᠲᠠᠨᠢᠨ ᠮᠡᠳᠡᠵᠦ᠂ ᠰᠤᠷᠤᠭᠴᠢᠳ ᠲᠤ ᠥᠪᠡᠷ ᠤᠨ ᠬᠢ ᠨᠢ ᠳᠠᠪᠠᠭᠤᠯᠢᠭ ᠲᠠᠯ᠎ᠠ ᠶᠢ ᠨᠢ ᠲᠣᠳᠣᠷᠬᠠᠢ

ᠲᠠᠨᠢᠭᠤᠯᠬᠤ ᠬᠡᠷᠡᠭᠲᠡᠢ᠃ ᠪᠤᠰᠤᠳᠴᠢ ᠪᠣᠳᠠᠲᠤ ᠪᠠᠶᠢᠳᠠᠯ ᠳᠤ᠂ ᠪᠠᠶ᠎ᠡ ᠨᠢ ᠵᠢᠭᠠᠬᠠᠨ ᠵᠡᠮᠳᠡᠭ ᠪᠤᠶᠤ ᠠᠯᠳᠠᠭ᠎ᠠ ᠪᠤᠷᠤᠭᠤ

ᠭᠠᠷᠭᠠᠭᠰᠠᠨ ᠳᠤ ᠪᠠᠨ ᠵᠥᠪ ᠢᠶᠠᠷ ᠬᠠᠨᠳᠤᠵᠤ᠂ ᠰᠡᠳᠬᠢᠯ ᠰᠠᠨᠠᠭ᠎ᠠ ᠪᠠᠨ ᠠᠭᠤᠵᠢᠭᠤ ᠲᠠᠯᠪᠢᠭᠤ ᠪᠠᠶᠢᠯᠭᠠᠵᠤ᠂

ᠳᠠᠷᠠᠭᠠᠴᠢ ᠪᠠᠷ ᠠᠩᠬᠠᠷᠤᠨ ᠬᠢᠴᠢᠶᠡᠬᠦ ᠶᠢ ᠱᠠᠭᠠᠷᠳᠠᠨ᠎ᠠ᠃ ᠡᠭᠦᠨ ᠠᠴᠠ ᠭᠠᠳᠠᠨ᠎ᠠ᠂ ᠠᠩᠭᠢ ᠶᠢᠨ ᠡᠷᠬᠢᠯᠡᠭᠴᠢ

ᠰᠤᠷᠤᠭᠴᠢᠳ ᠲᠤ ᠪᠠᠨ ᠵᠠᠷᠢᠮ ᠪᠣᠯᠪᠠᠰᠤᠷᠠᠭᠤᠯᠬᠤ ᠠᠷᠭ᠎ᠠ ᠶᠢ ᠵᠢᠭᠠᠬᠤ ᠪᠠᠷ ᠳᠠᠮᠵᠢᠨ ᠰᠤᠷᠤᠭᠴᠢᠳ ᠤᠨ ᠢᠲᠡᠭᠡᠯ ᠢ

ᠬᠥᠮᠦᠵᠢᠭᠦᠯᠵᠦ ᠪᠣᠯᠤᠨ᠎ᠠ᠂ ᠵᠢᠱᠢᠶᠡᠯᠡᠪᠡᠯ᠂ ᠵᠣᠷᠢᠭᠲᠠᠢ ᠪᠠᠷ ᠬᠥᠮᠦᠨ ᠤ ᠡᠮᠦᠨ᠎ᠡ ᠵᠣᠭᠰᠤᠬᠤ᠂ ᠬᠥᠮᠦᠨ ᠲᠠᠢ

ᠬᠠᠷᠢᠯᠴᠠᠬᠤ ᠳᠤ ᠪᠠᠨ ᠠᠯᠢ ᠴᠢᠳᠠᠬᠤ ᠪᠠᠷ ᠡᠰᠡᠷᠭᠦ ᠡᠲᠡᠭᠡᠳ ᠤᠨ ᠢᠶᠠᠨ ᠨᠢᠳᠦ ᠶᠢ ᠵᠥᠪ ᠬᠠᠷᠠᠬᠤ᠂ ᠦᠷᠭᠦᠯᠵᠢ

ᠢᠨᠢᠶᠡᠮᠰᠦᠭᠯᠡᠬᠦ᠂ ᠤᠯᠠᠨ ᠤ ᠡᠮᠦᠨ᠎ᠡ ᠦᠭᠡ ᠬᠡᠯᠡᠬᠦ᠂ ᠳᠠᠭᠤᠤ ᠳᠠᠭᠤᠯᠠᠬᠤ᠂ ᠶᠠᠷᠢᠶ᠎ᠠ ᠢᠯᠡᠳᠭᠡᠯ ᠬᠢᠬᠦ ᠵᠡᠷᠭᠡ᠃ ᠪᠠᠰᠠ

ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠨᠦᠭᠦᠳ ᠬᠤᠭᠤᠷᠣᠨᠳᠣᠬᠢ ᠶᠢᠨ ᠶᠠᠪᠤᠯᠴᠠᠭ᠎ᠠ ᠬᠠᠷᠢᠴᠠᠭ᠎ᠠ ᠶᠢ

ᠴᠢᠩᠭᠠᠳᠬᠠᠵᠤ᠂ ᠰᠤᠷᠤᠭᠴᠢᠳ ᠢ ᠤᠯᠠᠨ ᠨᠠᠶᠢᠳᠠ ᠶᠢᠨ ᠳᠤᠮᠳᠠ ᠠᠭᠤᠰᠬᠠᠨ ᠣᠷᠣᠭᠤᠯᠤᠨ᠎ᠠ᠃ ᠪᠡᠶ᠎ᠡ ᠶᠢᠨ

ᠲᠠᠮᠢᠷ ᠤᠨ ᠪᠣᠯᠪᠠᠰᠤᠷᠠᠯ ᠨᠢ ᠬᠥᠮᠦᠰ ᠢ ᠠᠮᠵᠢᠯᠲᠠ ᠪᠠ ᠰᠢᠯᠢᠳᠡᠭ ᠲᠥᠷᠥᠭᠳᠡᠯ ᠲᠠᠢ ᠪᠣᠯᠭᠠᠨ᠎ᠠ᠂ ᠡᠶᠢᠮᠦ ᠠᠴᠠ

ᠰᠤᠷᠤᠭᠴᠢᠳ ᠢ ᠵᠣᠬᠢᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠬᠤ ᠶᠢ ᠵᠤᠷᠢᠬᠵᠢᠭᠤᠯᠤᠨ ᠱᠠᠭᠠᠷᠳᠠᠨ᠎ᠠ᠃

      ︵4︶ ᠰᠢᠯᠭᠠᠯᠲᠠ ᠳᠤ ᠬᠡᠲᠦᠷᠬᠡᠶ ᠰᠠᠨᠠᠭ᠎ᠠ ᠵᠣᠪᠠᠭ᠋ᠤ

      ᠰᠠᠨᠠᠭ᠎ᠠ ᠵᠣᠪᠠᠭ᠋ᠤ ᠨᠢ ᠰᠢᠯᠭᠠᠯᠲᠠ ᠳᠤ ᠠᠳᠠᠯᠢ ᠪᠤᠰᠤ ᠨᠥᠯᠥᠭᠡ ᠲᠠᠢ᠃ ᠵᠣᠪᠠᠨᠢᠯ ᠤᠨ ᠬᠡᠮᠵᠢᠶ᠎ᠡ ᠵᠣᠬᠢᠰᠲᠠᠶ

ᠪᠣᠯ ᠳᠠᠪᠲᠠᠯᠭ᠎ᠠ ᠶᠢ ᠠᠬᠢᠭᠤᠯᠵᠦ᠂ ᠰᠢᠯᠭᠠᠯᠳᠠ ᠳᠤ ᠰᠠᠶᠢᠨ ᠪᠦᠳᠤᠮᠵᠢ ᠤᠯᠬᠤ ᠳᠤ ᠠᠰᠢᠭᠲᠠᠶ᠃ ᠵᠣᠪᠠᠨᠢᠯ ᠤᠨ

ᠬᠡᠮᠵᠢᠶ᠎ᠡ ᠬᠡᠲᠦᠷᠬᠡᠶ ᠳᠤᠤᠷ᠎ᠠ ᠪᠣᠯ ᠰᠤᠷᠤᠭᠴᠢᠳ ᠰᠢᠯᠭᠠᠯᠲᠠ ᠶᠢ ᠬᠦᠨᠳᠦᠳᠭᠡᠵᠦ ᠦᠵᠡᠬᠦ ᠦᠭᠡᠢ᠂ ᠣᠮᠣᠷᠬᠠᠭ

ᠪᠠᠷᠳᠠᠮ᠂ ᠬᠠᠰᠢ ᠶᠠᠰᠢ ᠠᠴᠠ ᠪᠤᠯᠵᠦ ᠰᠠᠶᠢᠨ ᠬᠢᠷᠢ ᠪᠦᠲᠦᠮᠵᠢ ᠣᠯᠵᠤ ᠲᠡᠶᠢᠯᠭᠦ ᠦᠭᠡᠢ᠃ ᠵᠣᠪᠠᠨᠢᠯ ᠠᠬᠠᠳᠠᠪᠠᠯ

ᠰᠤᠷᠤᠭᠴᠢᠳ ᠰᠠᠭᠤᠵᠤ ᠲᠣᠭᠲᠠᠬᠤ ᠪᠠᠨ ᠪᠠᠶᠢᠵᠤ᠂ ᠲᠣᠯᠣᠭᠠᠢ ᠡᠪᠡᠳᠴᠦ ᠨᠢᠳᠤ ᠡᠷᠢᠶᠠᠯᠵᠢᠨ᠂ ᠠᠩᠬᠠᠷᠤᠯ ᠢᠶᠠᠨ

ᠲᠥᠪᠯᠡᠷᠡᠭᠦᠯᠬᠦ ᠶᠢᠨ ᠠᠷᠭ᠎ᠠ ᠦᠭᠡᠢ ᠪᠣᠯᠵᠤ᠂ ᠰᠡᠳᠬᠢᠬᠦᠢ ᠨᠢ ᠡᠮᠬᠢ ᠵᠠᠮᠪᠠᠷᠠᠭ᠎ᠠ ᠦᠭᠡᠢ ᠪᠣᠯᠵᠤ᠂ ᠰᠡᠳᠦᠪ ᠢᠶᠠᠨ

ᠲᠣᠳᠣᠷᠬᠠᠢ ᠬᠢᠨᠠᠵᠦ ᠲᠡᠶᠢᠯᠭᠦ ᠦᠭᠡᠢ᠂ ᠰᠡᠳᠦᠪ ᠵᠠᠳᠠᠯᠬᠤ ᠳᠤ ᠠᠮᠠᠷᠬᠠᠨ ᠪᠤᠷᠤᠭᠤ ᠭᠠᠷᠴᠤ᠂ ᠰᠢᠯᠭᠠᠯᠲᠠ ᠳᠤ

ᠬᠡᠪ ᠤᠨ ᠬᠢᠷᠢ ᠬᠡᠮᠵᠢᠶ᠎ᠡ ᠪᠠᠨ ᠪᠠᠳᠠᠷᠠᠭᠤᠯᠵᠤ ᠴᠢᠳᠠᠬᠤ ᠦᠭᠡᠢ ᠪᠣᠯᠳᠠᠭ᠃ ᠡᠶᠢᠮᠦ ᠠᠴᠠ ᠰᠤᠷᠤᠭᠴᠢᠳ ᠤᠨ ᠬᠡᠲᠦᠷᠬᠡᠶ

ᠰᠡᠳᠬᠢᠴᠡ ᠶᠢᠨ ᠵᠣᠪᠠᠨᠢᠯ ᠢ ᠵᠢᠯᠤᠭᠤᠳᠤᠨ ᠠᠷᠢᠯᠭᠠᠬᠤ ᠪᠣᠯ ᠠᠩᠭᠢ ᠶᠢᠨ ᠡᠷᠬᠢᠯᠡᠭᠴᠢ ᠪᠠᠭᠰᠢ ᠶᠢᠨ ᠡᠩ ᠲᠡᠷᠢᠭᠦᠨ ᠳᠤ

ᠬᠢᠬᠦ ᠠᠵᠢᠯ ᠪᠣᠯᠤᠨ᠎ᠠ᠃ ᠰᠤᠷᠤᠭᠴᠢᠳ ᠢ ᠵᠢᠯᠣᠭᠤᠳᠤᠨ ᠰᠢᠯᠭᠠᠯᠲᠠ ᠠᠴᠠ ᠡᠮᠦᠨ᠎ᠡ ᠰᠤᠯᠠᠳᠬᠠᠬᠤ ᠪᠣᠯᠪᠠᠰᠤᠷᠠᠯ

ᠬᠢᠯᠭᠡᠵᠦ᠂ ᠰᠤᠷᠤᠭᠴᠢᠳ ᠢ ᠤᠷᠠᠨ ᠰᠠᠶᠢᠬᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠵᠢᠴᠢ ᠰᠣᠨᠢᠷᠬᠠᠯ ᠲᠠᠢ

ᠬᠢᠴᠢᠶᠡᠯ ᠤᠨ ᠭᠠᠳᠠᠨᠠᠬᠢ ᠬᠥᠳᠡᠯᠭᠡᠭᠡᠨ ᠳᠤ ᠵᠣᠬᠢᠬᠤ ᠬᠡᠮᠵᠢᠶ᠎ᠡ ᠪᠠᠷ ᠣᠷᠣᠯᠴᠠᠬᠤ ᠶᠢ ᠱᠠᠭᠠᠷᠳᠠᠨ᠂ ᠠᠩᠬᠠᠷᠤᠯ ᠢ ᠨᠢ

ᠰᠢᠯᠵᠢᠭᠦᠯᠵᠦ᠂ ᠰᠡᠳᠬᠢᠴᠡ ᠶᠢᠨ ᠳᠠᠷᠤᠯᠲᠠ ᠶᠢ ᠨᠢ ᠬᠥᠩᠭᠡᠷᠡᠭᠦᠯᠦᠨ᠎ᠡ᠃ ᠡᠭᠦᠨ ᠠᠴᠠ ᠭᠠᠳᠠᠨ᠎ᠠ ᠰᠤᠷᠤᠭᠴᠢᠳ ᠤᠨ

ᠬᠡᠲᠦᠷᠬᠡᠢ ᠵᠣᠪᠠᠨᠢᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠯᠠᠪᠳᠠᠭᠤᠨ ᠬᠢᠨᠠᠮᠠᠭᠠᠢ ᠣᠶᠤᠨᠴᠢ ᠵᠠᠳᠠᠯᠤᠯᠲᠠ ᠪᠠ

ᠢᠲᠡᠭᠡᠯ ᠵᠣᠷᠢᠭ ᠤᠨ ᠪᠣᠯᠪᠠᠰᠤᠷᠠᠯ ᠬᠢᠯᠭᠡᠵᠦ᠂ ᠰᠡᠳᠬᠢᠯ ᠰᠠᠨᠠᠭ᠎ᠠ ᠶᠢ ᠨᠢ ᠲᠣᠭᠲᠠᠭᠤᠨ ᠪᠣᠯᠭᠠᠨ᠎ᠠ᠃ ᠪᠠᠰᠠ

ᠰᠤᠷᠤᠭᠴᠢᠳ ᠲᠤ ᠥᠪᠡᠷ ᠢ ᠪᠠᠨ ᠢᠳᠡᠪᠬᠢᠲᠡᠢ ᠲᠤᠬᠢᠷᠠᠭᠤᠯᠬᠤ ᠠᠷᠭ᠎ᠠ᠂ ᠪᠡᠶᠡᠴᠢᠯᠡᠨ ᠣᠶᠢᠯᠠᠭᠠᠬᠤ ᠠᠷᠭ᠎ᠠ ᠵᠡᠷᠭᠡ ᠶᠢ

ᠵᠢᠭᠠᠨ ᠦᠭᠴᠤ᠂ ᠰᠢᠯᠭᠠᠯᠲᠠ ᠠᠴᠠ ᠡᠮᠤᠨ᠎ᠡ ᠳᠠᠬᠢᠨ ᠳᠠᠪᠲᠠᠨ ᠪᠣᠯᠪᠠᠰᠤᠷᠠᠭᠤᠯᠤᠨ᠎ᠠ᠃

      ᠰᠤᠷᠤᠭᠴᠢᠳ ᠤᠨ ᠠᠯᠢ ᠤᠯᠠᠨ ᠨᠡᠯᠢᠶᠡᠳ ᠬᠦᠨᠳᠦ ᠨᠣᠴᠢᠲᠠᠢ ᠰᠡᠳᠬᠢᠴᠡ ᠶᠢᠨ ᠠᠰᠠᠭᠤᠳᠠᠯ ᠳᠤ᠂

ᠠᠩᠬᠢ ᠶᠢᠨ ᠡᠷᠬᠢᠯᠡᠭᠴᠢ ᠪᠠᠭᠰᠢ ᠵᠠᠪᠡᠯ ᠦᠵᠡᠯᠲᠡ ᠪᠠ ᠠᠷᠭ᠎ᠠ ᠪᠠᠷᠢᠯ ᠤᠨ ᠲᠠᠯ᠎ᠠ ᠪᠠᠷ ᠭᠦᠢᠴᠡᠳ ᠪᠡᠯᠡᠳᠬᠡᠯ ᠬᠢᠵᠦ᠂

ᠬᠠᠮᠲᠤ ᠶᠢᠨ ᠰᠤᠷᠭᠠᠨ ᠬᠥᠮᠦᠵᠢᠯ ᠪᠠ ᠬᠤᠪᠢ ᠬᠥᠮᠦᠨ ᠤ ᠰᠤᠷᠭᠠᠨ ᠬᠥᠮᠦᠵᠢᠯ ᠢ ᠤᠶᠠᠯᠳᠤᠭᠤᠯᠵᠤ᠂

ᠭᠤᠣᠯᠳᠠᠯᠭ᠎ᠠ ᠪᠠᠨ ᠰᠤᠷᠤᠭᠴᠢᠳ ᠤᠨ ᠰᠡᠳᠬᠢᠴᠡ ᠶᠢᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠳᠡᠭᠡᠷ᠎ᠡ ᠲᠠᠯᠪᠢᠵᠤ᠂

ᠨᠡᠩ ᠣᠯᠠᠨ ᠨᠡᠩ ᠳᠠᠪᠰᠢᠩᠭᠤᠶ ᠰᠡᠳᠬᠢᠴᠡ ᠶᠢᠨ ᠬᠥᠮᠦᠵᠢᠯ ᠤᠨ ᠠᠷᠭ᠎ᠠ ᠵᠠᠮ ᠪᠣᠯᠤᠨ ᠬᠡᠯᠪᠡᠷᠢ ᠮᠠᠶ᠋ᠢᠬ ᠢ ᠴᠢᠷᠮᠠᠶᠢᠨ

ᠰᠦᠪᠡᠭᠴᠢᠯᠡᠪᠡᠯ ᠵᠣᠬᠢᠨ᠎ᠠ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ

                                 ︵ᠠᠯᠳᠠᠨᠰᠦ᠋ᠭᠡ ᠨᠠᠶᠢᠷᠠᠭᠤᠯᠪᠠ︶

                                 2023.2 ᠳ᠋ᠤᠭᠠᠷ ᠬᠤᠭᠤᠴᠠᠭ᠎ᠠ

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map