ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/23
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠦᠩᠯᠢᠶᠣᠤ ᠬᠤᠲᠠ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

1.jpg

      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠥᠷᠥᠯ ᠵᠦᠢᠯ ᠢ ᠬᠡᠷᠡᠭᠵᠢᠭᠦᠯᠦᠭᠰᠡᠨ ᠨᠢ

ᠮᠠᠨ ᠤ ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ

ᠲᠦᠭᠡᠮᠡᠯᠵᠢᠭᠦᠯᠬᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ

ᠳᠡᠯᠭᠡᠷᠡᠭᠦᠯᠦᠨ ᠬᠡᠷᠡᠭᠯᠡᠬᠦ ᠳᠤ ᠴᠢᠬᠤᠯᠠ ᠠᠴᠢ ᠬᠤᠯᠪᠣᠭᠳᠠᠯ ᠲᠠᠢ ᠢ ᠭᠦᠢᠴᠡᠳ ᠲᠠᠨᠢᠬᠤ ᠬᠡᠷᠡᠭᠲᠡᠢ᠃ ᠲᠥᠷᠥᠯ

ᠵᠦᠢᠯ ᠢ ᠬᠡᠷᠡᠭᠵᠢᠭᠦᠯᠬᠦ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠰᠤᠷᠭᠠᠨ

ᠬᠥᠮᠦᠵᠢᠯ ᠤᠨ ᠰᠠᠯᠠᠭ᠎ᠠ ᠮᠥᠴᠢᠷ᠂ ᠲᠥᠷᠥᠯ ᠵᠦᠢᠯ ᠤᠨ ᠰᠤᠷᠭᠠᠭᠤᠯᠢ ︵ᠬᠡᠦᠬᠡᠳ ᠤᠨ ᠴᠡᠴᠡᠷᠯᠢᠭ︶᠂ ᠵᠢᠭᠠᠬᠤ ᠶᠢ

ᠰᠤᠳᠤᠯᠬᠤ ᠪᠦᠯᠬᠦᠮ᠂ ᠳᠠᠭᠠᠭᠠᠴᠢᠯᠠᠨ ᠪᠠᠶᠢᠭᠤᠯᠬᠤ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ

ᠬᠤᠪᠢᠶᠠᠷᠢᠯᠠᠯ ᠲᠠᠢ ᠪᠠᠨ ᠬᠠᠷᠢᠴᠠᠭᠤᠯᠤᠨ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠷᠢᠯᠴᠠᠨ

ᠬᠠᠮᠵᠢᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠲᠥᠷᠥᠯ ᠵᠦᠢᠯ ᠤᠨ ᠬᠡᠷᠡᠭᠯᠡᠭᠡᠨ ᠤ

ᠦᠷ᠎ᠡ ᠪᠦᠲᠦᠭᠡᠯ ᠢ ᠴᠠᠭ ᠲᠤᠬᠠᠢ ᠳᠤ ᠨᠢ ᠳ᠋ᠦᠩᠨᠡᠵᠦ᠂ ᠪᠣᠳᠠᠲᠠᠢ ᠲᠠᠢ ᠤᠶᠠᠯᠳᠤᠭᠤᠯᠤᠨ ᠳᠠᠭᠤᠷᠢᠶᠠᠯ ᠦᠵᠡᠭᠦᠯᠬᠦ

ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ

ᠦᠷ᠎ᠡ ᠪᠦᠲᠦᠭᠡᠯ ᠢ ᠬᠤᠪᠢᠶᠠᠯᠴᠠᠨ ᠡᠳ᠋ᠯᠡᠬᠦ ᠠᠵᠢᠯᠯᠠᠭ᠎ᠠ ᠶᠢ ᠡᠷᠬᠢᠯᠡᠵᠦ᠂ ᠣᠯᠠᠨ ᠵᠦᠢᠯ ᠤᠨ ᠬᠡᠯᠪᠡᠷᠢ ᠪᠠᠷ ᠰᠢᠯᠢᠳᠡᠭ

ᠦᠷ᠎ᠡ ᠪᠦᠲᠦᠭᠡᠯ ᠢ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ ᠨᠢᠭᠡ ᠪᠦᠯᠦᠭ ᠥᠪᠡᠷᠮᠢᠴᠡ ᠬᠡᠷᠡᠭ ᠤᠨ ᠵᠢᠱᠢᠶ᠎ᠡ ᠶᠢ

ᠪᠣᠢ ᠪᠣᠯᠭᠠᠵᠤ᠂ ᠲᠥᠷᠥᠯ ᠵᠦᠢᠯ ᠢ ᠪᠦᠲᠦᠮᠵᠢᠲᠡᠢ ᠬᠡᠷᠡᠭᠵᠢᠭᠦᠯᠬᠦ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ

ᠱᠠᠭᠠᠷᠳᠠᠪᠠ᠃

2.jpg

      ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ

ᠳᠡᠭᠡᠭᠰᠢᠯᠡᠭᠦᠯᠬᠦ ᠲᠥᠷᠥᠯ ᠵᠦᠢᠯ ᠪᠣᠯ ᠬᠢᠮᠡᠯ ᠣᠶᠤᠨ ᠪᠠ ᠲᠣᠮᠣ ᠳ᠋ᠠᠶᠢᠲ᠋ᠠ ᠳᠤ ᠲᠦᠰᠢᠭᠯᠡᠨ ᠪᠠᠶᠢᠭᠤᠯᠤᠭᠰᠠᠨ

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠢᠷᠢᠰ ᠰᠤᠷᠤᠯᠴᠠᠬᠤ ᠲᠠᠪᠴᠠᠩ ᠪᠣᠯᠤᠨ᠎ᠠ᠂ 

ᠰᠤᠷᠭᠠᠭᠤᠯᠢ ᠶᠢᠨ ᠨᠠᠰᠤᠨ ᠠᠴᠠ ᠡᠮᠦᠨᠡᠬᠢ ᠣᠶᠤᠨᠴᠢ ᠵᠢᠭᠠᠨ ᠰᠤᠷᠭᠠᠯᠲᠠ ᠶᠢᠨ ᠰᠢᠰᠲ᠋ᠧᠮ ᠢ ᠲᠣᠬᠢᠷᠠᠭᠤᠯᠬᠤ ᠪᠠᠷ

ᠳᠠᠮᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠰᠡᠳᠦᠪᠲᠦ ᠬᠢᠴᠢᠶᠡᠯᠯᠡᠭᠡ ᠶᠢ ᠪᠠᠶᠢᠭᠤᠯᠵᠤ᠂

ᠪᠠᠭᠰᠢ ᠶᠢᠨ ᠣᠶᠤᠨᠴᠢ ᠰᠤᠷᠤᠯᠴᠠᠬᠤ ᠲᠠᠪᠴᠠᠩ ᠢ ᠪᠠᠶᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠪᠠᠭᠰᠢ

ᠰᠤᠷᠤᠭᠴᠢᠳ ᠲᠤ ᠣᠯᠠᠨ ᠬᠡᠯᠪᠡᠷᠢᠲᠦ ᠰᠤᠷᠤᠯᠴᠠᠬᠤ ᠰᠢᠨ᠎ᠡ ᠠᠷᠭ᠎ᠠ ᠵᠠᠮ ᠬᠠᠩᠭᠠᠬᠤ ᠪᠣᠯᠤᠨ᠎ᠠ᠃ ᠲᠥᠷᠥᠯ

ᠵᠦᠢᠯ ᠨᠢ ᠪᠦᠬᠦ ᠣᠷᠣᠨ ᠤ 12 ᠠᠶᠢᠮᠠᠭ ᠬᠤᠲᠠ ᠶᠢᠨ 347 ᠳᠤᠮᠳᠠᠳᠤ ᠪᠠᠭ᠎ᠠ ᠰᠤᠷᠭᠠᠭᠤᠯᠢ᠂ 2521

ᠬᠡᠦᠬᠡᠳ ᠤᠨ ᠴᠡᠴᠡᠷᠯᠢᠭ ᠢ ᠬᠠᠮᠤᠷᠴᠤ᠂ 5.3 ᠲᠦᠮᠡᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠤᠭᠰᠠᠷᠠᠵᠤ᠂

ᠰᠤᠷᠭᠠᠭᠤᠯᠢ ᠶᠢᠨ ᠨᠠᠰᠤᠨ ᠠᠴᠠ ᠡᠮᠦᠨᠡᠬᠢ ᠵᠢᠭᠠᠨ ᠰᠤᠷᠭᠠᠯᠲᠠ ᠶᠢᠨ ᠲᠥᠬᠦᠭᠡᠷᠦᠮᠵᠢ 2.1 ᠲᠦᠮᠡᠨ ᠰᠠᠭᠤᠷᠢ

ᠪᠠᠶᠢᠵᠤ᠂ 7.7 ᠲᠦᠮᠡ ᠭᠠᠷᠤᠢ ᠪᠠᠭᠰᠢ᠂ 51.3 ᠲᠦᠮᠡᠨ ᠰᠤᠷᠤᠭᠴᠢ ᠶᠢᠨ ᠬᠡᠷᠡᠭᠯᠡᠬᠦ ᠲᠥᠷᠥᠯ ᠵᠦᠢᠯ ᠤᠨ

ᠲᠠᠪᠴᠠᠩ ᠲᠠᠢ ᠪᠠᠶᠢᠵᠤ᠂ ᠪᠠᠭᠰᠢ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ

ᠪᠢᠴᠢᠭ ᠤᠨ ᠬᠡᠷᠡᠭᠯᠡᠭᠡᠨ ᠤ ᠴᠢᠳᠠᠪᠤᠷᠢ ᠪᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ

ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃

      ᠬᠤᠷᠠᠯ ᠠᠴᠠ ᠬᠡᠰᠡᠭ ᠠᠶᠢᠮᠠᠭ ᠬᠤᠲᠠ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ

ᠰᠤᠷᠭᠠᠭᠤᠯᠢ ᠶᠢ ᠲᠣᠬᠢᠷᠠᠭᠤᠯᠤᠨ ᠰᠠᠨᠠᠯ ᠢᠶᠠᠨ  ᠰᠣᠯᠢᠯᠴᠠᠵᠤ᠂ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ

ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ᠂ ᠵᠢᠭᠠᠬᠤ ᠶᠢ ᠰᠤᠳᠤᠯᠬᠤ ᠲᠤᠰᠬᠠᠢ ᠮᠡᠷᠭᠡᠵᠢᠯᠲᠡᠨ ᠵᠢᠴᠢ

ᠳᠠᠭᠠᠭᠠᠴᠢᠯᠠᠨ ᠪᠠᠶᠢᠭᠤᠯᠬᠤ ᠪᠦᠯᠬᠦᠮ ᠤᠨ ᠬᠢᠨ ᠲᠥᠷᠥᠯ ᠵᠦᠢᠯ ᠢ ᠬᠡᠷᠡᠭᠵᠢᠭᠦᠯᠬᠦ  ᠮᠠᠳᠠᠭ ᠢ ᠲᠠᠶᠢᠯᠵᠤ ᠵᠢᠭᠠᠨ

ᠵᠢᠯᠣᠭᠤᠳᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠦᠩᠯᠢᠶᠣᠤ ᠬᠤᠲᠠ ᠶᠢᠨ ᠮᠣᠩᠭᠤᠯ

ᠦᠨᠳᠦᠰᠦᠲᠡᠨ ᠤ ᠬᠡᠦᠬᠡᠳ ᠤᠨ ᠴᠡᠴᠡᠷᠯᠢᠭ᠂ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠲᠥᠷᠥᠯ ᠵᠦᠢᠯ ᠤᠨ

ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠢ ᠠᠬᠤᠢ ᠲᠠᠯᠠᠪᠠᠢ ᠳᠤ ᠲᠣᠭᠤᠷᠢᠨ ᠦᠵᠡᠪᠡ᠃ ᠳᠠᠷᠠᠭ᠎ᠠ

ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠯ᠎ᠡ ᠠᠶᠢᠮᠠᠭ ᠬᠤᠲᠠ ᠶᠢ

ᠨᠢᠭᠡᠳᠦᠯᠲᠡᠢ ᠲᠥᠯᠥᠪᠯᠡᠨ ᠵᠢᠯᠣᠭᠤᠳᠴᠤ ᠲᠥᠷᠥᠯ ᠵᠦᠢᠯ ᠤᠨ ᠬᠡᠷᠡᠭᠯᠡᠯᠲᠡ ᠶᠢ ᠳᠡᠯᠭᠡᠷᠡᠭᠦᠯᠬᠦ ᠡᠯ᠎ᠡ ᠵᠦᠢᠯ ᠤᠨ

ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠬᠡᠷᠡᠭᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ

ᠭᠦᠨᠵᠡᠭᠡᠶᠢᠷᠡᠭᠦᠯᠦᠨ᠎ᠡ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠯ ᠪᠦᠬᠦᠢ ᠭᠠᠵᠠᠷ

ᠳᠠᠰᠤᠭ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ

ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠯᠪᠣᠭᠳᠠᠯ ᠪᠦᠬᠦᠢ ᠠᠵᠢᠯᠲᠠᠨ ᠪᠣᠯᠤᠨ

ᠲᠥᠷᠥᠯ ᠵᠦᠢᠯ ᠢ ᠳᠠᠭᠠᠭᠠᠴᠢᠯᠠᠨ ᠪᠠᠶᠢᠭᠤᠯᠬᠤ ᠲᠠᠯ᠎ᠠ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map