ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2023 ᠣᠨ ᠤ ᠪᠦᠬᠦ ᠣᠷᠣᠨ ᠤ ᠰᠣᠳᠤᠯᠤᠨ ᠰᠤᠷᠤᠭᠴᠢ ᠶᠢᠨ ᠵᠢᠯᠣᠭᠤᠳᠣᠭᠴᠢ ᠪᠠᠭᠰᠢ ᠶᠢᠨ ᠪᠣᠯᠪᠠᠰᠤᠷᠠᠯ ᠤᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/10/23
      10 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2023 ᠣᠨ ᠤ ᠪᠦᠬᠦ ᠣᠷᠣᠨ ᠤ ᠰᠣᠳᠤᠯᠤᠨ ᠰᠤᠷᠤᠭᠴᠢ ᠶᠢᠨ ᠵᠢᠯᠣᠭᠤᠳᠣᠭᠴᠢ ᠪᠠᠭᠰᠢ ᠶᠢᠨ ᠪᠣᠯᠪᠠᠰᠤᠷᠠᠯ ᠤᠨ ᠬᠤᠷᠠᠯ ᠢ ᠡᠷᠬᠢᠯᠡᠪᠡ᠃

1.jpg

      ᠡᠨᠡ ᠤᠳᠠᠭᠠᠨ ᠤ ᠪᠣᠯᠪᠠᠰᠤᠷᠠᠯ ᠤᠨ ᠬᠤᠷᠠᠯ ᠨᠢ ︽ᠰᠢᠨ᠎ᠡ ᠴᠠᠭ ᠦᠶ᠎ᠡ ᠶᠢᠨ ᠰᠣᠳᠤᠯᠤᠨ ᠰᠤᠷᠤᠭᠴᠢ ᠶᠢᠨ

ᠵᠢᠯᠣᠭᠤᠳᠣᠭᠴᠢ ᠪᠠᠭᠰᠢ ᠶᠢᠨ ᠬᠠᠷᠢᠭᠤᠴᠠᠯᠭ᠎ᠠ ᠪᠣᠯᠤᠨ ᠡᠭᠦᠷᠭᠡᠯᠡᠯ︾ ᠢᠶᠠᠷ ᠭᠤᠣᠯ ᠰᠡᠳᠦᠪ ᠪᠣᠯᠭᠠᠵᠤ᠂ ᠶᠡᠷᠦᠩᠬᠡᠢ

ᠱᠦᠵᠢ ᠰᠢ ᠶᠢᠨ ᠫᠢᠩ ᠤᠨ ᠰᠣᠳᠤᠯᠤᠨ ᠰᠤᠷᠤᠭᠴᠢ ᠶᠢᠨ ᠰᠤᠷᠭᠠᠨ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ

ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠯᠤᠭᠳᠠᠬᠤᠨ ᠤ ᠪᠠᠶᠢᠭᠤᠯᠤᠯᠲᠠ ᠶᠢ

ᠭᠦᠨᠵᠡᠭᠡᠶᠢᠷᠡᠭᠦᠯᠦᠨ᠂ ᠴᠢᠨᠠᠷ ᠴᠢᠨᠰᠠᠭᠠᠨ ᠤ ᠪᠠᠲᠤᠯᠠᠭ᠎ᠠ ᠶᠢ ᠪᠠᠬᠢᠵᠢᠭᠦᠯᠵᠦ᠂ ᠪᠦᠬᠦ ᠣᠷᠣᠨ ᠤ ᠰᠣᠳᠤᠯᠤᠨ

ᠰᠤᠷᠤᠭᠴᠢ ᠶᠢᠨ ᠵᠢᠯᠣᠭᠤᠳᠣᠭᠴᠢ ᠪᠠᠭᠰᠢ ᠶᠢᠨ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠪᠠ ᠵᠢᠯᠣᠭᠤᠳᠬᠤ

ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠥᠪᠥᠷ ᠮᠣᠩᠭᠤᠯ ᠤᠨ ᠪᠠᠭᠰᠢ ᠶᠢᠨ ᠶᠡᠭᠡ

ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠬᠠᠨ ᠸᠧᠢ ᠬᠤᠷᠠᠯ ᠳᠡᠭᠡᠷ᠎ᠡ ᠵᠢᠯᠣᠭᠤᠳᠣᠭᠴᠢ

ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠢ ᠡᠯ᠎ᠡ ᠳᠡᠭᠡᠳᠦ

ᠰᠤᠷᠭᠠᠭᠤᠯᠢ ᠲᠠᠢ ᠰᠠᠨᠠᠯ  ᠢᠶᠠᠨ ᠰᠣᠯᠢᠯᠴᠠᠵᠤ ᠬᠤᠪᠢᠶᠠᠯᠴᠠᠪᠠ᠃ ᠴᠦᠩᠴᠢᠩ ᠶᠡᠭᠡ ᠰᠤᠷᠭᠠᠭᠤᠯᠢ ᠶᠢᠨ ᠯᠢ ᠶᠢᠩ ᠮᠢᠨ

ᠫᠷᠤᠹᠧᠰᠰᠤᠷ ᠣᠳᠣᠬᠠᠨ ᠤ ᠰᠣᠳᠤᠯᠤᠨ ᠰᠤᠷᠤᠭᠴᠢ ᠶᠢᠨ ᠰᠤᠷᠭᠠᠨ ᠬᠥᠮᠦᠵᠢᠯ ᠤᠨ ᠴᠠᠭ ᠦᠶ᠎ᠡ  ᠶᠢᠨ ᠠᠬᠤᠢ

ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠰᠣᠳᠤᠯᠤᠨ ᠰᠤᠷᠤᠭᠴᠢ ᠶᠢᠨ ᠦᠵᠡᠯ ᠰᠠᠨᠠᠭ᠎ᠠ ᠤᠯᠤᠰ

ᠲᠥᠷᠥ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠰᠣᠳᠤᠯᠤᠨ ᠰᠤᠷᠤᠭᠴᠢ ᠶᠢᠨ ᠡᠷᠳᠡᠮ ᠰᠢᠨᠵᠢᠯᠡᠭᠡᠨ ᠤ ᠪᠠ

ᠦᠢᠯᠡᠳᠦᠯᠭᠡ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠬᠥᠮᠦᠵᠢᠭᠦᠯᠬᠦ᠂ ᠰᠣᠳᠤᠯᠤᠨ ᠰᠤᠷᠤᠭᠴᠢ ᠶᠢᠨ ᠨᠡᠶᠢᠭᠡᠮ ᠤᠨ

ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠬᠤ ᠪᠠ ᠡᠷᠳᠡᠮ ᠰᠢᠨᠵᠢᠯᠡᠭᠡᠨ ᠤ ᠶᠣᠰᠣ ᠰᠤᠷᠲᠠᠬᠤᠨ ᠤ ᠵᠢᠷᠤᠮᠵᠢᠯ ᠢ

ᠬᠢᠴᠢᠶᠡᠩᠭᠦ᠋ᠢᠯᠡᠨ ᠵᠢᠷᠤᠮᠯᠠᠬᠤ᠂ ᠰᠣᠳᠤᠯᠤᠨ ᠰᠤᠷᠤᠭᠴᠢ ᠶᠢᠨ ᠰᠣᠶᠣᠯ ᠢᠷᠭᠡᠨᠰᠢᠯ ᠤᠨ ᠬᠠᠯᠠᠮᠵᠢᠯᠠᠯ  ᠢ

ᠴᠢᠬᠤᠯᠠᠴᠢᠯᠠᠬᠤ ᠵᠡᠷᠭᠡ ᠲᠠᠯ᠎ᠠ ᠪᠠᠷ ᠰᠣᠳᠤᠯᠤᠨ ᠰᠤᠷᠤᠭᠴᠢ ᠶᠢᠨ ᠵᠢᠯᠣᠭᠤᠳᠣᠭᠴᠢ ᠪᠠᠭᠰᠢ ᠶᠢᠨ ᠡᠭᠦᠷᠭᠡᠯᠡᠬᠦ

ᠴᠢᠬᠤᠯᠠᠲᠠᠢ ᠡᠭᠦᠷᠭᠡ ᠪᠠ ᠬᠠᠷᠢᠭᠤᠴᠠᠯᠭ᠎ᠠ ᠶᠢ ᠲᠠᠶᠢᠯᠪᠤᠷᠢᠯᠠᠪᠠ᠃ ᠪᠡᠭᠡᠵᠢᠩ ᠤᠨ ᠰᠢᠤᠳᠠᠨ ᠬᠤᠯᠪᠣᠭᠠᠨ ᠤ ᠶᠡᠭᠡ

ᠰᠤᠷᠭᠠᠭᠤᠯᠢ ᠶᠢᠨ ᠶᠤᠸᠠᠨ ᠢᠦᠢ ᠢᠦᠢ ᠳᠡᠳ᠋ ᠫᠷᠣᠹᠧᠰᠰᠣᠷ ᠰᠤᠷᠤᠭᠴᠢᠳ ᠤᠨ ᠵᠠᠩ ᠴᠢᠨᠠᠷ ᠪᠣᠯᠤᠨ ᠴᠢᠳᠠᠪᠤᠷᠢ ᠶᠢ

ᠣᠶᠢᠯᠠᠭᠠᠵᠤ ᠰᠤᠳᠤᠯᠬᠤ᠂ ᠰᠤᠳᠤᠯᠬᠤ ᠴᠢᠭᠯᠡᠯ ᠪᠣᠯᠤᠨ ᠥᠭᠦᠯᠡᠯ ᠤᠨ ᠰᠡᠳᠦᠪ ᠲᠣᠭᠲᠠᠭᠠᠬᠤ᠂ ᠰᠤᠷᠤᠭᠴᠢ ᠶᠢᠨ

ᠶᠡᠷᠦᠩᠬᠡᠢ ᠬᠡᠪ ᠴᠢᠨᠠᠷ ᠢ ᠬᠥᠮᠦᠵᠢᠭᠦᠯᠬᠦ᠂ ᠰᠤᠷᠤᠭᠴᠢᠳ ᠢ ᠬᠠᠪᠰᠤᠷᠤᠨ ᠠᠵᠢᠯ ᠮᠡᠷᠭᠡᠵᠢᠯ ᠤᠨ ᠲᠥᠯᠥᠪᠵᠢᠭᠦᠯᠭᠡ ᠶᠢ

ᠰᠠᠶᠢᠲᠤᠷ ᠬᠢᠬᠦ ᠵᠡᠷᠭᠡ ᠲᠠᠯ᠎ᠠ ᠪᠠᠷ ᠰᠣᠳᠤᠯᠤᠨ ᠰᠤᠷᠤᠭᠴᠢ ᠶᠢᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ

ᠪᠦᠲᠦᠮᠵᠢᠲᠡᠢ  ᠲᠤᠷᠰᠢᠯᠭ᠎ᠠ ᠶᠢ  ᠬᠤᠪᠢᠶᠠᠯᠴᠠᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠶᠡᠭᠡ ᠳᠡᠭᠡᠳᠦ

ᠰᠤᠷᠭᠠᠭᠤᠯᠢ ᠶᠢᠨ ᠬᠢᠨ ᠲᠣᠭᠲᠠᠴᠠ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠢᠯᠣᠭᠤᠳᠣᠭᠴᠢ ᠪᠠᠭᠰᠢ ᠶᠢᠨ

ᠡᠩᠨᠡᠭᠡᠨ ᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ          

ᠬᠡᠷᠡᠭᠲᠡᠢ︔ ᠵᠢᠯᠣᠭᠤᠳᠣᠭᠴᠢ ᠪᠠᠭᠰᠢ ᠶᠢᠨ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ

ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠵᠢᠯᠣᠭᠤᠳᠣᠭᠴᠢ ᠪᠠᠭᠰᠢ ᠶᠢᠨ ᠡᠩᠨᠡᠭᠡ ᠶᠢ ᠬᠠᠯᠠᠮᠵᠢᠯᠠᠨ

ᠬᠠᠶᠢᠷᠠᠯᠠᠵᠤ᠂ ᠵᠠᠯᠠᠭᠤ ᠵᠢᠯᠣᠭᠤᠳᠣᠭᠴᠢ ᠪᠠᠭᠰᠢ ᠶᠢᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠦᠨᠡᠨ ᠬᠦ 

ᠬᠠᠪᠰᠤᠷᠤᠮᠵᠢ ᠦᠵᠡᠭᠦᠯᠬᠦ ᠬᠡᠷᠡᠭᠲᠡᠢ︔ ᠵᠢᠯᠣᠭᠤᠳᠣᠭᠴᠢ ᠪᠠᠭᠰᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ

ᠴᠢᠩᠭᠠᠳᠬᠠᠵᠤ᠂ ᠰᠢᠨᠵᠢᠯᠡᠭᠡᠨ ᠤ ᠰᠠᠯᠠᠭᠠᠨ ᠤ ᠰᠣᠯᠪᠢᠴᠠᠨ ᠠᠭᠤᠰᠤᠯᠴᠠᠬᠤ ᠶᠢ ᠦᠨᠡᠨ ᠬᠦ ᠠᠬᠢᠭᠤᠯᠬᠤ          

ᠬᠡᠷᠡᠭᠲᠡᠢ︔ ᠵᠢᠯᠣᠭᠤᠳᠣᠭᠴᠢ ᠪᠠᠭᠰᠢ ᠦᠨᠡᠨ ᠠᠴᠠ ᠵᠥᠪ ᠢ ᠡᠷᠢᠬᠦ ᠶᠢ ᠴᠢᠩᠭᠠᠳᠬᠠᠵᠤ᠂ ᠰᠣᠳᠤᠯᠤᠨ ᠰᠤᠷᠤᠭᠴᠢ ᠶᠢ

ᠬᠥᠮᠦᠵᠢᠭᠦᠯᠬᠦ ᠨᠢᠭᠡᠳᠦᠭᠡᠷ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠬᠦ ᠬᠡᠷᠡᠭᠲᠡᠢ ᠭᠡᠵᠦ ᠴᠢᠬᠤᠯᠠᠴᠢᠯᠠᠪᠠ᠃

2.jpg

      ᠡᠨᠡ ᠤᠳᠠᠭᠠᠨ ᠤ ᠪᠣᠯᠪᠠᠰᠤᠷᠠᠯ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠭᠤᠣᠯ

ᠬᠤᠷᠠᠯ ᠤᠨ ᠲᠠᠯᠠᠪᠠᠢ ᠭᠠᠷᠭᠠᠵᠤ᠂ ᠪᠤᠰᠤᠳ  ᠰᠣᠳᠤᠯᠤᠨ ᠰᠤᠷᠤᠭᠴᠢ ᠶᠢ ᠬᠥᠮᠦᠵᠢᠭᠦᠯᠬᠦ ᠶᠡᠭᠡ ᠰᠤᠷᠭᠠᠭᠤᠯᠢ ᠳᠤ

ᠬᠤᠪᠢᠶᠠᠷᠢ ᠬᠤᠷᠠᠯ ᠤᠨ ᠲᠠᠯᠠᠪᠠᠢ ᠭᠠᠷᠭᠠᠪᠠ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠤᠪᠢᠳᠠᠨ ᠬᠠᠮᠢᠶᠠᠷᠴᠤ

ᠪᠠᠶᠢᠭ᠎ᠠ ᠤᠳᠤᠷᠢᠳᠤᠯᠭ᠎ᠠ᠂ ᠳᠡᠭᠡᠳᠦ ᠰᠤᠷᠭᠠᠭᠤᠯᠢ ᠰᠠᠯᠪᠤᠷᠢ ᠶᠢᠨ ᠬᠠᠷᠢᠭᠤᠴᠠᠯᠭᠠᠲᠠᠨ᠂ ᠡᠯ᠎ᠡ ᠰᠢᠨᠵᠢᠯᠡᠭᠡᠨ ᠤ

ᠰᠠᠯᠠᠭᠠᠨ ᠤ ᠬᠠᠷᠢᠭᠤᠴᠠᠯᠭᠠᠲᠠᠨ ᠵᠢᠴᠢ ᠣᠶᠢᠷ᠎ᠠ ᠶᠢᠨ ᠭᠤᠷᠪᠠᠨ ᠵᠢᠯ ᠤᠨ ᠰᠢᠨ᠎ᠡ ᠪᠠᠷ ᠤᠷᠢᠭᠰᠠᠨ ᠵᠢᠯᠣᠭᠤᠳᠣᠭᠴᠢ

ᠪᠠᠭᠰᠢ ᠵᠡᠷᠭᠡ 2600 ᠬᠥᠮᠦᠨ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠬᠡᠯᠪᠡᠷᠢ ᠢᠶᠠᠷ ᠪᠣᠯᠪᠠᠰᠤᠷᠠᠯ ᠳᠤ

ᠣᠷᠣᠯᠴᠠᠪᠠ᠃

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map