ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵2023 ᠣᠨ ᠳᠤ ᠵᠠᠰᠠᠪᠤᠷᠢ ᠣᠷᠣᠭᠤᠯᠤᠭᠰᠠᠨ︶︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/10/23
           ᠥᠪᠥᠷ ᠰᠤᠷᠭᠠᠨ ᠲᠠᠷᠬᠠᠭᠠᠭᠰᠠᠨ  ﹇2020﹈ 17 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠳᠤ᠄      ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ           ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾᠂ ︽ᠰᠤᠷᠭᠠᠨ ᠬᠥᠮᠦᠵᠢᠯ ᠤᠨ ᠶᠠᠮᠤᠨ  ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ  ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠢ ᠲᠣᠪᠴᠢᠶ᠎ᠠ ᠶᠢᠨ ︿ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠂ ︽ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠬᠢᠯᠡᠬᠦ ᠶᠢ ᠵᠣᠷᠢᠭᠵᠢᠭᠤᠯᠵᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 2018 ᠣᠨ ᠳᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠳᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠵᠤ᠂ ᠡᠳᠦᠭᠡ ᠳᠠᠷᠤᠮᠠᠯᠯᠠᠨ ᠲᠠᠷᠬᠠᠭᠠᠪᠠ᠂ ᠵᠢᠷᠤᠮᠯᠠᠨ ᠬᠡᠷᠡᠭᠵᠢᠭᠦᠯᠬᠦ ᠪᠣᠯᠪᠠᠤ᠃ ᠡᠯ᠎ᠡ ᠭᠠᠵᠠᠷ ᠤᠨ ᠬᠢᠨ ᠠᠵᠢᠯ ᠤᠨ ᠶᠠᠪᠤᠴᠠ ᠳᠤ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤ ᠨᠢ ᠭᠤᠣᠯᠴᠢᠯᠠᠨ ᠬᠠᠮᠢᠶᠠᠷᠬᠤ ᠲᠢᠩᠬᠢᠮ ᠪᠤᠶᠤ ᠲᠣᠪᠴᠢᠶ᠎ᠠ ᠳᠤ ᠮᠡᠳᠡᠭᠦᠯᠬᠦ ᠶᠢᠨ ᠬᠠᠮᠲᠤ ᠲᠣᠬᠢᠲᠠᠢ ᠰᠢᠢᠳᠪᠦᠷᠢᠯᠡᠭᠦᠯᠬᠦ ᠬᠡᠷᠡᠭᠲᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ      ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ      ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ                  2023 ᠣᠨ ᠤ 10 ᠰᠠᠷ᠎ᠠ ᠶᠢᠨ 16 ᠤ ᠡᠳᠦᠷ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ        ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ               ︵2023 ᠣᠨ ᠳᠤ ᠵᠠᠰᠠᠪᠤᠷᠢ ᠣᠷᠣᠭᠤᠯᠤᠭᠰᠠᠨ︶      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ  ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠬᠢᠯᠡᠬᠦ ᠶᠢ ᠵᠣᠷᠢᠭᠵᠢᠭᠤᠯᠵᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ ᠤᠳ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾᠂ ︽ᠰᠤᠷᠭᠠᠨ ᠬᠥᠮᠦᠵᠢᠯ ᠤᠨ ᠶᠠᠮᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ  ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠢ ᠲᠣᠪᠴᠢᠶ᠎ᠠ ᠶᠢᠨ ︿ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠲᠥᠷᠥ ᠶᠢᠨ ᠪᠠᠶᠢᠭᠤᠯᠤᠮᠵᠢ ᠠᠴᠠ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠡᠳ᠋ ᠤᠨ ᠵᠠᠰᠠᠭ ᠤᠨ ᠪᠤᠰᠤ ᠴᠢᠨᠠᠷᠲᠠᠢ ᠵᠠᠷᠤᠳᠠᠯ᠂ ᠪᠡᠯᠡᠭᠯᠡᠨ ᠬᠦᠷᠭᠡᠭᠰᠡᠨ ᠪᠤᠰᠤ ᠡᠳ᠋ ᠬᠥᠷᠥᠩᠭᠡ ᠶᠢ ᠠᠰᠢᠭᠯᠠᠨ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠪᠠ ᠪᠤᠰᠤᠳ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ  ᠤ ᠰᠤᠷᠭᠠᠨ ᠬᠥᠮᠦᠵᠢᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠡᠷᠬᠢᠯᠡᠵᠦ ᠪᠣᠯᠤᠨ᠎ᠠ᠃ ᠭᠡᠪᠡᠴᠦ ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠡᠷᠡᠭᠵᠢᠭᠦᠯᠵᠦ ᠪᠠᠶᠢᠭ᠎ᠠ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠠᠶᠢᠭᠤᠯᠵᠤ ᠪᠣᠯᠬᠤ ᠦᠭᠡᠢ᠃      ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠡᠳ᠋ ᠤᠨ ᠵᠠᠰᠠᠭ ᠤᠨ ᠴᠢᠨᠠᠷᠲᠠᠢ ᠵᠠᠷᠤᠳᠠᠯ᠂ ᠲᠤᠰᠠᠯᠠᠨ ᠬᠦᠷᠭᠡᠭᠰᠡᠨ ᠡᠳ᠋ ᠬᠥᠷᠥᠩᠭᠡ ᠪᠠᠷ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ ᠪᠣᠯᠬᠤ ᠦᠭᠡᠢ᠃      ᠭᠤᠷᠪᠠᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠨ᠂ ᠤᠯᠤᠰ ᠤᠨ ᠬᠠᠤᠯᠢ ᠴᠠᠭᠠᠵᠠ ᠬᠠᠤᠯᠢ  ᠳᠦᠷᠢᠮ ᠢ ᠵᠢᠷᠤᠮᠯᠠᠵᠤ᠂ ᠰᠤᠷᠭᠠᠨ ᠬᠥᠮᠦᠵᠢᠯ ᠬᠦᠷᠲᠡᠭᠰᠡᠳ ᠤᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠵᠤ᠂ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠦᠨ᠎ᠡ᠃      ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠰᠤᠷᠭᠠᠨ ᠬᠥᠮᠦᠵᠢᠯ ᠤᠨ ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠳᠡᠭᠡᠳᠦ ᠬᠡᠪ ᠴᠢᠨᠠᠷ ᠲᠠᠢ ᠴᠢᠳᠠᠪᠤᠷᠢᠲᠠᠨ ᠢ ᠬᠥᠮᠦᠵᠢᠭᠦᠯᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠬᠠᠷᠢᠯᠴᠠᠨ ᠨᠢᠭᠡᠳᠬᠦ ᠶᠢ ᠪᠡᠶᠡᠯᠡᠭᠦᠯᠦᠨ᠎ᠡ᠃      ᠳᠥᠷᠪᠡᠳᠦᠭᠡᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠭᠰᠠᠨ ᠰᠤᠷᠤᠭᠴᠢ ᠳᠤ ᠠᠳᠠᠯᠢ ᠱᠠᠲᠤᠨ ᠤ ᠠᠳᠠᠯᠢ ᠲᠥᠷᠥᠯ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠯᠤᠭ᠎ᠠ ᠠᠳᠠᠯᠢ ᠣᠯᠭᠤᠮᠵᠢ ᠭᠦᠷᠲᠡᠭᠡᠨ᠎ᠡ᠃      ᠲᠠᠪᠤᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠰᠤᠷᠭᠠᠭᠤᠯᠢ ᠶᠢᠨ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠪᠠ ᠪᠠᠴᠢᠮ ᠪᠠᠶᠢᠳᠠᠯ ᠢ ᠠᠷᠭᠠᠴᠠᠵᠤ ᠰᠡᠷᠡᠮᠵᠢᠯᠡᠭᠦᠯᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ  ᠲᠡᠭᠦᠯᠳᠡᠷᠵᠢᠭᠦᠯᠵᠦ᠂ ᠰᠤᠷᠭᠠᠭᠤᠯᠢ ᠶᠢᠨ ᠪᠠᠭᠰᠢ ᠰᠤᠷᠤᠭᠴᠢ ᠶᠢᠨ ᠡᠷᠬᠡ ᠠᠰᠢᠭ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠨ᠎ᠠ᠃ ᠰᠤᠷᠭᠠᠭᠤᠯᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠣᠯ ᠰᠤᠷᠭᠠᠭᠤᠯᠢ ᠶᠢᠨ ᠠᠮᠤᠷ ᠲᠣᠭᠲᠠᠭᠤᠨ ᠤ ᠠᠵᠢᠯ ᠤᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠃      ᠵᠢᠷᠭᠤᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠡᠷᠡᠶᠢᠳᠦᠯ ︽ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠢ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ  ᠠᠴᠠ ᠡᠷᠬᠢᠯᠡᠭᠰᠡᠨ ᠰᠤᠷᠭᠠᠭᠤᠯᠢ ᠶᠢᠨ ᠨᠡᠷᠡᠶᠢᠳᠦᠯ ᠢ ᠳᠠᠩᠰᠠᠯᠠᠭᠤᠯᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠤᠨ ᠲᠤᠬᠠᠢ ᠮᠡᠳᠡᠭᠳᠡᠯ︾ ᠤᠨ ᠱᠠᠭᠠᠷᠳᠠᠯᠭ᠎ᠠ ᠳᠤ ᠨᠠᠶᠢᠴᠡᠬᠦ ᠬᠡᠷᠡᠭᠲᠡᠢ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠰᠤᠷᠭᠠᠭᠤᠯᠢ ᠶᠢᠨ ᠫᠠᠶᠢᠰᠠ ᠢᠯᠡᠷᠬᠡᠶᠢᠯᠡᠯ᠂ ᠬᠢᠷᠢ ᠪᠦᠲᠦᠮᠵᠢ ᠶᠢᠨ ᠬᠠᠭᠤᠳᠠᠰᠤ᠂ ᠰᠤᠷᠤᠯᠭ᠎ᠠ ᠶᠢᠨ ᠨᠠᠮᠲᠠᠷ ᠤᠨ ᠡᠷᠳᠡᠮ ᠤᠨ ᠴᠣᠯᠠ ᠶᠢᠨ ᠦᠨᠡᠮᠯᠡᠯ ᠵᠢᠴᠢ ᠬᠠᠮᠢᠶ᠎ᠠ ᠪᠦᠬᠦᠢ ᠭᠡᠷᠡᠴᠢ᠂ ᠰᠤᠷᠤᠭᠴᠢ ᠡᠯᠰᠡᠬᠦ ᠵᠠᠷ ᠪᠠ ᠲᠣᠪᠴᠢ ᠳᠦᠷᠢᠮ ᠳᠤ ᠬᠢᠨᠠᠨ ᠵᠥᠪᠰᠢᠶᠡᠷᠡᠬᠦ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠬᠠᠤᠯᠢ ᠶᠢᠨ ᠡᠷᠬᠡᠲᠦ ᠬᠥᠮᠦᠨ ᠤ ᠳᠥᠭᠦᠮ ᠨᠡᠷᠡᠶᠢᠳᠦᠯ ᠢ ᠬᠡᠷᠡᠭᠯᠡᠨ᠎ᠡ᠃      ᠬᠤᠶᠠᠳᠤᠭᠠᠷ ᠪᠦᠯᠦᠭ  ᠰᠤᠷᠭᠠᠭᠤᠯᠢ ᠪᠠᠶᠢᠭᠤᠯᠬᠤ      ᠳᠣᠯᠣᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠪᠠᠶᠢᠭᠤᠯᠬᠤ ᠶᠢ ᠵᠥᠪᠰᠢᠶᠡᠷᠡᠬᠦ  ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠳᠠᠯᠢ ᠳᠡᠰ ᠤᠨ ᠠᠳᠠᠯᠢ ᠲᠥᠷᠥᠯ ᠤᠨ ᠰᠤᠷᠭᠠᠭᠤᠯᠢ ᠪᠠᠶᠢᠭᠤᠯᠬᠤ  ᠪᠠᠷᠢᠮᠵᠢᠶ᠎ᠠ ᠪᠠᠷ ᠯᠠᠪᠯᠠᠯᠲᠠ ᠪᠣᠯᠭᠠᠨ᠎ᠠ᠃      ᠨᠠᠢᠮᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠠᠶᠢᠭᠤᠯᠬᠤ ᠳᠤ ᠥᠨᠳᠥᠷ ᠬᠢᠷᠢ ᠲᠦᠪᠰᠢᠨ᠂  ᠥᠪᠡᠷᠮᠢᠴᠷ ᠣᠨᠴᠠᠯᠢᠭ ᠲᠠᠢ ᠪᠠᠶᠢᠵᠤ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠭᠦᠯᠬᠦ ᠵᠠᠷᠴᠢᠮ ᠢ ᠪᠠᠷᠢᠮᠲᠠᠯᠠᠨ᠎ᠠ᠃ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠶᠢ ᠪᠠᠶᠢᠭᠤᠯᠬᠤ ᠳᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢ ᠪᠠᠶᠢᠭᠤᠯᠬᠤ ᠲᠥᠯᠥᠪᠵᠢᠭᠦᠯᠭᠡ ᠳᠤ ᠣᠷᠣᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ  ᠳᠦᠷᠢᠮ ᠶᠣᠰᠣᠭᠠᠷ ᠮᠡᠳᠡᠭᠦᠯᠬᠦ ᠪᠠ ᠬᠢᠨᠠᠨ ᠵᠦᠪᠰᠢᠶᠡᠷᠡᠭᠦᠯᠦᠨ᠎ᠡ᠃ ᠳᠤᠮᠳᠠ ᠵᠡᠷᠭᠡ ᠠᠴᠠ ᠳᠣᠷᠣᠭᠰᠢ ᠳᠡᠰ ᠳᠠᠪᠬᠤᠷᠭ᠎ᠠ ᠶᠢᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠡᠪᠴᠢᠶ᠎ᠠ ᠶᠢ ᠡᠯ᠎ᠡ ᠱᠠᠲᠤᠨ ᠤ ᠬᠢᠨᠠᠨ ᠵᠥᠪᠰᠢᠶᠡᠷᠡᠬᠦ ᠪᠠᠶᠢᠭᠤᠯᠭ᠎ᠠ ᠲᠤᠬᠠᠢ ᠶᠢᠨ ᠭᠠᠵᠠᠷ  ᠤᠨ ᠪᠣᠳᠠᠲᠠᠢ ᠪᠠᠨ ᠦᠨᠳᠦᠰᠦᠯᠡᠨ ᠲᠣᠭᠲᠠᠭᠠᠨ᠎ᠠ᠃      ᠶᠢᠰᠦᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠳᠠᠩᠰᠠᠯᠠᠭᠤᠯᠬᠤ ᠬᠥᠷᠥᠩᠭᠡ ᠶᠢᠨ ᠲᠤᠭ᠎ᠠ ᠶᠢ ᠰᠤᠷᠭᠠᠭᠤᠯᠢ ᠶᠢᠨ ᠲᠥᠷᠥᠯ ᠢᠯᠭᠠᠯ᠂ ᠳᠡᠰ ᠳᠠᠪᠬᠤᠷᠭ᠎ᠠ᠂ ᠰᠤᠷᠭᠠᠭᠤᠯᠢ ᠡᠷᠬᠢᠯᠡᠬᠦ  ᠬᠡᠪᠴᠢᠶ᠎ᠡ ᠯᠦᠭᠡ ᠬᠠᠷᠢᠯᠴᠠᠨ ᠵᠣᠬᠢᠴᠠᠭᠤᠯᠤᠨ᠎ᠠ᠃      ᠠᠷᠪᠠᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠬᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠰᠤᠷᠭᠠᠭᠤᠯᠢ ᠶᠢᠨ ᠳᠡᠰ ᠳᠠᠪᠬᠤᠷᠭ᠎ᠠ᠂ ᠲᠥᠷᠥᠯ ᠬᠡᠯᠪᠡᠷᠢ᠂ ᠬᠡᠪᠴᠢᠶ᠎ᠡ ᠲᠠᠢ ᠵᠣᠬᠢᠴᠠᠭᠰᠠᠨ ᠠᠵᠤ ᠠᠬᠤᠢ ᠶᠢᠨ ᠪᠣᠳᠠᠲᠤ ᠬᠦᠴᠦᠨ ᠢ ᠪᠦᠷᠢᠯᠳᠦᠭᠦᠯᠵᠦ᠂ ᠲᠡᠭᠦᠨ ᠤ ᠴᠡᠪᠡᠷ ᠡᠳ᠋ ᠬᠥᠷᠥᠩᠭᠡ ᠪᠤᠶᠤ ᠵᠣᠭᠤᠰ ᠪᠡᠯᠡ ᠮᠥᠩᠭᠦ ᠨᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠬᠦ ᠳᠤ ᠪᠡᠯᠡᠨ ᠵᠣᠭᠤᠰ ᠢᠶᠠᠷ ᠪᠡᠯᠡ ᠣᠷᠣᠭᠤᠯᠬᠤ᠂ ᠡᠰᠡᠬᠦᠯ᠎ᠡ ᠪᠣᠳᠠᠲᠤ ᠶᠠᠭᠤᠮ᠎ᠠ᠂ ᠮᠡᠳᠡᠯᠭᠡ ᠶᠢᠨ ᠥᠮᠴᠢᠯᠡᠯ ᠤᠨ ᠡᠷᠬᠡ᠂ ᠭᠠᠵᠠᠷ ᠰᠢᠷᠣᠢ ᠬᠡᠷᠡᠭᠯᠡᠬᠦ ᠡᠷᠬᠡ ᠵᠡᠷᠭᠡ  ᠶᠢ ᠵᠣᠭᠤᠰ ᠢᠶᠠᠷ ᠦᠨᠡᠯᠡᠨ ᠵᠢᠱᠢᠵᠦ ᠪᠣᠯᠬᠤ ᠶᠢᠨ ᠬᠠᠮᠲᠤ ᠬᠠᠤᠯᠢ ᠶᠣᠰᠣᠭᠠᠷ ᠰᠢᠯᠵᠢᠭᠦᠯᠦᠨ ᠥᠭᠴᠦ ᠪᠣᠯᠬᠤ ᠵᠣᠭᠤᠰ ᠤᠨ ᠪᠤᠰᠤ ᠡᠳ᠋ ᠬᠥᠷᠥᠩᠭᠡ ᠶᠢ ᠦᠨᠡᠯᠡᠨ ᠵᠢᠱᠢᠵᠦ ᠪᠡᠯᠡ ᠣᠷᠣᠭᠤᠯᠤᠨ᠎ᠠ᠃ ᠪᠡᠯᠡ ᠣᠷᠣᠭᠤᠯᠬᠤ ᠳᠤ ᠡᠷᠬᠡᠪᠰᠢ ᠬᠠᠤᠯᠢ ᠶᠣᠰᠣᠭᠠᠷ ᠪᠠᠶᠢᠭᠤᠯᠤᠭᠰᠠᠨ ᠪᠡᠯᠡ ᠮᠥᠩᠭᠦ ᠶᠢ ᠰᠢᠯᠭᠠᠨ ᠪᠠᠶᠢᠴᠠᠭᠠᠬᠤ ᠶᠢᠨ ᠬᠠᠮᠲᠤ ᠪᠡᠯᠡ ᠮᠥᠩᠭᠦ ᠶᠢ ᠰᠢᠯᠭᠠᠭᠰᠠᠨ ᠮᠡᠳᠡᠭᠦᠯᠦᠯᠲᠡ ᠭᠠᠷᠭᠠᠬᠤ ᠬᠡᠷᠡᠭᠲᠡᠢ᠃ ᠬᠡᠷᠪᠡ ᠪᠤᠰᠤᠳ ᠪᠡᠯᠡ ᠣᠷᠣᠭᠤᠯᠤᠭᠴᠢ ᠪᠠᠶᠢᠪᠠᠯ ᠪᠤᠰᠤᠳ ᠪᠡᠯᠡ ᠣᠷᠣᠭᠤᠯᠤᠭᠴᠢ ᠶᠢᠨ ᠬᠡᠯᠡᠯᠴᠡᠭᠡᠷ ᠢ ᠨᠤᠲᠠᠯᠠᠬᠤ ᠬᠡᠷᠡᠭᠲᠡᠢ᠃      ᠡᠷᠬᠢᠯᠡᠭᠰᠡᠳ ᠬᠥᠳᠡᠯᠮᠦᠷᠢ ᠦᠢᠯᠡᠴᠢᠯᠡᠭᠡ᠂ ᠦᠨᠡᠨᠴᠢ ᠢᠲᠡᠭᠡᠮᠵᠢ᠂ ᠪᠠᠶᠢᠭᠠᠯᠢ ᠬᠥᠮᠦᠨ ᠤ ᠣᠪᠣᠭ ᠨᠡᠷ᠎ᠡ᠂ ᠬᠤᠳᠠᠯᠳᠤᠭ᠎ᠠ ᠶᠢᠨ ᠨᠡᠷ᠎ᠡ ᠬᠦᠨᠳᠦ᠂ ᠣᠨᠴᠠ ᠵᠦᠪᠰᠢᠶᠡᠷᠡᠭᠰᠡᠨ ᠡᠵᠡᠩᠨᠡᠯᠲᠡ ᠶᠢᠨ ᠡᠷᠬᠡ ᠪᠤᠶᠤ ᠪᠠᠲᠤᠯᠠᠭᠰᠠᠨ ᠡᠳ᠋ ᠬᠥᠷᠥᠩᠭᠡ ᠵᠡᠷᠭᠡ ᠪᠠᠷ ᠬᠠᠩᠰᠢᠯᠠᠨ ᠪᠡᠯᠡ ᠭᠠᠷᠭᠠᠵᠤ ᠪᠣᠯᠬᠤ ᠦᠭᠡᠢ︔ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ  ᠶᠢᠨ ᠬᠦᠯᠢᠶᠡᠨ ᠠᠪᠤᠭᠰᠠᠨ ᠤᠯᠤᠰ ᠤᠨ ᠳᠡᠳᠬᠦᠨ ᠳᠤᠰᠠᠯᠠᠭᠰᠠᠨ ᠡᠳ᠋ ᠮᠥᠩᠭᠦ᠂ ᠰᠤᠷᠤᠭᠴᠢᠳ ᠠᠴᠠ ᠬᠤᠷᠢᠶᠠᠭᠰᠠᠨ ᠰᠦᠢᠳᠬᠡᠯ᠂ ᠬᠦᠯᠢᠶᠡᠨ ᠠᠪᠤᠭᠰᠠᠨ ᠬᠠᠨᠳᠢᠪ ᠤᠨ ᠡᠳ᠋ ᠬᠥᠷᠥᠩᠭᠡ ᠪᠠᠷ ᠪᠡᠯᠡ ᠮᠥᠩᠭᠦ ᠪᠣᠯᠭᠠᠵᠤ ᠪᠣᠯᠬᠤ ᠦᠭᠡᠢ᠃      ᠠᠷᠪᠠᠨ ᠬᠤᠶᠠᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠡᠷᠬᠢᠯᠡᠬᠦ ᠳᠤ ᠳᠣᠣᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠢ᠄      ︵ᠨᠢᠭᠡ︶ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠠᠤᠯᠢ ᠶᠢᠨ ᠡᠷᠬᠡᠲᠦ ᠬᠥᠮᠦᠨ ᠤ ᠬᠢᠷᠢ ᠬᠡᠮ ᠲᠠᠢ᠃      ︵ᠬᠤᠶᠠᠷ︶  ᠦᠨᠡᠨᠴᠢ ᠢᠲᠡᠭᠡᠮᠵᠢ ᠶᠢᠨ ᠪᠠᠶᠢᠳᠠᠯ ᠰᠠᠶᠢᠨ ᠪᠠᠶᠢᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠤᠷᠤᠭᠰᠠᠨ ᠦᠭᠡᠢ ᠪᠤᠶᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ ᠤᠨ ᠵᠢᠭᠰᠠᠭᠠᠯᠲᠠ ᠳᠤ ᠤᠷᠤᠭᠰᠠᠨ ᠦᠭᠡᠢ᠂ ᠡᠷᠡᠭᠦᠯ ᠪᠤᠰᠤ ᠲᠡᠮᠳᠡᠭᠯᠡᠯ ᠪᠠᠶᠢᠬᠤ ᠦᠭᠡᠢ᠃      ︵ᠭᠤᠷᠪᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠂ ᠳᠤᠮᠳᠠᠳᠤ ᠤᠯᠤᠰ ᠤᠨ ᠬᠢᠯᠢ ᠳᠣᠲᠣᠷ᠎ᠠ ᠰᠠᠭᠤᠷᠢᠰᠢᠵᠤ᠂  ᠦᠨᠡᠨᠴᠢ ᠢᠲᠡᠭᠡᠮᠵᠢ ᠶᠢᠨ ᠪᠠᠶᠢᠳᠠᠯ ᠰᠠᠶᠢᠨ᠂ ᠶᠠᠯ᠎ᠠ ᠬᠢᠭᠰᠡᠨ ᠲᠡᠮᠳᠡᠭᠯᠡᠯ ᠦᠭᠡᠢ᠂ ᠤᠯᠤᠰ ᠲᠥᠷᠥ ᠶᠢᠨ ᠡᠷᠬᠡ ᠪᠠ ᠢᠷᠭᠡᠨ ᠤ ᠬᠡᠷᠡᠭ ᠤᠨ ᠪᠦᠷᠢᠨ ᠦᠢᠯᠡ ᠠᠵᠢᠯᠯᠠᠭ᠎ᠠ ᠶᠢᠨ ᠴᠢᠳᠠᠪᠤᠷᠢ ᠲᠠᠢ᠃      ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠤᠷᠢᠭᠯᠠᠭᠰᠠᠨ ᠪᠤᠰᠤᠳ ᠪᠠᠶᠢᠳᠠᠯ ᠤᠳ᠃      ᠠᠷᠪᠠᠨ ᠭᠤᠷᠪᠠᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠬᠦ ᠬᠤᠪᠢ ᠬᠥᠮᠦᠨ ᠳᠣᠣᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠢ᠄      ︵ᠨᠢᠭᠡ︶ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷᠢᠶᠠᠯᠠᠯ ᠲᠠᠢ᠂ ᠳᠤᠮᠳᠠᠳᠤ ᠤᠯᠤᠰ ᠲᠤ ᠠᠮᠢᠳᠤᠷᠠᠵᠤ ᠪᠠᠶᠢᠭ᠎ᠠ᠃      ︵ᠬᠤᠶᠠᠷ︶  ᠦᠨᠡᠨᠴᠢ ᠢᠲᠡᠭᠡᠮᠵᠢ ᠶᠢᠨ ᠪᠠᠶᠢᠳᠠᠯ ᠰᠠᠶᠢᠨ᠂ ᠶᠠᠯ᠎ᠠ ᠬᠢᠭᠰᠡᠨ ᠲᠡᠮᠳᠡᠭᠯᠡᠯ ᠦᠭᠡᠢ᠃      ︵ᠭᠤᠷᠪᠠ︶ ᠤᠯᠤᠰ ᠲᠥᠷᠥ ᠶᠢᠨ ᠡᠷᠬᠡ ᠪᠠ ᠪᠦᠷᠢᠮᠦᠰᠦᠨ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠲᠠᠢ᠃      ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠤᠷᠢᠭᠯᠠᠭᠰᠠᠨ ᠪᠤᠰᠤᠳ ᠪᠠᠶᠢᠳᠠᠯ ᠤᠳ᠃      ᠠᠷᠪᠠᠨ ᠳᠥᠷᠪᠡᠳᠦᠭᠡᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠠᠶᠢᠭᠤᠯᠬᠤ ᠳᠤ ᠨᠠᠮ ᠤᠨ ᠪᠠᠶᠢᠭᠤᠯᠤᠯᠲᠠ ᠶᠢ ᠵᠡᠷᠭᠡ ᠪᠠᠷ ᠰᠦᠪᠡᠭᠴᠢᠯᠡᠬᠦ᠂ ᠨᠠᠮ ᠤᠨ ᠵᠣᠬᠢᠶᠠᠨ ᠪᠠᠶᠢᠭᠤᠯᠤᠯᠲᠠ ᠶᠢ ᠵᠡᠷᠭᠡ ᠪᠠᠷ ᠪᠠᠶᠢᠷᠢᠯᠠᠭᠤᠯᠬᠤ᠂ ᠨᠠᠮ ᠤᠨ ᠠᠵᠢᠯ ᠢ ᠵᠡᠷᠭᠡ ᠪᠠᠷ ᠥᠷᠨᠢᠭᠦᠯᠬᠦ ᠶᠢ ᠪᠠᠷᠢᠮᠲᠠᠯᠠᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠠᠶᠢᠭᠤᠯᠬᠤ ᠳᠤ ᠶᠡᠷᠦ ᠳᠤ ᠪᠠᠨ ᠪᠡᠯᠡᠳᠭᠡᠨ ᠪᠠᠶᠢᠭᠤᠯᠬᠤ᠂ ᠵᠢᠩᠬᠢᠨᠢ ᠪᠠᠷ ᠪᠠᠶᠢᠭᠤᠯᠬᠤ ᠭᠡᠵᠦ ᠬᠤᠶᠠᠷ ᠱᠠᠲᠤ ᠬᠤᠪᠢᠶᠠᠨ᠎ᠠ᠃ ᠡᠷᠬᠢᠯᠡᠨ ᠪᠠᠶᠢᠭᠤᠯᠤᠭᠴᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠨ ᠬᠠᠮᠢᠶᠠᠷᠬᠤ ᠠᠷᠭ᠎ᠠ ︵ᠵᠠᠰᠠᠪᠤᠷᠢ ᠣᠷᠣᠭᠤᠯᠤᠭᠰᠠᠨ︶︾ ᠶᠢᠨ ᠲᠣᠭᠲᠠᠭᠠᠯ ᠢ ᠦᠨᠳᠦᠰᠦᠯᠡᠨ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠨ᠎ᠡ᠃      ᠪᠡᠯᠡᠳᠭᠡᠨ ᠪᠠᠶᠢᠭᠤᠯᠬᠤ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠦᠭᠡᠢ᠂ ᠬᠤᠭᠤᠴᠠᠭᠠᠨ ᠳᠤ ᠰᠤᠷᠤᠭᠴᠢ ᠡᠯᠰᠡᠵᠦ ᠪᠣᠯᠬᠤ ᠦᠭᠡᠢ᠃      ᠭᠤᠷᠪᠠᠳᠤᠭᠠᠷ ᠪᠦᠯᠦᠭ  ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠠᠷᠪᠠᠨ ᠵᠢᠷᠭᠤᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠡᠯ᠎ᠡ ᠰᠤᠷᠭᠠᠭᠤᠯᠢ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢ ︵ᠨᠡᠶᠢᠭᠡᠮᠯᠢᠭ︶᠂ ᠵᠠᠰᠠᠭ ᠵᠠᠬᠢᠷᠭᠠᠨ ᠤ ᠪᠠᠶᠢᠭᠤᠯᠤᠮᠵᠢ ᠶᠢ ᠪᠠᠶᠢᠭᠤᠯᠬᠤ ᠶᠢᠨ ᠬᠠᠮᠲᠤ᠂ ᠨᠠᠮ ᠤᠨ ᠵᠣᠬᠢᠶᠠᠨ ᠪᠠᠶᠢᠭᠤᠯᠤᠯᠲᠠ᠂ ᠪᠠᠭᠰᠢ ᠠᠵᠢᠯᠲᠠᠨ ᠠᠵᠢᠯᠴᠢᠨ ︵ᠲᠥᠯᠦᠭᠡᠯᠡᠭᠴᠢ︶ ᠤ ᠶᠡᠭᠡ ᠬᠤᠷᠠᠯ ᠪᠠ ᠠᠵᠢᠯᠴᠢᠨ ᠤ ᠡᠪᠯᠡᠯ ᠢ ᠪᠠᠶᠢᠭᠤᠯᠤᠨ᠎ᠠ᠃      ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢ ᠬᠡᠷᠡᠭ ᠮᠡᠳᠡᠭᠴᠢᠳ ᠤᠨ ᠳᠠᠷᠤᠭ᠎ᠠ ᠪᠤᠶᠤ ᠰᠤᠷᠭᠠᠭᠤᠯᠢ ᠶᠢᠨ ᠵᠠᠬᠢᠷᠤᠯ ᠠᠴᠠ ᠡᠭᠦᠷᠭᠡᠯᠡᠨ᠎ᠡ᠃      ᠠᠷᠪᠠᠨ ᠳᠣᠯᠣᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠡᠷᠡᠭ ᠮᠡᠳᠡᠭᠴᠢᠳ ᠤᠨ ᠵᠥᠪᠯᠡᠯ᠂ ᠵᠠᠰᠠᠭ ᠵᠠᠬᠢᠷᠭᠠᠨ ᠤ ᠪᠠᠶᠢᠭᠤᠯᠤᠮᠵᠢ᠂ ᠰᠤᠷᠭᠠᠭᠤᠯᠢ ᠶᠢᠨ ᠵᠠᠬᠢᠷᠤᠯ ᠨᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠪᠣᠯᠤᠨ ᠰᠤᠷᠭᠠᠭᠤᠯᠢ ᠶᠢᠨ ᠳᠦᠷᠢᠮ ᠢ ᠦᠨᠳᠦᠰᠦᠯᠡᠨ ᠪᠠᠶᠢᠭᠤᠯᠬᠤ ᠪᠠ ᠡᠷᠬᠡ ᠲᠤᠰᠢᠶᠠᠯ ᠢᠶᠠᠨ ᠬᠡᠷᠡᠭᠵᠢᠭᠦᠯᠦᠨ᠎ᠡ᠃      ᠠᠷᠪᠠᠨ ᠨᠠᠢᠮᠠᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠭᠴᠢᠳ ᠤᠨ ᠵᠥᠪᠯᠡᠯ ᠳᠤ ᠰᠤᠷᠭᠠᠨ ᠬᠥᠮᠦᠵᠢᠯ ᠤᠨ ᠠᠵᠢᠯᠲᠠᠨ ᠠᠵᠢᠯᠴᠢᠨ ᠤ ᠲᠥᠯᠦᠭᠡᠯᠡᠭᠴᠢ  1/3 ᠠᠴᠠ ᠪᠠᠭ᠎ᠠ ᠪᠠᠶᠢᠵᠤ ᠪᠣᠯᠬᠤ ᠦᠭᠡᠢ᠂ ᠭᠤᠣᠯ ᠨᠢ ᠳᠣᠣᠷᠠᠬᠢ ᠡᠷᠬᠡ ᠲᠤᠰᠢᠶᠠᠯ ᠢ ᠭᠦᠢᠴᠡᠳᠬᠡᠨ᠎ᠡ᠄      ︵ᠨᠢᠭᠡ︶ ᠰᠤᠷᠭᠠᠭᠤᠯᠢ ᠶᠢᠨ ᠡᠳ᠋ ᠤᠨ ᠶᠠᠪᠤᠳᠠᠯ ᠢ ᠪᠠᠶᠢᠴᠠᠭᠠᠨ᠎ᠠ᠃      ︵ᠬᠤᠶᠠᠷ︶ ᠬᠡᠷᠡᠭ ᠮᠡᠳᠡᠭᠴᠢᠳ ᠤᠨ ᠬᠤᠷᠠᠯ ᠪᠣᠯᠤᠨ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠪᠦᠷᠢᠯᠳᠦᠬᠦᠨ ᠤ ᠲᠤᠰᠢᠶᠠᠯ ᠢᠶᠠᠨ ᠭᠦᠢᠴᠡᠳᠭᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃      ︵ᠭᠤᠷᠪᠠ᠂ ᠪᠠᠭᠰᠢ ᠠᠵᠢᠯᠲᠠᠨ ᠠᠵᠢᠯᠴᠢᠨ ︵ᠲᠥᠯᠥᠭᠡᠯᠡᠭᠴᠢ︶ ᠤ ᠶᠡᠭᠡ ᠬᠤᠷᠠᠯ ᠤᠨ ᠮᠡᠳᠡᠭᠦᠯᠦᠯᠲᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠃      ︵ᠳᠥᠷᠪᠡ︶ ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠪᠠ ᠰᠤᠷᠭᠠᠭᠤᠯᠢ ᠶᠢᠨ ᠳᠦᠷᠢᠮ ᠳᠤ ᠲᠣᠭᠲᠠᠭᠠᠭᠰᠠᠨ ᠪᠤᠰᠤᠳ ᠡᠷᠬᠡ ᠲᠤᠰᠢᠶᠠᠯ᠃      ᠠᠷᠪᠠ ᠶᠢᠰᠦᠳᠦᠭᠡᠷ ᠵᠦᠢᠯ ᠶᠠᠯ᠎ᠠ ᠬᠢᠭᠰᠡᠨ ᠲᠡᠮᠳᠡᠭᠯᠡᠯ ᠲᠠᠢ᠂ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠭᠡᠢ ᠪᠤᠶᠤ ᠦᠢᠯᠡ ᠠᠵᠢᠯᠯᠠᠭ᠎ᠠ ᠶᠢᠨ ᠴᠢᠳᠠᠪᠤᠷᠢ ᠪᠠᠨ ᠬᠢᠵᠠᠭᠠᠷᠯᠠᠭᠳᠠᠭᠰᠠᠳ ᠰᠤᠷᠭᠠᠭᠤᠯᠢ ᠶᠢᠨ ᠬᠡᠷᠡᠭ ᠬᠠᠮᠢᠶᠠᠷᠤᠭᠴᠢᠳ ᠤᠨ ᠡᠪᠯᠡᠯ᠂ ᠬᠢᠨᠠᠯᠲᠠ ᠲᠠᠯᠪᠢᠭᠴᠢ᠂ ᠵᠠᠰᠠᠭ ᠵᠠᠬᠢᠷᠭᠠᠨ ᠤ ᠪᠠᠶᠢᠭᠤᠯᠤᠮᠵᠢ ᠳᠤ ᠲᠤᠰᠢᠶᠠᠯ ᠡᠭᠦᠷᠭᠡᠯᠡᠵᠦ ᠪᠣᠯᠬᠤ ᠦᠭᠡᠢ᠃ ᠨᠢᠭᠡ ᠪᠠᠶᠢᠭᠠᠯᠢ ᠬᠥᠮᠦᠨ ᠠᠳᠠᠯᠢ ᠨᠢᠭᠡ ᠰᠤᠷᠭᠠᠭᠤᠯᠢ ᠶᠢᠨ ᠬᠡᠷᠡᠭ ᠮᠡᠳᠡᠭᠴᠢᠳ ᠤᠨ ᠵᠥᠪᠯᠡᠯ᠂ ᠬᠢᠨᠠᠯᠲᠠ ᠲᠠᠯᠪᠢᠭᠴᠢ ᠶᠢᠨ ᠺᠣᠮᠢᠰ ᠲᠤ ᠲᠤᠰᠢᠶᠠᠯ ᠡᠭᠦᠷᠭᠡᠯᠡᠵᠦ ᠪᠣᠯᠬᠤ ᠦᠭᠡᠢ᠃      ᠬᠤᠷᠢᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠨᠡᠨ ᠬᠦ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠭᠤᠣᠯᠯᠠᠭᠴᠢ ᠪᠠ ᠤᠯᠤᠰ ᠲᠥᠷᠥ ᠶᠢᠨ ᠬᠥᠲᠥᠯᠥᠨ ᠳᠠᠭᠠᠭᠤᠯᠤᠭᠴᠢ ᠶᠢᠨ ᠦᠢᠯᠡᠳᠦᠯ ᠢ ᠴᠢᠩᠭᠠᠷᠠᠭᠤᠯᠤᠨ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠭᠯᠡᠯ᠂ ᠪᠠᠭᠰᠢ ᠰᠤᠷᠤᠭᠴᠢᠳ ᠤᠨ ᠴᠢᠬᠤᠯᠠ ᠶᠡᠭᠡ ᠠᠰᠢᠭ ᠲᠤᠰᠠ  ᠳᠤ ᠬᠤᠯᠪᠣᠭᠳᠠᠬᠤ ᠴᠢᠬᠤᠯᠠ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠳᠤ ᠵᠢᠯᠣᠭᠤᠳᠬᠤ᠂ ᠪᠠᠲᠤᠯᠠᠬᠤ ᠪᠠ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠤᠨ᠎ᠠ᠃ ︽ᠬᠤᠣᠰ ᠴᠢᠭᠯᠡᠯ ᠢᠶᠠᠷ ᠣᠷᠣᠭᠤᠯᠬᠤ᠂ ᠰᠣᠯᠪᠢᠴᠠᠨ ᠲᠤᠰᠢᠶᠠᠯ ᠡᠭᠦᠷᠭᠡᠯᠡᠬᠦ︾ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠰᠤᠷᠭᠠᠭᠤᠯᠢ ᠶᠢᠨ ᠬᠡᠷᠡᠭ ᠮᠡᠳᠡᠭᠴᠢᠳ ᠤᠨ ᠵᠥᠪᠯᠡᠯ ᠪᠠ ᠵᠠᠰᠠᠭ ᠵᠠᠬᠢᠷᠭᠠᠨ ᠤ ᠪᠠᠶᠢᠭᠤᠯᠤᠮᠵᠢ ᠳᠤ ᠣᠷᠣᠵᠤ᠂ ᠨᠠᠮ ᠤᠨ ᠭᠡᠰᠢᠭᠦᠨ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠵᠡᠷᠭᠡ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠬᠡᠰᠢᠭᠦᠨ ᠨᠠᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠲᠤ ᠣᠷᠣᠵᠤ ᠪᠣᠯᠤᠨ᠎ᠠ᠃ ᠬᠢᠨᠠᠯᠲᠠ ᠲᠠᠯᠪᠢᠭᠴᠢᠳ ᠤᠨ ᠬᠤᠷᠠᠯ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠬᠡᠰᠢᠭᠦᠨ ᠪᠠᠶᠢᠬᠤ ᠬᠡᠷᠡᠭᠲᠡᠢ᠃ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠪᠠᠭᠰᠢ ᠠᠵᠢᠯᠲᠠᠨ ᠠᠵᠢᠯᠴᠢᠨ ︵ᠲᠥᠯᠥᠭᠡᠯᠡᠭᠴᠢ︶   ᠤ ᠶᠡᠭᠡ ᠬᠤᠷᠠᠯ ᠪᠣᠯᠤᠨ ᠠᠵᠢᠯᠴᠢᠨ ᠤ ᠡᠪᠯᠡᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠎ᠠ᠃      ᠳᠥᠷᠪᠡᠳᠦᠭᠡᠷ ᠪᠦᠯᠦᠭ  ᠰᠤᠷᠭᠠᠨ ᠬᠥᠮᠦᠵᠢᠯ ᠵᠢᠭᠠᠨ ᠰᠤᠷᠭᠠᠯᠲᠠ      ᠬᠤᠷᠢᠨ ᠨᠢᠭᠡᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠴᠢᠳᠠᠪᠤᠷᠢᠲᠠᠨ ᠬᠥᠮᠦᠵᠢᠭᠦᠯᠬᠦ ᠪᠠᠷ ᠭᠤᠣᠯ ᠪᠣᠯᠭᠠᠵᠤ᠂ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠬᠦᠷᠲᠡᠭᠰᠡᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠤᠷᠢᠨ ᠬᠤᠶᠠᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠪᠠ ᠶᠣᠰᠣ ᠮᠣᠷᠠᠯ ᠤᠨ ᠬᠥᠮᠦᠵᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠪᠣᠯᠤᠨ ᠦᠵᠡᠯ ᠰᠠᠨᠠᠭ᠎ᠠ ᠶᠣᠰᠤ ᠮᠣᠷᠠᠯ ᠤᠨ ᠬᠢᠴᠢᠶᠡᠯ ᠤᠨ ᠵᠢᠭᠠᠨ ᠰᠤᠷᠭᠠᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ  ᠤᠨ ᠣᠨᠣᠯ ᠤᠨ ᠰᠢᠰᠲ᠋ᠧᠮ ᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠢ ᠳᠤ ᠨᠢ ᠬᠠᠳᠠᠩᠰᠢᠭᠤᠯᠬᠤ ᠶᠢ            ᠠᠬᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ᠂ ᠡᠬᠡ ᠣᠷᠣᠨᠴᠢ ᠦᠵᠡᠯ᠂ ᠨᠡᠶᠢᠲᠡᠴᠢ ᠦᠵᠡᠯ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠥᠮᠦᠵᠢᠯ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠤᠯᠠᠮᠵᠢᠯᠠᠯᠲᠤ ᠰᠣᠶᠣᠯ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠭᠦᠨᠵᠡᠭᠡᠢ ᠥᠷᠨᠢᠭᠦᠯᠵᠦ᠂ ᠪᠠᠭᠰᠢ ᠰᠤᠷᠤᠭᠴᠢ ᠠᠵᠢᠯᠲᠠᠨ ᠠᠵᠢᠯᠴᠢᠨ  ᠢ ᠬᠥᠲᠥᠯᠥᠨ ᠵᠢᠯᠣᠭᠤᠳᠴᠤ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ ᠲᠠᠢ ᠪᠣᠯᠭᠠᠨ᠎ᠠ᠃      ᠬᠤᠷᠢᠨ ᠭᠤᠷᠪᠠᠳᠤᠭᠠᠷ ᠵᠦᠢᠯ  ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠦᠭᠰᠡᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠤᠯᠤᠰ ᠤᠨ ᠲᠣᠭᠲᠠᠭᠠᠯ ᠶᠣᠰᠣᠭᠠᠷ ᠲᠤᠰᠬᠠᠢ ᠮᠡᠷᠭᠡᠵᠢᠯ ᠪᠠᠶᠢᠷᠢᠯᠠᠭᠤᠯᠬᠤ᠂ ᠬᠢᠴᠢᠶᠡᠯ ᠨᠡᠭᠡᠭᠡᠬᠦ᠂ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠨ᠎ᠡ᠃ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠨᠢ ᠤᠯᠤᠰ ᠪᠣᠯᠤᠨ ᠮᠠᠨ ᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠰᠠᠷᠠᠨ ᠬᠥᠮᠦᠵᠢᠭᠦᠯᠬᠦ ᠪᠠ ᠰᠤᠷᠭᠠᠨ ᠬᠥᠮᠦᠵᠢᠭᠦᠯᠬᠦ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃      ᠬᠤᠷᠢᠨ ᠳᠥᠷᠪᠡᠳᠦᠭᠡᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠤᠭᠴᠢ᠂ ᠬᠢᠯᠢ ᠶᠢᠨ ᠭᠠᠳᠠᠨᠠᠬᠢ ᠰᠤᠷᠤᠭᠴᠢ ᠶᠢ ᠡᠯᠰᠡᠬᠦ ᠳᠤ ᠪᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ ᠰᠠᠬᠢᠵᠤ᠂ ᠰᠤᠷᠤᠭᠴᠢ ᠡᠯᠰᠡᠬᠦ ᠲᠣᠪᠴᠢ ᠳᠦᠷᠢᠮ ᠪᠠ ᠵᠠᠷ ᠮᠡᠳᠡᠭᠡ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠮᠡᠳᠡᠭᠦᠯᠦᠨ ᠳᠠᠩᠰᠠᠯᠠᠭᠤᠯᠤᠨ᠎ᠠ᠃ ᠡᠭᠦᠨ ᠳᠤ᠂ ᠰᠤᠷᠤᠯᠭ᠎ᠠ  ᠶᠢᠨ ᠨᠠᠮᠲᠠᠷ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠲᠣᠪᠴᠢ ᠳᠦᠷᠢᠮ ᠪᠣᠯᠤᠨ ᠵᠠᠷ ᠮᠡᠳᠡᠭᠡ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      ᠬᠤᠷᠢᠨ ᠲᠠᠪᠤᠳᠤᠭᠠᠷ ᠵᠦᠢᠯ  ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠤᠷᠢᠭᠰᠠᠨ ᠪᠠᠭᠰᠢ ᠤᠯᠤᠰ ᠤᠨ ᠲᠣᠭᠲᠠᠭᠠᠭᠰᠠᠨ ᠪᠠᠭᠰᠢ ᠶᠢᠨ ᠬᠢᠷᠢ ᠭᠡᠮ ᠪᠤᠶᠤ ᠵᠣᠬᠢᠬᠤ ᠲᠤᠰᠬᠠᠢ ᠮᠡᠷᠭᠡᠵᠢᠯ ᠤᠨ ᠬᠢᠷᠢ ᠬᠡᠮ᠂ ᠬᠢᠷᠢ ᠴᠢᠳᠠᠮᠵᠢ ᠶᠢ ᠪᠦᠷᠢᠯᠳᠦᠭᠦᠯᠬᠦ ᠬᠡᠷᠡᠭᠲᠡᠢ᠂ ᠡᠯ᠎ᠡ ᠰᠤᠷᠭᠠᠭᠤᠯᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾ ᠵᠡᠷᠭᠡ ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠭᠰᠢ ᠠᠵᠢᠯᠲᠠᠳ ᠲᠠᠢ ᠬᠥᠳᠡᠯᠮᠦᠷᠢ ᠶᠢᠨ ᠭᠡᠷ᠎ᠡ ᠲᠣᠭᠲᠠᠭᠠᠬᠤ ᠬᠡᠷᠡᠭᠲᠡᠢ᠃ ᠡᠯ᠎ᠡ ᠰᠤᠷᠭᠠᠭᠤᠯᠢ ᠪᠠᠭᠰᠢ ᠶᠢᠨ ᠮᠣᠷᠠᠯ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠪᠠᠭᠰᠢ ᠠᠵᠢᠯᠲᠠᠨ ᠠᠵᠢᠯᠴᠢᠨ ᠤ ᠴᠠᠯᠢᠩ᠂ ᠠᠰᠠᠷᠠᠮᠵᠢ ᠶᠢᠨ ᠣᠯᠭᠤᠮᠵᠢ ᠪᠣᠯᠤᠨ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ ᠰᠤᠷᠭᠠᠭᠤᠯᠢ ᠨᠢ ᠭᠠᠳᠠᠭᠠᠳᠤ ᠶᠢᠨ ᠪᠠᠭᠰᠢ ᠶᠢ ᠤᠷᠢᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃      ᠲᠠᠪᠤᠳᠤᠭᠠᠷ ᠪᠦᠯᠦᠭ  ᠡᠳ᠋ ᠤᠨ ᠶᠠᠪᠤᠳᠠᠯ ᠡᠳ᠋ ᠬᠥᠷᠥᠩᠭᠡ      ᠬᠤᠷᠢᠨ ᠵᠢᠷᠭᠤᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠳᠤ ᠲᠣᠭᠲᠠᠭᠠᠭᠰᠠᠨ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ ᠳᠦᠷᠢᠮ ᠢ ᠬᠡᠷᠡᠭᠵᠢᠭᠦᠯᠦᠨ᠎ᠡ᠃ ᠡᠯ᠎ᠡ ᠰᠤᠷᠭᠠᠭᠤᠯᠢ ᠪᠡᠶ᠎ᠡ ᠪᠠᠨ ᠳᠠᠭᠠᠭᠠᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠰᠤᠷᠭᠠᠭᠤᠯᠢ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ ᠶᠢ ᠨᠢᠭᠡᠳᠦᠯᠲᠡᠢ  ᠪᠠᠶᠢᠯᠭᠠᠵᠤ᠂ ᠳᠠᠩᠰᠠᠨ ᠠᠴᠠ ᠭᠠᠳᠠᠭᠤᠷ ᠲᠣᠭᠠᠴᠠᠭ᠎ᠠ ᠬᠢᠵᠦ ᠪᠣᠯᠬᠤ ᠦᠭᠡᠢ᠃      ᠬᠤᠷᠢᠨ ᠳᠣᠯᠣᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠡᠳ᠋ ᠤᠨ ᠶᠠᠪᠤᠳᠠᠯ ᠤᠨ ᠳᠣᠲᠣᠭᠠᠳᠤ ᠶᠢᠨ ᠡᠵᠡᠮᠳᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠣᠳᠠᠲᠠᠢ ᠡᠭᠦᠰᠦᠭᠰᠡᠨ ᠲᠤᠭ᠎ᠠ ᠪᠠᠷ ᠵᠠᠷᠤᠳᠠᠯ ᠢ ᠵᠢᠭᠰᠠᠭᠠᠨ ᠭᠠᠷᠭᠠᠵᠤ᠂ ᠬᠤᠳᠠᠯ ᠬᠠᠭᠤᠷᠮᠠᠭ ᠢᠶᠠᠷ ᠵᠢᠭᠰᠠᠭᠠᠨ ᠮᠡᠳᠡᠭᠦᠯᠵᠦ ᠪᠣᠯᠬᠤ ᠦᠭᠡᠢ᠂ ᠲᠥᠯᠥᠪᠯᠡᠭᠡ ᠶᠢᠨ ᠲᠤᠭ᠎ᠠ ᠪᠤᠶᠤ ᠲᠥᠰᠦᠪ ᠤᠨ ᠲᠤᠭ᠎ᠠ ᠪᠠᠷ ᠪᠣᠳᠠᠲᠠᠢ ᠵᠠᠷᠤᠯᠭ᠎ᠠ ᠶᠢᠨ ᠲᠤᠭ᠎ᠠ ᠶᠢ ᠣᠷᠣᠯᠠᠭᠤᠯᠵᠤ ᠪᠣᠯᠬᠤ ᠦᠭᠡᠢ᠃      ᠬᠤᠷᠢᠨ ᠨᠠᠢᠮᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠰᠤᠷᠤᠯᠭ᠎ᠠ ᠶᠢᠨ ᠬᠤᠭᠤᠴᠠᠭ᠎ᠠ ᠪᠤᠶᠤ ᠰᠤᠷᠤᠯᠭ᠎ᠠ ᠶᠢᠨ ᠵᠢᠯ ᠢᠶᠠᠷ ᠰᠦᠢᠳᠬᠡᠯ ᠬᠤᠷᠢᠶᠠᠵᠤ᠂ ᠰᠦᠢᠳᠬᠡᠯ ᠬᠤᠷᠢᠶᠠᠬᠤ ᠲᠥᠷᠥᠯ ᠵᠦᠢᠯ ᠪᠣᠯᠤᠨ ᠪᠠᠷᠢᠮᠵᠢᠶ᠎ᠠ ᠶᠢ ᠨᠡᠶᠢᠭᠡᠮ ᠳᠤ 30 ᠡᠳᠦᠷ ᠢᠯᠡ ᠨᠡᠶᠢᠲᠡᠯᠡᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠢᠯᠡ ᠨᠡᠶᠢᠲᠡᠯᠡᠭᠰᠡᠨ ᠲᠥᠷᠥᠯ ᠵᠦᠢᠯ ᠪᠣᠯᠤᠨ ᠪᠠᠷᠢᠮᠵᠢᠶ᠎ᠠ ᠠᠴᠠ ᠭᠠᠳᠠᠭᠤᠷ ᠪᠤᠰᠤᠳ ᠰᠦᠢᠳᠬᠡᠯ ᠬᠤᠷᠢᠶᠠᠵᠤ ᠪᠣᠯᠬᠤ ᠦᠭᠡᠢ᠂ ᠶᠠᠮᠠᠷᠪᠠ ᠨᠡᠷ᠎ᠡ ᠪᠠᠷ ᠰᠤᠷᠤᠭᠴᠢᠳ ᠲᠤ ᠰᠦᠢᠳᠬᠡᠯ ᠲᠡᠰᠬᠡᠨ ᠨᠣᠭᠳᠠᠭᠤᠯᠬᠤ ᠪᠤᠶᠤ ᠠᠯᠪᠠᠳᠠᠵᠤ ᠪᠠᠶᠢᠭᠠᠳ ᠪᠡᠯᠡ ᠴᠤᠭᠯᠠᠭᠤᠯᠵᠤ ᠪᠣᠯᠬᠤ ᠦᠭᠡᠢ᠃      ᠬᠤᠷᠢ ᠶᠢᠰᠦᠳᠦᠭᠡᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠣᠷᠣᠯᠭ᠎ᠠ ᠶᠢ ᠪᠦᠬᠦᠨ ᠢ ᠰᠤᠷᠭᠠᠭᠤᠯᠢ ᠶᠢᠨ ᠡᠳ᠋ ᠤᠨ ᠶᠠᠪᠤᠳᠠᠯ ᠤᠨ ᠲᠤᠰᠬᠠᠢ ᠳᠠᠩᠰᠠᠨ ᠳᠤ ᠣᠷᠣᠭᠤᠯᠵᠤ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠬᠠᠤᠯᠢ ᠶᠣᠰᠣᠨ ᠤ ᠫᠢᠶᠣᠣ ᠪᠠᠷᠢᠮᠲᠠ ᠭᠠᠷᠭᠠᠵᠤ᠂ ᠰᠤᠷᠭᠠᠭᠤᠯᠢ ᠶᠢᠨ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠢᠭᠡᠳᠦᠯᠲᠡᠢ ᠲᠣᠭᠠᠴᠠᠭ᠎ᠠ ᠬᠢᠵᠦ᠂ ᠨᠢᠭᠡᠳᠦᠯᠲᠡᠢ ᠬᠠᠮᠢᠶᠠᠷᠴᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠤᠭᠴᠢ ᠶᠢᠨ ᠲᠤᠰᠠᠯᠠᠮᠵᠢ᠂ ᠪᠠᠭᠰᠢ ᠠᠵᠢᠯᠲᠠᠨ ᠤ ᠣᠯᠭᠤᠮᠵᠢ ᠵᠢᠴᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠪᠠᠲᠤᠯᠠᠨ᠎ᠠ᠃ ᠡᠯ᠎ᠡ ᠰᠤᠷᠭᠠᠭᠤᠯᠢ ᠨᠠᠮ ᠤᠨ ᠪᠠᠶᠢᠭᠤᠯᠤᠯᠲᠠ ᠶᠢᠨ ᠠᠵᠢᠯ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠣᠯᠤᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠠᠷᠤᠳᠠᠯ ᠢ ᠰᠤᠷᠭᠠᠭᠤᠯᠢ ᠶᠢᠨ ᠵᠠᠷᠤᠳᠠᠯ ᠤᠨ ᠲᠥᠰᠦᠪ ᠲᠤ ᠣᠷᠣᠭᠤᠯᠤᠨ᠎ᠠ᠃      ᠭᠤᠴᠢᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠬᠠᠤᠯᠢ ᠶᠢᠨ ᠡᠷᠬᠡᠲᠡᠨ ᠤ ᠡᠳ᠋ ᠬᠥᠷᠥᠩᠭᠡ ᠶᠢᠨ ᠡᠷᠬᠡ ᠲᠠᠢ ᠪᠠᠶᠢᠵᠤ᠂ ᠣᠷᠣᠰᠢᠵᠤ ᠪᠠᠶᠢᠭ᠎ᠠ ᠬᠤᠭᠤᠴᠠᠭᠠᠨ ᠳᠤ ᠰᠤᠷᠭᠠᠭᠤᠯᠢ ᠶᠢᠨ ᠪᠤᠢ ᠪᠦᠬᠦᠢ ᠡᠳ᠋ ᠬᠥᠷᠥᠩᠭᠡ ᠶᠢ ᠰᠤᠷᠭᠠᠭᠤᠯᠢ ᠠᠴᠠ ᠬᠠᠤᠯᠢ ᠶᠣᠰᠣᠭᠠᠷ ᠬᠠᠮᠢᠶᠠᠷᠬᠤ ᠪᠠ ᠬᠡᠷᠡᠭᠯᠡᠵᠦ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠡᠵᠡᠯᠡᠨ ᠠᠪᠬᠤ᠂ ᠨᠡᠭᠦᠯᠭᠡᠨ ᠬᠡᠷᠡᠭᠯᠡᠬᠦ᠂ ᠲᠡᠳᠡᠨ ᠠᠪᠴᠤ ᠪᠣᠯᠬᠤ ᠦᠭᠡᠢ᠃ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠭᠰᠡᠳ ᠳᠠᠩᠰᠠᠯᠠᠭᠤᠯᠤᠭᠰᠠᠨ ᠬᠥᠷᠥᠩᠭᠡ ᠪᠠᠨ ᠳᠠᠯᠳᠠᠭᠤᠷ ᠠᠪᠴᠤ ᠶᠠᠪᠤᠵᠤ ᠪᠣᠯᠬᠤ ᠦᠭᠡᠢ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠡᠯᠡᠳᠬᠡᠮᠵᠢ ᠪᠠᠷ ᠵᠢᠭᠡᠯᠡᠯᠭᠡ ᠶᠢ ᠪᠠᠷᠢᠴᠠᠭᠠᠯᠠᠨ᠂ ᠪᠠᠲᠤᠯᠠᠵᠤ ᠪᠣᠯᠬᠤ ᠦᠭᠡᠢ᠂ ᠰᠤᠷᠭᠠᠭᠤᠯᠢ ᠡᠷᠬᠢᠯᠡᠭᠰᠡᠨ  ᠦᠯᠡᠳᠡᠪᠦᠷᠢ ᠶᠢ ᠵᠢᠯ ᠤᠨ ᠡᠳ᠋ ᠤᠨ ᠶᠠᠪᠤᠳᠠᠯ ᠢ ᠳ᠋ᠦᠩᠨᠡᠨ ᠪᠣᠳᠣᠭᠰᠠᠨ ᠤ ᠳᠡᠷᠠᠭ᠎ᠠ ᠬᠤᠪᠢᠶᠠᠷᠢᠯᠠᠨ᠎ᠠ᠃      ᠵᠢᠷᠭᠤᠳᠤᠭᠠᠷ ᠪᠦᠯᠦᠭ  ᠮᠡᠳᠡᠭᠡ ᠵᠠᠩᠭᠢ ᠶᠢ ᠢᠯᠡ ᠪᠣᠯᠭᠠᠬᠤ      ᠭᠤᠴᠢᠨ ᠨᠢᠭᠡᠳᠦᠭᠡᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠡᠯ᠎ᠡ ᠰᠤᠷᠭᠠᠭᠤᠯᠢ ᠬᠠᠤᠯᠢ ᠴᠠᠭᠠᠵᠠ ᠬᠠᠤᠯᠢ ᠳᠦᠷᠢᠮ ᠢ ᠦᠨᠳᠦᠰᠦᠯᠡᠨ ᠮᠡᠳᠡᠭᠡ ᠵᠠᠩᠭᠢ  ᠶᠢ ᠢᠯᠡ ᠪᠣᠯᠭᠠᠬᠤ ᠳᠦᠷᠢᠮ ᠵᠢᠴᠢ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠢᠯᠡ ᠪᠣᠯᠭᠠᠭᠰᠠᠨ ᠮᠡᠳᠡᠭᠡ ᠵᠠᠩᠭᠢ ᠨᠢ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠ ᠰᠤᠷᠭᠠᠭᠤᠯᠢ ᠶᠢᠨ ᠠᠮᠤᠷ ᠲᠦᠪᠰᠢᠨ ᠢ ᠬᠤᠬᠢᠷᠠᠭᠤᠯᠵᠤ ᠪᠣᠯᠬᠤ ᠦᠭᠡᠢ᠃      ᠭᠤᠴᠢᠨ ᠬᠤᠶᠠᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠶᠢᠨ ᠮᠡᠳᠡᠭᠡ ᠵᠠᠩᠭᠢ ᠶᠢ ᠢᠯᠡ  ᠨᠡᠶᠢᠲᠡᠯᠡᠬᠦ ᠠᠭᠤᠯᠭ᠎ᠠ ᠳᠤ ︽ᠳᠡᠭᠡᠳᠦ ᠰᠤᠷᠭᠠᠭᠤᠯᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ︾ ᠵᠡᠷᠭᠡ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠵᠦ᠂ ᠪᠤᠰᠤᠳ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠶᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠭᠤᠯᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃      ᠭᠤᠴᠢᠨ ᠭᠤᠷᠪᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠡᠯ᠎ᠡ ᠰᠤᠷᠭᠠᠭᠤᠯᠢ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠳᠦᠷ ᠬᠡᠷᠡᠭᠵᠢᠭᠦᠯᠬᠦ ᠳᠦᠷᠢᠮ︾ ᠤᠨ ᠲᠣᠭᠲᠠᠭᠠᠯ ᠶᠣᠰᠣᠭᠠᠷ᠂ ᠤᠯᠤᠰ ᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠰᠢᠰᠲ᠋ᠧᠮ ᠢᠶᠠᠷ ᠳᠠᠮᠵᠢᠭᠤᠯᠤᠨ᠂ ᠵᠢᠯ ᠤᠨ ᠮᠡᠳᠡᠭᠦᠯᠦᠯᠲᠡ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ ᠵᠢᠴᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠵᠡᠷᠭᠡ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃      ᠭᠤᠴᠢᠨ ᠳᠥᠷᠪᠡᠳᠦᠭᠡᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠮᠡᠳᠡᠭᠡ ᠵᠠᠩᠭᠢ ᠶᠢ ᠰᠤᠷᠭᠠᠭᠤᠯᠢ ᠶᠢᠨ  ᠰᠦᠯᠵᠢᠶ᠎ᠡ᠂ ᠮᠡᠳᠡᠭᠡ ᠵᠠᠩᠭᠢ ᠶᠢᠨ ᠠᠯᠪᠠᠨ ᠨᠡᠶᠢᠲᠡᠯᠡᠯ ᠤᠨ ᠪᠤᠯᠤᠩ᠂ ᠡᠯᠧᠺᠲᠷᠣᠨ ᠳᠡᠯᠭᠡᠴᠡ ᠵᠡᠷᠭᠡ ᠲᠠᠯᠠᠪᠤᠷ ᠪᠠ ᠪᠡᠯᠡᠳᠬᠡᠮᠵᠢ ᠪᠠᠷ ᠳᠠᠮᠵᠢᠭᠤᠯᠤᠨ ᠢᠯᠡ ᠪᠣᠯᠭᠠᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠣᠯᠠᠨ ᠨᠡᠶᠢᠲᠡ ᠶᠢᠨ ᠤᠩᠰᠢᠯᠭ᠎ᠠ ᠶᠢᠨ ᠲᠠᠰᠤᠭ᠂ ᠮᠠᠲ᠋ᠧᠷᠢᠶᠠᠯ ᠡᠷᠢᠬᠦ ᠴᠡᠭ ᠭᠠᠷᠭᠠᠵᠤ ᠴᠤᠭᠯᠠᠭᠤᠯᠬᠤ ᠪᠠ ᠪᠠᠶᠢᠴᠠᠭᠠᠨ ᠦᠵᠡᠬᠦ ᠳᠤ ᠳᠥᠭᠦᠮ ᠪᠠᠶᠢᠯᠭᠠᠵᠤ ᠪᠣᠯᠤᠨ᠎ᠠ᠃ ᠰᠤᠷᠭᠠᠭᠤᠯᠢ ᠶᠢᠨ ᠨᠢᠭᠡᠨᠲᠡ ᠢᠯᠡ ᠪᠣᠯᠭᠠᠭᠰᠠᠨ ᠮᠡᠳᠡᠭᠡ ᠵᠠᠩᠭᠢ ᠠᠴᠠ ᠭᠠᠳᠠᠨ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠪᠢᠴᠢᠭ ᠤᠨ ᠬᠡᠯᠪᠡᠷᠢ ᠪᠠᠷ ᠰᠤᠷᠭᠠᠭᠤᠯᠢ ᠠᠴᠠ ᠪᠤᠰᠤᠳ ᠮᠡᠳᠡᠭᠡ ᠵᠠᠩᠭᠢ ᠶᠢ ᠠᠪᠬᠤ ᠪᠠᠷ ᠭᠤᠶᠤᠴᠢᠯᠠᠵᠤ ᠪᠣᠯᠤᠨ᠎ᠠ᠃      ᠳᠣᠯᠣᠳᠤᠭᠠᠷ ᠪᠦᠯᠦᠭ  ᠬᠤᠪᠢᠷᠠᠭᠤᠯᠬᠤ ᠪᠠ ᠵᠣᠭᠰᠤᠭᠠᠬᠤ      ᠭᠤᠴᠢᠨ ᠲᠠᠪᠤᠳᠣᠭᠠᠷ ᠵᠦᠢᠯ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢ ᠰᠠᠯᠭᠠᠬᠤ᠂ ᠨᠡᠶᠢᠯᠡᠬᠦᠯᠬᠦ᠂ ᠵᠣᠠᠠᠰᠣᠭᠠᠬᠤ ᠵᠢᠴᠢ ᠪᠤᠰᠣᠳ ᠴᠢᠬᠤᠯᠡ ᠵᠦᠢᠯ ᠢ ᠬᠤᠪᠢᠷᠡᠭᠤᠯᠬᠤ ᠳᠤ ᠰᠣᠷᠭᠠᠭᠤᠯᠢ ᠶᠢᠨ ᠭᠡᠷᠩ ᠮᠡᠳᠡᠭᠴᠢᠳ ᠤᠨ ᠵᠦᠪᠯᠡᠯ ᠠᠴᠠ ᠵᠦᠪᠰᠢᠶᠡᠷᠡᠭᠰᠡᠨ ᠤ ᠳᠡᠷᠠᠭ᠎ᠠ ᠬᠢᠨᠡᠨ ᠵᠦᠪᠰᠢᠶᠡᠷᠡᠬᠦ ᠪᠠᠶᠢᠭᠤᠯᠭ᠎ᠠ ᠳᠤ ᠮᠡᠳᠡᠬᠦᠯᠥᠨ ᠬᠢᠨᠡᠨ ᠵᠦᠪᠰᠢᠶᠡᠷᠡᠬᠦᠯᠬᠦ ᠶᠢᠨ ᠬᠠᠮᠳᠣ ᠬᠠᠦᠯᠢ ᠶᠣᠰᠣᠭᠠᠷ ᠳᠡᠩᠰᠡᠯᠡᠭᠤᠯᠬᠤ ᠪᠠᠶᠢᠭᠤᠯᠭ᠎ᠠ ᠳᠤ ᠣᠴᠢᠵᠦ ᠬᠤᠪᠢᠷᠡᠭᠤᠯᠬᠤ᠂ ᠳᠠᠩᠰᠠᠨ ᠠᠴᠠ ᠬᠠᠰᠤᠬᠤ ᠭᠠᠷᠳᠡᠮ ᠢ ᠬᠦᠢᠴᠡᠳᠭᠡᠨ᠎ᠠ᠃ ᠡᠬᠦᠨ ᠳᠤ᠂ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠵᠢᠩᠬᠢᠨᠢ ᠠᠩᠭᠢᠲᠤ ᠳᠡᠭᠡᠳᠦ ᠰᠣᠷᠭᠠᠭᠤᠯᠢ ᠶᠢ ᠰᠠᠯᠭᠠᠵᠦ᠂ ᠨᠡᠶᠢᠯᠡᠬᠦᠯᠵᠦ᠂ ᠵᠣᠠᠠᠰᠣᠭᠠᠬᠤ ᠪᠠ ᠨᠡᠷᠡᠶᠢᠳᠦᠯ ᠢ ᠬᠤᠪᠢᠷᠠᠭᠤᠯᠬᠤ ᠶᠢ ᠰᠣᠷᠭᠠᠨ ᠬᠦᠮᠦᠵᠢᠯ ᠤᠨ ᠶᠠᠮᠣᠨ ᠠᠴᠠ ᠬᠢᠨᠡᠨ ᠵᠦᠪᠰᠢᠶᠡᠷᠡᠨ᠎ᠠ᠂ ᠪᠤᠰᠣᠳ ᠵᠦᠢᠯ ᠢ ᠬᠤᠪᠢᠷᠡᠭᠤᠯᠬᠤ ᠶᠢ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠠᠴᠠ ᠬᠢᠨᠡᠨ ᠵᠦᠪᠰᠢᠶᠡᠷᠡᠨ᠎ᠠ᠃      ᠭᠤᠴᠢᠨ ᠵᠢᠷᠭᠤᠳᠣᠭᠠᠷ ᠵᠦᠢᠯ  ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢ ᠰᠠᠯᠭᠠᠬᠤ ᠪᠠ ᠨᠡᠶᠢᠯᠡᠬᠦᠯᠬᠦ᠂ ᠵᠣᠠᠠᠰᠣᠭᠠᠬᠤ ᠵᠢᠴᠢ ᠪᠤᠰᠣᠳ ᠴᠢᠬᠤᠯᠡ ᠵᠦᠢᠯ ᠢ ᠬᠤᠪᠢᠷᠠᠭᠤᠯᠬᠤ ᠳᠤ ᠭᠡᠷᠡᠭᠵᠢᠬᠦᠯᠬᠦ ᠳᠥᠰᠥᠯ ᠪᠠ ᠪᠠᠴᠢᠮ ᠪᠠᠶᠢᠳᠡᠯ ᠢ ᠠᠷᠭᠠᠴᠠᠬᠤ ᠠᠵᠢᠯ ᠤᠨ ᠪᠡᠯᠡᠳᠭᠡᠯ ᠳᠥᠰᠥᠯ ᠲᠣᠠᠠᠳᠠᠭᠠᠬᠤ ᠶᠢᠨ ᠬᠠᠮᠳᠣ ᠰᠣᠷᠭᠠᠭᠤᠯᠢ ᠶᠢ ᠭᠤᠣᠯᠯᠠᠨ ᠬᠠᠮᠢᠶᠡᠷᠬᠤ ᠰᠠᠯᠠᠭ᠎ᠠ ᠮᠦᠴᠢᠷ ᠲᠤ ᠮᠡᠳᠡᠬᠦᠯᠥᠨ ᠳᠡᠩᠰᠡᠯᠡᠭᠤᠯᠵᠦ᠂ ᠰᠣᠷᠭᠠᠭᠤᠯᠢ ᠶᠢᠨ ᠰᠣᠷᠭᠠᠨ ᠬᠦᠮᠦᠵᠢᠯ ᠵᠢᠭᠠᠨ ᠰᠣᠷᠭᠠᠯᠳᠡ ᠶᠢᠨ ᠡᠮᠬᠢ ᠵᠢᠷᠦᠮ ᠪᠠ ᠪᠠᠭᠰᠢ ᠰᠣᠷᠣᠠᠠᠴᠢ ᠶᠢᠨ ᠡᠷᠬᠡ ᠠᠰᠢᠭ ᠢ ᠨᠦᠯᠥᠭᠡᠯᠡᠬᠦ ᠦᠭᠡᠢ ᠪᠠᠶᠢᠬᠤ ᠶᠢ ᠪᠠᠳᠣᠯᠠᠨ᠎ᠠ᠃      ᠭᠤᠴᠢᠨ ᠲᠣᠯᠥᠳᠣᠭᠠᠷ ᠵᠦᠢᠯ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠳᠤ ᠲᠣᠣᠷᠡᠬᠢ ᠪᠠᠶᠢᠳᠡᠯ ᠤᠨ ᠨᠢᠭᠡ ᠨᠢ ᠪᠠᠶᠢᠪᠠᠯ᠂ ᠵᠣᠠᠠᠰᠣᠭᠠᠬᠤ ᠭᠡᠷᠡᠭᠳᠡᠢ᠄      ︵ᠨᠢᠭᠡ︶ ᠰᠤᠷᠭᠠᠭᠤᠯᠢ ᠶᠢᠨ ᠳᠦᠷᠢᠮ ᠤᠨ ᠱᠠᠭᠠᠷᠳᠠᠯᠭ᠎ᠠ ᠶᠢ ᠦᠨᠳᠦᠰᠦᠯᠡᠨ ᠵᠣᠭᠰᠣᠭᠠᠬᠤ ᠵᠢᠴᠢ ᠬᠢᠨᠠᠨ ᠵᠦᠪᠰᠢᠶᠡᠷᠡᠬᠦ ᠪᠠᠶᠢᠭᠤᠯᠭ᠎ᠠ ᠪᠠᠷ ᠳᠠᠮᠵᠢᠨ ᠵᠥᠪᠰᠢᠶᠡᠷᠡᠭᠦᠯᠦᠭᠰᠡᠨ᠃      ︵ᠬᠤᠶᠠᠷ︶ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠪᠢᠴᠢᠭ ᠢ ᠨᠢ ᠬᠦᠴᠦᠨ ᠦᠭᠡᠢ ᠪᠣᠯᠭᠠᠭᠰᠠᠨ᠃      ︵ᠭᠤᠷᠪᠠ︶ ᠬᠥᠷᠥᠩᠭᠡ ᠨᠢ ᠥᠷᠢ ᠪᠠᠨ ᠲᠥᠯᠥᠬᠦ ᠳᠤ ᠬᠦᠷᠬᠦ ᠦᠭᠡᠢ ᠪᠣᠯᠬᠤᠷ ᠦᠷᠭᠦᠯᠵᠢᠯᠡᠨ ᠰᠤᠷᠭᠠᠭᠤᠯᠢ ᠡᠷᠬᠢᠯᠡᠬᠦ ᠶᠢᠨ ᠠᠷᠭ᠎ᠠ ᠦᠭᠡᠢ ᠪᠣᠯᠤᠭᠰᠠᠨ᠃      ︵ᠲᠦᠷᠪᠡ︶ ᠬᠠᠤᠯᠢ ᠳᠤ ᠲᠣᠭᠲᠠᠭᠠᠭᠰᠠᠨ ᠪᠤᠰᠤᠳ ᠪᠠᠶᠢᠳᠠᠯ᠃      ᠭᠤᠴᠢᠨ ᠨᠠᠢᠮᠠᠳᠤᠭᠠᠷ ᠵᠦᠢᠯ  ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢ ᠵᠣᠠᠠᠰᠣᠭᠠᠬᠤ ᠦᠶᠡᠰ᠂ ᠬᠠᠦᠯᠢ ᠶᠣᠰᠣᠭᠠᠷ ᠡᠳ᠋ ᠤᠨ ᠶᠠᠪᠤᠳᠡᠯ ᠢ ᠴᠠᠶᠢᠷᠠᠭᠤᠯᠵᠤ᠂ ᠡᠳ᠋ ᠬᠦᠷᠥᠩᠬᠡ ᠪᠠᠨ ᠳᠥᠯᠥᠵᠦ ᠲᠠᠭᠤᠰᠬᠠᠬᠤ ᠳᠤ ᠪᠠᠨ ︽ᠪᠦᠬᠦᠲᠡ ᠨᠡᠶᠢᠷᠡᠮᠳᠠᠬᠤ ᠲᠣᠮᠳᠠᠳᠣ ᠠᠷᠡᠳ ᠣᠯᠥᠰ ᠤᠨ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠢ ᠠᠬᠢᠭᠤᠯᠬᠤ ᠬᠠᠦᠯᠢ︾ ᠵᠡᠷᠭᠡ ᠬᠠᠦᠯᠢ ᠴᠠᠭᠠᠵᠠ ᠬᠠᠦᠯᠢ ᠳᠦᠷᠢᠮ ᠪᠠ ᠰᠣᠷᠭᠠᠭᠤᠯᠢ ᠶᠢᠨ ᠳᠥᠷᠢᠮ ᠲᠣᠠᠠᠳᠠᠭᠠᠯ ᠢ ᠦᠨᠳᠣᠰᠣᠯᠡᠨ ᠰᠢᠢᠳᠪᠦᠷᠢᠯᠡᠵᠦ᠂ ᠰᠣᠷᠭᠠᠭᠤᠯᠢ ᠶᠢᠨ ᠪᠠᠭᠰᠢ ᠰᠣᠷᠣᠠᠠᠴᠢᠳ ᠪᠤᠯᠥᠨ ᠬᠠᠮᠢᠶ᠎ᠠ ᠪᠦᠬᠦᠢ ᠳᠡᠯ᠎ᠠ ᠶᠢᠨ ᠡᠷᠬᠡ ᠠᠰᠢᠭ ᠢ ᠦᠨᠡᠨ ᠬᠦ ᠪᠠᠳᠣᠯᠠᠨ᠎ᠠ᠃      ᠭᠤᠴᠢ ᠶᠢᠰᠦᠳᠣᠭᠡᠷ ᠵᠦᠢᠯ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢ ᠵᠣᠠᠠᠰᠣᠭᠠᠬᠤ ᠦᠶᠡᠰ᠂ ᠴᠠᠭ ᠲᠣᠬᠠᠢ ᠳᠤ ᠨᠢ ᠪᠠᠶᠢᠭᠤᠯᠥᠮᠵᠢ ᠶᠢ ᠬᠦᠴᠦᠨ ᠦᠭᠡᠢ ᠪᠤᠯᠭᠠᠬᠤ᠂ ᠳᠠᠩᠰᠠᠯᠠᠯᠲᠠ ᠶᠢ ᠬᠦᠴᠣᠨ ᠦᠭᠡᠢ ᠪᠤᠯᠭᠠᠬᠤ ᠭᠠᠷᠳᠡᠮ ᠢ ᠬᠦᠢᠴᠡᠳᠭᠡᠵᠦ᠂ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠵᠦᠪᠰᠢᠶᠡᠷᠡᠯ ᠤᠨ ᠦᠨᠡᠮᠯᠡᠯ ᠤᠨ ᠵᠢᠩᠬᠢᠨᠢ ᠪᠠ ᠬᠠᠭᠤᠯᠪᠤᠷᠢ ᠳᠡᠪᠳᠡᠷ᠂ ᠳᠡᠮᠠᠭ᠎ᠠ ᠶᠢ ᠣᠣᠯ ᠤᠨ ᠬᠢᠨᠡᠨ ᠵᠦᠪᠰᠢᠶᠡᠷᠡᠭᠰᠡᠨ ᠪᠠᠶᠢᠭᠤᠯᠭ᠎ᠠ ᠳᠤ ᠲᠣᠰᠢᠶᠡᠵᠦ᠂ ᠡᠵᠡᠩᠨᠡᠯᠳᠡ ᠶᠢᠨ ᠦᠨᠡᠮᠯᠡᠯ ᠤᠨ ᠵᠢᠩᠬᠢᠨᠢ ᠪᠠ ᠬᠠᠭᠤᠯᠪᠤᠷᠢ ᠳᠡᠪᠳᠡᠷ ᠢ ᠣᠣᠯ ᠤᠨ ᠳᠠᠩᠰᠠᠯᠠᠨ ᠬᠠᠮᠢᠶᠡᠷᠬᠤ ᠪᠠᠶᠢᠭᠤᠯᠭ᠎ᠠ ᠳᠤ ᠲᠣᠰᠢᠶᠡᠬᠤ ᠭᠡᠷᠡᠭᠳᠡᠢ᠃      ᠳᠥᠴᠢᠳᠦᠬᠡᠷ ᠵᠦᠢᠯ  ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢ ᠰᠠᠯᠭᠠᠬᠤ᠂ ᠨᠡᠶᠢᠯᠡᠬᠦᠯᠬᠦ᠂ ᠵᠣᠠᠠᠰᠣᠭᠠᠬᠤ ᠵᠡᠷᠭᠡ ᠴᠢᠬᠤᠯᠡ ᠵᠦᠢᠯ ᠢ ᠬᠤᠪᠢᠷᠠᠭᠤᠯᠬᠤ ᠳᠤ᠂ ᠰᠣᠷᠭᠠᠭᠤᠯᠢ ᠶᠢᠨ ᠨᠠᠮ ᠤᠨ ᠵᠤᠬᠢᠶᠡᠨ ᠪᠠᠶᠢᠭᠤᠯᠥᠯᠳᠡ ᠴᠠᠭ ᠲᠤᠬᠠᠢ ᠳᠤ ᠨᠢ ᠳᠡᠭᠡᠳᠦ ᠱᠠᠳᠣᠨ ᠤ ᠨᠠᠮ ᠤᠨ ᠵᠤᠬᠢᠶᠡᠨ ᠪᠠᠶᠢᠭᠤᠯᠥᠯᠳᠡ ᠳᠤ ᠪᠠᠨ ᠮᠡᠳᠡᠬᠦᠯᠵᠦ᠂ ᠳᠡᠭᠡᠳᠦ ᠱᠠᠳᠣᠨ ᠤ ᠨᠠᠮ ᠤᠨ ᠵᠤᠬᠢᠶᠡᠨ ᠪᠠᠶᠢᠭᠤᠯᠥᠯᠳᠡ ᠨᠢ ᠰᠣᠷᠭᠠᠭᠤᠯᠢ ᠶᠢᠨ ᠨᠠᠮ ᠤᠨ ᠵᠤᠬᠢᠶᠡᠨ ᠪᠠᠶᠢᠭᠤᠯᠥᠯᠳᠡ ᠶᠢ ᠬᠤᠪᠢᠷᠡᠭᠤᠯᠬᠤ ᠪᠤᠶᠤ ᠬᠦᠴᠣᠨ ᠦᠭᠡᠢ ᠪᠤᠯᠭᠠᠬᠤ ᠲᠣᠠᠠᠳᠠᠭᠠᠯ ᠭᠠᠷᠭᠠᠨ᠎ᠠ᠃      ᠨᠠᠢᠮᠠᠳᠤᠭᠠᠷ ᠪᠦᠯᠦᠭ  ᠬᠢᠨᠠᠯᠲᠠ ᠲᠠᠯᠪᠢᠬᠤ ᠪᠠ ᠰᠢᠢᠳᠭᠡᠬᠦ      ᠳᠥᠴᠢᠨ ᠨᠢᠭᠡᠳᠦᠭᠡᠷ ᠵᠦᠢᠯ  ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠳᠤ ᠲᠣᠭᠲᠠᠭᠠᠭᠰᠠᠨ ᠬᠠᠮᠢᠶᠠᠷᠤᠯᠲᠠ ᠶᠢᠨ ᠡᠷᠬᠡ ᠮᠡᠳᠡᠯ ᠢ ᠦᠨᠳᠦᠰᠦᠯᠡᠨ᠂ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠵᠢᠯ ᠤᠨ ᠪᠠᠶᠢᠴᠠᠭᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠵᠠᠬ᠎ᠠ ᠳᠡᠯᠭᠡᠬᠦᠷ ᠤᠨ ᠬᠢᠨᠡᠯᠳᠡ ᠬᠠᠮᠢᠶᠡᠷᠦᠯᠳᠡ ᠶᠢᠨ ᠰᠠᠯᠠᠭ᠎ᠠ ᠮᠦᠴᠢᠷ ᠨᠢ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠳᠤ ᠵᠢᠯ ᠤᠨ ᠮᠡᠳᠡᠬᠦᠯᠥᠯᠳᠡ ᠶᠢ ᠢᠯᠡ ᠨᠡᠶᠢᠳᠡᠯᠡᠬᠦ ᠳᠥᠷᠢᠮ ᠢ ᠭᠡᠷᠡᠭᠵᠢᠬᠦᠯᠥᠨ᠎ᠠ᠃      ᠳᠥᠴᠢᠨ ᠬᠤᠶᠠᠳᠤᠭᠠᠷ ᠵᠦᠢᠯ  ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ  ᠮᠥᠴᠢᠷ ᠤᠨ ᠬᠢᠨ ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠳᠤ ᠲᠣᠭᠲᠠᠭᠠᠭᠰᠠᠨ ᠬᠠᠮᠢᠶᠠᠷᠤᠯᠲᠠ ᠶᠢᠨ ᠡᠷᠬᠡ ᠮᠡᠳᠡᠯ ᠢ ᠦᠨᠳᠦᠰᠦᠯᠡᠨ᠂ ᠠᠰᠢᠭ ᠬᠤᠨᠵᠢᠪᠤᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠲᠣᠪᠴᠢ ᠳᠦᠷᠢᠮ ᠢ ᠬᠢᠨᠠᠨ ᠬᠠᠮᠢᠶᠠᠷᠬᠤ ᠡᠷᠴᠢᠮ ᠴᠢᠩᠭᠠᠷᠠᠭᠤᠯᠵᠤ᠂ ᠳᠠᠩᠰᠠᠯᠠᠭᠤᠯᠤᠭᠰᠠᠨ ᠦᠭᠡᠢ ᠰᠤᠷᠤᠭᠴᠢ ᠡᠯᠰᠡᠬᠦ ᠲᠣᠪᠴᠢ ᠳᠦᠷᠢᠮ᠂ ᠬᠤᠳᠠᠯ ᠬᠠᠭᠤᠷᠮᠠᠭ ᠢᠶᠠᠷ ᠰᠤᠷᠤᠭᠴᠢ ᠡᠯᠰᠡᠬᠦ ᠲᠣᠪᠴᠢ ᠳᠦᠷᠢᠮ ᠢ ᠨᠡᠶᠢᠲᠡᠯᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠬᠠᠤᠯᠢ ᠲᠣᠭᠲᠠᠭᠠᠯ ᠶᠣᠰᠣᠭᠠᠷ  ᠰᠢᠢᠳᠪᠦᠷᠢᠯᠡᠨ᠎ᠡ᠃      ᠳᠥᠴᠢᠨ ᠭᠤᠷᠪᠠᠳᠤᠭᠠᠷ ᠵᠦᠢᠯ  ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠳᠤ ᠲᠣᠭᠲᠠᠭᠠᠭᠰᠠᠨ ᠬᠠᠮᠢᠶᠠᠷᠤᠯᠲᠠ ᠶᠢᠨ ᠡᠷᠬᠡ ᠮᠡᠳᠡᠯ ᠢ ᠦᠨᠳᠦᠰᠦᠯᠡᠨ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠬᠢᠨᠠᠨ ᠵᠢᠯᠣᠭᠤᠳᠬᠤ ᠪᠠ ᠪᠠᠶᠢᠴᠠᠭᠠᠬᠤ ᠶᠢ ᠥᠷᠨᠢᠭᠦᠯᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠪᠤᠶᠤ ᠨᠠᠶᠢᠳᠠᠵᠤ ᠲᠣᠭᠲᠠᠮᠠᠯ ᠬᠤᠭᠤᠴᠠᠭ᠎ᠠ ᠲᠠᠢ ᠪᠠᠷ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠶᠢᠨ ᠬᠠᠮᠲᠤ᠂ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠭᠡᠮ ᠳᠤ ᠨᠡᠶᠢᠲᠡᠯᠡᠨ᠎ᠡ᠃      ᠳᠥᠴᠢᠨ ᠳᠥᠷᠪᠡᠳᠦᠭᠡᠷ ᠵᠦᠢᠯ  ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠦᠭᠰᠡᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠡᠯᠧᠺᠲᠷᠣᠨ ᠰᠤᠷᠭᠠᠭᠤᠯᠢ ᠶᠢᠨ ᠬᠠᠷᠢᠶᠠᠯᠠᠯ ᠪᠠ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠢ ᠬᠠᠤᠯᠢ ᠪᠣᠰᠤ ᠪᠠᠷ ᠣᠯᠭᠤᠭᠰᠠᠨ ᠪᠤᠶᠤ ᠬᠠᠭᠤᠷᠮᠠᠭ ᠵᠣᠬᠢᠶᠠᠭᠰᠠᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠬᠠᠤᠯᠢ ᠶᠣᠰᠣᠭᠠᠷ ᠰᠢᠢᠳᠪᠦᠷᠢᠯᠡᠨ᠎ᠡ᠃      ᠳᠥᠴᠢᠨ ᠲᠠᠪᠤᠳᠤᠭᠠᠷ ᠵᠦᠢᠯ  ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠢᠴᠢ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠢᠨᠠᠨ ᠪᠣᠳᠣᠬᠤ ᠶᠢ ᠬᠡᠷᠡᠭᠵᠢᠭᠦᠯᠵᠦ᠂ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠡᠳ᠋ ᠤᠨ ᠶᠠᠪᠤᠳᠠᠯ ᠡᠳ᠋ ᠬᠥᠷᠥᠩᠭᠡ ᠶᠢᠨ ᠪᠠᠶᠢᠳᠠᠯ ᠳᠤ ᠬᠢᠨᠠᠯᠲᠠ ᠲᠠᠯᠪᠢᠨ᠎ᠠ᠃      ᠳᠥᠴᠢᠨ ᠵᠢᠷᠭᠤᠳᠤᠭᠠᠷ ᠵᠦᠢᠯ  ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ           ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠵᠠᠷᠯᠢᠭᠳᠠᠵᠤ ᠬᠤᠭᠤᠴᠠᠭ᠎ᠠ ᠳᠣᠭᠲᠠᠭᠠᠨ ᠵᠠᠯᠠᠷᠠᠭᠤᠯᠤᠭᠤᠯᠬᠤ ᠶᠢᠨ ᠬᠠᠮᠲᠤ ᠰᠡᠷᠡᠮᠵᠢᠯᠡᠭᠦᠯᠦᠨ᠎ᠡ︔ ᠬᠠᠤᠯᠢ ᠪᠤᠰᠤ ᠣᠯᠵᠠᠪᠤᠷᠢ ᠲᠠᠢ ᠪᠣᠯ ᠬᠤᠷᠢᠶᠠᠭᠰᠠᠨ ᠰᠦᠢᠳᠬᠡᠯ ᠢ ᠪᠤᠴᠠᠭᠠᠭᠰᠠᠨ ᠤ ᠳᠠᠷᠠᠭ᠎ᠠ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠮᠵᠢᠯᠠᠨ           ᠠᠪᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ ᠰᠤᠷᠤᠭᠴᠢ ᠡᠯᠰᠡᠬᠦ ᠶᠢ ᠵᠠᠷᠯᠢᠭᠳᠠᠨ ᠵᠣᠭᠰᠣᠭᠠᠵᠤ᠂ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠨ᠎ᠠ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠰᠤᠷᠭᠠᠭᠤᠯᠢ ᠡᠷᠬᠢᠯᠡᠬᠦ ᠴᠢᠭᠯᠡᠯᠲᠡ᠂ ᠵᠢᠭᠠᠨ ᠰᠤᠷᠭᠠᠯᠲᠠ ᠶᠢᠨ ᠠᠭᠤᠯᠭ᠎ᠠ᠂ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠠᠴᠠ ᠵᠥᠷᠢᠴᠡᠵᠦ᠂ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠠᠴᠠ  ᠵᠦᠷᠢᠴᠡᠭᠰᠡᠨ᠃      ︵ᠬᠤᠶᠠᠷ︶ ᠰᠤᠷᠭᠠᠭᠤᠯᠢ ᠡᠷᠬᠢᠯᠡᠬᠦ ᠨᠥᠬᠦᠴᠡᠯ ᠨᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠬᠦᠷᠴᠦ ᠳᠡᠶᠢᠯᠬᠦ ᠦᠭᠡᠢ ᠠᠮᠤᠷ ᠲᠦᠪᠰᠢᠨ ᠤ ᠳᠠᠯᠳᠠ ᠭᠡᠮ  ᠣᠷᠣᠰᠢᠵᠤ ᠪᠠᠶᠢᠭ᠎ᠠ᠃      ︵ᠭᠤᠷᠪᠠ︶ ᠬᠤᠳᠠᠯ ᠬᠠᠭᠤᠷᠮᠠᠭ ᠬᠢᠷᠢ ᠬᠡᠮ ᠬᠠᠩᠭᠠᠬᠤ ᠪᠤᠶᠤ ᠬᠤᠳᠠᠯ ᠬᠠᠭᠤᠷᠮᠠᠭ ᠵᠠᠷ᠂ ᠤᠬᠠᠭᠤᠯᠭ᠎ᠠ ᠵᠡᠷᠭᠡ ᠠᠵᠢᠯᠯᠠᠭ᠎ᠠ ᠲᠠᠢ᠃      ︵ᠳᠥᠷᠪᠡ︶ ᠡᠨᠡ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠰᠤᠷᠤᠭᠴᠢ ᠡᠯᠰᠡᠵᠦ᠂ ᠰᠤᠷᠭᠠᠭᠤᠯᠢ ᠡᠷᠬᠢᠯᠡᠬᠦ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ᠃      ︵ᠲᠠᠪᠤ︶ ᠰᠤᠷᠭᠠᠭᠤᠯᠢ ᠶᠢᠨ ᠬᠠᠷᠢᠭᠤᠴᠠᠯᠭ᠎ᠠ ᠠᠴᠠ ᠪᠣᠯᠵᠤ ᠰᠤᠷᠭᠠᠨ ᠬᠥᠮᠦᠵᠢᠯ ᠵᠢᠭᠠᠨ ᠰᠤᠷᠭᠠᠯᠲᠠ ᠪᠣᠯᠤᠨ ᠠᠮᠤᠷ ᠲᠦᠪᠰᠢᠨ ᠤ ᠠᠳᠠᠯ ᠭᠠᠷᠤᠭᠰᠠᠨ᠃      ︵ᠵᠢᠷᠭᠤᠭ᠎ᠠ︶ ᠰᠤᠷᠭᠠᠭᠤᠯᠢ ᠡᠷᠬᠢᠯᠡᠬᠦ ᠪᠡᠯᠡ ᠮᠥᠩᠭᠦ ᠠᠴᠠ ᠳᠤᠲᠠᠭᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ᠃      ︵ᠳᠣᠯᠤᠭ᠎ᠠ︶ ᠪᠤᠰᠤᠳ ᠬᠠᠤᠯᠢ ᠴᠠᠭᠠᠵᠠ ᠬᠠᠤᠯᠢ ᠳᠦᠷᠢᠮ ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶᠢᠭ᠎ᠠ᠃      ᠳᠥᠴᠢᠨ ᠳᠣᠯᠣᠳᠤᠭᠠᠷ ᠵᠦᠢᠯ  ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠡᠷᠬᠢᠯᠡᠨ ᠪᠠᠶᠢᠭᠤᠯᠤᠭᠴᠢ ᠨᠢ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠳᠠᠬᠢᠵᠤ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ ᠪᠣᠯᠬᠤ ᠦᠭᠡᠢ᠄      ︵ᠨᠢᠭᠡ︶ ᠬᠠᠤᠯᠢ ᠶᠢᠨ ᠡᠷᠭᠡᠲᠦ ᠬᠥᠮᠦᠨ ᠤ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢ ᠪᠦᠷᠢᠨ ᠨᠠᠶᠢᠳᠠᠪᠤᠷᠢᠵᠢᠭᠤᠯᠤᠭ᠎ᠠ ᠦᠭᠡᠢ᠃      ︵ᠬᠤᠶᠠᠷ︶ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠠᠰᠢᠭ ᠬᠤᠨᠵᠢᠪᠣᠷᠢ ᠶᠢᠨ ᠴᠢᠨᠠᠷᠲᠠᠢ ᠪᠣᠯ᠂ ᠲᠡᠭᠦᠨ ᠢ ᠠᠵᠤ ᠠᠬᠤᠶᠢᠯᠠᠯ ᠤᠨ ᠡᠵᠡᠩᠨᠡᠯᠲᠡ ᠨᠢ ᠬᠡᠪ ᠤᠨ ᠪᠤᠰᠤ ᠨᠡᠷᠡᠰ ᠤᠨ  ᠵᠢᠭᠰᠠᠭᠠᠯᠲᠠ ᠪᠤᠶᠤ ᠬᠠᠤᠯᠢ ᠠᠴᠠ ᠵᠥᠷᠢᠴᠡᠨ ᠦᠨᠡᠨᠴᠢ ᠢᠲᠡᠭᠡᠮᠵᠢ ᠪᠠᠨ ᠠᠯᠳᠠᠭᠰᠠᠳ ᠳᠤ ᠣᠷᠣᠭᠤᠯᠤᠨ᠎ᠠ᠃      ︵ᠭᠤᠷᠪᠠ︶ ᠰᠤᠷᠭᠠᠭᠤᠯᠢ ᠡᠷᠬᠢᠯᠡᠬᠦ ᠨᠥᠬᠦᠴᠡᠯ ᠪᠠᠷᠢᠮᠵᠢᠶ᠎ᠠ ᠳᠤ ᠬᠦᠷᠬᠦ ᠦᠭᠡᠢ᠃      ︵ᠳᠥᠷᠪᠡ︶ ᠣᠶᠢᠷ᠎ᠠ ᠶᠢᠨ 2 ᠵᠢᠯ ᠤᠨ ᠵᠢᠯ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠳᠠᠯ ᠲᠠᠢ᠃          ︵ᠲᠠᠪᠤ︶ ᠬᠠᠤᠯᠢ ᠴᠠᠭᠠᠵᠠ‌ᠬᠠᠤᠯᠢ ᠳᠦᠷᠢᠮ ᠳᠤ ᠳᠣᠭᠲᠠᠭᠠᠭᠰᠠᠨ ᠪᠤᠰᠤᠳ ᠪᠠᠶᠢᠳᠠᠯ᠃      ᠶᠢᠰᠦᠳᠦᠭᠡᠷ ᠪᠦᠯᠦᠭ  ᠳᠠᠭᠠᠯᠳᠤᠭᠤᠯᠤᠭᠰᠠᠨ ᠳᠦᠷᠢᠮ      ᠳᠥᠴᠢᠨ ᠨᠠᠢᠮᠠᠳᠤᠭᠠᠷ ᠵᠦᠢᠯ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠶᠢ ᠬᠢᠨᠠᠨ ᠬᠠᠮᠢᠶᠠᠷᠬᠤ ᠳᠤ ᠲᠤᠰ ᠠᠷᠭ᠎ᠠ ᠪᠠᠷ ᠯᠠᠪᠯᠠᠯᠲᠠ ᠪᠣᠯᠭᠠᠨ           ᠬᠡᠷᠡᠭᠵᠢᠭᠦᠯᠦᠨ᠎ᠡ᠃      ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢ ᠬᠢᠨᠠᠨ ᠬᠠᠮᠢᠶᠠᠷᠬᠤ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠠᠷᠭ᠎ᠠ︾ ᠶᠢ ᠬᠡᠷᠡᠭᠯᠡᠵᠦ᠂ ᠲᠤᠰ ᠠᠷᠭ᠎ᠠ ᠳᠤ ᠲᠣᠭᠲᠠᠭᠠᠭᠰᠠᠨ ᠦᠭᠡᠢ ᠪᠠᠶᠢᠪᠠᠯ᠂ ᠲᠤᠰ ᠠᠷᠭ᠎ᠠ ᠶᠢ ᠬᠡᠷᠡᠭᠯᠡᠨ᠎ᠡ᠃      ᠳᠥᠴᠢ ᠶᠢᠰᠦᠳᠦᠭᠡᠷ ᠵᠦᠢᠯ ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠲᠠᠪᠢᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map