︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵2023 ᠣᠨ ᠳᠤ ᠵᠠᠰᠠᠪᠤᠷᠢ ᠣᠷᠣᠭᠤᠯᠤᠭᠰᠠᠨ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/23
      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠵᠢᠴᠢ ᠲᠡᠭᠦᠨ ᠤ ᠬᠡᠷᠡᠭᠵᠢᠭᠦᠯᠬᠦ ᠳᠦᠷᠢᠮ ᠢ ᠦᠨᠳᠦᠰᠦᠯᠡᠨ᠂ ︽ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠬᠢᠯᠡᠬᠦ ᠶᠢ ᠵᠣᠷᠢᠭᠵᠢᠭᠤᠯᠵᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ ᠤᠳ︾ ᠪᠣᠯᠤᠨ ︽ᠰᠤᠷᠭᠠᠨ ᠬᠥᠮᠦᠵᠢᠯ  ᠤᠨ ᠶᠠᠮᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠣᠪᠴᠢᠶ᠎ᠠ ᠶᠢᠨ ︿ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ  ᠲᠠᠷᠬᠠᠭᠠᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠣᠭᠤᠳᠴᠤ ᠵᠢᠷᠤᠮᠵᠢᠭᠤᠯᠬᠤ ᠶᠢᠨ ᠲᠥᠯᠦᠭᠡ᠂ 2023 ᠣᠨ ᠤ 10 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵2023 ᠣᠨ ᠳᠤ ᠵᠠᠰᠠᠪᠤᠷᠢ ᠣᠷᠣᠭᠤᠯᠤᠭᠰᠠᠨ︶︾ ︵ᠳᠣᠷᠣᠭᠰᠢ ︽ᠠᠷᠭ᠎ᠠ︾ ᠭᠡᠵᠦ ᠳᠦᠭᠦᠮᠴᠢᠯᠡᠨ᠎ᠡ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠲᠠᠶᠢᠯᠤᠮᠵᠢ ᠬᠢᠶ᠎ᠠ᠄      ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠶᠢᠨ 2016 ᠣᠨ ᠤ ᠵᠠᠰᠠᠪᠤᠷᠢ ᠣᠷᠣᠭᠤᠯᠤᠭᠰᠠᠨ ᠬᠠᠤᠯᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠦᠭᠡ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠪᠠ᠂ ᠭᠡᠪᠡᠴᠦ ᠲᠤᠰ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠬᠦᠴᠦᠨ ᠲᠠᠢ ᠬᠤᠭᠤᠴᠠᠭ᠎ᠠ ᠬᠤᠶᠠᠷ ᠵᠢᠯ ᠪᠠᠶᠢᠵᠤ᠂ ᠣᠳᠣ ᠨᠢᠭᠡᠨᠲᠡ ᠬᠦᠴᠦᠨ ᠦᠭᠡᠢ ᠪᠣᠯᠵᠤ ᠦᠷᠭᠦᠯᠵᠢᠯᠡᠨ ᠬᠡᠷᠡᠭᠯᠡᠬᠦ ᠶᠢᠨ ᠠᠷᠭ᠎ᠠ ᠦᠭᠡᠢ ᠪᠣᠯᠤᠭᠰᠠᠨ ᠪᠣᠯᠬᠤᠷ ᠲᠤᠰ ᠪᠢᠴᠢᠭ ᠮᠠᠲ᠋ᠧᠷᠢᠶᠠᠯ ᠳᠤ ᠳᠠᠬᠢᠨᠲᠠ ᠵᠠᠰᠠᠪᠤᠷᠢ           ᠣᠷᠣᠭᠤᠯᠪᠠ᠃      ᠬᠤᠶᠠᠷ᠂ ︽ᠠᠷᠭ᠎ᠠ︾ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠭᠰᠠᠨ ᠵᠣᠷᠢᠯᠭ᠎ᠠ      ︽ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ ᠲᠡᠮᠳᠡᠭᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠥᠷᠥᠯ ᠤᠨ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠭᠤᠣᠯᠴᠢᠯᠠᠨ ᠬᠠᠮᠢᠶᠠᠷᠤᠨ᠎ᠠ᠂ ᠡᠶᠢᠮᠦ ᠠᠴᠠ ᠬᠠᠮᠲᠤᠷᠠᠨ ᠪᠢᠴᠢᠭ ᠮᠠᠲ᠋ᠧᠷᠢᠶᠠᠯ ᠲᠣᠭᠲᠠᠭᠠᠬᠤ ᠬᠡᠯᠪᠡᠷᠢ ᠶᠢ ᠦᠷᠭᠦᠯᠵᠢᠯᠡᠨ ᠬᠡᠷᠡᠭᠯᠡᠵᠦ᠂ ᠨᠢᠭᠡᠳᠦᠯᠲᠡᠢ ᠲᠥᠯᠥᠪᠯᠡᠨ ᠬᠠᠮᠢᠶᠠᠷᠬᠤ ᠪᠠ ᠦᠢᠯᠡᠴᠢᠯᠡᠬᠦ ᠳᠤ ᠳᠥᠭᠦᠮ ᠦᠵᠡᠭᠦᠯᠵᠦ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠭᠠᠷᠬᠤ ᠠᠴᠠ ᠵᠠᠶᠢᠯᠠᠰᠬᠢᠪᠠ᠃      ᠭᠤᠷᠪᠠ᠂ ︽ᠠᠷᠭ᠎ᠠ︾ ᠶᠢᠨ ᠲᠣᠬᠢᠷᠠᠬᠤ ᠬᠡᠪᠴᠢᠶ᠎ᠡ      ︽ᠠᠷᠭ᠎ᠠ︾ ᠳᠤ᠄ ᠤᠯᠤᠰ ᠤᠨ ᠪᠠᠶᠢᠭᠤᠯᠤᠮᠵᠢ ᠠᠴᠠ ᠭᠠᠳᠠᠨᠠᠬᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠡᠳ᠋ ᠤᠨ ᠵᠠᠰᠠᠭ ᠤᠨ ᠪᠤᠰᠤ ᠴᠢᠨᠠᠷᠲᠠᠢ ᠵᠠᠷᠤᠳᠠᠯ᠂ ᠪᠡᠯᠡᠭᠯᠡᠨ ᠬᠦᠷᠭᠡᠭᠰᠡᠨ ᠪᠤᠰᠤ ᠡᠳ᠋ ᠬᠥᠷᠥᠩᠭᠡ ᠶᠢ ᠠᠰᠢᠭᠯᠠᠨ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠪᠠ ᠪᠤᠰᠤᠳ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠡᠷᠬᠢᠯᠡᠵᠦ ᠪᠣᠯᠤᠨ᠎ᠠ᠂ ᠭᠡᠪᠡᠴᠦ ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠡᠷᠬᠢᠯᠡᠵᠦ ᠪᠣᠯᠬᠤ ᠦᠭᠡᠢ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠡᠳ᠋ ᠤᠨ ᠵᠠᠰᠠᠭ ᠤᠨ ᠴᠢᠨᠠᠷᠲᠠᠢ ᠵᠠᠷᠤᠳᠠᠯ᠂ ᠪᠡᠯᠡᠭᠯᠡᠨ ᠬᠦᠷᠭᠡᠭᠰᠡᠨ ᠡᠳ᠋ ᠬᠥᠷᠥᠩᠭᠡ ᠪᠠᠷ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠡᠷᠬᠢᠯᠡᠬᠦ ᠪᠤᠶᠤ ᠲᠡᠭᠦᠨ ᠳᠤ ᠣᠷᠣᠯᠴᠠᠵᠤ ᠪᠣᠯᠬᠤ ᠦᠭᠡᠢ᠃      ᠳᠥᠷᠪᠡ᠂ ︽ᠠᠷᠭ᠎ᠠ︾ ᠶᠢᠨ ᠭᠤᠣᠯ ᠠᠭᠤᠯᠭ᠎ᠠ      ︽ᠠᠷᠭ᠎ᠠ︾ ᠶᠢᠨ ᠪᠦᠬᠦ ᠠᠭᠤᠯᠭ᠎ᠠ ᠶᠢ ᠶᠢᠰᠦᠨ ᠪᠦᠯᠦᠭ᠂ ᠲᠠᠪᠢᠨ ᠵᠦᠢᠯ ᠬᠤᠪᠢᠶᠠᠪᠠ᠃ ᠰᠤᠷᠭᠠᠭᠤᠯᠢ ᠪᠠᠶᠢᠭᠤᠯᠬᠤ᠂ ᠬᠤᠪᠢᠷᠠᠭᠤᠯᠬᠤ ᠪᠠ ᠵᠣᠭᠰᠣᠭᠠᠬᠤ ᠶᠠᠪᠤᠴᠠ ᠵᠢᠴᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠡᠳ᠋ ᠤᠨ ᠶᠠᠪᠤᠳᠠᠯ ᠡᠳ᠋ ᠬᠥᠷᠥᠩᠭᠡ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠡᠳᠦᠷ ᠲᠤᠲᠤᠮ ᠤᠨ ᠬᠠᠮᠢᠶᠠᠷᠤᠯᠲᠠ  ᠶᠢᠨ ᠲᠠᠯ᠎ᠠ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ ᠬᠢᠨᠠᠯᠲᠠ ᠲᠠᠯᠪᠢᠵᠤ ᠰᠢᠢᠳᠬᠡᠬᠦ ᠭᠤᠣᠯ ᠴᠣᠭᠴᠠ ᠪᠠ ᠪᠠᠶᠢᠳᠠᠯ ᠢ ᠲᠣᠭᠲᠠᠭᠠᠪᠠ᠃      ︽ᠠᠷᠭ᠎ᠠ︾ ᠨᠢ ︽ᠰᠤᠷᠭᠠᠨ ᠬᠥᠮᠦᠵᠢᠯ ᠤᠨ ᠶᠠᠮᠤᠨ ᠤ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠣᠪᠴᠢᠶ᠎ᠠ ᠶᠢᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠨ ᠳᠤ ᠪᠠᠨ ᠨᠢᠭᠡᠳᠦᠯᠲᠡᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠵᠤ᠂ ᠨᠡᠩ ᠲᠡᠭᠦᠯᠳᠡᠷᠵᠢᠭᠰᠡᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠵᠤ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ︽ᠬᠠᠮᠢᠭ᠎ᠠ ᠣᠴᠢᠵᠤ ᠳᠠᠩᠰᠠᠯᠠᠭᠤᠯᠬᠤ︾᠂ ︽ᠶᠠᠭᠠᠬᠢᠵᠤ ᠳᠠᠩᠰᠠᠯᠠᠭᠤᠯᠬᠤ︾᠂ ︽ᠶᠠᠭᠠᠬᠢᠵᠤ ᠵᠢᠷᠤᠮᠵᠢᠭᠤᠯᠬᠤ︾ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠪᠡ᠃      ᠲᠠᠪᠤ᠂ ︽ᠠᠷᠭ᠎ᠠ︾ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠠᠶᠢᠭᠤᠯᠬᠤ ᠪᠠ ᠳᠠᠩᠰᠠᠯᠠᠨ ᠲᠡᠮᠳᠡᠭᠯᠡᠬᠦ ᠲᠤᠬᠠᠢ ᠲᠣᠭᠲᠠᠭᠠᠯ ᠭᠠᠷᠭᠠᠪᠠ      ︽ᠠᠷᠭ᠎ᠠ︾ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠪᠠᠶᠢᠭᠤᠯᠬᠤ ᠨᠥᠬᠦᠴᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠪᠡᠯᠡ ᠮᠥᠩᠭᠦ᠂ ᠰᠤᠷᠭᠠᠭᠤᠯᠢ ᠡᠷᠬᠢᠯᠡᠬᠦ ᠠᠭᠤᠯᠭ᠎ᠠ ᠵᠡᠷᠭᠡ ᠶᠢ ᠲᠣᠳᠣᠷᠬᠠᠶᠢᠯᠠᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠨ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠡᠯᠡ ᠮᠥᠩᠭᠦ ᠶᠢ ᠬᠠᠮᠢᠶᠠᠷᠣᠨ ᠡᠵᠡᠮᠳᠡᠬᠦ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠭᠤᠯᠭ᠎ᠠ ᠨᠢ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠵᠡᠷᠭᠡ ᠵᠦᠢᠯ ᠳᠤ ᠨᠡᠶᠢᠴᠡᠪᠡᠯ ᠵᠣᠬᠢᠨ᠎ᠠ ᠭᠡᠵᠦ ᠲᠣᠭᠲᠠᠭᠠᠵᠠᠢ᠃ ᠡᠭᠦᠨ ᠤ ᠬᠠᠮᠲᠤ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠡᠯᠡᠳᠭᠡᠨ ᠪᠠᠶᠢᠭᠤᠯᠬᠤ ᠪᠠ ᠪᠠᠶᠢᠭᠤᠯᠬᠤ ᠭᠡᠵᠦ ᠬᠤᠶᠠᠷ ᠱᠠᠲᠤ ᠬᠤᠪᠢᠶᠠᠨ᠂ ᠬᠤᠯᠪᠣᠭᠳᠠᠯ ᠪᠦᠬᠦᠢ ᠱᠠᠭᠠᠷᠳᠠᠯᠭ᠎ᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠨ ᠬᠠᠮᠢᠶᠠᠷᠬᠤ ᠠᠷᠭ᠎ᠠ ︵ᠵᠠᠰᠠᠪᠤᠷᠢ ᠣᠷᠣᠭᠤᠯᠤᠭᠰᠠᠨ︶︾ ᠲᠠᠢ ᠨᠢᠭᠡᠳᠦᠯᠲᠡᠢ ᠪᠠᠶᠢᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃      ᠵᠢᠷᠭᠤᠭ᠎ᠠ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ      ᠵᠠᠰᠠᠪᠤᠷᠢ ᠣᠷᠣᠭᠤᠯᠬᠤ ᠠᠴᠠ ᠡᠮᠦᠨᠡᠬᠢ ᠲᠠᠢ ᠬᠠᠷᠢᠴᠠᠭᠤᠯᠪᠠᠯ᠂ ︽ᠠᠷᠭ᠎ᠠ︾ ᠨᠢ ᠮᠥᠨ ᠯᠡ 9 ᠪᠦᠯᠦᠭ ᠪᠠᠶᠢᠭᠰᠠᠨ ᠪᠣᠯᠪᠠᠴᠤ 53 ᠵᠦᠢᠯ ᠠᠴᠠ 50 ᠵᠦᠢᠯ ᠪᠣᠯᠤᠨ ᠬᠤᠪᠢᠷᠠᠵᠤ᠂ 4 ᠵᠦᠢᠯ ᠢ ᠬᠠᠰᠤᠵᠤ᠂ 1 ᠵᠦᠢᠯ ᠢ ᠰᠢᠨ᠎ᠡ ᠪᠠᠷ ᠨᠡᠮᠡᠪᠡ᠃      ᠨᠢᠭᠡ ᠳᠤ᠂ ︽ᠠᠷᠭ᠎ᠠ︾ ᠶᠢᠨ ᠬᠠᠤᠯᠢ ᠴᠠᠭᠠᠵᠠ ᠶᠢᠨ ᠦᠨᠳᠦᠰᠦᠯᠡᠯ ᠪᠠ ᠵᠢᠷᠤᠮᠵᠢᠭᠤᠯᠤᠭᠰᠠᠨ ᠬᠠᠷᠢᠴᠠᠩᠭᠤᠢ ᠲᠣᠭᠲᠠᠭᠤᠨ ᠴᠢᠨᠠᠷ ᠢ ᠪᠠᠲᠤᠯᠠᠬᠤ ᠶᠢᠨ ᠲᠥᠯᠥᠭᠡ᠂ ︽ᠠᠷᠭ᠎ᠠ︾ ᠳᠠᠬᠢ ᠵᠠᠷᠢᠮ ᠵᠦᠢᠯ ᠳᠤ ᠬᠠᠤᠯᠢ ᠴᠠᠭᠠᠵᠠ ᠶᠢᠨ ᠦᠨᠳᠦᠰᠦᠯᠡᠯ ᠪᠠ ᠦᠨᠳᠦᠰᠦᠨ ᠵᠦᠢᠯ ᠢ ᠪᠠᠲᠤᠯᠠᠬᠤ ᠲᠣᠭᠲᠠᠭᠠᠯ ᠢ ᠨᠡᠮᠡᠪᠡ᠃ ᠨᠢᠭᠡᠳᠦᠭᠡᠷ ᠵᠦᠢᠯ ᠤᠨ ᠬᠠᠤᠯᠢ ᠴᠠᠭᠠᠵᠠ ᠶᠢᠨ ᠦᠨᠳᠦᠰᠦᠯᠡᠯ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠶᠢ ᠨᠡᠮᠡᠭᠰᠡᠨ ᠤ ᠬᠠᠮᠲᠤ ︽ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ︾ ᠤᠨ ᠦᠨᠳᠦᠰᠦᠨ ᠵᠦᠢᠯ ᠢ ᠪᠠᠲᠤᠯᠠᠬᠤ ᠲᠣᠭᠲᠠᠭᠠᠯ ᠢ ᠨᠡᠮᠡᠪᠡ᠃ ᠡᠭᠦᠨ ᠤ ᠬᠠᠮᠲᠤ᠂ ᠠᠷᠪᠠᠨ ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ᠂ ᠭᠤᠴᠢᠨ ᠳᠣᠯᠣᠳᠤᠭᠠᠷ ᠵᠦᠢᠯ ᠳᠤ ︽ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠳᠤ ᠬᠤᠷᠢᠭᠯᠠᠭᠰᠠᠨ ᠪᠤᠰᠤᠳ ᠪᠠᠶᠢᠳᠠᠯ︾ ᠪᠤᠶᠤ ︽ᠬᠠᠤᠯᠢ ᠴᠠᠭᠠᠵᠠ ᠳᠤ ᠲᠣᠭᠲᠠᠭᠠᠭᠰᠠᠨ ᠪᠤᠰᠤᠳ ᠪᠠᠶᠢᠳᠠᠯ︾ ᠤᠨ ᠦᠨᠳᠦᠰᠦᠨ ᠵᠦᠢᠯ ᠢ ᠪᠠᠲᠤᠯᠠᠬᠤ ᠲᠣᠭᠲᠠᠭᠠᠯ ᠢ ᠨᠡᠮᠡᠪᠡ᠃      ᠬᠤᠶᠠᠷ ᠲᠤ᠂ ︽ᠠᠷᠭ᠎ᠠ︾ ᠶᠢᠨ ᠠᠭᠤᠯᠭ᠎ᠠ ᠶᠢ ᠲᠡᠭᠦᠯᠳᠡᠷᠵᠢᠭᠦᠯᠪᠡ᠃ ︽ᠠᠷᠭ᠎ᠠ︾ ᠶᠢᠨ ᠬᠤᠶᠠᠳᠤᠭᠠᠷ ᠵᠦᠢᠯ ᠳᠤ ᠬᠤᠶᠠᠳᠤᠭᠠᠷ ᠵᠤᠷᠪᠤᠰ ᠢ ᠨᠡᠮᠡᠵᠦ᠂ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠡᠳ᠋ ᠤᠨ ᠵᠠᠰᠠᠭ ᠤᠨ ᠴᠢᠨᠠᠷᠲᠠᠢ ᠵᠠᠷᠤᠳᠠᠯ᠂ ᠡᠳ᠋ ᠬᠥᠷᠥᠩᠭᠡ ᠪᠠᠷ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ ᠪᠣᠯᠬᠤ ᠦᠭᠡᠢ︾︔ ᠡᠭᠦᠨ ᠤ ᠬᠠᠮᠲᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠲᠠᠢ ᠨᠢᠭᠡᠳᠦᠯᠲᠡᠢ ᠪᠠᠷ ︽ᠠᠷᠭ᠎ᠠ︾ ᠶᠢᠨ ᠭᠤᠴᠢᠨ ᠲᠠᠪᠤᠳᠤᠭᠠᠷ ᠵᠦᠢᠯ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠨᠡᠮᠡᠵᠦ᠂ ︽ᠡᠭᠦᠨ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢ ᠰᠠᠯᠭᠠᠵᠤ᠂ ᠨᠡᠶᠢᠯᠡᠭᠦᠯᠵᠦ᠂ ᠵᠣᠭᠰᠣᠭᠠᠵᠤ᠂ ᠨᠡᠷᠡᠶᠢᠳᠦᠯ ᠢ ᠨᠢ ᠬᠤᠪᠢᠷᠠᠭᠤᠯᠬᠤ ᠶᠢ ᠰᠤᠷᠭᠠᠨ ᠬᠥᠮᠦᠵᠢᠯ ᠤᠨ ᠶᠠᠮᠤᠨ ᠠᠴᠠ ᠬᠢᠨᠠᠨ ᠵᠥᠪᠰᠢᠶᠡᠷᠡᠨ᠎ᠡ᠂ ᠪᠤᠰᠤᠳ ᠵᠦᠢᠯ ᠢ ᠬᠤᠪᠢᠷᠠᠭᠤᠯᠬᠤ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠦᠪᠰᠢᠶᠡᠷᠡᠨ᠎ᠡ︾᠃      ᠭᠤᠷᠪᠠ ᠳᠤ᠂ ᠬᠠᠰᠤᠬᠤ ᠳᠤ ᠳᠥᠭᠦᠮ᠂ ᠠᠵᠢᠯᠯᠠᠬᠤ ᠳᠤ ᠳᠥᠭᠦᠮ ᠪᠠᠶᠢᠬᠤ ᠵᠠᠷᠴᠢᠮ ᠶᠣᠰᠣᠭᠠᠷ᠂ ᠠᠳᠠᠯᠢ ᠨᠢᠭᠡᠨ ᠠᠭᠤᠯᠭ᠎ᠠ ᠶᠢᠨ ᠲᠣᠭᠲᠠᠭᠠᠯ ᠢ ᠨᠡᠶᠢᠯᠡᠭᠦᠯᠵᠦ᠂ ᠳᠠᠪᠬᠤᠷᠳᠠᠭᠤᠯᠬᠤ ᠠᠴᠠ ᠵᠠᠶᠢᠯᠠᠰᠬᠢᠪᠠ᠃ ᠵᠢᠱᠢᠶᠡᠯᠡᠪᠡᠯ᠂ ᠤᠤᠯ ᠠᠷᠭ᠎ᠠ ᠶᠢᠨ ᠬᠤᠶᠠᠳᠤᠭᠠᠷ ᠵᠦᠢᠯ᠂ ᠵᠢᠷᠭᠤᠳᠤᠭᠠᠷ ᠵᠦᠢᠯ᠂ ᠲᠠᠪᠢᠨ ᠨᠢᠭᠡᠳᠦᠭᠡᠷ ᠵᠦᠢᠯ ᠳᠤ ᠴᠥᠮ ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠳᠤ ᠲᠣᠭᠲᠠᠭᠠᠯ ᠭᠠᠷᠭᠠᠵᠤ᠂ ᠣᠨᠴᠠᠭᠠᠶᠢᠯᠠᠨ ᠲᠠᠪᠢᠨ ᠨᠢᠭᠡᠳᠦᠭᠡᠷ ᠵᠦᠢᠯ ᠳᠤ ︽ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠲᠤᠰ ᠠᠷᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ︾ ᠭᠡᠵᠦ ᠲᠣᠭᠲᠠᠭᠠᠭᠠᠳ᠂ ᠳᠠᠪᠬᠤᠷᠳᠠᠭᠤᠯᠬᠤ ᠠᠴᠠ ᠵᠠᠶᠢᠯᠠᠰᠬᠢᠬᠤ  ᠶᠢᠨ ᠲᠥᠯᠦᠭᠡ᠂ ︽ᠠᠷᠭ᠎ᠠ︾ ᠶᠢᠨ ᠬᠤᠶᠠᠳᠤᠭᠠᠷ ᠵᠦᠢᠯ᠂ ᠵᠢᠷᠭᠤᠳᠤᠭᠠᠷ ᠵᠦᠢᠯ ᠢ ᠬᠠᠰᠤᠵᠤ᠂ ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠶᠢᠨ ᠲᠤᠬᠠᠢ ᠳᠥᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ︽ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠲᠤᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ︾ ᠭᠡᠵᠦ ᠲᠣᠳᠣᠷᠬᠠᠢ ᠲᠣᠭᠲᠠᠭᠠᠵᠠᠢ᠃      ᠳᠥᠷᠪᠡ ᠳᠤ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠠᠮᠤᠷ ᠲᠦᠪᠰᠢᠨ᠂ ᠲᠦᠭᠰᠢᠭᠦᠷᠢ ᠶᠢ ᠡᠵᠡᠮᠳᠡᠬᠦ ᠲᠤᠬᠠᠢ ᠲᠠᠨᠢᠯᠲᠠ᠂ ᠬᠠᠮᠢᠶᠠᠷᠤᠯᠲᠠ ᠪᠠ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠤᠤᠯ ᠤᠨ ᠠᠷᠭ᠎ᠠ ᠶᠢᠨ ᠲᠠᠪᠤᠳᠤᠭᠠᠷ ᠪᠦᠯᠦᠭ ᠤᠨ ᠡᠳ᠋ ᠤᠨ ᠶᠠᠪᠤᠳᠠᠯ ᠡᠳ᠋ ᠬᠥᠷᠥᠩᠭᠡ ᠳᠠᠬᠢ ᠭᠤᠴᠢᠨ ᠭᠤᠷᠪᠠᠳᠤᠭᠠᠷ ᠵᠦᠢᠯ᠂ ᠲᠤᠬᠠᠶᠢᠯᠠᠪᠠᠯ ᠰᠤᠷᠭᠠᠭᠤᠯᠢ ᠶᠢᠨ ᠠᠮᠤᠷ ᠲᠦᠪᠰᠢᠨ᠂ ᠲᠦᠭᠰᠢᠭᠦᠷᠢ ᠶᠢᠨ ᠬᠠᠮᠢᠶᠠᠷᠤᠯᠲᠠ ᠵᠢᠴᠢ ᠰᠤᠷᠭᠠᠭᠤᠯᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠬᠠᠷᠢᠭᠤᠴᠠᠯᠭ᠎ᠠ ᠶᠢ ᠳᠣᠭᠲᠠᠭᠠᠭᠰᠠᠨ ᠵᠦᠢᠯ ᠢ ︽ᠠᠷᠭ᠎ᠠ︾ ᠶᠢᠨ ᠨᠢᠭᠡᠳᠦᠭᠡᠷ ᠪᠦᠯᠦᠭ ᠤᠨ ᠶᠡᠷᠦᠩᠬᠡᠢ ᠳᠦᠷᠢᠮ ᠤᠨ ᠲᠠᠪᠤᠳᠤᠭᠠᠷ ᠵᠦᠢᠯ ᠳᠤ ᠲᠣᠬᠢᠷᠠᠭᠤᠯᠪᠠ᠃      ᠲᠠᠪᠤ ᠳᠤ᠂ ︽ᠠᠷᠭ᠎ᠠ︾ ᠳᠤ ᠪᠡᠯᠡ ᠣᠷᠣᠭᠤᠯᠬᠤ ᠬᠡᠯᠪᠡᠷᠢ ᠶᠢᠨ ᠲᠤᠬᠠᠢ ᠵᠢᠷᠤᠮᠵᠢᠯ ᠤᠨ ᠴᠢᠨᠠᠷᠲᠠᠢ ᠲᠣᠭᠲᠠᠭᠠᠯ ᠢ ᠰᠢᠨ᠎ᠡ ᠪᠠᠷ ᠨᠡᠮᠡᠪᠡ᠃ ︽ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠶᠢᠨ ᠬᠡᠷᠡᠭᠵᠢᠭᠦᠯᠬᠦ ᠳᠦᠷᠢᠮ︾ ᠤᠨ ᠬᠤᠷᠢᠨ ᠨᠢᠭᠡᠳᠦᠭᠡᠷ ᠵᠦᠢᠯ ᠤᠨ ︽ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠡᠷᠬᠢᠯᠡᠬᠦ ᠪᠡᠯᠡ ᠮᠥᠩᠭᠦ᠂ ᠳᠠᠩᠰᠠᠯᠠᠭᠤᠯᠤᠭᠰᠠᠨ ᠬᠥᠷᠥᠩᠭᠡ ᠨᠢ ᠰᠤᠷᠭᠠᠭᠤᠯᠢ ᠶᠢᠨ ᠲᠥᠷᠥᠯ ᠬᠡᠯᠪᠡᠷᠢ᠂ ᠳᠡᠰ ᠳᠠᠪᠬᠤᠷᠭ᠎ᠠ᠂ ᠰᠤᠷᠭᠠᠭᠤᠯᠢ ᠡᠷᠬᠢᠯᠡᠬᠦ ᠬᠡᠪᠴᠢᠶ᠎ᠡ ᠯᠦᠭᠡ ᠬᠠᠷᠢᠯᠴᠠᠨ ᠲᠣᠬᠢᠷᠠᠬᠤ ᠬᠡᠷᠡᠭᠲᠡᠢ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠵᠢᠩᠬᠢᠨᠢ ᠪᠠᠷ ᠪᠠᠶᠢᠭᠤᠯᠬᠤ ᠦᠶᠡᠰ᠂ ᠡᠷᠬᠢᠯᠡᠬᠦ ᠪᠡᠯᠡ ᠮᠥᠩᠭᠦ᠂ ᠳᠠᠩᠰᠠᠯᠠᠭᠤᠯᠤᠭᠰᠠᠨ ᠬᠥᠷᠥᠩᠭᠡ ᠪᠠᠨ ᠭᠦᠢᠴᠡᠳ ᠲᠤᠰᠢᠶᠠᠬᠤ ᠬᠡᠷᠡᠭᠲᠡᠢ︾ ᠭᠡᠬᠦ ᠲᠣᠭᠲᠠᠭᠠᠯ ᠢ ᠦᠨᠳᠦᠰᠦᠯᠡᠨ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽ᠠᠷᠭ᠎ᠠ︾ ᠳᠤ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠡᠯᠡ ᠣᠷᠣᠭᠤᠯᠬᠤ ᠬᠡᠯᠪᠡᠷᠢ ᠪᠠ ᠪᠡᠯᠡ ᠣᠷᠣᠭᠤᠯᠬᠤ ᠶᠢ ᠬᠤᠷᠢᠭᠯᠠᠬᠤ ᠬᠡᠯᠪᠡᠷᠢ ᠳᠤ ᠵᠢᠷᠤᠮᠵᠢᠭᠤᠯᠤᠭᠰᠠᠨ ᠲᠣᠭᠲᠠᠭᠠᠯ ︵ᠳᠠᠷᠤᠢ ᠠᠷᠪᠠᠨ ᠨᠢᠭᠡᠳᠦᠭᠡᠷ ᠵᠤᠷᠪᠤᠰ︶ ᠢ ᠰᠢᠨ᠎ᠡ ᠪᠠᠷ ᠨᠡᠮᠡᠵᠦ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠪᠡᠯᠡ ᠣᠷᠣᠭᠤᠯᠬᠤ ᠶᠢ ᠵᠢᠷᠤᠮᠵᠢᠯ ᠲᠠᠢ  ᠪᠠᠶᠢᠯᠭᠠᠬᠤ ᠶᠢ ᠦᠨᠡᠨ ᠬᠦ ᠪᠠᠲᠤᠯᠠᠪᠠ᠃      ᠵᠢᠷᠭᠤᠭ᠎ᠠ ᠳᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠬᠠᠷᠢᠯᠴᠠᠨ ᠵᠥᠷᠢᠴᠡᠯᠳᠦᠬᠦ ᠠᠴᠠ ᠵᠠᠶᠢᠯᠠᠰᠬᠢᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠪᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ ᠨᠡᠶᠢᠲᠡᠯᠡᠨ ᠬᠡᠷᠡᠭᠵᠢᠭᠦᠯᠵᠦ᠂ ︽ᠠᠷᠭ᠎ᠠ︾ ᠶᠢᠨ ᠳᠥᠴᠢᠨ ᠨᠠᠢᠮᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ︽ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠠᠷᠭ᠎ᠠ︾ ᠶᠢ ᠬᠡᠷᠡᠭᠯᠡᠵᠦ᠂ ᠲᠤᠰ ᠠᠷᠭ᠎ᠠ ᠳᠤ ᠳᠣᠭᠲᠠᠭᠠᠭᠰᠠᠨ ᠦᠭᠡᠢ ᠪᠣᠯ᠂ ᠲᠤᠰ ᠠᠷᠭ᠎ᠠ ᠶᠢ ᠬᠡᠷᠡᠭᠯᠡᠨ᠎ᠡ᠃      ᠳᠣᠯᠤᠭ᠎ᠠ᠂ ︽ᠠᠷᠭ᠎ᠠ︾ ᠨᠢ ᠬᠢᠨᠠᠯᠲᠠ ᠬᠠᠮᠢᠶᠠᠷᠤᠯᠲᠠ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠢ ᠲᠣᠭᠲᠠᠭᠠᠯ ᠭᠠᠷᠭᠠᠪᠠ      ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠲᠠ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠢᠯᠣᠭᠤᠳᠣᠯᠭ᠎ᠠ ᠪᠠ ᠬᠢᠨᠠᠯᠲᠠ ᠶᠢ ᠰᠠᠶᠢᠲᠤᠷ ᠬᠢᠵᠦ᠂ ᠬᠤᠲᠠ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠦᠨᠳᠦᠰᠦᠯᠡᠨ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠲᠤᠰᠬᠠᠢ ᠪᠠᠶᠢᠴᠠᠭᠠᠯᠲᠠ᠂ ᠡᠳᠦᠷ ᠲᠤᠲᠤᠮ ᠤᠨ ᠪᠠᠶᠢᠴᠠᠭᠠᠯᠲᠠ᠂ ᠰᠤᠷᠭᠠᠭᠤᠯᠢ ᠡᠷᠬᠢᠯᠡᠬᠦ ᠦᠨᠡᠯᠡᠨ ᠵᠢᠱᠢᠯᠲᠡ᠂ ᠵᠢᠯ ᠤᠨ ᠪᠠᠶᠢᠴᠠᠭᠠᠯᠲᠠ᠂ ᠵᠢᠯ ᠤᠨ ᠮᠡᠳᠡᠭᠦᠯᠦᠯᠲᠡ ᠵᠡᠷᠭᠡ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠡᠨᠡ ᠬᠦ ᠰᠠᠭᠤᠷᠢᠨ ᠳᠡᠭᠡᠷ᠎ᠡ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠵᠢᠴᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠠᠷᠭ᠎ᠠ︾ ᠶᠢᠨ ᠤᠷᠤᠭᠰᠢᠲᠠᠢ ᠬᠡᠷᠡᠭᠵᠢᠭᠦᠯᠦᠯᠲᠡ ᠶᠢ ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map