2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/10/25
     10 ᠰᠠᠷ᠎ᠠ ᠶᠢᠨ 22 ᠤᠨ ᠡᠳᠦᠷ᠂ ᠵᠢᠷᠭᠤᠭᠠᠨ ᠡᠳᠦᠷ ᠤᠨ ᠬᠤᠷᠴᠠ ᠰᠢᠷᠦᠭᠦᠨ ᠮᠥᠷᠦᠶᠢᠴᠡᠯᠳᠦᠭᠡᠨ ᠢᠶᠠᠷ ᠳᠠᠮᠵᠢᠨ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ  ᠲᠤ ᠲᠡᠭᠦᠰ ᠠᠮᠵᠢᠯᠲᠠ ᠲᠠᠢ ᠥᠨᠳᠥᠷᠯᠡᠪᠡ᠃      ᠲᠤᠰ ᠬᠤᠭᠤᠴᠠᠭᠠᠨ ᠤ ᠤᠷᠤᠯᠳᠤᠭᠠᠨ ᠢ ᠪᠠᠭ᠎ᠠ ᠰᠤᠷᠭᠠᠭᠤᠯᠢ ᠶᠢᠨ ᠡᠷᠡᠭᠲᠡᠢ ᠡᠮᠡᠭᠲᠡᠢ ᠶᠢᠨ ᠬᠥᠬᠡ ᠳᠤᠭᠤᠶᠢᠯᠠᠩ᠂ ᠬᠥᠬᠡᠭᠴᠢᠨ ᠳᠤᠭᠤᠶᠢᠯᠠᠩ ᠪᠠ ᠤᠯᠠᠭᠠᠨ ᠳᠤᠭᠤᠶᠢᠯᠠᠩ ᠭᠡᠵᠦ ᠬᠤᠪᠢᠶᠠᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠢ ᠡᠮᠡᠭᠲᠡᠢ ᠶᠢᠨ 8 ᠳᠤᠭᠤᠶᠢᠯᠠᠩ ᠬᠤᠪᠢᠶᠠᠵᠤ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠳᠠ᠂ ᠤᠯᠠᠭᠠᠨᠴᠠᠪ ᠬᠤᠲᠠ ᠵᠡᠷᠭᠡ 4 ᠭᠠᠵᠠᠷ ᠣᠷᠣᠨ ᠠᠴᠠ ᠢᠷᠡᠭᠰᠡᠨ 31 ᠤᠷᠤᠯᠳᠤᠭᠠᠨ ᠳᠤ ᠣᠷᠣᠯᠴᠠᠬᠤ ᠳᠤᠭᠤᠶᠢᠯᠠᠩ ᠤᠨ 522 ᠲᠠᠮᠢᠷᠴᠢᠨ ᠤᠷᠤᠯᠳᠤᠭᠠᠨ ᠳᠤ ᠣᠷᠣᠯᠴᠠᠵᠠᠢ᠃ ᠡᠴᠦᠰ ᠲᠤ᠂ ᠣᠷᠳᠣᠰ ᠬᠤᠲᠠ ᠶᠢᠨ ᠲᠥᠯᠦᠭᠡᠯᠡᠭᠴᠢ ᠶᠢᠨ ᠠᠩᠭᠢ ᠡᠯ᠎ᠡ ᠳᠤᠭᠤᠶᠢᠯᠠᠩ ᠤᠨ ᠮᠠᠩᠯᠠᠢ ᠳᠤ ᠲᠣᠳᠤᠷᠠᠪᠠ᠃

1.jpg

2.jpg

3.jpg

               ᠥᠨᠳᠦᠷᠯᠡᠬᠦ ᠶᠣᠰᠣᠯᠠᠯ ᠳᠡᠭᠡᠷ᠎ᠡ ᠲᠣᠭᠯᠠᠯᠲᠠ ᠭᠠᠷᠭᠠᠵᠤ ᠪᠠᠶᠢᠭ᠎ᠠ ᠨᠢ

4.jpg

5.jpg

              ᠱᠠᠩᠨᠠᠯ ᠣᠯᠭᠤᠬᠤ ᠶᠣᠰᠣᠯᠠᠯ ᠤᠨ ᠠᠬᠤᠢ ᠲᠠᠯᠠᠪᠠᠢ

      ᠡᠨᠡ ᠤᠳᠠᠭᠠᠨ ᠤ ᠠᠵᠢᠯᠯᠠᠭ᠎ᠠ ᠤᠷᠤᠯᠳᠤᠬᠤ᠂ ᠲᠥᠪᠯᠡᠷᠡᠭᠦᠯᠦᠨ ᠪᠣᠯᠪᠠᠰᠤᠷᠠᠭᠤᠯᠬᠤ ᠶᠢ ᠨᠢᠭᠡ

ᠴᠣᠭᠴᠠᠵᠢᠭᠤᠯᠵᠤ᠂ ᠬᠥᠯ ᠪᠥᠮᠪᠦᠭᠡᠨ ᠤ ᠬᠥᠭᠵᠢᠶᠡᠨᠲᠦ ᠪᠡᠶ᠎ᠡ ᠶᠢᠨ ᠲᠡᠮᠢᠷ᠂ ᠬᠥᠯ ᠪᠥᠮᠪᠦᠭᠡᠨ ᠤ ᠪᠠᠷᠢᠮᠲᠠᠲᠤ ᠹᠢᠯᠢᠮ᠂

ᠪᠥᠵᠢᠭ ᠤᠨ ᠵᠢᠭᠠᠨ ᠰᠤᠷᠭᠠᠯᠲᠠ᠂ ᠤᠷᠠᠯᠢᠭ ᠤᠨ ᠨᠠᠶᠢᠷᠠᠯ ᠳᠠᠭᠤᠤ᠂ ᠬᠠᠤᠯᠢ ᠲᠦᠭᠡᠮᠡᠯᠵᠢᠭᠦᠯᠬᠦ ᠬᠥᠮᠦᠵᠢᠯ ᠵᠡᠷᠭᠡ

ᠡᠯᠪᠡᠭ ᠪᠠᠶᠠᠯᠢᠭ ᠣᠨᠴᠠᠯᠢᠭᠲᠤ ᠬᠢᠴᠢᠶᠡᠯ ᠢᠶᠠᠷ ᠬᠠᠪᠰᠤᠷᠤᠮᠵᠢ ᠪᠣᠯᠭᠠᠨ᠂ ᠤᠷᠤᠯᠳᠤᠭᠠᠨ ᠤ ᠬᠤᠭᠤᠴᠠᠭᠠᠨ ᠳᠤ᠂ ᠬᠥᠯ

ᠪᠥᠮᠪᠦᠭᠡᠴᠢᠳ ᠬᠠᠷᠢᠯᠴᠠᠨ ᠪᠥᠮᠪᠥᠭᠡᠨ ᠮᠡᠷᠭᠡᠵᠢᠯ ᠢ ᠶᠠᠷᠢᠯᠴᠠᠵᠤ᠂ ᠮᠡᠳᠡᠯᠭᠡ ᠰᠤᠷᠴᠤ᠂ ᠲᠤᠷᠰᠢᠯᠭ᠎ᠠ ᠰᠣᠯᠢᠯᠴᠠᠨ᠂ ᠬᠥᠯ

ᠪᠥᠮᠪᠦᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠭᠰᠡᠨ ᠤ ᠬᠠᠮᠲᠤ ᠪᠦᠯᠬᠦᠮ ᠨᠡᠶᠢᠲᠡ ᠶᠢᠨ ᠬᠠᠷᠢᠯᠴᠠᠨ

ᠬᠠᠪᠰᠤᠷᠬᠤ ᠤᠬᠠᠮᠰᠠᠷ ᠢ ᠪᠣᠢ ᠪᠣᠯᠭᠠᠵᠤ᠂ ᠰᠤᠷᠤᠯᠴᠠᠬᠤ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠨ

ᠳᠡᠭᠡᠭᠰᠢᠯᠡᠭᠦᠯᠪᠡ᠃

6.jpg

7.jpg

8.jpg

9.jpg

              ᠤᠷᠤᠯᠳᠤᠭᠠᠨ ᠤ ᠠᠬᠤᠢ ᠲᠠᠯᠠᠪᠠᠢ

      ᠲᠤᠰ ᠬᠤᠭᠤᠴᠠᠭᠠᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠵᠠᠯᠠᠭᠤᠴᠤᠳ ᠪᠠᠭᠠᠴᠤᠳ ᠤᠨ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ

︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠢᠭᠡ

ᠴᠣᠭᠴᠠᠵᠢᠭᠤᠯᠤᠭᠰᠠᠨ ᠬᠥᠭᠵᠢᠭᠦᠯᠦᠯᠲᠡ ᠶᠢᠨ ᠲᠥᠯᠥᠪᠵᠢᠭᠦᠯᠭᠡ︾ ᠶᠢ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂

︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠣᠷᠣᠨ ᠪᠦᠰᠡ ᠶᠢᠨ ᠬᠥᠯ ᠪᠥᠮᠪᠦᠭᠡᠨ ᠤ ᠬᠤᠯᠪᠤᠭᠠᠲᠤ

ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ  ᠪᠥᠮᠪᠦᠭᠡᠨ ᠤ ᠬᠢᠷᠢ

ᠲᠦᠪᠰᠢᠨ ᠢ ᠬᠠᠮᠲᠤ ᠳᠤ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠨᠢᠭᠡ ᠴᠣᠭᠴᠠᠵᠢᠭᠤᠯᠤᠭᠰᠠᠨ ᠬᠥᠭᠵᠢᠭᠦᠯᠦᠯᠲᠡ ᠶᠢᠨ

ᠰᠢᠨ᠎ᠡ  ᠪᠠᠶᠢᠷᠢᠰᠢᠯᠠᠭᠤᠯᠤᠯᠲᠠ ᠪᠣᠢ ᠪᠣᠯᠭᠠᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠤ ᠬᠠᠮᠲᠤ

ᠤᠷᠤᠯᠳᠤᠭᠠᠨ ᠳᠤ ᠣᠷᠣᠯᠴᠠᠭᠰᠠᠨ ᠲᠥᠯᠦᠭᠡᠯᠡᠭᠴᠢ ᠶᠢᠨ ᠠᠩᠭᠢ ᠳᠤ ᠥᠪᠡᠷ ᠢ ᠪᠠᠨ ᠳᠡᠯᠭᠡᠨ ᠦᠵᠡᠭᠦᠯᠬᠦ᠂

ᠬᠠᠷᠢᠯᠴᠠᠨ ᠰᠣᠯᠢᠯᠴᠠᠬᠤ ᠲᠠᠪᠴᠠᠩ ᠢ ᠬᠠᠩᠭᠠᠪᠠ᠃ ᠲᠡᠭᠦᠰᠬᠦ ᠶᠣᠰᠣᠯᠠᠯ ᠳᠡᠭᠡᠷ᠎ᠡ᠂ ᠬᠥᠬᠡᠬᠤᠲᠠ ᠬᠤᠯᠪᠣᠭᠠᠲᠤ

ᠤᠷᠤᠯᠳᠤᠭᠠᠨ ᠤ ᠲᠤᠭ ᠢ ᠲᠣᠰᠴᠤ᠂ 2024 ᠣᠨ ᠳᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ

ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ  ᠪᠥᠮᠪᠦᠭᠡᠨ ᠤ ᠬᠤᠯᠪᠣᠭᠠᠲᠤ ᠤᠷᠤᠯᠳᠤᠭᠠᠨ

ᠬᠥᠬᠡᠬᠤᠲᠠ ᠳᠤ ᠶᠠᠪᠤᠭᠳᠠᠬᠤ ᠪᠣᠯᠤᠨ᠎ᠠ᠃

 

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map