ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠡᠮ ᠡᠮᠨᠡᠯᠭᠡ ᠶᠢᠨ ᠰᠠᠭᠤᠷᠢ ᠰᠤᠳᠤᠯᠭᠠᠨ ᠤ ᠰᠢᠨ᠎ᠡ ᠶᠢ ᠡᠭᠦᠳᠬᠦ ᠲᠥᠪ ᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/10/9
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠡᠮ ᠡᠮᠨᠡᠯᠭᠡ ᠶᠢᠨ ᠰᠠᠭᠤᠷᠢ ᠰᠣᠳᠤᠯᠭᠠᠨ ᠤ ᠰᠢᠨ᠎ᠡ ᠶᠢ ᠡᠭᠦᠳᠬᠦ ᠲᠥᠪ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠰᠤᠷᠭᠠᠨ ᠰᠢᠨᠵᠢᠯᠡᠬᠦ ᠤᠬᠠᠭᠠᠨ ᠮᠡᠳᠡᠭᠡ ᠵᠠᠩᠭᠢᠴᠢᠯᠠᠯᠲᠠ ᠪᠢᠴᠢᠭ ﹇2020﹈ 85 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠠᠴᠠ ᠲᠠᠨᠢᠯᠴᠠᠭᠤᠯᠬᠤ᠂ ᠬᠡᠯᠪᠡᠷᠢ ᠶᠢ ᠬᠢᠨᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠬᠢᠨᠠᠨ ᠳᠣᠭᠲᠠᠭᠠᠬᠤ ᠪᠠ ᠠᠬᠤᠢ ᠲᠠᠯᠠᠪᠠᠢ ᠳᠤ ᠨᠣᠲᠠᠯᠠᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠥᠪᠯᠡᠭᠡᠳ᠂ ᠡᠳᠦᠭᠡ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ 2023 ᠣᠨ ᠤ 10 ᠰᠠᠷ᠎ᠠ ᠶᠢᠨ 7-10 ᠰᠠᠷ᠎ᠠ ᠶᠢᠨ 13 ᠤ ᠡᠳᠦᠷ ᠪᠣᠯᠤᠨ᠎ᠠ᠂ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠠᠨᠠᠯ ᠲᠠᠢ ᠪᠣᠯ᠂ ᠨᠢᠭᠡᠴᠢ ᠪᠠ ᠬᠤᠪᠢ ᠬᠥᠮᠦᠨ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠢᠯᠡ ᠨᠡᠶᠢᠲᠡᠯᠡᠭᠰᠡᠳ ᠲᠤ ᠬᠤᠯᠪᠤᠭᠳᠠᠬᠤ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠪᠠᠶᠢᠴᠠᠭᠠᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠪᠤᠴᠠᠭᠠᠨ᠎ᠠ᠃      ᠬᠠᠷᠢᠯᠴᠠᠬᠤ ᠬᠥᠮᠦᠨ᠄ ᠯᠦ ᠶᠤᠸᠠᠨ᠂       ᠬᠠᠷᠢᠯᠴᠠᠬᠤ ᠤᠲᠠᠰᠤ᠄ 0471 - 28563 26      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠡᠮ ᠡᠮᠨᠡᠯᠭᠡ ᠶᠢᠨ ᠰᠠᠭᠤᠷᠢ ᠰᠣᠳᠤᠯᠭᠠᠨ ᠤ ᠰᠢᠨ᠎ᠡ ᠶᠢ ᠡᠭᠦᠳᠬᠦ ᠲᠥᠪ ᠤᠨ ᠢᠯᠡ ᠨᠡᠶᠢᠲᠡᠯᠡᠯ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                2023 ᠣᠨ ᠤ 10 ᠰᠠᠷ᠎ᠠ ᠶᠢᠨ 7 ᠤ ᠡᠳᠦᠷᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠡᠮ ᠡᠮᠨᠡᠯᠭᠡ ᠶᠢᠨ ᠰᠠᠭᠤᠷᠢ ᠰᠤᠳᠤᠯᠭᠠᠨ ᠤ ᠰᠢᠨ᠎ᠡ ᠶᠢ ᠡᠭᠦᠳᠬᠦ ᠲᠥᠪ ᠤᠨ ᠢᠯᠡ ᠨᠡᠶᠢᠲᠡᠯᠡᠯ .pdf 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map