2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠡᠭᠡᠳᠦ ᠰᠤᠷᠭᠠᠭᠤᠯᠢ ᠶᠢᠨ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠷᠥᠯ    ᠵᠦᠢᠯ︾ ᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/10/9
     ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠳᠡᠭᠡᠳᠦ ᠰᠤᠷᠭᠠᠭᠤᠯᠢ ᠶᠢᠨ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠷᠥᠯ ᠵᠦᠢᠯ﹀ ᠢ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠶᠣᠰᠣᠭᠠᠷ᠂ ᠰᠤᠷᠭᠠᠭᠤᠯᠢ ᠠᠴᠠ ᠲᠠᠨᠢᠯᠴᠠᠭᠤᠯᠬᠤ᠂ ᠬᠡᠯᠪᠡᠷᠢ ᠶᠢ ᠬᠢᠨᠠᠨ ᠪᠠᠶᠢᠴᠠᠭᠠᠬᠤ ᠵᠢᠴᠢ ᠲᠤᠰᠬᠠᠢ ᠮᠡᠷᠭᠡᠵᠢᠯᠲᠡᠨ ᠰᠢᠯᠭᠠᠷᠠᠭᠤᠯᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠦᠪᠯᠡᠭᠡᠳ᠂ ᠡᠳᠦᠭᠡ ᠬᠢᠨᠠᠨ ᠲᠣᠭᠲᠠᠭᠠᠭᠰᠠᠨ ᠦᠷ᠎ᠡ ᠳ᠋ᠦᠩ  ᠢ ᠢᠯᠡ ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ 2023 ᠣᠨ ᠤ 10 ᠰᠠᠷ᠎ᠠ ᠶᠢᠨ 7-10 ᠰᠠᠷ᠎ᠠ ᠶᠢᠨ 13 ᠤ ᠡᠳᠦᠷ ᠪᠣᠯᠤᠨ᠎ᠠ᠂ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠠᠨᠠᠯ ᠲᠠᠢ ᠪᠣᠯ᠂ ᠨᠢᠭᠡᠴᠢ ᠪᠠ ᠬᠤᠪᠢ ᠬᠥᠮᠦᠨ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠢᠯᠡ ᠨᠡᠶᠢᠲᠡᠯᠡᠭᠰᠡᠳ ᠲᠤ ᠬᠤᠯᠪᠤᠭᠳᠠᠬᠤ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠳᠥᠭᠦᠮ  ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠪᠠᠶᠢᠴᠠᠭᠠᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠪᠤᠴᠠᠭᠠᠨ᠎ᠠ᠃      ᠬᠠᠷᠢᠯᠴᠠᠬᠤ ᠬᠥᠮᠦᠨ᠄ ᠯᠦ ᠶᠤᠸᠠᠨ᠂       ᠬᠠᠷᠢᠯᠴᠠᠬᠤ ᠤᠲᠠᠰᠤ᠄ 0471 - 2856326      ᠳᠠᠭᠠᠯᠳᠤᠭᠤᠯᠤᠯ᠄       1. 2024 ᠣᠨ ᠤ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠷᠥᠯ ᠵᠦᠢᠯ ︵ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ︶ ᠤᠨ ᠢᠯᠡ ᠨᠡᠶᠢᠲᠡᠯᠡᠯ      2 . 2024 ᠣᠨ ᠤ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠷᠥᠯ ᠵᠦᠢᠯ ︵ᠰᠢᠨ᠎ᠡ ᠶᠢ ᠡᠭᠦᠳᠬᠦ ᠪᠦᠯᠬᠦᠮ︶ ᠤᠨ ᠢᠯᠡ ᠨᠡᠶᠢᠲᠡᠯᠡᠯ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ               2023 ᠣᠨ ᠤ 10 ᠰᠠᠷ᠎ᠠ ᠶᠢᠨ 7 ᠤ ᠡᠳᠦᠷᠳᠠᠭᠠᠯᠳᠤᠭᠤᠯᠤᠯ 1᠄ 2024 ᠣᠨ ᠤ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠷᠥᠯ ᠵᠦᠢᠯ ︵ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ︶ ᠤᠨ ᠢᠯᠡ ᠨᠡᠶᠢᠲᠡᠯᠡᠯ .pdfᠳᠠᠭᠠᠯᠳᠤᠭᠤᠯᠤᠯ 2᠄ 2024 ᠣᠨ ᠤ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠷᠥᠯ ᠵᠦᠢᠯ ︵ᠰᠢᠨ᠎ᠡ ᠶᠢ ᠡᠭᠦᠳᠬᠦ ᠪᠦᠯᠬᠦᠮ︶ ᠤᠨ ᠢᠯᠡ ᠨᠡᠶᠢᠲᠡᠯᠡᠯ .pdf 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map