ᠰᠢ ᠶᠢᠨ ᠫᠢᠩ 2023 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/11/10
      11 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ ᠤᠨ ᠡᠭᠢᠯᠡᠯᠳᠠ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ᠃

6383514363544572829248551.jpg

      11 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ

ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ ᠤᠨ

ᠡᠭᠢᠯᠡᠯᠳᠠ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ

      ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 8 ᠤ ᠴᠠᠭᠢᠯᠭᠠᠨ ᠮᠡᠳᠡᠭᠡ ᠰᠢ ᠶᠢᠨ ᠫᠢᠩ᠂

2015 ᠣᠨ ᠳᠤ ᠪᠢ ᠬᠤᠶᠠᠳᠤᠭᠠᠷ ᠬᠤᠭᠤᠴᠠᠭᠠᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ

ᠡᠭᠢᠯᠡᠯᠲᠡ ᠶᠢᠨ ᠶᠣᠰᠣᠯᠠᠯ ᠳᠡᠭᠡᠷ᠎ᠡ ᠪᠦᠭᠦ ᠪᠥᠮᠪᠥᠷᠴᠡᠭ ᠤᠨ ᠢᠨᠲ᠋ᠧᠷ ᠰᠦᠯᠵᠢᠶᠡᠨ ᠤ ᠬᠥᠭᠵᠢᠯᠲᠡ ᠵᠠᠰᠠᠯᠲᠠ ᠶᠢᠨ          

︽ᠳᠥᠷᠪᠡᠨ ᠵᠠᠷᠴᠢᠮ︾᠂ ︽ᠲᠠᠪᠤᠨ ᠵᠣᠷᠢᠯᠲᠠ︾ ᠶᠢ ᠳᠤᠷᠠᠳᠴᠤ᠂ ᠰᠦᠯᠵᠢᠶᠡᠨ ᠤ ᠣᠷᠣᠨ ᠵᠠᠢ ᠶᠢᠨ ᠬᠤᠪᠢ

ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠰᠠᠨᠠᠭᠠᠴᠢᠯᠠᠵᠠᠢ᠂ ᠡᠨᠡ ᠬᠦ ᠣᠶᠢᠯᠠᠭᠠᠭᠳᠠᠬᠤᠨ ᠨᠢ ᠳᠡᠯᠡᠬᠡᠢ

ᠨᠡᠶᠢᠲᠡ ᠶᠢᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠢᠳᠡᠪᠬᠢᠲᠡᠢ ᠬᠦᠷᠢᠶᠡᠯᠡᠯ ᠢ ᠣᠯᠣᠭᠰᠠᠨ          

ᠪᠠᠶᠢᠨ᠎ᠠ᠃ ᠣᠳᠣᠬᠠᠨ ᠤ ᠳᠡᠯᠡᠬᠡᠢ ᠶᠢᠷᠲᠢᠨᠴᠦ ᠳᠤ ᠬᠤᠪᠢᠰᠤᠯᠲᠠ ᠳᠡᠪᠵᠢᠶᠡᠨ ᠰᠣᠯᠪᠢᠴᠠᠵᠤ᠂ ᠵᠠᠭᠤᠨ ᠵᠢᠯ ᠳᠤ

ᠲᠣᠬᠢᠶᠠᠯᠳᠤᠭ᠎ᠠ ᠦᠭᠡᠢ ᠬᠤᠪᠢᠰᠤᠯᠲᠠ ᠶᠢᠨ ᠪᠠᠶᠢᠳᠠᠯ ᠲᠦᠷᠭᠡᠳᠦᠨ ᠬᠤᠪᠢᠷᠠᠵᠤ ᠪᠠᠶᠢᠨ᠎ᠠ᠂ ᠬᠥᠭᠵᠢᠯᠲᠡ ᠶᠢᠨ

ᠤᠯᠠᠭᠠᠨ ᠲᠤᠭ᠎ᠠ ᠶᠢ ᠬᠡᠷᠬᠢᠨ ᠰᠢᠢᠳᠪᠦᠷᠢᠯᠡᠬᠦ᠂ ᠠᠮᠤᠷ ᠲᠦᠪᠰᠢᠨ ᠤ ᠬᠦᠴᠢᠷᠳᠡᠯ ᠢ ᠬᠡᠷᠬᠢᠨ ᠰᠢᠢᠳᠪᠦᠷᠢᠯᠡᠬᠦ᠂

ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠴᠢᠩᠭᠠᠳᠬᠠᠬᠤ ᠪᠣᠯ ᠪᠢᠳᠡᠨ ᠳᠤ ᠬᠠᠮᠲᠤ ᠪᠠᠷ ᠲᠤᠯᠭᠠᠷᠠᠵᠤ ᠪᠠᠶᠢᠭ᠎ᠠ

ᠴᠠᠭ ᠦᠶ᠎ᠡ  ᠶᠢᠨ ᠰᠡᠳᠦᠪ ᠪᠣᠯᠣᠨ᠎ᠠ᠃ ᠢᠨᠲ᠋ᠧᠷ ᠰᠦᠯᠵᠢᠶ᠎ᠡ ᠨᠢ ᠡᠳᠦᠷ ᠢᠷᠡᠬᠦᠶ᠎ᠡ ᠬᠥᠭᠵᠢᠯᠲᠡ ᠶᠢ ᠠᠬᠢᠭᠤᠯᠬᠤ

ᠰᠢᠨ᠎ᠡ ᠬᠥᠳᠡᠯᠭᠡᠬᠦ ᠬᠦᠴᠦᠨ᠂ ᠠᠮᠤᠷ ᠲᠦᠪᠰᠢᠨ ᠢ ᠬᠠᠮᠠᠭᠠᠯᠠᠬᠤ ᠰᠢᠨ᠎ᠡ ᠣᠷᠣᠨ ᠵᠠᠢ᠂ ᠪᠣᠯᠪᠠᠰᠤᠨ ᠢᠶᠠᠨ ᠬᠠᠷᠢᠯᠴᠠᠨ

ᠲᠣᠯᠢᠳᠠᠬᠤ ᠰᠢᠨ᠎ᠡ ᠲᠠᠪᠴᠠᠩ ᠪᠣᠯᠵᠤ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ

ᠴᠣᠭᠴᠠ ᠶᠢ ᠪᠠᠶᠢᠭᠤᠯᠬᠤ ᠨᠢ ᠴᠠᠭ ᠦᠶ᠎ᠡ ᠶᠢᠨ ᠰᠡᠳᠦᠪ ᠢ ᠬᠠᠷᠢᠭᠤᠯᠬᠤ ᠶᠢᠨ ᠵᠠᠶᠢᠯᠠᠰᠢ ᠦᠭᠡᠢ ᠰᠣᠩᠭᠤᠯᠲᠠ ᠪᠤᠯᠬᠤ

ᠪᠥᠭᠡᠳ ᠪᠠᠰᠠ ᠳᠡᠯᠡᠬᠡᠢ ᠨᠡᠶᠢᠭᠡᠮ ᠤᠨ ᠬᠠᠮᠲᠤ ᠶᠢᠨ ᠬᠦᠰᠡᠯ ᠱᠠᠭᠠᠷᠳᠠᠯᠭ᠎ᠠ ᠪᠣᠯᠣᠨ᠎ᠠ᠃ ᠪᠢᠳᠡ ᠰᠣᠯᠢᠯᠴᠠᠭ᠎ᠠ᠂

ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠦᠯᠵᠢᠶᠡᠨ ᠤ ᠣᠷᠣᠨ ᠵᠠᠢ ᠶᠢᠨ ᠬᠤᠪᠢ

ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠱᠠᠲᠤᠨ ᠳᠤ ᠣᠷᠣᠬᠤ ᠶᠢ ᠬᠠᠮᠲᠤ ᠪᠠᠷ ᠠᠬᠢᠭᠤᠯᠬᠤ

ᠬᠡᠷᠡᠭᠲᠡᠢ᠃

      ᠪᠢᠳᠡ ᠬᠥᠭᠵᠢᠭᠦᠯᠬᠦ ᠶᠢ ᠲᠡᠷᠢᠭᠦᠨ ᠳᠤ ᠲᠠᠯᠪᠢᠬᠤ ᠶᠢ ᠰᠠᠨᠠᠭᠠᠴᠢᠯᠠᠵᠤ᠂ ᠨᠡᠩ ᠲᠦᠭᠡᠮᠡᠯ ᠭᠦᠷᠳᠡᠭᠡᠮᠵᠢᠳᠤ

ᠴᠡᠴᠡᠭᠯᠡᠨ ᠬᠥᠭᠵᠢᠭᠰᠡᠨ ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠬᠡᠷᠡᠭᠲᠡᠢ᠃ ᠲᠣᠭᠠᠴᠢᠯᠠᠭᠰᠠᠨ ᠬᠦᠷᠢᠶᠡᠨ ᠳᠠᠬᠢ

ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ

ᠮᠡᠷᠭᠡᠵᠢᠯ ᠤᠨ ᠦᠷ᠎ᠡ ᠪᠦᠲᠦᠭᠡᠯ ᠤᠨ ᠤᠨᠳᠤᠤᠰᠢᠭᠤᠯᠤᠯᠳᠠ ᠶᠢ ᠲᠦᠷᠭᠡᠳᠬᠡᠬᠦ ᠬᠡᠷᠡᠭᠲᠡᠢ᠃ ᠮᠡᠳᠡᠭᠡ

ᠵᠠᠩᠭᠢᠵᠢᠯᠲᠠ ᠶᠢᠨ ᠦᠢᠯᠡᠴᠢᠯᠡᠭᠡᠨ ᠤ ᠲᠦᠭᠡᠮᠡᠯᠵᠢᠯᠲᠡ ᠶᠢ ᠲᠦᠷᠭᠡᠳᠬᠡᠵᠦ᠂ ᠲᠣᠭᠠᠴᠢᠯᠠᠯᠳᠠ ᠶᠢᠨ ᠵᠠᠭᠠᠭ ᠵᠠᠢ ᠶᠢ

ᠪᠠᠭᠠᠰᠬᠠᠵᠤ᠂ ᠢᠨᠲ᠋ᠧᠷ ᠰᠦᠯᠵᠢᠶᠡᠨ ᠤ ᠬᠥᠭᠵᠢᠯᠲᠡ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂

ᠨᠡᠩ ᠤᠯᠠᠨ ᠤᠯᠤᠰ ᠪᠠ ᠠᠷᠠᠳ ᠲᠦᠮᠡᠨ ᠳᠤ ᠢᠨᠲ᠋ᠧᠷ ᠰᠦᠯᠵᠢᠶᠡᠨ ᠤ ᠬᠥᠭᠵᠢᠯᠲᠡ ᠶᠢᠨ ᠦᠷ᠎ᠡ ᠪᠦᠲᠦᠭᠡᠯ ᠢ

ᠬᠠᠮᠲᠤ ᠪᠠᠷ ᠡᠳ᠋ᠯᠡᠭᠦᠯᠭᠦ ᠬᠡᠷᠡᠭᠲᠡᠢ᠃

      ᠪᠢᠳᠡ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠬᠤ ᠶᠢ ᠰᠠᠨᠠᠭᠠᠴᠢᠯᠠᠵᠤ᠂ ᠨᠡᠩ ᠡᠩᠬᠡ

ᠲᠠᠶᠢᠪᠤᠩ ᠠᠮᠤᠷ ᠲᠦᠪᠰᠢᠨ ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠬᠡᠷᠡᠭᠲᠡᠢ᠃ ᠰᠦᠯᠵᠢᠶᠡᠨ ᠤ ᠡᠷᠬᠡ ᠮᠡᠳᠡᠯ ᠢ

ᠭᠦᠨᠳᠦᠳᠭᠡᠵᠦ᠂ ᠡᠯ᠎ᠡ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠵᠠᠮ ᠪᠣᠯᠣᠨ ᠵᠠᠰᠠᠯᠲᠠ ᠶᠢᠨ

ᠵᠠᠭᠪᠤᠷ ᠢ ᠬᠦᠨᠳᠦᠳᠬᠡᠬᠦ ᠬᠡᠷᠡᠭᠲᠡᠢ᠃ ᠰᠦᠯᠵᠢᠶᠡᠨ ᠤ ᠣᠷᠣᠨ ᠵᠠᠢ ᠶᠢᠨ ᠤᠯᠠᠨ ᠤᠯᠤᠰ ᠤᠨ ᠳᠦᠷᠢᠮ ᠢ ᠵᠢᠷᠤᠮᠯᠠᠵᠤ᠂

ᠰᠦᠯᠵᠢᠶᠡᠨ ᠤ ᠡᠵᠡᠷᠬᠡᠭᠯᠡᠯ ᠶᠠᠪᠤᠭᠤᠯᠬᠤ ᠦᠭᠡᠢ᠃ ᠰᠦᠯᠵᠢᠶᠡᠨ ᠤ ᠣᠷᠣᠨ ᠵᠠᠢ ᠶᠢᠨ ᠯᠡᠭᠧᠷ ᠤᠨ ᠡᠰᠡᠷᠭᠦᠴᠡᠯᠳᠦᠯ

ᠪᠠ ᠴᠡᠷᠢᠭ ᠵᠡᠪᠰᠡᠭ ᠤᠨ ᠤᠷᠤᠯᠳᠤᠭᠠᠨ ᠶᠠᠪᠤᠭᠤᠯᠬᠤ ᠦᠭᠡᠢ᠃ ᠰᠦᠯᠵᠢᠶᠡᠨ ᠤ ᠠᠮᠤᠷ ᠲᠦᠪᠰᠢᠨ  ᠤ ᠪᠣᠳᠠᠲᠠᠢ ᠶᠢ

ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠦᠯᠵᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ

ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ

ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ

ᠬᠥᠭᠵᠢᠯᠲᠡ ᠠᠴᠠ ᠪᠣᠯᠤᠭᠰᠠᠨ ᠵᠢᠷᠤᠮ ᠭᠤᠷᠢᠮ ᠤᠨ ᠮᠥᠷᠭᠦᠯᠳᠦᠭᠡᠨ᠂ ᠨᠡᠶᠢᠭᠡᠮ ᠤᠨ ᠠᠶᠤᠯ ᠲᠦᠭᠰᠢᠭᠦᠷᠢ᠂ ᠶᠣᠰᠣ

ᠰᠤᠷᠲᠠᠬᠤᠨ ᠤ ᠥᠷᠢᠰᠦᠯᠳᠦᠭᠡᠨ ᠢ ᠲᠣᠬᠢᠲᠠᠢ ᠠᠷᠭᠠᠴᠠᠭᠠᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠡᠯ᠎ᠡ

ᠲᠠᠯ᠎ᠠ ᠶᠢᠨ ᠬᠢᠨ ᠲᠠᠢ ᠭᠠᠷ ᠬᠤᠯᠪᠣᠨ ︽ᠪᠦᠭᠦ ᠪᠥᠮᠪᠥᠷᠴᠡᠭ ᠤᠨ ᠵᠣᠬᠢᠶᠠᠮᠠᠯ ᠣᠶᠤᠨ ᠴᠢᠳᠠᠪᠤᠷᠢ ᠶᠢᠨ ᠵᠠᠰᠠᠯᠲᠠ ᠶᠢᠨ

ᠰᠠᠨᠠᠭᠠᠴᠢᠯᠠᠭ᠎ᠠ︾ ᠶᠢ ᠨᠠᠶᠢᠳᠠᠪᠤᠷᠢᠵᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠠᠮᠤᠷ ᠲᠦᠪᠰᠢᠨ

ᠬᠥᠭᠵᠢᠯᠲᠡ ᠶᠢ ᠠᠬᠢᠭᠤᠯᠤᠨ᠎ᠠ᠃

      ᠪᠢᠳᠡ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠰᠠᠨᠠᠭᠠᠴᠢᠯᠠᠵᠤ᠂ ᠨᠡᠩ ᠡᠷᠬᠡ ᠲᠡᠭᠰᠢ ᠪᠠᠭᠲᠠᠭᠠᠮᠵᠢᠲᠠᠢ

ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠬᠡᠷᠡᠭᠲᠡᠢ᠃ ᠰᠦᠯᠵᠢᠶᠡᠨ ᠳᠡᠭᠡᠷᠡᠬᠢ ᠰᠣᠯᠢᠯᠴᠠᠭ᠎ᠠ ᠶᠠᠷᠢᠯᠴᠠᠭ᠎ᠠ ᠶᠢ

ᠴᠢᠩᠭᠠᠳᠬᠠᠵᠤ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠵᠤ ᠬᠠᠷᠢᠯᠴᠠᠨ ᠳᠣᠲᠣᠨᠣᠴᠢᠯᠠᠬᠤ ᠶᠢ

ᠠᠬᠢᠭᠤᠯᠵᠤ᠂ ᠠᠳᠠᠯᠢ ᠪᠤᠰᠤ ᠪᠣᠯᠪᠠᠰᠤᠨ ᠤ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠠᠬᠢᠭᠤᠯᠵᠤ᠂ ᠪᠦᠭᠦ

ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠰᠦᠯᠵᠢᠶᠡᠨ ᠤ

ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠰᠦᠯᠵᠢᠶᠡᠨ ᠤ ᠰᠣᠶᠣᠯ ᠤᠨ ᠪᠦᠲᠦᠭᠡᠭᠳᠡᠬᠦᠨ ᠢ

ᠦᠢᠯᠡᠳᠪᠦᠷᠢᠯᠡᠨ ᠳᠠᠮᠵᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠰᠢᠯᠢᠳᠡᠭ ᠪᠣᠯᠪᠠᠰᠤᠨ ᠤ ᠦᠷ᠎ᠡ

ᠪᠦᠲᠦᠭᠡᠯ ᠢ ᠭᠦᠢᠴᠡᠳ ᠢᠯᠡᠷᠡᠭᠦᠯᠵᠦ᠂ ᠪᠣᠯᠪᠠᠰᠤᠨ ᠢ ᠤᠯᠠᠮᠵᠢᠯᠠᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂

ᠰᠦᠯᠵᠢᠶᠡᠨ ᠳᠡᠭᠡᠷᠡᠬᠢ ᠤᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ

ᠭᠠᠷᠭᠠᠪᠠ᠃

      ᠰᠢ ᠶᠢᠨ ᠫᠢᠩ ᠬᠠᠮᠤᠭ ᠤᠨ ᠰᠡᠭᠦᠯ ᠳᠤ᠂ ᠮᠡᠳᠡᠭᠡ ᠵᠠᠩᠭᠢ ᠶᠢᠨ ᠬᠤᠪᠢᠰᠬᠠᠯ ᠤᠨ ᠴᠠᠭ ᠦᠶ᠎ᠡ ᠶᠢᠨ

ᠤᠷᠤᠰᠬᠠᠯ ᠰᠦᠷ ᠳᠠᠯᠠᠶᠢᠴᠠᠲᠠᠢ ᠤᠷᠤᠭᠰᠢᠯᠠᠵᠤ᠂ ᠰᠦᠯᠵᠢᠶᠡᠨ ᠤ ᠣᠷᠣᠨ ᠵᠠᠢ ᠬᠥᠮᠥᠨ ᠲᠥᠷᠥᠯᠬᠢᠲᠡᠨ ᠤ ᠰᠠᠶᠢᠨ

ᠰᠠᠶᠢᠬᠠᠨ ᠢᠷᠡᠭᠡᠳᠦᠢ ᠶᠢᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃ ᠪᠢᠳᠠ ᠭᠠᠷ

ᠬᠤᠯᠪᠣᠨ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠢᠨᠲ᠋ᠧᠷ

ᠰᠦᠯᠵᠢᠶ᠎ᠡ ᠪᠠᠷ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ᠂

ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ︕ ᠭᠡᠵᠦ

ᠴᠢᠬᠤᠯᠠᠴᠢᠯᠠᠪᠠ᠃

      2023 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠤ ᠲᠦᠷᠦᠭᠦᠴᠦᠳ ᠤᠨ

ᠬᠤᠷᠠᠯ 11 ᠰᠠᠷ᠎ᠠ ᠶᠢᠨ 8 ᠠᠴᠠ 10 ᠤ ᠡᠳᠦᠷ ᠪᠤᠯᠲᠠᠯ᠎ᠠ ᠵᠧᠵᠢᠶᠠᠩ  ᠤᠨ ᠦ᠋ ᠵᠧᠨ ᠪᠠᠯᠭᠠᠰᠤᠨ ᠳᠤ ᠶᠠᠪᠤᠭᠳᠠᠨ᠂

︽ᠪᠠᠭᠲᠠᠭᠠᠮᠵᠢᠲᠠᠢ᠂ ᠲᠦᠭᠡᠮᠡᠯ ᠭᠦᠷᠳᠡᠭᠡᠮᠵᠢᠳᠤ᠂ ᠤᠶᠠᠨ ᠬᠠᠲᠠᠨ ᠴᠢᠨᠠᠷᠲᠠᠢ ᠲᠣᠭᠠᠴᠢᠯᠠᠭᠰᠠᠨ ᠳᠡᠯᠡᠬᠡᠢ

ᠶᠢᠷᠲᠢᠨᠴᠦ ᠶᠢ ᠪᠦᠲᠦᠭᠡᠨ ᠪᠠᠶᠢᠭᠤᠯᠵᠤ – ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ

ᠴᠣᠭᠴᠠ ᠶᠢ ᠭᠠᠷ ᠬᠤᠯᠪᠣᠨ ᠪᠠᠶᠢᠭᠤᠯᠤᠶ᠎ᠠ︾ ᠭᠡᠬᠦ ᠪᠠᠷ ᠭᠤᠣᠯ ᠰᠡᠳᠦᠪ ᠪᠣᠯᠭᠠᠪᠠ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map