ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠦᠭᠡᠯᠡᠭᠴᠢ ᠶᠢᠨ ᠪᠦᠯᠬᠦᠮ ᠬᠤᠶᠠᠷ ᠮᠥᠩᠭᠦᠨ ᠮᠧᠳᠠᠯ ᠨᠢᠭᠡ ᠬᠦᠷᠡᠯ ᠮᠧᠳᠠᠯ ᠣᠯᠪᠠ — ᠰᠤᠷᠤᠭᠴᠢ ᠵᠠᠯᠠᠭᠤᠴᠤᠳ ᠤᠨ ᠪᠡᠶ᠎ᠡ ᠲᠠᠮᠢᠷ ᠤᠨ ᠴᠤᠭᠯᠠᠭᠠᠨ ᠤ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ ᠤᠨ ᠵᠡᠪᠰᠡᠭ ᠤᠨ ᠡᠷᠳᠡᠮ ᠤᠨ ᠮᠡᠭᠡ᠂ ᠬᠥᠭᠵᠢᠶᠡᠨᠲᠦ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠤᠷᠤᠯᠳᠤᠭᠠᠨ ᠥᠨᠳᠦᠷᠯᠡᠪᠡ
ᠨᠡᠶᠢᠲᠡᠯᠡᠭᠰᠡᠨ ᠴᠠᠭ᠄
2023/11/13
      11 ᠰᠠᠷ᠎ᠠ ᠶᠢᠨ 9-10 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢ ︵ᠵᠠᠯᠠᠭᠤᠴᠤᠳ︶ ᠶᠢᠨ ᠪᠡᠶ᠎ᠡ ᠶᠢᠨ ᠲᠠᠮᠢᠷ  ᠤᠨ ᠴᠤᠭᠯᠠᠭᠠᠨ ︵ᠳᠣᠷᠣᠭᠰᠢ ︽ᠰᠤᠷᠤᠭᠴᠢ ᠵᠠᠯᠠᠭᠤᠴᠤᠳ ᠤᠨ ᠴᠤᠭᠯᠠᠭᠠᠨ︾ ᠭᠡᠵᠦ ᠳᠦᠭᠦᠮᠴᠢᠯᠡᠨ᠎ᠡ︶ ᠤ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ ᠤᠨ ᠵᠡᠪᠰᠡᠭ ᠤᠨ ᠡᠷᠳᠡᠮ ᠤᠨ ᠮᠡᠭᠡ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠥᠭᠵᠢᠶᠡᠨᠲᠦ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠤᠷᠤᠯᠳᠤᠭᠠᠨ ᠤᠷᠢᠳ ᠬᠤᠵᠢᠳ ᠥᠨᠳᠦᠷᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠦᠭᠡᠯᠡᠭᠴᠢ ᠶᠢᠨ ᠪᠦᠯᠬᠦᠮ ᠤᠨ ᠰᠤᠷᠤᠭᠴᠢ ᠲᠠᠮᠢᠷᠴᠢᠳ ᠰᠢᠷᠭᠠᠭᠤ ᠬᠠᠲᠠᠭᠤᠵᠢᠯᠲᠠᠢ ᠮᠥᠷᠥᠶᠢᠴᠡᠵᠦ᠂ ᠵᠣᠷᠢᠭᠲᠠᠢ ᠤᠷᠤᠭᠰᠢᠯᠠᠨ ᠴᠢᠷᠮᠠᠶᠢᠵᠤ᠂ ᠵᠡᠪᠰᠡᠭ ᠤᠨ ᠡᠷᠳᠡᠮ ᠤᠨ ᠮᠡᠭᠡ ᠶᠢᠨ ᠤᠷᠤᠯᠳᠤᠭᠠᠨ ᠤ ᠶᠡᠭᠡ ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ  ᠶᠢᠨ ᠮᠥᠩᠭᠦᠨ ᠮᠧᠳᠠᠯ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠮᠡᠭᠲᠡᠢ ᠶᠢᠨ ᠬᠦᠷᠡᠯ ᠮᠧᠳᠠᠯ ᠢ ᠣᠯᠵᠤ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠠᠮᠲᠤ ᠶᠢᠨ ᠵᠡᠭᠡᠯᠢ ᠶᠢᠨ ᠪᠥᠵᠢᠭ ᠬᠥᠭᠵᠢᠶᠡᠨᠲᠦ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠤᠷᠤᠯᠳᠤᠭᠠᠨ ᠳᠤ ᠮᠥᠩᠭᠦᠨ ᠮᠧᠳᠠᠯ ᠣᠯᠵᠠᠢ᠃

1.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠦᠭᠡᠯᠡᠭᠴᠢ ᠶᠢᠨ ᠪᠦᠯᠬᠦᠮ ᠰᠤᠷᠤᠭᠴᠢ

ᠵᠠᠯᠠᠭᠤᠴᠤᠳ ᠤᠨ ᠴᠤᠭᠯᠠᠭᠠᠨ ᠤ ᠰᠤᠷᠭᠠᠭᠤᠯᠢ ᠶᠢᠨ ᠬᠦᠷᠢᠶᠡᠨ ᠤ ᠵᠡᠪᠰᠡᠭ ᠤᠨ ᠡᠷᠳᠡᠮ ᠤᠨ ᠮᠡᠭᠡ ᠶᠢᠨ ᠶᠡᠭᠡ

ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ ᠶᠢᠨ ᠬᠤᠶᠠᠷ ᠲᠠᠯ᠎ᠠ ᠶᠢᠨ ᠪᠣᠯᠪᠠᠰᠤᠷᠠᠯ ᠤᠨ ᠰᠢᠢᠳᠪᠦᠷᠢᠲᠦ

ᠤᠷᠤᠯᠳᠤᠭᠠᠨ ᠳᠤ ᠳᠡᠳ᠋ᠯᠡᠪᠡ

2.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠦᠭᠡᠯᠡᠭᠴᠢ ᠶᠢᠨ ᠪᠦᠯᠬᠦᠮ ᠰᠤᠷᠤᠭᠴᠢ

ᠵᠠᠯᠠᠭᠤᠴᠤᠳ ᠤᠨ ᠴᠤᠭᠯᠠᠭᠠᠨ ᠤ ᠰᠤᠷᠭᠠᠭᠤᠯᠢ ᠶᠢᠨ ᠬᠦᠷᠢᠶᠡᠨ ᠤ ᠵᠡᠪᠰᠡᠭ ᠤᠨ ᠡᠷᠳᠡᠮ ᠤᠨ ᠮᠡᠭᠡ ᠶᠢᠨ ᠳᠤᠮᠳᠠᠳᠤ

ᠰᠤᠷᠭᠠᠭᠤᠯᠢ ᠶᠢᠨ ᠳᠤᠭᠤᠶᠢᠯᠠᠩ ᠤᠨ ᠡᠮᠡᠭᠲᠡᠢ ᠶᠢᠨ ᠬᠤᠶᠠᠷ ᠲᠠᠯ᠎ᠠ  ᠶᠢᠨ ᠪᠣᠯᠪᠠᠰᠤᠷᠠᠯ ᠤᠨ ᠰᠢᠢᠳᠪᠦᠷᠢᠲᠦ

ᠤᠷᠤᠯᠳᠤᠭᠠᠨ ᠳᠤ ᠭᠤᠲᠠᠭᠠᠷ ᠲᠤ ᠣᠷᠣᠪᠠ

3.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠦᠭᠡᠯᠡᠭᠴᠢ ᠶᠢᠨ ᠪᠦᠯᠬᠦᠮ ᠰᠤᠷᠤᠭᠴᠢ

ᠵᠠᠯᠠᠭᠤᠴᠤᠳ ᠤᠨ ᠴᠤᠭᠯᠠᠭᠠᠨ ᠤ ᠰᠤᠷᠭᠠᠭᠤᠯᠢ ᠶᠢᠨ ᠬᠦᠷᠢᠶᠡᠨ ᠤ ᠬᠠᠮᠲᠤ ᠶᠢᠨ ᠵᠡᠭᠡᠯᠢ ᠶᠢᠨ ᠪᠥᠵᠢᠭ ᠬᠥᠭᠵᠢᠶᠡᠨᠲᠦ

ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠳᠤ ᠳᠡᠳ᠋ᠯᠡᠪᠡ

      ᠰᠤᠷᠤᠭᠴᠢ ᠵᠠᠯᠠᠭᠤᠴᠤᠳ ᠤᠨ ᠴᠤᠭᠯᠠᠭᠠᠨ ᠤ ᠵᠡᠪᠰᠡᠭ ᠤᠨ ᠡᠷᠳᠡᠮ ᠤᠨ ᠮᠡᠭᠡ ᠶᠢᠨ ᠰᠤᠷᠭᠠᠭᠤᠯᠢ ᠶᠢᠨ

ᠬᠦᠷᠢᠶᠡᠨ ᠤ ᠶᠡᠭᠡ ᠰᠤᠷᠭᠠᠭᠤᠯᠢ ᠶᠢᠨ ᠡᠷᠡᠭᠲᠡᠢ ᠶᠢᠨ ᠬᠤᠶᠠᠷ ᠲᠠᠯ᠎ᠠ ᠶᠢᠨ ᠪᠣᠯᠪᠠᠰᠤᠷᠠᠯ ᠤᠨ ᠰᠢᠢᠳᠪᠦᠷᠢᠲᠦ

ᠤᠷᠤᠯᠳᠤᠭᠠᠨ ᠳᠤ ᠪᠦᠬᠦ ᠤᠯᠤᠰ ᠤᠨ ᠡᠯ᠎ᠡ ᠮᠤᠵᠢ ᠬᠤᠲᠠ ᠥᠪᠡᠷᠲᠡᠭᠡᠨ ᠵᠠᠰᠠᠬᠤ ᠣᠷᠣᠨ ᠠᠴᠠ ᠢᠷᠡᠭᠰᠡᠨ 19

ᠠᠩᠭᠢ ᠤᠷᠤᠯᠳᠤᠭᠠᠨ ᠳᠤ ᠣᠷᠣᠯᠴᠠᠵᠤ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ

ᠰᠤᠷᠤᠭᠴᠢ ᠸᠧᠢ ᠯᠠᠢ᠂ ᠵᠢᠶᠠᠩ ᠶᠥᠩ ᠴᠢ᠂ ᠴᠧᠨ ᠢᠦᠢ ᠺᠦᠨ ᠨᠢᠭᠡᠨ ᠲᠠᠯᠠᠪᠤᠷ ᠬᠤᠣᠰ ᠬᠢᠲᠤᠭ᠎ᠠ ᠪᠠ ᠬᠤᠣᠰ

ᠵᠢᠳᠠ ᠶᠢᠨ ᠦᠵᠡᠯᠵᠡᠭᠡᠨ ᠳᠤ 9.700 ᠬᠤᠪᠢ ᠣᠯᠵᠤ᠂ ᠨᠠᠶᠢᠳᠠᠯᠭ᠎ᠠ ᠶᠢ ᠬᠦᠰᠡᠷᠳᠡᠭᠦᠯᠦᠯ ᠦᠭᠡᠢ ᠮᠥᠩᠭᠦᠨ

ᠮᠧᠳᠠᠯ ᠣᠯᠪᠠ᠃

4.jpg

5.jpg

6.jpg

      ᠶᠡᠭᠡ ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ ᠶᠢᠨ ᠬᠤᠶᠠᠷ ᠲᠠᠯ᠎ᠠ ᠶᠢᠨ ᠰᠢᠢᠳᠪᠦᠷᠢᠲᠦ ᠤᠷᠤᠯᠳᠤᠭᠠᠨ᠄

ᠸᠧᠢ ᠯᠠᠢ᠂ ᠵᠢᠶᠠᠩ ᠶᠥᠩ ᠴᠢ᠂ ᠴᠧᠨ ᠢᠦᠢ ᠺᠦᠨ

      ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠮᠡᠭᠲᠡᠢ ᠶᠢᠨ ᠬᠤᠶᠠᠷ ᠲᠠᠯ᠎ᠠ ᠶᠢᠨ ᠪᠣᠯᠪᠠᠰᠤᠷᠠᠯ ᠤᠨ

ᠤᠷᠤᠯᠳᠤᠭᠤᠨ ᠳᠤ᠂ ᠪᠤᠭᠤᠲᠤ ᠬᠤᠲᠠ ᠶᠢᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠥᠯᠦᠭᠯᠡᠯ ᠤᠨ

ᠬᠢᠵᠠᠭᠠᠷᠲᠤ ᠺᠣᠮᠫᠠᠨᠢ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ ᠲᠠᠮᠢᠷᠴᠢᠨ ᠵᠢᠶᠠ ᠱᠠᠨ ᠢ᠂ ᠯᠢ

ᠪᠢᠨ᠂ ᠸᠠᠩ ᠵᠢᠩ ᠴᠢᠶᠣᠤ ᠪᠠᠷ ᠪᠦᠷᠢᠯᠳᠦᠭᠰᠡᠨ ᠬᠤᠣᠰ ᠬᠢᠲᠤᠭ᠎ᠠ ᠪᠠ ᠬᠤᠣᠰ ᠵᠢᠳᠠ ᠶᠢᠨ ᠠᠩᠭᠢ᠂ ᠭᠠᠷ ᠲᠠᠭᠠᠷᠠᠨ

ᠬᠠᠮᠵᠢᠯᠴᠠᠵᠤ᠂ ᠯᠠᠪᠳᠠᠭᠤᠨ ᠪᠠᠲᠤᠲᠠᠢ ᠵᠡᠪᠰᠡᠭ ᠤᠨ ᠡᠷᠳᠡᠮ ᠤᠨ ᠮᠡᠭᠡ ᠶᠢᠨ ᠦᠨᠳᠦᠰᠦᠨ ᠪᠣᠯᠪᠠᠰᠤᠷᠠᠯ ᠪᠣᠯᠤᠨ ᠠᠬᠤᠢ

ᠲᠠᠯᠠᠪᠠᠢ ᠳᠤ ᠡᠷᠳᠡᠮ ᠢᠶᠠᠨ ᠭᠠᠷᠭᠠᠬᠤ ᠪᠠᠷ ᠬᠢᠨᠠᠭᠴᠢ ᠶᠢᠨ ᠬᠦᠷᠢᠶᠡᠯᠡᠯ ᠢ ᠣᠯᠵᠤ᠂ ᠡᠴᠦᠰ ᠲᠤ ᠪᠠᠨ 9.666

ᠬᠤᠪᠢ ᠶᠢᠨ ᠬᠢᠷᠢ ᠪᠦᠲᠦᠮᠵᠢ ᠪᠠᠷ ᠰᠢᠢᠳᠪᠦᠷᠢᠲᠦ ᠤᠷᠤᠯᠳᠤᠭᠠᠨ ᠤ ᠭᠤᠲᠠᠭᠠᠷ ᠲᠤ ᠣᠷᠣᠵᠤ᠂ ᠰᠤᠷᠤᠭᠴᠢ

ᠵᠠᠯᠠᠭᠤᠴᠤᠳ ᠤᠨ ᠴᠤᠭᠯᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠦᠭᠡᠯᠡᠭᠴᠢ ᠶᠢᠨ

ᠪᠦᠯᠬᠦᠮ ᠳᠤ ᠪᠠᠰᠠ ᠨᠢᠭᠡ ᠬᠦᠷᠡᠯ ᠮᠧᠳᠠᠯ ᠨᠡᠮᠡᠷᠢᠯᠡᠪᠡ᠃

   

7.jpg

8.jpg

9.jpg

      ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠮᠡᠭᠲᠡᠢ ᠶᠢᠨ ᠬᠤᠶᠠᠷ ᠲᠠᠯ᠎ᠠ ᠶᠢᠨ ᠪᠣᠯᠪᠠᠰᠤᠷᠠᠯ ᠤᠨ

ᠰᠢᠢᠳᠪᠦᠷᠢᠲᠦ ᠤᠷᠤᠯᠳᠤᠭᠠᠨ᠄ ᠵᠢᠶᠠ ᠱᠠᠨ ᠢ᠂ ᠯᠢ ᠪᠢᠨ᠂ ᠸᠠᠩ ᠵᠢᠩ ᠴᠢᠶᠣᠤ

10.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠦᠭᠡᠯᠡᠭᠴᠢ ᠶᠢᠨ ᠪᠦᠯᠬᠦᠮ  ᠤᠨ

ᠰᠤᠷᠭᠠᠭᠤᠯᠢ ᠶᠢᠨ ᠬᠦᠷᠢᠶᠡᠨ ᠤ ᠵᠡᠪᠰᠡᠭ ᠤᠨ ᠡᠷᠳᠡᠮ ᠤᠨ ᠮᠡᠭᠡ ︵ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠶᠢᠨ

ᠠᠩᠭᠢ ᠶᠢᠨ ᠬᠠᠮᠲᠤ ᠶᠢᠨ ᠰᠡᠭᠦᠳᠡᠷ

11.jpg

12.jpg

      ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠠᠮᠲᠤ ᠶᠢᠨ ᠵᠡᠭᠡᠯᠢ ᠶᠢᠨ ᠪᠥᠵᠢᠭ ᠤᠨ ᠬᠥᠭᠵᠢᠶᠡᠨᠲᠦ

ᠪᠡᠶ᠎ᠡ ᠶᠢᠨ ᠲᠠᠮᠢᠷ ᠤᠨ ᠰᠢᠢᠳᠪᠦᠷᠢᠲᠦ ᠤᠷᠤᠯᠳᠤᠭᠠᠨ᠄ ᠪᠠᠶᠠᠨ᠂ ᠯᠢᠦ ᠽᠢ ᠴᠢᠶᠠᠨ᠂ ᠵᠣᠣ ᠰᠢᠩ ᠢᠦᠢ᠂ ᠯᠢᠨ ᠧᠨ

ᠽᠧ᠂ ᠵᠠᠩ ᠬᠤᠤ ᠿᠠᠨ᠂ ᠵᠠᠩ ᠾᠧ ᠬᠠᠨ᠂ ᠠᠨ ᠵᠧᠩ ᠯᠢᠨ᠂ ᠭᠤᠤ ᠨᠠ ᠿᠥᠩ᠂ ᠶᠠᠩ ᠱᠢ ᠬᠠᠨ᠂ ᠵᠧᠦ

ᠿᠦᠢ ᠵᠢᠶᠧ᠂ ᠸᠠᠩ ᠶᠤᠸᠡᠢ ᠨᠢᠩ᠂ ᠳ᠋ᠦ᠋ ᠰᠢᠩ ᠸᠠᠨ᠂ ᠪᠠᠢ ᠢᠦᠢ ᠵᠢᠶᠧ᠂ ᠳ᠋ᠦ᠋ ᠾᠥᠩ ᠰᠢᠤᠸᠠᠨ᠂ ᠵᠠᠩ ᠰᠢᠦᠢ

ᠰᠢᠤᠸᠠᠨ

      11 ᠰᠠᠷ᠎ᠠ ᠶᠢᠨ 10 ᠤ ᠡᠳᠦᠷ᠂ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ

ᠰᠤᠷᠭᠠᠭᠤᠯᠢ ᠶᠢᠨ ᠬᠦᠷᠢᠶᠡᠨ ᠤ ᠭᠤᠸᠠᠵᠢᠯ  ᠬᠢᠮᠨᠠᠰᠲ᠋ᠢᠺ ︵ᠬᠥᠭᠵᠢᠶᠡᠨᠲᠦ ᠪᠡᠶ᠎ᠡ  ᠶᠢᠨ ᠲᠠᠮᠢᠷ︶ ᠤᠨ ᠲᠥᠷᠥᠯ ᠵᠦᠢᠯ

ᠰᠢᠢᠳᠪᠦᠷᠢᠲᠦ ᠤᠷᠤᠯᠳᠤᠭᠠᠨ ᠤ ᠱᠠᠲᠤᠨ ᠳᠤ ᠣᠷᠣᠪᠠ᠃ ᠣᠷᠳᠣᠰ ᠬᠤᠲᠠ ᠶᠢᠨ ᠳᠠᠯᠠᠳ ᠬᠤᠰᠢᠭᠤᠨ ᠤ

ᠳᠣᠯᠣᠳᠤᠭᠠᠷ ᠳᠤᠮᠳᠠᠳᠤ ᠰᠤᠷᠭᠠᠭᠤᠯᠢ 15 ᠲᠠᠮᠢᠷᠴᠢᠨ ᠢ ᠲᠣᠮᠢᠯᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠢ ᠲᠥᠯᠥᠭᠡᠯᠡᠨ ᠰᠤᠷᠭᠠᠭᠤᠯᠢ ᠶᠢᠨ ᠬᠦᠷᠢᠶᠡᠨ ᠤ ᠬᠠᠮᠲᠤ ᠶᠢᠨ ᠵᠡᠭᠡᠯᠢ ᠶᠢᠨ ᠪᠥᠵᠢᠭ ᠬᠥᠭᠵᠢᠶᠡᠨᠲᠦ ᠪᠡᠶ᠎ᠡ ᠶᠢᠨ

ᠲᠠᠮᠢᠷ ᠤᠨ ᠤᠷᠤᠯᠳᠤᠭᠠᠨ ᠳᠤ ᠣᠷᠣᠯᠴᠠᠭᠤᠯᠪᠠ᠃ ᠲᠠᠮᠢᠷᠴᠢᠳ ᠪᠡᠯᠡᠳᠬᠡᠯ ᠤᠷᠤᠯᠳᠤᠭᠠᠨ ᠳᠤ ᠯᠠᠪᠳᠠᠭᠤᠨ

ᠲᠣᠭᠲᠠᠭᠤᠨ ᠢᠶᠠᠷ ᠡᠷᠳᠡᠮ ᠢᠶᠠᠨ ᠭᠠᠷᠭᠠᠵᠤ᠂ 11 ᠬᠠᠮᠲᠤ ᠶᠢᠨ ᠲᠥᠷᠥᠯ ᠵᠦᠢᠯ ᠤᠨ ᠠᠩᠭᠢ ᠠᠴᠠ ᠴᠣᠯᠭᠤᠷᠠᠨ

ᠭᠠᠷᠴᠤ᠂ ᠰᠢᠢᠳᠪᠦᠷᠢᠲᠦ ᠤᠷᠤᠯᠳᠤᠭᠠᠨ ᠳᠤ ᠠᠮᠵᠢᠯᠲᠠᠲᠠᠢ ᠳᠠᠪᠰᠢᠨ ᠣᠷᠣᠪᠠ᠃ ᠰᠢᠢᠳᠪᠦᠷᠢᠲᠦ ᠤᠷᠤᠯᠳᠤᠭᠠᠨ ᠳᠤ

ᠲᠠᠮᠢᠷᠴᠢᠳ ᠡᠭᠦᠷᠭᠡ ᠬᠠᠷᠢᠭᠤᠴᠠᠯᠭ᠎ᠠ ᠪᠠᠨ ᠬᠦᠰᠡᠷᠳᠡᠭᠦᠯᠦᠯ ᠦᠭᠡᠢ ᠪᠠᠷ ᠡᠷᠡᠮᠡᠬᠡᠶᠢᠯᠡᠨ ᠤᠷᠤᠭᠰᠢᠯᠠᠵᠤ᠂

ᠳᠠᠷᠤᠯᠲᠠ ᠶᠢ ᠳᠡᠪᠴᠢᠨ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠠᠮᠲᠤ ᠶᠢᠨ ᠵᠡᠭᠡᠯᠢ ᠶᠢᠨ ᠪᠥᠵᠢᠭ

ᠬᠥᠭᠵᠢᠶᠡᠨᠲᠦ ᠪᠡᠶ᠎ᠡ ᠶᠢᠨ ᠲᠠᠮᠢᠷ 562 ᠬᠤᠪᠢ ᠪᠠᠷ ᠮᠥᠩᠭᠦᠨ ᠮᠧᠳᠠᠯ ᠣᠯᠪᠠ᠃

      ᠮᠥᠷᠥᠶᠢᠴᠡᠬᠦ ᠶᠠᠪᠤᠴᠠ ᠳᠤ ᠪᠠᠷᠢᠮᠲᠠᠯᠠᠵᠤ᠂ ᠮᠥᠷᠥᠶᠢᠴᠡᠬᠦ ᠶᠠᠪᠤᠴᠠ ᠳᠤ ᠦᠰᠦᠨ ᠪᠣᠶᠢᠵᠢᠨ᠎ᠠ᠂ ᠥᠪᠥᠷ

ᠮᠣᠩᠭᠤᠯ ᠤᠨ ᠲᠠᠮᠢᠷᠴᠢᠳ ᠤᠷᠤᠯᠳᠤᠭᠠᠨ ᠤ ᠲᠠᠯᠠᠪᠠᠢ ᠳᠤ ᠭᠤᠶᠢᠳᠠ ᠰᠠᠶᠢᠬᠠᠨ ᠡᠷᠳᠡᠮ ᠢᠶᠠᠨ ᠭᠠᠶᠢᠬᠠᠭᠤᠯᠵᠤ᠂

ᠰᠢᠯᠢᠳᠡᠭ ᠬᠢᠷᠢ ᠪᠦᠲᠦᠮᠵᠢ ᠣᠯᠤᠭᠰᠠᠨ ᠤ ᠬᠠᠮᠲᠤ ᠪᠠᠰᠠ ᠡᠷᠬᠢᠮ ᠨᠠᠨᠳᠢᠨ ᠲᠤᠷᠰᠢᠯᠭ᠎ᠠ ᠣᠯᠤᠭᠰᠠᠨ ᠪᠠᠶᠢᠨ᠎ᠠ᠃ ᠨᠢᠭᠡ

ᠪᠥᠯᠦᠭ ᠤᠷᠤᠯᠳᠤᠭᠠᠨ ᠬᠡᠳᠦ᠋ᠢᠪᠡᠷ ᠳᠠᠭᠤᠰᠤᠭᠰᠠᠨ ᠪᠣᠯᠪᠠᠴᠤ ᠲᠠᠮᠢᠷᠴᠢᠳ ᠤᠨ ᠵᠠᠯᠠᠭᠤ ᠨᠠᠰᠤᠨ ᠤ ᠠᠮᠢᠵᠢᠷᠠᠯ ᠤᠨ

ᠬᠦᠴᠦᠨ ᠪᠣᠯᠤᠨ ᠭᠤᠶᠢᠳᠠ ᠰᠠᠶᠢᠬᠠᠨ ᠭᠱᠠᠨ ᠵᠠᠭᠤᠷ᠎ᠠ ᠶᠢ ᠰᠤᠷᠤᠭᠴᠢ ᠵᠠᠯᠠᠭᠤᠴᠤᠳ ᠤᠨ ᠴᠤᠭᠯᠠᠭᠠᠨ ᠤ

ᠤᠷᠤᠯᠳᠤᠭᠠᠨ ᠤ ᠲᠠᠯᠠᠪᠤᠷ ᠲᠤ ᠦᠯᠡᠳᠡᠭᠡᠵᠦ᠂ ᠲᠡᠳᠡ ᠴᠢᠷᠮᠠᠶᠢᠨ ᠲᠡᠮᠡᠴᠡᠵᠦ᠂ ᠥᠪᠡᠷ ᠪᠡᠶ᠎ᠡ ᠲᠠᠢ ᠪᠠᠨ ᠮᠥᠷᠥᠶᠢᠴᠡᠵᠦ᠂

ᠪᠦᠬᠦ ᠬᠦᠴᠦᠨ ᠢᠶᠠᠷ ᠢᠶᠠᠨ ᠴᠢᠷᠮᠠᠶᠢᠨ᠂ ᠪᠣᠳᠠᠳᠤ ᠠᠵᠢᠯᠯᠠᠭ᠎ᠠ ᠪᠠᠷ ᠢᠶᠠᠨ ᠥᠪᠥᠷ ᠮᠣᠩᠭᠤᠯ ᠤᠨ ᠰᠤᠷᠭᠠᠭᠤᠯᠢ ᠶᠢᠨ

ᠬᠦᠷᠢᠶᠡᠨ ᠤ ᠪᠡᠶ᠎ᠡ ᠶᠢᠨ ᠲᠠᠮᠢᠷ ᠤᠨ ᠭᠡᠷᠡᠯ ᠭᠢᠯᠪᠠᠭ᠎ᠠ ᠶᠢ ᠰᠠᠴᠤᠷᠠᠭᠤᠯᠬᠤ ᠳᠤ ᠬᠦᠴᠦᠨ ᠨᠡᠮᠡᠷᠢᠯᠡᠪᠡ᠃

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map