ᠪᠠᠭᠰᠢ ᠶᠢᠨ ᠮᠣᠷᠠᠯ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ ᠶᠢ ᠡᠯᠰᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/11/15
      ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠠᠨᠠᠯ︾᠂ ︽ᠰᠤᠷᠭᠠᠨ ᠬᠥᠮᠦᠵᠢᠯ ᠤᠨ ᠶᠠᠮᠤᠨ ᠵᠡᠷᠭᠡ ᠳᠣᠯᠣᠭᠠᠨ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠨᠠᠶᠢᠳᠠᠪᠤᠷᠢᠵᠢᠭᠤᠯᠤᠨ᠂ ᠰᠢᠨ᠎ᠡ ᠴᠠᠭ ᠦᠶ᠎ᠡ ᠶᠢᠨ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠨᠡᠶᠢᠭᠡᠮ  ᠤᠨ ᠬᠢᠨᠠᠯᠲᠠ ᠲᠠᠯᠪᠢᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠨᠡᠶᠢᠭᠡᠮ ᠳᠤ ᠬᠠᠨᠳᠤᠭᠤᠯᠤᠨ ︽ᠪᠠᠭᠰᠢ ᠶᠢᠨ ᠮᠣᠷᠠᠯ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ︾ ᠶᠢ ᠡᠯᠰᠡᠬᠦ ᠪᠠᠷ ᠲᠣᠭᠲᠠᠪᠠ᠃ ᠡᠳᠦᠭᠡ ᠬᠠᠮᠢᠶ᠎ᠠ ᠪᠦᠬᠦᠢ ᠵᠦᠢᠯ ᠢ ᠳᠣᠣᠷᠠᠬᠢ ᠮᠡᠲᠦ ᠵᠠᠷᠯᠠᠪᠠ᠄      ᠨᠢᠭᠡ᠂ ᠬᠦᠷᠢᠶ᠎ᠡ ᠬᠡᠪᠴᠢᠶ᠎ᠡ ᠪᠠ ᠲᠤᠭ᠎ᠠ      ︵ᠨᠢᠭᠡ︶ ᠡᠯᠰᠡᠬᠦ ᠡᠲᠡᠭᠡᠳ᠄ ᠰᠤᠷᠭᠠᠨ ᠬᠥᠮᠦᠵᠢᠯ ᠤᠨ ᠬᠥᠭᠵᠢᠯᠲᠡ ᠶᠢ ᠬᠠᠯᠠᠮᠵᠢᠯᠠᠵᠤ ᠠᠩᠬᠠᠷᠴᠤ ᠪᠠᠶᠢᠭ᠎ᠠ ᠰᠤᠷᠤᠭᠴᠢ ᠶᠢᠨ ᠭᠡᠷ ᠤᠨ ᠠᠬᠠᠮᠠᠳ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ᠂ ᠰᠤᠷᠭᠠᠨ ᠬᠥᠮᠦᠵᠢᠯ ᠤᠨ ᠠᠵᠢᠯᠲᠠᠨ ᠵᠡᠷᠭᠡ ᠶᠢ ᠪᠠᠭᠲᠠᠭᠠᠨ᠎ᠠ᠃      ︵ᠬᠤᠶᠠᠷ︶ ᠡᠯᠰᠡᠬᠦ ᠲᠤᠭ᠎ᠠ᠄ ᠪᠦᠬᠦ ᠬᠥᠮᠦᠨ ᠤ ᠲᠤᠭ᠎ᠠ ᠶᠢ 10 ᠬᠥᠮᠦᠨ ᠠᠴᠠ ᠬᠡᠲᠦᠷᠡᠭᠦᠯᠬᠦ ᠦᠭᠡᠢ᠃      ᠬᠤᠶᠠᠷ᠂ ᠨᠡᠷ᠎ᠡ ᠮᠡᠳᠡᠭᠦᠯᠬᠦ ᠨᠥᠬᠦᠴᠡᠯ      ︵ᠨᠢᠭᠡ︶ ᠤᠯᠤᠰ ᠲᠥᠷᠥ ᠶᠢᠨ ᠵᠣᠭᠰᠣᠯᠲᠠ ᠡᠷᠡᠰ ᠪᠠᠲᠤ᠂ ᠨᠠᠮ ᠤᠨ ᠤᠳᠤᠷᠢᠳᠤᠯᠭ᠎ᠠ  ᠶᠢ ᠬᠦᠷᠢᠶᠡᠯᠡᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠬᠦᠷᠢᠶᠡᠯᠡᠨ᠂ ᠰᠤᠷᠭᠠᠨ ᠬᠥᠮᠦᠵᠢᠯ ᠤᠨ ᠦᠢᠯᠡᠰ ᠢ ᠬᠠᠯᠠᠮᠵᠢᠯᠠᠵᠤ᠂ ᠵᠠᠩ ᠮᠣᠷᠠᠯ ᠡᠷᠬᠢᠮ ᠳᠡᠭᠡᠳᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠰᠤᠷᠲᠠᠯ ᠲᠥᠪ ᠭᠤᠣᠯᠴᠢ ᠪᠠᠶᠢᠬᠤ ᠬᠡᠷᠡᠭᠲᠡᠢ᠃      ︵ᠬᠤᠶᠠᠷ︶ ᠬᠠᠷᠢᠭᠤᠴᠠᠯᠭᠠᠲᠤ ᠰᠡᠳᠬᠢᠯᠭᠡ ᠴᠢᠩᠭ᠎ᠠ᠂ ᠵᠣᠬᠢᠬᠤ ᠵᠣᠬᠢᠶᠠᠨ ᠪᠠᠶᠢᠭᠤᠯᠤᠨ ᠵᠣᠬᠢᠴᠠᠭᠤᠯᠬᠤ ᠴᠢᠳᠠᠪᠤᠷᠢ ᠲᠠᠢ ᠪᠠᠶᠢᠵᠤ᠂ ᠪᠠᠭᠰᠢ ᠶᠢᠨ ᠮᠣᠷᠠᠯ ᠰᠤᠷᠲᠠᠯ ᠤᠨ ᠬᠠᠮᠢᠶ᠎ᠠ ᠪᠦᠬᠦᠢ ᠰᠠᠨᠠᠯ ᠢ ᠥᠷᠭᠡᠨ ᠢᠶᠠᠷ ᠴᠤᠭᠯᠠᠭᠤᠯᠬᠤ ᠪᠠ ᠪᠤᠰᠤᠳᠴᠢ ᠪᠠᠷ ᠵᠠᠳᠠᠯᠵᠤ᠂ ᠠᠵᠢᠯ ᠤᠨ ᠰᠠᠨᠠᠭᠤᠯᠤᠮᠵᠢ ᠳᠤᠷᠠᠳᠬᠤ ᠬᠡᠷᠡᠭᠲᠡᠢ᠃      ︵ᠭᠤᠷᠪᠠ︶ ᠪᠡᠶ᠎ᠡ ᠮᠠᠬᠠᠪᠣᠳ ᠡᠷᠡᠭᠦᠯ ᠴᠢᠭᠢᠷᠠᠭ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠠᠵᠢᠯ ᠢ ᠡᠷᠬᠢᠯᠡᠬᠦ ᠳᠤ ᠴᠢᠬᠤᠯᠠᠲᠠᠢ ᠴᠠᠭ ᠬᠤᠭᠤᠴᠠᠭ᠎ᠠ ᠪᠠ ᠤᠶᠤᠨ ᠴᠢᠳᠠᠯ ᠢ ᠪᠠᠲᠤᠯᠠᠵᠤ᠂ ᠵᠠᠰᠠᠭ ᠵᠠᠬᠢᠷᠭᠠᠨ ᠤ ᠰᠢᠢᠳᠭᠡᠯ ᠣᠯᠤᠭᠰᠠᠨ ᠦᠭᠡᠢ᠂ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠦᠭᠡᠢ᠃      ᠭᠤᠷᠪᠠ᠂ ᠳᠤᠰᠢᠶᠠᠯ ᠬᠠᠷᠢᠭᠤᠴᠠᠯᠭ᠎ᠠ ᠪᠠ ᠡᠭᠦᠷᠬᠡ      ︵ᠨᠢᠭᠡ︶ ᠪᠠᠭᠰᠢ ᠶᠢᠨ ᠬᠠᠤᠯᠢ ᠪᠠᠷ ᠵᠠᠰᠠᠬᠤ ᠬᠥᠮᠦᠵᠢᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠪᠠ ᠪᠠᠭᠰᠢ ᠶᠢᠨ ᠶᠣᠰᠣ ᠮᠣᠷᠠᠯ ᠤᠨ ᠰᠢᠷᠢᠰ ᠵᠢᠷᠤᠮᠵᠢᠯ ᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠤᠷᠠᠯ ᠪᠠ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ︔      ︵ᠬᠤᠶᠠᠷ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢᠨ ᠪᠠᠶᠢᠳᠠᠯ ᠢ ᠥᠷᠭᠡᠨ ᠢᠶᠠᠷ ᠴᠤᠭᠯᠠᠭᠤᠯᠵᠤ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢᠨ ᠠᠰᠠᠭᠤᠳᠠᠯ ᠢ ᠪᠠᠶᠢᠴᠠᠭᠠᠨ ᠰᠣᠳᠤᠯᠵᠤ᠂ ᠰᠤᠷᠭᠠᠨ ᠬᠥᠮᠦᠵᠢᠯ ᠤᠨ ᠲᠢᠩᠬᠢᠮ ᠳᠤ ᠰᠠᠨᠠᠭᠤᠯᠭ᠎ᠠ ᠳᠤᠷᠠᠳᠤᠨ᠎ᠠ︔      ︵ᠭᠤᠷᠪᠠ︶ ᠪᠦᠬᠦ ᠣᠷᠣᠨ ᠤ ᠪᠠᠭᠰᠢ ᠶᠢᠨ ᠮᠣᠷᠠᠯ ᠰᠤᠷᠲᠠᠯ ᠤᠨ ᠣᠳᠣᠬᠢ ᠪᠠᠶᠢᠳᠠᠯ ᠢ ᠵᠣᠬᠢᠶᠠᠨ ᠪᠠᠶᠢᠭᠤᠯᠤᠯᠲᠠ ᠲᠠᠢ ᠦᠨᠡᠯᠡᠨ ᠶᠠᠷᠢᠯᠴᠠᠬᠤ ᠶᠢᠨ ᠬᠠᠮᠲᠤ ᠪᠤᠰᠤᠳᠴᠢ᠂ ᠲᠥᠪ ᠭᠤᠣᠯᠴᠢ ᠪᠠᠷ ᠦᠨᠡᠯᠡᠵᠦ᠂ ᠲᠣᠭᠲᠠᠮᠠᠯ ᠬᠤᠭᠤᠴᠠᠭ᠎ᠠ ᠲᠠᠢ ᠰᠤᠷᠭᠠᠨ ᠬᠥᠮᠦᠵᠢᠯ ᠤᠨ ᠲᠢᠩᠬᠢᠮ ᠳᠤ ᠬᠠᠷᠢᠭᠤ ᠳᠤᠰᠬᠠᠨ᠎ᠠ᠃      ︵ᠳᠥᠷᠪᠡ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠵᠢᠴᠢ ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠵᠡᠷᠭᠡ ᠲᠠᠯ᠎ᠠ  ᠪᠠᠷ ᠬᠢᠨᠠᠯᠲᠠ ᠲᠠᠯᠪᠢᠵᠤ᠂ ᠬᠡᠷᠪᠡ ᠪᠠᠭᠰᠢ ᠶᠢᠨ ᠮᠣᠷᠠᠯ ᠰᠤᠷᠲᠠᠯ ᠢ ᠵᠦᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠢ ᠳᠤ ᠨᠢ ᠰᠢᠭᠦᠮᠵᠢᠯᠡᠨ ᠰᠠᠨᠠᠭᠤᠯᠭ᠎ᠠ ᠳᠤᠷᠠᠳᠬᠤ  ᠶᠢᠨ ᠬᠠᠮᠲᠤ ᠰᠤᠷᠭᠠᠨ ᠬᠥᠮᠦᠵᠢᠯ ᠤᠨ ᠲᠢᠩᠬᠢᠮ ᠳᠤ ᠬᠠᠷᠢᠭᠤ ᠳᠤᠰᠬᠠᠨ᠎ᠠ᠃      ︵ᠲᠠᠪᠤ︶ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠶᠢᠳᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠮᠵᠢᠨ ᠪᠡᠶᠡᠯᠡᠭᠦᠯᠦᠨ᠎ᠡ᠃      ᠳᠥᠷᠪᠡ᠂ ᠤᠷᠢᠨ ᠬᠡᠷᠡᠭᠯᠡᠬᠦ ᠬᠠᠮᠢᠶᠠᠷᠤᠯᠲᠠ      ︵ᠨᠢᠭᠡ︶ ᠰᠤᠷᠭᠠᠨ ᠬᠥᠮᠦᠵᠢᠯ ᠤᠨ ᠲᠢᠩᠬᠢᠮ ᠠᠴᠠ ᠤᠷᠢᠯᠭ᠎ᠠ ᠶᠢᠨ ᠪᠢᠴᠢᠭ ᠣᠯᠭᠤᠵᠤ᠂ ᠤᠷᠢᠬᠤ ᠬᠤᠭᠤᠴᠠᠭ᠎ᠠ 2 ᠵᠢᠯ ᠪᠣᠯᠤᠨ᠎ᠠ᠂ ᠤᠷᠢᠭᠳᠠᠭᠰᠠᠨ ᠡᠳᠦᠷ ᠠᠴᠠ ᠡᠬᠢᠯᠡᠵᠦ ᠪᠣᠳᠣᠨ᠎ᠠ᠂ ᠤᠷᠢᠬᠤ ᠬᠤᠭᠤᠴᠠᠭ᠎ᠠ ᠨᠢ ᠳᠦᠭᠦᠷᠦᠭᠰᠡᠨ ᠪᠣᠯ ᠠᠵᠢᠯ ᠤᠨ ᠪᠠᠶᠢᠳᠠᠯ ᠢ ᠦᠨᠳᠦᠰᠦᠯᠡᠨ᠂ ᠰᠣᠳᠤᠯᠬᠤ ᠪᠠᠷ ᠳᠠᠮᠵᠢᠨ ᠦᠷᠭᠦᠯᠵᠢᠯᠡᠨ ᠤᠷᠢᠵᠤ ᠪᠣᠯᠤᠨ᠎ᠠ᠃      ︵ᠬᠤᠶᠠᠷ︶ ᠪᠠᠭᠰᠢ ᠶᠢᠨ ᠮᠣᠷᠠᠯ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠨᠢ ᠠᠯᠪᠠᠨ ᠵᠢᠷᠤᠮ ᠤᠨ ᠬᠢᠨᠠᠯᠲᠠ ᠲᠠᠯᠪᠢᠬᠤ ᠠᠵᠢᠯ ᠳᠤ ᠬᠠᠷᠢᠶᠠᠯᠠᠭᠳᠠᠪᠠᠯ᠂ ᠠᠵᠢᠯ ᠤᠨ ᠬᠠᠷᠠᠮᠵᠢ ᠥᠭᠬᠦ ᠦᠭᠡᠢ᠃      ︵ᠭᠤᠷᠪᠠ︶ ᠪᠠᠭᠰᠢ ᠶᠢᠨ ᠮᠣᠷᠠᠯ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠵᠤ ᠬᠡᠷᠡᠭᠯᠡᠬᠦ ᠳᠤ ᠪᠠᠨ ᠨᠢᠭᠡᠳᠦᠯᠲᠡᠢ ᠬᠠᠮᠢᠶᠠᠷᠤᠯᠲᠠ ᠪᠠ ᠲᠣᠬᠢᠷᠠᠭᠤᠯᠤᠯᠲᠠ ᠶᠢ ᠤᠬᠠᠮᠰᠠᠷ ᠠᠴᠠ ᠪᠠᠨ ᠳᠠᠭᠠᠵᠤ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠤᠷᠢᠬᠤ ᠪᠠᠨ ᠪᠤᠯᠢᠨ᠎ᠠ᠄      1. ᠠᠵᠢᠯ ᠤᠨ ᠳᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠭᠰᠡᠨ ᠦᠭᠡᠢ ᠪᠠᠶᠢᠵᠤ᠂ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ᠃      2. ᠬᠢᠨᠠᠯᠲᠠ ᠲᠠᠯᠪᠢᠬᠤ᠂ ᠬᠠᠷᠢᠭᠤ ᠲᠤᠰᠬᠠᠬᠤ ᠶᠠᠪᠤᠴᠠ ᠳᠤ ᠬᠤᠳᠠᠯ ᠬᠠᠭᠤᠷᠮᠠᠭ ᠦᠢᠯᠡ ᠠᠵᠢᠯᠯᠠᠭ᠎ᠠ ᠣᠷᠣᠰᠢᠵᠤ ᠪᠠᠶᠢᠭ᠎ᠠ᠃      3. ᠲᠤᠰ ᠬᠥᠮᠦᠨ ᠪᠠᠭᠰᠢ ᠶᠢᠨ ᠮᠣᠷᠠᠯ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠤᠰᠢᠶᠠᠯ ᠢ ᠳᠠᠬᠢᠵᠤ ᠡᠭᠦᠷᠭᠡᠯᠡᠬᠦ ᠦᠭᠡᠢ ᠭᠡᠵᠦ ᠳᠤᠷᠠᠳᠤᠭᠰᠠᠨ᠃      4. ᠪᠤᠰᠤᠳ ᠰᠢᠯᠲᠠᠭᠠᠨ ᠠᠴᠠ ᠪᠣᠯᠵᠤ ᠪᠠᠭᠰᠢ ᠶᠢᠨ ᠮᠣᠷᠠᠯ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠪᠣᠯᠤᠭᠰᠠᠨ᠃      ᠲᠠᠪᠤ᠂ ᠤᠷᠢᠬᠤ ᠠᠷᠭ᠎ᠠ      ︵ᠨᠢᠭᠡ︶ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ᠄ ᠡᠯ᠎ᠡ ᠨᠢᠭᠡᠴᠢ ︵ᠰᠠᠯᠠᠭ᠎ᠠ ᠮᠥᠴᠢᠷ︶ ᠵᠣᠬᠢᠶᠠᠨ ᠪᠠᠶᠢᠭᠤᠯᠤᠯᠲᠠ ᠶᠢᠨ ᠨᠡᠷ᠎ᠡ ᠪᠠᠷ ᠰᠤᠷᠭᠠᠨ ᠬᠥᠮᠦᠵᠢᠯ ᠤᠨ ᠲᠢᠩᠬᠢᠮ ᠳᠤ ᠨᠥᠬᠦᠴᠡᠯ ᠳᠤ ᠨᠡᠶᠢᠴᠡᠬᠦ ᠵᠢᠱᠢᠭᠳᠡᠭᠴᠢ ᠶᠢ ᠰᠢᠭᠤᠳ ᠲᠠᠨᠢᠯᠴᠠᠭᠤᠯᠬᠤ ᠶᠢᠨ ᠬᠠᠮᠲᠤ ᠵᠣᠬᠢᠬᠤ ᠲᠠᠨᠢᠯᠴᠠᠭᠤᠯᠬᠤ ᠮᠠᠲ᠋ᠧᠷᠢᠶᠠᠯ ᠢ ᠳᠠᠭᠠᠯᠳᠤᠭᠤᠯᠤᠨ᠎ᠠ᠃      ︵ᠬᠤᠶᠠᠷ︶ ᠬᠤᠪᠢ ᠬᠥᠮᠦᠨ ᠥᠪᠡᠷ ᠢ ᠢᠶᠠᠨ ᠲᠠᠨᠢᠯᠴᠠᠭᠤᠯᠬᠤ᠄ ᠤᠷᠢᠬᠤ ᠨᠥᠬᠦᠴᠡᠯ ᠳᠤ ᠨᠡᠶᠢᠴᠡᠬᠦ ᠪᠥᠭᠡᠳ ᠰᠠᠨᠠᠮᠵᠢ ᠲᠠᠢ ᠬᠥᠮᠦᠰ ᠰᠢᠭᠤᠳ ᠨᠡᠷ᠎ᠡ ᠮᠡᠳᠡᠭᠦᠯᠵᠦ ᠪᠣᠯᠤᠨ᠎ᠠ᠃      ︵ᠭᠤᠷᠪᠠ︶ ᠬᠤᠯᠪᠣᠭᠳᠠᠯ ᠪᠦᠬᠦᠢ ᠱᠠᠭᠠᠷᠳᠠᠯᠭ᠎ᠠ᠄ ᠲᠤᠰ ᠡᠳᠦᠷ ᠠᠴᠠ ᠡᠬᠢᠯᠡᠨ 2023 ᠣᠨ ᠤ 11-24 ᠤ ᠡᠳᠦᠷ ᠪᠣᠯᠲᠠᠯ᠎ᠠ᠂ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠤᠭᠰᠠᠨ ᠪᠤᠶᠤ ᠬᠤᠪᠢ ᠬᠥᠮᠦᠨ ᠤ ᠥᠪᠡᠷ ᠢ ᠢᠶᠠᠨ ᠲᠠᠨᠢᠯᠴᠠᠭᠤᠯᠤᠭᠰᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠯᠪᠠᠨ ᠰᠦᠯᠵᠢᠶ᠎ᠡ https://jyt.nmg.gov.cn/ ᠳᠤ ᠳᠠᠩᠰᠠᠯᠠᠭᠤᠯᠵᠤ᠂ ᠮᠡᠳᠡᠭᠳᠡᠯ ᠤᠨ ᠠᠯᠪᠠᠨ ᠵᠠᠷᠯᠠᠯ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠮᠣᠷᠠᠯ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠭᠤᠶᠤᠴᠢᠯᠠᠯ ᠤᠨ ᠬᠦᠰᠦᠨᠦᠭᠲᠦ︾ ᠶᠢ ᠪᠠᠭᠤᠯᠭᠠᠬᠤ ᠶᠢᠨ ᠬᠠᠮᠲᠤ ᠲᠠᠭᠯᠠᠵᠤ᠂ ᠢᠮᠧᠯ nmgjytjsgzc@126.com ᠳᠤ ᠢᠯᠡᠭᠡᠭᠡᠷᠡᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠰᠤᠨ ᠤ ᠪᠦᠲᠦᠴᠡ᠂ ᠠᠵᠢᠯ ᠤᠨ ᠥᠩᠭᠡᠷᠡᠯᠲᠡ᠂ ᠭᠠᠵᠠᠷ ᠣᠷᠣᠨ ᠤ ᠲᠠᠷᠬᠠᠯᠲᠠ᠂ ᠲᠤᠰᠬᠠᠢ ᠮᠡᠷᠭᠡᠵᠢᠯ ᠤᠨ ᠮᠡᠳᠡᠯᠭᠡ᠂ ᠣᠨᠴᠠ ᠴᠢᠳᠠᠪᠤᠷᠢ ᠵᠡᠷᠭᠡ ᠶᠢ ᠦᠨᠳᠦᠰᠦᠯᠡᠨ ᠨᠡᠷ᠎ᠡ ᠮᠡᠳᠡᠭᠦᠯᠦᠭᠰᠡᠨ ᠪᠠ ᠲᠠᠨᠢᠯᠴᠠᠭᠤᠯᠤᠭᠰᠠᠨ ᠬᠥᠮᠦᠰ ᠢ ᠬᠢᠨᠠᠨ ᠪᠠᠶᠢᠴᠠᠭᠠᠵᠤ ᠰᠢᠯᠢᠨ ᠰᠣᠩᠭᠤᠵᠤ᠂ ᠡᠴᠦᠰ ᠲᠤ ᠨᠡᠷᠡᠰ ᠢ ᠲᠣᠭᠲᠠᠭᠠᠬᠤ ᠶᠢᠨ ᠬᠠᠮᠲᠤ ᠵᠠᠷᠯᠠᠨ ᠨᠡᠶᠢᠲᠡᠯᠡᠨ᠎ᠡ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠮᠣᠷᠠᠯ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠭᠤᠶᠤᠴᠢᠯᠠᠯ ᠤᠨ ᠬᠦᠰᠦᠨᠦᠭᠲᠦ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ               2023 ᠣᠨ ᠤ 11 ᠰᠠᠷ᠎ᠠ ᠶᠢᠨ 10 ᠤ ᠡᠳᠦᠷᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠮᠣᠷᠠᠯ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠭᠤᠶᠤᠴᠢᠯᠠᠯ ᠤᠨ ᠬᠦᠰᠦᠨᠦᠭᠲᠦ . docx 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map