ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠪᠡᠭ᠂ ᠬᠥᠯ ᠪᠥᠮᠪᠦᠭᠡᠨ ᠤ ᠲᠥᠷᠥᠯ ᠵᠦᠢᠯ ᠤᠨ ᠤᠷᠤᠯᠳᠤᠭᠠᠨ ᠳᠤ ᠥᠪᠥᠷ ᠮᠣᠩᠭᠤᠯ ᠤᠨ ᠲᠥᠯᠦᠭᠡᠯᠡᠭᠴᠢᠳ ᠤᠨ ᠪᠦᠯᠬᠦᠮ ᠳᠠᠬᠢᠨᠲᠠ ᠰᠠᠶᠢᠨ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2023/11/15
      11 ᠰᠠᠷ᠎ᠠ ᠶᠢᠨ 13 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢ ︵ᠵᠠᠯᠠᠭᠤᠴᠤᠳ︶ ᠤᠨ ᠪᠡᠶ᠎ᠡ ᠶᠢᠨ ᠲᠠᠮᠢᠷ  ᠤᠨ ᠴᠤᠭᠯᠠᠭᠠᠨ ︵ᠳᠣᠷᠣᠭᠰᠢ ᠰᠤᠷᠤᠭᠴᠢ ᠵᠠᠯᠠᠭᠤᠴᠤᠳ ᠤᠨ ᠴᠤᠭᠯᠠᠭᠠᠨ ᠭᠡᠵᠦ ᠳᠦᠭᠦᠮᠴᠢᠯᠡᠨ᠎ᠡ︶ ᠤ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ ᠤᠨ ᠲᠡᠪᠡᠭ ᠤᠨ ᠤᠷᠤᠯᠳᠤᠭᠠᠨ ᠪᠠ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠬᠥᠯ ᠪᠥᠮᠪᠦᠭᠡᠨ ᠤ ᠤᠷᠤᠯᠳᠤᠭᠠᠨ ᠤᠷᠢᠳ ᠬᠤᠵᠢᠳ ᠭᠤᠸᠠᠩᠰᠢ ᠳᠤ ᠥᠨᠳᠥᠷᠯᠡᠪᠡ᠃ ᠲᠡᠪᠡᠭ ᠤᠨ ᠲᠥᠷᠥᠯ ᠵᠦᠢᠯ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠶᠡᠭᠡ ᠰᠤᠷᠭᠠᠭᠤᠯᠢ ᠶᠢᠨ ᠳᠤᠭᠤᠶᠢᠯᠠᠩ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠭᠡᠬᠦ ᠬᠤᠶᠠᠷ ᠳᠤᠭᠤᠶᠢᠯᠠᠩ ᠤᠨ ᠤᠷᠤᠯᠳᠤᠭᠠᠨ ᠳᠤ ᠣᠷᠣᠯᠴᠠᠵᠤ᠂ ᠬᠤᠷᠴᠠ ᠰᠢᠷᠦᠭᠦᠨ ᠮᠥᠷᠥᠶᠢᠴᠡᠭᠡᠨ ᠢᠶᠠᠷ ᠳᠠᠮᠵᠢᠭᠠᠳ᠂ ᠥᠪᠥᠷ ᠮᠣᠩᠭᠤᠯ  ᠤᠨ ᠲᠥᠯᠥᠭᠡᠯᠡᠭᠴᠢᠳ ᠤᠨ ᠪᠦᠯᠬᠦᠮ ᠬᠤᠶᠠᠷ ᠳᠥᠷᠪᠡᠳᠦᠭᠡᠷ ᠨᠡᠷ᠎ᠡ᠂ ᠨᠢᠭᠡ ᠵᠢᠷᠭᠤᠳᠤᠭᠠᠷ ᠨᠡᠷ᠎ᠡ᠂ ᠬᠤᠶᠠᠷ ᠨᠠᠢᠮᠠᠳᠤᠭᠠᠷ ᠨᠡᠷ᠎ᠡ ᠳᠤ ᠤᠷᠤᠭᠰᠠᠨ ᠬᠢᠷᠢ ᠪᠦᠲᠦᠮᠵᠢ ᠶᠢ ᠣᠯᠵᠠᠢ᠃ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠬᠥᠯ ᠪᠥᠮᠪᠦᠭᠡᠨ ᠤ ᠲᠥᠷᠥᠯ ᠵᠦᠢᠯ ᠪᠦᠬᠦ ᠤᠯᠤᠰ  ᠤᠨ 12 ᠬᠥᠯ ᠪᠥᠮᠪᠥᠭᠡᠨ ᠤ ᠠᠩᠭᠢ ᠲᠠᠢ ᠰᠢᠷᠭᠠᠭᠤ ᠬᠠᠲᠠᠭᠤᠵᠢᠯᠲᠠᠢ ᠮᠥᠷᠥᠶᠢᠴᠡᠬᠦ ᠪᠠᠷ ᠳᠠᠮᠵᠢᠨ ᠳᠣᠯᠣᠳᠤᠭᠠᠷ ᠲᠤ ᠣᠷᠣᠨ᠂ ᠡᠨᠡ ᠨᠢ ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ ᠶᠢᠨ ᠬᠥᠯ ᠪᠥᠮᠪᠦᠭᠡᠨ ᠤ ᠠᠩᠭᠢ ᠪᠦᠬᠦ ᠤᠯᠤᠰ ᠤᠨ ᠰᠤᠷᠤᠭᠴᠢᠳ ᠤᠨ ᠬᠠᠮᠤᠭ ᠤᠨ ᠥᠨᠳᠥᠷ ᠳᠡᠰ ᠤᠨ ᠤᠷᠤᠯᠳᠤᠭᠠᠨ ᠳᠤ ᠣᠯᠤᠭᠰᠠᠨ ᠬᠠᠮᠤᠭ ᠤᠨ ᠰᠠᠶᠢᠨ ᠬᠢᠷᠢ ᠪᠦᠲᠦᠮᠵᠢ ᠪᠣᠯᠤᠨ᠎ᠠ᠃

1.jpg

2.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠪᠦᠯᠬᠦᠮ ᠰᠤᠷᠤᠭᠴᠢ

ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠤᠷᠭᠠᠭᠤᠯᠢ ᠶᠢᠨ ᠬᠦᠷᠢᠶᠡᠨ ᠤ ᠲᠡᠪᠡᠭ ᠤᠨ

ᠤᠷᠤᠯᠳᠤᠭᠠᠨ ᠤ ᠶᠡᠭᠡ ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ ᠶᠢᠨ ᠭᠤᠷᠪᠠᠨ ᠬᠥᠮᠦᠨ ᠤ ᠤᠷᠤᠯᠳᠤᠭᠠᠨ ᠤ

ᠳᠥᠷᠪᠡᠳᠦᠭᠡᠷ ᠲᠤ ᠲᠣᠳᠣᠷᠠᠪᠠ

3.jpg

4.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠪᠦᠯᠬᠦᠮ ᠰᠤᠷᠤᠭᠴᠢ

ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠤᠷᠭᠠᠭᠤᠯᠢ ᠶᠢᠨ ᠬᠦᠷᠢᠶᠡᠨ ᠤ ᠲᠡᠪᠡᠭ ᠤᠨ

ᠤᠷᠤᠯᠳᠤᠭᠠᠨ ᠤ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠮᠡᠭᠲᠡᠢ ᠶᠢᠨ ᠬᠤᠣᠰ ᠬᠥᠮᠦᠨ ᠤ ᠤᠷᠤᠯᠳᠤᠭᠠᠨ ᠤ

ᠳᠥᠷᠪᠡᠳᠦᠭᠡᠷ ᠲᠤ ᠲᠣᠳᠣᠷᠠᠪᠠ

5.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠪᠦᠯᠬᠦᠮ ᠰᠤᠷᠤᠭᠴᠢ

ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠤᠷᠭᠠᠭᠤᠯᠢ ᠶᠢᠨ ᠬᠦᠷᠢᠶᠡᠨ ᠤ ᠲᠡᠪᠡᠭ ᠤᠨ

ᠤᠷᠤᠯᠳᠤᠭᠠᠨ ᠤ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ ᠶᠢᠨ ᠭᠤᠷᠪᠠᠨ ᠬᠥᠮᠦᠨ ᠤ ᠤᠷᠤᠯᠳᠤᠭᠠᠨ

 ᠤ ᠵᠢᠷᠭᠤᠳᠤᠭᠠᠷ ᠲᠤ ᠲᠣᠳᠤᠷᠠᠪᠠ

   

      13 ᠤ ᠡᠳᠦᠷ᠂ ᠬᠥᠯᠥᠨ ᠪᠤᠶᠢᠷ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠮᠢᠯᠠᠭᠰᠠᠨ ᠲᠠᠮᠢᠷᠴᠢᠨ

ᠠᠢ ᠯᠢᠶᠠᠩ᠂ ᠴᠢᠨ ᠬᠤᠤ᠂ ᠵᠠᠩ ᠬᠠᠨ᠂ ᠶᠢᠨ ᠰᠢᠦᠢ ︵ᠣᠷᠣᠯᠠᠭᠴᠢ︶ ᠶᠡᠭᠡ ᠰᠤᠷᠭᠠᠭᠤᠯᠢ ᠶᠢᠨ ᠳᠤᠭᠤᠶᠢᠯᠠᠩ ᠤᠨ

ᠡᠷᠡᠭᠲᠡᠢ ᠶᠢᠨ ᠭᠤᠷᠪᠠᠨ ᠬᠥᠮᠦᠨ ᠤ ᠲᠡᠪᠡᠭ ᠤᠨ ᠤᠷᠤᠯᠳᠤᠭᠠᠨ ᠳᠤ ᠭᠤᠸᠠᠩᠰᠢ ᠶᠢᠨ  ᠲᠥᠯᠥᠭᠡᠯᠡᠭᠴᠢᠳ ᠤᠨ

ᠪᠦᠯᠬᠦᠮ᠂ ᠭᠤᠸᠠᠩᠳᠦ᠋ᠩ ᠮᠤᠵᠢ ᠶᠢᠨ ᠲᠥᠯᠥᠭᠡᠯᠡᠭᠴᠢᠳ ᠤᠨ ᠪᠦᠯᠬᠦᠮ ᠲᠠᠢ ᠲᠤᠰ ᠲᠤᠰ ᠮᠥᠷᠥᠶᠢᠴᠡᠵᠦ᠂ ᠮᠠᠨ ᠤ

ᠣᠷᠣᠨ ᠤ ᠲᠠᠮᠢᠷᠴᠢᠳ ᠣᠯᠠᠨ ᠲᠠᠯ᠎ᠠ ᠪᠠᠷ ᠨᠥᠭᠦᠭᠡ ᠡᠲᠡᠭᠡᠳ ᠤᠨ ᠢᠶᠠᠨ ᠪᠠᠭᠤᠷᠠᠢ ᠲᠠᠯ᠎ᠠ ᠶᠢ ᠡᠷᠢᠨ ᠳᠠᠭᠠᠷᠢᠵᠤ

ᠬᠤᠪᠢ ᠣᠯᠤᠭᠰᠠᠨ ᠤ ᠬᠠᠮᠲᠤ ᠳᠥᠷᠪᠡᠳᠦᠭᠡᠷ ᠨᠡᠷ᠎ᠡ ᠳᠤ ᠣᠷᠣᠪᠠ᠃ ᠬᠥᠯᠥᠨ ᠪᠤᠶᠢᠷ ᠬᠤᠲᠠ ᠶᠢᠨ ᠶᠠᠭᠱᠢ

ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠠᠮᠢᠷᠴᠢᠳ ᠳᠥᠷᠪᠡᠨ ᠲᠥᠷᠥᠯ ᠵᠦᠢᠯ ᠤᠨ

ᠮᠥᠷᠥᠶᠢᠴᠡᠭᠡᠨ ᠳᠤ ᠣᠷᠣᠯᠴᠠᠵᠤ᠂ ᠸᠠᠩ ᠵᠢᠶᠠ ᠴᠢ᠂ ᠵᠠᠩ ᠢᠦᠢ ᠬᠠᠨ ᠭᠤᠸᠠᠩᠳᠦ᠋ᠩ ᠮᠤᠵᠢ ᠶᠢᠨ

ᠲᠥᠯᠥᠭᠡᠯᠡᠭᠴᠢᠳ ᠤᠨ ᠪᠦᠯᠬᠦᠮ᠂ ᠬᠤᠪᠧᠢ ᠮᠤᠵᠢ ᠶᠢᠨ ᠲᠥᠯᠥᠭᠡᠯᠡᠭᠴᠢᠳ ᠤᠨ ᠪᠦᠯᠬᠦᠮ ᠲᠠᠢ ᠶᠠᠪᠤᠭᠳᠠᠭᠤᠯᠤᠭᠰᠠᠨ

ᠬᠤᠶᠠᠷ ᠲᠠᠯᠠᠪᠤᠷ ᠤᠷᠤᠯᠳᠤᠭᠠᠨ ᠤ ᠲᠡᠷᠢᠭᠦᠨ ᠪᠤᠯᠢᠶᠠᠯᠳᠤᠬᠤ ᠤᠷᠤᠯᠳᠤᠭᠠᠨ ᠳᠤ ᠳᠤᠮᠳᠠᠳᠤ ᠰᠤᠷᠭᠠᠭᠤᠯᠢ ᠶᠢᠨ

ᠳᠤᠭᠤᠶᠢᠯᠠᠩ ᠤᠨ ᠡᠮᠡᠭᠲᠡᠢ ᠶᠢᠨ ᠲᠡᠪᠡᠭ ᠤᠨ ᠬᠤᠣᠰ ᠬᠥᠮᠦᠨ ᠤ ᠤᠷᠤᠯᠳᠤᠭᠠᠨ ᠤ ᠳᠥᠷᠪᠡᠳᠦᠭᠡᠷ ᠨᠡᠷ᠎ᠡ ᠳᠤ

ᠣᠷᠣᠵᠠᠢ᠃ ᠺᠠᠩ ᠰᠢᠦᠢ᠂ ᠸᠠᠩ ᠫᠧᠩ ᠹᠧᠢ᠂ ᠵᠣᠣ ᠽᠢ ᠪᠦᠸᠧ ︵ᠣᠷᠣᠯᠠᠭᠴᠢ᠄ ᠯᠢ ᠮᠧᠩ ᠵᠧ᠂ ᠡᠤ ᠰᠢᠨ ᠢᠦᠢ᠂ ᠫᠠᠨ

ᠿᠦᠢ︶ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ ᠶᠢᠨ ᠭᠤᠷᠪᠠᠨ ᠬᠥᠮᠦᠨ ᠤ ᠲᠡᠪᠡᠭ ᠤᠨ

ᠤᠷᠤᠯᠳᠤᠭᠠᠨ ᠳᠤ ᠵᠢᠷᠭᠤᠳᠤᠭᠠᠷ ᠲᠤ ᠣᠷᠣᠵᠤ᠂ ᠸᠠᠩ ᠽᠧ ᠫᠧᠩ᠂ ᠵᠢᠶᠠᠩ ᠰᠢᠨ ᠢᠦᠢ ᠲᠤᠰ ᠲᠤᠰ ᠳᠤᠮᠳᠠᠳᠤ

ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ ᠶᠢᠨ ᠥᠩᠭᠡᠲᠦ ᠲᠡᠪᠡᠭ ᠤᠨ ᠮᠡᠭᠡ ᠳᠣᠭᠲᠠᠭᠠᠭᠰᠠᠨ ᠪᠠ ᠡᠮᠡᠭᠲᠡᠢ ᠶᠢᠨ

ᠭᠠᠭᠴᠠ ᠬᠥᠮᠦᠨ ᠤ ᠥᠩᠭᠡᠲᠦ ᠲᠡᠪᠡᠭ ᠢ ᠵᠠᠪᠢᠯᠠᠭ᠎ᠠ ᠢᠰᠭᠦᠯᠬᠦ ᠰᠢᠢᠳᠪᠦᠷᠢᠲᠦ ᠤᠷᠤᠯᠳᠤᠭᠠᠨ ᠤ ᠨᠠᠢᠮᠠᠳᠤᠭᠠᠷ

ᠨᠡᠷ᠎ᠡ ᠳᠤ ᠣᠷᠣᠵᠠᠢ᠃

6.jpg

7.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠠᠩᠭᠢ ︵ᠬᠥᠬᠡ︶ ᠾᠧᠪᠧᠢ

ᠮᠤᠵᠢ ᠶᠢᠨ ᠲᠥᠯᠥᠭᠡᠯᠡᠭᠴᠢᠳ ᠤᠨ ᠠᠩᠭᠢ ︵ᠴᠠᠭᠠᠨ︶ ᠲᠠᠢ ᠮᠥᠷᠥᠶᠢᠴᠡᠵᠦ ᠪᠠᠶᠢᠭ᠎ᠠ ᠨᠢ

8.jpg

9.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠠᠩᠭᠢ ︵ᠴᠠᠭᠠᠨ︶

ᠯᠢᠶᠣᠤᠨᠢᠩ ᠮᠤᠵᠢ ᠶᠢᠨ ᠲᠥᠯᠥᠭᠡᠯᠡᠭᠴᠢᠳ ᠤᠨ ᠠᠩᠭᠢ ︵ᠬᠥᠬᠡ︶ ᠲᠠᠢ ᠮᠥᠷᠥᠶᠢᠴᠡᠵᠦ ᠪᠠᠶᠢᠭ᠎ᠠ ᠨᠢ

   

      ᠲᠤᠰ ᠬᠤᠭᠤᠴᠠᠭᠠᠨ ᠤ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ᠂ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ ᠶᠢᠨ ᠬᠥᠯ

ᠪᠥᠮᠪᠦᠭᠡᠨ ᠤ ᠲᠥᠯᠥᠭᠡᠯᠡᠭᠴᠢᠳ ᠤᠨ ᠠᠩᠭᠢ ᠪᠤᠭᠤᠲᠤ ᠶᠢᠨ ᠪᠣᠯᠣᠳ ᠲᠡᠮᠦᠷ ᠤᠨ ᠲᠠᠪᠤᠳᠤᠭᠠᠷ ᠳᠤᠮᠳᠠᠳᠤ

ᠰᠤᠷᠭᠠᠭᠤᠯᠢ ᠪᠠᠷ ᠭᠤᠣᠯ ᠪᠣᠯᠭᠠᠵᠤ᠂ ᠪᠤᠭᠤᠲᠤ ᠬᠤᠲᠠ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ᠂

ᠪᠤᠭᠤᠲᠤ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ

ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ᠂ ᠣᠷᠳᠣᠰ ᠬᠤᠲᠠ  ᠶᠢᠨ ᠳᠠᠯᠠᠳ ᠬᠤᠰᠢᠭᠤᠨ ᠤ ᠨᠢᠭᠡᠳᠦᠭᠡᠷ

ᠳᠤᠮᠳᠠᠳᠤ ᠰᠤᠷᠭᠠᠭᠤᠯᠢ᠂ ᠪᠠᠶᠠᠨᠨᠠᠭᠤᠷ ᠬᠤᠲᠠ  ᠶᠢᠨ ᠯᠢᠨ ᠾᠧ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ

ᠵᠡᠷᠭᠡ 5 ᠰᠤᠷᠭᠠᠭᠤᠯᠢ ᠠᠴᠠ ᠰᠣᠩᠭᠤᠭᠰᠠᠨ ᠬᠡᠰᠡᠭ ᠲᠠᠮᠢᠷᠴᠢᠳ ᠠᠴᠠ ᠪᠦᠷᠢᠯᠳᠦᠪᠡ᠃ 8 ᠤ ᠡᠳᠦᠷ᠂ ᠥᠪᠥᠷ

ᠮᠣᠩᠭᠤᠯ ᠤᠨ ᠲᠥᠯᠥᠭᠡᠯᠡᠭᠴᠢᠳ ᠤᠨ ᠠᠩᠭᠢ ᠪᠠᠭ᠎ᠠ ᠳᠤᠭᠤᠶᠢᠯᠠᠩ ᠤᠨ ᠤᠷᠤᠯᠳᠤᠭᠠᠨ ᠳᠤ ᠮᠥᠷᠥᠶᠢᠴᠡᠵᠦ᠂ ᠪᠠᠭ᠎ᠠ

ᠳᠤᠭᠤᠶᠢᠯᠠᠩ ᠤᠨ ᠤᠷᠤᠯᠳᠤᠭᠠᠨ ᠳᠤ ᠬᠤᠶᠠᠳᠤᠭᠠᠷ ᠨᠡᠷ᠎ᠡ ᠳᠤ ᠣᠷᠣᠭᠰᠠᠨ ᠬᠢᠷᠢ ᠪᠦᠲᠦᠮᠵᠢ ᠪᠠᠷ ᠨᠠᠢᠮᠠᠨ

ᠬᠦᠴᠦᠷᠬᠡᠭ ᠲᠤ ᠳᠠᠪᠰᠢᠨ ᠣᠷᠣᠪᠠ᠃ 10 ᠤ ᠡᠳᠦᠷ ᠤᠨ ᠬᠤᠶᠠᠳᠤᠭᠠᠷ ᠱᠠᠲᠤᠨ ᠤ ᠤᠷᠤᠯᠳᠤᠭᠠᠨ ᠳᠤ᠂ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠠᠩᠭᠢ ᠤᠤᠯ ᠤᠨ B ᠳᠤᠭᠤᠶᠢᠯᠠᠩ ᠤᠨ

ᠲᠡᠷᠢᠭᠦᠨ ᠨᠡᠷ᠎ᠡ ᠭᠤᠸᠠᠩᠳᠦ᠋ᠩ ᠮᠤᠵᠢ ᠶᠢᠨ ᠲᠥᠯᠥᠭᠡᠯᠡᠭᠴᠢᠳ ᠤᠨ ᠠᠩᠭᠢ ᠲᠠᠢ ᠮᠥᠷᠥᠶᠢᠴᠡᠵᠦ᠂ 1᠄ 1 ᠪᠠᠷ

ᠲᠡᠩᠴᠡᠯᠳᠦᠭᠰᠡᠨ ᠪᠠᠶᠢᠳᠠᠯ ᠳᠤ᠂ ᠴᠡᠭ ᠤᠨ ᠪᠥᠮᠪᠦᠭᠡ ᠢᠰᠭᠦᠯᠬᠦ ᠳᠤ ᠠᠯᠳᠠᠭᠠᠳ ᠳᠥᠷᠪᠡᠨ ᠬᠦᠴᠦᠷᠬᠡᠭ ᠲᠤ ᠣᠷᠣᠵᠤ

ᠴᠢᠳᠠᠭᠰᠠᠨ ᠦᠭᠡᠢ᠃ 11 ᠤ ᠡᠳᠦᠷ ᠤᠨ ᠵᠢᠭᠰᠠᠭᠠᠯᠲᠠ ᠶᠢᠨ ᠤᠷᠤᠯᠳᠤᠭᠠᠨ ᠳᠤ᠂ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠲᠥᠯᠥᠭᠡᠯᠡᠭᠴᠢᠳ ᠤᠨ ᠠᠩᠭᠢ ᠾᠧᠪᠧᠢ ᠮᠤᠵᠢ ᠶᠢᠨ ᠲᠥᠯᠥᠭᠡᠯᠡᠭᠴᠢᠳ ᠤᠨ ᠠᠩᠭᠢ ᠲᠠᠢ

ᠮᠥᠷᠥᠶᠢᠴᠡᠵᠦ᠂ 2᠄ 0 ᠪᠠᠷ ᠤᠷᠢᠳᠠᠵᠤ ᠪᠠᠶᠢᠭᠰᠠᠨ ᠪᠠᠶᠢᠳᠠᠯ ᠳᠤ᠂ ᠾᠧᠪᠧᠢ ᠮᠤᠵᠢ ᠶᠢᠨ ᠲᠥᠯᠥᠭᠡᠯᠡᠭᠴᠢᠳ ᠤᠨ

ᠠᠩᠭᠢ ᠵᠠᠯᠭᠠᠭ᠎ᠠ ᠪᠠᠷ ᠪᠥᠮᠪᠦᠭᠡ ᠣᠷᠣᠭᠤᠯᠵᠤ᠂ ᠴᠡᠭ ᠤᠨ ᠪᠥᠮᠪᠦᠭᠡ ᠢᠰᠭᠦᠯᠬᠦ ᠭᠤᠭᠴᠤᠭ᠎ᠠ ᠳᠤ 4᠄ 5 ᠶᠢᠨ

ᠬᠠᠷᠢᠴᠠᠯ ᠢᠶᠠᠷ ᠾᠧᠪᠧᠢ ᠮᠤᠵᠢ ᠶᠢᠨ ᠲᠥᠯᠥᠭᠡᠯᠡᠭᠴᠢᠳ ᠤᠨ ᠠᠩᠭᠢ ᠢᠯᠠᠪᠠ᠃ 13 ᠤ ᠡᠳᠦᠷ ᠤᠨ

ᠵᠢᠭᠰᠠᠭᠠᠯᠲᠠ ᠶᠢᠨ ᠤᠷᠤᠯᠳᠤᠭᠠᠨ ᠤ ᠬᠤᠶᠠᠳᠤᠭᠠᠷ ᠲᠠᠯᠠᠪᠤᠷ ᠤᠷᠤᠯᠳᠤᠭᠠᠨ ᠳᠤ᠂ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ  ᠤ ᠲᠥᠯᠥᠭᠡᠯᠡᠭᠴᠢᠳ ᠤᠨ ᠠᠩᠭᠢ ᠯᠢᠶᠣᠤᠨᠢᠩ ᠮᠤᠵᠢ ᠶᠢᠨ ᠲᠥᠯᠥᠭᠡᠯᠡᠭᠴᠢᠳ ᠤᠨ ᠠᠩᠭᠢ  ᠲᠠᠢ

ᠮᠥᠷᠥᠶᠢᠴᠡᠵᠦ᠂ ᠲᠠᠮᠢᠷᠴᠢᠳ ᠰᠢᠨᠲᠠᠷᠠᠰᠢ ᠦᠭᠡᠢ ᠴᠢᠷᠮᠠᠶᠢᠵᠤ ᠤᠷᠤᠯᠳᠤᠭᠠᠨ ᠢ ᠴᠡᠭ  ᠤᠨ ᠪᠥᠮᠪᠦᠭᠡ ᠢᠰᠭᠦᠯᠬᠦ

ᠬᠦᠷᠲᠡᠯ᠎ᠡ ᠤᠷᠲᠤᠳᠬᠠᠵᠤ ᠴᠡᠭ ᠤᠨ ᠪᠥᠮᠪᠦᠭᠡ ᠢᠰᠭᠦᠯᠬᠦ ᠪᠠᠷ ᠳᠠᠮᠵᠢᠨ ᠡᠴᠦᠰ ᠤᠨ ᠨᠢᠭᠡ ᠲᠠᠯᠠᠪᠤᠷ

ᠤᠷᠤᠯᠳᠤᠭᠠᠨ ᠤ ᠢᠯᠠᠯᠲᠠ ᠶᠢ ᠣᠯᠵᠤ᠂ ᠡᠴᠦᠰ ᠲᠤ  ᠪᠠᠨ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ ᠤᠨ

ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠬᠥᠯ ᠪᠥᠮᠪᠦᠭᠡᠨ ᠤ ᠲᠥᠷᠥᠯ ᠵᠦᠢᠯ ᠤᠨ ᠪᠦᠬᠦ ᠤᠯᠤᠰ ᠤᠨ

ᠳᠣᠯᠣᠳᠤᠭᠠᠷ ᠲᠤ ᠣᠷᠣᠵᠠᠢ᠃ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ

ᠬᠤᠭᠤᠴᠠᠭᠠᠨ ᠳᠤ᠂ ᠮᠠᠨ ᠤ ᠣᠷᠣᠨ ᠤ ᠲᠠᠮᠢᠷᠴᠢᠳ ᠲᠥᠪᠯᠡᠷᠡᠭᠦᠯᠦᠨ ᠪᠣᠯᠪᠠᠰᠤᠷᠠᠭᠤᠯᠬᠤ ᠴᠠᠭ ᠣᠬᠤᠷ᠂ ᠡᠮᠦᠨᠡᠲᠦ

ᠤᠮᠠᠷᠠᠲᠤ ᠶᠢᠨ ᠠᠭᠤᠷ ᠠᠮᠢᠰᠬᠤᠯ ᠤᠨ ᠵᠥᠷᠢᠶ᠎ᠡ ᠶᠡᠭᠡ ᠵᠡᠷᠭᠡ ᠠᠰᠠᠭᠤᠳᠠᠯ ᠳᠤ ᠲᠤᠯᠭᠠᠷᠠᠬᠤ ᠦᠶᠡᠰ᠂ ᠵᠦᠢᠯ

ᠵᠦᠢᠯ ᠤᠨ ᠬᠦᠴᠢᠷ ᠪᠡᠷᠬᠡᠰᠢᠶᠡᠯ ᠢ ᠴᠢᠷᠮᠠᠶᠢᠨ ᠢᠯᠠᠨ ᠳᠠᠪᠠᠵᠤ᠂ ᠤᠷᠤᠯᠳᠤᠭᠠᠨ ᠤ ᠪᠠᠶᠢᠳᠠᠯ ᠢ ᠢᠳᠡᠪᠬᠢᠲᠡᠢ

ᠲᠣᠬᠢᠷᠠᠭᠤᠯᠪᠠ᠃ ᠵᠢᠶᠠᠩᠰᠦ᠂ ᠭᠤᠸᠠᠩᠳᠦ᠋ᠩ ᠵᠡᠷᠭᠡ ᠬᠦᠴᠦᠷᠬᠡᠭ ᠠᠩᠭᠢ ᠲᠠᠢ ᠳᠠᠭᠠᠷᠠᠬᠤ ᠦᠶ᠎ᠡ ᠬᠦᠴᠦᠷᠬᠡᠭ ᠠᠴᠠ

ᠠᠶᠤᠬᠤ ᠦᠭᠡᠢ ᠪᠠᠶᠢᠵᠤ᠂ ᠮᠠᠨ ᠤ ᠣᠷᠣᠨ ᠤ ᠲᠠᠮᠢᠷᠴᠢᠳ ᠤᠨ ᠵᠣᠷᠢᠭᠲᠠᠢ ᠲᠡᠮᠡᠴᠡᠬᠦ ᠴᠤᠭ ᠵᠢᠪᠬᠤᠭ᠎ᠠ ᠶᠢ

ᠢᠯᠡᠷᠡᠭᠦᠯᠪᠡ᠃ ᠪᠦᠬᠦ ᠤᠯᠤᠰ ᠤᠨ ᠳᠣᠯᠣᠳᠤᠭᠠᠷ ᠨᠡᠷ᠎ᠡ ᠳᠤ ᠣᠷᠣᠭᠰᠠᠨ ᠠᠮᠵᠢᠯᠲᠠ ᠪᠦᠲᠦᠮᠵᠢ ᠬᠢᠯᠪᠠᠷ ᠪᠣᠰᠤ ᠪᠠᠷ

ᠢᠷᠡᠭᠰᠡᠨ ᠶᠤᠮ᠂ ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠳᠠᠷᠠᠭᠠᠴᠢ ᠶᠢᠨ

ᠬᠥᠭᠵᠢᠯᠲᠡ ᠶᠢᠨ ᠶᠠᠪᠤᠴᠠ ᠳᠤ ᠨᠡᠩ ᠶᠡᠭᠡ ᠳᠠᠪᠰᠢᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map