ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠳᠤᠷᠢᠳᠤᠮᠵᠢ ᠶᠢ ᠴᠢᠩᠭ᠎ᠠ ᠠᠳᠬᠤᠵᠤ᠂ ︽ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ︾ ᠢ ᠬᠥᠭᠵᠢᠶᠡᠨ ᠲᠠᠢ ᠪᠣᠯᠭᠠᠪᠠ
ᠨᠡᠶᠢᠲᠡᠯᠡᠭᠰᠡᠨ ᠴᠠᠭ᠄
2023/11/16
      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢᠨ ᠣᠳᠣ ᠶᠢᠨ ᠰᠤᠷᠭᠠᠭᠤᠯᠢ ᠡᠷᠬᠢᠯᠡᠵᠦ ᠪᠠᠶᠢᠭ᠎ᠠ ᠭᠠᠵᠠᠷ ᠪᠣᠯ 2021 ᠣᠨ ᠳᠤ ᠠᠰᠢᠭᠯᠠᠯᠲᠠ ᠳᠤ ᠣᠷᠣᠭᠤᠯᠵᠤ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠶᠢᠨ ᠲᠣᠭᠤᠷᠢᠭ ᠪᠣᠯᠤᠨ᠎ᠠ᠂ ᠰᠢᠨ᠎ᠡ ᠰᠤᠷᠭᠠᠭᠤᠯᠢ ᠶᠢᠨ ᠲᠣᠭᠤᠷᠢᠭ ᠤᠨ ᠶᠡᠷᠦᠩᠬᠡᠢ ᠬᠡᠷᠡᠭᠯᠡᠵᠦ ᠪᠠᠶᠢᠭ᠎ᠠ ᠭᠠᠵᠠᠷ  ᠤᠨ ᠲᠠᠯᠠᠪᠠᠢ 12.27 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠢ ᠪᠠᠷᠢᠯᠭ᠎ᠠ ᠶᠢᠨ ᠲᠠᠯᠠᠪᠠᠢ 8.78 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠰᠤᠷᠤᠭᠴᠢᠳ ᠲᠤ ᠥᠷᠭᠡᠨ ᠠᠭᠤᠳᠠᠮ ᠲᠠᠭᠠᠯᠠᠮᠵᠢᠲᠠᠢ ᠰᠤᠷᠭᠠᠭᠤᠯᠢ ᠶᠢᠨ ᠬᠦᠷᠢᠶᠡᠨ ᠤ ᠰᠤᠷᠤᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠭᠰᠠᠨ ᠤ ᠬᠠᠮᠲᠤ ᠪᠠᠰᠠ ᠵᠢᠭᠠᠨ ᠰᠤᠷᠭᠠᠯᠲᠠ ᠶᠢᠨ ᠠᠰᠠᠷ ᠪᠣᠯᠤᠨ ᠭᠠᠳᠠᠨᠠᠬᠢ ᠠᠵᠢᠯᠯᠠᠭᠠᠨ ᠤ ᠲᠠᠯᠠᠪᠤᠷ ᠤᠨ ᠬᠤᠭᠤᠷᠤᠨᠳᠤᠬᠢ ᠵᠠᠢ ᠶᠢ ᠶᠡᠬᠡᠰᠬᠡᠵᠦ᠂ ᠰᠤᠷᠤᠭᠴᠢᠳ ︽ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ︾ ᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠴᠠᠭ ᠢ ᠨᠡᠮᠡᠭᠳᠡᠭᠦᠯᠦᠭᠰᠡᠨ ᠪᠠᠶᠢᠨ᠎ᠠ᠃      ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠲᠠᠮᠢᠷ ᠤᠨ ᠳᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠢᠮᠠᠭᠲᠠ ᠴᠢᠬᠤᠯᠠᠴᠢᠯᠠᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠳᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠷᠴᠢᠨ ᠤ ᠪᠣᠳᠠᠲᠤ ᠪᠠᠶᠢᠳᠠᠯ᠂ ᠰᠤᠷᠤᠭᠴᠢ ᠶᠢᠨ ᠪᠡᠶ᠎ᠡ ᠪᠣᠯᠪᠠᠰᠤᠷᠠᠭᠤᠯᠬᠤ ᠬᠦᠰᠡᠯ ᠡᠷᠡᠮᠡᠯᠵᠡᠯ ᠵᠡᠷᠭᠡ ᠲᠠᠢ ᠤᠶᠠᠯᠳᠤᠭᠤᠯᠤᠨ᠂ ᠪᠡᠯᠡ ᠮᠥᠩᠭᠦ ᠶᠢ ᠢᠳᠡᠪᠬᠢᠲᠡᠢ ᠵᠣᠬᠢᠴᠠᠭᠤᠯᠵᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠳᠤ ᠨᠢᠭᠡ ᠪᠦᠯᠦᠭ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠬᠤᠳᠠᠯᠳᠤᠨ ᠠᠪᠴᠤ᠂ ᠵᠢᠭᠠᠨ ᠰᠤᠷᠭᠠᠯᠲᠠ ᠶᠢᠨ ᠠᠰᠠᠷ ᠤᠨ ᠬᠤᠩᠭᠢᠯ ᠵᠡᠷᠭᠡ ᠣᠷᠣᠨ ᠵᠠᠢ ᠳᠤ ᠤᠭᠰᠠᠷᠠᠵᠤ᠂ 5 ᠰᠠᠤᠷᠢ ᠮᠠᠰᠢᠨ᠂ 16 ᠫᠢᠩᠫᠠᠩ ᠪᠥᠮᠪᠦᠭᠡᠨ ᠤ ᠰᠢᠷᠡᠭᠡ ᠶᠢ ᠠᠪᠬᠤ ᠳᠤ13 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠢ 9 ᠰᠠᠷ᠎ᠠ ᠶᠢᠨ ᠰᠡᠭᠦᠯᠴᠢ ᠪᠠᠷ ᠪᠦᠬᠦᠨ ᠢ ᠤᠭᠰᠠᠷᠠᠵᠤ           ᠳᠠᠭᠤᠰᠬᠠᠪᠠ᠃ ᠬᠢᠴᠢᠶᠡᠯ ᠵᠠᠪᠰᠠᠷᠯᠠᠭᠰᠠᠨ ᠤ ᠳᠠᠷᠠᠭ᠎ᠠ ᠪᠤᠶᠤ ᠭᠠᠳᠠᠨᠠᠬᠢ ᠠᠭᠤᠷ ᠠᠮᠢᠰᠬᠤᠯ ᠮᠠᠭᠤ ᠦᠶ᠎ᠡ ᠳᠤ᠂ ᠰᠤᠷᠤᠭᠴᠢᠳ ᠳᠠᠷᠦ᠋ᠢᠬᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠵᠤ᠂ ︽ᠬᠢᠴᠢᠶᠡᠯ ᠤᠨ ᠵᠠᠪᠰᠠᠷᠯᠠᠭ᠎ᠠ  ᠶᠢᠨ ᠠᠷᠪᠠᠨ ᠮᠢᠨᠦ᠋ᠲ︾ ᠤᠨ ᠪᠠᠶᠠᠷ ᠪᠠᠶᠠᠰᠬᠤᠯᠠᠩ ᠢ ᠭᠦᠢᠴᠡᠳ ᠣᠶᠢᠯᠠᠭᠠᠪᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠰᠤᠷᠭᠠᠭᠤᠯᠢ ᠶᠢᠨ ᠪᠠᠶᠢᠷᠢᠰᠢᠭᠤᠯᠤᠯᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠵᠢᠭᠠᠨ ᠰᠤᠷᠭᠠᠯᠲᠠ ᠶᠢᠨ ᠠᠰᠠᠷ ᠤᠨ ᠣᠶᠢᠷ᠎ᠠ ᠬᠠᠪᠢ ᠳᠤ ᠥᠳᠥᠨ ᠪᠥᠮᠪᠦᠭᠡ᠂ ᠳᠠᠩ ᠬᠤᠣᠰ ᠰᠠᠪᠠᠯᠠᠭᠤᠷ ᠵᠡᠷᠭᠡ ᠭᠠᠳᠠᠨᠠᠬᠢ ᠬᠥᠳᠡᠯᠭᠡᠭᠡᠨ ᠤ ᠣᠷᠣᠨ ᠵᠠᠢ ᠶᠢ ᠲᠥᠯᠥᠪᠵᠢᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ ᠲᠤ ᠬᠢᠴᠢᠶᠡᠯ ᠤᠨ ᠭᠡᠷ ᠠᠴᠠ ᠭᠠᠷᠭᠠᠵᠤ᠂ ᠰᠢᠨ᠎ᠡ ᠰᠣᠷᠭᠤᠭ ᠠᠭᠠᠷ ᠠᠮᠢᠰᠬᠤᠵᠤ᠂ ᠬᠠᠷᠠᠭᠠᠨ ᠰᠡᠷᠡᠯ ᠤᠨ ᠶᠠᠳᠠᠷᠠᠯ ᠪᠠ ᠰᠤᠷᠤᠯᠭ᠎ᠠ ᠶᠢᠨ ᠳᠠᠷᠤᠯᠲᠠ ᠶᠢ ᠨᠢ ᠨᠠᠮᠳᠠᠭᠤᠯᠤᠨ᠂ ᠠᠵᠢᠯᠯᠠᠵᠤ ᠠᠮᠠᠷᠠᠬᠤ ᠶᠢ ᠤᠶᠠᠯᠳᠤᠭᠤᠯᠬᠤ ᠶᠢ ᠪᠡᠶᠡᠯᠡᠭᠦᠯᠪᠡ᠃      2023 ᠣᠨ ᠠᠴᠠ ᠨᠠᠭᠠᠰᠢ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠳᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠵᠦ ᠪᠡᠶ᠎ᠡ ᠪᠣᠯᠪᠠᠰᠤᠷᠠᠭᠤᠯᠬᠤ ᠪᠠᠭᠠᠵᠢ ᠬᠡᠷᠡᠭᠰᠡᠯ ᠳᠤᠲᠠᠭᠳᠠᠵᠤ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ 4.2 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠯᠠᠱᠠ ᠵᠡᠭᠦᠨ ᠬᠤᠰᠢᠭᠤᠨ ᠤ ᠥᠯᠵᠡᠢ ᠰᠤᠷᠭᠠᠭᠤᠯᠢ ᠳᠤ ᠪᠦᠷᠢᠨ ᠢᠵᠢ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠭᠠᠵᠢ ᠬᠡᠷᠡᠭᠰᠡᠯ ᠲᠣᠬᠢᠷᠠᠭᠤᠯᠵᠤ᠂ ᠠᠯᠠᠱᠠ ᠵᠡᠭᠦᠨ ᠬᠤᠰᠢᠭᠤᠨ ᠤ ᠪᠠᠶᠠᠨᠮᠥ᠋ᠷᠡᠨ ᠦᠨᠳᠦᠰᠦᠲᠡᠨ ᠤ ᠰᠤᠷᠭᠠᠭᠤᠯᠢ ᠳᠤ 7 ᠬᠥᠮᠦᠨ ᠤ ᠳᠦᠷᠢᠮᠲᠦ ᠬᠥᠯ ᠪᠥᠮᠪᠦᠭᠡᠨ ᠤ ᠡᠭᠦᠳᠡ ᠵᠢᠴᠢ ᠲᠣᠣᠷ ᠢ ᠨᠡᠮᠡᠨ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠠᠷᠪᠠᠨ ᠮᠢᠨᠦ᠋ᠲ ᠤᠨ ᠵᠠᠩᠭᠢᠯᠠᠭ᠎ᠠ ᠶᠢᠨ ︽ᠪᠠᠭ᠎ᠠ ᠶᠠᠪᠤᠳᠠᠯ︾ ᠢ ᠪᠠᠶᠠᠯᠢᠭᠵᠢᠭᠤᠯᠵᠤ᠂ ᠣᠯᠠᠨ ᠲᠦᠮᠡᠨ ᠤ ᠰᠡᠳᠬᠢᠯ ᠳᠠᠬᠢ ︽ᠠᠷᠠᠳ ᠤᠨ ᠠᠮᠢᠳᠤᠷᠠᠯ ᠤᠨ ᠶᠡᠭᠡ ᠶᠠᠪᠤᠳᠠᠯ︾ ᠪᠣᠯᠭᠠᠪᠠ᠃ ᠠᠯᠠᠱᠠ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠰᠤᠷᠤᠭᠴᠢᠳ ᠲᠤ ᠬᠠᠨᠳᠤᠭᠤᠯᠬᠤ᠂ ᠪᠡᠶ᠎ᠡ ᠶᠢᠨ ᠲᠠᠮᠢᠷ ᠤᠨ ᠳᠤᠷ᠎ᠠ ᠰᠣᠨᠢᠷᠬᠠᠯ ᠢ ᠬᠥᠭᠵᠢᠭᠡᠬᠦ᠂ ᠪᠣᠳᠠᠭᠠᠯᠢ ᠪᠡᠶ᠎ᠡ ᠶᠢᠨ ᠵᠥᠷᠢᠶ᠎ᠡ ᠶᠢ ᠠᠩᠬᠠᠷᠬᠤ ᠪᠠᠷ ᠬᠠᠷᠠᠯᠲᠠ ᠪᠣᠯᠭᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠤᠯᠠᠮᠵᠢᠯᠠᠯᠲᠤ ᠳᠡᠭᠡᠰᠦ ᠦᠰᠦᠷᠬᠦ ᠰᠠᠭᠤᠷᠢᠨ ᠳᠡᠭᠡᠷ᠎ᠡ ᠪᠢᠩ ᠵᠢᠶᠣᠣ ᠦᠰᠦᠷᠦᠯᠲᠡ᠂ ᠺᠠᠢ ᠾᠧ ᠦᠰᠦᠷᠦᠯᠲᠡ᠂  ᠱᠤᠸᠠᠩ ᠹᠧᠢ ᠦᠰᠦᠷᠦᠯᠲᠡ᠂ ᠤᠷᠠᠨ ᠦᠰᠦᠷᠦᠯᠲᠡ ᠵᠡᠷᠭᠡ ᠦᠰᠦᠷᠬᠦ ᠠᠷᠭ᠎ᠠ ᠪᠠᠷ  ᠨᠠᠭᠠᠳᠤᠭᠤᠯᠵᠤ᠂ ᠪᠠᠭᠰᠢ ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠬᠤᠭᠤᠴᠠᠭᠠᠨ ᠳᠠᠬᠢ ᠪᠡᠶ᠎ᠡ  ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠢᠳᠡᠪᠬᠢᠵᠢᠯ ᠢ ᠭᠦᠢᠴᠡᠳ ᠪᠠᠳᠠᠷᠠᠭᠤᠯᠪᠠ᠃ ᠡᠵᠡᠨ᠎ᠡ ᠬᠤᠰᠢᠭᠤᠨ ᠤ ᠡᠯ᠎ᠡ ᠰᠤᠷᠭᠠᠭᠤᠯᠢ ᠠᠩᠭᠢ ᠪᠠᠷ ᠨᠢᠭᠡᠴᠢ ᠪᠣᠯᠭᠠᠵᠤ᠂ ᠰᠤᠷᠤᠭᠴᠢᠳ ᠲᠤ ᠳᠡᠭᠡᠰᠦ ᠦᠰᠦᠷᠬᠦ᠂ ᠰᠠᠭᠰᠤᠨ ᠪᠥᠮᠪᠦᠭᠡ᠂ ᠬᠥᠯ ᠪᠥᠮᠪᠦᠭᠡ᠂ ᠰᠢᠲᠠᠷ᠎ᠠ ᠵᠡᠷᠭᠡ ᠪᠦᠯᠬᠦᠮ ᠨᠡᠶᠢᠲᠡ ᠶᠢᠨ ᠠᠵᠢᠯᠯᠠᠭᠠᠨ ᠤ ᠬᠡᠷᠡᠭᠰᠡᠯ ᠲᠣᠬᠢᠷᠠᠭᠤᠯᠵᠤ᠂ ᠰᠤᠷᠤᠭᠴᠢᠳ ᠢ ᠴᠢᠯᠦᠭᠡᠲᠡᠢ ︽ᠬᠥᠳᠡᠯᠭᠡᠵᠦ︾᠂ ᠠᠩᠭᠢ ᠶᠢᠨ ᠨᠢᠭᠲᠠᠷᠠᠯ ᠤᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃

be81c7c4d4af29a6cb23ffafdf8d291a_W020231109671741565941.jpg

        ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠪᠦᠦ ᠭᠧ ᠮᠢᠩ︶

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map