ᠰᠦᠨ ᠱᠤᠤ ᠴᠧᠩ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/16
      11 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠪᠠ᠃

6383574300905807483070211.jpg

6383574300908932654826874.jpg

6383574300910495088056119.jpg

6383574300924558745013842.jpg

6383574300926116683541260.jpg

      ᠰᠦᠨ ᠱᠤᠤ ᠴᠧᠩ ᠤᠷᠢᠳ ᠬᠤᠵᠢᠳ ᠵᠤᠤ ᠵᠢᠶᠦ᠋ᠨ ᠮᠦᠽᠧᠢ᠂ ᠳ᠋ᠥᠸᠧ ᠰᠦᠩ ᠨᠢᠶᠠᠨ ᠤ ᠦᠷᠡᠭᠳᠡᠭᠰᠡᠨ

ᠪᠠᠭᠠᠲᠤᠷᠴᠤᠳ ᠤᠨ ᠳᠤᠷᠠᠰᠬᠠᠯ ᠤᠨ ᠣᠷᠳᠣᠨ᠂ ᠥᠪᠥᠷ ᠮᠣᠩᠭᠤᠯ ᠤᠨ ᠤᠳᠬ᠎ᠠ ᠵᠣᠬᠢᠶᠠᠯ ᠤᠨ ᠣᠷᠳᠣᠨ ︵ᠤᠳᠬ᠎ᠠ

ᠵᠣᠬᠢᠶᠠᠯ ᠤᠨ ᠬᠦᠷᠢᠶᠡᠯᠡᠩ︶᠂ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠪᠣᠯᠣᠨ ᠥᠪᠥᠷ ᠮᠣᠩᠭᠤᠯ ᠤᠨ

ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠬᠦᠷᠴᠦ᠂ ᠬᠤᠯᠪᠣᠭᠳᠠᠯ ᠪᠦᠬᠦᠢ ᠪᠠᠶᠢᠳᠠᠯ ᠤᠨ

ᠲᠠᠨᠢᠯᠴᠠᠭᠤᠯᠭ᠎ᠠ ᠶᠢ ᠰᠣᠨᠣᠰᠴᠤ᠂ ᠬᠤᠯᠪᠣᠭᠳᠠᠯ ᠪᠦᠬᠦᠢ ᠦᠵᠡᠭᠦᠯᠭᠡ ᠶᠢ ᠨᠠᠷᠢᠨ ᠬᠢᠨᠠᠮᠠᠭᠠᠢ ᠲᠣᠭᠤᠷᠢᠨ ᠦᠵᠡᠵᠦ᠂

ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂

ᠥᠪᠥᠷ ᠮᠣᠩᠭᠤᠯ ᠳᠤ ᠲᠠᠯ᠎ᠠ ᠨᠤᠲᠤᠭ ᠤᠨ ᠰᠣᠶᠣᠯ ᠪᠠᠶᠢᠬᠤ ᠪᠠᠷ ᠪᠠᠷᠠᠬᠤ ᠦᠭᠡᠢ ᠪᠠᠰᠠ ᠬᠤᠪᠢᠰᠬᠠᠯ ᠤᠨ ᠰᠣᠶᠣᠯ

ᠪᠠ ᠲᠠᠷᠢᠶᠠᠯᠠᠬᠤ ᠰᠣᠶᠣᠯ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠵᠡᠷᠭᠡ ᠤᠯᠠᠨ

ᠵᠦᠢᠯ ᠤᠨ ᠰᠣᠶᠣᠯ ᠤᠨ ᠭᠡᠯᠪᠡᠷᠢ ᠪᠠᠶᠢᠨ᠎ᠠ᠃ ᠤᠮᠠᠷᠠᠲᠤ ᠬᠢᠯᠢ ᠶᠢᠨ ᠰᠣᠶᠣᠯ ᠪᠣᠯ ᠥᠪᠥᠷ ᠮᠣᠩᠭᠤᠯ ᠤᠨ ᠡᠬᠡ ᠭᠠᠵᠠᠷ

ᠳᠡᠭᠡᠷᠡᠬᠢ ᠡᠯ᠎ᠡ ᠵᠦᠢᠯ ᠤᠨ ᠰᠢᠯᠢᠳᠡᠭ ᠰᠣᠶᠣᠯ ᠤᠨ ᠰᠢᠰᠲ᠋ᠧᠮᠲᠦ ᠬᠤᠷᠠᠮᠠᠯ ᠪᠠᠶᠢᠵᠤ᠂ ᠦᠨᠳᠦᠰᠦᠲᠡᠨ ᠨᠦᠭᠦᠳ ᠤᠨ

ᠲᠠᠰᠤᠷᠠᠯᠳᠠ ᠦᠭᠡᠢ ᠶᠠᠪᠤᠯᠴᠠᠵᠤ ᠰᠣᠯᠢᠯᠴᠠᠵᠤ ᠠᠭᠤᠰᠤᠯᠴᠠᠬᠤ ᠳᠤᠮᠳᠠ ᠪᠦᠷᠢᠯᠳᠦᠭᠰᠡᠨ ᠶᠤᠮ᠃ ᠤᠮᠠᠷᠠᠲᠤ

ᠬᠢᠯᠢ ᠶᠢᠨ ᠰᠣᠶᠣᠯ ᠤᠨ ᠲᠦᠷᠦᠯ ᠲᠡᠮᠳᠡᠭ ᠢ ᠰᠠᠶᠢᠲᠤᠷ ᠡᠭᠦᠳᠬᠦ ᠨᠢ ᠪᠢᠳᠡᠨ ᠤ ᠶᠡᠷᠦᠩᠬᠡᠢ ᠱᠦᠵᠢ ᠰᠢ ᠶᠢᠨ

ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ

ᠰᠣᠶᠣᠯ ᠢ ᠰᠠᠶᠢᠲᠤᠷ ᠤᠯᠠᠮᠵᠢᠯᠠᠨ ᠪᠠᠳᠠᠷᠠᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ          

ᠶᠤᠮ᠃ ᠬᠤᠯᠪᠣᠭᠳᠠᠯ ᠪᠦᠬᠦᠢ ᠲᠠᠯ᠎ᠠ ᠶᠢᠨ ᠬᠢᠨ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ ᠰᠢ ᠶᠢᠨ

ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠤᠳᠤᠯᠬᠤ᠂

ᠲᠠᠶᠢᠯᠪᠤᠷᠢᠯᠠᠬᠤ᠂ ᠤᠬᠠᠭᠤᠯᠬᠤ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠬᠡᠷᠡᠭᠲᠡᠢ ᠭᠡᠵᠡᠢ᠃

      ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ

ᠬᠡᠯᠲᠡᠰ ᠤᠨ ᠬᠠᠷᠢᠭᠤᠴᠠᠯᠭᠠᠲᠠᠨ ᠨᠥᠬᠦᠳ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠯᠢ ᠳ᠋ᠡ ᠯᠦᠩ᠂

ᠨᠠᠷᠠᠨᠪᠢᠯᠢᠭ᠌᠂ ᠺᠠᠩ ᠵᠢᠶᠠᠨ ᠭᠦᠸᠧ᠂ ᠯᠢ ᠯᠢ᠂ ᠨᠢᠩ ᠼᠠᠢ᠂ ᠠᠢ ᠫᠢᠩ ᠵᠡᠷᠭᠡ 6 ᠲᠤᠰᠬᠠᠢ ᠮᠡᠷᠭᠡᠵᠢᠯᠲᠡᠨ

ᠡᠷᠳᠡᠮᠲᠡᠨ ᠤ ᠲᠥᠯᠥᠭᠡᠯᠡᠭᠴᠢ ᠦᠭᠡ ᠬᠡᠯᠡᠪᠡ᠃

6383574307594865368035434.jpg

      ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ  ᠤ ᠵᠢᠷᠭᠤᠳᠤᠭᠠᠷ ᠪᠦᠭᠦᠳᠡ

ᠬᠤᠷᠠᠯ ᠠᠴᠠ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠢ ᠴᠣᠭᠴᠠᠯᠠᠬᠤ ᠶᠢ ᠳᠤᠷᠠᠳᠤᠭᠰᠠᠨ ᠠᠴᠠ ᠨᠠᠭᠠᠰᠢ

ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠴᠥᠮ ᠬᠥᠳᠡᠯᠦᠯᠴᠡᠵᠦ᠂ ᠶᠡᠭᠡ ᠬᠡᠮᠵᠢᠶᠡᠨ ᠤ ᠠᠵᠢᠯ ᠬᠢᠵᠦ᠂

ᠢᠳᠡᠪᠬᠢᠲᠡᠢ ᠦᠷ᠎ᠡ ᠪᠦᠲᠦᠮᠵᠢ ᠣᠯᠪᠠ᠃ ᠤᠳᠤ ᠡᠨᠡ ᠬᠦ ᠠᠵᠢᠯ ᠨᠢᠭᠡᠨᠲᠡ ᠰᠠᠶᠢᠨ ᠰᠠᠶᠢᠬᠠᠨ ᠡᠭᠢᠯᠡᠯᠲᠡ ᠲᠠᠢ ᠪᠣᠯᠵᠠᠢ᠂

ᠲᠠᠷᠠᠭᠠᠴᠢ ᠶᠢᠨ ᠠᠯᠬᠤᠮ ᠳᠤ ᠰᠤᠳᠤᠯᠭᠠᠨ ᠤ ᠭᠦᠨᠴᠡ ᠪᠠ ᠥᠷᠭᠡᠴᠡ ᠶᠢ ᠲᠠᠰᠤᠷᠠᠯᠳᠠ ᠦᠭᠡᠢ ᠥᠷᠭᠡᠳᠬᠡᠵᠦ᠂

ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠪᠠ ᠣᠨᠴᠠᠯᠢᠭ ᠰᠢᠨᠵᠢ ᠢᠯᠠᠩᠭᠤᠶ᠎ᠠ ᠭᠤᠣᠯ ᠠᠭᠤᠯᠭ᠎ᠠ ᠶᠢ ᠨᠡᠩ

ᠭᠦᠨᠵᠡᠭᠡᠢ ᠨᠡᠪᠲᠡᠷᠬᠡᠢ ᠲᠠᠶᠢᠯᠪᠤᠷᠢᠯᠠᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠦᠨᠡᠨ ᠬᠦ ᠪᠦᠭᠦ

ᠲᠠᠯ᠎ᠠ ᠪᠠᠷ ᠴᠣᠭᠴᠠᠯᠠᠬᠤ ᠬᠡᠷᠡᠭᠲᠡᠢ ᠭᠡᠵᠡᠢ᠃

      ᠰᠦᠨ ᠱᠤᠤ ᠴᠧᠩ᠂ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ

ᠬᠢᠬᠦ ᠳᠤ ᠵᠢᠷᠭᠤᠭᠠᠨ ᠲᠠᠯ᠎ᠠ ᠶᠢᠨ ᠱᠠᠭᠠᠷᠳᠠᠯᠭ᠎ᠠ ᠶᠢ ᠰᠠᠶᠢᠲᠤᠷ ᠡᠵᠡᠮᠳᠡᠬᠦ ᠬᠡᠷᠡᠭᠲᠡᠢ᠃ ᠨᠢᠭᠡ ᠳᠤ ᠰᠢ ᠶᠢᠨ ᠫᠢᠩ ᠤᠨ

ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ ᠵᠢᠯᠣᠭᠤᠳᠤᠯᠭ᠎ᠠ ᠪᠤᠯᠭᠠᠵᠤ᠂ ᠡᠨᠡ ᠬᠦ ᠴᠢᠬᠤᠯᠠ

ᠦᠵᠡᠯ ᠰᠠᠨᠠᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠲᠡᠭᠦᠨ ᠢ

ᠪᠦᠭᠦ ᠶᠠᠪᠤᠴᠠ ᠪᠠᠷ ᠨᠢ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠣᠭᠴᠠᠯᠠᠬᠤ ᠡᠯ᠎ᠡ ᠭᠤᠭᠴᠤᠭ᠎ᠠ ᠳᠤ

ᠨᠠᠶᠢᠳᠠᠪᠤᠷᠢᠵᠢᠭᠤᠯᠵᠤ᠂ ᠭᠠᠵᠢᠭᠤᠳᠠᠭᠤᠯᠬᠤ ᠦᠭᠡᠢ᠂ ᠥᠭᠡᠷᠡᠲᠦᠭᠦᠯᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃

ᠬᠤᠶᠠᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ

ᠬᠦ ᠭᠤᠣᠯ ᠰᠢᠵᠢᠮ ᠢ ᠪᠠᠲᠤ ᠡᠵᠡᠮᠳᠡᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ          

ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾ ᠪᠠ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠶᠢ

ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠭᠦᠢᠴᠡᠳ ᠠᠭᠤᠰᠤᠯᠴᠠᠭᠤᠯᠬᠤ ᠬᠡᠷᠡᠭᠲᠡᠢ᠃ ᠭᠤᠷᠪᠠ  ᠳᠤ

ᠥᠪᠥᠷ ᠮᠣᠩᠭᠤᠯ ᠤᠨ ᠡᠬᠡ ᠭᠠᠵᠠᠷ ᠲᠠᠬᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ

ᠠᠭᠤᠰᠤᠯᠴᠠᠯ ᠤᠨ ᠲᠡᠦᠬᠡ ᠪᠠ ᠪᠣᠳᠠᠲᠤ ᠪᠠᠶᠢᠳᠠᠯ ᠢ ᠭᠦᠨᠵᠡᠭᠡᠢ ᠨᠠᠷᠢᠯᠢᠭ ᠠᠵᠢᠭᠯᠠᠵᠤ᠂ ᠲᠡᠦᠬᠡ ᠶᠢᠨ ᠮᠠᠲ᠋ᠧᠷᠢᠶᠠᠯ ᠢᠶᠠᠷ

ᠦᠭᠡ ᠬᠡᠯᠡᠵᠦ᠂ ᠬᠥᠭᠵᠢᠯᠲᠡ ᠪᠠᠷ ᠦᠭᠡ ᠬᠡᠯᠡᠵᠦ᠂ ᠤᠮᠠᠷᠠᠲᠤ ᠬᠢᠯᠢ ᠶᠢᠨ ᠰᠣᠶᠣᠯ ᠤᠨ ᠭᠦᠨ ᠵᠤᠵᠠᠭᠠᠨ ᠲᠡᠦᠬᠡ ᠶᠢᠨ

ᠣᠣᠷ ᠲᠤᠨᠳᠠᠰᠤ ᠪᠠ ᠪᠣᠳᠠᠲᠤ ᠠᠬᠤᠢ ᠶᠢᠨ ᠰᠠᠭᠤᠷᠢ ᠶᠢ ᠰᠠᠶᠢᠲᠤᠷ ᠢᠯᠡᠷᠡᠭᠦᠯᠬᠦ ᠬᠡᠷᠡᠭᠲᠡᠢ᠃ ᠳᠥᠷᠪᠡ ᠳᠤ ᠰᠠᠬᠢᠨ

ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠤ ᠪᠠᠶᠠᠯᠢᠭ ᠠᠭᠤᠯᠤᠭᠳᠠᠬᠤᠨ ᠢ ᠭᠦᠢᠴᠡᠳ ᠠᠭᠤᠳᠠᠯᠵᠤ᠂

ᠰᠢᠯᠢᠳᠡᠭ ᠤᠯᠠᠮᠵᠢᠯᠠᠯ ᠢ ᠰᠠᠶᠢᠲᠤᠷ ᠶᠠᠷᠢᠵᠤ᠂ ᠲᠡᠦᠬᠡ ᠶᠢᠨ ᠳᠠᠭᠤᠷᠢᠰᠬᠠᠯ ᠢ ᠰᠠᠶᠢᠲᠤᠷ ᠶᠠᠷᠢᠵᠤ᠂ ᠤᠮᠠᠷᠠᠲᠤ

ᠬᠢᠯᠢ ᠶᠢᠨ ᠰᠣᠶᠣᠯ ᠳᠤ ᠠᠭᠤᠯᠤᠭᠳᠠᠵᠤ ᠪᠠᠶᠢᠭ᠎ᠠ ᠡᠬᠡ ᠣᠷᠣᠨᠴᠢ ᠬᠠᠶᠢᠷ᠎ᠠ ᠰᠡᠳᠬᠢᠯᠭᠡ ᠶᠢ ᠰᠠᠶᠢᠲᠤᠷ

ᠲᠣᠳᠣᠷᠬᠠᠶᠢᠯᠠᠨ ᠲᠠᠶᠢᠯᠪᠤᠷᠢᠯᠠᠬᠤ ᠬᠡᠷᠡᠭᠲᠡᠢ᠃

      ᠲᠠᠪᠤ ᠳᠤ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ

ᠰᠠᠨᠠᠭ᠎ᠠ︾ ᠶᠢ ᠭᠦᠨᠵᠡᠭᠡᠢ ᠰᠤᠳᠤᠯᠤᠨ ᠲᠠᠶᠢᠯᠪᠤᠷᠢᠯᠠᠵᠤ᠂ ᠵᠣᠷᠢᠭ ᠰᠠᠨᠠᠭ᠎ᠠ ᠳᠠᠬᠢ ᠵᠣᠷᠢᠭ ᠰᠠᠨᠠᠭ᠎ᠠ ᠶᠢ ᠰᠠᠶᠢᠲᠤᠷ

ᠪᠣᠯᠪᠠᠰᠤᠷᠠᠭᠤᠯᠤᠨ ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ ᠰᠣᠶᠣᠯ ᠳᠤ ᠨᠡᠩ ᠢᠯᠡ ᠲᠣᠳᠣ ᠵᠣᠷᠢᠭ ᠰᠠᠨᠠᠭᠠᠨ ᠤ

ᠣᠨᠴᠠᠯᠢᠭ ᠰᠢᠨᠵᠢ ᠶᠢ ᠣᠯᠭᠤᠵᠤ᠂ ᠺᠠᠳ᠋ᠷ ᠤᠯᠠᠨ ᠲᠦᠮᠡᠨ ᠤ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ

ᠲᠠᠭᠠᠷᠠᠪᠠᠯ ᠬᠥᠭᠦᠷᠭᠡ ᠲᠠᠯᠪᠢᠵᠤ᠂ ᠬᠠᠷᠠᠯᠲᠠ ᠪᠠᠨ ᠴᠢᠭᠯᠡᠨ ᠡᠴᠦᠰ ᠲᠤᠨᠢ ᠲᠤᠯᠲᠠᠯ᠎ᠠ ᠬᠢᠬᠦ ᠶᠢ ᠵᠣᠷᠢᠭᠵᠢᠭᠤᠯᠬᠤ

ᠬᠡᠷᠡᠭᠲᠡᠢ᠃ ᠵᠢᠷᠭᠤᠭ᠎ᠠ ᠳᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠦᠢᠯᠡᠳᠦᠯᠭᠡ ᠶᠢᠨ ᠳᠤᠮᠳᠠ ᠠᠴᠠ ᠤᠶᠤᠨ

ᠰᠠᠨᠠᠭᠠᠨ ᠤ ᠰᠢᠮ᠎ᠡ ᠲᠡᠵᠢᠭᠡᠯ ᠬᠦᠷᠲᠡᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠬᠠᠷᠠᠯᠲᠠ

ᠡᠭᠦᠷᠭᠡ ᠪᠠᠷ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂

ᠰᠣᠶᠣᠯ ᠤᠨ ᠪᠠᠶᠢᠭᠤᠯᠤᠯᠲᠠ ᠶᠢᠨ ᠶᠡᠭᠡ ᠳᠡᠭᠡᠭᠰᠢᠯᠡᠯᠲᠡ ᠪᠠᠷ ᠠᠵᠤ ᠠᠬᠤᠢ ᠶᠢᠨ ᠬᠥᠭᠵᠢᠯᠲᠡ ᠶᠢᠨ ᠶᠡᠭᠡ

ᠦᠰᠦᠷᠦᠯᠲᠡ ᠶᠢ ᠲᠤᠯᠭᠠᠭᠤᠷᠢᠯᠠᠬᠤ ᠬᠡᠷᠡᠭᠲᠡᠢ᠃ ᠰᠣᠶᠣᠯ ᠤᠨ ᠠᠮᠢᠵᠢᠷᠠᠯ ᠤᠨ ᠬᠦᠴᠦᠨ ᠨᠢ ᠬᠡᠷᠡᠭᠯᠡᠭᠡᠨ ᠳᠤ ᠪᠤᠢ᠂

ᠰᠣᠶᠣᠯ ᠤᠨ ᠪᠠᠶᠢᠭᠤᠯᠤᠯᠲᠠ ᠳᠤ ᠬᠡᠯᠪᠡᠷᠢᠴᠢ ᠦᠵᠡᠯ ᠢ ᠬᠠᠮᠤᠭ ᠠᠴᠠ ᠴᠡᠭᠡᠷᠯᠡᠵᠦ᠂ ᠨᠡᠩ ᠴᠤ ᠬᠡᠶᠢᠰᠪᠦᠷᠢ ᠠᠵᠢᠯ ᠢ

ᠪᠣᠳᠠᠲᠠᠶᠢᠴᠢᠯᠠᠵᠤ᠂ ᠤᠯᠠᠮ ᠢᠯᠡᠭᠦᠦ ᠬᠦᠴᠦᠯᠡᠵᠦ᠂ ᠠᠪᠤᠨ ᠳᠣᠣᠷ᠎ᠠ ᠪᠠᠨ ᠦᠷ᠎ᠡ ᠪᠦᠲᠦᠮᠵᠢ ᠭᠠᠷᠭᠠᠵᠤ᠂ ᠬᠢᠵᠦ

ᠳᠡᠶᠢᠯᠭᠦ ᠶᠠᠪᠤᠳᠠᠯ ᠢᠶᠠᠨ ᠦᠨᠡᠨ ᠪᠣᠳᠠᠲᠠᠢ ᠪᠥᠭᠡᠳ ᠥᠷᠥ ᠵᠢᠷᠦᠬᠡᠨ ᠠᠴᠠ ᠪᠠᠨ ᠬᠢᠵᠦ᠂ ᠦᠷᠭᠦᠯᠵᠢᠯᠡᠨ ᠬᠦᠴᠦᠯᠡᠵᠦ᠂

ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠡᠢ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ᠂ ᠵᠧᠩ ᠬᠤᠩ ᠹᠠᠨ᠂ ᠢᠦᠢ ᠯᠢ ᠰᠢᠨ ᠲᠤᠰ

ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ᠃

      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map