ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/11/17
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠲᠡᠩᠴᠡᠭᠦᠷᠢᠲᠡᠢ ᠬᠥᠭᠵᠢᠭᠦᠯᠦᠭᠰᠡᠨ ᠰᠢᠶᠠᠨ ᠢ ᠡᠭᠦᠳᠦᠨ ᠪᠠᠶᠢᠭᠤᠯᠬᠤ ᠠᠵᠢᠯ ᠢ ᠦᠨᠡᠨ ᠬᠦ ᠰᠠᠶᠢᠲᠤᠷ ᠬᠢᠵᠦ᠂ ︽ᠬᠥᠯᠥᠨ ᠪᠤᠶᠢᠷ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ ︵2021 - 2025︶︾ ᠶᠢ ᠬᠦᠴᠦᠲᠡᠢ ᠠᠬᠢᠭᠤᠯᠵᠤ᠂ ︽ᠬᠥᠯᠥᠨ ᠪᠤᠶᠢᠷ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠬᠠᠷᠠᠯᠲᠠ ᠪᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠤᠨ ᠠᠷᠪᠠᠨ ᠭᠤᠷᠪᠠᠳᠤᠭᠠᠷ ᠤᠳᠠᠭᠠᠨ ᠤ ᠠᠬᠢᠭᠤᠯᠬᠤ ᠬᠤᠷᠠᠯ ᠢ ᠬᠤᠷᠠᠯᠳᠤᠭᠤᠯᠪᠠ᠃      ᠬᠤᠷᠠᠯ ᠳᠡᠭᠡᠷ᠎ᠡ ᠶᠡᠷᠦᠩᠬᠡᠢ ᠰᠤᠷᠭᠠᠭᠤᠯᠢ ᠪᠠᠶᠢᠴᠠᠭᠠᠭᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠴᠢᠨᠠᠷᠯᠢᠭ ᠲᠡᠩᠴᠡᠭᠦᠷᠢᠲᠡᠢ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠳᠣᠭᠲᠠᠯᠴᠠᠭ᠎ᠠ ᠶᠢ ᠪᠠᠶᠢᠭᠤᠯᠬᠤ ᠲᠤᠬᠠᠢ ᠰᠠᠨᠠᠯ︾ ᠢ ᠳᠠᠭᠠᠭᠤᠯᠤᠨ ᠰᠤᠷᠤᠯᠴᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ︔ 5 ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠴᠢᠨᠠᠷᠯᠢᠭ ᠲᠡᠩᠴᠡᠭᠦᠷᠢᠲᠡᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠬᠠᠩᠵᠧᠦ᠂ ᠴᠠᠩᠵᠧᠦ ᠳᠤ ᠬᠦᠷᠴᠦ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠪᠠ᠃      ᠬᠤᠷᠠᠯ ᠠᠴᠠ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠬᠠᠮᠵᠢᠯᠴᠠᠨ ᠪᠠᠲᠤᠯᠠᠵᠤ᠂ ᠨᠡᠩ ᠥᠨᠳᠥᠷ ᠪᠠᠷᠢᠮᠵᠢᠶ᠎ᠠ ᠪᠠᠷ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠭᠦᠢᠴᠡᠳᠭᠡᠯ ᠲᠤᠭ᠎ᠠ ᠶᠢᠨ ᠵᠥᠷᠢᠶ᠎ᠡ ᠳᠤ ᠵᠥᠪ ᠢᠶᠠᠷ ᠬᠠᠨᠳᠤᠨ᠂ ᠲᠣᠭᠲᠠᠭᠰᠠᠨ ᠬᠤᠭᠤᠴᠠᠭᠠᠨ ᠳᠤ ᠪᠠᠷᠢᠮᠵᠢᠶ᠎ᠠ ᠳᠤ ᠬᠦᠷᠭᠡᠬᠦ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠪᠣᠳᠠᠲᠠᠢ ᠪᠠᠶᠢᠳᠠᠯ ᠠᠴᠠ ᠡᠭᠦᠰᠴᠦ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠠᠰᠠᠭᠤᠳᠠᠯ ᠤᠨ ᠨᠠᠷᠢᠨ ᠳᠠᠩᠰᠠ ᠶᠢ ᠵᠢᠭᠰᠠᠭᠠᠨ᠂ ᠨᠠᠷᠢᠯᠢᠭ ᠣᠨᠣᠴᠠᠲᠠᠢ ᠲᠣᠬᠢᠷᠠᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠡᠭᠦᠳᠦᠨ ᠪᠠᠶᠢᠭᠤᠯᠬᠤ ᠡᠭᠦᠷᠭᠡ  ᠶᠢᠨ ᠴᠢᠨᠠᠷ ᠴᠢᠨᠰᠠᠭ᠎ᠠ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠣᠯᠠᠨ ᠵᠦᠢᠯ ᠤᠨ ᠬᠡᠯᠪᠡᠷᠢ ᠪᠠᠷ ᠨᠡᠶᠢᠭᠡᠮ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ  ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠡᠶᠢᠭᠡᠮ  ᠤᠨ ᠮᠡᠳᠡᠷᠡᠮᠵᠢ ᠶᠢᠨ ᠬᠡᠮᠵᠢᠶ᠎ᠡ ᠶᠢ ᠱᠠᠭᠠᠷᠳᠠᠯᠭ᠎ᠠ ᠳᠤ ᠬᠦᠷᠭᠡᠬᠦ ᠶᠢ ᠪᠠᠲᠤᠯᠠᠬᠤ ᠬᠡᠷᠡᠭᠲᠡᠢ᠃ ᠪᠦᠬᠦ ᠲᠠᠯ᠎ᠠ ᠪᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠴᠠᠭ ᠦᠶ᠎ᠡ ᠳᠤ ᠵᠣᠬᠢᠴᠠᠬᠤ ᠣᠨᠴᠠᠯᠢᠭᠲᠤ ᠰᠤᠷᠭᠠᠨ ᠬᠥᠮᠦᠵᠢᠯ ᠢ ᠴᠣᠭᠴᠠᠯᠠᠨ᠂ ᠰᠣᠶᠣᠯ ᠢᠶᠠᠷ ᠬᠥᠮᠦᠨ ᠢ ᠬᠥᠮᠦᠵᠢᠭᠦᠯᠵᠦ᠂ ᠡᠯ᠎ᠡ ᠰᠤᠷᠭᠠᠭᠤᠯᠢ ᠶᠢᠨ  ᠬᠢᠨ ᠪᠦᠬᠦ ᠲᠠᠯ᠎ᠠ ᠪᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠭᠰᠠᠨ ᠤᠷᠢᠲᠠᠯ ᠳᠣᠣᠷ᠎ᠠ᠂ ᠰᠡᠳᠬᠢᠯ ᠰᠢᠭᠤᠳᠤᠨ ᠣᠨᠴᠠᠯᠢᠭᠲᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠤᠳᠤᠯᠤᠨ ᠢᠯᠡᠷᠡᠭᠦᠯᠵᠦ᠂ ︽ᠨᠢᠭᠡ ᠰᠤᠷᠭᠠᠭᠤᠯᠢ ᠨᠢᠭᠡ ᠨᠡᠷᠡᠲᠦ ᠲᠡᠮᠳᠡᠭᠲᠦ︾᠂ ︽ᠨᠢᠭᠡ ᠰᠤᠷᠭᠠᠭᠤᠯᠢ ᠣᠯᠠᠨ ᠨᠡᠷᠡᠲᠦ ᠲᠡᠮᠳᠡᠭᠲᠦ︾ ᠶᠢ ᠰᠤᠳᠤᠯᠤᠨ ᠢᠯᠡᠷᠡᠭᠦᠯᠵᠦ᠂ ᠰᠤᠷᠤᠭᠴᠢᠳ ᠢ ᠪᠦᠬᠦ ᠲᠠᠯ᠎ᠠ ᠪᠠᠷ ᠬᠥᠭᠵᠢᠭᠰᠡᠨ᠂ ᠥᠪᠡᠷ ᠥᠪᠡᠷ ᠤᠨ ᠣᠨᠴᠠᠯᠢᠭ ᠲᠠᠢ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃        ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠪᠦᠦ ᠭᠧ ᠮᠢᠩ︶
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map