ᠪᠦᠭᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠦᠭᠦ ᠣᠷᠣᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2023/11/17
      11 ᠰᠠᠷ᠎ᠠ ᠶᠢᠨ 16 ᠤ ᠡᠳᠦᠷ᠂ ᠪᠦᠭᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠦᠭᠦ ᠣᠷᠣᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠣᠨ ᠪᠦᠭᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠸᠧᠢ ᠳ᠋ᠦᠩ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠣᠨ ᠪᠦᠭᠦ ᠤᠯᠤᠰ ᠤᠨ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃

6383581542655901759955007.jpg

      ᠰᠦᠨ ᠱᠤᠤ ᠴᠧᠩ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠪᠣᠯᠣᠨ ᠰᠦᠯᠵᠢᠶᠡᠨ ᠤ ᠠᠮᠤᠷ

ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠪᠣᠯ ᠮᠠᠨ ᠤ ᠨᠠᠮ ᠤᠨ ᠢᠮᠠᠭᠲᠠ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ᠢᠮᠠᠭᠲᠠ ᠴᠢᠩᠭ᠎ᠠ ᠠᠳᠬᠤᠵᠤ ᠪᠠᠶᠢᠭ᠎ᠠ ᠴᠢᠬᠤᠯᠠ ᠶᠡᠭᠡ ᠠᠵᠢᠯ ᠪᠣᠯᠣᠨ᠎ᠠ᠃ ᠡᠯ᠎ᠡ ᠱᠠᠲᠤᠨ

 ᠤ ᠬᠢᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ

ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ ᠢ

ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ

ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ

ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠬᠤ ᠶᠢ ᠴᠥᠬᠦᠷᠡᠰᠢ

ᠦᠭᠡᠢ ᠪᠠᠷᠢᠮᠲᠠᠯᠠᠵᠤ᠂ ᠤᠨᠤᠯ ᠤᠨ ᠰᠤᠷᠤᠯᠴᠠᠯᠭ᠎ᠠ᠂ ᠤᠬᠠᠭᠤᠯᠤᠨ ᠲᠠᠶᠢᠯᠪᠤᠷᠢᠯᠠᠬᠤ ᠪᠠ ᠰᠤᠳᠤᠯᠤᠨ

ᠲᠠᠶᠢᠯᠪᠤᠷᠢᠯᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ᠂ ᠵᠣᠷᠢᠭ ᠰᠠᠨᠠᠭ᠎ᠠ ᠪᠠ ᠦᠢᠯᠡ

ᠠᠵᠢᠯᠯᠠᠭ᠎ᠠ ᠪᠠᠨ ᠨᠢᠭᠡᠳᠬᠡᠬᠦ ᠳᠤ ᠨᠡᠩ ᠰᠠᠶᠢᠨ ᠬᠡᠷᠡᠭᠯᠡᠬᠦ ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ

ᠰᠣᠶᠣᠯ ᠤᠨ ᠹᠷᠣᠨᠲ ᠲᠤ ᠠᠪᠴᠤ ᠬᠡᠯᠡᠪᠡᠯ᠂ ᠨᠡᠩ ᠶᠡᠭᠡ ᠬᠦᠴᠦ ᠣᠷᠣᠭᠤᠯᠤᠨ ᠰᠢ ᠶᠢᠨ ᠫᠢᠩ ᠤᠨ ᠰᠣᠶᠣᠯ ᠤᠨ

ᠦᠵᠡᠯ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠡᠨᠡ ᠬᠦ ᠴᠢᠬᠤᠯᠠ ᠦᠵᠡᠯ ᠰᠠᠨᠠᠭᠠᠨ ᠤ ᠴᠢᠬᠤᠯᠠ ᠶᠡᠭᠡ

ᠰᠢᠨ᠎ᠡ ᠶᠢ ᠡᠭᠦᠳᠦᠭᠰᠡᠨ ᠦᠵᠡᠯᠲᠡ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ

ᠭᠦᠨᠵᠡᠭᠡᠢ ᠣᠶᠢᠯᠠᠭᠠᠨ ᠡᠵᠡᠮᠰᠢᠵᠦ᠂ ᠰᠣᠶᠣᠯ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠣᠶᠣᠯ ᠤᠨ

ᠢᠲᠡᠭᠡᠯ ᠢᠶᠠᠨ ᠦᠨᠡᠨ ᠬᠦ ᠪᠠᠲᠤᠳᠬᠠᠵᠤ᠂ ᠰᠣᠶᠣᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠬᠡᠷᠡᠭᠲᠡᠢ ᠭᠡᠵᠡᠢ᠃

      ᠰᠦᠨ ᠱᠤᠤ ᠴᠧᠩ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ

ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠪᠣᠯ ᠮᠠᠨ ᠤ ᠣᠷᠣᠨ ᠤ ᠣᠳᠣᠬᠠᠨ ᠤ ᠪᠠ ᠬᠤᠶᠢᠰᠢᠳᠠ ᠶᠢᠨ

ᠬᠡᠰᠡᠭ ᠬᠤᠭᠤᠴᠠᠭᠠᠨ ᠤ ᠭᠤᠣᠯ ᠡᠭᠦᠷᠭᠡ ᠪᠣᠯᠣᠨ᠎ᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ

ᠹᠷᠣᠨᠲ ᠤᠨ ᠬᠢᠨ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠣᠷᠣᠨ ᠳᠠᠶᠠᠭᠠᠷ ᠢᠶᠠᠨ

ᠬᠥᠭᠵᠢᠯᠲᠡ ᠶᠢ ᠲᠥᠯᠥᠪᠵᠢᠭᠦᠯᠬᠦ᠂ ᠠᠵᠢᠯ ᠦᠢᠯᠡᠰ ᠬᠢᠬᠦ ᠠᠭᠤᠷ ᠠᠮᠢᠰᠬᠤᠯ ᠢ ᠥᠳᠬᠡᠨ ᠵᠤᠵᠠᠭᠠᠨ ᠪᠤᠯᠭᠠᠬᠤ

ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ

ᠬᠦ ᠭᠤᠣᠯ ᠰᠢᠵᠢᠮ ᠢ ᠦᠨᠡᠨ ᠪᠣᠳᠠᠲᠠᠢ ᠥᠷᠥ ᠵᠢᠷᠦᠬᠡᠨ ᠠᠴᠠ ᠪᠠᠨ ᠪᠦᠳᠦᠮᠵᠢᠳᠡᠢ ᠪᠠᠷ ᠡᠯ᠎ᠡ ᠵᠦᠢᠯ ᠤᠨ ᠠᠵᠢᠯ ᠤᠨ

ᠳᠤᠮᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠣᠳᠠᠲᠠᠶᠢᠵᠢᠭᠤᠯᠬᠤ ᠶᠢ ᠠᠬᠢᠭᠤᠯᠵᠤ᠂ ᠠᠵᠢᠯ ᠢᠶᠠᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂

ᠬᠥᠮᠥᠰ ᠤᠨ ᠰᠡᠳᠬᠢᠯ ᠢ ᠭᠦᠨᠳᠡᠵᠦ ᠴᠤᠤᠷᠢᠶᠠᠲᠤᠭᠤᠯᠬᠤ ᠬᠡᠷᠡᠭᠲᠡᠢ᠃ ᠥᠪᠥᠷ ᠮᠣᠩᠭᠤᠯ ᠤᠨ ᠬᠥᠭᠵᠢᠯᠲᠡ ᠶᠢ ᠴᠢᠩᠭ᠎ᠠ

ᠠᠳᠬᠤᠵᠤ ᠬᠥᠭᠵᠢᠯᠲᠡ ᠶᠢ ᠲᠦᠷᠭᠡᠳᠬᠡᠵᠦ ᠪᠠᠶᠢᠭ᠎ᠠ ᠴᠢᠩᠭ᠎ᠠ ᠬᠦᠴᠦᠲᠡᠢ ᠪᠠᠶᠢᠳᠠᠯ᠂ ᠬᠠᠷᠢᠭᠤᠴᠠᠯᠭ᠎ᠠ ᠡᠭᠦᠷᠭᠡᠯᠡᠨ

ᠵᠢᠳᠬᠦᠯ ᠴᠢᠷᠮᠠᠶᠢᠯᠭ᠎ᠠ ᠭᠠᠷᠭᠠᠭᠰᠠᠨ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠭᠰᠠᠨ ᠲᠡᠷᠢᠭᠦᠨ ᠤ

ᠨᠡᠶᠢᠲᠡᠯᠢᠭ ᠵᠢᠱᠢᠶ᠎ᠡ᠂ ᠶᠡᠭᠡ ᠦᠢᠯᠡᠰ ᠢ ᠪᠦᠲᠦᠭᠡᠵᠦ᠂ ᠵᠢᠳᠬᠦᠯ ᠴᠢᠷᠮᠠᠶᠢᠯᠭ᠎ᠠ ᠭᠠᠷᠭᠠᠵᠤ ᠪᠤᠯᠬᠤ ᠭᠡᠭᠡᠨ ᠰᠠᠷᠠᠭᠤᠯ

ᠢᠷᠡᠭᠡᠳᠦᠢ ᠶᠢ ᠰᠠᠶᠢᠲᠤᠷ ᠤᠬᠠᠭᠤᠯᠵᠤ᠂ ᠤᠯᠠᠨ  ᠤ ᠢᠲᠡᠭᠡᠯ ᠢ ᠨᠡᠮᠡᠭᠳᠡᠭᠦᠯᠵᠦ ᠬᠥᠳᠡᠯᠭᠡᠬᠦ ᠬᠦᠴᠦᠨ ᠨᠡᠮᠡᠷᠢᠯᠡᠬᠦ

ᠬᠡᠷᠡᠭᠲᠡᠢ᠃ ᠳᠦᠷᠢ ᠲᠥᠷᠬᠦ ᠰᠠᠶᠢᠨ ᠪᠣᠯ ᠰᠠᠶ᠋ᠢ ᠲᠠᠲᠠᠬᠤ ᠬᠦᠴᠦᠨ ᠲᠠᠢ᠂ ᠥᠷᠢᠰᠦᠯᠳᠦᠬᠦ ᠬᠦᠴᠦᠨ ᠲᠠᠢ᠂ ᠨᠡᠶᠢᠭᠡᠮ

ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠥᠪᠥᠷ

ᠮᠣᠩᠭᠤᠯᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨᠴᠢ ᠢᠲᠡᠭᠡᠮᠵᠢᠲᠡᠢ᠂

ᠨᠠᠶᠢᠳᠠᠪᠤᠷᠢᠲᠠᠢ᠂ ᠦᠨᠡᠨ ᠰᠠᠶᠢᠨ ᠰᠠᠶᠢᠬᠠᠨ᠂ ᠬᠤᠶᠢᠷᠭᠤᠰᠢᠬᠤ ᠦᠭᠡᠢ᠂ ᠶᠣᠰᠣ ᠳᠦᠷᠢᠮ ᠲᠠᠢ ᠪᠠᠶᠢᠬᠤ ᠳᠦᠷᠢ

ᠲᠥᠷᠬᠦ ᠶᠢ ᠴᠢᠨᠠᠭᠰᠢᠳᠠ ᠱᠤᠭᠤᠬᠤ ᠬᠡᠷᠡᠭᠲᠡᠢ᠃ ᠤᠮᠠᠷᠠᠲᠤ ᠬᠢᠯᠢ  ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠨᠢ

ᠬᠥᠮᠥᠨ ᠤ ᠰᠡᠳᠬᠢᠯ ᠢ ᠨᠢᠭᠲᠠᠷᠠᠭᠤᠯᠵᠤ᠂ ᠳᠦᠷᠢ ᠲᠥᠷᠬᠦ ᠶᠢ ᠱᠤᠭᠤᠬᠤ ᠳᠤ ᠲᠦᠢᠯ ᠤᠨ ᠴᠢᠬᠤᠯᠠ ᠶᠤᠮ᠂ ᠭᠦᠨᠵᠡᠭᠡᠢ

ᠰᠤᠳᠤᠯᠤᠨ ᠲᠠᠶᠢᠯᠪᠤᠷᠢᠯᠠᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠢᠳᠡᠪᠬᠢᠲᠡᠢ ᠪᠠᠷ ᠰᠢᠨ᠎ᠡ

ᠠᠴᠢᠶᠠᠯᠠᠪᠤᠷᠢ ᠶᠢ ᠡᠭᠦᠳᠴᠦ᠂ ᠰᠦᠷ ᠬᠦᠴᠦᠨ ᠢ ᠦᠷᠭᠦᠯᠵᠢᠯᠡᠨ ᠪᠤᠢ ᠪᠤᠯᠭᠠᠵᠤ᠂ ᠡᠨᠡ ᠬᠦ ᠲᠦᠷᠦᠯ ᠲᠡᠮᠳᠡᠭ ᠢ

ᠠᠯᠳᠠᠷᠰᠢᠭᠤᠯᠤᠨ ᠳᠠᠭᠤᠷᠢᠰᠤᠭᠤᠯᠬᠤ ᠪᠠᠷ ᠴᠢᠷᠮᠠᠶᠢᠬᠤ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ

ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠤᠬᠠᠭᠤᠯᠭ᠎ᠠ ᠶᠢ ᠰᠠᠶᠢᠲᠤᠷ ᠠᠳᠬᠤᠵᠤ᠂

ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ ᠭᠡᠪᠡ᠃

       ᠰᠦᠨ ᠱᠤᠤ ᠴᠧᠩ᠂ ᠢᠨᠲ᠋ᠧᠷ ᠰᠦᠯᠵᠢᠶ᠎ᠡ ᠨᠢᠭᠡᠨᠲᠡ ᠠᠮᠤᠷ ᠲᠦᠪᠰᠢᠨ ᠢ ᠬᠠᠮᠠᠭᠠᠯᠠᠬᠤ ᠰᠢᠨ᠎ᠡ ᠨᠤᠲᠤᠭ

ᠳᠡᠪᠢᠰᠬᠡᠷ ᠪᠣᠯᠵᠠᠢ᠂ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠶᠣᠰᠣᠭᠠᠷ ᠰᠦᠯᠵᠢᠶ᠎ᠡ ᠶᠢ

ᠵᠠᠰᠠᠬᠤ ᠶᠢ ᠠᠬᠢᠭᠤᠯᠵᠤ᠂ ᠰᠠᠭᠤᠷᠢ ᠲᠤᠯᠭᠠᠭᠤᠷᠢᠯᠠᠯ ᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠶᠢᠨ

ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠤᠯᠤᠰ ᠠᠴᠠ ︽ᠵᠡᠭᠦᠨᠳᠡᠬᠢ

ᠲᠤᠭ᠎ᠠ ᠪᠠᠷᠢᠮᠲᠠ ᠶᠢ ᠪᠠᠷᠠᠭᠤᠨ ᠳᠤ ᠪᠤᠳᠤᠬᠤ︾ ᠶᠢ ᠠᠬᠢᠭᠤᠯᠬᠤ ᠵᠡᠷᠭᠡ ᠠᠵᠠ ᠲᠣᠭᠢᠶᠠᠯ ᠢ ᠠᠮᠵᠢᠵᠤ᠂

ᠲᠣᠭᠠᠴᠢᠯᠠᠭᠰᠠᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠵᠠᠰᠠᠯᠲᠠ ᠶᠢ ᠠᠬᠢᠭᠤᠯᠵᠤ᠂ ᠮᠡᠳᠡᠭᠡ

ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠲᠣᠭᠠᠴᠢᠯᠠᠯᠳᠠ ᠪᠠᠷ ᠠᠷᠠᠳ ᠲᠤ ᠠᠰᠢᠭ ᠬᠦᠷᠲᠡᠭᠡᠬᠦ

ᠢᠨᠵᠧᠨᠧᠷᠢᠩ ᠢ ᠬᠡᠷᠡᠭᠵᠢᠭᠦᠯᠵᠦ᠂ ᠮᠡᠳᠡᠭᠡ ᠵᠠᠩᠭᠢ ᠶᠢᠨ ᠲᠦᠭᠵᠢᠮᠡᠯ ᠪᠠᠶᠢᠳᠠᠯ ᠢ ᠡᠪᠳᠡᠵᠦ᠂ ᠲᠤᠭ᠎ᠠ ᠪᠠᠷᠢᠮᠲᠠ ᠶᠢ

ᠬᠠᠮᠲᠤ ᠪᠠᠷ ᠡᠳ᠋ᠯᠡᠬᠦ ᠶᠢ ᠲᠦᠷᠭᠡᠳᠬᠡᠵᠦ᠂ ᠠᠷᠠᠳ ᠤᠯᠠᠨ ᠳᠤ ᠨᠡᠩ ᠴᠢᠨᠠᠷ ᠰᠠᠶᠢᠲᠠᠢ ᠳᠥᠭᠦᠮ ᠳᠥᠲᠡ ᠤᠯᠠᠨ

ᠨᠡᠶᠢᠲᠡ ᠶᠢᠨ ᠦᠢᠯᠡᠴᠢᠯᠡᠭᠡ ᠶᠢ ᠡᠳ᠋ᠯᠡᠭᠦᠯᠭᠦ ᠬᠡᠷᠡᠭᠲᠡᠢ ᠭᠡᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ

ᠬᠡᠯᠲᠡᠰ ᠤᠨ ᠳᠠᠷᠤᠭ᠎ᠠ ᠵᠧᠩ ᠬᠤᠩ ᠹᠠᠨ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠵᠧᠩ ᠭᠤᠸᠠᠩ ᠵᠤᠤ᠂ ᠶᠠᠩ ᠶᠢᠨ᠂ ᠪᠠᠢ ᠴᠢᠩ

ᠶᠤᠸᠠᠨ᠂ ᠵᠠᠩ ᠪᠠᠢ ᠴᠧᠩ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃

      ᠬᠤᠷᠠᠯ ᠳᠡᠭᠡᠷ᠎ᠡ᠂ ᠭᠦᠭᠡᠬᠤᠲᠠ᠂ ᠲᠦᠩᠯᠢᠶᠣᠣ ᠬᠤᠲᠠ᠂ ᠠᠯᠠᠱᠠ ᠠᠶᠢᠮᠠᠭ ᠤᠨ ᠨᠠᠮ  ᠤᠨ ᠬᠤᠷᠢᠶ᠎ᠠ ᠶᠢᠨ

ᠤᠬᠠᠭᠤᠯᠬᠤ ᠬᠡᠯᠲᠡᠰ᠂ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠣᠯᠣᠨ

ᠮᠡᠳᠡᠭᠡ ᠵᠠᠩᠭᠢᠵᠢᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠰᠤᠷᠭᠠᠨ ᠬᠥᠮᠦᠵᠢᠯ ᠤᠨ ᠲᠢᠩᠬᠢᠮ᠂

ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠥᠷ

ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ

ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃

      ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠣᠨ ᠮᠠᠨᠵᠤᠤᠷ ᠬᠤᠳᠠ᠂

ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map