ᠰᠢᠨᠬᠤᠸᠠ ᠬᠤᠷᠢᠶ᠎ᠠ ᠶᠢᠨ ᠰᠠᠨ ᠹᠷᠠᠨᠰᠢᠰᠺᠤ ᠶᠢᠨ 11 ᠰᠠᠷ᠎ᠠ ᠶᠢᠨ 15 ᠤ ᠴᠠᠭᠢᠯᠭᠠᠨ ᠮᠡᠳᠡᠭᠡ ᠲᠤᠬᠠᠢ ᠶᠢᠨ | ᠭᠠᠵᠠᠷ ᠤᠨ ᠴᠠᠭ ᠢᠶᠠᠷ 11 ᠰᠠᠷ᠎ᠠ ᠶᠢᠨ 15 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ | ᠰᠠᠨ ᠹᠷᠠᠨᠰᠢᠰᠺᠤ ᠶᠢᠨ ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠳᠤᠮᠳᠠᠳᠤ | ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ᠂ ᠴᠢᠭᠯᠡᠯ ᠤᠨ | ᠴᠢᠨᠠᠷᠲᠠᠢ ᠠᠰᠠᠭᠤᠳᠠᠯ ᠵᠢᠴᠢ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ | ᠠᠰᠠᠭᠤᠳᠠᠯ ᠤᠨ ᠲᠤᠬᠠᠢ ᠰᠠᠨᠠᠯ ᠢᠶᠠᠨ ᠦᠨᠡᠨᠴᠢ ᠪᠠᠷ ᠭᠦᠨᠵᠡᠭᠡᠢ ᠰᠣᠯᠢᠯᠴᠠᠪᠠ᠃ | | | | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠠᠮᠧᠷᠢᠺᠠ ᠶᠢᠨ ᠰᠠᠨ ᠹᠷᠠᠨᠰᠢᠰᠺᠤ ᠶᠢᠨ ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ | ᠳᠤᠮᠳᠠᠳᠤ ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | | | | | | ᠰᠢ ᠶᠢᠨ ᠫᠢᠩ ᠹᠤᠶᠢᠯᠦᠷᠢ ᠡᠳ᠋ᠯᠡᠩ ᠳᠤ ᠬᠦᠷᠬᠦ ᠳᠤ ᠪᠠᠶᠢᠳᠧᠨ ᠬᠠᠯᠠᠭᠤᠨ ᠢᠶᠠᠷ ᠤᠭᠲᠤᠪᠠ᠃ | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠠᠮᠧᠷᠢᠺᠠ ᠶᠢᠨ ᠰᠠᠨ ᠹᠷᠠᠨᠰᠢᠰᠺᠤ ᠶᠢᠨ ᠹᠧᠶᠢᠯᠤᠷᠢ ᠡᠳ᠋ᠯᠡᠩ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ | ᠳᠤᠮᠳᠠᠳᠤ ᠠᠮᠧᠷᠢᠺᠠ ᠶᠢᠨ ᠲᠡᠷᠢᠭᠦᠨ ᠤ ᠠᠭᠤᠯᠵᠠᠯᠲᠠ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | | | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠳᠤᠮᠳᠠᠳᠤ ᠠᠮᠧᠷᠢᠺᠠ ᠬᠤᠶᠠᠷ ᠵᠦᠢᠯ ᠤᠨ ᠰᠣᠩᠭᠤᠯᠲᠠ ᠲᠠᠢ᠄ ᠨᠢᠭᠡ ᠨᠢ | ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ | ᠬᠤᠯᠪᠣᠨ ᠠᠷᠭᠠᠴᠠᠭᠠᠵᠤ᠂ ᠳᠡᠯᠡᠬᠡᠢ ᠶᠢᠨ ᠠᠮᠤᠷ ᠲᠦᠪᠰᠢᠨ ᠪᠣᠯᠣᠨ ᠬᠥᠭᠵᠢᠯ ᠴᠡᠴᠡᠭᠯᠡᠯ ᠢ ᠠᠬᠢᠭᠤᠯᠤᠨ᠎ᠠ᠃ | ᠨᠦᠭᠦᠭᠡ ᠨᠢ ᠦᠯᠦ ᠡᠪᠰᠡᠬᠦ ᠰᠡᠳᠬᠢᠬᠦᠢ ᠶᠢ ᠡᠪᠦᠷᠯᠡᠵᠦ᠂ ᠯᠡᠭᠧᠷ ᠤᠨ ᠡᠰᠡᠷᠭᠦᠴᠡᠯᠳᠦᠯ ᠢ ᠥᠳᠥᠭᠡᠵᠦ᠂ ᠳᠡᠯᠡᠬᠡᠢ | ᠶᠢᠷᠲᠢᠨᠴᠦ ᠶᠢ ᠦᠢᠮᠡᠭᠡᠨ ᠳᠡᠪᠵᠢᠶᠡᠨ ᠪᠠ ᠬᠠᠭᠠᠴᠠᠯ ᠲᠠᠢ ᠪᠣᠯᠭᠠᠨ᠎ᠠ᠃ ᠬᠤᠶᠠᠷ ᠵᠦᠢᠯ ᠤᠨ ᠰᠣᠩᠭᠤᠯᠲᠠ ᠨᠢ ᠬᠤᠶᠠᠷ | ᠴᠢᠭᠯᠡᠯ ᠢ ᠲᠥᠯᠥᠭᠡᠯᠡᠵᠦ᠂ ᠬᠥᠮᠥᠨ ᠲᠥᠷᠥᠯᠬᠢᠲᠡᠨ ᠤ ᠢᠷᠡᠭᠡᠳᠦᠢ ᠪᠠ ᠳᠡᠯᠡᠬᠡᠢ ᠶᠢᠨ ᠪᠥᠮᠪᠥᠷᠴᠡᠭ ᠤᠨ ᠢᠷᠡᠭᠡᠳᠦᠢ ᠶᠢ | ᠲᠣᠭᠲᠠᠭᠠᠨ᠎ᠠ᠃ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠪᠣᠯᠤᠭᠰᠠᠨ ᠤ | ᠬᠤᠪᠢ ᠳᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠡᠨᠡ ᠬᠦ ᠶᠡᠭᠡ ᠠᠬᠤᠢ ᠪᠠᠶᠢᠳᠠᠯ ᠳᠣᠣᠷ᠎ᠠ ᠪᠣᠳᠣᠯᠬᠢᠯᠠᠨ | ᠲᠥᠯᠥᠪᠵᠢᠭᠦᠯᠬᠦ ᠬᠡᠷᠡᠭᠲᠡᠢ᠃ ᠳᠤᠮᠳᠠᠳᠤ ᠠᠮᠧᠷᠢᠺᠠ ᠬᠤᠶᠠᠷ ᠤᠯᠤᠰ ᠬᠠᠷᠢᠯᠴᠠᠬᠤ ᠦᠭᠡᠢ ᠪᠠᠶᠢᠵᠤ ᠪᠤᠯᠬᠤ ᠦᠭᠡᠢ᠂ | ᠨᠦᠭᠦᠭᠡ ᠡᠲᠡᠭᠡᠳ ᠢᠶᠠᠨ ᠬᠤᠪᠢᠷᠠᠭᠤᠯᠬᠤ ᠨᠢ ᠪᠣᠳᠠᠲᠤ ᠪᠠᠶᠢᠳᠠᠯ ᠲᠠᠢ ᠨᠡᠶᠢᠴᠡᠬᠦ ᠦᠭᠡᠢ ᠶᠤᠮ᠂ ᠮᠥᠷᠭᠦᠯᠳᠦᠭᠡᠨ | ᠡᠰᠡᠷᠭᠦᠴᠡᠯᠳᠦᠯ ᠤᠨ ᠦᠷ᠎ᠡ ᠳ᠋ᠦᠩ ᠢ ᠬᠡᠨ ᠴᠦ ᠳᠠᠭᠠᠭᠠᠵᠤ ᠴᠢᠳᠠᠬᠤ ᠦᠭᠡᠢ ᠶᠤᠮ᠃ ᠲᠣᠮᠣ ᠤᠯᠤᠰ ᠤᠨ | ᠥᠷᠢᠰᠦᠯᠳᠦᠭᠡᠨ ᠨᠢ ᠳᠤᠮᠳᠠᠳᠤ ᠠᠮᠧᠷᠢᠺᠠ ᠬᠤᠶᠠᠷ ᠤᠯᠤᠰ ᠪᠠ ᠳᠡᠯᠡᠬᠡᠢ ᠳ᠋ᠠᠬᠢᠨ ᠳᠤ ᠲᠤᠯᠭᠠᠷᠠᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ ᠶᠤᠮ᠃ ᠡᠨᠡ ᠳᠡᠯᠡᠬᠡᠢ ᠶᠢᠨ ᠪᠥᠮᠪᠥᠷᠴᠡᠭ ᠳᠤᠮᠳᠠᠳᠤ ᠠᠮᠧᠷᠢᠺᠠ | ᠬᠤᠶᠠᠷ ᠤᠯᠤᠰ ᠢ ᠪᠠᠭᠲᠠᠭᠠᠵᠤ ᠴᠢᠳᠠᠨ᠎ᠠ᠃ ᠳᠤᠮᠳᠠᠳᠤ ᠠᠮᠧᠷᠢᠺᠠ ᠶᠢᠨ ᠥᠪᠡᠷ ᠥᠪᠡᠷ ᠤᠨ ᠬᠢᠨᠢ ᠠᠮᠵᠢᠯᠲᠠ ᠨᠢ | ᠬᠠᠷᠢᠯᠴᠠᠨ ᠠᠵᠠ ᠲᠣᠭᠢᠶᠠᠯ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ | ᠪᠣᠯᠣᠨ ᠠᠭᠤᠯᠤᠭᠳᠠᠬᠤᠨ ᠤ ᠠᠴᠢ ᠬᠤᠯᠪᠣᠭᠳᠠᠯ ᠵᠢᠴᠢ ᠳᠤᠮᠳᠠᠳᠤ ᠤᠯᠤᠰ ᠤᠨ ᠬᠥᠭᠵᠢᠯᠲᠡ ᠶᠢᠨ ᠠᠯᠤᠰ ᠢᠷᠡᠭᠡᠳᠦᠢ | ᠪᠣᠯᠣᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠰᠢ ᠶᠢᠨ ᠫᠢᠩ᠂ | ᠳᠤᠮᠳᠠᠳᠤ ᠤᠯᠤᠰ ᠤᠨ ᠬᠥᠭᠵᠢᠯᠲᠡ ᠨᠢ ᠲᠤᠰ ᠪᠡᠶ᠎ᠡ ᠶᠢᠨ ᠯᠣᠭᠢᠭ ᠪᠠ ᠵᠢᠮ᠎ᠡ ᠶᠣᠰᠣ ᠲᠠᠢ ᠶᠤᠮ᠂ ᠳᠤᠮᠳᠠᠳᠤ | ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠳᠤᠮᠳᠠᠳᠤ ᠤᠯᠤᠰ ᠺᠣᠯᠣᠨᠢᠴᠢᠯᠠᠨ | ᠳᠡᠭᠡᠷᠡᠮᠳᠡᠬᠦ ᠬᠠᠭᠤᠴᠢᠨ ᠵᠠᠮ ᠢᠶᠠᠷ ᠵᠠᠮᠨᠠᠬᠤ ᠦᠭᠡᠢ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠬᠦ ᠭᠠᠵᠢᠭᠤ | ᠵᠠᠮ ᠢᠶᠠᠷ ᠵᠠᠮᠨᠠᠬᠤ ᠦᠭᠡᠢ᠂ ᠦᠵᠡᠯ ᠤᠬᠠᠮᠰᠠᠷ ᠤᠨ ᠭᠡᠯᠪᠡᠷᠢ ᠪᠠᠨ ᠴᠤ ᠭᠠᠳᠠᠭᠰᠢ ᠭᠠᠷᠭᠠᠬᠤ ᠦᠭᠡᠢ᠃ ᠳᠤᠮᠳᠠᠳᠤ | ᠤᠯᠤᠰ ᠲᠤ ᠠᠮᠧᠷᠢᠺᠠ ᠶᠢ ᠳᠠᠪᠠᠭ᠋ᠤ ᠪᠤᠶᠤ ᠠᠮᠧᠷᠢᠺᠠ ᠶᠢ ᠣᠷᠣᠯᠠᠬᠤ ᠲᠥᠯᠦᠪᠵᠢᠭᠦᠯᠭᠡ ᠪᠠᠶᠢᠬᠤ ᠦᠭᠡᠢ᠂ ᠠᠮᠧᠷᠢᠺᠠ | ᠴᠤ ᠪᠢᠲᠡᠭᠡᠢ ᠳᠤᠮᠳᠠᠳᠤ ᠤᠯᠤᠰ ᠢ ᠳᠠᠷᠤᠩᠭᠤᠶᠢᠯᠠᠵᠤ ᠬᠤᠷᠢᠭᠯᠠᠬᠤ ᠲᠥᠯᠥᠪᠯᠡᠭᠡ ᠲᠠᠢ ᠪᠠᠶᠢᠭᠠᠷᠠᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠵᠤ | ᠬᠠᠮᠲᠤ ᠪᠠᠷ ᠠᠰᠢᠭ ᠭᠦᠷᠳᠡᠭᠦ ᠨᠢ 50 ᠵᠢᠯ ᠤᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠡᠦᠬᠡᠨ ᠶᠠᠪᠤᠴᠠ ᠠᠴᠠ | ᠳ᠋ᠦᠩᠨᠡᠭᠰᠡᠨ ᠲᠤᠷᠰᠢᠯᠭ᠎ᠠ ᠪᠤᠯᠬᠤ ᠪᠠᠷ ᠪᠠᠷᠠᠬᠤ ᠦᠭᠡᠢ ᠪᠠᠰᠠ ᠴᠤ ᠲᠡᠦᠬᠡᠨ ᠳᠡᠭᠡᠷᠡᠬᠢ ᠲᠣᠮᠣ ᠤᠯᠤᠰ ᠤᠨ | ᠮᠥᠷᠭᠦᠯᠳᠦᠭᠡᠨ ᠤ ᠣᠯᠭᠤᠭᠰᠠᠨ ᠰᠡᠩᠬᠡᠷᠡᠭᠦᠯᠦᠯ ᠪᠠᠶᠢᠵᠤ᠂ ᠳᠤᠮᠳᠠᠳᠤ ᠠᠮᠧᠷᠢᠺᠠ ᠶᠢᠨ ᠬᠠᠮᠲᠤ ᠪᠠᠷ ᠴᠢᠷᠮᠠᠶᠢᠬᠤ ᠴᠢᠭᠯᠡᠯ | ᠪᠠᠶᠢᠬᠤ ᠶᠣᠰᠣᠲᠠᠢ᠃ ᠡᠨᠡ ᠤᠳᠠᠭ᠎ᠠ ᠶᠢᠨ ᠰᠠᠨ ᠹᠷᠠᠨᠰᠢᠰᠺᠤ ᠶᠢᠨ ᠠᠭᠤᠯᠵᠠᠯᠲᠠ ᠳᠤ᠂ ᠳᠤᠮᠳᠠᠳᠤ ᠠᠮᠧᠷᠢᠺᠠ ᠰᠢᠨ᠎ᠡ | ᠬᠦᠰᠡᠯ ᠡᠷᠡᠮᠡᠯᠵᠡᠯ ᠲᠠᠢ ᠪᠠᠶᠢᠵᠤ᠂ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ | ᠲᠠᠪᠤᠨ ᠲᠤᠯᠭᠠᠭᠤᠷᠢ ᠶᠢ ᠴᠣᠭᠴᠠᠯᠠᠨ ᠪᠣᠰᠬᠠᠪᠠᠯ ᠵᠣᠬᠢᠨ᠎ᠠ᠃ | ᠨᠢᠭᠡ ᠳᠤ᠂ ᠵᠥᠪ ᠲᠠᠨᠢᠯᠲᠠ ᠶᠢ ᠬᠠᠮᠲᠤ ᠪᠠᠷ ᠪᠤᠢ ᠪᠣᠯᠭᠠᠶ᠎ᠠ᠃ ᠳᠤᠮᠳᠠᠳᠤ ᠤᠯᠤᠰ ᠢᠮᠠᠭᠲᠠ ᠲᠣᠭᠲᠠᠭᠤᠨ᠂ | ᠡᠷᠡᠭᠦᠯ᠂ ᠦᠷᠭᠦᠯᠵᠢᠯᠡᠬᠦ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠪᠠᠶᠢᠭᠤᠯᠬᠤ ᠪᠠᠷ ᠴᠢᠷᠮᠠᠶᠢᠭᠰᠠᠭᠠᠷ | ᠢᠷᠡᠪᠡ᠃ ᠡᠭᠦᠨ ᠤ ᠬᠠᠮᠲᠤ᠂ ᠳᠤᠮᠳᠠᠳᠤ ᠤᠯᠤᠰ ᠲᠤ ᠪᠠᠰᠠ ᠡᠷᠬᠡᠪᠰᠢ ᠬᠠᠮᠠᠭᠠᠯᠠᠬᠤ ᠴᠢᠬᠤᠯᠠᠲᠠᠢ ᠠᠰᠢᠭ ᠲᠤᠰᠠ᠂ | ᠡᠷᠬᠡᠪᠰᠢ ᠬᠠᠮᠠᠭᠠᠯᠠᠬᠤ ᠴᠢᠬᠤᠯᠠᠲᠠᠢ ᠵᠠᠷᠴᠢᠮ᠂ ᠡᠷᠬᠡᠪᠰᠢ ᠪᠠᠲᠤ ᠰᠠᠬᠢᠬᠤ ᠴᠢᠬᠤᠯᠠᠲᠠᠢ ᠬᠤᠷᠢᠭ᠎ᠠ ᠱᠤᠭᠤᠮ | ᠪᠤᠢ᠃ ᠬᠤᠶᠠᠷ ᠤᠯᠤᠰ ᠬᠠᠨᠢᠲᠠᠨ ᠪᠣᠯᠵᠤ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠶᠢ | ᠬᠦᠰᠡᠵᠦ ᠪᠠᠶᠢᠨ᠎ᠠ᠃ | ᠬᠤᠶᠠᠷ ᠲᠤ᠂ ᠵᠥᠷᠢᠯᠳᠦᠭᠡᠨ ᠢᠶᠠᠨ ᠬᠠᠮᠲᠤ ᠪᠠᠷ ᠪᠦᠲᠦᠮᠵᠢᠲᠡᠢ ᠬᠠᠮᠢᠶᠠᠷᠤᠨ ᠡᠵᠡᠮᠳᠡᠶ᠎ᠡ᠃ ᠵᠥᠷᠢᠯᠳᠦᠭᠡᠨ ᠢ | ᠬᠤᠶᠠᠷ ᠤᠯᠤᠰ ᠤᠨ ᠬᠤᠭᠤᠷᠣᠨᠳᠤ ᠬᠥᠨᠳᠡᠯᠢᠰᠬᠦ ᠵᠠᠭᠠᠭ ᠪᠤᠯᠭᠠᠵᠤ ᠪᠤᠯᠬᠤ ᠦᠭᠡᠢ᠂ ᠬᠠᠷᠢᠨ ᠠᠷᠭ᠎ᠠ ᠰᠦᠪᠡᠭᠴᠢᠯᠡᠨ | ᠠᠳᠠᠯᠢ ᠴᠢᠭᠯᠡᠯ ᠢᠶᠠᠷ ᠤᠷᠤᠭᠰᠢᠯᠠᠬᠤ ᠬᠥᠭᠦᠷᠭᠡ ᠲᠠᠯᠪᠢᠶ᠎ᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ | ᠵᠠᠷᠴᠢᠮ ᠬᠤᠷᠢᠭ᠎ᠠ ᠱᠤᠭᠤᠮ ᠢ ᠣᠶᠢᠯᠠᠭᠠᠵᠤ᠂ ᠳᠡᠩᠰᠡᠯᠭᠡᠬᠦ ᠦᠭᠡᠢ᠂ ᠦ ᠰᠠᠪ ᠡᠷᠢᠬᠦ ᠦᠭᠡᠢ᠂ ᠬᠡᠮᠵᠢᠶ᠎ᠡ ᠠᠴᠠ | ᠬᠡᠲᠦᠷᠡᠭᠦᠯᠬᠦ ᠦᠭᠡᠢ ᠪᠠᠶᠢᠵᠤ᠂ ᠢᠯᠡᠭᠦᠬᠡᠨ ᠣᠯᠣᠯᠴᠠᠵᠤ᠂ ᠢᠯᠡᠭᠦᠬᠡᠨ ᠶᠠᠷᠢᠯᠴᠠᠵᠤ᠂ ᠢᠯᠡᠭᠦᠬᠡᠨ ᠵᠥᠪᠳᠡᠯᠴᠡᠵᠦ᠂ | ᠵᠥᠷᠢᠯᠳᠦᠭᠡᠨ ᠪᠠ ᠰᠠᠨᠠᠭᠠᠨ ᠠᠴᠠ ᠭᠠᠳᠠᠭᠤᠷ ᠶᠠᠪᠤᠳᠠᠯ ᠢ ᠯᠠᠪᠳᠠᠭᠤᠨ ᠰᠢᠢᠳᠪᠦᠷᠢᠯᠡᠶ᠎ᠡ᠃ | ᠭᠤᠷᠪᠠ ᠳᠤ᠂ ᠬᠠᠷᠢᠯᠴᠠᠨ ᠠᠰᠢᠭᠲᠠᠢ ᠬᠠᠮᠵᠢᠯᠴᠠᠭ᠎ᠠ ᠶᠢ ᠠᠬᠢᠭᠤᠯᠤᠶ᠎ᠠ᠃ ᠳᠤᠮᠳᠠᠳᠤ ᠠᠮᠧᠷᠢᠺᠠ ᠤᠯᠠᠨ | ᠬᠦᠷᠢᠶᠡᠨ ᠳᠤ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠲᠠᠢ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ | ᠠᠬᠤᠢ ᠵᠡᠷᠭᠡ ᠤᠯᠠᠮᠵᠢᠯᠠᠯᠲᠤ ᠬᠦᠷᠢᠶ᠎ᠡ ᠶᠢ ᠪᠠᠭᠲᠠᠭᠠᠬᠤ ᠪᠥᠭᠡᠳ ᠠᠭᠤᠷ ᠠᠮᠢᠰᠬᠤᠯ ᠤᠨ ᠬᠤᠪᠢᠷᠠᠯᠲᠠ᠂ ᠵᠣᠬᠢᠶᠠᠮᠠᠯ | ᠤᠶᠤᠨ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ ᠶᠢ ᠴᠦ ᠪᠠᠭᠲᠠᠭᠠᠨ᠎ᠠ᠃ ᠣᠳᠣᠬᠠᠨ ᠤ ᠪᠠᠶᠢᠳᠠᠯ ᠳᠣᠣᠷ᠎ᠠ᠂ ᠬᠤᠶᠠᠷ | ᠤᠯᠤᠰ ᠤᠨ ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ᠂ ᠬᠠᠷᠢᠨ ᠨᠡᠩ ᠤᠯᠠᠨ ᠪᠣᠯᠪᠠ᠃ ᠬᠤᠶᠠᠷ | ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ᠂ ᠠᠵᠤ ᠠᠬᠤᠢ᠂ ᠮᠥᠩᠭᠦᠨ ᠭᠦᠢᠯᠭᠡᠭᠡ᠂ ᠬᠤᠳᠠᠯᠳᠤᠭᠠᠨ ᠤ ᠶᠠᠪᠤᠳᠠᠯ᠂ | ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠳᠠᠭᠢᠨ ᠰᠡᠷᠭᠦᠭᠡᠭᠰᠡᠨ ᠪᠤᠶᠤ ᠪᠠᠶᠢᠭᠤᠯᠤᠭᠰᠠᠨ ᠲᠣᠭᠲᠠᠴᠠ ᠶᠢ | ᠭᠦᠢᠴᠡᠳ ᠰᠠᠶᠢᠲᠤᠷ ᠠᠰᠢᠭᠯᠠᠵᠤ᠂ ᠬᠤᠣᠷ ᠴᠠᠭᠠᠵᠠᠯᠠᠬᠤ᠂ ᠬᠠᠤᠯᠢ ᠬᠡᠷᠡᠭᠵᠢᠭᠦᠯᠬᠦ᠂ ᠵᠣᠬᠢᠶᠠᠮᠠᠯ ᠤᠶᠤᠨ ᠴᠢᠳᠠᠪᠤᠷᠢ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠥᠷᠨᠢᠭᠦᠯᠦᠶ᠎ᠡ᠃ | ᠳᠥᠷᠪᠡ ᠳᠤ᠂ ᠲᠣᠮᠣ ᠤᠯᠤᠰ ᠤᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠶ᠎ᠡ᠃ ᠬᠥᠮᠥᠨ ᠲᠥᠷᠥᠯᠬᠢᠲᠡᠨ ᠤ | ᠨᠡᠶᠢᠭᠡᠮ ᠳᠤ ᠲᠤᠯᠭᠠᠷᠠᠵᠤ ᠪᠠᠶᠢᠭ᠎ᠠ ᠶᠠᠷᠰᠢᠭ ᠲᠦᠪᠡᠭᠲᠡᠢ ᠶᠠᠪᠤᠳᠠᠯ ᠢ ᠰᠢᠢᠳᠪᠦᠷᠢᠯᠡᠬᠦ ᠳᠤ ᠲᠣᠮᠣ ᠤᠯᠤᠰ ᠤᠨ | ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠠᠮᠧᠷᠢᠺᠠ ᠬᠡᠪ ᠳᠠᠭᠤᠷᠢᠶᠠᠯ ᠪᠣᠯᠵᠤ᠂ | ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷᠡᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠪᠦᠭᠦ ᠪᠥᠮᠪᠥᠷᠴᠡᠭ ᠲᠤ ᠨᠡᠩ ᠤᠯᠠᠨ ᠤᠯᠠᠨ ᠨᠡᠶᠢᠲᠡ ᠶᠢᠨ ᠦᠢᠯᠡᠳᠬᠦᠨ ᠢ ᠬᠠᠩᠭᠠᠪᠠᠯ ᠵᠣᠬᠢᠨ᠎ᠠ᠃ ᠬᠤᠶᠠᠷ | ᠲᠠᠯ᠎ᠠ ᠶᠢᠨ ᠳᠤᠷᠠᠳᠤᠭᠰᠠᠨ ᠰᠠᠨᠠᠭᠠᠴᠢᠯᠠᠭ᠎ᠠ ᠨᠢ ᠬᠠᠷᠢᠯᠴᠠᠨ ᠨᠡᠭᠡᠭᠡᠯᠲᠡᠲᠡᠢ ᠪᠠᠶᠢᠪᠠᠯ ᠵᠣᠬᠢᠨ᠎ᠠ᠂ ᠪᠠᠰᠠ ᠵᠣᠬᠢᠴᠠᠭᠤᠯᠤᠨ | ᠵᠣᠯᠭᠠᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠳᠡᠯᠡᠬᠡᠢ ᠳ᠋ᠠᠬᠢᠨ ᠳᠤ ᠪᠤᠶᠠᠨ ᠦᠢᠯᠡᠳᠴᠦ ᠪᠣᠯᠣᠨ᠎ᠠ᠃ | ᠲᠠᠪᠤ ᠳᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠬᠠᠮᠲᠤ ᠪᠠᠷ ᠠᠬᠢᠭᠤᠯᠤᠶ᠎ᠠ᠃ ᠬᠤᠶᠠᠷ ᠤᠯᠤᠰ ᠤᠨ | ᠵᠢᠰᠢᠶᠠᠨ ᠤ ᠨᠢᠰᠬᠡᠯ ᠢ ᠨᠡᠮᠡᠭᠳᠡᠭᠦᠯᠵᠦ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠣᠷᠣᠨ ᠨᠤᠲᠤᠭ ᠤᠨ | ᠶᠠᠪᠤᠯᠴᠠᠭ᠎ᠠ ᠶᠢ ᠥᠷᠭᠡᠳᠬᠡᠵᠦ᠂ ᠰᠤᠷᠭᠠᠨ ᠬᠥᠮᠦᠵᠢᠯ᠂ ᠵᠡᠮᠳᠡᠭᠴᠦᠳ ᠤᠨ ᠬᠡᠷᠡᠭ ᠶᠠᠪᠤᠳᠠᠯ ᠤᠨ ᠬᠠᠮᠲᠤᠷᠠᠯᠴᠠᠭ᠎ᠠ ᠶᠢ | ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠬᠠᠷᠰᠢᠯᠠᠵᠤ ᠪᠠᠶᠢᠭ᠎ᠠ ᠨᠠᠵᠠᠭᠠᠢ ᠲᠠᠯ᠎ᠠ ᠶᠢᠨ ᠬᠦᠴᠦᠨ | ᠵᠦᠢᠯ ᠢ ᠪᠠᠭᠠᠰᠬᠠᠵᠤ᠂ ᠬᠤᠶᠠᠷ ᠤᠯᠤᠰ ᠤᠨ ᠠᠷᠠᠳ ᠲᠦᠮᠡᠨ ᠤ ᠢᠯᠡᠭᠦᠬᠡᠨ ᠶᠠᠪᠤᠯᠴᠠᠵᠤ᠂ ᠢᠯᠡᠭᠦᠬᠡᠨ | ᠣᠯᠣᠯᠴᠠᠬᠤ ᠶᠢ ᠵᠣᠷᠢᠭᠵᠢᠭᠤᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠡᠭᠦᠯ ᠢᠶᠠᠷ ᠬᠥᠭᠵᠢᠬᠦ ᠳᠤ | ᠰᠠᠭᠤᠷᠢ ᠶᠢ ᠪᠠᠲᠤᠳᠬᠠᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠲᠠᠶᠢᠸᠠᠨ ᠤ ᠠᠰᠠᠭᠤᠳᠠᠯ ᠤᠨ ᠲᠤᠬᠠᠢ ᠵᠠᠷᠴᠢᠮ ᠵᠣᠭᠰᠣᠯᠲᠠ ᠪᠠᠨ ᠭᠦᠨᠵᠡᠭᠡᠢ ᠲᠣᠳᠣᠷᠬᠠᠶᠢᠯᠠᠨ | ᠥᠭᠦᠯᠡᠵᠦ᠂ ᠲᠠᠶᠢᠸᠠᠨ ᠤ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠳᠤᠮᠳᠠᠬᠢ | ᠬᠠᠮᠤᠭ ᠤᠨ ᠴᠢᠬᠤᠯᠠ᠂ ᠬᠠᠮᠤᠭ ᠤᠨ ᠰᠡᠷᠭᠡᠭ ᠠᠰᠠᠭᠤᠳᠠᠯ ᠪᠣᠯᠣᠨ᠎ᠠ᠃ ᠪᠠᠯᠢ ᠠᠷᠠᠯ ᠤᠨ ᠠᠭᠤᠯᠵᠠᠯᠲᠠ ᠶᠢᠨ | ᠦᠶ᠎ᠡ ᠶᠢᠨ ᠠᠮᠧᠷᠢᠺᠠ ᠶᠢᠨ ᠬᠤᠯᠪᠣᠭᠳᠠᠯ ᠪᠦᠬᠦᠢ ᠢᠳᠡᠪᠬᠢᠲᠡᠢ ᠣᠪᠣᠷ ᠢ ᠳᠤᠮᠳᠠᠳᠤ ᠤᠯᠤᠰ ᠴᠢᠬᠤᠯᠠᠴᠢᠯᠠᠵᠤ | ᠪᠠᠶᠢᠨ᠎ᠠ᠃ ᠠᠮᠧᠷᠢᠺᠠ ᠶᠢᠨ ᠬᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠦᠯᠦ ᠳᠡᠮᠵᠢᠬᠦ ᠣᠪᠣᠷ ᠢᠶᠠᠨ | ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠲᠠᠶᠢᠸᠠᠨ ᠢ ᠵᠡᠪᠰᠡᠭᠯᠡᠬᠦ ᠪᠠᠨ ᠵᠣᠭᠰᠣᠵᠤ᠂ ᠳᠤᠮᠳᠠᠳᠤ | ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠶᠢ ᠳᠡᠮᠵᠢᠪᠡᠯ ᠵᠣᠬᠢᠨ᠎ᠠ᠃ ᠳᠤᠮᠳᠠᠳᠤ ᠤᠯᠤᠰ ᠡᠴᠦᠰ ᠲᠡᠭᠡᠨ ᠨᠢᠭᠡᠳᠬᠦ | ᠪᠥᠭᠡᠳ ᠵᠠᠶᠢᠯᠠᠰᠢ ᠦᠭᠡᠢ ᠨᠢᠭᠡᠳᠬᠦ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠮᠧᠷᠢᠺᠠ ᠶᠢᠨ ᠬᠢᠨ ᠭᠠᠳᠠᠭᠠᠳᠤ ᠭᠠᠷᠭᠠᠯᠲᠠ ᠶᠢᠨ ᠬᠠᠮᠢᠶᠠᠷᠤᠯᠲᠠ᠂ ᠪᠡᠯᠡ | ᠣᠷᠣᠭᠤᠯᠤᠯᠲᠠ ᠶᠢᠨ ᠬᠢᠨᠠᠨ ᠪᠠᠶᠢᠴᠠᠭᠠᠯᠲᠠ᠂ ᠭᠠᠭᠴᠠ ᠲᠠᠯ᠎ᠠ ᠶᠢᠨ ᠵᠠᠯᠬᠠᠭᠠᠯ ᠤᠨ ᠲᠠᠯ᠎ᠠ ᠪᠠᠷ ᠲᠠᠰᠤᠷᠠᠯᠲᠠ ᠦᠭᠡᠢ | ᠳᠤᠮᠳᠠᠳᠤ ᠤᠯᠤᠰ ᠲᠤ ᠴᠢᠭᠯᠡᠭᠦᠯᠦᠭᠰᠡᠨ ᠠᠷᠭ᠎ᠠ ᠬᠡᠮᠵᠢᠶ᠎ᠡ ᠠᠪᠴᠤ᠂ ᠳᠤᠮᠳᠠᠳᠤ ᠤᠯᠤᠰ ᠤᠨ ᠵᠦᠢ ᠶᠣᠰᠣᠨ ᠤ ᠠᠰᠢᠭ | ᠲᠤᠰᠠ ᠶᠢ ᠬᠦᠨᠳᠦ ᠨᠣᠴᠢᠲᠠᠢ ᠬᠤᠬᠢᠷᠠᠭᠤᠯᠵᠤ ᠪᠠᠶᠢᠨ᠎ᠠ᠃ ᠳᠤᠮᠳᠠᠳᠤ ᠤᠯᠤᠰ ᠤᠨ ᠬᠥᠭᠵᠢᠯᠲᠡ ᠪᠣᠯ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠤᠯᠭᠠᠬᠰᠠᠨ ᠶᠤᠮ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ | ᠠᠯᠪᠠᠳᠠᠨ ᠳᠠᠷᠤᠬᠤ ᠪᠣᠯ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠬᠤᠷᠢᠭᠯᠠᠵᠤ᠂ ᠳᠤᠮᠳᠠᠳᠤ | ᠤᠯᠤᠰ ᠤᠨ ᠠᠷᠠᠳ ᠲᠦᠮᠡᠨ ᠤ ᠬᠥᠭᠵᠢᠯᠲᠡ ᠶᠢᠨ ᠡᠷᠬᠡ ᠶᠢ ᠪᠤᠯᠢᠶᠠᠭᠰᠠᠨ ᠶᠠᠪᠤᠳᠠᠯ ᠪᠣᠯᠣᠨ᠎ᠠ᠃ ᠳᠤᠮᠳᠠᠳᠤ | ᠤᠯᠤᠰ ᠤᠨ ᠬᠥᠭᠵᠢᠯ ᠪᠤᠵᠠᠭᠠᠶᠢᠷᠠᠯ ᠨᠢ ᠳᠣᠲᠣᠭᠠᠳᠤ ᠯᠣᠭᠢᠭ ᠲᠠᠢ ᠪᠠᠶᠢᠵᠤ᠂ ᠭᠠᠳᠠᠭᠠᠳᠤ ᠬᠦᠴᠦᠨ ᠬᠤᠷᠢᠭᠯᠠᠵᠤ | ᠳᠡᠶᠢᠯᠭᠦ ᠦᠭᠡᠢ ᠶᠤᠮ᠃ ᠠᠮᠧᠷᠢᠺᠠ ᠶᠢᠨ ᠬᠢᠨ ᠳᠤᠮᠳᠠᠳᠤ ᠤᠯᠤᠰ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠲᠥᠪ ᠴᠢᠩᠭ᠎ᠠ ᠪᠠᠷ ᠬᠠᠨᠳᠤᠵᠤ᠂ ᠠᠵᠢᠯᠯᠠᠭ᠎ᠠ ᠠᠪᠴᠤ᠂ ᠭᠠᠭᠴᠠ ᠲᠠᠯ᠎ᠠ ᠶᠢᠨ ᠵᠠᠯᠬᠠᠭᠠᠯ ᠢ ᠬᠦᠴᠦᠨ ᠦᠭᠡᠢ ᠪᠤᠯᠭᠠᠵᠤ᠂ | ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ᠂ ᠲᠥᠪ ᠭᠤᠣᠯᠴᠢ᠂ ᠦᠯᠦ ᠭᠠᠳᠠᠭᠤᠷᠴᠢᠯᠠᠬᠤ ᠣᠷᠴᠢᠨ | ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠪᠠᠶᠢᠳᠧᠨ ᠰᠢ ᠶᠢᠨ ᠫᠢᠩ ᠤᠨ ᠤᠷᠢᠯᠭ᠎ᠠ ᠪᠠᠷ ᠠᠮᠧᠷᠢᠺᠠ ᠳᠤ ᠬᠦᠷᠴᠦ ᠠᠮᠧᠷᠢᠺᠠ ᠳᠤᠮᠳᠠᠳᠤ ᠶᠢᠨ ᠲᠡᠷᠢᠭᠦᠨ ᠤ | ᠠᠭᠤᠯᠵᠠᠯᠲᠠ ᠳᠤ ᠣᠷᠤᠯᠴᠠᠬᠤ ᠶᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠪᠠᠶᠢᠳᠧᠨ᠂ ᠨᠢᠳᠤᠨᠤᠨ | ᠪᠢ ᠲᠡᠷᠢᠭᠦᠯᠡᠭᠴᠢ ᠰᠢ ᠶᠢᠨ ᠫᠢᠩ ᠲᠠᠢ ᠪᠠᠯᠢ ᠠᠷᠠᠯ ᠳᠤ ᠴᠢᠬᠤᠯᠠ ᠠᠭᠤᠯᠵᠠᠯᠲᠠ ᠬᠢᠵᠡᠢ᠃ ᠰᠠᠨ ᠹᠷᠠᠨᠰᠢᠰᠺᠤ ᠪᠣᠯ | ᠳᠤᠮᠳᠠᠳᠤᠴᠤᠳ ᠤᠨ ᠬᠠᠮᠤᠭ ᠤᠨ ᠲᠦᠷᠦᠭᠦᠨ ᠳᠤ ᠠᠮᠧᠷᠢᠺᠠ ᠳᠤ ᠬᠦᠷᠬᠦ ᠭᠠᠵᠠᠷ ᠮᠥᠨ᠂ ᠠᠮᠧᠷᠢᠺᠠ ᠳᠤᠮᠳᠠᠳᠤ | ᠬᠠᠮᠲᠤ ᠪᠠᠷ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾ ᠳᠤ ᠭᠠᠷ ᠤᠨ | ᠦᠰᠦᠭ ᠵᠢᠷᠤᠬᠤ ᠳᠤ ᠣᠷᠣᠯᠴᠠᠬᠰᠠᠨ ᠭᠠᠵᠠᠷ ᠮᠥᠨ᠂ ᠮᠥᠨ ᠴᠤ ᠠᠮᠧᠷᠢᠺᠠ ᠳᠤᠮᠳᠠᠳᠤ ᠬᠠᠮᠤᠭ ᠤᠨ ᠡᠷᠲᠡ | ᠨᠥᠭᠦᠷᠰᠡᠭ ᠬᠤᠳᠠ ᠪᠠᠶᠢᠭᠤᠯᠤᠭᠰᠠᠨ ᠭᠠᠵᠠᠷ ᠮᠥᠨ᠃ ᠥᠨᠥᠳᠥᠷ ᠪᠢᠳᠡ ᠰᠠᠨ ᠹᠷᠠᠨᠰᠢᠰᠺᠤ ᠳᠤ ᠳᠠᠬᠢᠨᠲᠠ | ᠨᠢᠭᠤᠷᠲᠠᠨ ᠠᠭᠤᠯᠵᠠᠭᠰᠠᠨ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠂ ᠪᠢ ᠪᠠᠯᠢ ᠠᠷᠠᠯ ᠤᠨ | ᠠᠭᠤᠯᠵᠠᠯᠲᠠ ᠶᠢᠨ ᠰᠠᠭᠤᠷᠢᠨ ᠳᠡᠭᠡᠷ᠎ᠡ ᠰᠢᠨ᠎ᠡ ᠬᠠᠮᠲᠤ ᠶᠢᠨ ᠲᠠᠨᠢᠯᠲᠠ ᠪᠠ ᠦᠷ᠎ᠡ ᠪᠦᠲᠦᠭᠡᠯ ᠣᠯᠬᠤ ᠶᠢ ᠬᠦᠰᠡᠵᠦ | ᠪᠠᠶᠢᠨ᠎ᠠ ᠭᠡᠵᠦ ᠢᠯᠡᠳᠬᠡᠪᠡ᠃ | ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ | ᠲᠠᠯ᠎ᠠ ᠶᠢᠨ ᠬᠠᠷᠢᠯᠴᠠᠭ᠎ᠠ ᠮᠥᠨ᠂ ᠠᠮᠧᠷᠢᠺᠠ ᠳᠤᠮᠳᠠᠳᠤ ᠶᠢᠨ ᠮᠥᠷᠭᠦᠯᠳᠦᠭᠡᠨ ᠨᠢ ᠵᠠᠶᠢᠯᠠᠰᠢ ᠦᠭᠡᠢ ᠪᠢᠰᠢ᠂ ᠨᠢᠭᠡᠨ | ᠲᠣᠭᠲᠠᠭᠤᠨ ᠪᠠ ᠬᠥᠭᠵᠢᠭᠰᠡᠨ ᠳᠤᠮᠳᠠᠳᠤ ᠤᠯᠤᠰ ᠨᠢ ᠠᠮᠧᠷᠢᠺᠠ ᠪᠣᠯᠣᠨ ᠳᠡᠯᠡᠬᠡᠢ ᠶᠢᠨ ᠠᠰᠢᠭ ᠲᠤᠰᠠ ᠳᠤ | ᠨᠡᠶᠢᠴᠡᠨ᠎ᠡ᠂ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠨᠢ ᠠᠮᠧᠷᠢᠺᠠ ᠳᠤ ᠠᠰᠢᠭᠲᠠᠢ ᠪᠥᠭᠡᠳ ᠳᠡᠯᠡᠬᠡᠢ | ᠳ᠋ᠠᠬᠢᠨ ᠳᠤ ᠴᠤ ᠠᠰᠢᠭᠲᠠᠢ ᠭᠡᠵᠦ ᠪᠢ ᠢᠮᠠᠭᠲᠠ ᠦᠵᠡᠭᠰᠡᠭᠡᠷ ᠢᠷᠡᠵᠠᠢ᠃ ᠠᠮᠧᠷᠢᠺᠠ ᠳᠤᠮᠳᠠᠳᠤ ᠶᠢᠨ ᠬᠠᠷᠢᠯᠴᠠᠭ᠎ᠠ | ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠮᠥᠷᠭᠦᠯᠳᠦᠭᠡᠨ ᠢ ᠰᠡᠷᠭᠡᠶᠢᠯᠡᠵᠦ᠂ ᠵᠥᠷᠢᠯᠳᠦᠭᠡᠨ ᠢᠶᠠᠨ ᠬᠠᠮᠢᠶᠠᠷᠤᠨ | ᠡᠵᠡᠮᠳᠡᠬᠦ ᠶᠢᠨ ᠬᠠᠮᠲᠤ ᠬᠤᠶᠠᠷ ᠲᠠᠯ᠎ᠠ ᠶᠢᠨ ᠠᠰᠢᠭ ᠲᠤᠰᠠ ᠳᠤ ᠨᠡᠶᠢᠴᠡᠬᠦ ᠬᠦᠷᠢᠶᠡᠨ ᠳᠤ ᠬᠠᠮᠲᠤᠷᠠᠯᠴᠠᠭ᠎ᠠ | ᠥᠷᠨᠢᠭᠦᠯᠬᠦ ᠨᠢ ᠬᠤᠶᠠᠷ ᠤᠯᠤᠰ ᠤᠨ ᠲᠤᠰ ᠲᠤᠰ ᠤᠨ ᠪᠠ ᠬᠠᠮᠲᠤ ᠪᠠᠷ ᠲᠤᠯᠭᠠᠷᠠᠵᠤ ᠪᠠᠶᠢᠭ᠎ᠠ ᠠᠰᠠᠭᠤᠳᠠᠯ ᠢ ᠨᠡᠩ | ᠰᠠᠶᠢᠲᠤᠷ ᠠᠷᠭᠠᠴᠠᠭᠠᠬᠤ ᠳᠤ ᠠᠰᠢᠭᠲᠠᠢ ᠶᠤᠮ᠃ ᠪᠢ ᠳᠤᠷᠠᠲᠠᠶ᠎ᠠ ᠪᠠᠯᠢ ᠠᠷᠠᠯ ᠤᠨ ᠠᠭᠤᠯᠵᠠᠯᠲᠠ ᠳᠤ ᠬᠢᠭᠰᠡᠨ ᠲᠠᠪᠤᠨ | ᠠᠮᠠᠯᠠᠯᠲᠠ ᠶᠢ ᠳᠠᠪᠲᠠᠨ ᠢᠯᠡᠷᠬᠡᠶᠢᠯᠡᠶ᠎ᠡ᠂ ᠲᠤᠬᠠᠶᠢᠯᠠᠪᠠᠯ᠄ ᠠᠮᠧᠷᠢᠺᠠ ᠰᠢᠨ᠎ᠡ ᠬᠦᠢᠲᠡᠨ ᠲᠠᠶᠢᠨ ᠢ ᠡᠷᠢᠯᠬᠢᠯᠡᠬᠦ ᠦᠭᠡᠢ᠂ | ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠶᠢ ᠡᠷᠢᠯᠬᠢᠯᠡᠬᠦ ᠦᠭᠡᠢ᠂ ᠬᠤᠯᠪᠣᠭᠠᠨ ᠤ ᠬᠠᠷᠢᠯᠴᠠᠭ᠎ᠠ ᠪᠠᠨ | ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠦᠭᠡᠢ᠂ ︽ᠲᠠᠶᠢᠸᠠᠨ ᠤ ᠲᠤᠰᠠᠭᠠᠷ | ᠲᠣᠭᠲᠠᠨᠢᠬᠤ︾ ᠶᠢ ᠳᠡᠮᠵᠢᠬᠦ ᠦᠭᠡᠢ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠬᠦ ᠪᠤᠳᠤᠯ ᠦᠭᠡᠢ᠃ ᠠᠮᠧᠷᠢᠺᠠ | ᠳᠤᠮᠳᠠᠳᠤ ᠶᠢᠨ ᠠᠵᠤ ᠠᠬᠤᠢ ᠬᠠᠷᠢᠯᠴᠠᠨ ᠲᠦᠰᠢᠭᠯᠡᠯᠴᠡᠨᠡ᠂ ᠠᠮᠧᠷᠢᠺᠠ ᠳᠤᠮᠳᠠᠳᠤ ᠤᠯᠤᠰ ᠤᠨ ᠬᠥᠭᠵᠢᠯᠲᠡ | ᠴᠢᠨᠡᠭᠡᠯᠢᠭᠵᠢᠯ ᠢ ᠣᠯᠵᠤ ᠬᠠᠷᠠᠬᠤ ᠳᠤᠷᠠᠲᠠᠢ᠂ ᠳᠤᠮᠳᠠᠳᠤ ᠤᠯᠤᠰ ᠤᠨ ᠬᠥᠭᠵᠢᠯᠲᠡ ᠶᠢ ᠳᠠᠷᠤᠯᠲᠠ ᠦᠵᠡᠭᠦᠯᠵᠦ | ᠬᠤᠷᠢᠭᠯᠠᠬᠤ ᠶᠢ ᠡᠷᠢᠯᠬᠢᠯᠡᠬᠦ ᠦᠭᠡᠢ᠂ ᠳᠤᠮᠳᠠᠳᠤ ᠤᠯᠤᠰ ᠲᠠᠢ ᠬᠠᠷᠢᠯᠴᠠᠭ᠎ᠠ ᠪᠠᠨ ᠲᠠᠰᠤᠯᠬᠤ ᠶᠢ ᠡᠷᠢᠯᠬᠢᠯᠡᠬᠦ | ᠦᠭᠡᠢ᠃ ᠠᠮᠧᠷᠢᠺᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ | ᠬᠢᠴᠢᠶᠡᠩᠭᠦ᠋ᠢᠯᠡᠨ ᠵᠢᠷᠤᠮᠯᠠᠵᠤ᠂ ᠬᠤᠶᠠᠷ ᠲᠠᠯ᠎ᠠ ᠶᠢᠨ ᠡᠯ᠎ᠡ ᠰᠠᠯᠠᠭ᠎ᠠ ᠮᠥᠴᠢᠷ ᠡᠯ᠎ᠡ ᠲᠡᠰ ᠳᠠᠪᠬᠤᠷᠭ᠎ᠠ ᠶᠢᠨ ᠶᠠᠷᠢᠯᠴᠠᠭ᠎ᠠ | ᠥᠷᠨᠢᠭᠦᠯᠬᠦ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠯᠤᠭ᠎ᠠ ᠨᠡᠭᠡᠭᠡᠯᠲᠡᠲᠤ ᠦᠨᠡᠨᠴᠢ ᠣᠯᠣᠯᠴᠠᠭ᠎ᠠ ᠪᠠᠨ | ᠳᠤᠷᠠᠲᠠᠶ᠎ᠠ ᠦᠷᠭᠦᠯᠵᠢᠯᠡᠨ ᠪᠠᠲᠤᠯᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠠᠳᠡᠭᠦᠷᠡᠯ ᠠᠴᠠ ᠵᠠᠶᠢᠯᠠᠰᠬᠢᠵᠦ᠂ | ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠨ᠎ᠡ᠃ ᠠᠮᠧᠷᠢᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ | ᠠᠬᠤᠢ ᠠᠷᠠᠯᠵᠢᠶᠠᠨ ᠤ ᠬᠠᠷᠢᠯᠴᠠᠭ᠎ᠠ ᠪᠠᠨ ᠦᠷᠭᠦᠯᠵᠢᠯᠡᠨ ᠬᠥᠭᠵᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ᠂ | ᠬᠤᠣᠷ ᠴᠠᠭᠠᠵᠠᠯᠠᠬᠤ᠂ ᠵᠣᠬᠢᠶᠠᠮᠠᠯ ᠤᠶᠤᠨ ᠵᠡᠷᠭᠡ ᠴᠢᠬᠤᠯᠠ ᠬᠦᠷᠢᠶᠡᠨ ᠳᠤ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠤᠶᠠᠷ ᠤᠯᠤᠰ ᠤᠨ ᠰᠢᠭᠤᠳ ᠬᠦᠷᠬᠦ ᠡᠭᠡᠯᠵᠢ ᠶᠢᠨ ᠨᠢᠰᠬᠡᠯ ᠢᠶᠠᠨ ᠨᠡᠮᠡᠭᠳᠡᠭᠦᠯᠵᠦ᠂ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠣᠯᠢᠯᠴᠠᠭ᠎ᠠ ᠪᠣᠯᠣᠨ ᠬᠥᠮᠥᠰ ᠤᠨ ᠶᠠᠪᠤᠯᠴᠠᠭ᠎ᠠ ᠪᠠᠨ ᠥᠷᠭᠡᠳᠬᠡᠬᠦ ᠶᠢ ᠣᠯᠵᠤ | ᠬᠠᠷᠠᠬᠤ ᠳᠤᠷᠠᠲᠠᠢ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠤᠨ ᠬᠢᠨ ᠪᠠᠯᠢ ᠠᠷᠠᠯ ᠤᠨ ᠠᠭᠤᠯᠵᠠᠯᠲᠠ | ᠬᠢᠭᠰᠡᠨ ᠠᠴᠠ ᠨᠠᠭᠠᠰᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠵᠢᠯᠤᠭᠤᠳᠬᠤ ᠵᠠᠷᠴᠢᠮ ᠢ ᠶᠠᠷᠢᠯᠴᠠᠨ | ᠲᠣᠭᠲᠠᠭᠠᠭᠰᠠᠨ ᠴᠢᠷᠮᠠᠶᠢᠯᠭ᠎ᠠ ᠶᠢ ᠮᠡᠳᠡᠷᠡᠵᠦ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ | ᠣᠯᠣᠯᠴᠠᠭ᠎ᠠ ᠪᠠᠨ ᠪᠠᠲᠤᠯᠠᠵᠤ᠂ ᠮᠥᠷᠭᠦᠯᠳᠦᠭᠡᠨ ᠢ ᠰᠡᠷᠭᠡᠶᠢᠯᠡᠵᠦ᠂ ︽ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠦᠨᠳᠦᠰᠦᠨ ᠳᠦᠷᠢᠮ︾ ᠢ ᠬᠢᠴᠢᠶᠡᠩᠭᠦ᠋ᠢᠯᠡᠨ ᠵᠢᠷᠤᠮᠯᠠᠵᠤ᠂ ᠬᠠᠮᠲᠤ ᠶᠢᠨ ᠠᠰᠢᠭ ᠲᠤᠰᠠ ᠪᠦᠬᠦᠢ | ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠲᠠᠯ᠎ᠠ ᠶᠢᠨ ᠬᠠᠷᠢᠯᠴᠠᠭ᠎ᠠ ᠳᠠᠬᠢ ᠥᠷᠢᠰᠦᠯᠳᠦᠭᠡᠨ ᠤ | ᠡᠯᠧᠮᠧᠨ᠋ᠲ ᠢ ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠨ᠎ᠡ ᠭᠡᠵᠦ ᠴᠢᠬᠤᠯᠠᠴᠢᠯᠠᠪᠠ᠃ ᠬᠤᠶᠠᠷ ᠤᠯᠤᠰ ᠤᠨ | ᠲᠡᠷᠢᠭᠦᠨ ᠬᠤᠶᠠᠷ ᠲᠠᠯ᠎ᠠ ᠶᠢᠨ ᠪᠦᠯᠭᠦᠮ ᠦᠷᠭᠦᠯᠵᠢᠯᠡᠨ ᠡᠭᠦᠨ ᠤ ᠲᠤᠬᠠᠢ ᠶᠠᠷᠢᠯᠴᠠᠬᠤ ᠶᠢ ᠪᠠᠶᠠᠷᠯᠠᠨ ᠤᠭᠲᠤᠪᠠ᠃ | ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠡᠯ᠎ᠡ ᠬᠦᠷᠢᠶᠡᠨ ᠳᠠᠬᠢ ᠶᠠᠷᠢᠯᠴᠠᠭ᠎ᠠ | ᠬᠠᠮᠲᠤᠷᠠᠯᠴᠠᠭ᠎ᠠ ᠶᠢ ᠠᠬᠢᠭᠤᠯᠬᠤ ᠪᠠ ᠴᠢᠩᠭᠠᠳᠬᠠᠬᠤ ᠶᠢ ᠵᠥᠪᠰᠢᠶᠡᠷᠡᠪᠡ᠂ ᠡᠭᠦᠨ ᠳᠤ᠄ ᠵᠣᠬᠢᠶᠠᠮᠠᠯ ᠤᠶᠤᠨ ᠤ | ᠵᠠᠰᠠᠭ ᠤᠨ ᠣᠷᠳᠣᠨ ᠤ ᠬᠤᠭᠤᠷᠣᠨᠳᠣᠭᠢ ᠶᠠᠷᠢᠯᠴᠠᠭ᠎ᠠ ᠶᠢ ᠪᠠᠶᠢᠭᠤᠯᠤᠨ᠎ᠠ︔ ᠳᠤᠮᠳᠠᠳᠤ ᠠᠮᠧᠷᠢᠺᠠ ᠶᠢᠨ ᠬᠤᠣᠷ | ᠴᠠᠭᠠᠵᠠᠯᠠᠬᠤ ᠬᠠᠮᠲᠤᠷᠠᠯᠴᠠᠭᠠᠨ ᠤ ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠬᠤᠣᠷ ᠴᠠᠭᠠᠵᠠᠯᠠᠬᠤ | ᠬᠠᠮᠲᠤᠷᠠᠯᠴᠠᠭ᠎ᠠ ᠶᠢ ᠥᠷᠨᠢᠭᠦᠯᠦᠨ᠎ᠡ︔ ᠡᠷᠬᠡ ᠲᠡᠭᠰᠢ ᠪᠠ ᠬᠦᠨᠳᠦᠳᠬᠡᠯ ᠤᠨ ᠰᠠᠭᠤᠷᠢᠨ ᠳᠡᠭᠡᠷ᠎ᠡ ᠬᠤᠶᠠᠷ ᠤᠯᠤᠰ ᠤᠨ | ᠴᠡᠷᠢᠭ ᠤᠨ ᠳᠡᠭᠡᠳᠦ ᠳᠠᠪᠬᠤᠷᠭ᠎ᠠ ᠶᠢᠨ ᠨᠡᠪᠲᠡᠷᠡᠯᠴᠡᠭᠡ᠂ ᠳᠤᠮᠳᠠᠳᠤ ᠠᠮᠧᠷᠢᠺᠠ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠶᠠᠮᠤᠨ ᠤ ᠠᠵᠢᠯ ᠤᠨ ᠠᠭᠤᠯᠵᠠᠯᠲᠠ᠂ ᠳᠤᠮᠳᠠᠳᠤ ᠠᠮᠧᠷᠢᠺᠠ ᠶᠢᠨ ᠲᠠᠯᠠᠢ ᠳᠡᠭᠡᠷᠡᠬᠢ ᠴᠡᠷᠢᠭ ᠤᠨ | ᠶᠠᠪᠤᠳᠠᠯ ᠤᠨ ᠠᠮᠤᠷ ᠲᠦᠪᠰᠢᠨ ᠤ ᠵᠥᠪᠳᠡᠯᠴᠡᠭᠡ ᠶᠢᠨ ᠲᠣᠭᠲᠠᠴᠠ ᠶᠢᠨ ᠬᠤᠷᠠᠯ ᠢ ᠰᠡᠷᠭᠦᠭᠡᠵᠦ᠂ ᠳᠤᠮᠳᠠᠳᠤ | ᠠᠮᠧᠷᠢᠺᠠ ᠬᠤᠶᠠᠷ ᠤᠯᠤᠰ ᠤᠨ ᠴᠡᠷᠢᠭ ᠠᠩᠭᠢ ᠶᠢᠨ ᠪᠠᠶᠢᠯᠳᠤᠭᠠᠨ ᠤ ᠲᠣᠭᠤᠷᠢᠭ ᠤᠨ ᠤᠳᠤᠷᠢᠳᠤᠯᠭ᠎ᠠ ᠶᠢᠨ | ᠶᠠᠷᠢᠯᠴᠠᠭ᠎ᠠ ᠥᠷᠨᠢᠭᠦᠯᠦᠨ᠎ᠡ︔ ᠢᠷᠡᠬᠦ ᠵᠢᠯ ᠤᠨ ᠡᠬᠢᠨ ᠢᠶᠠᠷ ᠵᠢᠰᠢᠶᠠᠨ ᠤ ᠨᠢᠰᠬᠡᠯ ᠢ ᠴᠢᠨᠠᠭᠰᠢᠳᠠ ᠶᠡᠭᠡ ᠬᠡᠮᠵᠢᠶ᠎ᠡ ᠪᠠᠷ | ᠨᠡᠮᠡᠭᠳᠡᠭᠦᠯᠬᠦ ᠶᠢ ᠵᠥᠪᠰᠢᠶᠡᠷᠡᠨ᠎ᠡ︔ ᠰᠤᠷᠭᠠᠨ ᠬᠥᠮᠦᠵᠢᠯ᠂ ᠭᠠᠳᠠᠭᠠᠳᠤ ᠳᠤ ᠰᠤᠷᠤᠯᠴᠠᠬᠤ ᠰᠤᠷᠤᠬᠴᠢ᠂ ᠵᠠᠯᠠᠭᠤᠴᠤᠳ᠂ | ᠰᠣᠶᠣᠯ ᠪᠣᠯᠪᠠᠰᠤᠷᠠᠯ᠂ ᠪᠡᠶ᠎ᠡ ᠶᠢᠨ ᠲᠠᠮᠢᠷ ᠪᠠ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠰᠣᠯᠢᠯᠴᠠᠭ᠎ᠠ ᠶᠢ | ᠥᠷᠭᠡᠳᠬᠡᠬᠦ ᠵᠡᠷᠭᠡ ᠶᠢ ᠪᠠᠭᠲᠠᠭᠠᠪᠠ᠃ | ᠬᠤᠶᠠᠷ ᠤᠯᠤᠰ ᠤᠨ ᠲᠡᠷᠢᠭᠦᠨ ᠣᠳᠣᠬᠠᠨ ᠤ ᠵᠠᠩᠭᠢᠯᠠᠭ᠎ᠠ ᠶᠢᠨ ᠠᠷᠪᠠᠨ ᠵᠢᠯ ᠳᠤ ᠳᠤᠮᠳᠠᠳᠤ ᠠᠮᠧᠷᠢᠺᠠ ᠠᠭᠤᠷ | ᠠᠮᠢᠰᠬᠤᠯ ᠤᠨ ᠬᠢᠮᠤᠷᠠᠯ ᠢ ᠠᠷᠭᠠᠴᠠᠭᠠᠬᠤ ᠶᠢ ᠲᠦᠷᠭᠡᠳᠬᠡᠬᠦ ᠪᠠᠷ ᠴᠢᠷᠮᠠᠶᠢᠬᠤ ᠶᠢᠨ ᠴᠢᠬᠤᠯᠠ ᠴᠢᠨᠠᠷ ᠢ | ᠴᠢᠬᠤᠯᠠᠴᠢᠯᠠᠵᠤ᠂ ᠬᠤᠶᠠᠷ ᠤᠯᠤᠰ ᠤᠨ ᠠᠭᠤᠷ ᠠᠮᠢᠰᠬᠤᠯ ᠤᠨ ᠣᠨᠴᠠ ᠡᠯᠴᠢ ᠶᠢᠨ ᠣᠶᠢᠷ᠎ᠠ ᠶᠢᠨ ᠬᠤᠭᠤᠴᠠᠭᠠᠨ ᠳᠤ | ᠥᠷᠨᠢᠭᠦᠯᠦᠭᠰᠡᠨ ᠢᠳᠡᠪᠬᠢᠲᠡᠢ ᠶᠠᠷᠢᠯᠴᠠᠭ᠎ᠠ ᠶᠢ ᠪᠠᠶᠠᠷᠯᠠᠨ ᠤᠭᠲᠤᠪᠠ᠂ ᠡᠭᠦᠨ ᠳᠤ᠄ 2020 ᠣᠨ ᠤ ᠦᠶ᠎ᠡ ᠶᠢᠨ | ᠤᠯᠤᠰ ᠤᠨ ᠳᠣᠲᠣᠭᠠᠳᠤ ᠶᠢᠨ ᠪᠣᠬᠢᠷᠳᠤᠯ ᠢ ᠪᠠᠭᠠᠰᠬᠠᠬᠤ ᠠᠵᠢᠯᠯᠠᠭ᠎ᠠ᠂ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠳ᠋ᠦᠪᠠᠢ ᠶᠢᠨ ᠶᠡᠭᠡ ᠬᠤᠷᠠᠯ ︵COP 28︶ ᠤᠨ | ᠠᠮᠵᠢᠯᠲᠠ ᠣᠯᠬᠤ ᠶᠢ ᠬᠠᠮᠲᠤ ᠪᠠᠷ ᠠᠬᠢᠭᠤᠯᠵᠤ᠂ ᠳᠤᠮᠳᠠᠳᠤ ᠠᠮᠧᠷᠢᠺᠠ ᠶᠢᠨ ︽21 ᠳ᠋ᠦ᠋ᠭᠡᠷ ᠵᠠᠭᠤᠨ ᠤ ᠬᠤᠷᠢᠭᠠᠳ | ᠣᠨ ᠤ ᠠᠭᠤᠷ ᠠᠮᠢᠰᠬᠤᠯ ᠤᠨ ᠠᠵᠢᠯᠯᠠᠭ᠎ᠠ ᠶᠢ ᠴᠢᠩᠭᠠᠳᠬᠠᠬᠤ ᠠᠵᠢᠯ ᠤᠨ ᠳᠤᠭᠤᠶᠢᠯᠠᠩ︾ ᠢ ᠡᠬᠢᠯᠡᠭᠦᠯᠬᠦ ᠪᠠᠷ | ᠠᠭᠤᠷ ᠠᠮᠢᠰᠬᠤᠯ ᠤᠨ ᠪᠣᠳᠠᠲᠠᠢ ᠠᠵᠢᠯᠯᠠᠭ᠎ᠠ ᠶᠢ ᠲᠦᠷᠭᠡᠳᠬᠡᠬᠦ ᠵᠡᠷᠭᠡ ᠶᠢ ᠪᠠᠭᠲᠠᠭᠠᠪᠠ᠃ | ᠬᠡᠯᠡᠯᠴᠡᠭᠡ ᠶᠢᠨ ᠲᠠᠷᠠᠭ᠎ᠠ᠂ ᠪᠠᠶᠢᠳᠧᠨ ᠰᠢ ᠶᠢᠨ ᠫᠢᠩ ᠢ ᠤᠭᠲᠤᠬᠤ ᠦᠳᠡ ᠶᠢᠨ ᠳᠠᠶᠢᠯᠠᠯᠭ᠎ᠠ ᠬᠢᠪᠡ᠃ ᠬᠤᠶᠠᠷ | ᠤᠯᠤᠰ ᠤᠨ ᠲᠡᠷᠢᠭᠦᠨ ᠬᠠᠮᠲᠤ ᠪᠠᠷ ᠠᠩᠬᠠᠷᠴᠤ ᠪᠠᠶᠢᠭ᠎ᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ | ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ | ᠪᠠᠶᠢᠳᠧᠨ ᠪᠠᠰᠠ ᠰᠢ ᠶᠢᠨ ᠫᠢᠩ ᠢ ᠤᠷᠢᠵᠤ ᠹᠸᠢᠢᠯᠤᠷᠢ ᠡᠳ᠋ᠯᠡᠩ ᠳᠤ ᠰᠡᠯᠡᠭᠦᠴᠡᠨ ᠠᠯᠬᠤᠭᠰᠠᠨ ᠪᠥᠭᠡᠳ | ᠲᠡᠷᠭᠡᠨ ᠳᠤ ᠭᠠᠷᠬᠤ ᠭᠠᠵᠠᠷ ᠲᠤ ᠰᠢ ᠶᠢᠨ ᠫᠢᠩ ᠢ ᠪᠡᠶ᠎ᠡ ᠪᠠᠷ ᠢᠶᠠᠨ ᠬᠦᠷᠭᠡᠵᠦ ᠰᠠᠯᠬᠤ ᠶᠣᠰᠣ ᠭᠦᠢᠴᠡᠳᠬᠡᠪᠡ᠃ | ᠡᠨᠡ ᠤᠳᠠᠭᠠᠨ ᠤ ᠠᠭᠤᠯᠵᠠᠯᠲᠠ ᠨᠢ ᠢᠳᠡᠪᠬᠢᠲᠡᠢ᠂ ᠪᠦᠭᠦ ᠲᠠᠯ᠎ᠠ ᠶᠢᠨ᠂ ᠪᠦᠲᠦᠭᠡᠯᠴᠢ ᠴᠢᠨᠠᠷᠲᠠᠢ ᠪᠠᠶᠢᠵᠤ᠂ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠠᠶᠢᠵᠢᠷᠠᠭᠤᠯᠤᠨ ᠬᠥᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ | ᠥᠭᠭᠦᠭᠰᠡᠨ ᠪᠠᠶᠢᠨ᠎ᠠ᠃ ᠰᠠᠨ ᠹᠷᠠᠨᠰᠢᠰᠺᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠲᠣᠭᠲᠠᠭᠤᠨ ᠪᠠᠶᠢᠯᠭᠠᠬᠤ | ᠰᠢᠨ᠎ᠡ ᠡᠭᠢᠯᠡᠯᠲᠡ ᠪᠤᠯᠬᠤ ᠶᠣᠰᠣᠲᠠᠢ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠦᠯᠭᠦᠮ ᠤᠨ ᠬᠢᠨ ᠢ | ᠪᠠᠯᠢ ᠠᠷᠠᠯ ᠤᠨ ᠠᠭᠤᠯᠵᠠᠯᠲᠠ ᠶᠢᠨ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ | ᠳᠡᠭᠡᠷ᠎ᠡ᠂ ᠲᠤᠰ ᠤᠳᠠᠭ᠎ᠠ ᠶᠢᠨ ᠠᠭᠤᠯᠵᠠᠯᠲᠠ ᠳᠤ ᠲᠣᠬᠢᠷᠠᠯᠴᠠᠭᠰᠠᠨ ᠰᠢᠨ᠎ᠡ ᠠᠯᠤᠰ ᠤᠨ ᠲᠥᠯᠥᠪ ᠢ ᠴᠠᠭ | ᠲᠤᠬᠠᠢ ᠳᠤᠨᠢ ᠳᠠᠭᠠᠵᠤ ᠨᠠᠶᠢᠳᠠᠪᠤᠷᠢᠵᠢᠭᠤᠯᠬᠤ ᠶᠢ ᠳᠠᠭᠠᠭᠠᠯᠭᠠᠪᠠ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ | ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠪᠡ᠃ | ᠼᠠᠢ ᠴᠢ᠂ ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |