ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠥᠨᠥᠳᠦᠷ ᠠᠴᠠ ᠡᠬᠢᠯᠡᠵᠦ ᠪᠠᠶᠢᠴᠠᠭᠠᠨ ᠯᠠᠪᠯᠠᠵᠤ ᠪᠣᠯᠤᠨ᠎ᠠ
ᠨᠡᠶᠢᠲᠡᠯᠡᠭᠰᠡᠨ ᠴᠠᠭ᠄
2023/11/21
      ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠵᠢᠴᠢ ᠳᠠᠬᠢᠨ ᠬᠢᠨᠠᠬᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠪᠡ᠄      ᠨᠢᠭᠡ᠂ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ      2023 ᠣᠨ ᠤ 11 ᠰᠠᠷ᠎ᠠ ᠶᠢᠨ 21 ᠤ ᠡᠳᠦᠷ ᠤᠨ 9 ᠴᠠᠭ ᠠᠴᠠ ᠡᠬᠢᠯᠡᠨ᠂ ᠰᠢᠯᠭᠠᠭᠤᠯᠤᠭᠴᠢ 2023 ᠣᠨ ᠤ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠵᠤ ᠪᠣᠯᠤᠨ᠎ᠠ᠃ ᠪᠠᠶᠢᠴᠠᠭᠠᠨ ᠯᠠᠪᠯᠠᠬᠤ ᠠᠷᠭ᠎ᠠ ᠮᠠᠶ᠋ᠢᠭ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠰᠢᠯᠭᠠᠭᠤᠯᠤᠭᠴᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ︵ᠰᠦᠯᠵᠢᠶᠡᠨ ᠬᠠᠶ᠋ᠢᠭ᠄ https://www4.nm.zsks.cn/BaseStudent/︶ ᠲᠤ ᠣᠷᠣᠵᠤ᠂ ︽ᠰᠢᠯᠭᠠᠭᠤᠯᠤᠭᠴᠢ ᠶᠢᠨ ᠦᠢᠯᠡᠴᠢᠯᠡᠭᠡᠨ ᠤ ᠲᠢᠩᠬᠢᠮ︾ ᠳᠠᠬᠢ ︽ᠬᠢᠷᠢ ᠪᠦᠲᠦᠮᠵᠢ / ᠰᠤᠷᠤᠭᠴᠢ ᠡᠯᠰᠡᠬᠦ ᠶᠢ ᠪᠠᠶᠢᠴᠠᠭᠠᠨ ᠯᠠᠪᠯᠠᠬᠤ︾ ᠬᠡᠰᠡᠭ ᠲᠤ ᠰᠣᠩᠭᠤᠬᠤ ᠶᠢᠨ ᠬᠠᠮᠲᠤ ︽ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ︾ ᠬᠡᠰᠡᠭ ᠲᠤ ᠣᠷᠣᠵᠤ᠂ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠵᠤ ᠪᠣᠯᠤᠨ᠎ᠠ᠃      ᠬᠤᠶᠠᠷ᠂ ᠬᠢᠷᠢ ᠪᠦᠲᠦᠮᠵᠢ ᠶᠢ ᠳᠠᠬᠢᠨ ᠬᠢᠨᠠᠬᠤ      ᠰᠢᠯᠭᠠᠭᠤᠯᠤᠭᠴᠢ ᠬᠢᠷᠢ ᠪᠦᠲᠦᠮᠵᠢ ᠳᠤ ᠪᠠᠨ ᠮᠠᠳᠠᠭ ᠲᠠᠢ ᠪᠣᠯ᠂ 2023 ᠣᠨ ᠤ 11 ᠰᠠᠷ᠎ᠠ ᠶᠢᠨ 21 ᠤ ᠡᠳᠦᠷ ᠤᠨ 9 ᠴᠠᠭ ᠠᠴᠠ 23 ᠤ ᠡᠳᠦᠷ ᠤᠨ 17 ᠴᠠᠭ ᠪᠣᠯᠲᠠᠯᠠᠬᠢ ᠬᠤᠭᠤᠴᠠᠭᠠᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠰᠢᠯᠭᠠᠭᠤᠯᠤᠭᠴᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ︵ᠰᠦᠯᠵᠢᠶᠡᠨ ᠤ ᠬᠠᠶ᠋ᠢᠭ᠄ https://www4.nm.zsks.cn/BaseStudent/︶ ᠳᠤ ᠣᠷᠣᠵᠤ᠂ ︽ᠰᠢᠯᠭᠠᠭᠤᠯᠤᠭᠴᠢ ᠶᠢᠨ ᠦᠢᠯᠡᠴᠢᠯᠡᠭᠡᠨ ᠤ ᠲᠢᠩᠬᠢᠮ︾ ᠳᠠᠬᠢ ︽ᠭᠤᠶᠤᠴᠢᠯᠠᠨ ᠭᠦᠢᠴᠡᠳᠭᠡᠬᠦ︾ ᠭᠡᠰᠡᠭ ᠲᠤ ᠣᠷᠣᠵᠤ᠂ ︽ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠬᠢᠨᠠᠬᠤ ᠶᠢ ᠭᠤᠶᠤᠴᠢᠯᠠᠬᠤ︾ ᠬᠡᠰᠡᠭ ᠢ ᠰᠣᠩᠭᠤᠵᠤ᠂ ᠬᠢᠷᠢ ᠪᠦᠲᠦᠮᠵᠢ ᠶᠢ ᠳᠠᠬᠢᠨ ᠬᠢᠨᠠᠬᠤ ᠶᠢ ᠭᠤᠶᠤᠴᠢᠯᠠᠨ᠂ ᠬᠤᠭᠤᠴᠠᠭ᠎ᠠ ᠬᠡᠲᠦᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃ ᠡᠨᠡ ᠬᠦ ᠬᠤᠭᠤᠴᠠᠭ᠎ᠠ ᠳᠠᠭᠤᠰᠤᠭᠰᠠᠨ ᠤ ᠳᠠᠷᠠᠭᠠᠬᠢ 3 ᠠᠵᠢᠯ ᠤᠨ ᠡᠳᠦᠷ ᠤᠨ ᠳᠣᠲᠣᠷ᠎ᠠ ᠬᠢᠷᠢ ᠪᠦᠲᠦᠮᠵᠢ ᠶᠢ ᠳᠠᠬᠢᠨ ᠬᠢᠨᠠᠭᠰᠠᠨ ᠬᠠᠭᠤᠳᠠᠰᠤ ᠪᠠᠷ ᠳᠠᠬᠢᠨ ᠬᠢᠨᠠᠭᠰᠠᠨ ᠦᠷ᠎ᠡ ᠳ᠋ᠦᠩ ᠢ ᠬᠠᠷᠢᠭᠤ ᠲᠤᠰᠬᠠᠨ᠎ᠠ᠂ ᠰᠢᠯᠭᠠᠭᠰᠠᠳ ᠴᠠᠭ ᠲᠤᠬᠠᠢ ᠳᠤ ᠨᠢ ᠪᠠᠶᠢᠴᠠᠭᠠᠨ ᠯᠠᠪᠯᠠᠭᠠᠷᠠᠢ᠃      ᠬᠢᠷᠢ ᠪᠦᠲᠦᠮᠵᠢ ᠶᠢ ᠳᠠᠬᠢᠨ ᠬᠢᠨᠠᠭᠤᠯᠬᠤ ᠪᠠᠷ ᠭᠤᠶᠤᠴᠢᠯᠠᠬᠤ ᠦᠶ᠎ᠡ ᠳᠤ᠂ ᠠᠳᠠᠯᠢ ᠨᠢᠭᠡᠨ ᠲᠥᠷᠥᠯ ᠢ ᠵᠥᠪᠬᠡᠨ ᠨᠢᠭᠡ ᠯᠡ ᠤᠳᠠᠭ᠎ᠠ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠂ ᠳᠠᠬᠢᠨ ᠬᠢᠨᠠᠭᠤᠯᠬᠤ ᠠᠭᠤᠯᠭ᠎ᠠ  ᠳᠠᠬᠢ ᠬᠠᠷᠠᠭᠠᠯᠵᠠᠭᠰᠠᠨ ᠰᠡᠳᠦᠪ ᠬᠠᠷᠢᠭᠤᠯᠬᠤ ᠺᠠᠷᠲ ᠤᠨ ᠵᠢᠷᠤᠭ ᠨᠢ ᠭᠤᠶᠤᠴᠢᠯᠠᠭᠴᠢ ᠶᠢᠨ ᠬᠠᠷᠢᠭᠤᠯᠤᠭᠰᠠᠨ ᠰᠢᠯᠭᠠᠯᠲᠠ ᠶᠢᠨ ᠰᠢᠷᠪᠢᠯᠲᠡ ᠶᠢᠨ ᠵᠢᠷᠤᠭ ᠪᠠᠶᠢᠬᠤ ᠡᠰᠡᠬᠦ᠂ ᠣᠷᠬᠢᠭᠳᠠᠭᠤᠯᠤᠭᠰᠠᠨ ᠦᠵᠡᠭᠳᠡᠯ ᠪᠠᠶᠢᠬᠤ ᠡᠰᠡᠬᠦ᠂ ᠨᠡᠶᠢᠯᠡᠮᠡᠯ ᠬᠤᠪᠢ ᠪᠠᠶᠢᠬᠤ ᠡᠰᠡᠬᠦ᠂ ᠬᠢᠴᠢᠶᠡᠯ ᠲᠥᠷᠥᠯ ᠤᠨ ᠶᠡᠷᠦᠩᠬᠡᠢ ᠬᠤᠪᠢ ᠨᠢ ᠭᠤᠶᠤᠴᠢᠯᠠᠭᠴᠢ ᠶᠢᠨ ᠨᠡᠶᠢᠲᠡᠯᠡᠭᠰᠡᠨ ᠬᠢᠷᠢ ᠪᠦᠲᠦᠮᠵᠢ ᠯᠦᠭᠡ ᠨᠢᠭᠡᠳᠦᠯᠲᠡᠢ ᠪᠠᠶᠢᠬᠤ ᠡᠰᠡᠬᠦ ᠶᠢ ᠪᠠᠭᠲᠠᠭᠠᠨ᠎ᠠ᠃ ᠬᠤᠪᠢ ᠳᠣᠭᠲᠠᠭᠠᠬᠤ ᠠᠭᠤᠳᠠᠮᠴᠢ ᠴᠢᠩᠭ᠎ᠠ ᠪᠠᠶᠢᠵᠤ ᠳᠠᠬᠢᠨ ᠬᠢᠨᠠᠬᠤ ᠬᠡᠪᠴᠢᠶᠡᠨ ᠳᠤ ᠬᠠᠷᠢᠶᠠᠯᠠᠭᠳᠠᠬᠤ ᠦᠭᠡᠢ᠂ ᠰᠢᠯᠭᠠᠭᠤᠯᠤᠭᠰᠠᠳ ᠤᠨ ᠬᠢᠷᠢ ᠪᠦᠲᠦᠮᠵᠢ ᠶᠢ ᠳᠠᠬᠢᠨ ᠬᠢᠨᠠᠭᠰᠠᠨ ᠤ ᠳᠠᠷᠠᠭ᠎ᠠ᠂ ᠴᠥᠮ ᠳᠠᠬᠢᠨ ᠬᠢᠨᠠᠭᠰᠠᠨ ᠤ ᠳᠠᠷᠠᠭᠠᠬᠢ ᠬᠤᠪᠢ ᠪᠠᠷ ᠪᠠᠷᠢᠮᠵᠢᠶ᠎ᠠ ᠪᠣᠯᠭᠠᠨ᠎ᠠ᠃      2023 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠬᠠᠮᠤᠭ ᠤᠨ ᠳᠣᠣᠷ᠎ᠠ ᠬᠢᠵᠠᠭᠠᠷ ᠬᠤᠪᠢ ᠶᠢ ᠶᠠᠭ ᠲᠣᠭᠲᠠᠭᠠᠵᠤ ᠪᠠᠶᠢᠨ᠎ᠠ᠂ ᠰᠢᠯᠭᠠᠭᠤᠯᠤᠭᠴᠢ ᠠᠯᠪᠠᠨ ᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ︾ ᠪᠠ ᠠᠯᠪᠠᠨ ᠤ ᠰᠦᠯᠵᠢᠶ᠎ᠡ ᠶᠢᠨ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠶᠢ ᠴᠠᠭ ᠲᠤᠬᠠᠢ ᠳᠤ ᠨᠢ ᠠᠩᠬᠠᠷᠬᠤ ᠶᠢ ᠬᠦᠰᠡᠵᠦ ᠪᠠᠶᠢᠨ᠎ᠠ᠃    
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map