ᠬᠤᠶᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠶᠠᠷᠢᠶᠠᠨ ᠤ ᠲᠠᠪᠴᠠᠩ ᠢ ᠬᠥᠬᠡᠬᠤᠲᠠ ᠳᠤ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/11/27
      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠥᠲᠦᠭᠡᠨ ᠪᠠᠶᠢᠭᠤᠯᠬᠤ ᠲᠤᠬᠠᠢ ᠲᠣᠭᠲᠠᠭᠠᠯ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠥᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠡᠯ᠎ᠡ ᠬᠦᠷᠢᠶᠡᠨ ᠳᠤ ᠦᠨᠡᠨ ᠬᠦ ᠠᠭᠤᠰᠬᠠᠨ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠪᠦᠬᠦ ᠶᠠᠪᠤᠴᠠ ᠳᠤ ᠦᠨᠡᠨ ᠬᠦ ᠲᠤᠭᠤᠰᠢᠯᠠᠭᠤᠯᠬᠤ ᠶᠢᠨ ᠲᠥᠯᠥᠭᠡ᠂ 11 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠭᠰᠡᠨ ᠬᠤᠶᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠶᠠᠷᠢᠶᠠᠨ ᠤ ᠲᠠᠪᠴᠠᠩ ᠢ ᠬᠥᠬᠡᠬᠤᠲᠠ ᠳᠤ ᠶᠠᠪᠤᠭᠳᠠᠭᠤᠯᠪᠠ᠃ ᠰᠤᠷᠭᠠᠨ ᠬᠥᠮᠦᠵᠢᠯ ᠤᠨ ᠶᠠᠮᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ ᠬᠣ᠋ ᠸᠧᠢ︔ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ︔ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢᠦ ᡁᠢ ᠢᠦᠢ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ ᠬᠤᠷᠠᠯ ᠢ ᠡᠷᠬᠢᠯᠡᠪᠡ᠃

1.png

      ᠰᠤᠷᠭᠠᠨ ᠬᠥᠮᠦᠵᠢᠯ ᠤᠨ ᠶᠠᠮᠤᠨ ᠤ ᠦᠨᠳᠦᠰᠦᠲᠡᠨ ᠤ ᠰᠤᠷᠭᠠᠨ  ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ

ᠬᠣ᠋ ᠸᠧᠢ ᠪᠠᠶᠠᠷ ᠤᠨ ᠦᠭᠡ ᠬᠡᠯᠡᠪᠡ

2.png

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ

ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ

ᠵᠢᠶᠧ ᠪᠠᠶᠠᠷ ᠤᠨ ᠦᠭᠡ ᠬᠡᠯᠡᠪᠡ

      ᠡᠨᠡ ᠤᠳᠠᠭᠠᠨ ᠤ ᠶᠠᠷᠢᠶᠠᠨ ᠤ ᠲᠠᠪᠴᠠᠩ ᠨᠢ ᠲᠢᠶᠠᠲᠷ ᠲᠤ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠢ ᠦᠵᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠦᠢᠯᠡᠳᠦᠯᠭᠡ ᠶᠢᠨ ᠪᠠᠶᠢᠷᠢ ᠲᠠᠯᠠᠪᠤᠷ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠪᠠᠷ ᠳᠠᠮᠵᠢᠨ

ᠠᠳᠠᠯᠢ ᠪᠤᠰᠤ ᠬᠡᠯᠪᠡᠷᠢ ᠪᠠᠷ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠤᠨ ᠬᠥᠮᠦᠵᠢᠯ ᠢ ᠪᠠᠲᠤ ᠴᠣᠭᠴᠠᠯᠠᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ          

ᠰᠣᠯᠢᠯᠴᠠᠪᠠ᠃ 24 ᠤ ᠡᠳᠦᠷ ᠤᠨ ᠣᠷᠣᠢ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠶᠤᠲᠠᠳ ᠲᠠᠢ

ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠲᠢᠩᠬᠢᠮ ᠳᠤ ︽ᠤᠮᠠᠷᠠᠲᠤ

ᠬᠢᠯᠢ ᠶᠢᠨ ᠮᠠᠭᠲᠠᠭᠠᠯ - ᠲᠢᠶᠠᠲᠷ ᠲᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢ ᠬᠠᠮᠲᠤ ᠳᠤ ᠪᠠᠨ

ᠣᠷᠣᠪᠠ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠭᠤᠣᠯᠯᠠᠨ ᠶᠠᠷᠢᠭᠴᠢ ᠲᠤᠰᠬᠠᠢ ᠮᠡᠷᠭᠡᠵᠢᠯᠲᠡᠨ ᠯᠢ

ᠱᠣ᠋ ᠿᠥᠩ ᠫᠷᠤᠹᠧᠰᠰᠤᠷ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ᠂ ᠲᠤᠰᠬᠠᠢ ᠮᠡᠷᠭᠡᠵᠢᠯ ᠤᠨ ᠬᠥᠮᠦᠨ

ᠬᠥᠮᠦᠵᠢᠭᠦᠯᠬᠦ ᠣᠶᠢᠯᠠᠭᠠᠭᠳᠠᠬᠤᠨ ᠢ ᠰᠣᠩᠭᠤᠳᠠᠭ ᠪᠥᠵᠢᠭ ᠤᠨ ᠵᠦᠴᠦᠭᠡ᠂ ᠨᠠᠶᠢᠷᠠᠯ ᠬᠥᠭᠵᠢᠮ ᠵᠡᠷᠭᠡ ᠤᠷᠠᠯᠢᠭ ᠤᠨ

ᠪᠦᠲᠦᠭᠡᠯ ᠳᠤ ᠨᠡᠪᠲᠡᠷᠡᠭᠦᠯᠵᠦ᠂ ᠠᠮᠢᠳᠤᠯᠢᠭ ᠦᠯᠢᠭᠡᠷ᠂  ᠳᠥᠷᠰᠦᠯᠢᠭ ᠢᠯᠡᠳᠭᠡᠬᠦ ᠬᠡᠯᠪᠡᠷᠢ ᠪᠠᠷ ᠤᠮᠠᠷᠠᠲᠤ

ᠬᠢᠯᠢ ᠶᠢᠨ ᠰᠣᠶᠣᠯ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠯ᠂ ᠦᠨᠳᠦᠰᠦᠲᠡᠨ ᠤ ᠪᠦᠯᠬᠦᠮᠳᠡᠯ ᠵᠡᠷᠭᠡ ᠭᠤᠣᠯ

ᠰᠡᠳᠦᠪ ᠢ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠶᠢ ᠬᠥᠮᠦᠨ ᠪᠦᠬᠦᠨ ᠤ ᠰᠡᠳᠬᠢᠯ ᠳᠤ ᠭᠦᠨ ᠬᠠᠳᠠᠩᠰᠢᠭᠤᠯᠪᠠ᠃

   

3.jpg

4.jpg

      25 ᠤ ᠡᠳᠦᠷ ᠤᠨ ᠦᠳᠡ ᠶᠢᠨ ᠡᠮᠦᠨ᠎ᠡ᠂ ᠭᠤᠣᠯ ᠶᠠᠷᠢᠶᠠᠨ ᠤ ᠲᠠᠪᠴᠠᠩ ᠢ ᠥᠪᠥᠷ ᠮᠣᠩᠭᠤᠯ ᠤᠨ ᠶᠡᠭᠡ

ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠬᠤᠷᠠᠯ ᠤᠨ ᠮᠡᠳᠡᠭᠦᠯᠦᠯᠲᠡ ᠶᠢᠨ ᠲᠥᠪ ᠲᠤ ᠶᠠᠪᠤᠭᠳᠠᠭᠤᠯᠵᠤ᠂

ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠵᠢᠢ

ᠭᠤᠸᠠᠩ ᠨᠠᠨ᠂ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ ᠤᠨ ᠲᠦᠷᠦᠭᠦᠦ ᠲᠤᠰᠬᠠᠢ

ᠮᠡᠷᠭᠡᠵᠢᠯᠲᠡᠨ ᠭᠤᠤ ᠰᠢᠶᠠᠩ ᠳ᠋ᠦᠩ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ

ᠭᠠᠵᠠᠷ ᠤᠨ ᠲᠦᠷᠦᠭᠦᠦ ᠲᠤᠰᠬᠠᠢ ᠮᠡᠷᠭᠡᠵᠢᠯᠲᠡᠨ ᠾᠧ ᠱᠧᠩ ᠬᠠᠢ ᠵᠡᠷᠭᠡ 3ᠲᠤᠰᠬᠠᠢ ᠮᠡᠷᠭᠡᠵᠢᠯᠲᠡᠨ ᠭᠤᠣᠯ

ᠰᠢᠵᠢᠮ ᠳᠤ ᠠᠩᠬᠠᠷᠤᠯ ᠢᠶᠠᠨ ᠬᠠᠨᠳᠤᠭᠤᠯᠤᠨ ᠭᠤᠣᠯ ᠵᠣᠷᠢᠯᠲᠠᠲᠤ ᠮᠡᠳᠡᠭᠦᠯᠦᠯᠲᠡ ᠬᠢᠪᠡ᠃ ᠥᠪᠥᠷ ᠮᠣᠩᠭᠤᠯ ᠤᠨ

ᠦᠨᠳᠦᠰᠦᠲᠡᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠳ᠋ᠦᠩ ᠬᠠᠢ᠂ ᠤᠮᠠᠷᠠᠲᠤ ᠶᠢᠨ

ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠤᠹᠧᠰᠰᠤᠷ ᠮᠠ ᠵᠢᠶᠠᠨ ᠹᠦ᠋᠂ ᠰᠢᠨᠵᠢᠶᠠᠩ ᠤᠨ ᠪᠠᠭᠰᠢ ᠶᠢᠨ ᠶᠡᠭᠡ

ᠰᠤᠷᠭᠠᠭᠤᠯᠢ ᠶᠢᠨ ᠫᠷᠤᠹᠧᠰᠰᠤᠷ ᠰᠦᠨ ᠰᠢᠤ ᠯᠢᠩ ᠵᠡᠷᠭᠡ 7 ᠬᠦᠨᠳᠦᠲᠦ ᠵᠣᠴᠢᠨ ᠠᠳᠠᠯᠢ ᠪᠤᠰᠤ  ᠰᠤᠷᠤᠯᠭ᠎ᠠ ᠶᠢᠨ

ᠱᠠᠲᠤᠨ ᠤ ᠣᠨᠴᠠᠯᠢᠭ ᠲᠤ ᠠᠩᠬᠠᠷᠤᠯ ᠬᠠᠨᠳᠤᠭᠤᠯᠤᠨ ᠰᠠᠨᠠᠯ ᠢᠶᠠᠨ ᠰᠣᠯᠢᠯᠴᠠᠪᠠ᠃ ᠲᠤᠰᠬᠠᠢ ᠮᠡᠷᠭᠡᠵᠢᠯᠲᠡᠳ

ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢᠨ ᠲᠤᠬᠠᠢ ᠠᠯᠢ ᠣᠯᠠᠨ ᠣᠨᠣᠯ ᠤᠨ ᠠᠰᠠᠭᠤᠳᠠᠯ ᠢ ᠭᠦᠨᠵᠡᠭᠡᠢ

ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠪᠦᠬᠦ ᠤᠯᠤᠰ ᠤᠨ ᠡᠯ᠎ᠡ ᠭᠠᠵᠠᠷ ᠤᠨ ᠰᠤᠷᠭᠠᠭᠤᠯᠢ ᠶᠢᠨ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠴᠣᠭᠴᠠᠯᠠᠬᠤ

ᠲᠤᠷᠰᠢᠯᠭ᠎ᠠ ᠠᠷᠭ᠎ᠠ ᠪᠠᠷᠢᠯ ᠪᠠ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠰᠤᠳᠤᠯᠤᠨ ᠰᠣᠯᠢᠯᠴᠠᠵᠤ᠂ ᠡᠷᠳᠡᠮ

ᠰᠢᠨᠵᠢᠯᠡᠭᠡᠨ ᠤ ᠲᠠᠨᠢᠯᠲᠠ ᠶᠢᠨ ᠭᠦᠨᠴᠡ ᠲᠠᠢ ᠪᠠ ᠦᠨᠳᠦᠷᠴᠡ ᠲᠠᠢ ᠮᠥᠷᠲᠡᠭᠡᠨ ᠪᠠᠰᠠ ᠦᠢᠯᠡᠳᠦᠯᠭᠡ ᠶᠢᠨ

ᠰᠥᠪᠡᠭᠴᠢᠯᠡᠯᠲᠡ ᠠᠮᠢᠳᠤᠯᠢᠭ ᠪᠥᠭᠡᠳ ᠠᠮᠢᠳᠤ ᠰᠣᠷᠭᠤᠭ ᠪᠠᠶᠢᠪᠠ᠃

   

5.png

      25 ᠤ ᠦᠳᠡ ᠶᠢᠨ ᠬᠤᠶᠢᠨ᠎ᠠ᠂ ᠬᠤᠪᠢᠶᠠᠷᠢ ᠶᠠᠷᠢᠶᠠᠨ ᠤ ᠲᠠᠪᠴᠠᠩ ᠤᠨ ᠬᠤᠷᠠᠯ ᠤᠨ ᠲᠠᠯᠠᠪᠠᠢ ᠶᠢ ᠲᠤᠰ

ᠲᠤᠰ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ

ᠰᠤᠷᠭᠠᠭᠤᠯᠢ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠲᠣᠬᠢᠷᠠᠭᠤᠯᠪᠠ᠃ ᠬᠤᠪᠢᠶᠠᠷᠢ ᠶᠠᠷᠢᠶᠠᠨ ᠤ

ᠲᠠᠪᠴᠠᠩ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ

ᠬᠢᠴᠢᠶᠡᠯ ᠤᠨ ᠳᠣᠭᠲᠠᠯᠴᠠᠭᠠᠨ ᠳᠤ ᠠᠭᠤᠰᠬᠠᠬᠤ᠂ ᠦᠢᠯᠡᠳᠦᠯᠭᠡ ᠶᠢᠨ ᠠᠵᠢᠯᠯᠠᠭ᠎ᠠ ᠳᠤ ᠠᠭᠤᠰᠬᠠᠬᠤ᠂ ᠬᠥᠮᠦᠨ

ᠬᠥᠮᠦᠵᠢᠭᠦᠯᠬᠦ ᠣᠷᠴᠢᠨ ᠳᠤ ᠠᠭᠤᠰᠬᠠᠬᠤ ᠵᠡᠷᠭᠡ ᠭᠤᠷᠪᠠᠨ ᠲᠤᠰᠬᠠᠢ ᠰᠡᠳᠦᠪ ᠲᠤ ᠠᠩᠬᠠᠷᠤᠯ ᠢᠶᠠᠨ ᠬᠠᠨᠳᠤᠭᠤᠯᠤᠨ᠂

ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ

ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠳᠠᠭᠤᠷᠢᠶᠠᠮᠠᠯ ᠦᠨᠡᠨ ᠵᠢᠭᠠᠨ

ᠰᠤᠷᠭᠠᠯᠲᠠ ᠶᠢᠨ ᠲᠥᠪ ᠤᠨ ᠬᠢᠴᠢᠶᠡᠯ ᠤᠨ ᠪᠠᠶᠢᠭᠤᠯᠤᠯᠲᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ

ᠦᠨᠳᠦᠰᠦᠲᠡᠨ ᠤ ᠮᠦᠽᠧᠢ ᠶᠢᠨ ︽ᠲᠠᠯᠠᠪᠤᠷ ᠣᠷᠳᠣᠨ ᠤ ᠬᠥᠮᠦᠨ ᠬᠥᠮᠦᠵᠢᠭᠦᠯᠬᠦ︾᠂ ᠬᠥᠬᠡᠬᠤᠲᠠ ᠶᠢᠨ ᠨᠢᠭᠡᠳᠦᠭᠡᠷ

ᠳᠤᠮᠳᠠᠳᠤ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ

ᠦᠵᠡᠭᠦᠯᠭᠡ ᠶᠢᠨ ᠲᠢᠩᠬᠢᠮ ᠵᠡᠷᠭᠡ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠣᠷᠴᠢᠨ ᠢ ᠠᠬᠤᠢ ᠲᠠᠯᠠᠪᠠᠢ ᠳᠤ

ᠲᠣᠭᠤᠷᠢᠨ ᠦᠵᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ

ᠪᠠᠲᠤ ᠴᠣᠭᠴᠠᠯᠠᠬᠤ ᠶᠢ ᠪᠣᠳᠠᠲᠠᠢ᠂ ᠲᠥᠷᠦᠭᠳᠡᠯᠲᠡᠢ᠂ ᠪᠥᠲᠦᠮᠵᠢᠲᠡᠢ ᠠᠬᠢᠭᠤᠯᠪᠠ᠃

   

批注1.png

     ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ

ᠬᠥᠮᠦᠵᠢᠯ ᠢ ᠪᠠᠲᠤ ᠴᠣᠭᠴᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ

ᠪᠡᠶᠡᠯᠡᠭᠦᠯᠬᠦ ᠶᠢᠨ ᠴᠢᠬᠤᠯᠠ ᠶᠡᠭᠡ ᠰᠠᠭᠤᠷᠢ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ᠂ ᠨᠠᠮ ᠪᠣᠯᠤᠨ

ᠤᠯᠤᠰ ᠤᠨ ᠠᠵᠢᠯ ᠦᠢᠯᠡᠰ ᠤᠨ ᠵᠠᠯᠭᠠᠮᠵᠢᠯᠠᠭᠴᠢ ᠲᠠᠢ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ

ᠢᠷᠡᠭᠡᠳᠦᠢ ᠲᠠᠢ ᠬᠤᠯᠪᠣᠭᠳᠠᠨ᠎ᠠ᠃ ᠡᠨᠡ ᠤᠳᠠᠭᠠᠨ ᠤ ᠶᠠᠷᠢᠶᠠᠨ ᠤ ᠲᠠᠪᠴᠠᠩ ᠪᠣᠯ ᠪᠦᠬᠦ ᠣᠷᠣᠨ ᠤ ᠰᠤᠷᠭᠠᠨ

ᠬᠥᠮᠦᠵᠢᠯ ᠤᠨ ᠰᠢᠰᠲ᠋ᠧᠮ ᠤᠨ ᠬᠢᠨ ︽ᠲᠣᠭᠲᠠᠭᠠᠯ︾ ᠪᠠ ︽ᠠᠬᠢᠭᠤᠯᠬᠤ ᠳᠦᠷᠢᠮ︾ ᠤᠨ ᠶᠣᠰᠣᠭᠠᠷ ᠭᠦᠨᠵᠡᠭᠡᠢ

ᠰᠤᠳᠤᠯᠤᠨ ᠲᠥᠯᠥᠪᠵᠢᠭᠦᠯᠵᠦ᠂ ᠭᠤᠣᠯ ᠰᠢᠵᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ

ᠬᠡᠮᠵᠢᠶ᠎ᠡ᠂ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ

ᠬᠥᠮᠦᠵᠢᠯ ᠢ ᠪᠠᠲᠤ ᠴᠣᠭᠴᠠᠯᠠᠬᠤ ᠶᠢ ᠪᠣᠳᠠᠲᠠᠢ᠂ ᠲᠥᠷᠦᠭᠳᠡᠯᠲᠡᠢ᠂ ᠪᠦᠲᠦᠮᠵᠢᠲᠡᠢ ᠠᠬᠢᠭᠤᠯᠬᠤ ᠬᠦᠴᠦᠲᠡᠢ

ᠭᠠᠷᠳᠠᠴᠠ ᠮᠥᠨ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠪᠦᠬᠦ ᠣᠷᠣᠨ ᠤ

ᠰᠤᠷᠭᠠᠨ ᠬᠥᠮᠦᠵᠢᠯ ᠤᠨ ᠹᠷᠣᠨᠲ ᠤᠨ ᠬᠢᠨ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠬᠠᠨᠳᠤᠭᠤᠯᠤᠨ᠂

ᠪᠣᠳᠠᠲᠠᠢ᠂ ᠲᠥᠷᠦᠭᠳᠡᠯᠲᠡᠢ᠂ ᠪᠦᠲᠦᠮᠵᠢᠲᠡᠢ ᠳᠡᠭᠡᠷ᠎ᠡ ᠳᠠᠬᠢᠨ ᠬᠦᠴᠦᠯᠡᠬᠦ ᠬᠡᠷᠡᠭᠲᠡᠢ᠃ ᠰᠢᠰᠲ᠋ᠧᠮ ᠲᠠᠢ

ᠨᠡᠪᠲᠡᠷᠡᠭᠦᠯᠦᠨ ᠠᠭᠤᠰᠬᠠᠵᠤ᠂ ᠣᠯᠠᠨ ᠡᠰᠢᠵᠢᠭᠦᠯᠦᠭᠰᠡᠨ ᠪᠠᠶᠢᠭᠤᠯᠤᠯᠲᠠ᠂ ᠪᠦᠬᠦ ᠲᠠᠯ᠎ᠠ ᠶᠢᠨ ᠪᠠᠶᠢᠷᠢᠰᠢᠭᠤᠯᠤᠯᠲᠠ

ᠳᠡᠭᠡᠷ᠎ᠡ ᠳᠠᠬᠢᠨ ᠬᠦᠴᠦᠯᠡᠬᠦ ᠬᠡᠷᠡᠭᠲᠡᠢ︔ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠵᠦ᠂ ᠬᠠᠮᠲᠤ ᠶᠢᠨ ᠣᠶᠤᠨ

ᠰᠠᠨᠠᠭᠠᠨ ᠤ ᠭᠡᠷ ᠣᠷᠣᠨ ᠢ ᠪᠠᠶᠢᠭᠤᠯᠬᠤ ᠳᠡᠭᠡᠷ᠎ᠡ ᠳᠠᠬᠢᠨ ᠬᠦᠴᠦᠯᠡᠬᠦ ᠬᠡᠷᠡᠭᠲᠡᠢ︔ ᠨᠠᠮ ᠤᠨ ᠤᠳᠤᠷᠢᠳᠤᠯᠭ᠎ᠠ ᠶᠢ

ᠴᠢᠩᠭᠠᠳᠬᠠᠵᠤ᠂ ᠨᠡᠶᠢᠲᠡᠯᠢᠭ ᠴᠢᠨᠠᠷ ᠢ ᠨᠡᠮᠡᠭᠳᠡᠭᠦᠯᠬᠦ ᠳᠡᠭᠡᠷ᠎ᠡ ᠳᠠᠬᠢᠨ ᠬᠦᠴᠦᠯᠡᠵᠦ᠂ ᠬᠢᠴᠢᠶᠡᠯᠯᠡᠭᠡ᠂ ᠦᠢᠯᠡᠳᠦᠯᠭᠡ ᠶᠢᠨ

ᠠᠵᠢᠯᠯᠠᠭ᠎ᠠ᠂ ᠪᠠᠭᠰᠢ ᠶᠢᠨ ᠡᠩᠨᠡᠭᠡ ᠪᠣᠯᠤᠨ ᠬᠥᠮᠦᠨ ᠬᠥᠮᠦᠵᠢᠭᠦᠯᠬᠦ ᠣᠷᠴᠢᠨ ᠤ ᠴᠢᠳᠠᠮᠵᠢ ᠶᠢ ᠭᠦᠢᠴᠡᠳ

ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠵᠠᠯᠠᠭᠤᠴᠤᠳ

ᠪᠠᠭᠠᠴᠤᠳ ᠤᠨ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠲᠡᠢ ᠭᠡᠵᠦ ᠱᠠᠭᠠᠷᠳᠠᠪᠠ᠃

      ᠣᠷᠣᠨ ᠤ ᠳᠣᠲᠤᠨ᠎ᠠ ᠭᠠᠳᠠᠨᠠᠬᠢ 29 ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠰᠠᠨᠠᠯ ᠢᠶᠠᠨ ᠰᠣᠯᠢᠯᠴᠠᠵᠤ᠂

ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ

ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠡᠷᠭᠡ 200

ᠰᠢᠬᠠᠮ ᠬᠥᠮᠦᠨ ᠶᠠᠷᠢᠶᠠᠨ ᠤ ᠲᠠᠪᠴᠠᠩ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map