2023 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠰᠢᠷᠢᠰ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/11/29
         ᠥᠪᠥᠷ ᠰᠤᠷᠭᠠᠨ ᠲᠥᠷᠦ ᠶᠢᠨ ᠪᠣᠳᠤᠯᠭ᠎ᠠ ᠬᠠᠤᠯᠢ ᠳᠦᠷᠢᠮ ᠪᠢᠴᠢᠭ                ﹇2020﹈ 31 ᠳ᠋ᠦ᠋ᠭᠡᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠳᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠬᠠᠤᠯᠢ ᠶᠢᠨ ᠬᠠᠤᠯᠢ ᠪᠠᠷ ᠵᠠᠰᠠᠬᠤ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠦᠭᠡ᠂ ᠰᠤᠷᠭᠠᠨ ᠬᠥᠮᠦᠵᠢᠯ ᠤᠨ ᠶᠠᠮᠤᠨ ᠤ ᠪᠦᠬᠦ ᠤᠯᠤᠰ ᠤᠨ ᠰᠤᠷᠭᠠᠨ ᠬᠥᠮᠦᠵᠢᠯ ᠤᠨ ᠬᠠᠤᠯᠢ ᠶᠢ ᠲᠦᠭᠡᠮᠡᠯᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ︽2023 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ︿ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ﹀ ᠤᠨ ᠰᠢᠷᠢᠰ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2023 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠰᠢᠷᠢᠰ ᠠᠵᠢᠯᠯᠠᠭ᠎ᠠ ᠶᠢ ᠥᠷᠨᠢᠭᠦᠯᠬᠦ ᠬᠤᠯᠪᠣᠭᠳᠠᠯ ᠪᠦᠬᠦᠢ ᠵᠦᠢᠯ ᠢ ᠮᠡᠳᠡᠭᠳᠡᠪᠡ᠄      ᠨᠢᠭᠡ᠂ ᠠᠵᠢᠯᠯᠠᠭᠠᠨ ᠤ ᠴᠠᠭ      2023 ᠣᠨ ᠤ 12 ᠰᠠᠷ᠎ᠠ ᠶᠢᠨ 1-12 ᠰᠠᠷ᠎ᠠ ᠶᠢᠨ 7 ᠤ ᠡᠳᠦᠷ      ᠬᠤᠶᠠᠷ᠂ ᠠᠵᠢᠯᠯᠠᠭᠠᠨ ᠤ ᠭᠤᠣᠯ ᠰᠡᠳᠦᠪ      ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠪᠦᠲᠦᠭᠡᠨ ᠪᠠᠶᠢᠭᠤᠯᠤᠶ᠎ᠠ      ᠭᠤᠷᠪᠠ᠂ ᠠᠵᠢᠯᠯᠠᠭᠠᠨ ᠤ ᠪᠠᠶᠢᠷᠢᠯᠠᠭᠤᠯᠤᠯᠲᠠ      ᠡᠯ᠎ᠡ ᠠᠶᠢᠮᠠᠭ ᠬᠤᠲᠠ᠂ ᠡᠯ᠎ᠡ ᠳᠡᠭᠡᠳᠦ ᠰᠤᠷᠭᠠᠭᠤᠯᠢ ᠶᠢᠨ ᠬᠢᠨ ᠠᠵᠢᠯᠯᠠᠭᠠᠨ ᠤ ᠭᠤᠣᠯ ᠰᠡᠳᠦᠪ ᠤᠨ ᠲᠣᠭᠤᠷᠢᠨ ᠳᠤ ᠦᠨᠳᠦᠰᠦᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ  ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠣᠨᠴᠠᠭᠠᠶᠢᠯᠠᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠬᠠᠤᠯᠢ ᠶᠢᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ᠬᠠᠤᠯᠢ ᠴᠠᠭᠠᠵᠠ ᠬᠠᠤᠯᠢ ᠳᠦᠷᠢᠮ ᠪᠣᠯᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ᠂ ᠡᠬᠡ ᠣᠷᠣᠨᠴᠢ ᠦᠵᠡᠯ ᠤᠨ ᠬᠥᠮᠦᠵᠢᠯ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠭᠦᠨᠵᠡᠭᠡᠢ ᠰᠤᠷᠤᠯᠴᠠᠨ ᠤᠬᠠᠭᠤᠯᠤᠨ᠎ᠠ᠃ ᠪᠣᠳᠠᠲᠠᠢ ᠠᠭᠤᠯᠭ᠎ᠠ ᠪᠣᠯᠤᠨ ᠠᠵᠢᠯᠯᠠᠭᠠᠨ ᠤ ᠬᠡᠯᠪᠡᠷᠢ ᠨᠢ ᠲᠤᠰ ᠭᠠᠵᠠᠷ ᠲᠤᠰ ᠰᠤᠷᠭᠠᠭᠤᠯᠢ ᠶᠢᠨ ᠢᠶᠠᠨ ᠪᠣᠳᠠᠲᠠᠢ ᠲᠣᠬᠢᠷᠠᠭᠤᠯᠤᠯᠲᠠ ᠶᠢ ᠦᠨᠳᠦᠰᠦᠯᠡᠵᠦ ᠪᠣᠯᠤᠨ᠎ᠠ᠃      ︵ᠨᠢᠭᠡ︶ ︽ᠦᠨᠳᠦᠰᠦᠨ ᠬᠠᠤᠯᠢ ᠶᠢᠨ ᠬᠠᠮᠠᠭᠠᠯᠠᠭᠴᠢ︾ ᠭᠡᠬᠦ ᠠᠵᠢᠯᠯᠠᠭᠠᠨ ᠤ ᠲᠥᠯᠥᠪᠯᠡᠭᠡ᠃ ᠡᠯ᠎ᠡ ᠠᠶᠢᠮᠠᠭ ᠬᠤᠲᠠ᠂ ᠡᠯ᠎ᠡ ᠳᠡᠭᠡᠳᠦ ᠰᠤᠷᠭᠠᠭᠤᠯᠢ ᠶᠢᠨ ᠬᠢᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠤᠷᠤᠭᠴᠢᠳ ᠢ ᠵᠣᠷᠢᠭᠵᠢᠭᠤᠯᠤᠨ ᠪᠦᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠠᠵᠢᠯᠯᠠᠭ᠎ᠠ ᠶᠢᠨ ᠰᠦᠯᠵᠢᠶᠡᠨ ᠤ ᠰᠤᠷᠤᠯᠴᠠᠯᠭ᠎ᠠ ᠪᠠ ︽ᠦᠨᠳᠦᠰᠦᠨ ᠬᠠᠤᠯᠢ ᠶᠢᠨ ᠬᠠᠮᠠᠭᠠᠯᠠᠭᠴᠢ︾ ᠭᠡᠬᠦ ᠠᠵᠢᠯᠯᠠᠭ᠎ᠠ ᠶᠢᠨ ᠲᠥᠯᠥᠪᠯᠡᠭᠡ ᠳᠤ ᠢᠳᠡᠪᠬᠢᠲᠡᠢ ᠣᠷᠣᠯᠴᠠᠭᠤᠯᠬᠤ ᠪᠠᠷ ᠬᠥᠲᠥᠯᠥᠨ ᠵᠢᠯᠣᠭᠤᠳᠴᠤ᠂ ᠰᠤᠷᠤᠭᠴᠢᠳ ᠤᠨ ᠦᠨᠳᠦᠰᠦᠨ ᠬᠠᠤᠯᠢ ᠶᠢ ᠰᠤᠷᠤᠯᠴᠠᠬᠤ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠪᠠ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠦᠨᠳᠦᠰᠦᠨ ᠬᠠᠤᠯᠢ ᠶᠢᠨ ᠬᠠᠮᠠᠭᠠᠯᠠᠭᠴᠢ︾ ᠭᠡᠬᠦ ᠠᠵᠢᠯᠯᠠᠭ᠎ᠠ ᠶᠢᠨ ᠲᠥᠯᠥᠪᠯᠡᠭᠡ ᠳᠤ ᠣᠷᠣᠯᠴᠠᠬᠤ ᠨᠡᠪᠲᠡᠷᠡᠬᠦ ᠵᠠᠮ ᠢ 2023 ᠣᠨ ᠤ 12 ᠰᠠᠷ᠎ᠠ ᠶᠢᠨ 8 ᠤ ᠡᠳᠦᠷ ᠤᠨ           17᠄ 00 ᠳᠤ ᠬᠠᠭᠠᠨ᠎ᠠ᠃      ︵ᠬᠤᠶᠠᠷ︶ ︽ᠦᠨᠳᠦᠰᠦᠨ ᠬᠠᠤᠯᠢ ᠪᠢᠳᠡᠨ ᠲᠠᠢ ᠬᠠᠮᠲᠤ ᠦᠰᠦᠨ ᠪᠣᠶᠢᠵᠢᠨ᠎ᠠ︾ ᠭᠡᠬᠦ ᠵᠠᠯᠭᠠᠭᠤᠯᠤᠨ ᠳᠠᠭᠤᠯᠠᠬᠤ ᠠᠵᠢᠯᠯᠠᠭ᠎ᠠ᠃ ᠡᠯ᠎ᠡ ᠠᠶᠢᠮᠠᠭ ᠬᠤᠲᠠ᠂ ᠡᠯ᠎ᠡ ᠳᠡᠭᠡᠳᠦ ᠰᠤᠷᠭᠠᠭᠤᠯᠢ ᠶᠢᠨ ᠬᠢᠨ ᠦᠨᠳᠦᠰᠦᠨ ᠬᠠᠤᠯᠢ ᠶᠢᠨ ᠭᠤᠣᠯ ᠰᠡᠳᠦᠪᠲᠦ ᠳᠠᠭᠤᠨ ᠤ ᠬᠥᠮᠥᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ︽ᠦᠨᠳᠦᠰᠦᠨ ᠬᠠᠤᠯᠢ ᠪᠢᠳᠡᠨ ᠲᠠᠢ ᠬᠠᠮᠲᠤ ᠥᠰᠦᠨ ᠪᠣᠶᠢᠵᠢᠨ᠎ᠠ︾ ᠭᠡᠬᠦ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ 12 ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠬᠠᠤᠯᠢ ᠶᠢ ᠲᠥᠭᠡᠮᠡᠯᠵᠢᠭᠦᠯᠬᠦ ᠰᠦᠯᠵᠢᠶ᠎ᠡ ︵http://qspfw.moe.gov.cn᠂ ᠳᠣᠷᠣᠭᠰᠢ ︽ᠬᠠᠤᠯᠢ ᠶᠢ ᠲᠦᠭᠡᠮᠡᠯᠵᠢᠭᠦᠯᠬᠦ ᠰᠦᠯᠵᠢᠶ᠎ᠡ︾ ᠭᠡᠵᠦ ᠳᠦᠭᠦᠮᠴᠢᠯᠡᠨ᠎ᠡ︶ ᠡᠰᠡᠬᠦᠯ᠎ᠡ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠢᠶᠠᠷ ᠰᠢᠯᠢᠳᠡᠭ ᠵᠠᠯᠭᠠᠭᠤᠯᠤᠨ ᠳᠠᠭᠤᠯᠠᠭᠰᠠᠨ ᠪᠦᠲᠦᠭᠡᠯ ᠢ ᠳᠠᠮᠵᠢᠭᠤᠯᠤᠨ᠎ᠠ᠃ ᠬᠤᠯᠪᠤᠭᠳᠠᠯ ᠪᠥᠬᠦᠢ ᠪᠦᠲᠦᠭᠡᠯ ᠢ ᠬᠤᠯᠪᠤᠭᠳᠠᠯ ᠪᠦᠬᠦᠢ ᠬᠠᠭᠤᠳᠠᠰᠤᠨ ᠤ ᠲᠦᠷᠦᠭᠦᠦ ᠨᠢᠭᠤᠷ ᠲᠤ ᠳᠡᠯᠭᠡᠨ ᠦᠵᠡᠭᠦᠯᠦᠨ᠎ᠡ᠃      ︵ᠭᠤᠷᠪᠠ︶ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽ᠦᠨᠳᠦᠰᠦᠨ ᠬᠠᠤᠯᠢ ᠶᠢᠨ ᠥᠷᠯᠥᠭᠡᠨ ᠤ  ᠣᠩᠰᠢᠯᠭ᠎ᠠ︾ ᠭᠡᠬᠦ ᠠᠵᠢᠯᠯᠠᠭ᠎ᠠ᠃ 2023 ᠣᠨ ᠤ 12 ᠰᠠᠷ᠎ᠠ ᠶᠢᠨ 4 ᠤ ᠡᠳᠦᠷ ᠪᠣᠯ ᠠᠷᠪᠠᠳᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷ ᠮᠥᠨ᠂ ᠰᠤᠷᠭᠠᠨ ᠬᠥᠮᠦᠵᠢᠯ ᠤᠨ ᠶᠠᠮᠤᠨ ᠪᠡᠭᠡᠵᠢᠩ ᠳᠤ ᠭᠤᠣᠯ ᠬᠤᠷᠠᠯ ᠤᠨ ᠲᠠᠯᠠᠪᠠᠢ ᠭᠠᠷᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ︽ᠦᠨᠳᠦᠰᠦᠨ ᠬᠠᠤᠯᠢ ᠶᠢᠨ ᠥᠷᠯᠥᠭᠡ ᠶᠢᠨ ᠤᠩᠰᠢᠯᠭ᠎ᠠ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠲᠤᠬᠠᠢ ᠶᠢᠨ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠥᠷ ᠮᠣᠩᠭᠤᠯ ᠲᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠭᠤᠣᠯ ᠬᠤᠷᠠᠯ ᠤᠨ ᠲᠠᠯᠠᠪᠠᠢ ᠲᠠᠢ ᠵᠡᠷᠭᠡ ᠪᠠᠷ ᠠᠵᠢᠯᠯᠠᠭ᠎ᠠ ᠳᠤ ᠣᠷᠣᠯᠴᠠᠨ᠎ᠠ᠃ ᠨᠥᠬᠦᠴᠡᠯ ᠲᠠᠢ ᠰᠤᠷᠭᠠᠭᠤᠯᠢ ᠰᠤᠷᠤᠭᠴᠢᠳ ᠢ ᠢᠳᠡᠪᠬᠢᠲᠡᠢ ᠵᠣᠬᠢᠶᠠᠨ ᠪᠠᠶᠢᠭᠤᠯᠵᠤ ᠬᠠᠤᠯᠢ ᠶᠢ ᠲᠦᠭᠡᠮᠡᠯᠵᠢᠭᠦᠯᠬᠦ ᠰᠦᠯᠵᠢᠶ᠎ᠡ ᠪᠠᠷ ᠳᠠᠮᠵᠢᠭᠤᠯᠤᠨ ᠰᠢᠭᠤᠳ ᠨᠡᠪᠲᠡᠷᠡᠭᠦᠯᠭᠡ ᠶᠢ ᠰᠣᠨᠢᠷᠬᠠᠭᠤᠯᠵᠤ᠂ ᠬᠠᠮᠲᠤ ᠳᠤ ᠪᠠᠨ ᠣᠷᠣᠯᠴᠠᠨ᠎ᠠ᠃ ᠪᠣᠳᠠᠲᠠᠢ ᠲᠣᠬᠢᠷᠠᠭᠤᠯᠤᠯᠲᠠ ᠳᠣᠣᠷᠠᠬᠢ ᠮᠡᠲᠦ᠄      1. 9᠄ 00-9᠄ 05 ᠲᠤᠭ ᠮᠠᠨᠳᠤᠭᠤᠯᠬᠤ ᠶᠣᠰᠣᠯᠠᠯ︔      2. 9᠄ 05-9᠄ 15 ᠦᠨᠳᠦᠰᠦᠨ ᠬᠠᠤᠯᠢ ᠶᠢᠨ ᠥᠷᠯᠥᠭᠡ ᠶᠢᠨ ᠤᠩᠰᠢᠯᠭ᠎ᠠ᠂ ᠰᠤᠷᠭᠠᠨ ᠬᠥᠮᠦᠵᠢᠯ ᠤᠨ ᠶᠠᠮᠤᠨ ᠤ ᠤᠳᠤᠷᠢᠳᠤᠯᠭ᠎ᠠ ᠠᠴᠠ ᠦᠨᠳᠦᠰᠦᠨ ᠬᠠᠤᠯᠢ ᠶᠢᠨ ᠬᠡᠰᠡᠭ ᠵᠤᠷᠪᠤᠰ ︵ᠳᠠᠭᠠᠯᠳᠤᠭᠤᠯᠤᠯ ᠳᠤ ᠨᠠᠷᠢᠨ ᠦᠵᠡᠭᠡᠷᠡᠢ︶ ᠢ ᠳᠠᠭᠠᠭᠤᠯᠤᠨ ᠤᠩᠰᠢᠵᠤ᠂ ᠠᠬᠤᠢ ᠲᠠᠯᠠᠪᠠᠢ ᠳᠤ ᠰᠤᠷᠤᠭᠴᠢ ᠵᠢᠴᠢ ᠪᠦᠬᠦ  ᠠᠵᠢᠯᠲᠠᠨ ᠲᠠᠭᠠᠨ ᠤᠩᠰᠢᠵᠤ᠂ ᠡᠯ᠎ᠡ ᠭᠠᠵᠠᠷ ᠤᠨ ᠰᠤᠷᠭᠠᠭᠤᠯᠢ ᠬᠠᠤᠯᠢ ᠶᠢ ᠲᠦᠭᠡᠮᠡᠯᠵᠢᠭᠦᠯᠬᠦ ᠰᠦᠯᠵᠢᠶ᠎ᠡ ᠪᠠᠷ ᠳᠠᠮᠵᠢᠭᠤᠯᠤᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠨ᠂ ᠵᠡᠷᠭᠡ ᠪᠠᠷ ᠳᠠᠭᠠᠵᠤ ᠰᠤᠷᠤᠯᠴᠠᠨ᠎ᠠ︔      3. 9᠄ 15-9᠄ 20 ᠭᠤᠣᠯ ᠬᠤᠷᠠᠯ ᠤᠨ ᠲᠠᠯᠠᠪᠠᠢ ᠳᠤ ︽ᠦᠨᠳᠦᠰᠦᠨ ᠬᠠᠤᠯᠢ ᠪᠢᠳᠡᠨ ᠲᠠᠢ ᠬᠠᠮᠲᠤ ᠥᠰᠦᠨ ᠪᠣᠶᠢᠵᠢᠨ᠎ᠠ︾ ᠭᠡᠬᠦ ᠳᠠᠭᠤᠤ ᠶᠢ ᠳᠠᠭᠠᠭᠤᠯᠤᠨ ᠳᠠᠭᠤᠯᠠᠵᠤ᠂ ᠡᠯ᠎ᠡ ᠭᠠᠵᠠᠷ ᠤᠨ ᠰᠤᠷᠭᠠᠭᠤᠯᠢ ᠳᠠᠭᠠᠵᠤ ᠳᠠᠭᠤᠯᠠᠨ᠎ᠠ ︵ᠳᠠᠭᠤᠤ ᠶᠢᠨ ᠦᠭᠡ ᠶᠢ ᠬᠠᠤᠯᠢ ᠶᠢ ᠲᠦᠭᠡᠮᠡᠯᠵᠢᠭᠦᠯᠬᠦ ᠰᠦᠯᠵᠢᠶᠡᠨ ᠠᠴᠠ ᠪᠠᠭᠤᠯᠭᠠᠵᠤ ᠪᠣᠯᠤᠨ᠎ᠠ︶︔      4. 9᠄ 20-9᠄ 45 ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠠᠵᠢᠯᠯᠠᠭ᠎ᠠ ᠶᠢᠨ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠤ ᠶᠠᠷᠢᠶ᠎ᠠ ᠢᠯᠡᠳᠬᠡᠯ  ᠤᠨ ᠤᠷᠤᠯᠳᠤᠭᠠᠨ ᠤ ᠰᠢᠯᠢᠳᠡᠭ ᠢᠶᠠᠷ ᠰᠢᠯᠭᠠᠷᠠᠭᠤᠯᠤᠭᠰᠠᠳ ᠤᠨ ᠦᠵᠡᠭᠦᠯᠭᠡ ᠶᠢᠨ ᠲᠣᠭᠯᠠᠯᠲᠠ︔      5. 9᠄ 45-10᠄ 00 ᠰᠤᠷᠭᠠᠨ ᠬᠥᠮᠦᠵᠢᠯ ᠤᠨ ᠶᠠᠮᠤᠨ ᠤ ᠤᠳᠤᠷᠢᠳᠤᠯᠭ᠎ᠠ ᠶᠠᠷᠢᠶ᠎ᠠ ᠲᠠᠯᠪᠢᠨ᠎ᠠ᠃      ᠳᠥᠷᠪᠡ᠂ ᠠᠵᠢᠯ ᠤᠨ ᠱᠠᠭᠠᠷᠳᠠᠯᠭ᠎ᠠ      ᠡᠯ᠎ᠡ ᠠᠶᠢᠮᠠᠭ ᠬᠤᠲᠠ᠂ ᠡᠯ᠎ᠡ ᠳᠡᠭᠡᠳᠦ ᠰᠤᠷᠭᠠᠭᠤᠯᠢ ᠶᠢᠨ ᠬᠢᠨ ᠦᠨᠳᠦᠰᠦᠨ ᠬᠠᠤᠯᠢ ᠶᠢ ᠰᠤᠷᠤᠯᠴᠠᠵᠤ ᠤᠬᠠᠭᠤᠯᠬᠤ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠷᠭ᠎ᠠ ᠬᠡᠯᠪᠡᠷᠢ ᠶᠢ ᠴᠢᠬᠤᠯᠠᠴᠢᠯᠠᠨ᠂ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠪᠠᠭᠰᠢ ᠰᠤᠷᠤᠭᠴᠢᠳ ᠤᠨ ᠢᠳᠡᠪᠬᠢᠲᠡᠢ ᠣᠷᠣᠯᠴᠠᠬᠤ ᠶᠢ ᠬᠥᠲᠥᠯᠥᠨ ᠵᠢᠯᠣᠭᠤᠳᠴᠤ᠂ ᠰᠤᠷᠤᠯᠴᠠᠬᠤ ᠠᠵᠢᠯᠯᠠᠭ᠎ᠠ ᠶᠢ ᠥᠷᠭᠡᠨ ᠢᠶᠠᠷ ᠬᠠᠮᠤᠷᠤᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠤᠬᠠᠭᠤᠯᠤᠨ ᠮᠡᠳᠡᠭᠡᠯᠡᠬᠦ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠲᠤᠰ ᠭᠠᠵᠠᠷ ᠣᠷᠣᠨ ᠲᠤᠰ ᠰᠤᠷᠭᠠᠭᠤᠯᠢ ᠶᠢᠨ ᠦᠨᠳᠦᠰᠦᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ ᠤᠨ ᠭᠢᠯᠠᠰ ᠴᠡᠭ ᠪᠠ ᠣᠨᠴᠠᠯᠢᠭ ᠢ ᠴᠠᠭ ᠲᠤᠬᠠᠢ ᠳᠤ ᠨᠢ ᠢᠯᠡᠷᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃      ᠡᠯ᠎ᠡ ᠠᠶᠢᠮᠠᠭ ᠬᠤᠲᠠ᠂ ᠡᠯ᠎ᠡ ᠳᠡᠭᠡᠳᠦ ᠰᠤᠷᠭᠠᠭᠤᠯᠢ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ᠂ ᠣᠨᠴᠠᠭᠠᠶᠢᠯᠠᠨ ᠭᠤᠣᠯ ᠠᠷᠭ᠎ᠠ ᠪᠠᠷᠢᠯ᠂ ᠨᠡᠶᠢᠲᠡᠯᠢᠭ ᠲᠤᠷᠰᠢᠯᠭ᠎ᠠ ︵︽ᠦᠨᠳᠦᠰᠦᠨ ᠬᠠᠤᠯᠢ ᠶᠢᠨ ᠥᠷᠯᠥᠭᠡ ᠶᠢᠨ ᠤᠩᠰᠢᠯᠭ᠎ᠠ︾ ᠭᠡᠬᠦ ᠠᠵᠢᠯᠯᠠᠭ᠎ᠠ ᠳᠤ ᠣᠷᠣᠯᠴᠠᠭᠰᠠᠨ ᠰᠤᠷᠭᠠᠭᠤᠯᠢ ᠶᠢᠨ ᠲᠤᠭ᠎ᠠ ᠪᠠ ᠰᠤᠷᠤᠭᠴᠢ ᠶᠢᠨ ᠲᠤᠭ᠎ᠠ᠂ ᠬᠠᠮᠢᠶ᠎ᠠ ᠪᠦᠬᠦᠢ ᠠᠵᠢᠯᠯᠠᠭᠠᠨ ᠤ ᠭᠡᠷᠡᠯ ᠵᠢᠷᠤᠭ᠂ ᠸᠢᠳᠢᠣ᠋ ᠵᠡᠷᠭᠡ ᠶᠢ ᠪᠠᠭᠲᠠᠭᠠᠨ᠎ᠠ︶ ᠶᠢ ᠨᠠᠷᠢᠨ ᠬᠢᠨᠠᠮᠠᠭᠠᠢ ᠳ᠋ᠦᠩᠨᠡᠵᠦ᠂ ᠶᠡᠷᠦᠩᠬᠡᠶᠢᠯᠡᠭᠰᠡᠨ ᠦᠰᠦᠭ ᠪᠢᠴᠢᠭ ᠤᠨ ᠮᠠᠲ᠋ᠧᠷᠢᠶᠠᠯ ᠢ ᠪᠥᠷᠢᠯᠳᠦᠭᠦᠯᠦᠨ᠂ 12 ᠰᠠᠷ᠎ᠠ ᠶᠢᠨ 12 ᠤᠨ ᠡᠳᠦᠷ ᠠᠴᠠ ᠡᠮᠦᠨ᠎ᠡ ᠮᠠᠲ᠋ᠧᠷᠢᠶᠠᠯ ᠤᠨ ᠡᠯᠧᠺᠲᠷᠣᠨ ᠬᠡᠪᠯᠡᠯ ᠢ nmgjytfgc@163.com ᠳᠤ ᠬᠦᠷᠭᠡᠨ᠎ᠡ᠃ ᠬᠠᠷᠢᠯᠴᠠᠬᠤ ᠬᠥᠮᠦᠨ᠄ ᠸᠠᠩ ᠰᠢᠶᠣᠤ ᠹᠠᠩ᠂ ᠤᠲᠠᠰᠤ᠄ 0471-2856729᠃      ᠳᠠᠭᠠᠯᠳᠤᠭᠤᠯᠤᠯ᠄       1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠬᠠᠤᠯᠢ ᠶᠢᠨ ᠥᠷᠯᠥᠭᠡ ᠶᠢᠨ ᠤᠩᠰᠢᠯᠭ᠎ᠠ ᠶᠢᠨ ᠬᠤᠪᠢᠶᠠᠷᠢ ᠬᠤᠷᠠᠯ ᠤᠨ ᠲᠠᠯᠠᠪᠠᠢ ᠶᠢ ᠬᠠᠮᠵᠢᠨ ᠲᠣᠬᠢᠷᠠᠭᠤᠯᠬᠤ ᠲᠤᠬᠠᠢ ᠵᠠᠬᠢᠳᠠᠯ      2. ᠦᠨᠳᠦᠰᠦᠨ ᠬᠠᠤᠯᠢ ᠶᠢᠨ ᠥᠷᠯᠥᠭᠡ ᠵᠢᠨ‌ᠣᠩᠰᠢᠯᠭ᠎ᠠ ᠶᠢᠨ ᠠᠭᠤᠯᠭ᠎ᠠ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                 2023 ᠣᠨ ᠤ 11 ᠰᠠᠷ᠎ᠠ ᠶᠢᠨ 28 ᠤ ᠡᠳᠦᠷᠳᠠᠭᠠᠯᠳᠤᠭᠤᠯᠤᠯ 1᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠬᠠᠤᠯᠢ ᠶᠢᠨ ᠥᠷᠯᠥᠭᠡ ᠶᠢᠨ ᠤᠩᠰᠢᠯᠭ᠎ᠠ ᠶᠢᠨ ᠬᠤᠪᠢᠶᠠᠷᠢ ᠬᠤᠷᠠᠯ ᠤᠨ ᠲᠠᠯᠠᠪᠠᠢ ᠶᠢ ᠬᠠᠮᠵᠢᠨ ᠲᠣᠬᠢᠷᠠᠭᠤᠯᠬᠤ ᠲᠤᠬᠠᠢ ᠵᠠᠬᠢᠳᠠᠯ .docxᠳᠠᠭᠠᠯᠳᠤᠭᠤᠯᠤᠯ 2᠄ 2. ᠦᠨᠳᠦᠰᠦᠨ ᠬᠠᠤᠯᠢ ᠶᠢᠨ ᠥᠷᠯᠥᠭᠡ ᠶᠢᠨ ᠣᠩᠰᠢᠯᠭ᠎ᠠ ᠶᠢᠨ ᠠᠭᠤᠯᠭ᠎ᠠ .docx    
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map